ᠽᠦᠩᠽᠢ ᠪᠣᠭᠤᠵᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠢ ᠪᠡᠯᠡᠭᠯᠡᠵᠦ ᠪᠤᠢ
ᠨᠡᠶᠢᠲᠡᠯᠡᠭᠰᠡᠨ ᠴᠠᠭ᠄
2015/6/18
     6 ᠳ᠋ᠤᠭᠠᠷ ᠰᠠᠷ᠎ᠠ ᠶᠢᠨ 17᠎ ᠤ ᠡᠳᠦᠷ ᠤᠨ ᠦᠳᠡ ᠶᠢᠨ ᠡᠮᠦᠨ᠎ᠡ᠂ ᠬᠥᠬᠡᠬᠤᠲᠠ ᠶᠢᠨ ᠵᠣᠣ ᠤᠳᠠ ᠵᠠᠮ ᠤᠨ ᠶᠢᠨ ᠴᠢᠶᠣᠤ ᠨᠡᠶᠢᠭᠡᠮ ᠲᠣᠭᠤᠷᠢᠭ ᠤᠨ ᠨᠠᠮ ᠤᠨ ᠡᠭᠦᠷ ᠬᠢᠭᠡᠳ ᠥᠪᠥᠷ ᠮᠣᠩᠭᠤᠯ ᠤᠨ ᠵᠡᠮᠳᠡᠭᠴᠦᠳ ᠤᠨ ᠬᠤᠯᠪᠣᠭ᠎ᠠ᠂ ᠵᠡᠪᠰᠡᠭᠲᠦ ᠴᠠᠭᠳᠠᠭ᠎ᠠ ᠶᠢᠨ ᠡᠮᠨᠡᠯᠭᠡ ᠶᠢᠨ ᠬᠤᠷᠢᠶ᠎ᠠ ᠬᠠᠮᠲᠤᠷᠠᠨ ︽ᠪᠢᠳᠡᠨ ᠤ ᠪᠠᠶᠠᠷ ᠤᠨ ᠡᠳᠦᠷ — — ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠽᠦᠩᠽᠢ ᠶᠢᠨ ᠦᠨᠦᠷ ᠬᠠᠩᠬᠤᠯᠤᠨ᠎ᠠ︾ ᠭᠡᠰᠡᠨ ᠢᠶᠠᠷ ᠭᠤᠣᠯ ᠰᠡᠳᠦᠪ ᠪᠣᠯᠭᠠᠭᠰᠠᠨ ᠽᠦᠩᠽᠢ ᠪᠣᠭᠤᠬᠤ ᠤᠷᠤᠯᠳᠤᠭᠠᠨ ᠡᠷᠬᠢᠯᠡᠵᠡᠢ᠃      21 ᠰᠠᠭᠤᠭᠠᠯᠢ ᠠᠷᠠᠳ ᠽᠦᠩᠽᠢ ᠪᠣᠭᠤᠬᠤ ᠤᠷᠤᠯᠳᠤᠭᠠᠨ ᠳᠤ ᠣᠷᠣᠯᠴᠠᠵᠤ᠂ ᠨᠡᠶᠢᠲᠡ ᠭᠤᠷᠪᠠᠨ ᠳᠤᠭᠤᠶᠢᠯᠠᠩ ᠬᠤᠪᠢᠶᠠᠵᠤ᠂ ᠨᠢᠭᠡ ᠦᠳᠡ ᠶᠢᠨ ᠡᠮᠦᠨ᠎ᠡ ᠣᠯᠠᠨ ᠢᠶᠠᠷ ᠢᠶᠠᠨ ᠨᠡᠶᠢᠲᠡ 300 ᠭᠠᠷᠤᠶ ᠽᠦᠩᠽᠢ ᠪᠣᠭᠤᠭᠰᠠᠨ ᠪᠠᠶᠢᠨ᠎ᠠ᠃ ᠨᠡᠶᠢᠭᠡᠮ ᠲᠣᠭᠤᠷᠢᠭ ᠤᠨ ᠠᠵᠢᠯᠲᠠᠨ ᠤ ᠪᠦᠷᠢᠳᠬᠡᠭᠰᠡᠨ ᠪᠠ ᠠᠳᠠᠯᠢᠳᠬᠠᠨ ᠰᠢᠯᠭᠠᠷᠠᠭᠤᠯᠬᠤ ᠪᠠᠷ ᠳᠠᠮᠵᠢᠭᠠᠳ᠂ ᠨᠡᠶᠢᠲᠡ 12 ᠰᠠᠭᠤᠭᠠᠯᠢ ᠠᠷᠠᠳ ᠱᠠᠩᠨᠠᠯ ᠲᠤᠰᠪᠠ᠂ ᠡᠭᠦᠨ ᠳᠤ ᠨᠢᠭᠡᠳᠦᠭᠡᠷ ᠳᠡᠰ ᠤᠨ ᠱᠠᠩᠨᠠᠯ ᠳᠤ 1 ᠨᠡᠷ᠎ᠡ᠂ ᠬᠤᠶᠠᠳᠤᠭᠠᠷ ᠳᠡᠰ ᠤᠨ ᠱᠠᠩᠨᠠᠯ ᠳᠤ 2 ᠨᠡᠷ᠎ᠡ᠂ ᠭᠤᠷᠪᠠᠳᠤᠭᠠᠷ ᠳᠡᠰ ᠤᠨ ᠱᠠᠩᠨᠠᠯ ᠳᠤ 3 ᠨᠡᠷ᠎ᠡ᠂ ᠰᠢᠯᠢᠳᠡᠭ ᠱᠠᠩᠨᠠᠯ ᠳᠤ 6 ᠨᠡᠷ᠎ᠡ ᠣᠷᠣᠪᠠ᠃      ᠱᠠᠩᠨᠠᠯ ᠣᠯᠭᠤᠭᠰᠠᠨ ᠤ ᠳᠠᠷᠠᠭ᠎ᠠ᠂ ᠭᠤᠣᠯᠯᠠᠨ ᠡᠷᠭᠢᠯᠡᠭᠰᠡᠨ ᠲᠠᠯ᠎ᠠ ᠶᠢᠨ ᠬᠢᠨ ᠪᠠᠰᠠ ᠨᠡᠶᠢᠭᠡᠮ ᠲᠣᠭᠤᠷᠢᠭ ᠤᠨ ᠵᠡᠮᠳᠡᠭᠴᠦᠳ ᠲᠤ ᠽᠦᠩᠽᠢ ᠬᠦᠷᠭᠡᠭᠰᠡᠨ ᠤ ᠬᠠᠮᠲᠤ ᠥᠪᠥᠷ ᠮᠣᠩᠭᠤᠯ ᠤᠨ ᠵᠡᠮᠳᠡᠭᠴᠦᠳ ᠤᠨ ᠬᠤᠯᠪᠣᠭᠠᠲᠤ ᠬᠤᠷᠠᠯ ᠠᠴᠠ ᠬᠠᠩᠭᠠᠭᠰᠠᠨ ᠬᠦᠷᠳᠦᠲᠦ ᠰᠠᠨᠳᠠᠯᠢ᠂ ᠲᠠᠶᠠᠭ ᠪᠠ ᠰᠢᠮ᠎ᠡ ᠲᠡᠵᠢᠭᠡᠯ ᠤᠨ ᠡᠳ᠋ ᠵᠡᠷᠭᠡ ᠡᠳ᠋ ᠪᠣᠳᠠᠰ ᠣᠯᠭᠤᠵᠤ  ᠂ ᠲᠡᠳᠡᠨ ᠳᠤ ᠪᠠᠶᠠᠷ ᠤᠨ ᠡᠳᠦᠷ ᠤᠨ ᠢᠷᠥᠭᠡᠯ ᠢ ᠳᠡᠪᠰᠢᠭᠦᠯᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号