6 ᠰᠠᠷ᠎ᠠ ᠶᠢᠨ 15 ᠤ ᠡᠳᠤᠷ᠂ ᠪᠦᠬᠦ ᠤᠷᠤᠨ ᠤ ᠵᠤᠬᠢᠶᠠᠨ ᠪᠠᠶᠢᠭᠤᠯᠬᠤ ︵ᠠᠵᠢᠯᠳᠠᠨ ᠤ ᠶᠠᠪᠤᠳᠠᠯ︶ | ᠰᠠᠯᠠᠭ᠎ᠠ ᠮᠦᠴᠢᠷ ᠤᠨ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠦᠬᠡᠬᠤᠳᠠ ᠳᠤ ᠬᠤᠷᠠᠯᠳᠤᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠵᠤᠬᠢᠶᠠᠨ ᠪᠠᠶᠢᠭᠤᠯᠬᠤ | ᠬᠡᠯᠳᠡᠰ ᠤᠨ ᠳᠠᠷᠤᠭ᠎ᠠ ᠯᠢ ᠫᠧᠩ ᠰᠢᠨ ᠬᠤᠷᠠᠯ ᠡᠷᠬᠢᠯᠡᠭᠰᠡᠨ ᠤ ᠬᠠᠮᠳᠤ ᠶᠠᠷᠢᠶ᠎ᠠ ᠳᠠᠯᠪᠢᠪᠠ᠃ | ᠯᠢ ᠫᠧᠩ ᠰᠢᠨ ᠱᠠᠭᠠᠷᠳᠠᠭᠰᠠᠨ ᠨᠢ᠂ ᠡᠯ᠎ᠠ ᠭᠠᠵᠠᠷ ᠣᠷᠣᠨ᠂ ᠡᠯ᠎ᠠ ᠰᠠᠯᠠᠭ᠎ᠠ ᠮᠦᠴᠢᠷ ᠤᠨ ᠬᠢᠨ | ᠳᠤᠯᠤᠭᠠᠢᠢᠯᠠᠨ ᠳᠤᠰᠢᠶᠠᠯ ᠬᠠᠷᠢᠭᠤᠴᠠᠯᠭ᠎ᠠ ᠪᠠᠨ ᠦᠨᠡᠨᠬᠦ ᠬᠦᠢᠴᠡᠳᠬᠡᠵᠦ᠂ ︽ᠭᠤᠷᠪᠡᠨ ᠴᠢᠩᠭ᠎ᠠ ᠭᠤᠷᠪᠡᠨ ᠪᠤᠳᠠᠳᠠᠢ | ︾ ᠳᠤᠰᠬᠠᠢ ᠰᠡᠳᠤᠪᠳᠤ ᠬᠦᠮᠦᠵᠢᠯ ᠢ ᠯᠠᠪᠳᠠᠭᠤᠨ ᠪᠠᠳᠤᠳᠠᠢ ᠠᠬᠢᠭᠤᠯᠵᠦ᠂ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠢᠢᠯᠠᠩ︶ ᠶᠢᠨ ᠭᠤᠤᠯ ᠳᠤᠭᠤᠢᠢᠯᠠᠩ ᠤᠨ ᠰᠤᠷᠤᠯᠴᠠᠯᠭ᠎ᠠ ᠪᠠ ᠳᠤᠰᠬᠠᠢ ᠰᠡᠳᠤᠪᠳᠤ | ᠰᠤᠷᠤᠯᠴᠠᠯᠭ᠎ᠠ᠂ ᠰᠤᠳᠤᠯᠤᠨ ᠶᠠᠷᠢᠯᠴᠠᠭ᠎ᠠ ᠶᠢ ᠰᠠᠶᠢᠳᠤᠷ ᠵᠤᠬᠢᠶᠠᠨ ᠪᠠᠶᠢᠭᠤᠯᠵᠦ᠂ ︽ᠰᠢ ᠶᠢᠨ ᠫᠢᠩ ᠲᠦᠷᠦ ᠶᠢ | ᠵᠠᠰᠠᠬᠤ ᠳᠤᠬᠠᠢ ᠶᠠᠷᠢᠭᠰᠠᠨ ᠨᠢ︾ ᠪᠤᠯᠤᠨ ︽ᠰᠢ ᠶᠢᠨ ᠫᠢᠩ ᠤᠨ ᠨᠠᠮ ᠤᠨ ᠰᠤᠷᠳᠠᠯ ᠴᠢᠭᠡᠴᠢ ᠵᠠᠰᠠᠭ ᠤᠨ | ᠪᠠᠶᠢᠭᠤᠯᠤᠯᠳᠠ ᠪᠠ ᠢᠯᠵᠢᠷᠡᠯ ᠢ ᠡᠰᠡᠷᠬᠦᠴᠡᠬᠦ ᠳᠡᠮᠡᠴᠡᠯ ᠤᠨ ᠳᠤᠬᠠᠢ ᠦᠬᠦᠯᠡᠮᠵᠢ ᠶᠢᠨ ᠳᠡᠬᠦᠪᠤᠷᠢ︾ ᠵᠡᠷᠭᠡ ᠨᠤᠮ | ᠪᠢᠴᠢᠭ ᠢ ᠬᠦᠨᠵᠡᠭᠡᠢ ᠰᠤᠷᠤᠯᠴᠠᠵᠦ᠂ ︽ᠴᠢᠩᠭ᠎ᠠ ᠪᠢᠰᠢ ᠪᠤᠳᠠᠳᠠᠢ ᠪᠢᠰᠢ ᠪᠠᠶᠢᠬᠤ︾ ᠠᠰᠠᠭᠤᠳᠠᠯ ᠢ ᠨᠠᠷᠢᠨ ᠬᠢᠨᠠᠮᠠᠭᠠᠢ | ᠪᠠᠶᠢᠴᠠᠭᠠᠨ ᠢᠯᠡᠷᠡᠬᠦᠯᠬᠦ ᠬᠡᠷᠡᠭᠳᠡᠢ᠃ ᠤᠯᠤᠰ ᠲᠦᠷᠦ ᠶᠢᠨ ᠰᠠᠬᠢᠯᠭ᠎ᠠ ᠪᠠᠳᠤ ᠪᠠ ᠤᠯᠤᠰ ᠲᠦᠷᠦ ᠶᠢᠨ ᠲᠦᠷᠢᠮᠯᠡᠯ ᠢ | ᠴᠢᠩᠭ᠎ᠠ ᠰᠠᠬᠢᠵᠦ᠂ ︽ᠺᠠᠳ᠋ᠷᠴᠤᠳ ᠢ ᠬᠡᠷᠡᠭᠯᠡᠬᠦ ᠲᠦᠷᠢᠮ︾ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠺᠠᠳ᠋ᠷᠴᠤᠳ ᠤᠨ ᠬᠠᠮᠢᠶᠠᠷᠤᠯᠳᠡ ᠶᠢᠨ ᠠᠵᠢᠯ ᠢ ᠴᠢᠩᠭ᠎ᠠ ᠪᠠᠷ ᠲᠦᠷᠢᠮᠵᠢᠬᠦᠯᠬᠦ ︽ᠰᠠᠨᠠᠯ︾ ᠢ ᠳᠡᠷᠡ | ᠶᠤᠰᠤᠭᠠᠷ ᠨᠢ ᠰᠠᠶᠢᠳᠤᠷ ᠳᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠳᠡᠢ︔ ᠳᠤᠰᠬᠠᠢ ᠰᠡᠳᠤᠪᠳᠤ ᠴᠡᠭᠴᠡᠯᠡᠨ | ᠵᠠᠰᠠᠬᠤ ᠠᠵᠢᠯ ᠢ ᠦᠷᠬᠦᠯᠵᠢᠯᠡᠨ ᠬᠦᠴᠦᠯᠡᠨ ᠰᠠᠶᠢᠳᠤᠷ ᠠᠳᠬᠤᠵᠦ᠂ ᠺᠠᠳ᠋ᠷᠴᠤᠳ ᠤᠨ ᠳᠠᠩᠰᠠ ᠡᠪᠬᠡᠮᠡᠯ ᠢᠶᠠᠨ | ᠬᠠᠭᠤᠷᠮᠠᠭᠯᠠᠨ ᠦᠭᠡᠷᠡᠴᠢᠯᠡᠬᠦ ᠵᠡᠷᠭᠡ 8 ᠳᠠᠯ᠎ᠠ ᠶᠢᠨ ᠳᠤᠪᠤᠶᠢᠮ᠎ᠠ ᠠᠰᠠᠭᠤᠳᠠᠯ ᠢ ᠶᠡᠬᠡᠪᠡᠷ ᠴᠡᠭᠴᠡᠯᠡᠨ ᠵᠠᠰᠠᠵᠦ᠂ | ᠬᠦᠮᠦᠨ ᠰᠤᠩᠭᠤᠨ ᠬᠡᠷᠡᠭᠯᠡᠬᠦ ᠲᠦᠪ ᠪᠤᠰᠤ ᠰᠤᠷᠳᠠᠯ ᠢ ᠴᠡᠭᠴᠡᠯᠡᠨ ᠵᠠᠰᠠᠬᠤ ᠪᠠᠬᠢᠯᠠᠯᠳᠠ ᠳᠠᠭᠠᠷᠢᠬᠤ ᠠᠵᠢᠯ ᠢ | ᠰᠠᠶᠢᠳᠤᠷ ᠬᠢᠬᠦ ᠬᠡᠷᠡᠭᠳᠡᠢ ᠭᠡᠵᠡᠢ᠃ | ᠠᠬᠢᠭᠤᠯᠬᠤ ᠬᠤᠷᠠᠯ ᠤᠨ ᠳᠠᠷᠠᠭ᠎ᠠ᠂ 19 ᠤ ᠡᠳᠤᠷ ᠠᠴᠠ ᠡᠮᠦᠨ᠎ᠠ ᠳᠤᠰ ᠳᠤᠰ 6 ᠬᠡᠰᠡᠭ | ᠭᠠᠵᠠᠷ ᠲᠤ ᠬᠤᠷᠠᠯ ᠬᠤᠷᠠᠯᠳᠤᠭᠤᠯᠵᠦ᠂ 102 ᠬᠤᠰᠢᠭᠤ ᠰᠢᠶᠠᠨ ︵ᠬᠤᠳᠠ᠂ ᠳᠤᠭᠤᠷᠢᠭ︶ ᠤ ᠵᠤᠬᠢᠶᠠᠨ | ᠪᠠᠶᠢᠭᠤᠯᠬᠤ ᠰᠠᠯᠠᠭ᠎ᠠ ᠮᠦᠴᠢᠷ ᠤᠨ ᠭᠤᠤᠯᠳᠠᠯᠭ᠎ᠠ ᠲᠠᠢ ᠠᠵᠢᠯ ᠢ ᠳᠤᠰᠬᠠᠢ ᠰᠡᠳᠤᠪ ᠢᠶᠠᠷ ᠠᠬᠢᠭᠤᠯᠵᠦ᠂ ᠡᠯ᠎ᠠ | ᠳᠠᠯ᠎ᠠ ᠶᠢᠨ ᠠᠵᠢᠯ ᠤᠨ ᠪᠤᠳᠠᠳᠤ ᠦᠷ᠎ᠠ ᠪᠦᠳᠦᠮᠵᠢ ᠤᠯᠬᠤ ᠶᠢ ᠪᠠᠳᠤᠯᠠᠬᠤ ᠪᠤᠯᠤᠨ᠎ᠠ᠃ |