ᠥᠪᠥᠷ ᠮᠣᠩᠭᠤᠯ᠄ 2020 ᠣᠨ ᠪᠣᠯᠬᠤ ᠳᠤ ᠥᠪᠡᠷᠲᠡᠭᠡᠨ ᠵᠠᠰᠠᠬᠤ ᠣᠷᠣᠨ ᠤ ᠳᠡᠰ ᠤᠨ 5 ᠢᠨᠲ᠋ᠧᠷ ᠰᠦᠯᠵᠢᠶ᠎ᠡ ᠶᠢᠨ ᠠᠵᠤ ᠠᠬᠤᠢ ᠶᠢᠨ ᠲᠥᠪᠯᠡᠷᠡᠭᠰᠡᠨ ᠲᠣᠭᠤᠷᠢᠭ ᠢ ᠪᠠᠶᠢᠭᠤᠯᠬᠤ ᠪᠠᠷ ᠪᠣᠢ
ᠨᠡᠶᠢᠲᠡᠯᠡᠭᠰᠡᠨ ᠴᠠᠭ᠄
2015/6/18
     ᠣᠶᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ︽︿ᠢᠨᠲ᠋ᠧᠷ ᠰᠦᠯᠵᠢᠶ᠎ᠡ﹀ +᠎ ᠶᠢᠨ ᠠᠵᠢᠯ ᠢ ᠲᠥᠷᠭᠡᠳᠬᠡᠨ ᠠᠬᠢᠭᠤᠯᠬᠤ ᠲᠣᠬᠠᠢ ᠵᠢᠯᠤᠭᠤᠳᠬᠤ ᠰᠠᠨᠠᠯ︾ ︵ᠲᠤᠷᠤᠬᠰᠢ ︽ᠰᠠᠨᠠᠯ ︾ ᠭᠡᠵᠦ ᠲᠣᠪᠴᠢᠯᠠᠨ᠎ᠠ︶᠎ ᠢ ᠨᠡᠶᠢᠳᠡᠯᠡᠵᠦ᠂ ᠢᠨᠲ᠋ᠧᠷ ᠰᠦᠯᠵᠢᠶ᠎ᠡ ᠶᠢᠨ ᠠᠵᠦ ᠠᠬᠤᠢ ᠶᠢ ᠶᠡᠭᠡᠪᠡᠷ ᠬᠥᠭᠵᠢᠭᠦᠯᠦᠨ᠂ 2020 ᠤᠨ ᠪᠤᠯᠬᠤ ᠳᠤ᠂ ᠦᠪᠡᠷᠳᠡᠭᠡᠨ ᠵᠠᠰᠠᠬᠤ ᠤᠷᠤᠨ ᠤ ᠳᠡᠰ ᠤᠨ ᠢᠨᠲ᠋ᠧᠷ ᠰᠦᠯᠵᠢᠶ᠎ᠡ ᠶᠢᠨ ᠠᠵᠦ ᠠᠬᠤᠢ ᠶᠢᠨ ᠲᠦᠪᠯᠡᠷᠡᠭᠰᠡᠡ ᠲᠤᠭᠤᠷᠢᠬ 5᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠦᠪᠯᠡᠷᠡᠭᠰᠡᠡ ᠲᠤᠭᠤᠷᠢᠬ 10᠂ ᠶᠡᠷᠦᠩᠭᠡᠶᠢᠯᠡᠭᠰᠡᠡ ᠲᠠᠸᠠᠷ ᠤᠨ ᠵᠦᠢᠯᠡᠰ ᠤᠨ ᠡᠯᠧᠺᠲᠷᠤᠨ ᠠᠷᠠᠯᠵᠢᠶᠠᠨ ᠤ ᠵᠠᠬ᠎ᠠ ᠲᠡᠯᠭᠡᠬᠦᠷ 10᠎ ᠶᠢ ᠪᠠᠶᠢᠭᠤᠯᠵᠦ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠯᠠᠬᠤ ᠨᠣᠷᠮ᠎ᠠ ᠶᠢ 5800 ᠳ᠋ᠦᠩᠰᠢᠭᠤᠷ ᠲᠦᠬᠦᠷᠢᠭ ᠠᠴᠠ ᠲᠡᠭᠡᠭᠰᠢ ᠳᠤ ᠬᠦᠷᠦᠭᠦᠯᠦᠨ᠂ ᠢᠨᠲ᠋ᠧᠷ ᠰᠦᠯᠵᠢᠶ᠎ᠡ ᠶᠢᠨ ᠦᠢᠯᠡᠴᠢᠯᠡᠭᠡᠨ ᠤ ᠣᠷᠣᠯᠭ᠎ᠠ ᠶᠢ 500 ᠳ᠋ᠦᠩᠰᠢᠭᠤᠷ ᠲᠦᠬᠦᠷᠢᠭ ᠲᠤ ᠬᠦᠷᠦᠭᠦᠯᠦᠨ᠎ᠡ ᠭᠡᠵᠦ ᠲᠤᠷᠠᠳᠴᠠᠢ᠃ ︽ᠰᠠᠨᠠᠯ︾᠎ ᠳᠤ᠂ ᠮᠠᠨ ᠤ ᠤᠷᠤᠨ ᠤ ︽ᠢᠨᠲ᠋ᠧᠷ ᠰᠦᠯᠵᠢᠶ᠎ᠡ +︾᠎ ᠶᠢᠨ ᠬᠦᠭᠵᠢᠯᠳᠡ ᠶᠢᠨ ᠭᠤᠣᠯᠳᠠᠯᠭ᠎ᠠ ᠳᠤ ᠠᠵᠦ ᠦᠢᠯᠡᠳᠪᠦᠷᠢ᠂ ᠲᠠᠷᠢᠶᠠᠯᠠᠩ ᠮᠠᠯ ᠠᠵᠦ ᠠᠬᠤᠢ᠂ ᠬᠤᠳᠠᠯᠳᠤᠭ᠎ᠠ ᠠᠷᠠᠯᠵᠢᠶ᠎ᠡ᠂ ᠮᠦᠩᠬᠦᠨ ᠭᠦᠢᠯᠭᠡᠭᠡᠨ᠂ ᠵᠠᠰᠠᠭ ᠤᠨ ᠶᠠᠪᠤᠳᠠᠯ᠂ ᠰᠤᠶᠤᠯ᠂ ᠠᠷᠠᠳ ᠤᠨ ᠠᠮᠢᠳᠤᠷᠠᠯ᠂ ᠦᠢᠯᠡᠴᠢᠯᠡᠭᠡᠨ ᠤ ᠦᠢᠯᠡᠰ ᠵᠡᠷᠭᠡ ᠪᠠᠭᠳᠠᠵᠦ ᠪᠤᠢ᠃ ᠡᠯ᠎ᠡ ᠭᠠᠵᠠᠷ᠂ ᠡᠯ᠎ᠡ ᠰᠠᠯᠠᠭ᠎ᠠ ᠮᠦᠴᠢᠷ ᠤᠨ ᠬᠢᠨ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠠᠵᠦ ᠦᠢᠯᠡᠰ ᠤᠨ ᠲᠦᠪᠯᠡᠷᠡᠯ ᠢ ᠠᠬᠢᠭᠤᠯᠵᠦ᠂ ᠳᠠᠭᠠᠭᠤᠯᠤᠭᠴᠢ ᠠᠵᠦ ᠠᠬᠤᠢᠢᠯᠠᠯ ᠢ ᠪᠤᠶᠢᠵᠢᠭᠤᠯᠤᠨ᠂ ᠰᠢᠨ᠎ᠡ ᠶᠢ ᠡᠬᠦᠳᠴᠦ ᠠᠳᠠᠯ ᠦᠢᠯᠡᠰ ᠴᠤᠭᠴᠠᠯᠠᠬᠤ ᠶᠢ ᠵᠤᠷᠢᠬᠵᠢᠭᠤᠯᠵᠦ᠂ ᠵᠠᠬ᠎ᠠ ᠲᠡᠯᠭᠡᠬᠦᠷ ᠤᠨ ᠲᠠᠭᠠᠭᠤᠯᠬᠤ ᠦᠢᠯᠡᠳᠦᠯ ᠢ ᠪᠠᠳᠠᠷᠠᠭᠤᠯᠤᠨ᠂ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠵᠦ᠂ ᠪᠡᠯᠡ ᠮᠥᠩᠭᠦ ᠶᠢᠨ ᠳᠡᠮᠵᠢᠯᠭᠡ ᠪᠠᠨ ᠨᠡᠮᠡᠭᠳᠡᠭᠦᠯᠬᠦ ᠬᠡᠷᠡᠭᠲᠡᠢ᠃ ᠡᠭᠦᠨ ᠤ ᠵᠡᠷᠭᠡᠴᠡᠪᠡᠷ᠂ ᠬᠥᠭᠵᠢᠯᠲᠡ ᠶᠢᠨ ᠣᠷᠴᠢᠨ ᠠᠬᠤᠢ ᠶᠢ ᠰᠢᠯᠢᠳᠡᠭᠵᠢᠭᠦᠯᠦᠨ᠂ ᠰᠦᠯᠵᠢᠶᠡᠨ ᠤ ᠰᠠᠭᠤᠷᠢ ᠶᠢ ᠳᠡᠭᠡᠭᠰᠢᠯᠡᠭᠦᠯᠵᠦ᠂ ᠦᠨᠡᠨᠴᠢ ᠢᠲᠡᠬᠡᠮᠵᠢ ᠶᠢᠨ ᠰᠢᠰᠲ᠋ᠧᠮᠵᠢ ᠶᠢ ᠪᠠᠶᠢᠭᠤᠯᠤᠨ᠂ ᠰᠦᠯᠵᠢᠶᠡᠨ ᠤ ᠠᠮᠤᠷ ᠲᠥᠪᠰᠢᠨ ᠢ ᠪᠠᠲᠤᠯᠠᠵᠤ᠂ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠨ᠂ ᠬᠦᠴᠦ ᠪᠠᠨ ᠬᠠᠮᠲᠤᠳᠬᠠᠨ ᠲᠦᠯᠬᠢᠨ ᠠᠬᠢᠭᠤᠯᠬᠤ ᠶᠢ ᠴᠢᠩᠭᠠᠷᠠᠭᠤᠯᠬᠤ ᠬᠡᠷᠡᠭᠲᠡᠢ ᠭᠡᠵᠦ ᠲᠤᠳᠤᠷᠬᠠᠢᠢᠯᠠᠪᠠ᠃ ︽ᠰᠠᠨᠠᠯ︾᠎ ᠳᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠨ ᠬᠢᠨ ︽ᠢᠨᠲ᠋ᠧᠷ ᠰᠦᠯᠵᠢᠶ᠎ᠡ +︾᠎ ᠶᠢ ᠲᠦᠯᠬᠢᠨ ᠠᠬᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠡᠷᠡᠭᠵᠢᠭᠦᠯᠬᠦ ᠲᠥᠰᠥᠯ ᠲᠣᠭᠲᠠᠭᠠᠵᠤ᠂ ᠲᠥᠬᠦᠷ ᠲᠥᠷᠥ ᠶᠢᠨ ᠪᠣᠳᠤᠯᠭ᠎ᠠ ᠶᠢᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠮᠠᠨ ᠤ ᠣᠷᠣᠨ ᠤ ᠢᠨᠲ᠋ᠧᠷ ᠰᠦᠯᠵᠢᠶ᠎ᠡ ᠶᠢᠨ ᠠᠵᠤ ᠠᠬᠤᠢ ᠶᠢᠨ ᠲᠥᠷᠭᠡᠨ ᠪᠥᠭᠡᠳ ᠡᠷᠡᠭᠦᠯ ᠢᠶᠠᠷ ᠬᠥᠭᠵᠢᠬᠦ ᠶᠢ ᠦᠨᠡᠨᠬᠦ ᠲᠦᠯᠬᠢᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号