ᠹᠸᠡᠭ ᠢᠦᠶ ᠰᠢᠶᠠᠩ ᠤᠨ ᠪᠠᠷᠠᠭᠤᠨ ᠬᠤᠶᠢᠲᠤ ᠶᠢᠨ ᠴᠡᠷᠢᠭ ᠤᠨ ᠠᠮᠤ ᠪᠤᠳᠠᠭᠠᠨ ᠤ ᠬᠥᠮᠥᠷᠭᠡ ᠶᠢ ᠮᠦᠽᠧᠶ ᠪᠣᠯᠭᠠᠨ‌ᠵᠠᠰᠠᠪᠠ
ᠨᠡᠶᠢᠲᠡᠯᠡᠭᠰᠡᠨ ᠴᠠᠭ᠄
2015/6/17
     ᠡᠨᠡ ᠪᠣᠯ 6 ᠳ᠋ᠤᠭᠠᠷ ᠰᠠᠷ᠎ᠠ ᠶᠢᠨ 12᠎ ᠤᠨ ᠡᠳᠦᠷ ᠰᠡᠭᠦᠳᠡᠷᠯᠡᠭᠰᠡᠨ ᠹᠸᠡᠭ ᠢᠦᠶ ᠰᠢᠶᠠᠩ ᠤᠨ ᠪᠠᠷᠠᠭᠤᠨ ᠬᠤᠶᠢᠲᠤ ᠶᠢᠨ ᠴᠡᠷᠢᠭ ᠤᠨ ᠠᠮᠤ ᠪᠤᠳᠠᠭᠠᠨ ᠤ ᠰᠠᠩ ᠬᠥᠮᠥᠷᠭᠡ ᠶᠢᠨ ᠬᠠᠭᠤᠴᠢᠨ ᠪᠠᠭᠤᠷᠢ ᠪᠣᠯᠤᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳ᠋ᠧᠩᠺᠧᠤ ᠰᠢᠶᠠᠨ ᠳᠤ ᠪᠠᠶᠢᠭ᠎ᠠ ᠹᠸᠡᠭ ᠢᠦᠶ ᠰᠢᠶᠠᠩ ᠤᠨ ᠪᠠᠷᠠᠭᠤᠨ ᠬᠤᠶᠢᠲᠤ ᠶᠢᠨ ᠴᠡᠷᠢᠭ ᠤᠨ ᠠᠮᠤ ᠪᠤᠳᠠᠭᠠᠨ ᠤ ᠬᠥᠮᠥᠷᠭᠡ ᠶᠢ ᠥᠪᠥᠷ ᠮᠣᠩᠭᠤᠯ ᠤᠨ ᠠᠩᠬᠠᠳᠠᠭᠴᠢ ᠠᠮᠤ ᠪᠤᠳᠠᠭᠠᠨ ᠤ ᠬᠥᠮᠥᠷᠭᠡ ᠪᠠᠷ ᠭᠤᠣᠯ ᠰᠡᠳᠦᠪ ᠪᠣᠯᠭᠠᠭᠰᠠᠨ ᠮᠦᠽᠧᠶ ᠪᠣᠯᠭᠠᠨ ᠵᠠᠰᠠᠵᠤ᠂ ᠣᠳᠣᠬᠠᠨ ᠳᠤ ᠭᠡᠷ ᠳᠣᠲᠣᠷᠠᠬᠢ ᠦᠵᠡᠰᠬᠦᠯᠡᠩ ᠵᠠᠰᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠵᠢᠱᠢᠯᠲᠡ ᠪᠠᠷ ᠡᠨᠡ ᠵᠢᠯ ᠤᠨ 6 ᠳ᠋ᠤᠭᠠᠷ ᠰᠠᠷ᠎ᠠ ᠶᠢᠨ ᠰᠡᠭᠦᠯᠴᠢ ᠳᠤ ᠪᠡᠶᠡᠯᠡᠭᠦᠯᠬᠦ ᠪᠠᠷ ᠪᠤᠢ᠃ 1926 ᠣᠨ ᠳᠤ᠂ ᠠᠯᠳᠠᠷᠲᠤ ᠡᠬᠡ ᠣᠷᠣᠨᠴᠢ ᠵᠠᠩᠵᠤᠨ ᠹᠸᠡᠭ ᠢᠦᠶ ᠰᠢᠶᠠᠩ ᠥᠪᠥᠷ ᠮᠣᠩᠭᠤᠯ ᠤᠨ ᠪᠠᠷᠠᠭᠤᠨ ᠬᠡᠰᠡᠭ ᠤᠨ ᠪᠣᠷᠣᠲᠣᠬᠤᠢ ᠣᠷᠣᠨ ᠳᠤ ᠦᠶᠤᠸᠠᠨ ᠤ ᠲᠠᠩᠭᠠᠷᠢᠭ ᠤᠨ ᠴᠤᠭᠯᠠᠭᠠᠨ ᠢ ᠶᠠᠪᠤᠭᠤᠯᠵᠤ᠂ ᠬᠠᠭᠤᠴᠢᠨ ᠴᠡᠷᠢᠭ ᠤᠨ ᠡᠷᠬᠡᠲᠡᠨ ᠤ ᠮᠥᠬᠦᠬᠦ ᠠᠬᠢᠴᠠ ᠶᠢ ᠲᠦᠷᠭᠡᠳᠬᠡᠭᠰᠡᠨ ᠪᠠᠶᠢᠨ᠎ᠠ᠃ ᠲᠤᠬᠠᠶ ᠶᠢᠨ ᠦᠶ᠎ᠡ ᠳᠤ᠂ ᠹᠸᠡᠭ ᠢᠦᠶ ᠰᠢᠶᠠᠩ ᠤᠨ ᠪᠠᠷᠠᠭᠤᠨ ᠬᠤᠶᠢᠲᠤ ᠶᠢᠨ ᠴᠡᠷᠢᠭ ᠤᠨ ᠠᠮᠤ ᠪᠤᠳᠠᠭ᠎ᠠ ᠬᠤᠷᠠᠮᠳᠤᠭᠤᠯᠬᠤ ᠭᠠᠵᠠᠷ ᠨᠢ ᠶᠠᠭ ᠥᠪᠥᠷ ᠮᠣᠩᠭᠤᠯ ᠤᠨ ᠳ᠋ᠧᠩᠺᠧᠤ ᠰᠢᠶᠠᠨ ᠳᠤ ᠪᠠᠶᠢᠷᠢᠯᠠᠵᠤ᠂ ᠭᠤᠣᠯ ᠴᠣᠭᠴᠠ ᠪᠠᠷᠢᠯᠭ᠎ᠠ ᠨᠢ 3 ᠮᠥᠷ 8 ᠲᠠᠰᠤᠯᠭ᠎ᠠ ᠪᠠᠶᠢᠭᠰᠠᠨ ᠪᠦᠭᠡᠳ ᠴᠥᠮ ᠮᠣᠳᠣ ᠰᠢᠷᠣᠶ ᠶᠢᠨ ᠪᠦᠲᠦᠴᠡ ᠲᠠᠢ ᠪᠠᠶᠢᠵᠤ᠂ ᠲᠤᠬᠠᠢ ᠶᠢᠨ ᠦᠶ᠎ᠡ ᠶᠢᠨ ᠠᠮᠤ ᠪᠤᠳᠠᠭ᠎ᠠ ᠶᠢᠨ ᠬᠠᠳᠠᠭᠠᠯᠠᠭᠳᠠᠴᠠ ᠨᠢ 36 ᠲᠦᠮᠡᠨ ᠺᠢᠯᠦᠭᠷᠡᠮ ᠳᠤ ᠬᠦᠷᠴᠦ ᠪᠠᠶᠢᠵᠠᠢ᠃ 2014 ᠣᠨ ᠠᠴᠠ ᠡᠬᠢᠯᠡᠨ᠂ ᠳ᠋ᠧᠩᠺᠧᠤ ᠰᠢᠶᠠᠨ 180 ᠲᠦᠮᠡᠨ ᠲᠥᠭᠦᠷᠢᠭ ᠤᠨ ᠪᠡᠯᠡ ᠣᠷᠣᠭᠤᠯᠵᠤ ᠡᠨᠡᠬᠦ ᠣᠷᠴᠢᠯ ᠬᠤᠪᠢᠷᠠᠯ ᠢ ᠲᠤᠭᠤᠯᠵᠦ ᠢᠷᠡᠭᠰᠡᠨ ᠬᠠᠭᠤᠴᠢᠨ ᠠᠮᠤ ᠪᠤᠳᠠᠭᠠᠨ ᠤ ᠬᠥᠮᠥᠷᠭᠡ ᠳᠤ ᠠᠪᠤᠷᠠᠬᠤ ᠴᠢᠨᠠᠷᠲᠠᠶ ᠬᠠᠮᠠᠭᠠᠯᠠᠵᠤ ᠰᠡᠯᠪᠢᠨ ᠵᠠᠰᠠᠬᠤ ᠠᠵᠢᠯ ᠶᠠᠪᠤᠭᠤᠯᠵᠤ᠂ ᠤᠭ ᠤᠨ ᠠᠵᠢᠯᠯᠠᠵᠤ ᠪᠠᠶᠢᠭᠰᠠᠨ ᠪᠠᠶᠢᠳᠠᠯ ᠪᠡᠯᠡᠳᠬᠡᠮᠵᠢ ᠢ ᠨᠢ ᠰᠡᠷᠭᠦᠭᠡᠨ᠂ ᠲᠡᠭᠦᠨ ᠢ ᠠᠮᠤ ᠪᠤᠳᠠᠭᠠᠨ ᠤ ᠬᠥᠮᠥᠷᠭᠡ ᠪᠠᠷ ᠭᠤᠣᠯ ᠰᠡᠳᠦᠪ ᠪᠣᠯᠭᠠᠭᠰᠠᠨ ᠮᠦᠽᠧᠶ ᠪᠠ ᠡᠬᠡ ᠣᠷᠣᠨᠴᠢ ᠦᠵᠡᠯ ᠤᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠪᠣᠯᠭᠠᠨ ᠪᠠᠶᠢᠭᠤᠯᠬᠤ ᠪᠠᠷ ᠪᠤᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号