ᠥᠪᠥᠷ ᠮᠣᠩᠭᠤᠯ᠄ ᠬᠠᠤᠯᠢ ᠪᠠ ᠲᠣᠭᠲᠠᠭᠠᠯ ᠶᠣᠰᠤᠭᠠᠷ ᠬᠡᠷᠡᠭ ᠡᠷᠬᠢᠯᠡᠬᠦ ᠶᠢ ᠬᠤᠭᠤᠴᠠᠭ᠎ᠠ ᠰᠣᠯᠢᠬᠤ ᠰᠣᠩᠭᠤᠭᠤᠯᠢ ᠵᠢᠨ‌ᠭᠤᠭᠴᠤᠭ᠎ᠠ ᠨᠢᠭᠡᠪᠦᠷᠢ ᠳᠤ ᠬᠦᠷᠲᠡᠯ᠎ᠡ ᠨᠠᠶᠢᠳᠠᠪᠤᠷᠢᠵᠢᠭᠤᠯᠬᠤ ᠬᠡᠷᠡᠭᠲᠡᠶ
ᠨᠡᠶᠢᠲᠡᠯᠡᠭᠰᠡᠨ ᠴᠠᠭ᠄
2015/6/23
     6 ᠳ᠋ᠤᠭᠠᠷ ᠰᠠᠷ᠎ᠠ ᠶᠢᠨ 16᠎ ᠤ ᠡᠳᠦᠷ ᠠᠴᠠ 17᠎ ᠤ ᠡᠳᠦᠷ ᠬᠦᠷᠲᠡᠯ᠎ᠡ᠂ ᠪᠦᠬᠦ ᠣᠷᠣᠨ ᠤ ᠭᠠᠴᠠᠭ᠎ᠠ ᠲᠤᠰᠬᠤᠨ ᠤ ︽ᠵᠥᠪᠯᠡᠯ ᠺᠣᠮᠢᠰ︾᠎ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠵᠡᠭᠦᠨ᠂ ᠪᠠᠷᠠᠭᠤᠨ ᠬᠡᠰᠡᠭ ᠤᠨ ᠬᠤᠷᠠᠯ ᠢ ᠤᠯᠠᠭᠠᠨᠬᠠᠳᠠ᠂ ᠬᠥᠬᠡᠬᠤᠲᠠ ᠳᠤ ᠲᠤᠰ ᠲᠤᠰ ᠬᠤᠷᠠᠯᠳᠤᠭᠤᠯᠪᠠ᠃  ᠬᠤᠷᠠᠯ ᠨᠢ ᠪᠦᠬᠦ ᠣᠷᠣᠨ ᠤ ᠬᠤᠭᠤᠴᠠᠭ᠎ᠠ ᠰᠣᠯᠢᠬᠤ ᠡᠭᠦᠷᠭᠡ ᠲᠠᠢ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠭᠠᠴᠠᠭ᠎ᠠ ᠲᠤᠰᠬᠤᠨ ᠤ ᠵᠥᠪᠯᠡᠯ ᠺᠤᠮᠢᠰ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠡᠷᠭᠢᠵᠦ ᠬᠠᠷᠠᠨ ᠪᠠᠶᠢᠴᠠᠭᠠᠭᠰᠠᠨ ᠪᠠ ᠬᠡᠷᠡᠭ ᠤᠨ ᠵᠢᠱᠢᠶ᠎ᠡ ᠶᠢᠨ ᠵᠠᠳᠠᠯᠤᠯᠲᠠ ᠬᠢᠵᠦ ᠰᠡᠷᠡᠮᠵᠢᠯᠡᠭᠦᠯᠦᠨ᠂ ᠳᠠᠷᠠᠭᠠᠬᠢ ᠱᠠᠲᠤ ᠦᠶ᠎ᠡ ᠶᠢᠨ ᠠᠵᠢᠯ ᠢ ᠪᠠᠶᠢᠷᠢᠯᠠᠭᠤᠯᠤᠨ ᠳᠣᠬᠢᠷᠠᠭᠤᠯᠪᠠ᠃      ᠬᠤᠷᠠᠯ ᠠᠴᠠ ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠭᠠᠴᠠᠭ᠎ᠠ ᠲᠤᠰᠬᠤᠨ ᠎ ᠤ ︽ᠵᠥᠪᠯᠡᠯ ᠺᠣᠮᠢᠰ︾᠎ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠰᠠᠶᠢᠲᠤᠷ ᠬᠢᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠡᠯ᠎ᠡ ᠱᠠᠲᠤᠨ ᠤ ᠨᠠᠮ ᠤᠨ ᠬᠤᠷᠢᠶ᠎ᠠ ᠢᠯᠠᠩᠭᠤᠶ᠎ᠠ ᠰᠢᠶᠠᠨ᠂ ᠰᠢᠶᠠᠩ ᠬᠤᠶᠠᠷ ᠱᠠᠲᠤᠨ ᠤ ᠨᠠᠮ ᠤᠨ ᠬᠤᠷᠢᠶ᠎ᠠ ᠨᠤᠭᠤᠳ ᠨᠠᠮ ᠢ ᠬᠠᠮᠢᠶᠠᠷᠤᠨ ᠵᠠᠰᠠᠬᠤ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ︽ᠬᠤᠭᠤᠴᠠᠭ᠎ᠠ ᠰᠣᠯᠢᠬᠤ ᠶᠢ ᠨᠠᠮ ᠬᠠᠮᠢᠶᠠᠷᠬᠤ︾ ᠵᠠᠷᠴᠢᠮ ᠢ ᠲᠤᠤᠱᠲᠠᠢ ᠬᠡᠷᠡᠭᠵᠢᠭᠦᠯᠬᠦ ᠬᠡᠷᠡᠭᠲᠡᠶ᠃ ᠬᠠᠤᠯᠢ ᠪᠠ ᠲᠣᠭᠲᠠᠭᠠᠯ ᠶᠣᠰᠤᠭᠠᠷ ᠬᠡᠷᠡᠭ ᠡᠷᠬᠢᠯᠡᠬᠦ ᠶᠢ ᠨᠢᠭᠡ ᠵᠦᠢᠯ ᠤᠨ ᠤᠯᠤᠰ ᠲᠥᠷᠥ ᠶᠢᠨ ᠰᠠᠬᠢᠯᠭ᠎ᠠ ᠪᠠᠲᠤ ᠪᠣᠯᠭᠠᠨ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠭᠤᠭᠴᠤᠭ᠎ᠠ ᠨᠢᠭᠡᠪᠦᠷᠢ ᠳᠤ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠬᠢᠨᠠᠯᠲᠠ ᠲᠠᠯᠪᠢᠬᠤ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠠᠤᠯᠢ ᠰᠠᠬᠢᠯᠭ᠎ᠠ ᠠᠴᠠ ᠵᠥᠷᠢᠴᠡᠭᠰᠡᠨ ᠨᠢᠭᠡ ᠪᠦᠯᠦᠭ ᠦᠢᠯᠡ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠵᠦ᠂ ᠨᠡᠶᠢᠲᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠶ ᠳᠤᠨᠢ ᠢᠯᠡ ᠪᠣᠯᠭᠠᠨ ᠣᠯᠠᠨ ᠳᠤ ᠦᠵᠡᠭᠦᠯᠵᠦ᠂ ᠬᠠᠮᠤᠭ ᠤᠨ ᠡᠷᠡᠰ ᠣᠪᠣᠷ ᠪᠣᠯᠣᠨ ᠬᠠᠮᠤᠭ ᠤᠨ ᠬᠦᠴᠦᠲᠡᠶ ᠠᠷᠭ᠎ᠠ ᠬᠡᠮᠵᠢᠶ᠎ᠡ ᠪᠠᠷ ᠬᠤᠭᠤᠴᠠᠭ᠎ᠠ ᠰᠣᠯᠢᠬᠤ ᠰᠣᠩᠭᠤᠭᠤᠯᠢ ᠶᠢᠨ ᠰᠤᠷᠲᠠᠯ ᠠᠷᠢᠭᠤᠨ ᠴᠢᠭᠡᠴᠢ ᠪᠠᠶᠢᠳᠠᠯ ᠲᠥᠪ ᠭᠤᠣᠯᠴᠢ ᠪᠠᠶᠢᠬᠤ ᠶᠢ ᠪᠠᠲᠤᠯᠠᠬᠤ ᠬᠡᠷᠡᠭᠲᠡᠶ᠃ ᠭᠠᠴᠠᠭ᠎ᠠ ᠲᠣᠰᠬᠤᠨ ᠤ ᠶᠠᠪᠤᠲᠠᠯ ᠳᠤ ᠬᠢᠨᠠᠯᠲᠠ ᠲᠠᠯᠪᠢᠬᠤ ᠪᠠᠷ ᠭᠤᠣᠯ ᠪᠣᠯᠭᠠᠭᠰᠠᠨ ᠭᠠᠴᠠᠭ᠎ᠠ ᠲᠤᠰᠬᠤᠨ ᠤ ᠬᠤᠭᠤᠴᠠᠭ᠎ᠠ ᠰᠣᠯᠢᠭᠰᠠᠨ ᠤ ᠵᠠᠯᠭᠠᠮᠵᠢ ᠠᠵᠢᠯ ᠢ ᠦᠨᠡᠨᠬᠦ ᠰᠠᠶᠢᠲᠤᠷ ᠠᠳᠬᠤᠵᠤ᠂ ᠭᠠᠴᠠᠭ᠎ᠠ ᠲᠣᠰᠬᠤᠨ ᠤ ᠱᠠᠲᠤᠨ ᠤ ᠢᠵᠢ ᠪᠦᠷᠢᠳᠦᠭᠦᠯᠬᠦ ᠵᠣᠬᠢᠶᠠᠨ ᠪᠠᠶᠢᠭᠤᠯᠤᠯᠲᠠ ᠢᠯᠠᠩᠭᠤᠶ᠎ᠠ ᠭᠠᠴᠠᠭ᠎ᠠ ᠲᠤᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠺᠣᠮᠢᠰ ᠤᠨ ᠪᠠᠶᠢᠭᠤᠯᠤᠯᠲᠠ ᠶᠢ ᠬᠠᠣᠯᠢ ᠶᠣᠰᠤᠭᠠᠷ ᠲᠡᠭᠦᠯᠳᠡᠷᠵᠢᠭᠦᠯᠦᠨ᠂ ᠭᠠᠴᠠᠭ᠎ᠠ ᠲᠣᠰᠬᠤᠨ ᠤ ᠺᠠᠳ᠋ᠷᠴᠤᠳ ᠲᠤ ᠬᠢᠨᠠᠯᠲᠠ ᠲᠠᠯᠪᠢᠵᠤ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂  ᠭᠠᠴᠠᠭ᠎ᠠ ᠲᠤᠰᠬᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠠᠮᠢᠵᠢᠷᠠᠯ ᠤᠨ ᠬᠥᠴᠦᠨ ᠢᠶᠠᠷ ᠲᠡᠭᠦᠯᠳᠡᠷ ᠭᠠᠴᠠᠭ᠎ᠠ ᠲᠤᠰᠬᠤᠨ ᠤ ᠠᠷᠠᠳ ᠤᠨ ᠥᠪᠡᠷᠲᠡᠭᠡᠨ ᠵᠠᠰᠠᠬᠤ ᠲᠣᠭᠲᠠᠴᠠ ᠶᠢ ᠤᠯᠠᠮ ᠨᠢᠭᠡ ᠠᠯᠬᠤᠮ  ᠪᠦᠷᠢᠨᠰᠢᠬᠦᠯᠦᠨ ᠲᠡᠭᠦᠯᠳᠡᠷᠵᠢᠭᠦᠯᠵᠦ᠂ ᠪᠦᠬᠦ ᠣᠷᠣᠨ ᠤ ᠭᠠᠴᠠᠭ᠎ᠠ ᠲᠤᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢᠯᠠᠯᠲᠠ᠂ ᠵᠢᠷᠤᠮᠵᠢᠯᠲᠠ ᠪᠠ  ᠳᠦᠷᠢᠮᠵᠢᠯᠲᠡ ᠶᠢᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃      ᠬᠤᠷᠠᠯ ᠠᠴᠠ᠂ ᠭᠠᠴᠠᠭ᠎ᠠ ᠲᠤᠰᠬᠤᠨ ᠤ ᠵᠥᠪᠯᠡᠯ ᠺᠤᠮᠢᠰ ᠤᠨ ᠤᠳᠤᠷᠢᠳᠬᠤ ᠪᠠᠭ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠵᠥᠪ ᠤᠳᠤᠷᠢᠳᠤᠮᠵᠢ ᠶᠢ ᠪᠠᠷᠢᠮᠲᠠᠯᠠᠵᠤ᠂ ᠤᠯᠤᠰ ᠲᠥᠷᠥ ᠶᠢᠨ ᠪᠠᠷᠢᠮᠵᠢᠶ᠎ᠠ ᠶᠢ ᠳᠣᠪᠤᠶᠢᠯᠭᠠᠨ᠂ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠡᠷᠬᠢᠯᠡᠭᠴᠢ ᠶᠢᠨ ︽ᠲᠤᠰᠢᠶᠠᠯ ᠢ ᠭᠠᠭᠴᠠ ᠬᠥᠮᠥᠨ ᠡᠭᠦᠷᠭᠡᠯᠡᠬᠦ︾᠎ ᠶᠢ ᠶᠣᠰᠣᠲᠠᠶ᠂ ᠬᠦᠴᠦᠲᠡᠶ᠂ ᠬᠠᠨᠳᠤᠯᠭᠠᠲᠤ ᠲᠠᠢ ᠶᠠᠪᠤᠭᠤᠯᠵᠤ᠂ ᠲᠤᠰᠬᠤᠨ ᠤ ᠠᠷᠠᠳ ᠤᠨ ᠵᠥᠪᠯᠡᠯ ᠤᠨ ᠡᠷᠬᠢᠯᠡᠭᠴᠢ ᠶᠢᠨ ᠨᠠᠮ ᠤᠨ ᠭᠡᠰᠢᠭᠦᠨ ᠤ ᠬᠠᠷᠢᠴᠠᠯ ᠪᠠ ︽ᠵᠥᠪᠯᠡᠯ ᠺᠤᠮᠢᠰ︾᠎ ᠤᠨ ᠺᠠᠳ᠋ᠷ ᠤᠨ ᠲᠤᠰᠢᠶᠠᠯ ᠰᠣᠯᠪᠢᠴᠠᠨ ᠬᠠᠷᠢᠭᠤᠴᠠᠬᠤ ᠬᠠᠷᠢᠴᠠᠯ ᠢ ᠶᠡᠬᠡᠪᠡᠷ ᠳᠡᠭᠡᠭᠰᠢᠯᠡᠭᠦᠯᠦᠨ᠂ ︽ᠵᠥᠪᠯᠡᠯ ᠺᠤᠮᠢᠰ︾᠎ ᠤᠨ ᠤᠳᠤᠷᠢᠳᠬᠤ ᠪᠠᠭ ᠎ ᠲᠤ ᠡᠮᠡᠭᠲᠡᠢ ᠺᠠᠳ᠋ᠷ ᠢ ᠣᠷᠣᠭᠤᠯᠬᠤ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠤᠳᠤᠷᠢᠳᠬᠤ ᠪᠠᠭ ᠤᠨ ᠪᠦᠬᠦᠯᠢ ᠴᠣᠭᠴᠠ ᠶᠢᠨ ᠴᠢᠳᠠᠮᠵᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠵᠠᠢ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号