ᠦᠪᠡᠷᠳᠡᠭᠡᠨ ᠵᠠᠰᠠᠬᠤ ᠤᠷᠤᠨ ᠤ ᠭᠠᠯ ᠰᠡᠷᠭᠡᠶᠢᠯᠡᠯᠲᠡ ᠶᠢᠨ ᠵᠢᠯᠤᠭᠤᠳᠬᠤ ᠭᠠᠵᠠᠷ ᠠᠴᠠ | ᠤᠢᠢᠯᠠᠭᠠᠭᠰᠠᠨ ᠢᠶᠠᠷ᠂ 6ᠳ᠋ᠤᠭᠠᠷ ᠰᠠᠷ᠎ᠠ ᠶᠢᠨ 18 ᠤ ᠡᠳᠦᠷ᠂ ᠦᠪᠦᠷ ᠮᠤᠩᠭᠤᠯ ᠤᠨ ᠶᠡᠭᠡ ᠬᠢᠩᠭᠠᠨ ᠳᠠᠪᠠᠭ᠎ᠠ ᠶᠢᠨ | ᠤᠮᠠᠷᠠᠳᠦ ᠬᠡᠰᠡᠭ ᠤᠨ ᠪᠠᠯᠠᠷ ᠤᠢ ᠶᠢᠨ ᠴᠢ ᠴᠢᠶᠠᠨ ᠤᠢ ᠰᠢᠭᠤᠢ ᠶᠢᠨ ᠲᠤᠪᠴᠢᠶ᠎ᠠ ᠳᠤ ᠤᠢ ᠰᠢᠭᠤᠢ ᠶᠢᠨ ᠲᠦᠢᠮᠡᠷ | ᠡᠭᠦᠰᠴᠦ᠂ 495 ᠬᠦᠮᠦᠨ ᠢᠶᠠᠷ ᠪᠦᠷᠢᠯᠳᠦᠭᠰᠡᠨ ᠲᠦᠢᠮᠠᠷ ᠤᠨᠳᠠᠷᠠᠭᠠᠬᠤ ᠠᠩᠬᠢ ᠪᠦᠬᠦ ᠬᠦᠴᠦᠨ ᠢᠶᠠᠷ ᠢᠶᠠᠨ | ᠴᠢᠷᠮᠠᠶᠢᠨ ᠠᠵᠢᠯᠯᠠᠭᠰᠠᠨ ᠢᠶᠠᠷ᠂ 20 ᠤ ᠡᠳᠦᠷ ᠤᠨ ᠦᠷ ᠢᠶᠠᠷ ᠭᠠᠳᠠᠭᠤᠷᠬᠢ ᠢᠯᠡ ᠭᠠᠯ ᠢ ᠪᠥᠬᠦᠨ ᠢ ᠤᠨᠲᠠᠷᠠᠭᠠᠵᠤ | ᠂ ᠣᠳᠣ ᠶᠠᠭ ᠲᠤᠳᠤᠷ᠎ᠠ ᠲᠠᠯ᠎ᠠ ᠶᠢᠨ ᠭᠠᠯ ᠢ ᠤᠨᠲᠠᠷᠠᠭᠠᠬᠤ ᠪᠠᠷ ᠴᠢᠷᠮᠠᠶᠢᠵᠤ ᠪᠣᠢ᠃ ᠲᠤᠰ ᠤᠳᠠᠭᠠᠨ ᠤ ᠲᠦᠢᠮᠡᠷ ᠨᠢ | ᠠᠶᠤᠩᠭ᠎ᠠ ᠨᠢᠷᠭᠡᠭᠰᠡᠨ ᠠᠴᠠ ᠪᠣᠯᠵᠤ ᠡᠭᠦᠰᠦᠭᠰᠡᠨ ᠪᠥᠭᠡᠳ ᠲᠦᠢᠮᠡᠷ ᠲᠤ ᠰᠢᠳᠠᠭᠳᠠᠭᠰᠠᠨ ᠲᠠᠯᠠᠪᠠᠢ ᠶᠢ ᠶᠠᠭ ᠬᠢᠨᠠᠨ | ᠪᠠᠶᠢᠴᠠᠭᠠᠵᠤ ᠪᠤᠢ᠃ | ᠲᠦᠢᠮᠡᠷ ᠡᠭᠦᠰᠦᠭᠰᠡᠨ ᠤ ᠳᠠᠷᠠᠭ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ | ᠱᠦᠵᠢ ᠸᠠᠩ ᠵᠢᠶᠦ᠋ᠨ ᠲᠡᠷᠡ ᠳᠠᠷᠤᠢ ᠳᠤᠨᠢ ᠴᠢᠬᠤᠯᠠ ᠴᠤᠬᠤᠯᠠᠪᠤᠷᠢ ᠪᠠᠭᠤᠯᠭᠠᠵᠤ᠂ ᠬᠤᠯᠪᠤᠭᠳᠠᠯ ᠪᠦᠬᠦᠢ ᠰᠠᠯᠠᠭ᠎ᠠ | ᠮᠦᠴᠢᠷ ᠤᠨ ᠬᠢᠨ ᠳᠠᠷᠤᠢ ᠲᠦᠷᠭᠡᠨ ᠬᠦᠳᠡᠯᠦᠯᠴᠡᠵᠦ᠂ ᠶᠡᠬᠡᠬᠡᠨ ᠬᠦᠴᠦ ᠣᠷᠤᠭᠤᠯᠵᠤ᠂ ᠭᠠᠯ ᠲᠦᠢᠮᠡᠷ ᠢ ᠲᠦᠷᠭᠡᠨ | ᠤᠨᠳᠠᠷᠠᠭᠠᠬᠤ ᠬᠡᠷᠡᠭᠳᠠᠢ ᠬᠡᠵᠤ ᠱᠠᠭᠠᠷᠳᠠᠭᠰᠠᠨ ᠤ ᠬᠠᠮᠳᠤ ᠪᠠᠰᠠ ᠲᠦᠢᠮᠡᠷ ᠤᠨᠳᠠᠷᠠᠭᠠᠬᠤ ᠲᠥᠰᠥᠯ ᠢ ᠰᠢᠨᠵᠢᠯᠡᠬᠦ | ᠤᠬᠠᠭᠠᠨᠴᠢ ᠪᠠᠷ ᠳᠤᠭᠳᠠᠭᠠᠵᠤ᠂ ᠭᠠᠯ ᠤᠨᠳᠠᠷᠠᠭᠠᠬᠤ ᠬᠦᠮᠦᠰ ᠤᠨ ᠠᠮᠢ ᠨᠠᠰᠤᠨ ᠤ ᠠᠮᠤᠷ ᠲᠦᠪᠰᠢᠨ ᠢ ᠦᠨᠡᠨᠬᠦ | ᠪᠠᠳᠤᠯᠠᠬᠤ ᠬᠡᠷᠡᠭᠳᠠᠢ ᠭᠡᠵᠤ ᠱᠠᠭᠠᠷᠳᠠᠭᠰᠠᠨ ᠪᠠᠶᠢᠨ᠎ᠠ᠃ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠠᠭᠠᠳᠤᠷ | ᠲᠦᠢᠮᠡᠷ ᠤᠨᠲᠠᠷᠠᠭᠠᠵᠤ ᠪᠠᠶᠢᠭ᠎ᠠ ᠲᠤᠬᠠᠢ ᠶᠢᠨ ᠭᠠᠵᠠᠷ ᠤᠨ ᠠᠵᠢᠯ ᠢ ᠨᠢᠭᠲᠠ ᠠᠩᠬᠠᠷᠬᠤ ᠶᠢᠨ ᠬᠠᠮᠳᠤ ᠪᠤᠳᠠᠳᠠᠢ | ᠱᠠᠭᠠᠷᠳᠠᠯᠭ᠎ᠠ ᠲᠤᠷᠠᠳᠴᠠᠢ᠃ ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠸᠠᠩ ᠢᠤᠢ ᠮᠢᠩ ᠦᠪᠡᠷᠳᠡᠭᠡᠨ | ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠲᠤᠮᠢᠯᠠᠯᠳᠠ ᠪᠠᠷ 20 ᠤ ᠡᠳᠦᠷ ᠤᠨ ᠦᠷ ᠢᠶᠠᠷ | ᠤᠢ ᠰᠢᠭᠤᠢ᠂ ᠴᠠᠭ ᠠᠭᠤᠷ᠂ ᠤᠢ ᠰᠢᠭᠤᠢ ᠶᠢᠨ ᠴᠠᠭᠳᠠᠭ᠎ᠠ ᠶᠢᠨ ᠶᠡᠷᠦᠩᠬᠡᠢ ᠠᠩᠬᠢ ᠶᠢᠨ ᠬᠠᠷᠢᠭᠤᠴᠠᠯᠭᠠᠳᠠᠨ ᠢ | ᠳᠠᠭᠠᠭᠤᠯᠤᠨ ᠬᠦᠯᠦᠨ ᠪᠤᠶᠢᠷ ᠲᠤ ᠨᠢᠰᠬᠡᠯ ᠢᠶᠠᠷ ᠬᠦᠷᠴᠤ᠂ ᠲᠤᠬᠠᠢ ᠶᠢᠨ ᠭᠠᠵᠠᠷ ᠲᠤᠨᠢ ᠲᠦᠢᠮᠡᠷ ᠤᠨᠳᠠᠷᠠᠭᠠᠬᠤ | ᠠᠵᠢᠯ ᠢ ᠵᠢᠯᠤᠭᠤᠳᠪᠠ᠃ | ᠤᠢᠢᠯᠠᠭᠠᠭᠰᠠᠨ ᠢᠶᠠᠷ᠂ ᠭᠠᠳᠠᠭᠤᠷᠬᠢ ᠢᠯᠡ ᠭᠠᠯ ᠢ ᠤᠨᠳᠠᠷᠠᠭᠠᠭᠰᠠᠨ ᠤ ᠳᠠᠷᠠᠭ᠎ᠠ ᠳᠦᠢᠮᠡᠷ | ᠤᠨᠳᠠᠷᠠᠭᠠᠬᠤ ᠡᠮᠦᠨ᠎ᠠ ᠹᠷᠤᠨᠲ ᠤᠨ ᠵᠢᠯᠤᠭᠤᠳᠬᠤ ᠭᠠᠵᠠᠷ ᠤᠨ ᠬᠢᠨ ᠪᠠᠴᠢᠮ ᠰᠣᠳᠣᠯᠵᠤ᠂ ᠭᠠᠯ ᠤᠨᠳᠠᠷᠠᠭᠠᠬᠤ | ᠠᠵᠢᠯ ᠤᠨ ᠪᠠᠶᠢᠷᠢᠯᠠᠭᠤᠯᠤᠯᠳᠠ ᠪᠠᠨ ᠴᠢᠩᠭᠠᠷᠠᠭᠤᠯᠤᠨ᠂ ᠴᠡᠷᠢᠭ ᠢᠶᠠᠨ ᠵᠦᠢ ᠵᠣᠬᠢᠰᠲᠠᠢ ᠳᠤᠬᠢᠷᠠᠭᠤᠯᠵᠤ᠂ | ᠬᠦᠴᠦᠨ ᠢᠶᠠᠨ ᠲᠦᠪᠯᠡᠷᠡᠭᠦᠯᠤᠨ ᠲᠤᠳᠤᠷ᠎ᠠ ᠲᠠᠯ᠎ᠠ ᠶᠢᠨ ᠭᠠᠯ ᠢ ᠤᠨᠳᠠᠷᠠᠭᠠᠵᠤ᠂ ᠭᠠᠯ ᠤᠨᠳᠠᠷᠠᠭᠠᠬᠤ ᠹᠷᠤᠨᠲ ᠢᠶᠠᠨ | ᠪᠠᠳᠤ ᠰᠠᠬᠢᠵᠤ᠂ ᠤᠨᠳᠠᠷᠠᠭᠰᠠᠨ ᠭᠠᠯ ᠳᠠᠬᠢᠨ ᠴᠤᠭᠰᠢᠵᠤ ᠨᠤᠴᠤᠬᠤ ᠶᠢ ᠴᠢᠩᠭ᠎ᠠ ᠰᠡᠷᠭᠡᠶᠢᠯᠡᠨ᠂ ᠲᠦᠢᠮᠡᠷ | ᠤᠨᠳᠠᠷᠠᠭᠠᠬᠤ ᠠᠵᠢᠯ ᠳᠠᠭᠠᠨ ᠪᠦᠬᠦ ᠲᠠᠯ᠎ᠠ ᠶᠢᠨ ᠢᠯᠠᠯᠳᠠ ᠤᠯᠬᠤ ᠶᠢ ᠦᠨᠡᠨᠬᠦ ᠪᠠᠲᠤᠯᠠᠪᠠ᠃ |