2015 ᠣᠨ ᠳᠤ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠰᠡᠳᠦᠪ ᠲᠣᠭᠲᠠᠭᠠᠵᠤ  39 ᠵᠦᠢᠯ ᠢ ᠮᠤᠩᠭᠤᠯ ᠦᠭᠡ ᠬᠡᠯᠡ ᠦᠰᠦᠭ ᠪᠢᠴᠢᠭ ᠤᠨ ᠰᠢᠨᠵᠢᠯᠡᠬᠦ ᠤᠬᠠᠭᠠᠨ ᠤ ᠰᠣᠳᠣᠯᠣᠯ ᠤᠨ ᠲᠥᠷᠥᠯ ᠵᠦᠢᠯ ᠤᠨ ᠡᠳ᠋ ᠮᠥᠩᠭᠦ ᠪᠠᠷ ᠲᠤᠰᠠᠯᠠᠨ᠎ᠠ
ᠨᠡᠶᠢᠲᠡᠯᠡᠭᠰᠡᠨ ᠴᠠᠭ᠄
2015/6/2
     ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠶᠢᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠳᠦᠷᠢᠮ︾᠎ ᠢ ᠨᠠᠶᠢᠳᠠᠪᠤᠷᠢᠵᠢᠭᠤᠯᠤᠨ᠂ ᠮᠣᠩᠭᠤᠯ ᠦᠭᠡ ᠬᠡᠯᠡ ᠦᠰᠦᠭ ᠪᠢᠴᠢᠭ ᠢ ᠵᠢᠷᠤᠮᠵᠢᠭᠤᠯᠬᠤ᠂ ᠪᠠᠷᠢᠮᠵᠢᠶᠠᠵᠢᠭᠤᠯᠬᠤ᠂ ᠮᠡᠳᠡᠭᠡ ᠵᠠᠩᠭᠢᠵᠢᠭᠤᠯᠬᠤ ᠪᠠ ᠬᠠᠤᠯᠢᠵᠢᠭᠤᠯᠬᠤ ᠪᠠᠶᠢᠭᠤᠯᠤᠯᠲᠠ ᠶᠢ ᠳᠥᠯᠭᠢᠨ ᠠᠬᠢᠭᠤᠯᠬᠤ ᠶᠢᠨ ᠲᠤᠰᠠᠲᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠮᠡᠳᠡᠭᠦᠯᠬᠦ᠂ ᠰᠢᠯᠭᠠᠷᠠᠭᠤᠯᠬᠤ᠂ ᠨᠡᠶᠢᠲᠡ ᠳᠤ ᠵᠠᠷᠯᠠᠬᠤ ᠵᠡᠷᠭᠡ ᠳᠡᠰ ᠳᠠᠷᠠᠭᠠᠯᠠᠯ ᠢᠶᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠠᠴᠠ ︽ᠮᠣᠩᠭᠤᠯ ᠬᠡᠯᠡᠨ ᠤ ᠶᠠᠷᠢᠶᠠᠨ ᠤ ᠬᠡᠯᠡ ᠶᠢ ᠵᠢᠷᠤᠮᠵᠢᠭᠤᠯᠬᠤ ᠳᠤ ᠬᠠᠨᠳᠤᠭᠤᠯᠤᠭᠰᠠᠨ ᠡᠯᠧᠺᠲᠷᠣᠨ ᠠᠪᠢᠶᠠᠯᠠᠭ᠎ᠠ ᠶᠢᠨ ᠲᠣᠯᠢ ᠪᠢᠴᠢᠭ︾᠂ ︽ᠮᠣᠩᠭᠤᠯ ᠬᠡᠯᠡ ᠪᠢᠴᠢᠭ ᠤᠨ ᠠᠵᠢᠯ ᠢ ᠬᠠᠦᠯᠢᠵᠢᠭᠤᠯᠬᠤ ᠠᠰᠠᠭᠤᠳᠠᠯ ᠤᠨ ᠰᠤᠳᠤᠯᠤᠯ︾ ᠵᠡᠷᠭᠡ 39 ᠵᠦᠢᠯ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠢ ᠰᠡᠳᠦᠪ ᠲᠣᠭᠲᠠᠭᠠᠨ ᠡᠳ᠋ ᠮᠥᠩᠭᠦ ᠪᠠᠷ ᠲᠤᠰᠠᠯᠠᠬᠤ ᠪᠣᠯᠣᠨ᠎ᠠ᠃ ᠡᠳ᠋ ᠮᠥᠩᠭᠦ ᠪᠠᠷ ᠲᠤᠰᠠᠯᠠᠬᠤ ᠲᠥᠷᠥᠯ ᠵᠦᠢᠯ ᠨᠢ ᠮᠣᠩᠭᠤᠯ ᠲᠣᠯᠢ ᠪᠢᠴᠢᠭ ᠤᠨ ᠰᠤᠳᠤᠯᠤᠯ᠂ ᠮᠣᠩᠭᠤᠯ ᠬᠡᠯᠡ ᠪᠢᠴᠢᠭ ᠢ ᠵᠢᠷᠤᠮᠵᠢᠭᠤᠯᠬᠤ ᠪᠠᠷᠢᠮᠵᠢᠶᠠᠵᠢᠭᠤᠯᠬᠤ ᠰᠤᠳᠤᠯᠭ᠎ᠠ᠂ ᠮᠣᠩᠭᠤᠯ ᠬᠡᠯᠡ ᠪᠢᠴᠢᠭ ᠤᠨ ᠵᠢᠭᠠᠨ ᠰᠤᠷᠭᠠᠬᠤ ᠰᠣᠳᠣᠯᠭ᠎ᠠ ᠪᠠ ᠰᠤᠷᠤᠯᠴᠠᠬᠤ ᠬᠡᠷᠡᠭᠯᠡᠬᠦ ᠰᠤᠳᠤᠯᠭ᠎ᠠ᠂ ᠣᠷᠴᠢᠭᠤᠯᠬᠤ ᠰᠤᠳᠤᠯᠤᠯ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠣᠳᠣᠯᠣᠯ ᠵᠡᠷᠭᠡ ᠣᠯᠠᠨ ᠬᠦᠷᠢᠶ᠎ᠡ ᠳᠤ ᠬᠤᠯᠪᠤᠭᠳᠠᠬᠤ ᠪᠣᠯᠣᠨ᠎ᠠ᠃ ᠡᠳ᠋ ᠮᠥᠩᠭᠦ ᠪᠠᠷ ᠲᠤᠰᠠᠯᠠᠬᠤ ᠲᠥᠷᠥᠯ ᠵᠦᠢᠯ ᠨᠢ ᠰᠢᠨ᠎ᠡ ᠪᠠᠶᠢᠳᠠᠯ ᠳᠤᠤᠷᠠᠬᠢ ᠮᠣᠩᠭᠤᠯ ᠬᠡᠯᠡ ᠪᠢᠴᠢᠭ ᠤᠨ ᠠᠵᠢᠯ ᠤᠨ ᠬᠥᠭᠵᠢᠯᠲᠡ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠬᠦ ᠶᠤᠮ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号