ᠬᠥᠬᠡ ᠠᠭᠤᠯᠠ ᠬᠥᠬᠡᠮᠳᠦᠭ ᠤᠰᠤ ᠪᠣᠯ ᠠᠯᠲᠠᠨ ᠠᠭᠤᠯᠠ ᠮᠥᠩᠭᠦᠨ ᠬᠠᠶᠢᠷᠬᠠᠨ ᠪᠤᠯᠤᠨ᠎ᠠ | ᠠᠵᠤ ᠠᠬᠤᠶ ᠶᠢ ᠬᠥᠭᠵᠢᠭᠦᠯᠬᠦ ᠶᠢ ᠳᠤᠷᠠᠳᠤᠮᠠᠭᠴᠠ᠂ ᠴᠥᠭᠡᠨ ᠪᠤᠰᠤ ᠬᠦᠮᠦᠰ ᠤᠨ ᠳᠤᠲᠤᠷ᠎ᠠ | ᠣᠷᠴᠢᠨ ᠠᠬᠤᠶ ᠶᠢ ᠡᠪᠳᠡᠭᠰᠡᠨ ᠪᠠ ᠠᠮᠢ ᠠᠬᠤᠶ ᠶᠢᠨ ᠪᠣᠯᠪᠠᠰᠤᠨ ᠯᠤᠭ᠎ᠠ ᠡᠰᠡᠷᠭᠦᠴᠡᠯᠳᠦᠭᠰᠡᠨ ᠢᠨᠧᠷᠼᠢ ᠰᠡᠳᠬᠢᠬᠦᠶ | ᠲᠡᠷᠡ ᠳᠠᠷᠤᠢ ᠡᠭᠦᠰᠳᠡᠭ᠃ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ ᠸᠠᠩ | ᠯᠢᠨ ᠡᠾᠧ ᠶᠢᠨ ᠦᠵᠡᠬᠦ ᠪᠠᠷ᠂ ᠠᠵᠤ ᠠᠬᠤᠶ ᠨᠡᠶᠢᠭᠡᠮ ᠢ ᠬᠥᠭᠵᠢᠭᠦᠯᠬᠦ ᠶᠠᠪᠤᠴᠠ ᠳᠤ᠂ ᠬᠥᠮᠦᠰ ᠠᠮᠵᠢᠯᠲᠠ | ᠪᠦᠲᠦᠮᠵᠢ ᠪᠠ ᠦᠷ᠎ᠡ ᠪᠦᠲᠦᠮᠵᠢ ᠶᠢ ᠢᠯᠡᠭᠦᠦ ᠴᠢᠬᠤᠯᠠᠴᠢᠯᠠᠭᠠᠳ᠂ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢ ᠶᠡᠷᠦ ᠨᠢ ᠤᠮᠳᠠᠭᠠᠶᠢᠯᠠᠭᠠᠳ ᠪᠠᠶᠢᠳᠠᠭ᠃ ᠶᠡᠷᠦᠩᠬᠡᠶ ᠳᠤᠨᠢ ᠠᠪᠴᠤ ᠦᠵᠡᠪᠡᠯ᠂ ᠣᠳᠣᠬᠠᠨ ᠳᠤ | ᠮᠠᠨ ᠤ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠨᠢ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠬᠢᠷᠢ ᠬᠡᠮᠵᠢᠶ᠎ᠡ ᠠᠴᠠ ᠮᠥᠨ ᠬᠦ ᠬᠤᠴᠣᠷᠴᠤ ᠪᠠᠶᠢᠨ᠎ᠠ᠃ | ᠣᠶᠢᠷ᠎ᠠ ᠶᠢᠨ ᠵᠢᠯ ᠤᠳ ᠲᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠪᠦᠬᠦ ᠤᠯᠤᠰ ᠤᠨ | ᠡᠯ᠎ᠡ ᠭᠠᠵᠠᠷ ᠤᠨ ᠬᠢᠨ ᠴᠥᠮ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢ ᠳᠥᠯᠭᠢᠨ ᠠᠬᠢᠭᠤᠯᠬᠤ ᠲᠠᠯ᠎ᠠ ᠪᠠᠷ ᠴᠢᠬᠤᠯᠠ ᠶᠡᠭᠡ ᠠᠬᠢᠴᠠ ᠪᠠ ᠢᠳᠡᠪᠬᠢᠲᠡᠶ ᠦᠷ᠎ᠡ ᠪᠦᠲᠦᠮᠵᠢ | ᠣᠯᠤᠭᠰᠠᠨ ᠪᠠᠶᠢᠨ᠎ᠠ᠃ ᠭᠡᠪᠡᠴᠦ ᠡᠬᠢ ᠪᠠᠶᠠᠯᠢᠭ ᠤᠨ ᠬᠢᠵᠠᠭᠠᠷᠯᠠᠯ ᠴᠢᠩᠭᠠᠷᠠᠵᠤ᠂ ᠣᠷᠴᠢᠨ ᠲᠤᠭᠤᠷᠢᠨ ᠤ ᠪᠣᠬᠢᠷᠲᠤᠯ | ᠬᠦᠨᠳᠦ ᠨᠣᠴᠢᠲᠠᠶ ᠪᠤᠯᠵᠤ᠂ ᠠᠮᠢ ᠠᠬᠤᠶ ᠶᠢᠨ ᠰᠢᠰᠲ᠋ᠧᠮ ᠮᠠᠭᠤᠳᠠᠵᠤ᠂ ᠬᠥᠭᠵᠢᠯᠲᠡ ᠬᠢᠭᠡᠳ ᠬᠥᠮᠦᠨ ᠠᠮᠠ ᠡᠬᠢ | ᠪᠠᠶᠠᠯᠢᠭ ᠣᠷᠴᠢᠨ ᠲᠤᠭᠤᠷᠢᠨ ᠤ ᠬᠤᠭᠤᠷᠣᠨᠳᠣᠬᠢ ᠵᠥᠷᠢᠴᠡᠯ ᠡᠳᠦᠷ ᠢᠷᠡᠬᠦᠶ᠎ᠡ ᠲᠣᠪᠤᠶᠢᠮ᠎ᠠ ᠪᠣᠯᠵᠤ᠂ ᠠᠵᠤ | ᠠᠬᠤᠶ ᠨᠡᠶᠢᠭᠡᠮ ᠤᠨ ᠦᠷᠭᠦᠯᠵᠢᠯᠡᠨ ᠬᠦᠭᠵᠢᠬᠦ ᠶᠢᠨ ᠴᠢᠬᠤᠯᠠ ᠶᠡᠭᠡ ᠪᠣᠭᠤᠮᠢ ᠬᠢᠵᠠᠭᠠᠷᠯᠠᠯ ᠪᠤᠯᠤᠭᠰᠠᠨ ᠪᠠᠶᠢᠨ᠎ᠠ᠃ | ︽ᠮᠠᠨ ᠤ ᠤᠯᠤᠰ ᠤᠨ ᠡᠬᠢ ᠪᠠᠶᠠᠯᠢᠭ ᠣᠷᠴᠢᠨ ᠲᠤᠭᠤᠷᠢᠨ ᠤ ᠲᠠᠯ᠎ᠠ ᠪᠠᠷ ᠬᠢ ᠤᠯᠤᠰ ᠤᠨ ᠦᠨᠳᠦᠰᠦᠨ | ᠪᠠᠶᠢᠳᠠᠯ ᠪᠤᠯ᠂ ᠨᠢᠭᠡ ᠳᠤ ᠡᠬᠢ ᠪᠠᠶᠠᠯᠢᠭ ᠣᠷᠴᠢᠨ ᠲᠣᠭᠤᠷᠢᠨ ᠤ ᠪᠣᠭᠤᠮᠢ ᠬᠢᠵᠠᠭᠠᠷᠯᠠᠯ ᠬᠡᠴᠡᠭᠦᠳᠡᠵᠦ᠂ ᠢᠯᠠᠩᠭᠤᠶ᠎ᠠ | ᠣᠷᠴᠢᠨ ᠲᠤᠭᠤᠷᠢᠨ ᠤ ᠳᠠᠭᠠᠭᠠᠬᠤ ᠴᠢᠳᠠᠪᠤᠷᠢ ᠨᠢᠭᠡᠨᠲᠡ ᠳᠡᠭᠡᠳᠦ ᠲᠠᠯ᠎ᠠ ᠶᠢᠨ ᠬᠢᠵᠠᠭᠠᠷ ᠲᠠᠭᠠᠨ ᠬᠦᠷᠦᠭᠰᠡᠨ ᠪᠤᠶᠤ | ᠣᠶᠢᠷᠠᠳᠤᠭᠰᠠᠨ ᠪᠠᠶᠢᠨ᠎ᠠ︔ ᠬᠤᠶᠠᠷ ᠲᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠡᠷᠦᠩᠬᠡᠶ ᠳᠡᠭᠡᠨ | ᠠᠵᠤ ᠠᠬᠤᠶ ᠨᠡᠶᠢᠭᠡᠮ ᠤᠨ ᠬᠥᠭᠵᠢᠯᠲᠡ ᠠᠴᠠ ᠬᠤᠴᠣᠷᠴᠤ ᠪᠠᠶᠢᠨ᠎ᠠ᠃︾ ᠡᠬᠢ ᠪᠠᠶᠠᠯᠢᠭ ᠣᠷᠴᠢᠨ ᠲᠣᠭᠤᠷᠢᠨ ᠨᠢ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠶᠢ ᠪᠡᠶᠡᠯᠡᠭᠦᠯᠬᠦ ᠳᠠᠬᠢ ᠬᠠᠮᠤᠭ ᠤᠨ | ᠴᠢᠩᠭ᠎ᠠ ᠬᠢᠵᠠᠭᠠᠷᠯᠠᠯ᠂ ᠬᠠᠮᠤᠭ ᠤᠨ ᠭᠤᠤᠯ ᠠᠰᠠᠭᠤᠳᠠᠯ᠂ ᠲᠤᠭᠤᠷᠢᠵᠤ ᠭᠠᠷᠤᠰᠢ ᠦᠭᠡᠢ ᠡᠩᠭᠦᠯ ᠪᠤᠯᠵᠤ᠂ | ᠵᠠᠶᠢᠯᠠᠵᠤ᠂ ᠲᠣᠭᠤᠷᠢᠵᠤ᠂ ᠪᠤᠴᠠᠬᠤ ᠶᠢᠨ ᠠᠷᠭ᠎ᠠ ᠦᠭᠡᠢ ᠡᠷᠬᠡᠪᠰᠢ ᠰᠢᠢᠳᠪᠦᠷᠢᠯᠡᠭᠦᠰᠢᠲᠠᠢ ᠨᠢᠭᠡᠨ ᠲᠤᠯᠭᠠᠮ᠎ᠠ | ᠠᠰᠠᠭᠤᠳᠠᠯ ᠪᠤᠯᠤᠭᠠᠳ ᠪᠠᠶᠢᠨ᠎ᠠ ᠬᠡᠵᠤ ᠲᠤᠰᠬᠠᠢ ᠮᠡᠷᠭᠡᠵᠢᠯᠲᠡᠨ ᠵᠢᠭᠠᠵᠤ ᠭᠠᠷᠭᠠᠭᠰᠠᠨ ᠶᠤᠮ᠃ | ᠶᠠᠭᠠᠬᠢᠪᠠᠯ ᠵᠣᠬᠢᠬᠤ ᠪᠤᠶ︖ ︽ᠰᠠᠨᠠᠯ︾ ᠬᠠᠷᠢᠭᠤᠯᠲᠠ ᠦᠭᠪᠡ︕ | ︽ᠰᠠᠨᠠᠯ︾ ᠳᠤ᠂ ︽ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠣᠯ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠴᠢᠬᠤᠯᠠ ᠠᠭᠤᠯᠭ᠎ᠠ ᠪᠤᠯᠬᠤ ᠪᠦᠭᠡᠳ ᠠᠷᠠᠳ ᠲᠦᠮᠡᠨ ᠤ | ᠠᠵᠠ ᠵᠢᠷᠭᠠᠯ᠂ ᠦᠨᠳᠦᠰᠦᠲᠡᠨ ᠤ ᠢᠷᠡᠭᠡᠳᠦᠶ ᠲᠠᠢ ᠬᠤᠯᠪᠣᠭᠳᠠᠵᠤ᠂ ︽ᠬᠤᠶᠠᠷ ᠵᠠᠭᠤᠨ ᠵᠢᠯ︾ ᠤᠨ ᠲᠡᠮᠡᠴᠡᠬᠦ | ᠬᠠᠷᠠᠯᠲᠠ ᠪᠤᠯᠤᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠤᠯᠤᠰ ᠤᠨ | ᠵᠡᠭᠦᠳᠦ ᠶᠢ ᠪᠡᠶᠡᠯᠡᠭᠦᠯᠬᠦ ᠲᠠᠢ ᠬᠤᠯᠪᠤᠭᠳᠠᠬᠤ ᠶᠤᠮ᠃︾ ︽ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ | ᠲᠣᠪᠤᠶᠢᠮ᠎ᠠ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠵᠤ᠂ ᠲᠡᠭᠦᠨ ᠢ ᠠᠵᠤ ᠠᠬᠤᠶ ᠶᠢᠨ ᠪᠦᠲᠦᠭᠡᠨ | ᠪᠠᠶᠢᠭᠤᠯᠤᠯᠲᠠ᠂ ᠤᠯᠤᠰ ᠲᠥᠷᠥ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ | ᠪᠠᠶᠢᠭᠤᠯᠤᠯᠲᠠ ᠶᠢᠨ ᠡᠯ᠎ᠡ ᠲᠠᠯ᠎ᠠ ᠪᠠ ᠪᠦᠬᠦ ᠶᠠᠪᠤᠴᠠ ᠳᠤ ᠤᠷᠤᠭᠤᠯᠵᠤ᠂ ᠰᠢᠨ᠎ᠡ ᠬᠡᠯᠪᠡᠷᠢ ᠶᠢᠨ ᠠᠵᠤ | ᠦᠢᠯᠡᠳᠪᠦᠷᠢᠵᠢᠯᠲᠡ᠂ ᠮᠡᠳᠡᠭᠡ ᠵᠠᠩᠬᠢᠵᠢᠯᠲᠠ᠂ ᠬᠤᠲᠠ ᠪᠠᠯᠭᠠᠰᠤᠵᠢᠯᠲᠠ᠂ ᠲᠠᠷᠢᠶᠠᠯᠠᠩ ᠤᠨ ᠣᠳᠣᠬᠢᠴᠢᠯᠠᠯᠲᠠ ᠪᠠ | ᠪᠤᠬᠢᠷᠳᠤᠯ ᠦᠭᠡᠶᠢᠵᠢᠭᠦᠯᠦᠯᠲᠡ ᠯᠦᠭᠡ ᠬᠠᠮᠲᠤ ᠳᠤᠨᠢ ᠲᠦᠯᠬᠢᠨ ᠠᠬᠢᠭᠤᠯᠬᠤ ᠬᠡᠷᠡᠭᠲᠡᠶ᠃︾ ᠬᠡᠵᠤ ᠵᠢᠭᠠᠵᠤ | ᠭᠠᠷᠭᠠᠭᠰᠠᠨ ᠪᠠᠶᠢᠨ᠎ᠠ᠂ ︽ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠮᠠᠨ ᠤ ᠤᠯᠤᠰ ᠮᠠᠰᠢ ᠡᠷᠲᠡ | ᠳᠤᠷᠠᠳᠤᠭᠰᠠᠨ ᠪᠤᠯᠪᠠᠴᠤ ᠪᠠᠶᠢᠯᠳᠤᠬᠤ ᠪᠣᠳᠣᠯᠭ᠎ᠠ ᠶᠢᠨ ᠲᠠᠯ᠎ᠠ ᠠᠴᠠ ᠤᠯᠤᠰ ᠤᠨ ᠭᠤᠣᠯᠳᠠᠯᠭ᠎ᠠ ᠪᠤᠯᠭᠠᠵᠤ᠂ | ᠵᠢᠩᠬᠢᠨᠢ ᠪᠠᠷ ᠤᠯᠠᠭᠠᠨ ᠲᠦᠷᠦᠭᠦᠲᠦ ᠪᠢᠴᠢᠭ ᠮᠠᠲ᠋ᠧᠷᠢᠶᠠᠯ ᠪᠤᠯᠭᠠᠭᠰᠠᠨ ᠨᠢ ᠬᠠᠰᠢᠯᠠ ᠠᠩᠬ᠎ᠠ ᠤᠳᠠᠭ᠎ᠠ ᠶᠤᠮ᠃︾ | ᠬᠡᠵᠤ ᠸᠠᠩ ᠯᠢᠨ ᠡᠾᠧ ᠬᠡᠯᠡᠪᠡ᠃ | ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠵᠤ ᠠᠬᠤᠶ | ᠰᠤᠳᠤᠯᠬᠤ ᠭᠠᠵᠠᠷ ᠤᠨ ᠳᠠᠷᠤᠭ᠎ᠠ ᠢᠦᠶ ᠭᠤᠸᠠᠩ ᠵᠢᠶᠦ᠋ᠨ ᠤ ᠦᠵᠡᠬᠦ ᠪᠠᠷ᠂ ᠡᠨᠡ ᠨᠢ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯᠲᠠ ᠶᠢ ᠮᠠᠨ ᠤ ᠨᠠᠮ ᠤᠨ ᠲᠥᠷᠥ ᠪᠠᠷᠢᠬᠤ ᠶᠢᠨ ᠴᠢᠬᠤᠯᠠ ᠠᠵᠢᠯ ᠪᠤᠯᠭᠠᠵᠤ᠂ 4 | ᠪᠦᠲᠦᠭᠡᠨ ᠪᠠᠶᠢᠭᠤᠯᠤᠯᠲᠠ ᠶᠢᠨ ᠪᠦᠬᠦ ᠶᠠᠪᠤᠴᠠ ᠳᠤ ᠲᠤᠤᠱᠯᠠᠭᠤᠯᠵᠤ᠂ ᠰᠢᠨ᠎ᠡ ᠬᠡᠯᠪᠡᠷᠢ ᠶᠢᠨ ᠠᠵᠤ | ᠦᠢᠯᠡᠳᠪᠦᠷᠢᠵᠢᠯᠲᠡ᠂ ᠮᠡᠳᠡᠭᠡ ᠵᠠᠩᠬᠢᠵᠢᠯᠲᠠ᠂ ᠬᠤᠲᠠ ᠪᠠᠯᠭᠠᠰᠤᠵᠢᠯᠲᠠ᠂ ᠲᠠᠷᠢᠶᠠᠯᠠᠩ ᠤᠨ ᠣᠳᠣᠬᠢᠴᠢᠯᠠᠯᠲᠠ ᠪᠠ | ᠪᠤᠬᠢᠷᠳᠤᠯ ᠦᠭᠡᠶᠢᠵᠢᠭᠦᠯᠦᠯᠲᠡ ᠶᠢ ᠬᠠᠮᠲᠤ ᠳᠤᠨᠢ ᠲᠦᠯᠬᠢᠨ ᠠᠬᠢᠭᠤᠯᠬᠤ ᠶᠢ ᠬᠠᠷᠠᠭᠤᠯᠵᠤ ᠪᠠᠶᠢᠨ᠎ᠠ᠃ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠳᠤᠷᠠᠳᠤᠭᠰᠠᠨ ᠠᠴᠠ ᠠᠪᠤᠭᠠᠳ ᠣᠳᠣ ᠪᠣᠯᠲᠠᠯ᠎ᠠ᠂ ᠲᠡᠭᠦᠨ ᠢ ᠤᠷᠢᠳ | ᠡᠮᠦᠨ᠎ᠡ ᠭᠠᠷᠤᠭ᠎ᠠ ᠦᠭᠡᠶ ᠦᠨᠳᠦᠷ ᠬᠡᠮᠵᠢᠶᠡᠨ ᠳᠤ ᠬᠦᠷᠲᠡᠯ᠎ᠡ ᠳᠡᠭᠡᠭᠰᠢᠯᠡᠭᠦᠯᠪᠡ᠃ ︽ᠣᠶᠢᠷ᠎ᠠ ᠳᠤ ᠨᠡᠶᠢᠲᠡᠯᠡᠭᠰᠡᠨ | ᠬᠠᠮᠤᠭ ᠤᠨ ᠴᠢᠩᠭ᠎ᠠ ᠣᠷᠴᠢᠨ ᠲᠤᠭᠤᠷᠢᠨ ᠢ ᠬᠠᠮᠠᠭᠠᠯᠠᠬᠤ ᠬᠠᠤᠯᠢ᠂ ︿ᠤᠰᠤᠨ ᠤ ᠠᠷᠪᠠᠨ ᠵᠤᠷᠪᠤᠰ﹀ ᠲᠠᠢ | ᠤᠶᠠᠯᠳᠤᠭᠤᠯᠵᠤ ᠦᠵᠡᠪᠡᠯ᠂ ᠮᠠᠨ ᠤ ᠤᠯᠤᠰ ᠢᠷᠡᠭᠡᠳᠦᠶ ᠶᠢᠨ ᠨᠡᠯᠢᠶᠡᠳ ᠤᠷᠲᠤ ᠬᠤᠭᠤᠴᠠᠭᠠᠨ ᠳᠤ᠂ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠶ᠂ ᠦᠷ᠎ᠡ ᠬᠤᠶᠢᠴᠢᠰ ᠲᠠᠭᠠᠨ ᠨᠢᠭᠡᠨ ᠰᠠᠶᠢᠨ ᠰᠠᠶᠢᠬᠠᠨ | ᠣᠷᠣᠰᠢᠨ ᠲᠣᠭᠲᠠᠨᠢᠬᠤ᠂ ᠠᠮᠢᠳᠤᠷᠠᠬᠤ ᠪᠠ ᠬᠦᠭᠵᠢᠬᠦ ᠣᠷᠴᠢᠨ ᠨᠥᠬᠦᠴᠡᠯ ᠬᠠᠩᠭᠠᠬᠤ ᠲᠤᠬᠠᠶ ᠳᠤ᠂ | ᠥᠩᠭᠡᠷᠡᠭᠰᠡᠨ ᠤ ᠮᠠᠰᠢ ᠣᠯᠠᠨ ᠠᠷᠭ᠎ᠠ ᠶᠢ ᠬᠤᠪᠢᠷᠠᠭᠤᠯᠬᠤ ᠬᠡᠷᠡᠭᠲᠠᠢ ᠪᠠᠶᠢᠨ᠎ᠠ᠃ ᠬᠥᠬᠡ ᠠᠭᠤᠯᠠ ᠬᠥᠬᠡᠮᠳᠦᠭ ᠤᠰᠤ | ᠪᠣᠯ ᠠᠯᠲᠠᠨ ᠠᠭᠤᠯᠠ ᠮᠥᠩᠭᠦᠨ ᠬᠠᠶᠢᠷᠬᠠᠨ ᠪᠤᠯᠤᠨ᠎ᠠ᠂ ᠡᠨᠡ ᠨᠢ ᠢᠷᠡᠭᠡᠳᠦᠶ ᠶᠢᠨ ᠰᠢᠨ᠎ᠡ ᠬᠡᠪ ᠶᠢᠨ ᠪᠠᠶᠢᠳᠠᠯ ᠤᠨ | ᠬᠡᠪ ᠪᠠᠶᠢᠳᠠᠯ ᠪᠤᠯᠬᠤ ᠶᠤᠮ᠃︾ | ︽ᠰᠠᠨᠠᠯ︾ ᠳᠤ᠂ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠠᠷᠪᠢᠯᠠᠬᠤ ᠳᠤᠮᠳᠠ᠂ ᠠᠷᠪᠢᠯᠠᠬᠤ ᠶᠢ | ᠲᠡᠷᠢᠭᠦᠨ ᠪᠠᠶᠢᠷᠢᠨ ᠳᠤ ᠲᠠᠯᠪᠢᠵᠤ᠂ ᠬᠠᠮᠤᠭ ᠤᠨ ᠪᠠᠭ᠎ᠠ ᠡᠬᠢ ᠪᠠᠶᠠᠯᠢᠭ ᠤᠨ ᠬᠤᠷᠤᠭᠳᠠᠭᠤᠯᠭᠠ ᠪᠠᠷ ᠠᠵᠤ ᠠᠬᠤᠶ | ᠨᠡᠶᠢᠭᠡᠮ ᠤᠨ ᠦᠷᠭᠦᠯᠵᠢᠯᠡᠨ ᠬᠦᠭᠵᠢᠬᠦ ᠶᠢ ᠲᠤᠯᠭᠠᠭᠤᠷᠢᠯᠠᠨ᠎ᠠ︔ ᠣᠷᠴᠢᠨ ᠲᠣᠭᠤᠷᠢᠨ ᠢ ᠬᠠᠮᠠᠭᠠᠯᠠᠬᠤ ᠪᠠ | ᠬᠥᠭᠵᠢᠭᠦᠯᠬᠦ ᠳᠤᠮᠳᠠ᠂ ᠬᠠᠮᠠᠭᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠬᠦᠭᠵᠢᠬᠦᠯᠬᠦ ᠶᠢᠨ ᠳᠠᠭᠠᠤ ᠳᠤ | ᠬᠠᠮᠠᠭᠠᠯᠠᠵᠤ᠂ ᠬᠠᠮᠠᠭᠠᠯᠠᠬᠤ ᠶᠢᠨ ᠳᠠᠭᠠᠤ ᠳᠤ ᠬᠦᠭᠵᠢᠬᠦᠯᠦᠨ᠎ᠡ︔ ᠠᠮᠢ ᠠᠬᠤᠶ ᠶᠢᠨ ᠪᠦᠲᠦᠭᠡᠨ ᠪᠠᠶᠢᠭᠤᠯᠤᠯᠲᠠ | ᠬᠢᠭᠡᠳ ᠵᠠᠰᠠᠵᠤ ᠰᠡᠷᠭᠦᠭᠡᠬᠦ ᠳᠤᠮᠳᠠ᠂ ᠠᠶᠠᠨᠳᠠᠭᠠᠨ ᠰᠡᠷᠭᠦᠬᠦ ᠪᠠᠷ ᠨᠢ ᠭᠤᠣᠯ ᠪᠣᠯᠭᠠᠵᠤ᠂ ᠬᠥᠮᠦᠨ ᠤ ᠬᠦᠴᠦ ᠪᠠᠷ | ᠵᠠᠰᠠᠵᠤ ᠰᠡᠷᠭᠦᠭᠡᠬᠦ ᠯᠦᠭᠡ ᠤᠶᠠᠯᠳᠤᠭᠤᠯᠤᠨ᠎ᠠ᠃ ᠠᠵᠤ ᠠᠬᠤᠶ ᠨᠡᠶᠢᠭᠡᠮ ᠤᠨ ᠬᠥᠭᠵᠢᠯᠲᠡ ᠶᠢ ᠡᠷᠬᠡᠪᠰᠢ ᠡᠬᠢ | ᠪᠠᠶᠠᠯᠢᠭ ᠢ ᠥᠨᠳᠥᠷ ᠦᠷ᠎ᠡ ᠪᠦᠲᠦᠮᠵᠢᠲᠡᠶ᠂ ᠤᠷᠴᠢᠯᠳᠤᠭᠤᠯᠤᠨ ᠠᠰᠢᠭᠯᠠᠬᠤ᠂ ᠠᠮᠢ ᠠᠬᠤᠶ ᠶᠢᠨ ᠣᠷᠴᠢᠨ | ᠲᠣᠭᠤᠷᠢᠨ ᠢ ᠴᠢᠩᠭ᠎ᠠ ᠬᠠᠮᠠᠭᠠᠯᠠᠬᠤ ᠰᠠᠭᠤᠷᠢᠨ ᠳᠡᠭᠡᠷ᠎ᠡ ᠪᠠᠶᠢᠭᠤᠯᠵᠤ᠂ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠯᠤᠭ᠎ᠠ ᠵᠤᠬᠢᠴᠠᠯᠳᠠᠭᠤᠯᠤᠨ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠤᠭᠤᠷᠢᠨ ᠢ ᠬᠠᠮᠠᠭᠠᠯᠠᠬᠤ | ᠣᠷᠣᠨ ᠵᠠᠶ ᠶᠢᠨ ᠪᠠᠶᠢᠷᠢᠰᠢᠯ᠂ ᠠᠵᠤ ᠦᠢᠯᠡᠰ ᠤᠨ ᠪᠦᠲᠦᠴᠡ᠂ ᠦᠢᠯᠡᠳᠪᠦᠷᠢᠯᠡᠭᠦ ᠠᠷᠭ᠎ᠠ ᠮᠠᠶ᠋ᠢᠭ ᠢ ᠪᠤᠢ ᠪᠤᠯᠭᠠᠨ᠎ᠠ | ᠬᠡᠵᠤ ᠲᠤᠲᠤᠷᠬᠠᠢ ᠳᠤᠷᠠᠳᠤᠭᠰᠠᠨ ᠪᠠᠶᠢᠨ᠎ᠠ᠃ ᠵᠦᠪᠬᠡᠨ ᠦᠢᠯᠡᠳᠪᠦᠷᠢᠯᠡᠯ ᠤᠨ ᠦᠢᠯᠡᠳᠦᠯᠭᠡ ᠳᠤᠮᠳᠠ᠂ ᠬᠡᠷᠬᠢᠨ | ᠰᠠᠶ᠋ᠢ ᠠᠵᠤ ᠠᠬᠤᠶ ᠶᠢᠨ ᠬᠥᠭᠵᠢᠯᠲᠡ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠤ᠂ ᠬᠥᠮᠦᠰ ᠤᠨ ᠠᠮᠢᠳᠤᠷᠠᠯ ᠢ | ᠪᠠᠶᠠᠨ ᠴᠢᠨᠡᠭᠡᠯᠢᠭ ᠪᠤᠯᠭᠠᠬᠤ ᠮᠦᠷᠲᠡᠭᠡᠨ᠂ ᠪᠠᠰᠠ ᠣᠷᠴᠢᠨ ᠲᠤᠭᠤᠷᠢᠨ ᠢ ᠬᠠᠮᠠᠭᠠᠯᠠᠵᠤ ᠴᠢᠳᠠᠬᠤ ᠪᠤᠶ︖ ᠲᠥᠷᠥ | ᠪᠠᠷᠢᠭᠴᠢ ᠳᠤ ᠠᠪᠴᠤ ᠬᠡᠯᠡᠪᠡᠯ᠂ ᠡᠨᠡ ᠨᠢ ᠬᠦᠴᠢᠷ ᠠᠰᠠᠭᠤᠳᠠᠯ ᠪᠤᠯᠬᠤ ᠪᠦᠭᠡᠳ ᠮᠦᠨ ᠴᠤ ᠰᠢᠯᠭᠠᠯᠲᠠ ᠪᠣᠯᠬᠤ | ᠶᠤᠮ᠃ | ︽ᠰᠠᠨᠠᠯ︾ ᠳᠤ᠂ ᠠᠵᠤ ᠠᠬᠤᠶ ᠶᠢᠨ ᠬᠥᠭᠵᠢᠯᠲᠡ ᠬᠢᠭᠡᠳ ᠡᠬᠢ ᠪᠠᠶᠠᠯᠢᠭ ᠣᠷᠴᠢᠨ ᠲᠤᠭᠤᠷᠢᠨ ᠤ | ᠬᠤᠭᠤᠷᠣᠨᠳᠣᠬᠢ ᠵᠥᠷᠢᠴᠡᠯ ᠢ ᠦᠨᠳᠦᠰᠦᠨ ᠠᠴᠠ ᠨᠢ ᠨᠠᠮᠳᠠᠭᠤᠯᠬᠤ ᠳᠤ᠂ ᠡᠷᠬᠡᠪᠰᠢ ᠰᠢᠨᠵᠢᠯᠡᠬᠦ ᠤᠬᠠᠭᠠᠨ | ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠡᠬᠢ ᠪᠠᠶᠠᠯᠢᠭ ᠢ ᠬᠤᠷᠤᠭᠳᠠᠭᠤᠯᠬᠤ ᠨᠢ ᠪᠠᠭ᠎ᠠ᠂ ᠣᠷᠴᠢᠨ | ᠲᠤᠭᠤᠷᠢᠨ ᠢ ᠪᠤᠬᠢᠷᠳᠤᠭᠤᠯᠬᠤ ᠨᠢ ᠪᠠᠭ᠎ᠠ ᠠᠵᠤ ᠦᠢᠯᠡᠰ ᠤᠨ ᠪᠦᠲᠦᠴᠡ ᠶᠢ ᠪᠠᠶᠢᠭᠤᠯᠵᠤ᠂ ᠦᠢᠯᠡᠳᠪᠦᠷᠢᠯᠡᠯ ᠤᠨ | ᠠᠷᠭ᠎ᠠ ᠮᠠᠶ᠋ᠢᠭ ᠢ ᠪᠤᠬᠢᠷᠳᠤᠯ ᠦᠬᠡᠢ ᠪᠤᠯᠭᠠᠬᠤ ᠶᠢ ᠲᠦᠷᠭᠡᠳᠭᠡᠨ ᠠᠬᠢᠭᠤᠯᠵᠤ᠂ ᠠᠵᠤ ᠠᠬᠤᠶ ᠶᠢᠨ ᠪᠣᠬᠢᠷᠲᠤᠯ | ᠦᠭᠡᠶ ᠶᠢᠨ ᠬᠡᠮᠵᠢᠶ᠎ᠡ ᠶᠢ ᠶᠡᠭᠡ ᠬᠡᠪᠴᠢᠶ᠎ᠡ ᠪᠠᠷ ᠳᠡᠭᠡᠭᠰᠢᠯᠡᠭᠦᠯᠵᠦ᠂ ᠬᠥᠭᠵᠢᠯᠲᠡ ᠳᠠᠬᠢ ᠡᠬᠢ ᠪᠠᠶᠠᠯᠢᠭ ᠣᠷᠴᠢᠨ | ᠲᠤᠭᠤᠷᠢᠨ ᠤ ᠦᠨ᠎ᠡ ᠦᠷᠲᠡᠭ ᠭᠠᠷᠭᠠᠬᠤ ᠶᠢ ᠪᠦᠲᠦᠮᠵᠢᠲᠡᠶ ᠪᠠᠭᠠᠰᠬᠠᠨ᠎ᠠ ᠬᠡᠵᠤ ᠵᠢᠭᠠᠵᠤ ᠭᠠᠷᠭᠠᠪᠠ᠃ | | | ᠨᠢᠭᠡᠨ ᠵᠦᠢᠯ ᠤᠨ ᠪᠦᠬᠦ ᠣᠷᠣᠨ ᠪᠠᠶᠢᠷᠢ ᠶᠢᠨ ᠰᠢᠰᠲ᠋ᠧᠮᠵᠢᠲᠤ ᠢᠨᠵᠧᠨᠧᠷᠢᠩ | ︽ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠨᠢ ᠵᠥᠪᠬᠡᠨ ︿ᠡᠪᠡᠰᠦ ᠮᠣᠳᠣ ᠲᠠᠷᠢᠬᠤ﹀ ᠳᠤ | ᠬᠢᠵᠠᠭᠠᠷᠯᠠᠭᠳᠠᠬᠤ ᠦᠭᠡᠢ᠂ ᠬᠠᠷᠢᠨ ᠬᠥᠭᠵᠢᠯᠲᠡ ᠶᠢᠨ ᠣᠨᠣᠯᠵᠢᠬᠤᠨ᠂ ᠬᠥᠭᠵᠢᠯᠲᠡ ᠶᠢᠨ ᠠᠷᠭ᠎ᠠ ᠮᠠᠶ᠋ᠢᠭ ᠢ | ᠦᠨᠳᠦᠰᠦᠨ ᠠᠴᠠ ᠨᠢ ᠬᠤᠪᠢᠷᠠᠭᠤᠯᠬᠤ ᠪᠠᠶᠢᠵᠤ᠂ ᠠᠵᠤ ᠠᠬᠤᠶ᠂ ᠤᠯᠤᠰ ᠲᠥᠷᠥ᠂ ᠰᠣᠶᠣᠯ᠂ ᠨᠡᠶᠢᠭᠡᠮ ᠤᠨ | ᠪᠠᠶᠢᠭᠤᠯᠤᠯᠲᠠ ᠵᠡᠷᠭᠡ ᠡᠯ᠎ᠡ ᠲᠠᠯ᠎ᠠ ᠶᠢᠨ ᠬᠢᠨ ᠲᠠᠢ ᠬᠤᠯᠪᠤᠭᠳᠠᠭᠤᠯᠵᠤ᠂ ᠲᠡᠷᠡᠴᠢᠯᠡᠨ ᠦᠢᠯᠡᠳᠪᠦᠷᠢᠯᠡᠯ ᠤᠨ | ᠬᠦᠴᠦᠨ ᠤ ᠪᠠᠶᠢᠷᠢᠰᠢᠭᠤᠯᠤᠯᠲᠠ᠂ ᠣᠷᠣᠨ ᠵᠠᠶ ᠶᠢᠨ ᠪᠥᠲᠥᠴᠡ ᠮᠠᠶ᠋ᠢᠭ᠂ ᠠᠵᠤ ᠦᠢᠯᠡᠰ ᠤᠨ ᠪᠦᠲᠦᠴᠡ᠂ | ᠦᠢᠯᠡᠳᠪᠦᠷᠢᠯᠡᠯ ᠤᠨ ᠠᠷᠭ᠎ᠠ ᠮᠠᠶ᠋ᠢᠭ᠂ ᠠᠮᠢᠳᠤᠷᠠᠯ ᠤᠨ ᠠᠷᠭ᠎ᠠ ᠮᠠᠶ᠋ᠢᠭ ᠵᠢᠴᠢ ᠥᠷᠲᠡᠭ ᠤᠨ ᠣᠨᠣᠯᠵᠢᠬᠤᠨ᠂ | ᠳᠦᠷᠢᠮ ᠪᠠᠶᠢᠭᠤᠯᠤᠯ ᠯᠤᠭ᠎ᠠ ᠨᠢᠭᠲᠠ ᠬᠤᠯᠪᠤᠭᠳᠠᠵᠤ᠂ ᠨᠢᠭᠡ ᠵᠦᠢᠯ ᠤᠨ ᠪᠦᠬᠦ ᠲᠠᠯ᠎ᠠ ᠶᠢᠨ ᠪᠥᠭᠡᠳ ᠰᠢᠰᠲ᠋ᠧᠮᠵᠢᠲᠤ | ᠢᠨᠵᠧᠨᠧᠷᠢᠩ᠂ ᠨᠢᠭᠡ ᠤᠳᠠᠭᠠᠨ ᠤ ᠪᠦᠬᠦ ᠣᠷᠣᠨ ᠪᠠᠶᠢᠷᠢ ᠶᠢᠨ᠂ ᠰᠢᠰᠲ᠋ᠧᠮᠲᠤ ᠴᠢᠨᠠᠷᠲᠠᠶ ᠪᠣᠬᠢᠷᠳᠤᠯ ᠦᠭᠡᠢ | ᠬᠤᠪᠢᠰᠤᠯᠲᠠ ᠪᠣᠯᠬᠤ ᠶᠤᠮ᠃︾ ᠭᠡᠵᠦ ᠸᠠᠩ ᠯᠢᠨ ᠡᠾᠧ ᠬᠡᠯᠡᠪᠡ᠃ ᠡᠳᠦᠷ ᠲᠤᠲᠤᠮ ᠤᠨ ᠠᠮᠢᠳᠤᠷᠠᠯ ᠳᠤᠮᠳᠠ᠂ | ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠤᠰᠤ ᠠᠷᠪᠢᠯᠠᠬᠤ ᠲᠠᠷᠢᠶᠠᠯᠠᠩ᠂ ᠬᠤᠭ ᠨᠣᠪᠰᠢ ᠶᠢ ᠲᠥᠷᠥᠯ ᠬᠤᠪᠢᠶᠠᠵᠤ | ᠡᠭᠡᠭᠦᠯᠦᠨ ᠬᠤᠷᠢᠶᠠᠬᠤ᠂ ᠨᠡᠷᠡᠨ ᠡᠨᠧᠷᠭᠢ ᠪᠠᠷ ᠴᠠᠬᠢᠯᠭᠠᠨ ᠭᠠᠷᠭᠠᠬᠤ᠂ ᠦᠵᠡᠰᠭᠦᠯᠡᠩᠲᠦ ᠰᠠᠶᠢᠬᠠᠨ ᠬᠥᠳᠡᠭᠡ | ᠲᠣᠰᠬᠤᠨ ᠪᠠ ᠪᠣᠬᠢᠷᠳᠤᠯ ᠦᠭᠡᠢ ᠬᠤᠲᠠ ᠪᠠᠯᠭᠠᠰᠤ ᠶᠢ ᠪᠥᠲᠦᠭᠡᠨ ᠪᠠᠶᠢᠭᠤᠯᠬᠤ ᠵᠡᠷᠭᠡ ᠨᠢ ᠴᠥᠮ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯᠲᠠ ᠲᠠᠢ ᠣᠯᠠᠨ ᠲᠠᠯ᠎ᠠ ᠶᠢᠨ ᠬᠠᠷᠢᠴᠠᠭ᠎ᠠ ᠲᠠᠢ ᠶᠤᠮ᠃ | ︽ᠰᠠᠨᠠᠯ︾ ᠨᠢ 9 ᠲᠠᠯ᠎ᠠ ᠶᠢᠨ 35 ᠵᠦᠢᠯ ᠢ ᠬᠡᠷᠡᠭᠯᠡᠵᠦ᠂ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠳᠤ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠦ᠂ ᠶᠡᠷᠦᠩᠬᠡᠶ ᠱᠠᠭᠠᠷᠳᠠᠯᠭ᠎ᠠ᠂ ᠭᠤᠣᠯ ᠬᠠᠷᠠᠯᠲᠠ᠂ | ᠠᠵᠢᠯ ᠤᠨ ᠬᠦᠷᠢᠶ᠎ᠡ ᠬᠡᠪᠴᠢᠶ᠎ᠡ᠂ ᠳᠦᠷᠢᠮ ᠤᠨ ᠰᠢᠰᠲ᠋ᠧᠮᠵᠢ᠂ ᠡᠯ᠎ᠡ ᠵᠦᠢᠯ ᠤᠨ ᠪᠠᠲᠤᠯᠠᠭ᠎ᠠ ᠵᠡᠷᠭᠡ ᠶᠢ ᠳᠤᠷᠠᠳᠴᠤ᠂ | ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠵᠢᠷᠤᠭ ᠲᠥᠯᠥᠪᠯᠡᠭᠡ ᠶᠢ ᠬᠤᠭᠤᠴᠠᠭᠠᠨ | ᠳᠤᠨᠢ ᠪᠠᠲᠤᠯᠠᠵᠤ᠂᠂ ᠥᠭᠡᠷᠡᠴᠢᠯᠡᠯᠲᠡ ᠶᠢᠨ ᠬᠡᠰᠡᠭ ᠪᠤᠰᠠᠭ ᠪᠣᠯᠬᠤ ᠶᠢ ᠰᠡᠷᠭᠡᠶᠢᠯᠡᠬᠦ ᠪᠣᠯᠣᠨ᠎ᠠ᠃ | ᠰᠠᠨᠠᠯ ᠳᠤ ︽ᠲᠠᠪᠤ ᠶᠢ ᠪᠠᠷᠢᠮᠲᠠᠯᠠᠬᠤ︾ ᠪᠠ ︽ᠲᠠᠪᠤᠨ ᠵᠦᠢᠯ ᠤᠨ ᠡᠭᠦᠷᠭᠡ︾ ᠶᠢ ᠳᠤᠷᠠᠳᠪᠠ᠃ | ︽ᠲᠠᠪᠤ ᠶᠢ ᠪᠠᠷᠢᠮᠲᠠᠯᠠᠬᠤ︾ ᠨᠢ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠦᠨᠳᠦᠰᠦᠨ | ᠵᠠᠷᠴᠢᠮ ᠢ ᠲᠣᠳᠣᠷᠬᠠᠶᠢᠯᠠᠪᠠ᠄ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ | ᠠᠶᠠᠨᠳᠠᠭᠠᠨ ᠰᠡᠷᠭᠦᠬᠦ ᠪᠠᠷ ᠦᠨᠳᠦᠰᠦᠨ ᠴᠢᠭᠯᠡᠯᠲᠡ ᠪᠣᠯᠭᠠᠬᠤ ᠶᠢ ᠪᠠᠷᠢᠮᠲᠠᠯᠠᠨ᠎ᠠ︔ ᠪᠣᠬᠢᠷᠲᠤᠯ ᠦᠭᠡᠶ ᠬᠥᠭᠵᠢᠭᠦᠯᠬᠦ᠂ | ᠣᠷᠴᠢᠯᠳᠤᠭᠤᠯᠤᠨ ᠬᠥᠭᠵᠢᠭᠦᠯᠬᠦ᠂ ᠨᠡᠭᠦᠷᠡᠰᠦᠲᠥ᠋ᠷᠥᠭᠴᠢ ᠪᠠᠭᠠᠲᠠᠢ ᠬᠥᠭᠵᠢᠭᠦᠯᠬᠦ ᠪᠠᠷ ᠦᠨᠳᠦᠰᠦᠨ ᠠᠷᠭ᠎ᠠ ᠵᠠᠮ | ᠪᠣᠯᠭᠠᠬᠤ ᠶᠢ ᠪᠠᠷᠢᠮᠲᠠᠯᠠᠨ᠎ᠠ︔ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠰᠢᠨ᠎ᠡ ᠶᠢ ᠡᠭᠦᠳᠬᠦ ᠬᠥᠳᠡᠯᠭᠡᠭᠦᠷ ᠢᠶᠠᠷ | ᠦᠨᠳᠦᠰᠦᠨ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠨ᠎ᠠ︔ ᠠᠮᠢ ᠠᠬᠤᠶ ᠶᠢᠨ ᠰᠣᠶᠣᠯ ᠢ ᠬᠥᠮᠦᠵᠢᠭᠦᠯᠬᠦ ᠪᠠᠷ | ᠴᠢᠬᠤᠯᠡ ᠲᠤᠯᠭᠠᠭᠤᠷᠢ ᠪᠣᠯᠭᠠᠬᠤ ᠶᠢ ᠪᠠᠷᠢᠮᠲᠠᠯᠠᠨ᠎ᠠ︔ ᠭᠤᠣᠯᠳᠠᠯᠭ᠎ᠠ ᠲᠠᠢ ᠪᠠᠷ ᠰᠢᠪᠲᠤᠯᠤᠯᠲᠠ ᠬᠢᠬᠦ ᠪᠠ ᠪᠦᠬᠦᠯᠢ | ᠴᠣᠭᠴᠠ ᠪᠠᠷ ᠨᠢ ᠳᠥᠯᠭᠢᠨ ᠠᠬᠢᠭᠤᠯᠬᠤ ᠪᠠᠷ ᠠᠵᠢᠯ ᠤᠨ ᠠᠷᠭ᠎ᠠ ᠮᠠᠶ᠋ᠢᠭ ᠪᠣᠯᠭᠠᠬᠤ ᠶᠢ ᠪᠠᠷᠢᠮᠲᠠᠯᠠᠨ᠎ᠠ᠃ | ︽ᠲᠠᠪᠤᠨ ᠵᠦᠢᠯ ᠤᠨ ᠡᠭᠦᠷᠭᠡ︾ ᠨᠢ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠭᠤᠣᠯ | ᠬᠠᠷᠠᠯᠲᠠ ᠶᠢ ᠳᠤᠷᠠᠳᠤᠭᠰᠠᠨ ᠪᠠᠶᠢᠨ᠎ᠠ᠄ ᠪᠡᠶᠡᠴᠢ ᠴᠣᠭᠴᠠ ᠶᠢᠨ ᠴᠢᠳᠠᠮᠵᠢ ᠶᠢᠨ ᠣᠷᠣᠨ ᠲᠣᠭᠲᠠᠭᠠᠯᠲᠠ ᠶᠢ | ᠴᠢᠩᠭᠠᠷᠠᠭᠤᠯᠤᠨ᠂ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢ ᠨᠡᠭᠡᠭᠡᠨ ᠠᠰᠢᠭᠯᠠᠬᠤ ᠪᠠᠶᠢᠷᠢᠰᠢᠯ ᠢ | ᠰᠢᠯᠢᠳᠡᠭᠵᠢᠭᠦᠯᠦᠨ᠎ᠡ︔ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ ᠪᠠ ᠪᠦᠲᠦᠴᠡ ᠶᠢᠨ ᠲᠣᠬᠢᠷᠠᠭᠤᠯᠤᠯᠲᠠ | ᠬᠢᠬᠦ ᠶᠢ ᠳᠥᠯᠭᠢᠨ ᠠᠬᠢᠭᠤᠯᠵᠤ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ︔ ᠡᠬᠢ | ᠪᠠᠶᠠᠯᠢᠭ ᠢ ᠠᠷᠪᠢᠯᠠᠵᠤ ᠣᠷᠴᠢᠯᠳᠤᠭᠤᠯᠤᠨ ᠥᠨᠳᠥᠷ ᠦᠷ᠎ᠡ ᠪᠦᠲᠦᠮᠵᠢᠲᠡᠶ ᠬᠡᠷᠡᠭᠯᠡᠬᠦ ᠶᠢ ᠪᠦᠬᠦ ᠲᠠᠯ᠎ᠠ ᠪᠠᠷ | ᠠᠬᠢᠭᠤᠯᠵᠤ᠂ ᠠᠰᠢᠭᠯᠠᠬᠤ ᠠᠷᠭ᠎ᠠ ᠮᠠᠶ᠋ᠢᠭ ᠢ ᠦᠨᠳᠦᠰᠦᠨ ᠠᠴᠠ ᠨᠢ ᠬᠤᠪᠢᠷᠠᠭᠤᠯᠬᠤ ᠶᠢ ᠳᠥᠯᠭᠢᠨ ᠠᠬᠢᠭᠤᠯᠤᠨ᠎ᠠ︔ | ᠪᠠᠶᠢᠭᠠᠯᠢ ᠶᠢᠨ ᠠᠮᠢ ᠠᠬᠤᠶ ᠶᠢᠨ ᠰᠢᠰᠲ᠋ᠧᠮᠵᠢ ᠪᠠ ᠣᠷᠴᠢᠨ ᠲᠣᠭᠤᠷᠢᠨ ᠢ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ | ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠨᠡᠨ ᠬᠦ ᠰᠠᠶᠢᠵᠢᠷᠠᠭᠤᠯᠤᠨ᠎ᠠ︔ ᠠᠮᠢ ᠠᠬᠤᠶ ᠶᠢᠨ | ᠪᠣᠯᠪᠠᠰᠤᠨ ᠤ ᠳᠦᠷᠢᠮ ᠤᠨ ᠰᠢᠰᠲ᠋ᠧᠮᠵᠢ ᠶᠢ ᠪᠦᠷᠢᠨᠰᠢᠭᠦᠯᠦᠨ᠎ᠡ᠃ | ᠣᠳᠣᠬᠠᠨ ᠳᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠠᠯ᠎ᠠ ᠪᠠᠷ ᠪᠠᠰᠠ ᠮᠠᠰᠢ | ᠠᠷᠪᠢᠨ ᠠᠰᠠᠭᠤᠳᠠᠯ ᠪᠠ ᠥᠷᠢᠰᠥᠯᠳᠦᠭᠡᠨ ᠲᠤᠯᠭᠠᠷᠠᠵᠤ ᠪᠠᠶᠢᠨ᠎ᠠ᠂ ᠵᠢᠱᠢᠶᠡᠯᠡᠪᠡᠯ ᠠᠵᠤ ᠠᠬᠤᠶ ᠶᠢᠨ ᠪᠠᠭᠤᠷᠠᠬᠤ | ᠳᠠᠷᠤᠯᠲᠠ ᠨᠢ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠰᠢᠭᠰᠢᠭᠳᠡᠭᠦᠯᠬᠦ ᠶᠢ ᠤᠯᠠᠮ ᠬᠦᠴᠢᠷ ᠪᠡᠷᠬᠡ ᠲᠠᠢ | ᠪᠣᠯᠭᠠᠵᠤ᠂ ᠺᠠᠲᠠᠷᠴᠤᠳ ᠤᠨ ᠠᠮᠢ ᠠᠬᠤᠶ ᠶᠢᠨ ᠲᠤᠬᠠᠢ ᠦᠵᠡᠯᠲᠡ ᠬᠤᠴᠣᠷᠴᠤ ᠪᠠᠶᠢᠭ᠎ᠠ ᠨᠢ ᠭᠦᠢᠴᠡᠳᠬᠡᠬᠦ | ᠬᠦᠴᠦᠨ ᠢ ᠪᠠᠭᠤᠷᠠᠶ ᠪᠣᠯᠭᠠᠵᠤ ᠪᠠᠶᠢᠭ᠎ᠠ ᠵᠡᠷᠭᠡ ᠪᠣᠯᠣᠨ᠎ᠠ᠃ ︽︿ᠰᠠᠨᠠᠯ﹀ ᠨᠢ ᠨᠠᠶᠢᠳᠠᠪᠤᠷᠢᠵᠢᠭᠤᠯᠬᠤ ᠤᠨ ᠨᠡᠩ | ᠢᠯᠡᠭᠦᠦ ᠴᠢᠬᠤᠯᠠᠴᠢᠯᠠᠵᠤ᠂ ᠬᠡᠷᠡᠭᠵᠢᠭᠦᠯᠵᠦ ᠪᠣᠯᠬᠤᠶᠢᠴᠠ ᠴᠢᠨᠠᠷ ᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ | ᠳᠦᠷᠢᠮ ᠢᠶᠠᠷ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠶᠠᠪᠤᠭᠳᠠᠬᠤ ᠶᠢ ᠬᠠᠮᠠᠭᠠᠯᠠᠵᠤ ᠪᠣᠢ᠃︾ ᠭᠡᠵᠦ | ᠵᠠᠷᠢᠮ ᠲᠤᠰᠬᠠᠶ ᠮᠡᠷᠭᠡᠵᠢᠯᠲᠡᠨ ᠢᠯᠡᠳᠬᠡᠪᠡ᠃ ᠰᠠᠨᠠᠯ ᠳᠤ᠂ ᠡᠬᠢ ᠡᠭᠦᠰᠦᠯ ᠠᠴᠠ ᠨᠢ ᠰᠡᠷᠭᠡᠶᠢᠯᠡᠬᠦ᠂ ᠶᠠᠪᠤᠴᠠ ᠳᠤᠨᠢ | ᠡᠵᠡᠮᠳᠡᠬᠦ᠂ ᠬᠤᠬᠢᠷᠠᠯ ᠢ ᠲᠥᠯᠥᠪᠦᠷᠢᠯᠡᠬᠦ᠂ ᠬᠠᠷᠢᠭᠤᠴᠠᠯᠭ᠎ᠠ ᠶᠢ ᠨᠡᠬᠡᠮᠵᠢᠯᠡᠬᠦ ᠪᠦᠬᠦᠯᠢ ᠴᠣᠭᠴᠠ ᠶᠢᠨ ᠰᠡᠳᠬᠢᠮᠵᠢ ᠶᠢ | ᠪᠠᠭᠳᠠᠭᠠᠵᠤ᠂ ᠡᠬᠢ ᠪᠠᠶᠠᠯᠢᠭ ᠣᠷᠴᠢᠨ ᠲᠣᠭᠤᠷᠢᠨ ᠤ ᠠᠮᠢ ᠠᠬᠤᠶ ᠶᠢᠨ ᠤᠯᠠᠭᠠᠨ ᠱᠤᠭᠤᠮ ᠢ ᠴᠢᠩᠭ᠎ᠠ ᠰᠠᠬᠢᠬᠤ᠂ | ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠮᠴᠢᠯᠡᠬᠦ ᠡᠷᠬᠡ ᠪᠠ ᠬᠡᠷᠡᠭᠴᠡᠭᠡ ᠶᠢ ᠵᠠᠬᠢᠷᠤᠨ ᠬᠠᠮᠢᠶᠠᠷᠬᠤ | ᠳᠦᠷᠢᠮ ᠢ ᠪᠦᠷᠢᠨᠰᠢᠭᠦᠯᠬᠦ᠂ ᠠᠮᠢ ᠠᠬᠤᠶ ᠶᠢᠨ ᠬᠠᠮᠠᠭᠠᠯᠠᠯᠲᠠ ᠳᠤ ᠨᠥᠬᠦᠪᠥᠷᠢ ᠥᠭᠬᠦ ᠲᠣᠭᠲᠠᠴᠠ ᠶᠢ ᠪᠦᠷᠢᠨᠰᠢᠭᠦᠯᠬᠦ᠂ | ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠨᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠶᠢ ᠲᠡᠭᠦᠯᠳᠡᠷᠵᠢᠭᠦᠯᠬᠦ | ᠵᠡᠷᠭᠡ 10 ᠲᠠᠯ᠎ᠠ ᠶᠢᠨ ᠴᠢᠬᠤᠯᠠ ᠶᠡᠭᠡ ᠳᠦᠷᠢᠮ ᠢ ᠳᠤᠷᠠᠳᠴᠤ᠂ ᠪᠠᠶᠢᠭᠠᠯᠢ ᠶᠢᠨ ᠠᠮᠢ ᠠᠬᠤᠶ ᠶᠢᠨ ᠣᠷᠣᠨ ᠵᠠᠶ ᠳᠤ | ᠨᠢᠭᠡᠳᠦᠯᠲᠡᠶ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠭᠤᠯᠬᠤ᠂ ᠡᠨᠧᠷᠭᠢ ᠠᠷᠪᠢᠯᠠᠭᠰᠠᠨ ᠢ ᠦᠨᠡᠯᠡᠨ ᠵᠢᠱᠢᠵᠤ | ᠴᠢᠩᠭ᠎ᠠ ᠬᠢᠨᠠᠨ ᠪᠠᠶᠢᠴᠠᠭᠠᠬᠤ᠂ ᠤᠰᠤᠨ ᠤ ᠡᠬᠢ ᠪᠠᠶᠠᠯᠢᠭ ᠢ ᠨᠤᠲᠠᠯᠠᠬᠤ ᠪᠠ ᠤᠰᠤ ᠲᠠᠲᠠᠬᠤ ᠵᠥᠪᠰᠢᠶᠡᠷᠡᠯ ᠤᠨ | ᠳᠦᠷᠢᠮ ᠢ ᠴᠢᠭᠳᠠᠯᠠᠬᠤ ᠶᠢ ᠳᠤᠷᠠᠳᠴᠠᠢ︔ ᠡᠬᠢ ᠪᠠᠶᠠᠯᠢᠭ ᠣᠷᠴᠢᠨ ᠲᠣᠭᠤᠷᠢᠨ ᠤ ᠠᠮᠢ ᠠᠬᠤᠶ ᠶᠢᠨ ᠤᠯᠠᠭᠠᠨ | ᠱᠤᠭᠤᠮ ᠢ ᠴᠢᠩᠭ᠎ᠠ ᠰᠠᠬᠢᠵᠤ᠂ ᠡᠯ᠎ᠡ ᠲᠥᠷᠥᠯ ᠤᠨ ᠨᠡᠭᠡᠭᠡᠨ ᠠᠰᠢᠭᠯᠠᠬᠤ ᠠᠵᠢᠯᠯᠠᠭ᠎ᠠ ᠶᠢ ᠡᠬᠢ ᠪᠠᠶᠠᠯᠢᠭ ᠣᠷᠴᠢᠨ | ᠲᠣᠭᠤᠷᠢᠨ ᠤ ᠳᠠᠭᠠᠭᠠᠬᠤ ᠴᠢᠳᠠᠪᠤᠷᠢ ᠶᠢᠨ ᠳᠣᠲᠣᠷ᠎ᠠ ᠬᠢᠵᠠᠭᠠᠷᠯᠠᠬᠤ ᠶᠢ ᠳᠤᠷᠠᠳᠴᠦ᠂ ᠡᠬᠢ ᠪᠠᠶᠠᠯᠢᠭ ᠤᠨ | ᠬᠤᠷᠣᠭᠳᠠᠭᠤᠯᠭ᠎ᠠ ᠶᠢᠨ ︽ᠲᠡᠭᠡᠪᠦᠷ︾ ᠢ ᠵᠦᠶ ᠵᠣᠬᠢᠰᠲᠠᠶ ᠲᠣᠭᠲᠠᠭᠠᠬᠤ ᠬᠡᠷᠡᠭᠲᠡᠢ︔ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ ᠳᠦᠷᠢᠮ ᠢ ᠪᠦᠷᠢᠨᠰᠢᠭᠦᠯᠬᠦ ᠲᠠᠯ᠎ᠠ ᠪᠠᠷ᠂ ᠡᠬᠢ ᠪᠠᠶᠠᠯᠢᠭ ᠤᠨ ᠬᠤᠷᠣᠭᠳᠠᠭᠤᠯᠤᠯ᠂ | ᠣᠷᠴᠢᠨ ᠲᠣᠭᠤᠷᠢᠨ ᠤ ᠬᠤᠬᠢᠷᠠᠭᠤᠯᠤᠯ᠂ ᠠᠮᠢ ᠠᠬᠤᠶ ᠶᠢᠨ ᠦᠷ᠎ᠡ ᠠᠰᠢᠭ ᠵᠡᠷᠭᠡ ᠭᠦᠢᠴᠡᠳᠬᠡᠬᠦ ᠲᠤᠭ᠎ᠠ ᠶᠢ ᠠᠵᠤ | ᠠᠬᠤᠶ ᠨᠡᠶᠢᠭᠡᠮ ᠤᠨ ᠬᠥᠭᠵᠢᠯᠲᠡ ᠶᠢ ᠶᠡᠷᠦᠩᠬᠡᠶᠢᠯᠡᠨ ᠦᠨᠡᠯᠡᠬᠦ ᠰᠢᠰᠲ᠋ᠧᠮᠵᠢ ᠳᠤ ᠣᠷᠤᠭᠤᠯᠬᠤ ᠶᠢ ᠳᠤᠷᠠᠳᠴᠤ᠂ | ᠣᠷᠣᠨ ᠪᠦᠰᠡ ᠶᠢᠨ ᠪᠡᠶᠡᠴᠢ ᠴᠣᠭᠴᠠ ᠶᠢᠨ ᠴᠢᠳᠠᠮᠵᠢᠲᠤ ᠣᠷᠣᠨ ᠲᠣᠭᠲᠠᠭᠠᠯᠲᠠ ᠶᠢ ᠦᠨᠳᠦᠰᠦᠯᠡᠨ | ᠵᠦᠷᠢᠶᠡᠴᠢᠯᠡᠭᠰᠡᠨ ᠰᠢᠯᠭᠠᠨ ᠬᠢᠨᠠᠬᠤ ᠳᠦᠷᠢᠮ ᠢ ᠬᠡᠷᠡᠭᠵᠢᠭᠦᠯᠬᠦ ᠬᠡᠷᠡᠭᠲᠡᠢ︔ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ | ᠲᠡᠭᠦᠯᠳᠡᠷᠵᠢᠭᠦᠯᠵᠦ ᠲᠠᠯ᠎ᠠ ᠪᠠᠷ᠂ ᠰᠢᠨᠵᠢᠯᠡᠬᠦ ᠤᠬᠠᠭᠠᠨᠴᠢ ᠪᠠᠷ ᠬᠥᠭᠵᠢᠭᠦᠯᠬᠦ ᠱᠠᠭᠠᠷᠳᠠᠯᠭ᠎ᠠ ᠠᠴᠠ ᠵᠦᠷᠢᠴᠡᠭᠰᠡᠨ᠂ | ᠡᠬᠢ ᠪᠠᠶᠠᠯᠢᠭ ᠣᠷᠴᠢᠨ ᠲᠣᠭᠤᠷᠢᠨ ᠤ ᠠᠮᠢ ᠠᠬᠤᠶ ᠶᠢ ᠬᠦᠨᠳᠦ ᠨᠣᠴᠢᠲᠠᠶ ᠡᠪᠳᠡᠭᠰᠡᠨ ᠢ ᠲᠡᠮᠳᠡᠭᠯᠡᠨ ᠳᠠᠩᠰᠠᠯᠠᠵᠤ᠂ | ᠨᠠᠰᠤᠨ ᠲᠤᠷᠰᠢᠲᠠ ᠬᠠᠷᠢᠭᠤᠴᠠᠯᠭ᠎ᠠ ᠨᠡᠬᠡᠮᠵᠢᠯᠡᠬᠦ ᠶᠢ ᠬᠡᠷᠡᠭᠵᠢᠭᠦᠯᠬᠦ ᠬᠡᠷᠡᠭᠲᠡᠶ ᠬᠡᠵᠦ ᠳᠤᠷᠠᠳᠴᠠᠢ᠃ | ︽ᠢᠯᠠᠩᠭᠤᠶ᠎ᠠ ᠤᠳᠤᠷᠢᠳᠬᠤ ᠺᠠᠲᠠᠷ ᠠᠴᠠ ᠨᠠᠰᠤᠨ ᠲᠤᠷᠰᠢᠲᠠ ᠬᠠᠷᠢᠭᠤᠴᠠᠯᠭ᠎ᠠ ᠨᠡᠬᠡᠮᠵᠢᠯᠡᠬᠦ ᠨᠢ | ᠤᠳᠤᠷᠢᠳᠬᠤ ᠺᠠᠳ᠋ᠷ ᠨᠢᠭᠡᠪᠦᠷᠢ ᠳᠤ ᠨᠢᠭᠡ ᠬᠤᠪᠢ ᠬᠠᠷᠢᠭᠤᠴᠠᠯᠭ᠎ᠠ ᠶᠢᠨ ᠳᠠᠩᠰᠠ ᠡᠪᠬᠡᠮᠡᠯ ᠬᠢᠵᠦ ᠥᠭᠬᠦ ᠪᠣᠯᠣᠨ᠎ᠠ᠃ | ᠤᠳᠤᠷᠢᠳᠬᠤ ᠺᠠᠳ᠋ᠷᠴᠤᠳ ᠤᠨ ᠬᠠᠷᠢᠭᠤᠴᠠᠯᠭᠠᠲᠤ ᠰᠡᠳᠬᠢᠯᠭᠡ ᠶᠢ ᠴᠢᠩᠭᠠᠷᠠᠭᠤᠯᠬᠤ ᠳᠤ ᠯᠠᠪ ᠲᠤᠰᠠᠲᠠᠢ ᠪᠠᠶᠢᠵᠤ᠂ | ᠤᠳᠤᠷᠢᠳᠬᠤ ᠺᠠᠳ᠋ᠷᠴᠤᠳ ᠥᠩᠭᠡᠨ ᠲᠠᠯ᠎ᠠ ᠶᠢᠨ ᠠᠵᠢᠯ ᠪᠠ ᠠᠵᠢᠯ ᠤᠨ ᠪᠦᠲᠦᠮᠵᠢ ᠶᠢᠨ ᠢᠨᠵᠧᠨᠧᠷᠢᠩ ᠤᠨ | ᠲᠥᠯᠥᠭᠡ ᠳᠤᠷ᠎ᠠ ᠪᠠᠷ ᠢᠶᠠᠨ ᠬᠢᠬᠦ ᠶᠢ ᠰᠡᠷᠭᠡᠶᠢᠯᠡᠬᠦ ᠪᠣᠯᠣᠨ᠎ᠠ᠃︾ ᠭᠡᠵᠦ ᠬᠤᠲᠠ ᠶᠢᠨ ᠠᠷᠠᠳ ᠡᠦ ᠠᠪᠤᠭᠠᠶ | ᠦᠵᠡᠵᠦ ᠪᠠᠶᠢᠨ᠎ᠠ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠲᠥᠷᠥ ᠶᠢᠨ ᠪᠣᠳᠣᠯᠭ᠎ᠠ ᠬᠢᠭᠡᠳ ᠬᠠᠮᠢᠶᠠᠷᠤᠯᠲᠠ ᠶᠢᠨ ᠰᠢᠨᠵᠢᠯᠡᠬᠦ ᠤᠬᠠᠭᠠᠨ ᠤ ᠰᠤᠳᠤᠯᠬᠤ ᠭᠠᠵᠠᠷ ᠤᠨ | ᠳᠠᠷᠤᠭ᠎ᠠ ᠸᠠᠩ ᠢ ᠵᠠᠭᠤᠴᠢᠯᠠᠭᠤᠷ ᠤᠨ ᠰᠤᠷᠪᠤᠯᠵᠢᠯᠠᠭ᠎ᠠ ᠶᠢ ᠬᠦᠯᠢᠶᠡᠨ ᠠᠪᠬᠤ ᠳᠠᠭᠠᠨ ᠢᠯᠡᠷᠬᠡᠶᠢᠯᠡᠭᠰᠡᠨ ᠨᠢ᠂ | ᠰᠠᠨᠠᠯ ᠳᠤ ᠳᠤᠷᠠᠳᠤᠭᠰᠠᠨ ᠳᠦᠷᠢᠮ ᠢ ᠵᠠᠯᠭᠠᠭᠠᠳ ᠢᠵᠢ ᠪᠦᠷᠢᠳᠦᠭᠰᠡᠨ ᠬᠠᠤᠯᠢ ᠴᠠᠭᠠᠵᠠ ᠬᠠᠤᠯᠢ ᠲᠣᠭᠲᠠᠭᠠᠯ ᠲᠠᠢ | ᠪᠠᠶᠢᠵᠤ ᠨᠠᠷᠢᠯᠠᠭᠵᠢᠭᠤᠯᠬᠤ ᠬᠡᠷᠡᠭᠲᠡᠢ᠃ ᠳᠠᠷᠠᠭᠠᠴᠢ ᠶᠢᠨ ᠠᠯᠬᠤᠮ ᠤᠨ ᠵᠠᠩᠭᠢᠯᠠᠭ᠎ᠠ ᠪᠣᠯ ᠡᠳᠡᠭᠡᠷ ᠳᠦᠷᠢᠮ ᠢ ᠦᠨᠡᠨ | ᠬᠦ ᠨᠠᠶᠢᠳᠠᠪᠤᠷᠢᠵᠢᠭᠤᠯᠵᠤ ᠳᠡᠶᠢᠯᠬᠦ ᠡᠰᠡᠬᠦ ᠳᠤ ᠪᠣᠢ᠃ ᠳᠦᠷᠢᠮ ᠤᠨ ᠶᠠᠩᠵᠤ ᠠᠯᠳᠠᠭᠳᠠᠬᠤ ᠦᠭᠡᠢ᠂ ᠳᠦᠷᠰᠦ | ᠬᠤᠪᠢᠷᠠᠬᠤ ᠦᠭᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ | | | ᠬᠥᠮᠦᠨ ᠪᠦᠬᠦᠨ ᠴᠥᠮ ᠪᠣᠬᠢᠷᠳᠣᠯ ᠦᠭᠡᠢ ᠠᠮᠢᠳᠤᠷᠠᠯ ᠤᠨ ᠦᠢᠯᠡᠳᠦᠯᠭᠡᠵᠢᠭᠦᠯᠦᠭᠴᠢ ᠮᠦᠨ | ︽ᠰᠠᠨᠠᠯ︾ ᠳᠤ᠂ ᠬᠥᠮᠦᠨ ᠪᠦᠬᠦᠨ ᠴᠥᠮ ᠠᠮᠢ ᠠᠬᠤᠶ ᠶᠢᠨ ᠪᠣᠯᠪᠠᠰᠤᠨ ᠤ ᠪᠦᠲᠦᠭᠡᠨ | ᠪᠠᠶᠢᠭᠤᠯᠤᠭᠴᠢ ᠮᠦᠨ ᠭᠡᠰᠡᠨ ᠣᠨᠣᠯᠵᠢᠬᠤᠨ ᠢ ᠴᠢᠬᠤᠯᠠᠴᠢᠯᠠᠭᠰᠠᠨ ᠪᠠᠶᠢᠨ᠎ᠠ᠂ ᠡᠨᠡ ᠨᠢ ᠳᠠᠷᠤᠢ ᠨᠡᠶᠢᠲᠡ | ᠣᠯᠠᠨ ᠢᠶᠠᠷ ᠢᠶᠠᠨ ᠣᠷᠣᠯᠴᠠᠬᠤ ᠨᠢ ᠮᠦᠨᠴᠦ ᠨᠢᠭᠡᠨ ᠶᠡᠭᠡ ᠭᠢᠯᠠᠰ ᠴᠡᠭ ᠪᠣᠯᠣᠨ᠎ᠠ᠃ | ︽ᠰᠠᠨᠠᠯ︾ ᠳᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠳᠥᠯᠭᠢᠨ ᠠᠬᠢᠭᠤᠯᠬᠤ ᠰᠠᠶᠢᠨ | ᠰᠠᠶᠢᠬᠠᠨ ᠨᠡᠶᠢᠭᠡᠮ ᠤᠨ ᠬᠡᠪ ᠰᠤᠷᠲᠠᠯ ᠢ ᠲᠦᠷᠭᠡᠳᠬᠡᠨ ᠪᠤᠶ ᠪᠣᠯᠭᠠᠬᠤ ᠬᠡᠷᠡᠭᠲᠡᠶ᠃ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠨᠢ ᠡᠯ᠎ᠡ ᠠᠵᠢᠯ ᠲᠥᠷᠥᠯ ᠤᠨ ᠬᠢᠨ᠂ ᠦᠢ ᠲᠦᠮᠡᠨ ᠠᠶᠢᠯ ᠡᠷᠦᠬᠡ ᠲᠠᠢ ᠬᠤᠯᠪᠣᠭᠳᠠᠨ᠎ᠠ᠃ ᠠᠷᠠᠳ | ᠣᠯᠠᠨ ᠤ ᠢᠳᠡᠪᠬᠢᠵᠢᠯ ᠴᠢᠨᠠᠷ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠪᠠᠳᠠᠷᠠᠭᠤᠯᠤᠨ᠂ | ᠠᠷᠠᠳ ᠤᠨ ᠰᠡᠳᠬᠢᠯ ᠢ ᠨᠢᠭᠲᠠᠷᠠᠭᠤᠯᠵᠤ᠂ ᠠᠷᠠᠳ ᠤᠨ ᠣᠶᠤᠨ ᠤᠬᠠᠭᠠᠨ ᠢ ᠲᠦᠪᠯᠡᠷᠡᠭᠦᠯᠦᠨ᠂ ᠠᠷᠠᠳ ᠤᠨ | ᠬᠦᠴᠦᠨ ᠢ ᠨᠡᠶᠢᠯᠡᠭᠦᠯᠵᠦ᠂ ᠠᠮᠢᠳᠤᠷᠠᠯ ᠤᠨ ᠠᠷᠭ᠎ᠠ ᠮᠠᠶ᠋ᠢᠭ ᠤᠨ ᠪᠣᠬᠢᠷᠳᠣᠯ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ | ᠃ ︽ᠬᠡᠷᠡᠭ ᠳᠡᠭᠡᠷ᠎ᠡ ᠪᠠᠨ᠂ ᠬᠥᠮᠦᠰ ᠤᠨ ᠣᠷᠴᠢᠨ ᠲᠣᠭᠤᠷᠢᠨ ᠢ ᠬᠠᠮᠠᠭᠠᠯᠠᠬᠤ ᠦᠵᠡᠯ ᠤᠬᠠᠮᠰᠠᠷ ᠴᠥᠮ ᠢᠳᠡᠭ | ᠢᠳᠡᠭ ᠢᠶᠠᠷ ᠳᠡᠭᠡᠭᠰᠢᠯᠡᠵᠦ ᠪᠤᠢ᠂ ᠭᠡᠪᠡᠴᠦ ᠪᠠᠰᠠ ᠬᠡᠷᠬᠢᠨ ᠬᠢᠬᠦ ᠪᠠᠨ ᠮᠡᠳᠡᠬᠦ ᠦᠭᠡᠢ ᠪᠣᠯᠬᠤᠷ᠂ ᠰᠤᠷᠭᠠᠨ ᠬᠥᠮᠦᠵᠢᠯ | ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠶ | ᠣᠷᠴᠢᠨ ᠲᠣᠭᠤᠷᠢᠨ ᠢ ᠬᠠᠮᠠᠭᠠᠯᠠᠬᠤ ᠶᠢᠨ ᠲᠠᠨᠢᠨ ᠮᠡᠳᠡᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠴᠢᠬᠤᠯᠠᠲᠠᠢ | ᠪᠠᠶᠢᠨ᠎ᠠ᠃︾ ᠭᠡᠵᠦ ᠸᠠᠩ ᠯᠢᠨ ᠡᠾᠧ ᠬᠡᠯᠡᠪᠡ ᠃ | ︽ᠰᠠᠨᠠᠯ︾ ᠳᠤ᠂ ᠪᠦᠬᠦ ᠠᠷᠠᠳ ᠤᠨ ᠠᠮᠢ ᠠᠬᠤᠶ ᠶᠢᠨ ᠪᠣᠯᠪᠠᠰᠤᠨ ᠤ ᠦᠵᠡᠯ ᠤᠬᠠᠮᠰᠠᠷ ᠢ | ᠳᠡᠭᠡᠭᠰᠢᠯᠡᠭᠦᠯᠬᠦ ᠬᠡᠷᠡᠭᠲᠡᠶ ᠭᠡᠵᠦ ᠲᠣᠲᠣᠷᠬᠠᠶᠢᠯᠠᠭᠰᠠᠨ ᠪᠠᠶᠢᠨ᠎ᠠ᠃ ᠠᠮᠢ ᠠᠬᠤᠶ ᠶᠢᠨ ᠰᠣᠶᠣᠯ ᠂ ᠠᠮᠢ ᠠᠬᠤᠶ ᠶᠢᠨ | ᠶᠣᠰᠣ ᠰᠤᠷᠲᠠᠬᠤᠨ ᠢ ᠢᠳᠡᠪᠬᠢᠲᠠᠢ ᠪᠤᠶᠢᠵᠢᠭᠤᠯᠵᠤ᠂ ᠠᠮᠢ ᠠᠬᠤᠶ ᠶᠢᠨ ᠪᠣᠯᠪᠠᠰᠤᠨ ᠢ ᠨᠡᠶᠢᠭᠡᠮ ᠤᠨ ᠭᠤᠣᠯ ᠪᠣᠯᠬᠤ | ᠥᠷᠲᠡᠭ ᠤᠨ ᠦᠵᠡᠯᠲᠡ ᠪᠣᠯᠭᠠᠵᠤ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢᠨ ᠴᠢᠬᠤᠯᠠ | ᠠᠭᠤᠯᠭ᠎ᠠ ᠪᠣᠯᠭᠠᠬᠤ ᠬᠡᠷᠡᠭᠲᠡᠢ᠃ ᠲᠡᠭᠡᠬᠦ ᠮᠥᠷᠲᠡᠭᠡᠨ ᠬᠡᠦᠬᠡᠳ ᠪᠠ ᠪᠠᠭᠠᠴᠤᠳ ᠠᠴᠠ ᠡᠬᠢᠯᠡᠨ ᠠᠳᠬᠤᠵᠤ᠂ ᠭᠡᠷ | ᠪᠦᠯᠢ᠂ ᠰᠤᠷᠭᠠᠭᠤᠯᠢ ᠶᠢᠨ ᠰᠤᠷᠭᠠᠨ ᠬᠥᠮᠦᠵᠢᠯ ᠠᠴᠠ ᠭᠠᠷᠳᠠᠨ ᠠᠳᠬᠤᠵᠤ᠂ ᠪᠦᠬᠦ ᠨᠡᠶᠢᠭᠡᠮ ᠤᠨ ᠬᠢᠨ ᠢ | ᠬᠥᠲᠥᠯᠦᠨ ᠵᠢᠯᠣᠭᠤᠳᠴᠤ ᠪᠠᠶᠢᠭᠠᠳ ᠠᠮᠢ ᠠᠬᠤᠶ ᠶᠢᠨ ᠪᠣᠯᠪᠠᠰᠤᠨ ᠤ ᠦᠵᠡᠯ ᠤᠬᠠᠮᠰᠠᠷ ᠢ ᠪᠣᠢ ᠪᠣᠯᠭᠠᠬᠤ ᠬᠡᠷᠡᠭᠲᠡᠢ | ᠃ ᠠᠮᠢ ᠠᠬᠤᠶ ᠶᠢᠨ ᠪᠣᠯᠪᠠᠰᠤᠨ ᠤ ᠰᠤᠷᠭᠠᠨ ᠬᠥᠮᠥᠵᠢᠯ ᠢ ᠬᠡᠪ ᠴᠢᠨᠠᠷ ᠤᠨ ᠰᠤᠷᠭᠠᠨ ᠬᠥᠮᠦᠵᠢᠯ ᠤᠨ ᠴᠢᠬᠤᠯᠠ | ᠠᠭᠤᠯᠭ᠎ᠠ ᠪᠣᠯᠭᠠᠨ᠂ ᠤᠯᠤᠰ ᠠᠷᠠᠳ ᠤᠨ ᠰᠤᠷᠭᠠᠨ ᠬᠥᠮᠦᠵᠢᠯ ᠤᠨ ᠰᠢᠰᠲ᠋ᠧᠮᠵᠢ ᠪᠠ ᠺᠠᠳ᠋ᠷᠴᠤᠳ ᠤᠨ ᠬᠥᠮᠥᠵᠢᠯ | ᠪᠣᠯᠪᠠᠰᠤᠷᠠᠭᠤᠯᠤᠯ ᠤᠨ ᠰᠢᠰᠲ᠋ᠧᠮᠵᠢ ᠳᠤ ᠣᠷᠣᠭᠤᠯᠬᠤ ᠬᠡᠷᠡᠭᠲᠡᠢ᠃ ᠡᠭᠦᠨ ᠤ ᠬᠠᠮᠲᠤ᠂ ᠪᠣᠬᠢᠷᠲᠤᠯ ᠦᠭᠡᠶ | ᠠᠮᠢᠳᠤᠷᠠᠯ ᠤᠨ ᠠᠷᠭ᠎ᠠ ᠮᠠᠶ᠋ᠢᠭ ᠢ ᠪᠣᠶᠢᠵᠢᠭᠤᠯᠤᠨ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠬᠡᠷᠡᠭᠯᠡᠭᠡᠨ ᠤ | ᠦᠵᠡᠯᠲᠡ ᠶᠢ ᠰᠠᠨᠠᠭᠠᠴᠢᠯᠠᠨ᠂ ᠪᠣᠬᠢᠷᠲᠤᠯ ᠦᠭᠡᠶ ᠠᠮᠢᠳᠤᠷᠠᠯ ᠤᠨ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ | ᠪᠦᠬᠦ ᠠᠷᠠᠳ ᠤᠨ ᠡᠮᠦᠰᠬᠦ᠂ ᠢᠳᠡᠬᠦ᠂ ᠰᠠᠭᠤᠬᠤ᠂ ᠶᠠᠪᠤᠬᠤ᠂ ᠵᠢᠭᠤᠯᠴᠢᠯᠠᠬᠤ ᠵᠡᠷᠭᠡ ᠲᠠᠯ᠎ᠠ ᠪᠠᠷ ᠠᠵᠢᠯᠴᠢ | ᠠᠷᠪᠢᠴᠢ ᠪᠠᠷ ᠭᠠᠮᠨᠠᠨ ᠠᠷᠪᠢᠯᠠᠬᠤ᠂ ᠪᠣᠬᠢᠷᠲᠤᠯ ᠦᠭᠡᠶ ᠳᠣᠣᠷ᠎ᠠ ᠨᠡᠭᠦᠷᠡᠰᠦᠲᠥ᠋ᠷᠥᠭᠴᠢᠲᠦ᠂ ᠪᠣᠯᠪᠠᠰᠤᠨ ᠡᠷᠡᠭᠦᠯ | ᠡᠩᠬᠡ ᠠᠷᠭ᠎ᠠ ᠮᠠᠶ᠋ᠢᠭ ᠲᠡᠰᠢ ᠬᠤᠪᠢᠷᠠᠬᠤ ᠶᠢ ᠲᠦᠷᠭᠡᠳᠬᠡᠨ᠂ ᠡᠯ᠎ᠡ ᠵᠦᠢᠯ ᠤᠨ ᠬᠡᠯᠪᠡᠷᠢ ᠶᠢᠨ ᠱᠠᠯᠢᠨ ᠪᠦᠷᠢᠯᠭᠡᠬᠦ᠂ | ᠵᠦᠶ ᠵᠣᠬᠢᠰ ᠦᠭᠡᠶ ᠬᠡᠷᠡᠭᠯᠡᠭᠡᠨ ᠬᠢᠬᠦ ᠶᠢ ᠡᠷᠡᠰ ᠬᠤᠷᠢᠭᠯᠠᠬᠤ ᠪᠠ ᠡᠰᠡᠷᠭᠦᠴᠡᠬᠦ ᠬᠡᠷᠡᠭᠲᠡᠢ᠃ ᠨᠡᠶᠢᠲᠡ | ᠣᠯᠠᠨ ᠢᠶᠠᠷ ᠢᠶᠠᠨ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠤᠨ᠂ ᠡᠯ᠎ᠡ ᠲᠥᠷᠥᠯ ᠤᠨ ᠣᠷᠴᠢᠨ ᠲᠣᠭᠤᠷᠢᠨ ᠤ | ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠨᠡᠶᠢᠲᠡᠯᠡᠵᠦ᠂ ᠣᠯᠠᠨ ᠨᠡᠶᠢᠲᠡ ᠶᠢᠨ ᠣᠷᠴᠢᠨ ᠲᠣᠭᠤᠷᠢᠨ ᠤ | ᠡᠷᠬᠡ ᠠᠰᠢᠭ ᠢ ᠬᠠᠮᠠᠭᠠᠯᠠᠬᠤ ᠬᠡᠷᠡᠭᠲᠡᠶ᠃ ᠢᠯᠡᠴᠢᠯᠡᠨ ᠮᠡᠳᠡᠭᠦᠯᠬᠦ᠂ ᠭᠡᠷᠡᠴᠢᠯᠡᠭᠡ ᠰᠣᠨᠣᠰᠬᠤ᠂ ᠶᠠᠷᠢᠶ᠎ᠠ ᠬᠡᠯᠡᠯᠴᠡᠭᠡᠨ | ᠪᠠ ᠨᠡᠶᠢᠲᠡ ᠣᠯᠠᠨ ᠢᠶᠠᠷ ᠢᠶᠠᠨ ᠬᠢᠨᠠᠯᠲᠠ ᠲᠠᠯᠪᠢᠬᠤ ᠵᠡᠷᠭᠡ ᠳᠦᠷᠢᠮ ᠢ ᠲᠡᠭᠦᠯᠳᠡᠷᠵᠢᠭᠦᠯᠵᠦ᠂ ᠪᠦᠬᠦ | ᠠᠷᠠᠳ ᠢᠶᠠᠷ ᠢᠶᠠᠨ ᠣᠷᠣᠯᠴᠠᠭᠰᠠᠨ ᠨᠡᠶᠢᠭᠡᠮ ᠤᠨ ᠠᠵᠢᠯᠯᠠᠭᠠᠨ ᠤ ᠰᠢᠰᠲ᠋ᠧᠮᠵᠢ ᠶᠢ ᠪᠠᠶᠢᠭᠤᠯᠬᠤ ᠬᠡᠷᠡᠭᠲᠡᠢ᠃ ︽ᠠᠮᠢ | ᠠᠬᠤᠶ ᠶᠢᠨ ᠪᠣᠯᠪᠠᠰᠤᠨ ᠤ ᠣᠨᠣᠯᠵᠢᠬᠤᠨ ᠢ ᠪᠤᠶ ᠪᠣᠯᠭᠠᠬᠤ ᠨᠢ ᠪᠦᠬᠦ ᠨᠡᠶᠢᠭᠡᠮ ᠤᠨ ᠠᠰᠢᠭ ᠲᠤᠰᠠ ᠲᠠᠢ | ᠬᠤᠯᠪᠣᠭᠳᠠᠬᠤ ᠪᠣᠯᠬᠤᠷ᠂ ᠪᠦᠬᠦ ᠨᠡᠶᠢᠭᠡᠮ ᠢᠶᠠᠷ ᠢᠶᠠᠨ ᠬᠠᠮᠲᠤᠪᠡᠷ ᠬᠢᠨᠠᠯᠲᠠ ᠲᠠᠯᠪᠢᠬᠤ ᠪᠠ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯᠲᠠ ᠶᠢᠨ ᠬᠠᠮᠢᠶ᠎ᠠ ᠪᠦᠬᠦᠢ ᠡᠯ᠎ᠡ ᠵᠦᠢᠯ ᠤᠨ ᠦᠢᠯᠡ ᠠᠵᠢᠯᠯᠠᠭ᠎ᠠ ᠴᠢᠬᠤᠯᠠᠲᠠᠢ ᠪᠠᠶᠢᠵᠤ᠂ | ᠪᠣᠬᠢᠷᠲᠤᠯ ᠦᠭᠡᠶ ᠬᠦᠭᠵᠢᠭᠦᠯᠬᠦ ᠣᠨᠣᠯᠵᠢᠬᠤᠨ ᠢ ᠪᠣᠳᠠᠲᠠᠶ ᠠᠵᠢᠯᠯᠠᠭ᠎ᠠ ᠪᠠᠷ ᠢᠶᠠᠨ ᠦᠢᠯᠡᠳᠦᠯᠭᠡᠵᠢᠭᠦᠯᠬᠦ | ᠬᠡᠷᠡᠭᠲᠡᠢ᠃︾ ᠭᠡᠵᠦ ᠸᠠᠩ ᠯᠢᠨ ᠡᠾᠧ ᠬᠡᠯᠡᠪᠡ᠃ ︽ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ | ᠨᠢ ᠠᠯᠢ ᠨᠢᠭᠡᠨ ᠰᠠᠯᠠᠭ᠎ᠠ ᠮᠥᠴᠢᠷ ᠤᠨ ᠶᠠᠪᠤᠳᠠᠯ ᠪᠢᠰᠢ᠂ ᠪᠦᠬᠦ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠪᠠ | ᠬᠠᠷᠠᠯᠲᠠ ᠪᠣᠯᠣᠨ᠎ᠠ᠃ ᠠᠷᠠᠳ ᠢᠷᠭᠡᠳ ᠤᠨ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠦᠵᠡᠯ | ᠤᠬᠠᠮᠰᠠᠷ ᠪᠠ ᠲᠠᠨᠢᠯᠲᠠ ᠶᠢ ᠳᠡᠭᠡᠭᠰᠢᠯᠡᠭᠦᠯᠬᠦ ᠳᠤ᠂ ᠵᠠᠰᠠᠭ ᠤᠨ ᠣᠷᠳᠣᠨ ᠨᠤᠭᠤᠳ ᠳᠦᠷᠢᠮ ᠢᠶᠠᠷ ᠬᠥᠮᠦᠰ ᠤᠨ | ᠣᠷᠴᠢᠨ ᠲᠣᠭᠤᠷᠢᠨ ᠢ ᠡᠪᠳᠡᠭᠰᠡᠨ ᠦᠢᠯᠡ ᠠᠵᠢᠯᠯᠠᠭ᠎ᠠ ᠶᠢ ᠬᠢᠵᠠᠭᠠᠷᠯᠠᠵᠤ᠂ ᠪᠣᠬᠢᠷᠳᠣᠯ ᠦᠭᠡᠢ ᠠᠮᠢ ᠠᠬᠤᠶ ᠶᠢ | ᠡᠷᠬᠢᠯᠡᠵᠦ ᠪᠠᠶᠢᠭ᠎ᠠ ᠠᠵᠤ ᠠᠬᠤᠶᠢᠯᠠᠯ ᠪᠠ ᠬᠤᠪᠢ ᠬᠥᠮᠥᠨ ᠢ ᠵᠣᠷᠢᠭᠵᠢᠭᠤᠯᠬᠤ ᠬᠡᠷᠡᠭᠲᠡᠶ᠃︾ ᠭᠡᠵᠦ ᠣᠷᠳᠣᠰ | ᠬᠤᠲᠠ ᠨᠤᠲᠤᠭ ᠪᠡᠯᠴᠢᠭᠡᠷ ᠤᠨ ᠠᠵᠢᠯ ᠤᠨ ᠥᠷᠲᠡᠭᠡᠨ ᠤ ᠳᠠᠷᠤᠭ᠎ᠠ ᠶᠠᠩ ᠶᠦᠩ ᠹᠧᠩ ᠰᠠᠨᠠᠭᠤᠯᠪᠠ᠃ ᠡᠭᠦᠨ ᠠᠴᠠ | ᠭᠠᠳᠠᠨ᠎ᠠ᠂ ᠲᠤᠰᠬᠠᠶ ᠮᠡᠷᠭᠡᠵᠢᠯᠲᠡᠳ ᠢᠯᠡᠳᠬᠡᠬᠦ ᠳᠡᠭᠡᠨ᠂ ᠪᠣᠬᠢᠷᠳᠣᠯ ᠦᠭᠡᠢ ᠶᠢᠨ ᠬᠤᠪᠢᠰᠤᠯᠲᠠ ᠶᠢᠨ ᠠᠷᠭ᠎ᠠ | ᠪᠠᠷᠢᠯ ᠤᠨ ᠲᠠᠯ᠎ᠠ ᠪᠠᠷ ᠬᠢ ᠠᠬᠢᠯᠲᠠ ᠪᠠ ᠣᠷᠴᠢᠨ ᠲᠣᠭᠤᠷᠢᠨ ᠢ ᠬᠠᠮᠠᠭᠠᠯᠠᠬᠤ ᠣᠨᠣᠯᠵᠢᠬᠤᠨ ᠤ ᠬᠥᠮᠦᠰ ᠤᠨ | ᠰᠡᠳᠬᠢᠯ ᠳᠤ ᠬᠠᠳᠠᠩᠰᠢᠬᠤ ᠶᠢ ᠳᠠᠭᠠᠯᠳᠤᠨ᠂ ᠪᠣᠬᠢᠷᠳᠦᠯ ᠦᠭᠡᠶᠢᠵᠢᠯᠲᠡ ᠨᠢ ᠪᠢᠳᠡᠨ ᠤ ᠠᠮᠢᠳᠤᠷᠠᠯ ᠢ ᠦᠯᠦ | ᠮᠡᠳᠡᠭᠳᠡᠮ᠎ᠡ ᠪᠠᠷ ᠨᠥᠯᠥᠭᠡᠯᠡᠵᠦ ᠪᠤᠢ᠃ ᠵᠢᠱᠢᠶᠡᠯᠡᠪᠡᠯ ᠣᠷᠣᠰᠢᠨ ᠰᠠᠭᠤᠬᠤ ᠲᠠᠯ᠎ᠠ ᠪᠠᠷ᠂ ᠣᠷᠴᠢᠨ ᠲᠣᠭᠤᠷᠢᠨ | ᠰᠠᠶᠢᠵᠢᠷᠠᠯᠲᠠ ᠲᠠᠢ ᠪᠣᠯᠵᠤ᠂ ᠨᠣᠭᠤᠭᠠᠷᠠᠯᠲᠠ ᠨᠡᠮᠡᠭᠳᠡᠬᠦ ᠪᠣᠯᠣᠨ᠎ᠠ︔ ᠭᠠᠳᠠᠭᠰᠢ ᠶᠠᠪᠤᠬᠤ ᠲᠠᠯ᠎ᠠ ᠪᠠᠷ᠂ ᠳᠣᠣᠷ᠎ᠠ | ᠨᠡᠭᠦᠷᠡᠰᠦᠲᠥ᠋ᠷᠥᠭᠴᠢᠲᠦ᠂ ᠳᠥᠭᠦᠮ ᠳᠥᠲᠡ ᠵᠠᠮ ᠬᠠᠷᠢᠯᠴᠠᠭᠠᠨ ᠤ ᠰᠢᠰᠲ᠋ᠧᠮᠵᠢ ᠨᠢ ᠨᠡᠩ ᠳᠦᠭᠦᠮ ᠳᠦᠳᠡ | ᠪᠣᠯᠤᠨ᠎ᠠ︔ ᠢᠳᠡᠭᠡᠨ ᠤᠮᠳᠠᠭᠠᠨ ᠤ ᠲᠠᠯ᠎ᠠ ᠪᠠᠷ᠂ ᠲᠠᠷᠢᠶᠠᠯᠠᠩ ᠤᠨ ᠣᠷᠴᠢᠯ ᠠᠵᠤ ᠠᠬᠤᠶ ᠶᠢ ᠬᠥᠭᠵᠢᠭᠦᠯᠦᠨ᠂ | ᠲᠠᠷᠢᠶᠠᠯᠠᠩ ᠤᠨ ᠪᠣᠬᠢᠷᠲᠤᠯ ᠢ ᠵᠠᠰᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠣ ᠴᠢᠨᠠᠷ ᠤᠨ ᠠᠶᠤᠯ | ᠦᠭᠡᠢ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠤᠨ ᠳᠡᠭᠡᠭᠰᠢᠯᠡᠬᠦ ᠪᠣᠯᠣᠨ᠎ᠠ᠃ ᠡᠭᠦᠨ ᠤ ᠬᠠᠮᠲᠤ᠂ ᠪᠠᠰᠠ | ᠠᠭᠠᠷ ᠮᠠᠨᠳᠠᠯ ᠤᠨ ᠪᠣᠬᠢᠷᠲᠤᠯ᠂ ᠤᠰᠤᠨ ᠤ ᠪᠣᠬᠢᠷᠲᠤᠯ᠂ ᠬᠥᠷᠥᠰᠥ ᠰᠢᠷᠣᠶ ᠶᠢᠨ ᠪᠣᠬᠢᠷᠲᠤᠯ᠂ ᠢᠳᠡᠭᠡᠨ ᠤ ᠠᠮᠤᠷ | ᠲᠥᠪᠰᠢᠨ ᠵᠡᠷᠭᠡ ᠶᠢ ᠵᠠᠰᠠᠬᠤ ᠨᠢᠭᠡ ᠪᠦᠯᠦᠭ ᠳᠡᠭᠡᠳᠦ ᠮᠡᠷᠭᠡᠵᠢᠯ ᠤᠨ ᠠᠵᠤ ᠠᠬᠤᠶᠢᠯᠠᠯ ᠪᠤᠢ ᠪᠣᠯᠵᠤ ᠡᠳᠡᠭᠡᠷ | ᠬᠦᠷᠢᠶᠡᠨ ᠳᠠᠬᠢ ᠤᠴᠢᠷ ᠶᠠᠪᠤᠳᠠᠯ ᠢ ᠬᠢᠬᠦ ᠪᠠᠷ ᠬᠦᠴᠦᠯᠡᠨ ᠴᠢᠷᠮᠠᠶᠢᠵᠤ᠂ ᠮᠠᠨ ᠤ ᠠᠮᠢᠳᠤᠷᠠᠯ ᠨᠡᠩ ᠰᠠᠨᠠᠭ᠎ᠠ ᠠᠮᠤᠷ | ᠪᠠ ᠠᠮᠤᠷ ᠲᠦᠪᠰᠢᠨ ᠪᠣᠯᠣᠨ᠎ᠠ ᠭᠡᠵᠡᠢ᠃ | ︽ᠰᠠᠨᠠᠯ︾ ᠨᠢ ᠬᠥᠮᠥᠰ ᠲᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠰᠠᠶᠢᠨ ᠰᠠᠶᠢᠬᠠᠨ | ᠠᠯᠤᠰ ᠤᠨ ᠲᠥᠯᠥᠪ ᠢ ᠵᠢᠷᠣᠭᠯᠠᠵᠤ ᠥᠭᠪᠡ᠂ 2020 ᠣᠨ ᠪᠣᠯᠬᠤ ᠳᠤ᠂ ᠡᠬᠢ ᠪᠠᠶᠠᠯᠢᠭ ᠢ ᠠᠷᠪᠢᠯᠠᠬᠤ | ᠬᠡᠯᠪᠡᠷᠢ ᠶᠢᠨ ᠪᠠ ᠣᠷᠴᠢᠨ ᠲᠣᠭᠤᠷᠢᠨ ᠯᠤᠭ᠎ᠠ ᠨᠥᠬᠦᠷᠰᠡᠭ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠴᠢᠬᠤᠯᠠ | ᠶᠡᠭᠡ ᠠᠬᠢᠯᠲᠠ ᠲᠠᠢ ᠪᠣᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠬᠢᠷᠢ ᠬᠡᠮᠵᠢᠶ᠎ᠡ ᠨᠢ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠯᠤᠭ᠎ᠠ ᠲᠣᠬᠢᠷᠠᠯᠴᠠᠵᠤ᠂ ᠤᠯᠤᠰ ᠤᠨ | ᠭᠠᠵᠠᠷ ᠰᠢᠷᠤᠢ ᠡᠬᠢ ᠪᠠᠶᠠᠯᠢᠭ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠡᠬᠢ ᠪᠠᠶᠠᠯᠢᠭ ᠢ ᠠᠰᠢᠭᠯᠠᠬᠤ ᠨᠢ | ᠨᠡᠩ ᠥᠨᠳᠥᠷ ᠦᠷ᠎ᠡ ᠪᠦᠲᠦᠮᠵᠢᠲᠠᠢ ᠪᠣᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ | ᠶᠡᠷᠦᠩᠭᠡᠢ ᠳᠡᠭᠡᠨ ᠰᠠᠶᠢᠵᠢᠷᠠᠨ ᠂ ᠠᠮᠢ ᠠᠬᠤᠶ ᠶᠢᠨ ᠪᠣᠯᠪᠠᠰᠤᠨ ᠤ ᠴᠢᠬᠤᠯᠠ ᠶᠡᠭᠡ ᠳᠦᠷᠢᠮ | ᠦᠨᠳᠦᠰᠦᠨ ᠳᠡᠭᠡᠨ ᠪᠣᠢ ᠪᠣᠯᠬᠤ ᠪᠣᠯᠣᠨ᠎ᠠ᠃ | ᠬᠡᠯᠡᠯᠭᠡᠨ ᠦᠭᠡᠶ᠂ ᠡᠨᠡ ᠬᠦ ᠬᠠᠷᠠᠯᠲᠠ ᠶᠢ ᠪᠡᠶᠡᠯᠡᠭᠦᠯᠬᠦ ᠳᠤ᠂ ᠪᠢᠳᠡ ᠨᠠᠷ ᠬᠠᠮᠲᠤ ᠳᠠᠭᠠᠨ | ᠴᠢᠷᠮᠠᠶᠢᠬᠤ ᠴᠢᠬᠤᠯᠠᠲᠠᠢ ᠪᠠᠶᠢᠬᠤ ᠶᠢᠨ ᠬᠠᠮᠲᠤ ᠠᠵᠢᠭᠯᠠᠨ ᠬᠦᠯᠢᠶᠡᠵᠦ ᠪᠠᠶᠢᠶ᠎ᠠ︕ | | | ᠨᠣᠭᠤᠭᠠᠨ ᠬᠤᠪᠢᠰᠤᠯᠲᠠ ᠳᠤᠮᠳᠠᠬᠢ ᠥᠪᠥᠷ ᠮᠣᠩᠭᠤᠯ ᠤᠨ ᠳᠣᠬᠢᠶ᠎ᠠ | ᠣᠶᠢᠷ᠎ᠠ ᠶᠢᠨ ᠵᠢᠯ ᠳᠤ᠂ ᠮᠠᠨ ᠤ ᠣᠷᠣᠨ ︽ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ | ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ︾ ᠪᠠᠷ ᠬᠠᠷᠠᠯᠲᠠ ᠪᠣᠯᠭᠠᠨ᠂ ᠠᠮᠢ | ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠲᠠᠰᠤᠷᠠᠯᠲᠠ ᠦᠭᠡᠶ ᠴᠢᠩᠭᠠᠷᠠᠭᠤᠯᠪᠠ᠃ ᠡᠨᠡ ᠵᠢᠯ᠂ | ᠪᠦᠬᠦ ᠣᠷᠣᠨ ᠤ ᠣᠶ ᠰᠢᠭᠤᠶ ᠶᠢᠨ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠦᠷᠭᠦᠯᠵᠢᠯᠡᠨ | 1000 ᠲᠦᠮᠡᠨ ᠮᠥ ᠠᠴᠠ ᠳᠡᠭᠡᠭᠰᠢ ᠪᠠᠶᠢᠯᠭᠠᠵᠤ᠂ ᠪᠦᠬᠦ ᠤᠯᠤᠰ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠷ | ᠬᠠᠮᠤᠭ ᠠᠷᠪᠢᠨ ᠮᠤᠵᠢ ᠣᠷᠣᠨ ᠪᠣᠯᠤᠨ᠎ᠠ᠃ ᠲᠤᠰ ᠤᠳᠠᠭᠠᠨ ᠤ ᠨᠣᠭᠤᠭᠠᠨ ᠤ ᠬᠤᠪᠢᠰᠤᠯᠲᠠ ᠨᠢ ᠥᠪᠥᠷ | ᠮᠣᠩᠭᠤᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠶᠠᠮᠠᠷ ᠳᠣᠬᠢᠶ᠎ᠠ ᠲᠠᠯᠪᠢᠵᠤ᠂ ᠶᠠᠮᠠᠷ ᠶᠠᠮᠠᠷ ᠴᠢᠭᠯᠡᠯ ᠢ | ᠲᠣᠳᠣᠷᠬᠠᠶ ᠵᠢᠭᠠᠭᠰᠠᠨ ᠪᠤᠶ︖ | ᠢᠦᠢ ᠭᠤᠸᠠᠩ ᠵᠢᠶᠦ᠋ᠨ ᠤ ᠦᠵᠡᠬᠦ ᠪᠠᠷ᠂ ᠪᠢᠳᠡ ᠶᠠᠭ ᠠᠵᠤ ᠠᠬᠤᠶ ᠰᠢᠨ᠎ᠡ ᠬᠡᠪ ᠪᠠᠶᠢᠳᠠᠯ ᠢ | ᠪᠠᠶᠢᠭᠤᠯᠬᠤ ᠪᠠ ᠪᠣᠢ ᠪᠣᠯᠭᠠᠬᠤ ᠴᠠᠭ ᠦᠶ᠎ᠡ ᠳᠤ ᠣᠷᠣᠰᠢᠵᠤ ᠪᠠᠶᠢᠭ᠎ᠠ ᠲᠤᠯᠠ᠂ ᠤᠯᠠᠮᠵᠢᠯᠠᠯᠲᠤ ᠠᠵᠤ ᠠᠬᠤᠶ ᠶᠢᠨ | ᠪᠠᠶᠢᠳᠠᠯ ᠠᠴᠠ ᠪᠠᠨ ᠰᠢᠨ᠎ᠡ ᠬᠡᠪ ᠪᠠᠶᠢᠳᠠᠯ ᠲᠡᠰᠢ ᠬᠤᠪᠢᠷᠠᠭᠤᠯᠬᠤ ᠶᠠᠪᠤᠴᠠ ᠳᠤ᠂ ᠬᠤᠷᠳᠤᠴᠠ ᠪᠠᠨ ᠨᠡᠮᠡᠭᠳᠡᠭᠦᠯᠬᠦ ᠪᠠᠷ | ᠵᠠᠯᠭᠠᠯᠲᠠ ᠰᠣᠯᠢᠬᠤ᠂ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠬᠤ᠂ ᠬᠥᠳᠡᠯᠭᠡᠭᠴᠢ ᠬᠦᠴᠦᠨ ᠢ ᠬᠤᠪᠢᠷᠠᠭᠤᠯᠬᠤ | ᠴᠢᠬᠤᠯᠠᠲᠠᠢ ᠪᠠᠶᠢᠨ᠎ᠠ᠃ ︽ᠪᠦᠲᠦᠴᠡ ᠶᠢᠨ ᠬᠡᠯᠪᠡᠷᠢ ᠪᠠᠨ ᠬᠤᠪᠢᠷᠠᠭᠤᠯᠬᠤ ᠨᠢ ᠮᠠᠨ ᠤ ᠤᠯᠠᠮᠵᠢᠯᠠᠯᠲᠤ ᠠᠵᠤ | ᠦᠢᠯᠡᠰ ᠤᠨ ᠢᠷᠡᠭᠡᠳᠦᠶ ᠶᠢᠨ ᠬᠥᠭᠵᠢᠯᠲᠡ ᠳᠠᠬᠢ ᠳᠡᠰ ᠳᠡᠪᠰᠢᠭᠦᠯᠦᠨ ᠦᠶ᠎ᠡ ᠰᠣᠯᠢᠬᠤ ᠳᠤ ᠨᠢᠭᠡᠨ ᠲᠣᠳᠣᠷᠬᠠᠶ | ᠴᠢᠭᠯᠡᠯ ᠬᠠᠩᠭᠠᠭᠰᠠᠨ ᠪᠠᠶᠢᠨ᠎ᠠ᠃ ᠨᠢᠭᠡ ᠲᠠᠯ᠎ᠠ ᠪᠠᠷ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ | ᠬᠡᠷᠡᠭᠲᠡᠶ᠂ ᠨᠥᠭᠦᠭᠡ ᠲᠠᠯ᠎ᠠ ᠪᠠᠷ ᠥᠩᠭᠡᠷᠡᠭᠰᠡᠨ ᠤ ᠠᠮᠢ ᠠᠬᠤᠶ ᠪᠠ ᠣᠷᠴᠢᠨ ᠲᠣᠭᠤᠷᠢᠨ ᠳᠤ ᠬᠠᠨᠳᠤᠭᠤᠯᠤᠭᠰᠠᠨ | ᠮᠠᠭᠤ ᠬᠢᠬᠦ ᠠᠷᠭ᠎ᠠ ᠶᠢ ᠥᠭᠡᠷᠡᠴᠢᠯᠡᠬᠦ ᠬᠡᠷᠡᠭᠲᠡᠢ᠃ ᠤᠯᠠᠮᠵᠢᠯᠠᠯᠲᠤ ᠠᠵᠤ ᠦᠢᠯᠡᠰ ᠤᠨ ᠳᠡᠰ ᠳᠡᠪᠰᠢᠬᠦ ᠪᠠ | ᠱᠠᠭᠠᠷᠳᠠᠯᠭ᠎ᠠ ᠪᠠᠷ ᠠᠪᠴᠤ ᠬᠡᠯᠡᠪᠡᠯ᠂ ᠥᠩᠭᠡᠷᠡᠭᠰᠡᠨ ᠳᠤ ᠠᠵᠤ ᠠᠬᠤᠶ ᠶᠢᠨ ᠦᠷ᠎ᠡ ᠠᠰᠢᠭ ᠤᠨ ᠲᠥᠯᠥᠭᠡ ᠵᠠᠷᠢᠮ | ᠪᠣᠬᠢᠷᠲᠤᠯ ᠲᠠᠢ ᠠᠵᠤ ᠦᠢᠯᠡᠰ ᠤᠨ ᠪᠠᠶᠢᠬᠤ ᠶᠢ ᠲᠡᠰᠪᠦᠷᠢᠯᠡᠵᠦ ᠪᠠᠶᠢᠭᠰᠠᠨ᠂ ᠢᠷᠡᠭᠡᠳᠦᠶ ᠳᠤ ᠪᠢᠳᠡᠨ ᠤ ᠲᠡᠰᠪᠦᠷᠢᠯᠡᠬᠦ | ᠬᠡᠮᠵᠢᠶ᠎ᠡ ᠶᠠᠪᠤᠬᠤ ᠲᠤᠲᠤᠮ ᠤᠯᠠᠮ ᠳᠣᠣᠷ᠎ᠠ ᠪᠣᠯᠵᠤ᠂ ᠪᠣᠬᠢᠷᠲᠤᠯ ᠢ ᠵᠠᠰᠠᠬᠤ᠂ ᠣᠷᠴᠢᠨ ᠲᠣᠭᠤᠷᠢᠨ ᠢ ᠬᠠᠮᠠᠭᠠᠯᠠᠬᠤ | ᠨᠢ ᠬᠠᠲᠠᠭᠤ ᠬᠢᠵᠠᠭᠠᠷᠯᠠᠯ ᠪᠣᠯᠬᠤ ᠪᠠᠷ ᠪᠠᠶᠢᠨ᠎ᠠ᠃︾ ︽ᠡᠬᠢ ᠪᠠᠶᠠᠯᠢᠭ ᠢ ᠲᠡᠩᠴᠡᠭᠦᠷᠢᠰᠢᠭᠦᠯᠬᠦ ᠬᠢᠭᠡᠳ ᠣᠷᠴᠢᠨ | ᠲᠣᠭᠤᠷᠢᠨ ᠯᠤᠭ᠎ᠠ ᠶᠢᠨ ᠬᠠᠷᠢᠴᠠᠭᠠᠨ ᠤ ᠲᠠᠯ᠎ᠠ ᠪᠠᠷ᠂ ︽ᠰᠠᠨᠠᠯ︾ ᠨᠢ ᠪᠠᠰᠠ ᠨᠢᠭᠡᠨ ᠮᠠᠰᠢ ᠴᠢᠬᠤᠯᠠ ᠴᠢᠭᠯᠡᠯ ᠢ | ᠳᠤᠷᠠᠳᠤᠭᠰᠠᠨ ᠪᠠᠶᠢᠨ᠎ᠠ᠂ ᠲᠤᠬᠠᠶᠢᠯᠠᠪᠠᠯ ᠡᠬᠢ ᠪᠠᠶᠠᠯᠢᠭ ᠢ ᠨᠡᠭᠡᠭᠡᠨ ᠠᠰᠢᠭᠯᠠᠬᠤ ᠳᠤ᠂ ᠡᠷᠬᠡᠪᠰᠢ ᠣᠷᠴᠢᠨ | ᠲᠣᠭᠤᠷᠢᠨ ᠳᠤ ᠠᠰᠢᠭᠲᠠᠶ ᠪᠠᠶᠢᠯᠭᠠᠬᠤ ᠬᠡᠷᠡᠭᠲᠡᠢ ᠮᠥᠷᠲᠡᠭᠡᠨ ᠪᠠᠰᠠ ᠨᠡᠶᠢᠭᠡᠮ ᠤᠨ ᠠᠮᠤᠷ ᠲᠣᠭᠲᠠᠭᠤᠨ ᠢ | ᠪᠠᠲᠤᠯᠠᠬᠤ ᠳᠤ ᠠᠰᠢᠭᠲᠠᠶ ᠪᠠᠶᠢᠯᠭᠠᠬᠤ ᠬᠡᠷᠡᠭᠲᠡᠢ᠃ ᠥᠪᠥᠷ ᠮᠣᠩᠭᠤᠯ ᠠᠮᠢ ᠠᠬᠤᠶ ᠶᠢᠨ ᠬᠠᠯᠬᠠᠪᠴᠢ ᠪᠠ ᠡᠬᠢ | ᠪᠠᠶᠠᠯᠢᠭ ᠢᠶᠠᠷ ᠡᠯᠪᠡᠭ ᠳᠡᠯᠪᠡᠭ ᠭᠠᠵᠠᠷ ᠣᠷᠣᠨ ᠪᠣᠯᠣᠭᠰᠠᠨ ᠤ ᠬᠤᠪᠢ ᠳᠤ᠂ ᠣᠷᠴᠢᠨ ᠲᠣᠭᠤᠷᠢᠨ ᠢ ᠬᠠᠮᠠᠭᠠᠯᠠᠬᠤ᠂ | ᠪᠣᠬᠢᠷᠳᠣᠯ ᠦᠭᠡᠢ ᠪᠠᠷ ᠬᠥᠭᠵᠢᠭᠦᠯᠬᠦ ᠪᠠᠷ ᠬᠥᠲᠥᠯᠥᠨ ᠵᠢᠯᠣᠭᠤᠳᠤᠭᠤᠯᠬᠤ ᠶᠢ ᠨᠡᠩ ᠴᠢᠬᠤᠯᠠᠲᠠᠢ ᠶᠤᠮ᠃︾ ᠭᠡᠵᠦ | ᠢᠦᠢ ᠭᠤᠸᠠᠩ ᠵᠢᠶᠦ᠋ᠨ ᠬᠡᠯᠡᠪᠡ᠃ ᠡᠭᠦᠨ ᠠᠴᠠ ᠭᠠᠳᠠᠨ᠎ᠠ᠂ ᠲᠡᠷᠡ ᠪᠠᠰᠠ ᠢᠷᠡᠭᠡᠳᠦᠶ ᠶᠢᠨ ᠠᠵᠤ ᠦᠢᠯᠡᠰ ᠤᠨ | ᠬᠥᠭᠵᠢᠯᠲᠡ ᠳᠤ᠂ ᠣᠷᠴᠢᠨ ᠲᠣᠭᠤᠷᠢᠨ ᠤ ᠬᠠᠮᠠᠭᠠᠯᠠᠯᠲᠠ᠂ ᠡᠨᠧᠷᠭᠢ ᠠᠷᠪᠢᠯᠠᠨ ᠪᠣᠬᠢᠷ ᠪᠣᠳᠠᠰ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠵᠡᠷᠭᠡ ᠪᠣᠬᠢᠷᠲᠤᠯ ᠦᠭᠡᠶ ᠠᠵᠤ ᠦᠢᠯᠡᠰ᠂ ᠵᠢᠱᠢᠶᠡᠯᠡᠪᠡᠯ ᠮᠠᠨ ᠤ ᠣᠷᠣᠨ ᠤ ᠡᠨᠧᠷᠭᠢ | ᠠᠷᠪᠢᠯᠠᠬᠤ ᠴᠠᠬᠢᠯᠭᠠᠨ ᠮᠠᠰᠢᠨ ᠬᠢᠭᠡᠳ 5 ᠶᠡᠭᠡ ᠰᠠᠭᠤᠷᠢᠨ ᠭᠠᠵᠠᠷ ᠲᠤ ᠣᠷᠴᠢᠨ ᠲᠣᠭᠤᠷᠢᠨ ᠤ ᠬᠠᠮᠠᠭᠠᠯᠠᠯᠲᠠ᠂ | ᠡᠨᠧᠷᠭᠢ ᠠᠷᠪᠢᠯᠠᠬᠤ ᠦᠢᠯᠡᠴᠢᠯᠡᠭᠡ ᠬᠠᠩᠭᠠᠵᠤ ᠪᠠᠶᠢᠭ᠎ᠠ ᠠᠵᠤ ᠦᠢᠯᠡᠰ ᠨᠢ ᠨᠡᠩ ᠰᠠᠶᠢᠨ ᠵᠠᠬ᠎ᠠ ᠳᠡᠯᠭᠡᠭᠦᠷ ᠤᠨ | ᠣᠷᠣᠨ ᠵᠠᠶ ᠲᠠᠢ ᠪᠣᠯᠤᠨ᠎ᠠ ᠭᠡᠵᠦ ᠦᠵᠡᠪᠡ᠃ | ᠸᠠᠩ ᠯᠢᠨ ᠾᠧ ᠶᠢᠨ ᠦᠵᠡᠬᠦ ᠪᠠᠷ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠤᠮᠳᠠ᠂ | ᠪᠦᠬᠦ ᠤᠯᠤᠰ ᠢᠶᠠᠷ ᠢᠶᠠᠨ ᠨᠢᠭᠡᠨ ᠬᠥᠯᠭᠡ ᠰᠢᠲᠠᠷ᠎ᠠ ᠮᠡᠲᠦ ᠪᠠᠶᠢᠵᠤ᠂ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠠᠮᠢ | ᠠᠬᠤᠶ ᠶᠢᠨ ᠣᠷᠴᠢᠨ ᠲᠣᠭᠤᠷᠢᠨ ᠤ ᠳᠣᠣᠷᠠᠳᠤ ᠤᠷᠤᠰᠬᠠᠯ ᠤᠨ ᠣᠷᠣᠨ ᠨᠢ ᠳᠡᠭᠡᠳᠦ ᠤᠷᠤᠰᠬᠠᠯ ᠤᠨ ᠣᠷᠣᠨ ᠢ | ᠬᠠᠮᠠᠭᠠᠯᠠᠬᠤ ᠪᠠ ᠭᠡᠳᠡᠷᠭᠦ ᠲᠤᠰᠠᠯᠠᠬᠤ ᠶᠢ ᠴᠢᠩᠭᠠᠳᠬᠠᠬᠤ ᠬᠡᠷᠡᠭᠲᠡᠢ᠃ ︽ᠠᠮᠢ ᠠᠬᠤᠶ ᠶᠢᠨ ᠣᠷᠴᠢᠨ ᠲᠣᠭᠤᠷᠢᠨ | ᠬᠡᠪᠡᠷᠡᠭ ᠭᠠᠵᠠᠷ ᠣᠷᠣᠨ ᠳᠤ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠳᠤ᠂ ᠵᠥᠪᠬᠡᠨ | ᠨᠢᠭᠡ ᠯᠠ ᠭᠠᠵᠠᠷ ᠣᠷᠣᠨ ᠤ ᠴᠢᠳᠠᠪᠤᠷᠢ ᠳᠤ ᠲᠦᠰᠢᠭᠯᠡᠬᠦ ᠨᠢ ᠢᠯᠡᠷᠬᠡᠶ ᠬᠦᠷᠦᠯᠴᠡᠬᠦ ᠦᠭᠡᠶ ᠲᠤᠯᠠ᠂ ᠡᠯ᠎ᠡ | ᠲᠠᠯ᠎ᠠ ᠶᠢᠨ ᠬᠢᠨ ᠤ ᠳᠡᠮᠵᠢᠯᠭᠡ ᠪᠠᠶᠢᠬᠤ ᠴᠢᠬᠤᠯᠠᠲᠠᠶ᠃︾ ᠡᠭᠦᠨ ᠤ ᠬᠠᠮᠲᠤ᠂ ᠸᠠᠩ ᠯᠢᠨ ᠾᠧ ᠪᠠᠰᠠ ᠵᠢᠭᠠᠵᠤ | ᠭᠠᠷᠭᠠᠭᠰᠠᠨ ᠨᠢ᠄ ︽ᠠᠵᠤ ᠠᠬᠤᠶ ᠶᠢᠨ ᠶᠡᠭᠡ ᠪᠠᠭ᠎ᠠ ᠪᠠᠶᠢᠬᠤ ᠨᠢ ᠡᠩ ᠤᠨ ᠬᠤᠲᠠ ᠶᠢᠨ ᠠᠷᠠᠳ ᠲᠤ ᠠᠪᠴᠤ | ᠬᠡᠯᠡᠪᠡᠯ᠂ ᠢᠯᠡᠷᠬᠡᠢ ᠪᠣᠳᠠᠲᠤ ᠠᠰᠢᠭ ᠣᠯᠭᠤᠯ᠎ᠠ ᠭᠡᠵᠦ ᠰᠠᠨᠠᠭᠳᠠᠭᠤᠯᠵᠤ ᠴᠢᠳᠠᠬᠤ ᠦᠭᠡᠢ᠃ ᠭᠡᠪᠡᠴᠦ ᠴᠢᠪ ᠬᠡᠮᠡᠨ | ᠠᠮᠢ ᠠᠬᠤᠶ ᠶᠢᠨ ᠣᠷᠴᠢᠨ ᠲᠣᠭᠤᠷᠢᠨ ᠡᠪᠳᠡᠭᠳᠡᠪᠡᠯ᠂ ᠠᠮᠢᠳᠤᠷᠠᠯ ᠲᠣᠩ ᠶᠡᠭᠡ ᠨᠥᠯᠥᠭᠡᠯᠡᠭᠳᠡᠯᠡ ᠭᠡᠳᠡᠭ ᠢ | ᠣᠯᠠᠨ ᠢᠶᠠᠷ ᠢᠶᠠᠨ ᠴᠥᠮ ᠰᠡᠷᠡᠵᠦ ᠮᠡᠳᠡᠬᠦ ᠶᠤᠮ᠃︾ ᠸᠠᠩ ᠯᠢᠨ ᠾᠧ ᠶᠢᠨ ᠬᠡᠯᠡᠬᠦ ᠪᠠᠷ᠂ ᠥᠪᠥᠷ ᠮᠣᠩᠭᠤᠯ ᠪᠣᠯ | ᠨᠢᠭᠡᠨ ᠠᠮᠢ ᠠᠬᠤᠶ ᠶᠢᠨ ᠣᠷᠴᠢᠨ ᠲᠣᠭᠤᠷᠢᠨ ᠬᠡᠪᠡᠷᠡᠭ ᠭᠠᠵᠠᠷ ᠣᠷᠣᠨ ᠪᠣᠯᠬᠤ ᠪᠦᠭᠡᠳ ᠥᠷᠭᠡᠷᠢᠭ ᠨᠢ ᠥᠨᠳᠥᠷ᠂ | ᠬᠤᠷ᠎ᠠ ᠲᠤᠨᠳᠠᠰᠤ ᠴᠥᠭᠡᠨ᠂ ᠢᠯᠠᠩᠭᠤᠶ᠎ᠠ ᠤᠰᠤᠨ ᠤ ᠣᠷᠴᠢᠨ ᠲᠣᠭᠤᠷᠢᠨ ᠨᠢ ᠬᠠᠮᠤᠭ ᠤᠨ ᠶᠡᠭᠡ ᠬᠢᠵᠠᠭᠠᠷᠯᠠᠯ | ᠪᠣᠯᠵᠤ ᠪᠠᠶᠢᠳᠠᠭ᠃ ᠮᠠᠨ ᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠥᠭᠵᠢᠯᠲᠡ ᠶᠢ | ᠦᠨᠳᠦᠰᠦᠨ ᠠᠴᠠ ᠰᠠᠶᠢᠵᠢᠷᠠᠭᠤᠯᠤᠶ᠎ᠠ ᠭᠡᠪᠡᠯ᠂ ᠬᠡᠪᠡᠷᠡᠭ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ | ᠨᠡᠩ ᠢᠯᠡᠭᠦᠦ ᠴᠢᠬᠤᠯᠠᠴᠢᠯᠠᠬᠤ ᠬᠡᠷᠡᠭᠲᠡᠢ᠃ ᠲᠡᠷᠡ ᠥᠪᠡᠷᠲᠡᠭᠡᠨ ᠵᠠᠰᠠᠬᠤ ᠣᠷᠣᠨ ᠬᠠᠮᠠᠭᠠᠯᠠᠯᠲᠠ ᠶᠢᠨ ᠡᠷᠴᠢᠮ ᠢᠶᠠᠨ | ᠴᠢᠩᠭᠠᠷᠠᠭᠤᠯᠬᠤ ᠶᠢᠨ ᠵᠡᠷᠭᠡᠴᠡᠭᠡᠪᠡᠷ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠪᠠᠶᠢᠭᠠᠯᠢ ᠶᠢᠨ | ᠵᠢᠮ᠎ᠡ ᠶᠣᠰᠣ ᠶᠢ ᠵᠢᠷᠤᠮᠯᠠᠨ᠂ ᠪᠦᠬᠦᠯᠢ ᠴᠣᠭᠴᠠ ᠶᠢᠨ ᠠᠮᠢ ᠠᠬᠤᠶ ᠶᠢᠨ ᠬᠠᠮᠠᠭᠠᠯᠠᠯᠲᠠ ᠶᠢᠨ ᠰᠠᠨᠠᠯ ᠪᠠ ᠠᠷᠭ᠎ᠠ ᠶᠢ | ᠪᠤᠢ ᠪᠤᠯᠭᠠᠬᠤ ᠬᠡᠷᠡᠭᠲᠡᠢ ᠭᠡᠰᠡᠨ ᠰᠠᠨᠠᠭᠤᠯᠭ᠎ᠠ ᠳᠤᠷᠠᠳᠪᠠ᠃ | | |