6 ᠳ᠋ᠤᠭᠠᠷ ᠰᠠᠷ᠎ᠠ ᠶᠢᠨ 12 ᠤᠨ ᠡᠳᠦᠷ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠴᠥᠭᠡᠨ | ᠲᠤᠭᠠᠳᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠭᠠᠯ ᠪᠠᠮᠪᠠᠷ ᠳᠠᠮᠵᠢᠭᠤᠯᠵᠤ | ᠡᠬᠢᠯᠡᠬᠦ ᠶᠢ ᠳᠠᠭᠠᠯᠳᠤᠨ᠂ ᠡᠨᠡ ᠤᠳᠠᠭᠠᠨ ᠤ ᠦᠪᠡᠳᠡᠭᠰᠢ ᠴᠤᠭᠯᠠᠭᠠᠨ ᠡᠬᠢᠯᠡᠬᠦ ᠴᠠᠭ ᠴᠦ ᠤᠯᠠᠮ ᠠᠴᠠ ᠤᠯᠠᠮ | ᠤᠶᠢᠷᠠᠲᠤᠵᠤ ᠢᠷᠡᠪᠡ᠃ ᠴᠤᠭᠯᠠᠭᠠᠨ ᠡᠷᠬᠢᠯᠡᠭᠴᠢ ᠲᠠᠯ᠎ᠠ ᠪᠣᠯᠤᠭᠰᠠᠨ ᠤ ᠬᠤᠪᠢ ᠳᠤ᠂ ᠮᠠᠨ ᠤ ᠣᠷᠣᠨ ᠤ 663 | ᠨᠡᠷ᠎ᠡ ᠲᠠᠮᠢᠷᠴᠢᠨ ᠪᠦᠬᠦ 17 ᠤᠷᠤᠯᠳᠤᠭᠠᠨ ᠤ ᠲᠦᠷᠦᠯ ᠵᠦᠢᠯ ᠪᠠ 16 ᠲᠣᠭᠯᠠᠯᠲᠠ ᠶᠢᠨ ᠵᠦᠢᠯ ᠳᠤ ᠤᠷᠤᠯᠴᠠᠬᠤ | ᠲᠤᠯᠠ᠂ ᠤᠷᠤᠯᠳᠤᠭᠠᠨ ᠤ ᠲᠦᠷᠦᠯ ᠵᠦᠢᠯ ᠪᠤᠯᠤᠨ ᠲᠠᠮᠢᠷᠴᠢᠨ ᠤ ᠲᠤᠭ᠎ᠠ ᠪᠠᠷ ᠴᠥᠮ ᠲᠡᠤᠭᠡ ᠶᠢᠨ ᠰᠢᠨ᠎ᠡ | ᠲᠡᠮᠳᠡᠭᠯᠡᠯ ᠢ ᠡᠭᠦᠳᠦᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠴᠥᠭᠡᠨ ᠲᠤᠭᠠᠳᠤ | ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠨᠢ ᠵᠥᠪᠬᠡᠨ ᠰᠤᠷ ᠬᠠᠷᠪᠤᠬᠤ ᠪᠠ ᠪᠥᠬᠡ | ᠪᠠᠷᠢᠯᠳᠤᠬᠤ ᠬᠤᠶᠠᠷ ᠤᠷᠤᠯᠳᠤᠭᠠᠨ ᠤ ᠵᠦᠢᠯ᠂ 68 ᠦᠵᠡᠭᠦᠯᠦᠯᠭᠡ ᠶᠢᠨ ᠵᠦᠢᠯ ᠪᠠᠶᠢᠭᠰᠠᠨ ᠠᠴᠠ ᠪᠠᠨ ᠲᠤᠰ | ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠪᠤᠯᠬᠤ ᠳᠤ 17 ᠤᠷᠤᠯᠳᠤᠭᠠᠨ ᠤ ᠲᠦᠷᠦᠯ ᠵᠦᠢᠯ ᠪᠠ 178 | ᠦᠵᠡᠭᠦᠯᠦᠯᠭᠡ ᠶᠢᠨ ᠵᠦᠢᠯ ᠲᠠᠢ ᠪᠣᠯᠵᠤ᠂ ᠪᠦᠬᠦ ᠤᠯᠤᠰ ᠤᠨ ᠴᠥᠭᠡᠨ ᠲᠤᠭᠠᠳᠤ ᠦᠨᠳᠦᠰᠦᠲᠡᠨ ᠤ ᠤᠯᠠᠮᠵᠢᠯᠠᠯᠲᠤ | ᠪᠡᠶ᠎ᠡ ᠶᠢᠨ ᠲᠠᠮᠢᠷ ᠤᠨ ᠴᠤᠭᠯᠠᠭᠠᠨ ᠤ ᠬᠡᠪᠴᠢᠶ᠎ᠡ ᠶᠢ ᠲᠠᠰᠤᠷᠠᠯᠲᠠ ᠦᠭᠡᠶ ᠦᠷᠭᠡᠳᠭᠡᠭᠡᠳ᠂ ᠲᠥᠷᠥᠯ ᠵᠦᠢᠯ ᠨᠢ | ᠤᠯᠠᠮ ᠠᠴᠠ ᠤᠯᠠᠮ ᠣᠯᠠᠨ ᠪᠤᠯᠪᠠ᠃ | ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠴᠥᠭᠡᠨ ᠲᠤᠭᠠᠳᠤ ᠦᠨᠳᠦᠰᠦᠲᠡᠨ ᠤ | ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠳᠤ᠂ ᠮᠠᠨ ᠤ ᠣᠷᠣᠨ ᠤᠷᠤᠯᠳᠤᠭᠠᠨ ᠤ ᠵᠦᠢᠯ ᠳᠤ ᠨᠢᠭᠡᠳᠦᠭᠡᠷ | ᠳᠡᠰ ᠤᠨ ᠱᠠᠩᠨᠠᠯ 17᠂ ᠬᠤᠶᠠᠳᠤᠭᠠᠷ ᠳᠡᠰ ᠤᠨ ᠱᠠᠩᠨᠠᠯ 19᠂ ᠭᠤᠷᠪᠠᠳᠤᠭᠠᠷ ᠳᠡᠰ ᠤᠨ ᠱᠠᠩᠨᠠᠯ 26 ᠶᠢ | ᠤᠯᠵᠤ᠂ ᠲᠣᠭᠯᠠᠯᠲᠠ ᠶᠢᠨ ᠲᠥᠷᠥᠯ ᠵᠦᠢᠯ ᠳᠤ ᠨᠢᠭᠡᠳᠦᠭᠡᠷ ᠳᠡᠰ ᠤᠨ ᠱᠠᠩᠨᠠᠯ 2᠂ ᠭᠤᠷᠪᠠᠳᠤᠭᠠᠷ ᠳᠡᠰ ᠤᠨ | ᠱᠠᠩᠨᠠᠯ 3 ᠶᠢ ᠤᠯᠵᠤ᠂ ᠮᠧᠳᠠᠯ ᠤᠨ ᠶᠡᠷᠦᠩᠬᠡᠶ ᠲᠤᠭ᠎ᠠ ᠪᠠᠷ ᠨᠢᠭᠡᠳᠦᠭᠡᠷ ᠲᠤ ᠤᠷᠤᠵᠤ᠂ ᠲᠠᠯ᠎ᠠ ᠨᠤᠲᠤᠭ ᠤᠨ ᠦᠷ᠎ᠡ | ᠬᠡᠦᠬᠡᠳ ᠤᠨ ᠰᠠᠶᠢᠨ ᠰᠠᠶᠢᠬᠠᠨ ᠴᠤᠭ ᠵᠢᠪᠬᠤᠭ᠎ᠠ ᠶᠢ ᠭᠦᠢᠴᠡᠳ ᠬᠠᠷᠠᠭᠤᠯᠤᠨ᠂ ᠥᠪᠡᠷᠲᠡᠭᠡᠨ ᠵᠠᠰᠠᠬᠤ ᠣᠷᠣᠨ ᠳᠤ | ᠢᠷᠠᠭᠤ ᠠᠯᠳᠠᠷ ᠨᠡᠮᠡᠷᠢᠯᠡᠪᠡ᠃ |