ᠪᠦᠬᠦ ᠤᠯᠤᠰ ᠤᠨ ᠴᠦᠯᠵᠢᠭᠰᠡᠨ ᠪᠠ ᠡᠯᠡᠰᠦᠷᠭᠡᠭᠵᠢᠭᠰᠡᠨ ᠭᠠᠵᠠᠷ ᠰᠢᠷᠤᠢ ᠬᠠᠮᠤᠭ ᠠᠴᠠ | ᠲᠥᠪᠯᠡᠷᠡᠭᠰᠡᠨ ᠪᠠ ᠬᠤᠣᠷ ᠬᠥᠨᠥᠭᠡᠯ ᠨᠢ ᠬᠠᠮᠤᠭ ᠤᠨ ᠬᠦᠨᠳᠦ ᠨᠣᠴᠢᠲᠠᠶ᠂ ᠠᠮᠢ ᠠᠬᠤᠶ ᠶᠢᠨ ᠣᠷᠴᠢᠨ ᠲᠣᠭᠤᠷᠢᠨ | ᠬᠠᠮᠤᠭ ᠤᠨ ᠬᠡᠪᠡᠷᠡᠭ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠬᠠᠮᠤᠭ ᠤᠨ ᠴᠢᠬᠤᠯᠠ ᠪᠤᠯᠵᠤ ᠪᠠᠶᠢᠭ᠎ᠠ ᠮᠤᠵᠢ | ᠣᠷᠣᠨ ᠤ ᠨᠢᠭᠡ ᠨᠢ ᠪᠤᠯᠤᠭᠰᠠᠨ ᠤ ᠬᠤᠪᠢ ᠳᠤ᠂ ᠥᠪᠥᠷ ᠮᠣᠩᠭᠤᠯ ᠡᠬᠡ ᠤᠯᠤᠰ ᠤᠨ ᠤᠮᠠᠷᠠᠲᠤ ᠶᠢᠨ ᠴᠢᠬᠤᠯᠠ | ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠶᠢ ᠪᠠᠶᠢᠯᠳᠤᠬᠤ ᠪᠣᠳᠣᠯᠭ᠎ᠠ ᠶᠢᠨ | ᠬᠠᠷᠠᠯᠲᠠ ᠪᠠᠷ ᠲᠤᠭᠲᠠᠭᠠᠪᠠ᠃ ︽12·5︾ ᠶᠢᠨ ᠲᠦᠯᠦᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠤᠷᠤᠨ | ᠤᠯᠤᠰ ᠠᠴᠠ ᠬᠡᠷᠡᠭᠵᠢᠭᠦᠯᠦᠭᠰᠡᠨ ᠪᠡᠭᠡᠵᠢᠩ ᠲᠢᠶᠠᠨᠵᠢᠨ ᠤ ᠡᠷᠬᠢᠨ ᠲᠤᠭᠤᠷᠢᠨ ᠤ ᠰᠠᠯᠬᠢ ᠡᠯᠡᠰᠦᠨ ᠤ ᠡᠬᠢ ᠶᠢ | ᠵᠠᠰᠠᠬᠤ᠂ ︽ᠭᠤᠷᠪᠠᠨ ᠤᠮᠠᠷᠠᠲᠤ︾ ᠶᠢᠨ ᠬᠠᠯᠬᠠᠪᠴᠢ ᠣᠶ ᠶᠢᠨ ᠰᠢᠰᠲ᠋ᠧᠮᠵᠢ ᠶᠢ ᠪᠦᠲᠦᠭᠡᠨ ᠪᠠᠶᠢᠭᠤᠯᠬᠤ᠂ | ᠪᠠᠶᠢᠭᠠᠯᠢ ᠶᠢᠨ ᠣᠶ ᠶᠢ ᠬᠠᠮᠠᠭᠠᠯᠠᠬᠤ᠂ ᠲᠠᠷᠢᠶᠠᠯᠠᠬᠤ ᠶᠢ ᠵᠣᠭᠰᠣᠭᠠᠵᠤ ᠣᠶ ᠮᠤᠳᠤ ᠶᠢ ᠰᠡᠷᠭᠦᠭᠡᠬᠦ᠂ ᠵᠡᠷᠯᠢᠭ ᠠᠮᠢᠲᠠᠨ | ᠤᠷᠭᠤᠮᠠᠯ ᠢ ᠬᠠᠮᠠᠭᠠᠯᠠᠬᠤ ᠪᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠪᠦᠲᠦᠭᠡᠨ ᠪᠠᠶᠢᠭᠤᠯᠬᠤ᠂ ᠬᠥᠷᠥᠰᠥ | ᠰᠢᠷᠣᠶ ᠶᠢ ᠬᠠᠮᠠᠭᠠᠯᠠᠬᠤ ᠭᠤᠣᠯᠳᠠᠯᠭ᠎ᠠ ᠲᠠᠢ ᠰᠡᠷᠭᠡᠶᠢᠯᠡᠨ ᠵᠠᠰᠠᠬᠤ᠂ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ | ᠰᠡᠷᠭᠦᠭᠡᠬᠦ ᠪᠠ ᠪᠠᠶᠢᠭᠠᠯᠢ ᠶᠢᠨ ᠨᠤᠲᠤᠭ ᠪᠡᠯᠴᠢᠭᠡᠷ ᠢ ᠬᠠᠮᠠᠭᠠᠯᠠᠬᠤ ᠵᠢᠴᠢ 6 ᠶᠡᠭᠡ ᠭᠤᠣᠯᠳᠠᠯᠭ᠎ᠠ ᠲᠠᠢ ᠣᠷᠣᠨ | ᠪᠦᠰᠡ ᠶᠢ ᠣᠶᠢᠵᠢᠭᠤᠯᠬᠤ ᠵᠡᠷᠭᠡ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ | ᠢᠨᠵᠧᠨᠧᠷᠢᠩ ᠳᠤ ᠲᠦᠰᠢᠵᠤ᠂ ᠡᠯᠡᠰᠦᠷᠭᠡᠭᠵᠢᠬᠦ ᠶᠢ ᠰᠡᠷᠭᠡᠶᠢᠯᠡᠨ ᠡᠯᠡᠰᠦ ᠮᠠᠩᠬ᠎ᠠ ᠶᠢ ᠵᠠᠰᠠᠬᠤ ᠪᠦᠲᠦᠭᠡᠨ | ᠪᠠᠶᠢᠭᠤᠯᠤᠯᠲᠠ ᠤᠷᠢᠳ ᠭᠠᠷᠤᠭ᠎ᠠ ᠦᠭᠡᠶ ᠬᠡᠪᠴᠢᠶ᠎ᠡ ᠳᠤ ᠬᠦᠷᠪᠡ᠃ 2010-2014 ᠤᠨ ᠳᠤ᠂ ᠪᠦᠬᠦ ᠣᠷᠣᠨ | ᠡᠯᠡᠰᠦᠷᠭᠡᠭᠵᠢᠭᠰᠡᠨ ᠭᠠᠵᠠᠷ ᠰᠢᠷᠣᠶ ᠶᠢ ᠵᠠᠰᠠᠬᠤ ᠲᠠᠯᠠᠪᠠᠶ ᠶᠢ ᠨᠡᠶᠢᠲᠡ 4300 ᠭᠠᠷᠤᠢ ᠲᠦᠮᠡᠨ ᠮᠥ ᠶᠢ ᠪᠡᠶᠡᠯᠡᠭᠦᠯᠪᠡ | ᠃ | ᠬᠢᠨᠠᠨ ᠬᠡᠮᠵᠢᠭᠰᠡᠨ ᠤ ᠬᠠᠷᠠᠭᠤᠯᠵᠤ ᠪᠠᠶᠢᠭ᠎ᠠ ᠪᠠᠷ᠂ ᠪᠦᠬᠦ ᠣᠷᠣᠨ ᠤ ᠴᠦᠯᠵᠢᠭᠰᠡᠨ ᠪᠠ | ᠡᠯᠡᠰᠦᠷᠭᠡᠭᠵᠢᠭᠰᠡᠨ ᠭᠠᠵᠠᠷ ᠰᠢᠷᠣᠶ ᠶᠢᠨ ᠲᠠᠯᠠᠪᠠᠶ ᠶᠢᠨ ︽ᠬᠤᠶᠠᠷ ᠢ ᠪᠠᠭᠠᠰᠬᠠᠬᠤ︾ ᠶᠢ ᠪᠡᠶᠡᠯᠡᠬᠦᠯᠵᠤ᠂ ᠪᠦᠬᠦ | ᠣᠷᠣᠨ ᠳᠤ ᠪᠠᠷᠤᠭ 8000 ᠲᠦᠮᠡᠨ ᠮᠥ ᠲᠠᠷᠢᠶᠠᠨ ᠭᠠᠵᠠᠷ᠂ 1.5 ᠳ᠋ᠦᠩᠰᠢᠭᠤᠷ ᠮᠥ ᠦᠨᠳᠦᠰᠦᠨ ᠬᠠᠳᠤᠯᠠᠩ | ᠪᠡᠯᠴᠢᠭᠡᠷ ᠣᠶ ᠶᠢᠨ ᠲᠤᠤᠷ ᠤᠨ ᠬᠠᠮᠠᠭᠠᠯᠠᠯᠲᠠ ᠲᠠᠢ ᠪᠤᠯᠵᠤ᠂ᠰᠠᠯᠬᠢ ᠡᠯᠡᠰᠦᠨ ᠤ ᠬᠥᠨᠥᠭᠡᠯ ᠤᠴᠠᠷᠠᠭᠰᠠᠨ | ᠲᠠᠯᠠᠪᠠᠶ ᠶᠢ 2.6 ᠳ᠋ᠦᠩᠰᠢᠭᠤᠷ ᠮᠥ ᠪᠠ ᠬᠥᠷᠥᠰᠥ ᠰᠢᠷᠣᠶ ᠢᠳᠡᠭᠳᠡᠭᠰᠡᠨ ᠲᠠᠯᠠᠪᠠᠶ ᠶᠢ 1.5 ᠳ᠋ᠦᠩᠰᠢᠭᠤᠷ ᠮᠥ | ᠠᠩᠬ᠎ᠠ ᠠᠯᠬᠤᠮ ᠵᠠᠰᠠᠵᠤ ᠂ ᠵᠢᠯ ᠪᠦᠷᠢ ᠬᠠᠲᠤᠨ ᠭᠤᠣᠯ ᠳᠤ ᠣᠷᠣᠬᠤ ᠰᠢᠪᠠᠷ ᠰᠢᠷᠣᠶ 1.1 ᠳ᠋ᠦᠩᠰᠢᠭᠤᠷ ᠲᠣᠨ | ᠪᠠᠭᠠᠰᠪᠠ᠃ ᠳᠥᠷᠪᠡᠨ ᠶᠡᠭᠡ ᠡᠯᠡᠰᠦᠨ ᠤ ᠡᠷᠭᠢᠨ ᠲᠣᠭᠤᠷᠢᠨ ᠤ ᠭᠤᠣᠯᠳᠠᠯᠭ᠎ᠠ ᠲᠠᠢ ᠵᠠᠰᠠᠬᠤ ᠣᠷᠣᠨ ᠤ ᠡᠯᠡᠰᠦᠨ ᠤ | ᠦᠷᠭᠡᠳᠬᠦ ᠦᠵᠡᠭᠳᠡᠯ ᠬᠤᠷᠢᠭᠯᠠᠭᠳᠠᠵᠤ᠂ ᠡᠯᠡᠰᠦᠨ ᠤ ᠲᠠᠯᠠᠪᠠᠶ ᠨᠢ ᠬᠠᠷᠢᠴᠠᠩᠭᠤᠶ ᠪᠠᠷ ᠲᠣᠭᠲᠠᠭᠤᠨ ᠪᠤᠯᠪᠠ᠃ | ᠳᠥᠷᠪᠡᠨ ᠶᠡᠭᠡ ᠡᠯᠡᠰᠦᠷᠭᠡᠭ ᠭᠠᠵᠠᠷ ᠤᠨ ᠣᠶ ᠮᠤᠳᠤ ᠡᠪᠡᠰᠦ ᠪᠡᠯᠴᠢᠭᠡᠷ ᠤᠨ ᠪᠦᠷᠬᠦᠴᠡ ᠴᠥᠮ ᠳᠡᠭᠡᠭᠰᠢᠯᠡᠵᠤ᠂ | ᠡᠯᠡᠰᠦᠷᠬᠡᠭ ᠭᠠᠵᠠᠷ ᠬᠤᠮᠢᠭᠳᠠᠪᠠ᠃ | ᠵᠠᠰᠠᠯᠲᠠ ᠪᠠᠷ ᠳᠠᠮᠵᠢᠭᠠᠳ᠂ ᠬᠤᠷᠴᠢᠨ ᠤ ᠡᠯᠡᠰᠦᠷᠬᠡᠭ ᠭᠠᠵᠠᠷ᠂ ᠮᠤᠤᠠᠤᠰᠤ ᠶᠢᠨ ᠡᠯᠡᠰᠦᠷᠬᠡᠭ ᠭᠠᠵᠠᠷ | ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ᠂ ᠬᠥᠯᠥᠨ ᠪᠤᠶᠢᠷ ᠤᠨ ᠡᠯᠡᠰᠦᠷᠬᠡᠭ ᠭᠠᠵᠠᠷ᠂ ᠪᠡᠭᠡᠵᠢᠩ | ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠢᠨᠵᠧᠨᠧᠷᠢᠩ ᠤᠨ ᠣᠷᠣᠨ ᠵᠡᠷᠭᠡ ᠣᠷᠣᠨ ᠪᠦᠰᠡ ᠶᠢᠨ ᠠᠮᠢ | ᠠᠬᠤᠶ ᠶᠢᠨ ᠣᠷᠴᠢᠨ ᠲᠣᠭᠤᠷᠢᠨ ᠢᠯᠡᠳᠲᠡ ᠰᠠᠶᠢᠵᠢᠷᠠᠪᠠ᠃ ᠬᠤᠷᠴᠢᠨ ᠤ ᠡᠯᠡᠰᠦᠷᠬᠡᠭ ᠭᠠᠵᠠᠷ᠂ ᠮᠤᠤᠠᠤᠰᠤ ᠶᠢᠨ | ᠡᠯᠡᠰᠦᠷᠬᠡᠭ ᠭᠠᠵᠠᠷ ᠤᠨ ᠠᠮᠢ ᠠᠬᠤᠶ ᠶᠢᠨ ᠪᠠᠶᠢᠳᠠᠯ ᠳᠤ ᠦᠷᠭᠦᠯᠵᠢᠯᠡᠨ ᠰᠠᠶᠢᠵᠢᠷᠠᠵᠤ ᠪᠠᠶᠢᠭ᠎ᠠ ᠪᠠᠶᠢᠳᠠᠯ ᠢᠯᠡᠷᠡᠪᠡ᠃ | ᠬᠥᠯᠥᠨ ᠪᠤᠶᠢᠷ ᠤᠨ ᠡᠯᠡᠰᠦᠷᠬᠡᠭ ᠭᠠᠵᠠᠷ ᠲᠤ ᠡᠯᠡᠰᠦᠷᠭᠡᠭᠵᠢᠭᠰᠡᠨ ᠲᠠᠯᠠᠪᠠᠶ ᠨᠢ ᠪᠠᠭᠠᠰᠴᠤ᠂ ᠡᠯᠡᠰᠦᠷᠭᠡᠭᠵᠢᠭᠰᠡᠨ | ᠬᠡᠮᠵᠢᠶ᠎ᠡ ᠨᠢ ᠬᠦᠡᠭᠭᠡᠷᠡᠭᠰᠡᠨ ᠨᠡᠯᠢᠶᠡᠳ ᠶᠡᠭᠡ ᠬᠤᠪᠢᠷᠠᠯᠲᠠ ᠭᠠᠷᠪᠠ᠃ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ | ᠭᠠᠵᠠᠷ ᠤᠨ ᠤᠷᠢᠳᠤ ᠵᠠᠬ᠎ᠠ ᠶᠢᠨ ᠣᠷᠳᠣ ᠨᠢ 400 ᠺᠢᠯᠣᠮᠧᠲᠷ᠂ ᠥᠷᠭᠡᠨ ᠨᠢ 1-10 ᠺᠢᠯᠣᠮᠧᠲᠷ ᠤᠨ | ᠵᠠᠬ᠎ᠠ ᠶᠢ ᠨᠢ ᠪᠤᠷᠤᠤᠯᠠᠭᠰᠠᠨ ᠬᠠᠯᠬᠠᠪᠴᠢ ᠣᠶ ᠶᠢᠨ ᠰᠢᠰᠲ᠋ᠧᠮᠵᠢ᠂ ᠮᠤᠨᠢ ᠠᠭᠤᠯᠠ ᠶᠢᠨ ᠠᠷᠤ ᠬᠤᠷᠮᠣᠶ ᠶᠢᠨ ᠣᠷᠳᠣ | ᠨᠢ 300 ᠺᠢᠯᠣᠮᠧᠲᠷ᠂ ᠥᠷᠭᠡᠨ ᠨᠢ 50 ᠺᠢᠯᠣᠮᠧᠲᠷ ᠤᠨ ᠠᠮᠢ ᠠᠬᠤᠶ ᠶᠢᠨ ᠨᠣᠭᠤᠭᠠᠨ ᠬᠠᠯᠬᠠᠪᠴᠢ᠂ | ᠤᠯᠠᠭᠠᠨᠪᠤᠬ᠎ᠠ ᠶᠢᠨ ᠡᠯᠡᠰᠦᠨ ᠤ ᠵᠡᠭᠦᠨ ᠵᠠᠬ᠎ᠠ ᠶᠢᠨ ᠣᠷᠳᠣ ᠨᠢ 191 ᠺᠢᠯᠣᠮᠧᠲᠷ᠂ ᠥᠷᠭᠡᠨ ᠨᠢ 500-1000 | ᠮᠧᠲᠷ ᠤᠨ ᠰᠠᠯᠬᠢ ᠶᠢ ᠬᠠᠰᠢᠵᠤ ᠡᠯᠡᠰᠦ ᠶᠢ ᠲᠣᠭᠲᠠᠪᠤᠷᠢᠵᠢᠭᠤᠯᠬᠤ ᠨᠤᠭᠤᠭᠠᠨ ᠣᠶ ᠶᠢᠨ ᠪᠦᠰᠡ᠂ ᠲᠩᠷᠢ | ᠡᠯᠡᠰᠦᠨ ᠤ ᠵᠡᠭᠦᠨ ᠡᠮᠦᠨ᠎ᠡ᠂ ᠤᠯᠠᠭᠠᠨᠪᠤᠬ᠎ᠠ ᠶᠢᠨ ᠡᠯᠡᠰᠦᠨ ᠤ ᠪᠠᠷᠠᠭᠤᠨ ᠡᠮᠦᠨᠡᠲᠦ ᠵᠠᠬ᠎ᠠ ᠶᠢᠨ ᠣᠷᠳᠣ ᠨᠢ 280 | ᠺᠢᠯᠣᠮᠧᠲᠷ᠂ ᠥᠷᠭᠡᠨ ᠨᠢ 3—10 ᠺᠢᠯᠣᠮᠧᠲᠷ ᠤᠨ ᠠᠮᠢᠳᠤ ᠪᠣᠳᠠᠰ ᠢᠶᠠᠷ ᠡᠯᠡᠰᠦ ᠶᠢ ᠲᠣᠭᠲᠠᠪᠤᠷᠢᠵᠢᠭᠤᠯᠬᠤ ᠪᠦᠰᠡ | ᠦᠨᠳᠦᠰᠦᠨ ᠳᠡᠭᠡᠨ ᠪᠤᠢ ᠪᠤᠯᠪᠠ᠃ | ᠡᠨᠡ ᠵᠢᠯ ᠤᠨ ᠳᠡᠯᠡᠬᠡᠶ ᠶᠢᠨ ᠴᠦᠯᠵᠢᠯ ᠢ ᠰᠡᠷᠭᠡᠶᠢᠯᠡᠨ ᠵᠠᠰᠠᠬᠤ ᠬᠢᠭᠡᠳ ᠭᠠᠩ ᠬᠠᠭᠰᠠᠷᠭᠠᠨ ᠤ | ᠡᠳᠦᠷᠯᠢᠭ ᠤᠨ ᠭᠤᠣᠯ ᠰᠡᠳᠦᠪ ᠪᠣᠯ ︽ᠦᠷᠭᠦᠯᠵᠢᠯᠡᠬᠦ ᠠᠮᠤ ᠪᠤᠳᠠᠭᠠᠨ ᠤ ᠰᠢᠰᠲ᠋ᠧᠮ ᠢᠶᠠᠷ ᠳᠠᠮᠵᠢᠭᠤᠯᠤᠨ ᠪᠤᠶ | ᠪᠦᠬᠦᠢ ᠬᠥᠮᠦᠨ ᠤ ᠠᠮᠤ ᠪᠤᠳᠠᠭᠠᠨ ᠤ ᠠᠮᠤᠷ ᠲᠦᠪᠰᠢᠨ ᠢ ᠪᠡᠶᠡᠯᠡᠭᠦᠯᠦᠶ᠎ᠡ︾᠂ ᠮᠠᠨ ᠤ ᠤᠯᠤᠰ ᠤᠨ ᠭᠤᠣᠯ ᠰᠡᠳᠦᠪ | ᠪᠣᠯ ︽ᠴᠦᠯ ᠢ ᠨᠤᠭᠤᠭᠠᠷᠠᠭᠤᠯᠵᠤ ᠭᠡᠷ ᠣᠷᠣᠨ ᠢᠶᠠᠨ ᠰᠠᠬᠢᠨ ᠬᠠᠮᠠᠭᠠᠯᠠᠶ᠎ᠠ︾ ᠭᠡᠰᠡᠨ ᠨᠢ ᠤᠳᠤ ᠪᠠᠶᠢᠭ᠎ᠠ | ᠭᠠᠵᠠᠷ ᠰᠢᠷᠣᠶ ᠪᠠᠨ ᠵᠦᠶ ᠵᠣᠬᠢᠰᠲᠠᠶ ᠠᠰᠢᠭᠯᠠᠨ᠂ ᠠᠮᠤ ᠪᠤᠳᠠᠭ᠎ᠠ ᠪᠤᠯᠤᠨ ᠴᠡᠩᠭᠡᠭ ᠤᠰᠤ ᠬᠠᠨᠭ᠍ᠭᠠᠵᠤ ᠳᠡᠶᠢᠯᠬᠦ | ᠡᠾᠧᠺᠲ᠋ᠠᠷ ᠪᠦᠷᠢ ᠭᠠᠵᠠᠷ ᠰᠢᠷᠣᠶ ᠶᠢ ᠬᠠᠮᠠᠭᠠᠯᠠᠨ᠂ ᠭᠠᠵᠠᠷ ᠰᠢᠷᠣᠶ ᠶᠢᠨ ᠦᠷᠭᠦᠯᠵᠢᠯᠡᠨ ᠮᠠᠭᠤᠵᠢᠷᠠᠬᠤ ᠠᠴᠠ | ᠵᠠᠶᠢᠯᠠᠰᠬᠢᠬᠦ ᠬᠡᠷᠡᠭᠲᠡᠶ ᠬᠡᠳᠡᠭ ᠢ ᠴᠢᠬᠤᠯᠠᠴᠢᠯᠠᠭᠰᠨ ᠪᠠᠶᠢᠨ᠎ᠠ᠃ | ᠡᠨᠡᠬᠦ ᠶᠠᠪᠤᠴᠠ ᠳᠤ᠂ ᠮᠠᠨ ᠤ ᠣᠷᠣᠨ ᠡᠩ ᠲᠡᠷᠢᠭᠦᠨ ᠳᠤ ᠬᠠᠮᠠᠭᠠᠯᠠᠬᠤ᠂ ᠢᠳᠡᠪᠬᠢᠲᠡᠶ ᠵᠠᠰᠠᠬᠤ᠂ | ᠵᠦᠶ ᠵᠣᠬᠢᠰᠲᠠᠶ ᠨᠡᠭᠡᠭᠡᠬᠦ᠂ ᠡᠷᠴᠢᠮᠯᠢᠭ ᠠᠰᠢᠭᠯᠠᠬᠤ ᠵᠠᠷᠴᠢᠮ ᠢ ᠪᠠᠷᠢᠮᠲᠠᠯᠠᠨ᠂ ᠠᠷᠠᠳ ᠤᠨ ᠠᠮᠢᠳᠤᠷᠠᠯ ᠯᠤᠭ᠎ᠠ | ᠠᠭᠤᠰᠤᠯᠴᠠᠭᠤᠯᠬᠤ ᠶᠢ ᠴᠢᠬᠤᠯᠠᠴᠢᠯᠠᠵᠤ᠂ ᠡᠯᠡᠰᠦᠷᠭᠡᠭᠵᠢᠬᠦ ᠶᠢ ᠰᠡᠷᠭᠡᠶᠢᠯᠡᠨ ᠡᠯᠡᠰᠦ ᠮᠠᠩᠬ᠎ᠠ ᠶᠢ ᠵᠠᠰᠠᠬᠤ ᠶᠢ | ᠲᠠᠷᠢᠶᠠᠯᠠᠩ ᠮᠠᠯ ᠠᠵᠤ ᠠᠬᠤᠶ ᠶᠢᠨ ᠪᠦᠲᠦᠴᠡ ᠳᠤ ᠲᠣᠬᠢᠷᠠᠭᠤᠯᠤᠯᠲᠠ ᠬᠢᠬᠦ᠂ ᠪᠢᠲᠡᠭᠦᠮᠵᠢᠯᠡᠨ ᠰᠢᠯᠵᠢᠭᠦᠯᠬᠦ᠂ | ᠶᠠᠳᠠᠭᠤ ᠶᠢ ᠲᠡᠳᠭᠦᠵᠤ ᠨᠡᠭᠡᠭᠡᠨ ᠬᠥᠭᠵᠢᠭᠦᠯᠬᠦ᠂ ᠠᠮᠢ ᠠᠬᠤᠶ ᠶᠢᠨ ᠠᠷᠠᠳ ᠢ ᠨᠡᠭᠦᠯᠭᠡᠬᠦ ᠵᠡᠷᠭᠡ ᠯᠦᠭᠡ | ᠤᠶᠠᠯᠳᠤᠭᠤᠯᠬᠤ ᠶᠢ ᠴᠢᠬᠤᠯᠠᠴᠢᠯᠠᠨ᠂ ᠡᠯᠡᠰᠦᠷᠭᠡᠭᠵᠢᠬᠦ ᠶᠢ ᠰᠡᠷᠭᠡᠶᠢᠯᠡᠨ ᠡᠯᠡᠰᠦ ᠮᠠᠩᠬ᠎ᠠ ᠶᠢ ᠵᠠᠰᠠᠬᠤ ᠶᠢ ᠠᠷᠠᠳ ᠢ | ᠪᠠᠶᠠᠵᠢᠭᠤᠯᠬᠤ ᠯᠤᠭ᠎ᠠ ᠬᠠᠷᠢᠯᠴᠠᠨ ᠨᠢᠭᠡᠳᠦᠯᠲᠡᠶ ᠪᠠᠶᠢᠯᠭᠠᠭᠰᠠᠨ ᠰᠠᠶᠢᠨ ᠰᠠᠶᠢᠬᠠᠨ ᠨᠦᠬᠦᠴᠡᠯᠳᠦᠭᠰᠡᠨ ᠪᠠᠶᠢᠳᠠᠯ ᠢ | ᠪᠤᠢ ᠪᠤᠯᠭᠠᠪᠠ᠃ ᠲᠠᠷᠢᠶᠠᠯᠠᠬᠤ ᠶᠢ ᠵᠣᠭᠰᠣᠭᠠᠵᠤ ᠣᠶ ᠮᠤᠳᠤ ᠶᠢ ᠰᠡᠷᠭᠦᠭᠡᠬᠦ᠂ ᠨᠡᠶᠢᠲᠡ ᠶᠢᠨ ᠠᠰᠠᠷᠠᠮᠵᠢ ᠶᠢᠨ ᠣᠶ | ᠮᠤᠳᠤᠨ ᠤ ᠨᠥᠬᠦᠪᠥᠷᠢ ᠥᠭᠬᠦ᠂ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ᠂ ᠠᠮᠢ | ᠠᠬᠤᠢ ᠶᠢᠨ ᠠᠷᠠᠳ ᠢ ᠨᠡᠭᠦᠯᠭᠡᠬᠦ᠂ ᠨᠤᠲᠤᠭ ᠪᠡᠯᠴᠢᠭᠡᠷ ᠤᠨ ᠠᠮᠢ ᠠᠬᠤᠶ ᠳᠤ ᠲᠤᠰᠠᠯᠠᠵᠤ ᠱᠠᠩᠨᠠᠬᠤ ᠵᠡᠷᠭᠡ | ᠢᠨᠵᠧᠨᠧᠷᠢᠩ ᠤᠨ ᠲᠦᠷᠦᠯ ᠵᠦᠢᠯ ᠢ ᠬᠦᠴᠦᠲᠡᠶ ᠳᠥᠯᠭᠢᠨ ᠠᠬᠢᠭᠤᠯᠬᠤ ᠪᠠᠷ ᠳᠠᠮᠵᠢᠭᠤᠯᠤᠨ᠂ ᠮᠠᠯ ᠠᠵᠤ ᠠᠬᠤᠢ ᠶᠢ | ᠨᠡᠭᠦᠳᠡᠯᠯᠡᠨ ᠮᠠᠯᠵᠢᠵᠤ ᠵᠠᠳᠠᠭᠠᠢ ᠮᠠᠯ ᠬᠠᠷᠢᠭᠤᠯᠳᠠᠭ ᠪᠠᠶᠢᠭᠰᠠᠨ ᠠᠴᠠ ᠨᠢ ᠮᠠᠯᠵᠢᠬᠤ ᠶᠢ ᠴᠠᠭᠠᠵᠠᠯᠠᠬᠤ᠂ ᠪᠡᠯᠴᠢᠭᠡᠷ ᠢ | ᠦᠷᠡᠵᠢᠬᠦᠯᠬᠦ᠂ ᠬᠠᠰᠢᠶᠠᠯᠠᠨ ᠮᠠᠯᠯᠠᠬᠤ ᠬᠤᠷᠢᠵᠤ ᠲᠡᠵᠢᠭᠡᠬᠦ ᠪᠤᠯᠭᠠᠨ ᠬᠤᠪᠢᠷᠠᠭᠤᠯᠵᠤ᠂ ᠮᠠᠯ ᠰᠦᠷᠦᠭ ᠤᠨ | ᠮᠠᠯ ᠤᠨ ᠡᠭᠦᠯᠳᠡᠷ ᠤᠨ ᠪᠦᠲᠦᠴᠡ ᠶᠢ ᠲᠤᠬᠢᠷᠠᠭᠤᠯᠤᠭᠰᠠᠨ ᠢᠶᠠᠷ᠂ ᠡᠷᠴᠢᠮᠵᠢᠯᠲᠡ ᠶᠢᠨ ᠬᠡᠮᠵᠢᠶ᠎ᠡ ᠪᠠ ᠶᠠᠰᠤ ᠴᠢᠨᠠᠷ᠂ | ᠦᠷ᠎ᠡ ᠠᠰᠢᠭ ᠨᠢ ᠢᠯᠡᠷᠭᠡᠢ ᠳᠡᠭᠡᠭᠰᠢᠯᠡᠪᠡ᠃ ᠲᠠᠷᠢᠮᠠᠯ ᠤᠨ ᠦᠢᠯᠡᠰ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ | ᠮᠡᠷᠭᠡᠵᠢᠯ ᠢ ᠢᠳᠡᠪᠬᠢᠲᠡᠶ ᠳᠡᠯᠭᠡᠷᠡᠭᠦᠯᠦᠭᠰᠡᠨ ᠤ ᠬᠠᠮᠲᠤ ᠠᠷᠪᠢᠨ ᠲᠡᠷᠢᠵᠦ ᠪᠠᠭ᠎ᠠ ᠬᠤᠷᠢᠶᠠᠵᠤ ᠪᠠᠶᠢᠭᠰᠠᠨ ᠠᠴᠠ | ᠪᠠᠨ ᠨᠡᠷᠢᠯᠢᠬ ᠲᠡᠷᠢᠵᠦ ᠡᠯᠪᠡᠭ ᠬᠤᠷᠢᠶᠠᠬᠤ ᠪᠤᠯᠭᠠᠨ ᠬᠤᠪᠢᠷᠠᠭᠤᠯᠵᠤ᠂ ᠲᠠᠷᠢᠮᠠᠯ ᠤᠨ ᠪᠦᠲᠦᠴᠡ ᠪᠠᠨ ᠲᠠᠰᠤᠷᠠᠯᠲᠠ | ᠦᠭᠡᠶ ᠰᠢᠯᠢᠳᠡᠭᠵᠢᠬᠦᠯᠪᠡ᠃ ᠡᠭᠦᠨ ᠤ ᠵᠡᠷᠭᠡᠴᠡᠭᠡᠪᠡᠷ ᠮᠠᠯᠵᠢᠬᠤ ᠲᠠᠷᠢᠶᠠᠯᠠᠬᠤ ᠤᠷᠤᠨ ᠤ ᠬᠤᠶᠠᠷ ᠡᠰᠢᠲᠦ ᠠᠵᠤ | ᠠᠬᠤᠶ ᠶᠢᠨ ᠪᠦᠲᠦᠴᠡ ᠶᠢ ᠣᠯᠠᠨ ᠡᠰᠢᠲᠦ ᠪᠦᠲᠦᠴᠡ ᠪᠤᠯᠭᠠᠨ ᠬᠤᠪᠢᠷᠠᠭᠤᠯᠬᠤ ᠶᠢ ᠠᠬᠢᠭᠤᠯᠤᠭᠠᠳ᠂ ᠲᠠᠷᠢᠶᠠᠯᠠᠩ | ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠨᠥᠬᠦᠴᠡᠯ ᠰᠠᠶᠢᠵᠢᠷᠠᠵᠤ᠂ ᠶᠡᠷᠦᠩᠬᠡᠶᠢᠯᠡᠭᠰᠡᠨ ᠦᠢᠯᠡᠳᠪᠦᠷᠢᠯᠡᠬᠦ | ᠴᠢᠳᠠᠪᠤᠷᠢ ᠨᠡᠮᠡᠭᠳᠡᠨ᠂ ᠲᠠᠷᠢᠶᠠᠯᠠᠩ ᠮᠠᠯ ᠠᠵᠤ ᠠᠬᠤᠶ ᠶᠢᠨ ᠡᠯᠪᠡᠭ ᠪᠦᠭᠡᠳ ᠲᠤᠭᠲᠠᠭᠤᠨ ᠭᠠᠷᠤᠯᠲᠠ ᠬᠤᠷᠢᠶᠠᠯᠲᠠ | ᠲᠠᠢ ᠪᠠᠶᠢᠬᠤ ᠶᠢ ᠬᠦᠴᠦᠲᠡᠶ ᠪᠠᠲᠤᠯᠠᠪᠠ᠃ ᠮᠠᠨ ᠤ ᠣᠷᠣᠨ ᠤ ᠮᠠᠯ ᠤᠨ ᠲᠤᠭ᠎ᠠ ᠲᠤᠯᠤᠭᠠᠢ 1 ᠳ᠋ᠦᠡᠭᠰᠢᠭᠤᠷ ᠠᠴᠠ | ᠳᠡᠭᠡᠭᠰᠢ ᠲᠤᠭᠲᠠᠭᠤᠨ ᠪᠠᠶᠢᠵᠤ᠂ ᠠᠮᠤ ᠪᠤᠳᠠᠭᠠᠨ ᠤ ᠭᠠᠷᠤᠯᠲᠠ 500 ᠳ᠋ᠦᠡᠭᠰᠢᠭᠤᠷ ᠵᠢᠩ ᠠᠴᠠ ᠳᠡᠭᠡᠭᠰᠢ ᠳᠤ | ᠬᠦᠷᠦᠭᠰᠡᠨ ᠤ ᠬᠠᠮᠲᠤ ᠠᠵᠤ ᠦᠢᠯᠡᠳᠪᠦᠷᠢᠵᠢᠯᠲᠡ᠂ ᠬᠤᠲᠠ ᠪᠠᠯᠭᠠᠰᠤᠵᠢᠯᠳᠡ ᠪᠠ ᠰᠢᠨ᠎ᠡ ᠬᠥᠳᠡᠭᠡ ᠲᠣᠰᠬᠤᠨ ᠤ | ᠪᠦᠲᠦᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠠᠮᠢ ᠠᠬᠤᠶ ᠶᠢᠨ ᠨᠥᠬᠦᠴᠡᠯ ᠬᠠᠨᠭ᠍ᠭᠠᠵᠤ᠂ ᠠᠵᠤ ᠠᠬᠤᠶ | ᠨᠡᠶᠢᠭᠡᠮ ᠤᠨ ᠬᠥᠭᠵᠢᠯᠲᠡ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠡᠶ᠎ᠡ ᠵᠣᠬᠢᠴᠠᠯ ᠲᠠᠢ ᠪᠠᠶᠢᠬᠤ ᠪᠠ ᠬᠢᠯᠢ | ᠬᠢᠵᠠᠭᠠᠷ ᠤᠨ ᠲᠣᠭᠲᠠᠭᠤᠨ ᠪᠠᠶᠢᠬᠤ ᠶᠢ ᠠᠬᠢᠭᠤᠯᠪᠠ᠃ |