ᠥᠪᠥᠷ ᠮᠣᠩᠭᠤᠯ ᠤᠨ 76 ᠬᠤᠰᠢᠭᠤ ᠰᠢᠶᠠᠨ ᠢ ᠶᠠᠳᠠᠭᠤ ᠬᠦᠴᠢᠷᠳᠡᠯᠲᠡᠶ ᠭᠠᠵᠠᠷ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠰᠠᠶᠢᠵᠢᠷᠠᠭᠤᠯᠬᠤ ᠲᠥᠷᠥᠯ ᠵᠦᠢᠯ ᠳᠤ ᠣᠷᠣᠪᠠ
ᠨᠡᠶᠢᠲᠡᠯᠡᠭᠰᠡᠨ ᠴᠠᠭ᠄
2015/6/17
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 76 ᠬᠤᠰᠢᠭᠤ ᠰᠢᠶᠠᠨ  ᠶᠠᠳᠠᠭᠤ ᠬᠦᠴᠢᠷᠳᠡᠯᠲᠡᠶ ᠭᠠᠵᠠᠷ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠨᠥᠬᠦᠴᠡᠯ ᠪᠠᠷᠤᠭᠲᠠᠢ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠦᠨᠳᠦᠰᠦᠨ ᠨᠥᠬᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠬᠤ ᠲᠥᠷᠥᠯ ᠵᠦᠢᠯ ᠳᠤ ᠣᠷᠣᠪᠠ᠃ ︽ᠶᠠᠳᠠᠭᠤ ᠬᠦᠴᠢᠷᠳᠡᠯᠲᠡᠶ ᠭᠠᠵᠠᠷ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ‍ᠤᠨ‌ᠨᠥ᠋ᠬᠦᠴᠡᠯ ᠪᠠᠷᠤᠭᠲᠠᠢ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠦᠨᠳᠦᠰᠦᠨ ᠨᠥᠬᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠬᠤ ᠲᠤᠬᠠᠶ ᠰᠤᠷᠭᠠᠨ ᠬᠥᠮᠦᠵᠢᠯ ᠤᠨ ᠶᠠᠮᠤᠨ  ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ  ᠡᠳ᠋ ᠤᠨ ᠵᠠᠰᠠᠭ ᠤᠨ ᠶᠠᠮᠤᠨ ᠤ ᠰᠠᠨᠠᠯ︾᠎ ᠎ ᠢ ᠦᠨᠳᠦᠰᠦᠯᠡᠨ᠂ ᠪᠦᠬᠦ ᠣᠷᠣᠨ ᠤ 102 ᠬᠤᠰᠢᠭᠤ ︵ᠰᠢᠶᠠᠨ︶ ᠎ ᠶᠢᠨ ᠲᠣᠲᠤᠷ᠎ᠠ ᠠᠴᠠ 76 ᠬᠤᠰᠢᠭᠤ ︵ᠰᠢᠶᠠᠨ︶᠎ ᠶᠢ  ︽ ᠨᠥᠬᠦᠴᠡᠯ ᠪᠠᠷᠤᠭᠲᠠᠢ ᠰᠤᠷᠭᠠᠭᠤᠯᠢ ᠶᠢ ᠪᠦᠬᠦ ᠲᠠᠯ᠎ᠠ ᠪᠠᠷ ᠰᠠᠶᠢᠵᠢᠷᠠᠭᠤᠯᠬᠤ︾᠎ ᠶᠢ ᠬᠡᠷᠡᠭᠵᠢᠭᠦᠯᠬᠦ ᠬᠡᠪᠴᠢᠶᠡᠨ ᠳᠤ ᠣᠷᠣᠭᠤᠯᠪᠠ᠂ ᠡᠭᠦᠨ ᠳᠤ ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠭᠤᠣᠯᠳᠠᠯᠭ᠎ᠠ ᠲᠠᠢ ᠬᠤᠰᠢᠭᠤ ︵ᠰᠢᠶᠠᠨ︶ 31᠂ ᠬᠢᠯᠢ ᠶᠢᠨ ᠬᠤᠰᠢᠭᠤ ︵ᠰᠢᠶᠠᠨ︶ 16᠂ ᠴᠥᠭᠡᠨ ᠲᠤᠭᠠᠳᠤ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ 1᠂  ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠡᠷᠲᠡ ᠴᠢᠯᠦᠭᠡᠯᠡᠭᠳᠡᠭᠰᠡᠨ ᠣᠷᠣᠨ ᠪᠣᠯᠬᠤ ᠬᠤᠰᠢᠭᠤ ︵ᠰᠢᠶᠠᠨ︶15 ᠪᠣᠯᠣᠨ᠎ᠠ︔  ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠭᠤᠣᠯᠳᠠᠯᠭ᠎ᠠ ᠲᠠᠢ ᠬᠤᠰᠢᠭᠤ ︵ᠰᠢᠶᠠᠨ︶13 ᠪᠣᠯᠣᠨ᠎ᠠ᠃ ᠲᠥᠷᠥᠯ ᠵᠦᠢᠯ ᠳᠤ  ᠬᠠᠮᠤᠷᠤᠭᠳᠠᠭᠰᠠᠨ ᠰᠤᠷᠭᠠᠭᠤᠯᠢ 2084 ᠪᠠᠶᠢᠵᠤ᠂ ᠡᠭᠦᠨ ᠳᠤ ᠪᠠᠭ᠎ᠠ ᠰᠤᠷᠭᠠᠭᠤᠯᠢ  1331᠂ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠴᠢᠭ᠋ 241᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ  323᠂ ᠶᠢᠰᠦᠨ ᠵᠢᠯ ᠤᠨ  ᠲᠤᠤᠱ ᠳᠦᠷᠢᠮᠲᠦ ᠰᠤᠷᠭᠠᠭᠤᠯᠢ 132᠂ ᠪᠦᠷᠢᠨ ᠳᠤᠮᠳᠠᠳᠤ ᠰᠤᠷᠭᠠᠭᠤᠯᠢ 48᠂ ᠠᠷᠪᠠᠨ ᠬᠤᠶᠠᠷ ᠵᠢᠯ ᠤᠨ ᠲᠤᠤᠱ ᠳᠦᠷᠢᠮᠲᠦ ᠰᠤᠷᠭᠠᠭᠤᠯᠢ 5᠂ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ 4 ᠪᠣᠯᠣᠨ᠎ᠠ  ᠃      ᠣᠶᠢᠯᠠᠭᠠᠭᠰᠠᠨ ᠢᠶᠠᠷ᠂ 2014 — 2018 ᠣᠨ ᠤ ᠲᠥᠷᠥᠯ ᠵᠦᠢᠯ ᠳᠤ ᠨᠡᠶᠢᠲᠡ 83.89 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠵᠢᠭᠦᠯᠵᠦ᠂ ᠡᠭᠦᠨ ᠳᠤ ᠲᠥᠪ ᠤᠨ ᠪᠡᠯᠡ ᠮᠥᠩᠭᠦ 43.82 ᠳ᠋ᠦᠩᠰᠢᠭᠤᠷ ᠲᠥᠭᠦᠷᠢᠭ᠂ ᠣᠷᠣᠨ ᠨᠤᠲᠤᠭ ᠤᠨ ᠪᠡᠯᠡ ᠮᠥᠩᠭᠦ 40.07 ᠳ᠋ᠦᠩᠰᠢᠭᠤᠷ ᠲᠥᠭᠦᠷᠢᠭ ︵ᠡᠭᠦᠨ ᠳᠤ ᠥᠪᠡᠷᠲᠡᠭᠡᠨ ᠵᠠᠰᠠᠬᠤ ᠣᠷᠣᠨ ᠤ  ᠱᠠᠲᠤᠨ ᠤ 23.63 ᠳ᠋ᠦᠩᠰᠢᠭᠤᠷ ᠲᠥᠭᠦᠷᠢᠭ ᠪᠠᠶᠢᠵᠤ᠂ ᠶᠡᠷᠦᠩᠬᠡᠶ ᠪᠡᠯᠡ ᠮᠥᠩᠭᠦ ᠶᠢᠨ 28.2%᠎ ᠢ ᠡᠵᠡᠯᠡᠵᠦ᠂ ᠠᠶᠢᠮᠠᠭ ︵ᠬᠤᠲᠠ︶᠂ ᠬᠤᠰᠢᠭᠤ ︵ᠰᠢᠶᠠᠨ︶᠎ ᠶᠢᠨ ᠪᠡᠯᠡ ᠮᠥᠩᠭᠦ 16.44 ᠳ᠋ᠦᠩᠰᠢᠭᠤᠷ ᠲᠥᠭᠦᠷᠢᠭ ᠪᠠᠶᠢᠵᠤ᠂ ᠶᠡᠷᠦᠩᠬᠡᠶ ᠪᠡᠯᠡ ᠮᠥᠩᠭᠦ ᠎ ᠶᠢᠨ 19.6%᠎ ᠶᠢ ᠡᠵᠡᠯᠡᠨ᠎ᠡ︶᠂ ᠲᠥᠪ ᠪᠣᠯᠣᠨ ᠣᠷᠣᠨ ᠨᠤᠲᠤᠭ ᠤᠨ ᠪᠡᠯᠡ ᠮᠥᠩᠭᠦ ᠶᠢᠨ ᠬᠠᠷᠢᠴᠠᠯ ᠨᠢ 1᠄ 0.91 ᠪᠣᠯᠣᠨ᠎ᠠ᠃ ᠶᠡᠷᠦᠩᠬᠡᠶ ᠪᠡᠯᠡ ᠣᠷᠣᠭᠤᠯᠤᠯᠲᠠ ᠳᠤ᠂ ᠰᠤᠷᠭᠠᠭᠤᠯᠢ ᠶᠢᠨ ᠬᠦᠷᠢᠶ᠎ᠡ ᠰᠤᠷᠭᠠᠭᠤᠯᠢ ᠶᠢᠨ ᠪᠠᠶᠢᠷᠢ ᠶᠢᠨ ᠪᠦᠲᠦᠭᠡᠨ ᠪᠠᠶᠢᠭᠤᠯᠤᠯᠲᠠ ᠎ ᠳᠤ 58.35 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠵᠠᠷᠤᠴᠠᠭᠤᠯᠵᠤ᠂ ᠪᠡᠯᠡᠳᠬᠡᠮᠵᠢ ᠲᠥᠬᠦᠭᠡᠷᠦᠮᠵᠢ ᠬᠤᠳᠠᠯᠳᠤᠨ ᠠᠪᠬᠤ ᠳᠤ 25.54 ᠳ᠋ᠦᠩᠰᠢᠭᠤᠷ ᠲᠥᠭᠦᠷᠢᠭ ᠵᠠᠷᠤᠴᠠᠭᠤᠯᠤᠨ᠎ᠠ᠃ ᠰᠤᠷᠭᠠᠭᠤᠯᠢ ᠶᠢᠨ ᠬᠦᠷᠢᠶ᠎ᠡ ᠰᠤᠷᠭᠠᠭᠤᠯᠢ ᠶᠢᠨ ᠪᠠᠶᠢᠷᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠲᠤᠲᠤᠷ᠎ᠠ᠂  ᠰᠤᠷᠭᠠᠭᠤᠯᠢ ᠶᠢᠨ ᠪᠠᠶᠢᠷᠢ ᠶᠢᠨ ᠪᠦᠲᠦᠭᠡᠨ ᠪᠠᠶᠢᠭᠤᠯᠤᠯᠲᠠ ᠳᠤ 45.27 ᠳ᠋ᠦᠩᠰᠢᠭᠤᠷ ᠲᠥᠭᠦᠷᠢᠭ ᠣᠷᠣᠭᠤᠯᠬᠤ ᠪᠠᠷ ᠲᠥᠯᠥᠪᠵᠢᠭᠦᠯᠦᠨ᠂ ᠡᠭᠦᠨ ᠳᠤ ᠰᠤᠷᠭᠠᠭᠤᠯᠢ ᠶᠢᠨ ᠪᠠᠶᠢᠷᠢ ᠶᠢ 264.90 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠪᠠᠶᠢᠭᠤᠯᠵᠤ ᠂ ᠥᠭᠡᠷᠡᠴᠢᠯᠡᠨ ᠥᠷᠭᠡᠳᠬᠡᠨ ᠪᠠᠶᠢᠭᠤᠯᠬᠤ ᠪᠠ ᠰᠡᠯᠪᠢᠨ ᠵᠠᠰᠠᠵᠤ ᠥᠭᠡᠷᠡᠴᠢᠯᠡᠨ᠎ᠡ︔ ᠭᠡᠷ ᠤᠨ ᠭᠠᠳᠠᠨᠠᠬᠢ ᠪᠡᠶ᠎ᠡ ᠶᠢᠨ ᠲᠠᠮᠢᠷ ᠤᠨ ᠲᠠᠯᠠᠪᠤᠷ ᠢ 594.39 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ᠎ᠡ︔ ᠰᠤᠷᠭᠠᠭᠤᠯᠢ ᠶᠢᠨ ᠬᠦᠷᠢᠶ᠎ᠡ ᠶᠢ 25.59 ᠲᠦᠮᠡᠨ ᠮᠧᠲᠷ ᠰᠢᠨ᠎ᠡ ᠪᠠᠷ ᠪᠠᠶᠢᠭᠤᠯᠤᠨ᠎ᠠ᠃ ᠪᠡᠯᠡᠳᠬᠡᠮᠵᠢ ᠲᠥᠬᠦᠭᠡᠷᠦᠮᠵᠢ ᠬᠤᠳᠠᠯᠳᠤᠨ ᠠᠪᠬᠤ ᠪᠡᠯᠡ ᠮᠥᠩᠭᠦ ᠎ ᠳᠤ᠂ ᠰᠤᠷᠤᠭᠴᠢᠳ ᠤᠨ ᠠᠮᠢᠳᠤᠷᠠᠯ ᠤᠨ ᠪᠡᠯᠡᠳᠬᠡᠮᠵᠢ ᠲᠣᠬᠢᠷᠠᠭᠤᠯᠬᠤ ᠳᠤ 2.18 ᠳ᠋ᠦᠩᠰᠢᠭᠤᠷ ᠲᠥᠭᠦᠷᠢᠭ᠂ ᠨᠣᠮ ᠪᠢᠴᠢᠭ ᠬᠤᠳᠠᠯᠳᠤᠨ ᠠᠪᠬᠤ ᠎ ᠳᠤ 1.49 ᠳ᠋ᠦᠩᠰᠢᠭᠤᠷ ᠲᠥᠭᠦᠷᠢᠭ᠂ ᠲᠣᠭᠠᠴᠢᠯᠠᠭᠰᠠᠨ ᠰᠤᠷᠭᠠᠨ ᠬᠥᠮᠦᠵᠢᠯ ᠤᠨ ᠡᠬᠢ ᠪᠠᠶᠠᠯᠢᠭ ᠬᠤᠳᠠᠯᠳᠤᠨ ᠠᠪᠬᠤ ᠳᠤ 1730 ᠲᠦᠮᠡᠨ ᠲᠥᠭᠦᠷᠢᠭ᠂  ᠰᠤᠷᠤᠭᠴᠢᠳ ᠤᠨ ᠰᠢᠷᠡᠭᠡ ᠰᠠᠨᠳᠠᠯᠢ ᠬᠤᠳᠠᠯᠳᠤᠨ ᠠᠪᠬᠤ  ᠳᠤ 6251 ᠲᠦᠮᠡᠨ ᠲᠥᠭᠦᠷᠢᠭ᠂ ᠺᠣᠮᠫᠢᠦ᠋ᠲ᠋ᠧᠷ᠂ ᠵᠢᠭᠠᠨ ᠰᠤᠷᠭᠠᠬᠤ ᠬᠡᠮᠵᠢᠭᠦᠷᠯᠢᠭ ᠲᠥᠬᠦᠭᠡᠷᠦᠮᠵᠢ᠂ ᠳᠠᠭᠤᠤ ᠬᠥᠭᠵᠢᠮ ᠪᠡᠶ᠎ᠡ ᠶᠢᠨ ᠲᠠᠮᠢᠷ ᠤᠷᠠᠨ ᠵᠢᠷᠤᠭ ᠤᠨ ᠪᠠᠭᠠᠵᠢ ᠬᠡᠷᠡᠭᠰᠡᠯ ᠵᠡᠷᠭᠡ  ᠶᠢ ᠬᠤᠳᠠᠯᠳᠤᠨ ᠠᠪᠬᠤ ᠳᠤ 21.07 ᠳ᠋ᠦᠩᠰᠢᠭᠤᠷ ᠲᠥᠭᠦᠷᠢᠭ  ᠵᠠᠷᠤᠴᠠᠭᠤᠯᠤᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号