ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ︽ᠬᠥᠬᠡᠬᠤᠲᠠ ᠪᠤᠭᠤᠲᠤ ᠣᠷᠳᠣᠰ ᠬᠠᠮᠵᠢᠯᠴᠠᠨ ᠬᠦᠭᠵᠢᠬᠦ ᠲᠥᠯᠥᠪᠵᠢᠭᠦᠯᠭᠡ ᠶᠢᠨ ᠲᠣᠪᠴᠢ ︵2015-2020 ᠤᠨ︶︾᠎ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2015/6/17
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠠᠭᠠᠲᠤᠷ ᠲᠤᠰᠬᠠᠶ ᠰᠡᠳᠦᠪᠲᠦ ᠬᠤᠷᠠᠯ ᠡᠷᠬᠢᠯᠡᠨ ᠬᠤᠷᠠᠯᠳᠤᠭᠤᠯᠵᠤ᠂ ᠦᠪᠡᠷᠲᠡᠭᠡᠨ ᠵᠠᠰᠠᠬᠤ ᠤᠷᠤᠨ ᠤ ᠭᠦᠭᠵᠢᠬᠦᠯᠦᠯᠲᠡ ᠦᠭᠡᠷᠡᠴᠢᠯᠡᠯᠲᠡ ᠶᠢᠨ ᠵᠦᠪᠯᠡᠯ ᠤᠨ ︽ᠬᠥᠬᠡᠬᠤᠲᠠ ᠪᠤᠭᠤᠲᠤ ᠣᠷᠳᠣᠰ ᠬᠠᠮᠵᠢᠯᠴᠠᠨ ᠬᠦᠭᠵᠢᠬᠦ ᠲᠥᠯᠥᠪᠵᠢᠭᠦᠯᠭᠡ ᠶᠢᠨ ᠲᠣᠪᠴᠢ ︵2015-2020 ᠤᠨ︶︾᠎ ᠶᠢ ᠨᠠᠶᠢᠷᠠᠭᠤᠯᠤᠨ ᠵᠣᠬᠢᠶᠠᠬᠤ ᠠᠵᠢᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ᠲᠤᠲᠤᠷᠬᠠᠶᠢᠯᠠᠭᠰᠠᠨ ᠨᠢ᠂ 2015 ᠣᠨ ᠠᠴᠠ ︽ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠯᠡᠭᠡ︾᠎ ᠶᠢᠨ ᠬᠤᠭᠤᠴᠠᠭᠠᠨ ᠳᠤ᠂ ᠤᠷᠢᠳᠠᠪᠠᠷ ᠬᠥᠬᠡᠬᠤᠲᠠ ᠪᠤᠭᠤᠲᠤ ᠣᠷᠳᠣᠰ ᠬᠠᠮᠵᠢᠯᠴᠠᠨ ᠬᠥᠭᠵᠢᠬᠦ ᠪᠠᠷ ᠤᠷᠤᠨ ᠪᠠᠶᠢᠷᠢ ᠲᠤᠭᠲᠠᠭᠠᠨ ᠬᠤᠯᠪᠣᠭᠳᠠᠯ ᠪᠦᠬᠦᠢ ᠠᠵᠢᠯᠯᠠᠭ᠎ᠠ ᠶᠢ ᠥᠷᠨᠢᠭᠦᠯᠵᠦ᠂ ᠬᠤᠵᠢᠮ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠳᠠᠮᠵᠢᠭᠤᠯᠤᠨ᠂ ᠪᠠᠶᠢᠭᠤᠯᠤᠯ ᠤᠨ ᠲᠣᠭᠲᠠᠴᠠ ᠶᠢ ᠰᠢᠨᠡᠴᠢᠯᠡᠵᠤ᠂ ᠤᠷᠤᠶᠢᠪᠴᠢ ᠵᠢᠷᠤᠭ  ᠲᠦᠯᠦᠪᠯᠡᠭᠡ ᠶᠢ ᠲᠡᠭᠦᠯᠳᠡᠷᠵᠢᠭᠦᠯᠵᠦ᠂ ᠬᠠᠮᠵᠢᠯᠴᠠᠨ ᠬᠦᠭᠵᠢᠬᠦ ᠶᠢ ᠭᠦᠨᠵᠡᠭᠡᠶ ᠳᠥᠯᠭᠢᠨ ᠠᠬᠢᠭᠤᠯᠵᠤ᠂ ᠦᠢᠯᠡᠳᠪᠦᠷᠢᠯᠡᠯ ᠤᠨ ᠡᠯᠧᠮᠧᠨ᠋ᠲ ᠤᠨ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠤ ᠦᠢᠯᠡᠰ ᠤᠨ ᠠᠵᠢᠯ ᠤᠨ ᠬᠤᠪᠢᠶᠠᠷᠢᠶᠠᠯᠠᠯ ᠢ ᠲᠤᠬᠢᠷᠠᠭᠤᠯᠵᠤ᠂ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠡᠭ ᠢ ᠴᠤᠭᠴᠠᠯᠠᠨ  ᠪᠤᠶᠢᠵᠢᠭᠤᠯᠵᠤ᠂ ᠬᠥᠬᠡᠬᠤᠲᠠ ᠪᠤᠭᠤᠲᠤ ᠣᠷᠳᠣᠰ ᠢ ᠨᠢᠭᠡ ᠴᠣᠭᠴᠠᠵᠢᠭᠤᠯᠬᠤ  ᠬᠥᠭᠵᠢᠯᠲᠡ ᠶᠢᠨ ᠬᠠᠷᠠᠯᠲᠠ ᠶᠢᠨ ᠪᠡᠶᠡᠯᠡᠭᠳᠡᠬᠦ ᠶᠢ ᠳᠥᠯᠭᠢᠨ ᠠᠬᠢᠭᠤᠯᠬᠤ ᠬᠡᠷᠡᠭᠲᠠᠢ ᠬᠡᠪᠡ᠃      ᠬᠤᠷᠠᠯ ᠳᠤ ᠵᠦᠪᠳᠡᠯᠴᠡᠨ ᠲᠤᠭᠲᠠᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ︽ᠲᠥᠯᠥᠪᠵᠢᠭᠦᠯᠭᠡ ᠶᠢᠨ ᠲᠣᠪᠴᠢ︾᠎ ᠶᠢ ᠨᠠᠶᠢᠷᠠᠭᠤᠯᠤᠨ ᠵᠣᠬᠢᠶᠠᠬᠤ ᠤᠳᠤᠷᠢᠳᠬᠤ ᠳᠤᠭᠤᠶᠢᠯᠠᠩ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠹᠦ᠋ ᠲᠠᠢ ᠽᠧᠩ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ᠂ ᠬᠦᠬᠡᠬᠤᠲᠠ ᠪᠤᠭᠤᠲᠤ ᠣᠷᠳᠣᠰ ᠭᠤᠷᠪᠠᠨ ᠬᠤᠲᠠ ᠪᠤᠯᠤᠨ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠦᠷᠢᠯᠳᠦᠭᠦᠨ ᠨᠢ ᠪᠤᠯᠵᠤ᠂ ︽ᠲᠥᠯᠥᠪᠵᠢᠭᠦᠯᠭᠡ ᠶᠢᠨ ᠲᠣᠪᠴᠢ︾᠎ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ  ᠪᠢᠴᠢᠬᠦ ᠠᠵᠢᠯ ᠢ ᠬᠠᠷᠢᠭᠤᠴᠠᠵᠤ᠂ 2015 ᠤᠨ ᠤ 9 ᠳ᠋ᠤᠭᠡᠷ ᠰᠠᠷ᠎ᠠ ᠶᠢᠨ ᠰᠡᠭᠦᠯᠴᠢ ᠪᠠᠷ ︽ᠲᠥᠯᠥᠪᠵᠢᠭᠦᠯᠭᠡ ᠶᠢᠨ ᠲᠣᠪᠴᠢ︾᠎ ᠶᠢᠨ ᠠᠩᠬᠠᠨ ᠤ ᠡᠬᠡ ᠨᠣᠣᠷᠠᠭ ᠢ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠤ  ᠮᠡᠳᠡᠭᠦᠯᠦᠨ ᠰᠤᠳᠤᠯᠠᠭᠤᠯᠬᠤ ᠬᠡᠷᠡᠭᠲᠡᠶ ᠬᠡᠪᠡ᠃      ᠬᠤᠷᠠᠯ ᠠᠴᠠ ᠱᠠᠭᠠᠷᠳᠠᠭᠰᠠᠨ ᠨᠢ ᠦᠪᠡᠷᠲᠡᠭᠡᠨ ᠵᠠᠰᠠᠬᠤ ᠤᠷᠤᠨ ᠤ ᠭᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠨᠢ ᠬᠤᠯᠪᠣᠭᠳᠠᠯ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠯᠤᠭ᠎ᠠ ᠬᠠᠮᠲᠤᠷᠠᠨ᠂ ᠲᠦᠯᠦᠪᠵᠢᠭᠦᠯᠭᠡ ᠲᠤᠭᠲᠠᠭᠠᠬᠤ᠂ ᠪᠦᠬᠦᠯᠢ ᠴᠣᠭᠴᠠ ᠪᠠᠷ ᠳᠥᠯᠭᠢᠨ ᠠᠬᠢᠭᠤᠯᠬᠤ ᠪᠠ ᠪᠣᠳᠠᠲᠠᠶ ᠠᠵᠢᠯᠯᠠᠬᠤ ᠭᠤᠷᠪᠠᠨ ᠲᠠᠯ᠎ᠠ ᠪᠠᠷ ᠠᠯᠬᠤᠮ ᠳᠠᠷᠠᠭ᠎ᠠ ᠬᠤᠪᠢᠶᠠᠵᠤ᠂ ᠱᠠᠲᠤ ᠬᠤᠪᠢᠶᠠᠵᠤ ᠬᠥᠬᠡᠬᠤᠲᠠ ᠪᠤᠭᠤᠲᠤ ᠣᠷᠳᠣᠰ ᠬᠠᠮᠵᠢᠯᠴᠠᠨ ᠬᠦᠭᠵᠢᠬᠦ ᠠᠵᠢᠯ ᠢ ᠳᠥᠯᠭᠢᠨ ᠠᠬᠢᠭᠤᠯᠵᠤ᠂ ᠴᠠᠭ ᠢ ᠠᠮᠵᠢᠨ ᠠᠯᠤᠰ ᠬᠡᠳᠦ ᠶᠢᠨ ᠲᠥᠯᠥᠪᠵᠢᠭᠦᠯᠭᠡ ᠶᠢ ᠱᠠᠯᠠᠪᠬᠠᠨ ᠲᠣᠭᠲᠠᠭᠠᠬᠤ ᠮᠦᠷᠲᠡᠭᠡᠨ ᠤᠳᠤᠬᠢ ᠱᠠᠲᠤᠨ ᠤ ᠪᠣᠳᠠᠲᠠᠶ ᠡᠭᠦᠷᠭᠡ ᠶᠢ ᠳᠤᠷᠠᠳᠴᠤ᠂ ᠲᠦᠷᠭᠡᠨ ᠠᠬᠢᠭᠤᠯᠬᠤ ᠬᠡᠷᠡᠭᠲᠡᠶ᠃ ᠣᠳᠣᠬᠠᠨ ᠳᠤ᠂ ᠣᠶᠢᠷ᠎ᠠ ᠶᠢᠨ ᠬᠤᠭᠤᠴᠠᠭᠠᠨ ᠳᠤ ᠬᠡᠷᠡᠭᠵᠢᠭᠦᠯᠵᠤ ᠪᠤᠯᠬᠤᠶᠢᠴᠠ  ᠪᠣᠳᠠᠲᠠᠶ ᠠᠵᠢᠯ ᠢ ᠨᠠᠷᠢᠨ ᠬᠢᠨᠠᠮᠠᠭᠠᠶ ᠡᠮᠬᠢᠯᠡᠵᠦ᠂ ᠢᠯᠠᠩᠭᠤᠶ᠎ᠠ ᠵᠠᠮ ᠬᠠᠷᠢᠯᠴᠠᠭ᠎ᠠ᠂ ᠴᠢᠮᠡᠭᠡ ᠨᠡᠪᠲᠡᠷᠡᠯᠴᠡᠭᠡ᠂ ᠮᠥᠩᠭᠦᠨ ᠭᠦᠢᠯᠭᠡᠭᠡ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠵᠡᠷᠭᠡ ᠲᠠᠯ᠎ᠠ ᠪᠠᠷ ᠴᠢᠭᠯᠡᠭᠦᠯᠬᠦ ᠴᠢᠨᠠᠷ᠂ ᠠᠵᠢᠯᠯᠠᠬᠤ ᠴᠢᠨᠠᠷ ᠢᠶᠠᠷ ᠴᠢᠩᠭ᠎ᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠲᠤᠭᠲᠠᠭᠠᠵᠤ᠂ ᠤᠷᠢᠳᠠᠪᠠᠷ ᠬᠢᠵᠦ ᠤᠷᠢᠳᠠᠪᠠᠷ ᠲᠤᠷᠰᠢᠨ᠂ ᠰᠢᠪᠲᠤᠯᠤᠯᠲᠠ ᠶᠢᠨ ᠴᠢᠨᠠᠷᠲᠠᠶ ᠠᠬᠢᠴᠠ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠶ ᠭᠡᠵᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号