4 ᠳ᠋ᠦ᠋ᠭᠡᠷ ᠰᠠᠷ᠎ᠠ ᠶᠢᠨ 10 ᠤ ᠡᠳᠦᠷ᠂ ᠥᠪᠥᠷ ᠵᠠᠰᠠᠭ ᠠᠯᠪᠠᠨ ᠲᠠᠷᠬᠠᠭᠠᠭᠰᠠᠨ ︵2015︶ | 35 ᠳ᠋ᠤᠭᠠᠷ ᠲᠤᠭᠠᠲᠤ ᠪᠢᠴᠢᠭ ᠮᠠᠲ᠋ᠧᠷᠢᠶᠠᠯ ᠢᠶᠠᠷ ︽ᠮᠤᠵᠢ ᠶᠢᠨ ᠲᠥᠪ ᠬᠤᠲᠠ ᠳᠤ ᠰᠠᠭᠤᠭ᠎ᠠ ᠬᠡᠷᠡᠭ ᠡᠷᠬᠢᠯᠡᠬᠦ | ᠪᠠᠶᠢᠭᠤᠯᠤᠮᠵᠢ ᠶᠢ ᠴᠡᠭᠴᠡᠯᠡᠬᠦ ᠪᠠ ᠵᠢᠷᠤᠮᠵᠢᠭᠤᠯᠬᠤ ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠡᠷᠡᠭᠵᠢᠭᠦᠯᠬᠦ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠲᠣᠭᠲᠠᠭᠠᠵᠤ᠂ ᠠᠯᠪᠠᠨ | ᠪᠢᠴᠢᠭ ᠲᠠᠷᠬᠠᠭᠠᠭᠰᠠᠨ ᠡᠳᠦᠷ ᠠᠴᠠ ᠡᠬᠢᠯᠡᠨ ᠡᠯ᠎ᠡ ᠭᠠᠵᠠᠷ ᠤᠨ ︽ᠬᠦᠬᠡᠬᠤᠲᠠ ᠳᠤ ᠰᠠᠭᠤᠭ᠎ᠠ ᠬᠡᠷᠡᠭ ᠡᠷᠬᠢᠯᠡᠬᠦ | ᠭᠠᠵᠠᠷ︾ ᠢᠯᠠᠩᠭᠤᠶ᠎ᠠ ᠬᠤᠰᠢᠭᠤ ᠰᠢᠶᠠᠨ ᠤ ᠱᠠᠲᠤᠨ ᠤ ︽ᠬᠦᠬᠡᠬᠤᠲᠠ ᠳᠤ ᠰᠠᠭᠤᠭ᠎ᠠ ᠬᠡᠷᠡᠭ ᠡᠷᠬᠢᠯᠡᠬᠦ ᠭᠠᠵᠠᠷ︾ | ᠢ ᠪᠦᠬᠦ ᠲᠠᠯ᠎ᠠ ᠪᠠᠷ ᠴᠡᠭᠴᠡᠯᠡᠨ᠎ᠡ ᠭᠡᠵᠦ ᠲᠣᠭᠲᠠᠭᠠᠪᠠ᠃ 8 ᠳ᠋ᠤᠭᠠᠷ ᠰᠠᠷ᠎ᠠ ᠶᠢᠨ 31 ᠤ ᠡᠳᠦᠷ ᠪᠣᠯ ᠬᠤᠰᠢᠭᠤ | ᠰᠢᠶᠠᠨ ᠤ ︽ᠬᠦᠬᠡᠬᠤᠲᠠ ᠳᠤ ᠰᠠᠭᠤᠭ᠎ᠠ ᠬᠡᠷᠡᠭ ᠡᠷᠬᠢᠯᠡᠬᠦ ᠭᠠᠵᠠᠷ︾ ᠢ ᠪᠦᠷᠢᠮᠦᠰᠦᠨ ᠵᠣᠭᠰᠤᠭᠠᠬᠤ ᠬᠠᠮᠤᠭ | ᠡᠴᠦᠰ ᠤᠨ ᠬᠤᠭᠤᠴᠠᠭ᠎ᠠ ᠬᠢᠵᠠᠭᠠᠷ ᠪᠣᠯᠣᠨ᠎ᠠ᠂ ᠣᠶᠢᠷ᠎ᠠ ᠶᠢᠨ ᠬᠡᠰᠡᠭ ᠬᠤᠭᠤᠴᠠᠭᠠᠨ ᠳᠤ᠂ ᠡᠯ᠎ᠡ ᠭᠠᠵᠠᠷ ᠤᠨ ︽ | ᠬᠦᠬᠡᠬᠤᠲᠠ ᠳᠤ ᠰᠠᠭᠤᠭ᠎ᠠ ᠬᠡᠷᠡᠭ ᠡᠷᠬᠢᠯᠡᠬᠦ ᠭᠠᠵᠠᠷ︾ ᠤᠨ ᠬᠢᠨ ᠨᠢ ᠴᠥᠮ ᠠᠵᠢᠯᠲᠠᠳ ᠢᠶᠠᠨ ᠲᠠᠷᠬᠠᠭᠠᠵᠤ᠂ | ᠤᠤᠯ ᠨᠢ ᠣᠷᠣᠨ ᠲᠤᠭ᠎ᠠ ᠪᠠᠶᠢᠭᠰᠠᠨ ᠠᠵᠢᠯᠲᠠᠳ ᠢ ᠲᠣᠮᠢᠯᠠᠭᠰᠠᠨ ᠭᠠᠵᠠᠷ ᠤᠨ ᠵᠠᠰᠠᠭ ᠤᠨ ᠣᠷᠳᠣᠨ ᠨᠢ ᠶᠠᠭ | ᠠᠷᠭ᠎ᠠ ᠰᠥᠪᠡᠭᠴᠢᠯᠡᠨ ᠳᠠᠬᠢᠨ ᠲᠥᠪᠬᠢᠨᠡᠭᠦᠯᠵᠦ ᠪᠠᠶᠢᠨ᠎ᠠ᠃ ᠬᠤᠶᠢᠰᠢᠲᠠ ᠶᠢᠨ ᠬᠤᠶᠠᠷ ᠰᠠᠷ᠎ᠠ ᠭᠠᠷᠤᠶ ᠶᠢᠨ | ᠬᠤᠭᠤᠴᠠᠭᠠᠨ ᠳᠤ᠂ ᠬᠤᠰᠢᠭᠤ ᠰᠢᠶᠠᠨ ᠤ ᠵᠠᠭᠤ ᠰᠢᠬᠠᠮ ︽ᠬᠦᠬᠡᠬᠤᠲᠠ ᠳᠤ ᠰᠠᠭᠤᠭ᠎ᠠ ᠬᠡᠷᠡᠭ ᠡᠷᠬᠢᠯᠡᠬᠦ ᠭᠠᠵᠠᠷ︾ | ᠢ ᠬᠠᠰᠤᠨ ᠵᠣᠭᠰᠤᠭᠠᠬᠤ ᠪᠣᠯᠣᠨ᠎ᠠ᠃ | ᠥᠪᠥᠷ ᠮᠣᠩᠭᠤᠯ ᠤᠨ ᠮᠤᠵᠢ ᠶᠢᠨ ᠲᠥᠪ ᠬᠤᠲᠠ ᠳᠤ ᠰᠠᠭᠤᠭ᠎ᠠ ᠬᠡᠷᠡᠭ ᠡᠷᠬᠢᠯᠡᠬᠦ ᠪᠠᠶᠢᠭᠤᠯᠤᠮᠵᠢ ᠶᠢ | ᠴᠡᠭᠴᠡᠯᠡᠨ ᠵᠢᠷᠤᠮᠵᠢᠭᠤᠯᠬᠤ ᠠᠵᠢᠯ ᠢ ᠵᠣᠬᠢᠴᠠᠭᠤᠯᠬᠤ ᠳᠤᠭᠤᠶᠢᠯᠠᠩ ︵ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠬᠡᠷᠡᠭ ᠶᠠᠪᠤᠳᠠᠯ ᠢ ᠬᠠᠮᠢᠶᠠᠷᠬᠤ ᠲᠣᠪᠴᠢᠶ᠎ᠠ ᠳᠤ | ᠪᠠᠶᠢᠭᠤᠯᠵᠠᠢ︶ ᠠᠴᠠ ᠢᠷᠡᠭᠦᠯᠦᠭᠰᠡᠨ ᠮᠡᠳᠡᠭᠡ ᠪᠠᠷ ᠪᠣᠯ᠂ ︽ᠠᠷᠭ᠎ᠠ︾ ᠨᠢ ᠭᠤᠷᠪᠠᠨ ᠱᠠᠲᠤ ᠬᠤᠪᠢᠶᠠᠵᠤ | ᠬᠤᠰᠢᠭᠤ ᠰᠢᠶᠠᠨ ᠤ ︽ᠬᠦᠬᠡᠬᠤᠲᠠ ᠳᠤ ᠰᠠᠭᠤᠭ᠎ᠠ ᠬᠡᠷᠡᠭ ᠡᠷᠬᠢᠯᠡᠬᠦ ᠭᠠᠵᠠᠷ︾ ᠲᠤ ᠴᠡᠭᠴᠡᠯᠡᠯᠲᠡ ᠬᠢᠨ᠎ᠡ᠂ | ᠣᠳᠣᠬᠠᠨ ᠳᠤ᠂ ᠡᠮᠦᠨᠡᠬᠢ ᠬᠤᠭᠤᠴᠠᠭᠠᠨ ᠤ ᠪᠠᠶᠢᠳᠠᠯ ᠢ ᠣᠶᠢᠯᠠᠭᠠᠵᠤ ᠳᠠᠶᠢᠴᠢᠯᠠᠯᠲᠠ ᠬᠢᠬᠦ ᠱᠠᠲᠤ ᠨᠢᠭᠡᠨᠲᠡ | ᠳᠠᠭᠤᠰᠪᠠ᠂ 5 ᠳ᠋ᠤᠭᠠᠷ ᠰᠠᠷ᠎ᠠ ᠠᠴᠠ ᠨᠠᠰᠢ᠂ ᠴᠡᠭᠴᠡᠯᠡᠨ ᠬᠡᠷᠡᠭᠵᠢᠭᠦᠯᠬᠦ ᠱᠠᠲᠤᠨ ᠳᠤ ᠣᠷᠣᠵᠤ᠂ 7 ᠳ᠋ᠤᠭᠠᠷ | ᠰᠠᠷ᠎ᠠ ᠶᠢᠨ ᠰᠡᠭᠦᠯᠴᠢ ᠪᠠᠷ ᠳᠠᠭᠤᠰᠤᠨ᠎ᠠ᠃ ᠡᠨᠡ ᠬᠦ ᠱᠠᠲᠤᠨ ᠳᠤ᠂ ︽ᠠᠷᠭ᠎ᠠ︾ ᠶᠢᠨ ᠶᠣᠰᠣᠭᠠᠷ ᠥᠯᠡᠳᠡᠭᠡᠬᠦ ᠶᠢ | ᠨᠢ ᠵᠥᠪᠰᠢᠶᠡᠷᠡᠭᠰᠡᠨ ᠬᠡᠷᠡᠭ ᠡᠷᠬᠢᠯᠡᠬᠦ ᠪᠠᠶᠢᠭᠤᠯᠤᠮᠵᠢ ᠨᠢ᠂ ᠵᠣᠬᠢᠶᠠᠨ ᠪᠠᠶᠢᠭᠤᠯᠤᠯᠲᠠ ᠶᠢᠨ ᠳᠡᠰ ᠳᠠᠷᠠᠭᠠᠯᠠᠯ | ᠶᠣᠰᠣᠭᠠᠷ ᠳᠠᠬᠢᠨ ᠰᠢᠨ᠎ᠡ ᠪᠠᠷ ᠬᠢᠨᠠᠨ ᠬᠠᠷᠭᠤᠭᠤᠯᠵᠤ ᠪᠦᠷᠢᠳᠭᠡᠯᠬᠡᠬᠦ ᠶᠢᠨ ᠬᠠᠮᠲᠤ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃ ᠬᠠᠰᠤᠭᠳᠠᠭᠰᠠᠨ ᠬᠡᠷᠡᠭ | ᠡᠷᠬᠢᠯᠡᠬᠦ ᠪᠠᠶᠢᠭᠤᠯᠤᠮᠵᠢ ᠶᠢᠨ ᠲᠠᠯ᠎ᠠ ᠪᠠᠷ ᠲᠣᠮᠢᠯᠠᠭᠰᠠᠨ ᠭᠠᠵᠠᠷ ᠤᠨ ᠵᠠᠰᠠᠭ ᠤᠨ ᠣᠷᠳᠣᠨ ᠨᠢ ᠠᠵᠢᠯᠲᠠᠨ ᠳᠤ ᠦᠵᠡᠯ | ᠰᠠᠨᠠᠭ᠎ᠠ ᠤᠯᠤᠰ ᠲᠥᠷᠥ ᠶᠢᠨ ᠠᠵᠢᠯ ᠢ ᠰᠠᠶᠢᠲᠤᠷ ᠬᠢᠬᠦ ᠶᠢᠨ ᠬᠠᠮᠲᠤ ᠲᠣᠬᠢᠲᠠᠶ ᠲᠥᠪᠬᠢᠨᠡᠭᠦᠯᠬᠦ ᠬᠡᠷᠡᠭᠲᠡᠶ︔ | ᠬᠤᠯᠪᠣᠭᠳᠠᠯ ᠪᠦᠬᠦᠢ ᠡᠳ᠋ ᠬᠥᠷᠥᠩᠭᠡ ᠶᠢ ᠲᠣᠮᠢᠯᠠᠭᠰᠠᠨ ᠭᠠᠵᠠᠷ ᠤᠨ ᠵᠠᠰᠠᠭ ᠤᠨ ᠣᠷᠳᠣᠨ ᠨᠢ ᠤᠯᠤᠰ ᠤᠨ | ᠦᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠣᠭᠲᠠᠭᠠᠯ ᠢᠶᠠᠷ ᠰᠢᠢᠳᠪᠦᠷᠢᠯᠡᠬᠦ ᠬᠡᠷᠡᠭᠲᠡᠶ᠃ | ︽ᠠᠷᠭ᠎ᠠ︾ ᠳᠤ ᠲᠣᠭᠲᠠᠭᠠᠭᠰᠠᠨ ᠴᠡᠭᠴᠡᠯᠡᠬᠦ ᠬᠡᠪᠴᠢᠶ᠎ᠡ ᠪᠠᠷ ᠬᠤᠰᠢᠭᠤ ᠰᠢᠶᠠᠨ ᠤ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠬᠥᠬᠡᠬᠤᠲᠠ ᠳᠤ ᠰᠠᠭᠤᠭ᠎ᠠ ᠬᠡᠷᠡᠭ ᠡᠷᠬᠢᠯᠡᠬᠦ ᠪᠠᠶᠢᠭᠤᠯᠤᠮᠵᠢ ᠶᠢ ᠴᠡᠭᠴᠡᠯᠡᠨ | ᠬᠠᠰᠤᠬᠤ ᠳᠠᠭᠠᠨ ᠡᠷᠡᠰ ᠴᠢᠩᠭ᠎ᠠ ᠪᠠᠶᠢᠬᠤ ᠬᠡᠷᠡᠭᠲᠡᠶ᠃ ᠡᠭᠦᠨ ᠤ ᠵᠡᠷᠭᠡ ᠪᠠᠷ ᠠᠶᠢᠮᠠᠭ ᠬᠤᠲᠠ᠂ ᠬᠤᠰᠢᠭᠤ | ᠰᠢᠶᠠᠨ ᠤ ᠬᠤᠶᠠᠷ ᠱᠠᠲᠤᠨ ᠤ ᠵᠠᠰᠠᠭ ᠤᠨ ᠣᠷᠳᠣᠨ ᠤ ᠡᠷᠬᠡ ᠴᠢᠳᠠᠪᠤᠷᠢᠲᠤ ᠰᠠᠯᠠᠭ᠎ᠠ ᠮᠥᠴᠢᠷ ᠤᠨ ᠬᠥᠬᠡᠬᠤᠲᠠ ᠳᠤ | ᠰᠠᠭᠤᠭ᠎ᠠ ᠬᠡᠷᠡᠭ ᠡᠷᠬᠢᠯᠡᠬᠦ ᠪᠠᠶᠢᠭᠤᠯᠤᠮᠵᠢ ᠶᠢ ᠬᠠᠰᠤᠬᠤ ᠬᠡᠷᠡᠭᠲᠡᠢ᠃ ᠣᠳᠣ ᠪᠠᠶᠢᠭ᠎ᠠ ᠠᠶᠢᠮᠠᠭ ᠬᠤᠲᠠ ᠶᠢᠨ | ᠱᠠᠲᠤᠨ ᠤ ᠪᠠ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠤᠲᠤᠭ ᠤᠨ ᠬᠤᠰᠢᠭᠤ ᠰᠢᠶᠠᠨ ᠤ ᠱᠠᠲᠤᠨ ᠤ | ᠵᠠᠰᠠᠭ ᠤᠨ ᠣᠷᠳᠣᠨ ᠤ ᠬᠥᠬᠡᠬᠤᠲᠠ ᠳᠤ ᠰᠠᠭᠤᠭ᠎ᠠ ᠬᠡᠷᠡᠭ ᠡᠷᠬᠢᠯᠡᠬᠦ ᠪᠠᠶᠢᠭᠤᠯᠤᠮᠵᠢ ᠶᠢ ᠦᠨᠡᠨᠬᠦ ᠠᠵᠢᠯ ᠤᠨ | ᠬᠡᠷᠡᠭᠴᠡᠭᠡ ᠪᠠᠷ ᠦᠯᠡᠳᠡᠭᠡᠬᠦ ᠴᠢᠬᠤᠯᠠᠲᠠᠶ ᠪᠣᠯ᠂ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠭᠦᠯᠬᠦ ᠭᠠᠷᠳᠠᠮ | ᠭᠦᠢᠴᠡᠳᠬᠡᠭᠡᠳ ᠦᠯᠡᠳᠡᠭᠡᠵᠦ ᠪᠣᠯᠤᠨ᠎ᠠ᠃ ᠬᠤᠶᠢᠰᠢᠳᠠ ᠠᠶᠢᠮᠠᠭ ᠬᠤᠲᠠ ᠶᠢᠨ ᠱᠠᠲᠤᠨ ᠤ ᠪᠠ ᠦᠨᠳᠦᠰᠦᠲᠡᠨ ᠤ | ᠥᠪᠡᠷᠲᠡᠭᠡᠨ ᠵᠠᠰᠠᠬᠤ ᠣᠷᠣᠨ ᠨᠤᠲᠤᠭ ᠤᠨ ᠬᠤᠰᠢᠭᠤ ᠰᠢᠶᠠᠨ ᠤ ᠱᠠᠲᠤᠨ ᠤ ᠵᠠᠰᠠᠭ ᠤᠨ ᠣᠷᠳᠣᠨ ᠤ | ᠬᠥᠬᠡᠬᠤᠲᠠ ᠳᠤ ᠰᠠᠭᠤᠭ᠎ᠠ ᠬᠡᠷᠡᠭ ᠡᠷᠬᠢᠯᠡᠬᠦ ᠪᠠᠶᠢᠭᠤᠯᠤᠮᠵᠢ ᠶᠢ ᠮᠦᠨᠬᠦ ᠦᠯᠡᠳᠡᠭᠡᠨ᠎ᠡ᠂ ᠬᠠᠷᠢᠨ ᠪᠤᠰᠤᠳ | ᠬᠤᠰᠢᠭᠤ ᠰᠢᠶᠠᠨ ᠤ ᠱᠠᠲᠤ ᠵᠢᠴᠢ ᠲᠡᠭᠦᠨ ᠠᠴᠠ ᠳᠣᠣᠷᠠᠬᠢ ᠨᠢᠭᠡᠴᠡ ᠶᠢ ︽ᠬᠦᠬᠡᠬᠤᠲᠠ ᠳᠤ ᠰᠠᠭᠤᠭ᠎ᠠ ᠬᠡᠷᠡᠭ | ᠡᠷᠬᠢᠯᠡᠬᠦ ᠭᠠᠵᠠᠷ︾ ᠪᠠᠶᠢᠭᠤᠯᠬᠤ ᠬᠢᠷᠢ ᠬᠡᠮ ᠦᠭᠡᠶ ᠪᠣᠯᠭᠠᠨ᠎ᠠ᠃ | ︽ᠠᠷᠭ᠎ᠠ︾ ᠶᠢᠨ ᠲᠣᠭᠲᠠᠭᠠᠯ ᠶᠣᠰᠣᠭᠠᠷ᠂ ᠲᠤᠰ ᠤᠳᠠᠭᠠᠨ ᠤ ᠲᠤᠶᠢᠯᠪᠤᠷᠢᠲᠠᠢ ᠬᠠᠰᠤᠬᠤ | ᠬᠠᠷᠢᠭᠤᠴᠠᠯᠭ᠎ᠠ ᠶᠢᠨ ᠭᠤᠣᠯ ᠴᠣᠭᠴᠠ ᠪᠣᠯ ᠬᠤᠰᠢᠭᠤ ᠰᠢᠶᠠᠨ ᠤ ᠲᠣᠮᠢᠯᠠᠭᠰᠠᠨ ᠭᠠᠵᠠᠷ ᠤᠨ ᠵᠠᠰᠠᠭ ᠤᠨ | ᠣᠷᠳᠣᠨ ᠪᠣᠯᠣᠨ᠎ᠠ᠃ ︽ᠠᠷᠭ᠎ᠠ︾ ᠳᠤ ᠳᠤᠷᠠᠳᠤᠭᠰᠠᠨ ᠨᠢ᠂ 8 ᠳ᠋ᠤᠭᠠᠷ ᠰᠠᠷ᠎ᠠ ᠶᠢᠨ ᠡᠴᠦᠰ ᠪᠣᠯᠬᠤ ᠳᠤ᠂ ᠡᠯ᠎ᠡ | ᠭᠠᠵᠠᠷ ᠣᠷᠣᠨ ᠥᠪᠡᠷ ᠢᠶᠠᠨ ᠪᠠᠶᠢᠴᠠᠭᠠᠵᠤ ᠰᠢᠯᠭᠠᠨ ᠬᠤᠷᠢᠶᠠᠬᠤ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠢᠨ | ᠬᠠᠮᠲᠤ ᠴᠡᠭᠴᠡᠯᠡᠭᠰᠡᠨ ᠦᠷ᠎ᠡ ᠳ᠋ᠦᠩ ᠪᠣᠯᠣᠨ ᠵᠢᠷᠤᠮᠵᠢᠭᠤᠯᠤᠨ ᠬᠠᠮᠢᠶᠠᠷᠬᠤ ᠪᠠᠶᠢᠳᠠᠯ ᠢᠶᠠᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠳᠤ ᠪᠢᠴᠢᠭ ᠢᠶᠠᠷ ᠮᠡᠳᠡᠭᠦᠯᠬᠦ ᠬᠡᠷᠡᠭᠲᠡᠶ᠃ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠰᠢᠮᠳᠠᠭᠤᠯᠤᠨ ᠵᠢᠯᠣᠭᠤᠳᠬᠤ ᠳᠤᠭᠤᠶᠢᠯᠠᠩ ᠲᠣᠮᠢᠯᠠᠨ᠂ ᠡᠯ᠎ᠡ ᠭᠠᠵᠠᠷ | ᠣᠷᠣᠨ ᠤ ᠴᠡᠭᠴᠡᠯᠡᠵᠦ ᠵᠢᠷᠤᠮᠵᠢᠭᠤᠯᠤᠭᠰᠠᠨ ᠠᠵᠢᠯ ᠢ ᠰᠢᠮᠳᠠᠭᠤᠯᠤᠨ ᠪᠠᠶᠢᠴᠠᠭᠠᠬᠤ ᠶᠢᠨ ᠬᠠᠮᠲᠤ ᠪᠠᠶᠢᠴᠠᠭᠠᠭᠰᠠᠨ | ᠦᠷ᠎ᠡ ᠳ᠋ᠦᠩ ᠢ ᠨᠡᠪᠲᠡᠷᠡᠭᠦᠯᠦᠨ᠎ᠡ᠃ ᠡᠨᠡ ᠤᠳᠠᠭ᠎ᠠ ᠬᠤᠰᠢᠭᠤ ᠰᠢᠶᠠᠨ ᠤ ︽ᠬᠦᠬᠡᠬᠤᠲᠠ ᠳᠤ ᠰᠠᠭᠤᠭ᠎ᠠ ᠬᠡᠷᠡᠭ | ᠡᠷᠬᠢᠯᠡᠬᠦ ᠭᠠᠵᠠᠷ︾ ᠢ ᠬᠠᠰᠤᠭᠰᠠᠨ ᠤ ᠳᠠᠷᠠᠭ᠎ᠠ᠂ ᠬᠤᠰᠢᠭᠤ ᠰᠢᠶᠠᠨ ᠠᠵᠢᠯᠲᠠᠨ ᠲᠣᠮᠢᠯᠠᠨ ︽ᠬᠦᠬᠡᠬᠤᠲᠠ ᠳᠤ | ᠰᠠᠭᠤᠭ᠎ᠠ ᠬᠡᠷᠡᠭ ᠡᠷᠬᠢᠯᠡᠬᠦ ᠭᠠᠵᠠᠷ︾ ᠤᠨ ᠨᠡᠷ᠎ᠡ ᠪᠠᠷ ᠠᠵᠢᠯᠯᠠᠭ᠎ᠠ ᠥᠷᠨᠢᠭᠦᠯᠵᠦ ᠪᠣᠯᠬᠤ ᠦᠭᠡᠢ᠃ ᠥᠯᠡᠳᠡᠭᠡᠬᠦ ᠶᠢ | ᠨᠢ ᠵᠥᠪᠰᠢᠶᠡᠷᠡᠭᠰᠡᠨ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠰᠢᠶᠠᠨ ᠤ ︽ᠬᠦᠬᠡᠬᠤᠲᠠ ᠳᠤ ᠰᠠᠭᠤᠭ᠎ᠠ | ᠬᠡᠷᠡᠭ ᠡᠷᠬᠢᠯᠡᠬᠦ ᠭᠠᠵᠠᠷ︾ ᠤᠨ ᠬᠠᠷᠢᠭᠤᠴᠠᠯᠭᠠᠲᠠᠨ ᠳᠤ ᠲᠣᠭᠲᠠᠮᠠᠯ ᠬᠤᠭᠤᠴᠠᠭ᠎ᠠ ᠪᠠᠷ ᠡᠭᠡᠯᠵᠢᠯᠡᠨ ᠰᠣᠯᠢᠬᠤ | ᠳᠦᠷᠢᠮ ᠢ ᠬᠡᠷᠡᠭᠵᠢᠭᠦᠯᠵᠦ᠂ ᠠᠵᠢᠯᠲᠠᠨ ᠢ ᠬᠥᠬᠡᠬᠤᠲᠠ ᠶᠢᠨ ᠲᠤᠬᠠᠶ ᠶᠢᠨ ᠭᠠᠵᠠᠷ ᠠᠴᠠ ᠤᠷᠢᠨ ᠬᠡᠷᠡᠭᠯᠡᠬᠦ | ᠬᠡᠷᠡᠭᠲᠡᠢ᠃ ᠬᠠᠷᠢᠶ᠎ᠠ ᠪᠦᠬᠦᠢ ᠪᠠᠭᠤᠳᠠᠯ᠂ ᠵᠣᠴᠢᠯᠠᠬᠤ ᠭᠠᠵᠠᠷ ᠵᠡᠷᠭᠡ ᠡᠵᠡᠩᠨᠡᠯᠲᠡ ᠶᠢᠨ ᠴᠢᠨᠠᠷᠲᠠᠶ ᠪᠤᠳᠠᠳᠤ | ᠴᠣᠭᠴᠠ ᠯᠤᠭ᠎ᠠ ᠬᠠᠷᠢᠴᠠᠭ᠎ᠠ ᠪᠠᠨ ᠲᠤᠶᠢᠯᠪᠤᠷᠢᠲᠠᠢ ᠲᠠᠰᠤᠯᠵᠤ᠂ ᠨᠡᠶᠢᠭᠡᠮ ᠤᠨ ᠬᠥᠴᠦᠨ ᠠᠴᠠ ᠬᠤᠨᠤᠬᠤ᠂ ᠢᠳᠡᠬᠦ᠂ | ᠲᠡᠷᠭᠡ ᠬᠡᠷᠡᠭᠯᠡᠬᠦ ᠵᠡᠷᠭᠡ ᠦᠢᠯᠡᠴᠢᠯᠡᠭᠡ ᠬᠤᠳᠠᠯᠳᠤᠨ ᠠᠪᠬᠤ ᠬᠡᠷᠡᠭᠲᠡᠢ᠃ ᠲᠣᠭᠲᠠᠭᠠᠯ ᠢ ᠦᠨᠳᠦᠰᠦᠯᠡᠨ᠂ | ᠲᠣᠮᠢᠯᠠᠭᠰᠠᠨ ᠭᠠᠵᠠᠷ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶᠡᠨ ᠳᠡᠭᠡᠷ᠎ᠡ ᠠᠯᠪᠠᠨ ᠶᠠᠪᠤᠳᠠᠯ ᠤᠨ | ᠬᠦᠯᠢᠶᠡᠨ ᠠᠪᠬᠤ ᠵᠠᠷᠤᠳᠠᠯ ᠤᠨ ᠲᠥᠰᠦᠪ ᠪᠠ ᠲᠥᠰᠦᠪ ᠤᠨ ᠭᠦᠢᠴᠡᠳᠬᠡᠯ᠂ ᠬᠦᠯᠢᠶᠡᠨ ᠠᠪᠬᠤ ᠲᠠᠯᠠᠪᠤᠷ᠂ | ᠬᠦᠯᠢᠶᠡᠨ ᠠᠪᠬᠤ ᠲᠥᠷᠥᠯ ᠵᠦᠢᠯ ᠵᠡᠷᠭᠡ ᠮᠡᠳᠡᠭᠡ ᠵᠠᠩᠭᠢ ᠶᠢ ᠣᠨ ᠤ ᠲᠣᠭᠲᠠᠮᠠᠯ ᠬᠤᠭᠤᠴᠠᠭ᠎ᠠ ᠪᠠᠷ ᠢᠯᠡ ᠪᠠᠷ | ᠨᠡᠶᠢᠲᠡᠯᠡᠵᠦ᠂ ᠨᠡᠶᠢᠭᠡᠮ ᠨᠡᠶᠢᠲᠡ ᠶᠢᠨ ᠬᠢᠨᠠᠯᠲᠠ ᠶᠢ ᠬᠦᠯᠢᠶᠡᠬᠦ ᠬᠡᠷᠡᠭᠲᠡᠢ ᠭᠡᠵᠡᠢ᠃ |