ᠥᠪᠥᠷ ᠮᠣᠩᠭᠤᠯ᠄ ︽ᠡᠭᠦᠯᠡᠨ ᠪᠣᠳᠣᠯᠲᠠ︾᠎ ᠶᠢ ᠬᠡᠷᠡᠭᠯᠡᠨ ᠬᠤᠲᠠ ᠶᠢᠨ ᠤᠵᠢᠭ ᠡᠪᠡᠳᠴᠢᠨ ᠢ ᠵᠠᠰᠠᠬᠤ ᠪᠠᠷ ᠪᠤᠢ
ᠨᠡᠶᠢᠲᠡᠯᠡᠭᠰᠡᠨ ᠴᠠᠭ᠄
2015/6/2
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠢᠭᠡᠳ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠺᠣᠮᠫᠠᠨᠢ 28᠎ ᠤ ᠡᠳᠦᠷ ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ   ᠬᠠᠮᠵᠢᠯᠴᠠᠬᠤ ᠵᠥᠪᠯᠡᠯᠴᠡᠭᠡᠷ ᠲᠤ ᠭᠠᠷ ᠤᠨ ᠦᠰᠦᠭ ᠵᠢᠷᠤᠵᠤ᠂ ᠡᠭᠦᠯᠡᠨ ᠪᠣᠳᠣᠯᠲᠠ ᠪᠠᠷ ᠳᠠᠮᠵᠢᠨ ︽ᠡᠪᠡᠳᠴᠢᠨ ᠡᠮᠨᠡᠭᠦᠯᠬᠦ ᠳᠤ ᠬᠦᠴᠢᠷᠲᠠᠢ᠂ ᠰᠤᠷᠭᠠᠭᠤᠯᠢ ᠳᠤ ᠣᠷᠣᠬᠤ ᠳᠤ ᠬᠦᠴᠢᠷ᠂ ᠤᠴᠢᠷ ᠶᠠᠪᠤᠳᠠᠯ ᠰᠢᠢᠳᠪᠦᠷᠢᠯᠡᠬᠦ ᠳᠤ ᠪᠡᠷᠬᠡᠲᠡᠢ︾ ᠵᠡᠷᠭᠡ ᠬᠤᠲᠠ ᠶᠢᠨ ᠤᠵᠢᠭ ᠡᠪᠡᠳᠴᠢᠨ ᠢ ᠵᠠᠰᠠᠬᠤ ᠪᠠᠷ ᠪᠠᠶᠢᠨ᠎ᠠ᠃      ᠵᠥᠪᠯᠡᠯᠴᠡᠭᠡᠷ ᠤᠨ ᠠᠭᠤᠯᠭ᠎ᠠ ᠶᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠣᠶᠣᠨᠲᠤ ᠬᠤᠲᠠ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠢᠴᠢ ᠡᠯᠧᠺᠲᠷᠣᠨ ᠵᠠᠰᠠᠭ ᠤᠨ ᠶᠠᠪᠤᠳᠠᠯ ᠤᠨ ᠡᠭᠦᠯᠡᠨ ᠵᠡᠷᠬᠡ  ᠬᠦᠷᠢᠶᠡᠨ ᠳᠤ  ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠨᠢᠭᠲᠠ ᠲᠦᠩᠰᠢ ᠶᠢᠨ ᠬᠠᠷᠢᠴᠠᠭ᠎ᠠ ᠪᠠᠶᠢᠭᠤᠯᠤᠨ᠎ᠠ᠃ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠡᠭᠦᠯᠡᠨ ᠲᠤᠭ᠎ᠠ ᠪᠠᠷᠢᠮᠲᠠ ᠶᠢᠨ ᠲᠥᠪ ᠴᠤ ᠲᠤᠰ ᠡᠳᠦᠷ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠥᠪᠥᠷ ᠮᠣᠩᠭᠤᠯ ᠤᠨ ᠡᠭᠦᠯᠡᠨ ᠰᠠᠭᠤᠷᠢᠨ ᠭᠠᠵᠠᠷ ᠲᠤ ᠡᠷᠦᠬᠡ ᠣᠷᠣᠵᠤ  ᠢᠯᠡᠷᠬᠡᠶᠢᠯᠡᠯ ᠡᠯᠭᠦᠪᠡ᠃      ᠣᠶᠢᠯᠠᠭᠠᠭᠰᠠᠨ ᠢᠶᠠᠷ᠂ ᠡᠨᠡ ᠨᠢ ᠪᠠᠰᠠ ᠴᠤ ᠪᠦᠬᠦ ᠤᠯᠤᠰ ᠤᠨ ᠠᠩᠬᠠᠳᠠᠭᠴᠢ ᠮᠤᠵᠢ ᠶᠢᠨ ᠱᠠᠲᠤᠨ ᠤ ᠵᠠᠰᠠᠭ ᠤᠨ ᠣᠷᠳᠣᠨ ᠪᠠ ᠴᠠᠬᠢᠯᠭᠠᠨ ᠬᠤᠯᠪᠤᠭᠠᠨ ᠤ ᠡᠵᠡᠩᠨᠡᠭᠴᠢ ᠬᠤᠳᠠᠯᠳᠤᠭᠠᠴᠢᠨ ᠬᠠᠮᠲᠤ ᠪᠠᠷ  ᠪᠠᠶᠢᠭᠤᠯᠤᠭᠰᠠᠨ ︽ᠵᠠᠰᠠᠭ ᠤᠨ ᠶᠠᠪᠤᠳᠠᠯ ᠤᠨ ᠡᠭᠦᠯᠡᠨ︾ ᠲᠠᠪᠴᠠᠩ ᠪᠣᠯᠣᠨ᠎ᠠ᠃ ᠳᠤᠮᠳᠠᠳᠤ ᠤᠯᠤᠰ ᠤᠨ ᠴᠠᠬᠢᠯᠭᠠᠨ ᠬᠤᠯᠪᠣᠭ᠎ᠠ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠨᠢ ᠡᠭᠦᠯᠡᠨ ᠪᠣᠳᠣᠯᠲᠠ ᠪᠠᠷ ᠰᠠᠭᠤᠷᠢᠯᠠᠭᠰᠠᠨ  ᠦᠢᠯᠡᠴᠢᠯᠡᠭᠡ ᠬᠠᠩᠭᠠᠬᠤ ᠪᠠᠷ ᠪᠠᠷᠠᠬᠤ ᠦᠭᠡᠶ ᠪᠠᠰᠠ ᠬᠠᠳᠠᠭᠠᠯᠠᠬᠤ᠂ ᠲᠣᠣᠷ ᠰᠦᠯᠵᠢᠶ᠎ᠡ ᠶᠢᠨ ᠡᠬᠢ ᠪᠠᠶᠠᠯᠢᠭ᠂ ᠭᠠᠳᠠᠭᠠᠳᠤ ᠳᠤ ᠭᠠᠷᠭᠠᠬᠤ ᠵᠡᠷᠭᠡ ᠰᠠᠭᠤᠷᠢ ᠮᠠᠲ᠋ᠧᠷᠢᠶᠠᠯ ᠢ ᠪᠦᠬᠦ ᠲᠠᠯ᠎ᠠ ᠪᠠᠷ  ᠬᠠᠩᠭᠠᠬᠤ ᠪᠣᠯᠣᠨ᠎ᠠ᠃      ᠥᠪᠥᠷ ᠮᠣᠩᠭᠤᠯ ᠤᠨ ᠠᠵᠤ ᠠᠬᠤᠶ ᠶᠢᠨ ᠮᠡᠳᠡᠭᠡ ᠵᠠᠩᠭᠢ ᠶᠢᠨ ᠵᠥᠪᠯᠡᠯ ᠤᠨ ᠮᠡᠳᠡᠭᠡ ᠵᠠᠩᠭᠢᠵᠢᠯᠲᠠ ᠶᠢ ᠳᠥᠯᠭᠢᠨ ᠠᠬᠢᠭᠤᠯᠬᠤ ᠭᠠᠵᠠᠷ ᠤᠨ ᠳᠠᠷᠤᠭ᠎ᠠ ᠮᠥ ᠵᠦᠩ ᠸᠧᠢ ᠬᠡᠯᠡᠭᠰᠡᠨ ᠨᠢ᠂ ᠡᠨᠡ ᠤᠳᠠᠭᠠᠨ ᠤ ᠬᠠᠮᠵᠢᠯᠴᠠᠭ᠎ᠠ ᠨᠢ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠡᠬᠢ ᠪᠠᠶᠠᠯᠢᠭ ᠢ    ᠨᠡᠶᠢᠯᠡᠭᠦᠯᠵᠦ᠂ ᠳᠠᠪᠬᠤᠴᠠᠭᠤᠯᠤᠨ ᠪᠦᠲᠦᠭᠡᠨ ᠪᠠᠶᠢᠭᠤᠯᠬᠤ ᠠᠴᠠ ᠵᠠᠶᠢᠯᠠᠰᠬᠢᠬᠤ ᠳᠤ ᠠᠰᠢᠭᠲᠠᠶ ᠪᠠᠶᠢᠬᠤ ᠪᠠᠷ ᠪᠠᠷᠠᠬᠤ ᠦᠭᠡᠶ᠂ ᠪᠠᠰᠠ ᠵᠠᠰᠠᠭ ᠤᠨ ᠣᠷᠳᠣᠨ ᠤ ᠰᠠᠯᠠᠭ᠎ᠠ ᠮᠥᠴᠢᠷ ᠡᠬᠦᠯᠡᠨ ᠪᠤᠳᠤᠯᠳᠠ ᠶᠢᠨ ᠶᠡᠭᠡ ᠲᠤᠭ᠎ᠠ ᠪᠠᠷᠢᠮᠲᠠ ᠶᠢᠨ ᠴᠢᠳᠠᠮᠵᠢ ᠳᠤ ᠲᠥᠰᠢᠭᠯᠡᠨ᠂ ᠨᠠᠷᠢᠯᠢᠭᠵᠢᠭᠤᠯᠤᠨ ᠬᠠᠮᠢᠶᠠᠷᠬᠤ ᠶᠢ ᠪᠡᠶᠡᠯᠡᠭᠦᠯᠵᠦ᠂ ᠵᠠᠰᠠᠭ ᠤᠨ ᠣᠷᠳᠣᠨ ᠤ ᠬᠠᠮᠢᠶᠠᠷᠤᠯᠲᠠ ᠦᠢᠯᠡᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠬᠦ ᠳᠤ ᠠᠰᠢᠭᠲᠠᠢ ᠶᠤᠮ᠃ ᠶᠡᠭᠡ ᠲᠤᠭ᠎ᠠ ᠪᠠᠷᠢᠮᠲᠠ ᠨᠢ ᠴᠤ ᠪᠠᠶᠢᠳᠠᠯ ᠢ ᠰᠤᠳᠤᠯᠤᠨ ᠮᠠᠭᠠᠳᠯᠠᠵᠤ᠂ ᠲᠥᠷᠥᠯ ᠵᠦᠢᠯ ᠤᠨ ᠰᠢᠢᠳᠪᠦᠷᠢᠲᠦ ᠪᠤᠳᠤᠯᠭ᠎ᠠ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠣᠭᠲᠠᠭᠠᠬᠤ ᠵᠡᠷᠭᠡ ᠲᠠᠯ᠎ᠠ ᠪᠠᠷ ᠰᠢᠢᠳᠪᠦᠷᠢᠯᠡᠬᠦ ᠴᠢᠨᠠᠷᠲᠠᠢ ᠦᠢᠯᠡᠳᠦᠯ ᠦᠵᠡᠭᠦᠯᠬᠦ ᠪᠣᠯᠣᠨ᠎ᠠ ᠭᠡᠵᠡᠢ᠃      ︽ᠨᠥᠭᠦᠭᠡ ᠨᠢᠭᠡ ᠲᠣᠮᠣ ᠣᠨᠴᠠᠯᠢᠭ ᠨᠢ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠦᠢᠯᠡᠴᠢᠯᠡᠭᠡ ᠨᠢ ᠦᠨᠳᠦᠰᠦᠨ ᠱᠠᠲᠤᠨ ᠤ ᠵᠦᠭ ᠰᠤᠨᠤᠵᠤ᠂ ᠠᠷᠠᠳ ᠲᠦᠮᠡᠨ ᠳᠤ ᠦᠢᠯᠡᠴᠢᠯᠡᠨ᠎ᠡ᠃︾ ᠮᠥ ᠵᠦᠩ ᠸᠧᠢ ᠬᠡᠯᠡᠭᠰᠡᠨ ᠨᠢ᠂ ᠵᠢᠱᠢᠶᠡᠯᠡᠪᠡᠯ᠂ ᠥᠪᠥᠷ ᠮᠣᠩᠭᠤᠯ ᠤᠨ ᠲᠥᠯᠥᠪᠵᠢᠭᠦᠯᠵᠦ ᠪᠠᠶᠢᠭ᠎ᠠ ︽ᠦᠨᠡᠮᠯᠡᠯ ᠭᠡᠷᠡᠴᠢ ᠶᠢᠨ ᠬᠥᠮᠥᠷᠭᠡ︾᠎ ᠶᠢ ᠪᠠᠶᠢᠭᠤᠯᠵᠤ ᠪᠠᠷᠠᠭᠰᠠᠨ ᠤ ᠳᠠᠷᠠᠭ᠎ᠠ᠂ ᠬᠤᠲᠠ ᠶᠢᠨ ᠠᠷᠠᠳ ᠪᠤᠶᠤ ᠠᠵᠤ ᠠᠬᠤᠶᠢᠯᠠᠯ ᠤᠳ ᠤᠴᠢᠷ ᠶᠠᠪᠤᠳᠠᠯ ᠢ ᠭᠦᠢᠴᠡᠳᠬᠡᠬᠦ ᠳᠤ᠂ ᠳᠠᠬᠢᠨ ᠨᠠᠰᠢ ᠴᠠᠰᠢ ᠬᠦᠶᠦᠵᠦ ᠨᠢᠭᠡ ᠪᠦᠭᠡᠮ ᠭᠡᠷᠡᠴᠢ ᠦᠨᠡᠮᠯᠡᠯ ᠭᠦᠢᠴᠡᠳᠬᠡᠭᠰᠡᠨ ᠤ ᠬᠡᠷᠡᠭ ᠦᠭᠡᠢ᠂ ᠬᠠᠷᠢᠨ ᠬᠦᠴᠦᠨ ᠪᠦᠬᠦᠢ ᠪᠡᠶ᠎ᠡ ᠶᠢᠨ ᠭᠡᠷᠡᠴᠢ ᠦᠨᠡᠮᠯᠡᠯ ᠢᠶᠠᠨ ᠭᠠᠷᠭᠠᠨ ᠦᠵᠡᠭᠦᠯᠪᠡᠯ᠂ ᠬᠤᠯᠪᠣᠭᠳᠠᠯ ᠪᠦᠬᠦᠢ ᠬᠢᠷᠢ ᠴᠢᠳᠠᠮᠵᠢ ᠤᠨ ᠭᠡᠷᠡᠴᠢ ᠪᠠ ᠭᠡᠷᠡᠴᠢ ᠦᠨᠡᠮᠯᠡᠯ ᠨᠢ ᠬᠥᠮᠥᠷᠭᠡ ᠳᠣᠲᠣᠷ᠎ᠠ ᠢᠪ ᠢᠯᠡᠬᠡᠨ ᠲᠣᠳᠣᠷᠠᠨ᠎ᠠ᠃      ︽ᠠᠵᠤ ᠦᠢᠯᠡᠳᠪᠦᠷᠢ ᠶᠢᠨ ᠡᠭᠦᠯᠡᠨ᠂ ᠰᠤᠷᠭᠠᠨ ᠬᠥᠮᠦᠵᠢᠯ ᠤᠨ ᠡᠭᠦᠯᠡᠨ᠂ ᠡᠷᠡᠭᠦᠯ ᠬᠠᠮᠠᠭᠠᠯᠠᠯ ᠤᠨ  ᠡᠭᠦᠯᠡᠨ ᠁ ᠵᠠᠰᠠᠭ ᠤᠨ ᠣᠷᠳᠣᠨ ᠠᠴᠠ ᠨᠡᠶᠢᠭᠡᠮ ᠳᠤ ᠬᠠᠩᠭᠠᠬᠤ ᠣᠯᠠᠨ ᠨᠡᠶᠢᠲᠡ ᠶᠢᠨ ᠪᠤᠰᠤᠳ  ᠦᠢᠯᠡᠴᠢᠯᠡᠭᠡ ᠳᠤ᠂  ᠴᠥᠮ ᠡᠨᠡᠬᠦ ᠮᠠᠷᠭᠡᠵᠢᠯ ᠢ ᠬᠡᠷᠡᠭᠯᠡᠬᠦ ᠬᠡᠷᠡᠲᠡᠢ᠃︾ ᠮᠥ ᠵᠦᠩ ᠸᠧᠢ ᠬᠡᠯᠡᠭᠰᠡᠨ ᠨᠢ᠂ ᠥᠪᠥᠷ ᠮᠣᠩᠭᠤᠯ ᠳᠠᠷᠠᠭᠠᠴᠢ ᠶᠢᠨ ᠠᠯᠬᠤᠮ ᠳᠠᠭᠠᠨ ᠬᠡᠷᠬᠢᠨ ᠰᠢᠯᠵᠢᠮᠡᠯ ᠤᠨ ᠦᠵᠦᠭᠦᠷ ᠪᠠ ᠰᠢᠯᠵᠢᠮᠡᠯ  ᠪᠤᠳᠠᠰ ᠤᠨ ᠰᠦᠯᠵᠢᠶ᠎ᠡ ᠪᠠᠷ ᠳᠠᠮᠵᠢᠭᠤᠯᠤᠨ᠂ ᠠᠷᠠᠳ ᠲᠦᠮᠡᠨ ᠤ ᠰᠤᠷᠭᠠᠭᠤᠯᠢ ᠳᠤ ᠣᠷᠣᠬᠤ ᠳᠤ ᠬᠦᠴᠢᠷᠲᠠᠢ᠂ ᠡᠪᠡᠳᠴᠢᠨ ᠡᠮᠨᠡᠭᠦᠯᠬᠦ ᠳᠤ ᠬᠦᠴᠢᠷᠲᠠᠢ ᠪᠠᠶᠢᠭ᠎ᠠ ᠵᠡᠷᠭᠡ ᠠᠰᠠᠭᠤᠳᠠᠯ ᠢ ᠦᠨᠡᠨᠬᠦ ᠰᠢᠢᠳᠪᠦᠷᠢᠯᠡᠬᠦ ᠶᠢ ᠰᠤᠳᠣᠯᠬᠤ ᠪᠣᠯᠤᠨ᠎ᠠ ᠭᠡᠵᠡᠢ᠃      ᠲᠠᠨᠢᠯᠴᠠᠭᠤᠯᠤᠭᠰᠠᠨ ᠢᠶᠠᠷ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠡᠭᠦᠯᠡᠨ ᠪᠣᠳᠣᠯᠲᠠ ᠶᠢᠨ ᠥᠪᠥᠷ ᠮᠣᠩᠭᠤᠯ ᠳᠠᠬᠢ ᠮᠡᠳᠡᠭᠡ ᠵᠠᠩᠭᠢ ᠶᠢᠨ ᠬᠦᠷᠢᠶᠡᠯᠡᠩ ᠰᠡᠭᠦᠯᠴᠢ ᠶᠢᠨ  ᠬᠤᠭᠤᠴᠠᠭᠠᠨ ᠳᠤ  ᠪᠠᠷᠤᠭ 150 ᠲᠦᠮᠡᠨ ᠭᠤᠣᠯ ᠮᠠᠰᠢᠨ ᠤ ᠳᠠᠭᠠᠭᠠᠴᠠ ᠲᠠᠢ ᠡᠭᠦᠯᠡᠨ ᠪᠣᠳᠣᠯᠭ᠎ᠠ ᠶᠢᠨ ᠴᠢᠳᠠᠪᠤᠷᠢ ᠲᠠᠢ ᠪᠣᠯᠵᠤ᠂  ᠬᠦᠷᠢᠶᠡᠯᠡᠩ ᠲᠣᠭᠤᠷᠢᠭ ᠤᠨ ᠭᠠᠳᠠᠭᠠᠳᠤ ᠭᠠᠷᠭᠠᠯᠲᠠ ᠨᠢ 3. 2 T ᠬᠦᠷᠬᠦ ᠪᠥᠭᠡᠳ ᠪᠡᠭᠡᠵᠢᠩ ᠱᠠᠩᠬᠠᠶ ᠭᠤᠸᠠᠩᠵᠧᠦ ᠵᠢᠴᠢ ᠪᠤᠰᠤᠳ ᠬᠥᠭᠵᠢᠭᠰᠡᠨ ᠭᠠᠵᠠᠷ ᠣᠷᠣᠨ ᠲᠠᠢ ᠰᠢᠭᠤᠳ ᠬᠤᠯᠪᠣᠭ᠎ᠠ ᠠᠪᠬᠤ ᠪᠣᠯᠤᠨ᠎ᠠ᠂ ᠣᠳᠣ ᠪᠠᠢ ᠳ᠋ᠦ᠋᠂ ᠲᠧᠩ ᠰᠢᠶᠦ᠋ᠨ᠂ ᠠ ᠯᠢ ᠪᠠ ᠪᠠ ᠵᠡᠷᠭᠡ ᠠᠵᠤ ᠠᠬᠤᠶᠢᠯᠠᠯ ᠨᠢᠭᠡᠨᠲᠡ ᠬᠥᠷᠢᠶᠡᠯᠡᠩ  ᠲᠣᠭᠤᠷᠢᠭ ᠲᠤ ᠣᠷᠣᠵᠤ ᠰᠠᠭᠤᠵᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号