ᠠᠷᠪᠠᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ᠂ ᠥᠪᠥᠷ ᠮᠣᠩᠭᠤᠯ ᠤᠨ ᠲᠠᠯ᠎ᠠ ᠨᠤᠲᠤᠭ ᠤᠨ ᠰᠣᠶᠣᠯ ᠤᠨ ᠨᠠᠶᠢᠷ 6 ᠳ᠋ᠤᠭᠠᠷ ᠰᠠᠷ᠎ᠠ ᠶᠢᠨ 25᠎ ᠤ ᠡᠳᠦᠷ ᠰᠠᠷ᠎ᠠ ᠡᠬᠢᠯᠡᠬᠦ ᠪᠣᠯᠣᠨ᠎ᠠ
ᠨᠡᠶᠢᠲᠡᠯᠡᠭᠰᠡᠨ ᠴᠠᠭ᠄
2015/6/24
     6 ᠳ᠋ᠤᠭᠠᠷ ᠰᠠᠷ᠎ᠠ ᠶᠢᠨ 25᠎ ᠤ ᠡᠳᠦᠷ ᠤᠨ ᠣᠷᠣᠶ ᠶᠢᠨ 8 ᠴᠠᠭ ᠲᠤ ᠤᠯᠠᠭᠠᠨ ᠲᠢᠶᠠᠲᠷ ᠲᠤ ᠠᠷᠪᠠᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ᠂ ᠥᠪᠥᠷ ᠮᠣᠩᠭᠤᠯ ᠤᠨ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠡᠬᠢᠯᠡᠬᠦ ᠶᠣᠰᠣᠯᠠᠯ ᠶᠠᠪᠤᠭᠳᠠᠨ᠎ᠠ᠃ ᠡᠨᠡ ᠪᠣᠯ 6 ᠳ᠋ᠤᠭᠠᠷ ᠰᠠᠷ᠎ᠠ ᠶᠢᠨ 18᠎ ᠤ ᠡᠳᠦᠷ ᠤᠨ 10 ᠴᠠᠭ 30 ᠮᠢᠨᠦ᠋ᠲ ᠲᠤ ᠠᠷᠪᠠᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ᠂ ᠥᠪᠥᠷ ᠮᠣᠩᠭᠤᠯ ᠤᠨ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠨᠡᠶᠢᠲᠡᠯᠡᠭᠰᠡᠨ ᠬᠠᠮᠤᠭ ᠤᠨ ᠰᠢᠨ᠎ᠡ ᠮᠡᠳᠡᠭᠡ ᠪᠣᠯᠣᠨ᠎ᠠ᠃      ᠣᠶᠢᠯᠠᠭᠠᠵᠤ ᠮᠡᠳᠡᠭᠰᠡᠨ ᠢᠶᠠᠷ᠂ ᠠᠷᠪᠠᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ᠂ ᠥᠪᠥᠷ ᠮᠣᠩᠭᠤᠯ ᠤᠨ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠭᠤᠣᠯ ᠠᠵᠢᠯᠯᠠᠭ᠎ᠠ ᠶᠢᠨ ᠲᠥᠷᠥᠯ ᠵᠦᠢᠯ ᠳᠤ ᠲᠠᠯ᠎ᠠ ᠨᠤᠲᠤᠭ ᠤᠨ ᠰᠣᠶᠣᠯ ᠤᠨ ᠭᠤᠣᠯ ᠰᠡᠳᠦᠪᠲᠦ ᠶᠠᠷᠢᠯᠴᠠᠭᠠᠨ ᠤ ᠲᠠᠪᠴᠠᠩ᠂ ᠦᠨᠳᠦᠰᠦᠲᠡᠨ ᠤ ᠺᠢᠨᠣ᠋ ᠶᠢᠨ ᠳᠡᠯᠭᠡᠨ ᠦᠵᠡᠭᠦᠯᠦᠯᠭᠡ ᠶᠢᠨ ᠭᠠᠷᠠᠭ᠂ ᠪᠣᠯᠪᠠᠰᠤᠨ ᠤ ᠭᠡᠷᠡᠴᠢᠯᠡᠯ — — ᠤᠯᠠᠭᠠᠨᠬᠠᠳᠠ ᠬᠢᠭᠡᠳ ᠳᠤᠮᠳᠠᠳᠤ ᠤᠯᠤᠰ ᠤᠨ ᠪᠠᠯᠠᠷ ᠡᠷᠲᠡᠨ ᠤ ᠬᠠᠰ ᠡᠳ᠋ᠯᠡᠯ ᠤᠨ ᠰᠣᠶᠣᠯ ᠤᠨ ᠣᠨᠴᠠᠭᠠᠶ ᠦᠵᠡᠭᠦᠯᠦᠯᠭᠡ᠂ ᠦᠵᠡᠮᠵᠢᠲᠦ ᠣᠷᠣᠨ — — ᠥᠪᠥᠷ ᠮᠣᠩᠭᠤᠯ ᠤᠨ ᠤᠷᠠᠨ ᠵᠢᠷᠤᠭ ᠤᠨ ᠪᠥᠲᠦᠭᠡᠯ ᠤᠨ ᠦᠵᠡᠭᠦᠯᠦᠯᠭᠡ᠂ ᠮᠠᠨ ᠤ ᠳᠤᠮᠳᠠᠳᠤ ᠶᠢᠨ ᠵᠡᠭᠦᠳᠦ · ᠭᠤᠶᠢᠳᠠ ᠰᠠᠶᠢᠬᠠᠨ ᠲᠠᠯ᠎ᠠ ᠨᠤᠲᠤᠭ ᠤᠨ ᠦᠯᠢᠭᠡᠷ — — ᠪᠢᠴᠢᠯ ᠺᠢᠨᠣ᠋ ᠷᠠᠳᠢᠣ᠋ ᠵᠦᠴᠦᠭᠡ ᠶᠢᠨ ᠦᠵᠡᠭᠦᠯᠦᠯᠭᠡ ᠶᠢᠨ ᠨᠡᠪᠲᠡᠷᠡᠭᠦᠯᠭᠡ ᠵᠡᠷᠭᠡ 14 ᠵᠦᠢᠯ ᠪᠣᠢ᠃ ᠡᠭᠦᠨ ᠳᠤ ᠲᠠᠯ᠎ᠠ ᠨᠤᠲᠤᠭ ᠤᠨ ᠰᠣᠶᠣᠯ ᠤᠨ ᠭᠤᠣᠯ ᠰᠡᠳᠦᠪᠲᠦ ᠶᠠᠷᠢᠯᠴᠠᠭᠠᠨ ᠤ ᠲᠠᠪᠴᠠᠩ ᠨᠢ ᠭᠤᠣᠯ ᠶᠠᠷᠢᠯᠴᠠᠭᠠᠨ ᠤ ᠲᠠᠪᠴᠠᠩ ᠪᠣᠯᠣᠨ ᠭᠤᠷᠪᠠᠨ ᠬᠤᠪᠢᠶᠠᠷᠢ ᠶᠠᠷᠢᠯᠴᠠᠭᠠᠨ ᠤ ᠲᠠᠪᠴᠠᠩ ᠢᠶᠠᠷ ᠪᠦᠷᠢᠯᠳᠦᠵᠦ᠂ ᠭᠤᠣᠯ ᠶᠠᠷᠢᠯᠴᠠᠭᠠᠨ ᠤ ᠲᠠᠪᠴᠠᠩ ᠨᠢ ᠬᠤᠶᠠᠷ ᠡᠳᠦᠷ ᠤᠨ ᠬᠤᠭᠤᠴᠠᠭ᠎ᠠ ᠲᠠᠢ ᠪᠠᠶᠢᠵᠤ᠂ ︽ᠲᠠᠯ᠎ᠠ ᠨᠤᠲᠤᠭ ᠤᠨ ᠰᠣᠶᠣᠯ ᠪᠣᠯᠤᠨ ᠲᠠᠯ᠎ᠠ ᠨᠤᠲᠤᠭ ᠤᠨ ᠲᠣᠷᠭᠠᠨ ᠵᠠᠮ︾᠎ ᠢᠶᠠᠷ ᠭᠤᠣᠯ ᠰᠡᠳᠦᠪ ᠪᠣᠯᠭᠠᠵᠠᠢ︔ ᠬᠤᠪᠢᠶᠠᠷᠢ ᠶᠠᠷᠢᠯᠴᠠᠭᠠᠨ ᠤ ᠲᠠᠪᠴᠠᠩ ᠨᠢ ᠮᠣᠩᠭᠤᠯ ᠡᠮ ᠡᠮᠨᠡᠯᠭᠡ ᠶᠢᠨ ᠶᠠᠷᠢᠯᠴᠠᠭᠠᠨ ᠤ ᠲᠠᠪᠴᠠᠩ᠂ ᠮᠣᠩᠭᠤᠯ ᠨᠣᠮ ᠪᠢᠴᠢᠭ ᠤᠨ ᠶᠠᠷᠢᠯᠴᠠᠭᠠᠨ ᠤ ᠲᠠᠪᠴᠠᠩ ᠪᠣᠯᠣᠨ ᠦᠨᠳᠦᠰᠦᠲᠡᠨ ᠤ ᠨᠠᠶᠢᠷᠠᠯ ᠬᠥᠭᠵᠢᠮ ᠤᠨ ᠶᠠᠷᠢᠯᠴᠠᠭᠠᠨ ᠤ ᠲᠠᠪᠴᠠᠩ ᠪᠣᠯᠣᠨ᠎ᠠ᠃      ᠮᠡᠳᠡᠭᠡᠯᠡᠭᠰᠡᠨ ᠢᠶᠠᠷ᠂ ᠠᠷᠪᠠᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ᠂ ᠥᠪᠥᠷ ᠮᠣᠩᠭᠤᠯ ᠤᠨ ᠲᠠᠯ᠎ᠠ ᠨᠤᠲᠤᠭ ᠤᠨ ᠰᠣᠶᠣᠯ ᠤᠨ ᠨᠠᠶᠢᠷ ᠡᠬᠢᠯᠡᠬᠦ ᠳᠤ ᠲᠣᠭᠯᠠᠬᠤ ᠵᠥᠴᠦᠭᠡ ᠪᠣᠯ ᠥᠪᠥᠷ ᠮᠣᠩᠭᠤᠯ ᠤᠨ ᠦᠨᠳᠦᠰᠦᠲᠡᠨ ᠤ ᠤᠷᠠᠯᠢᠭ ᠵᠥᠴᠦᠭᠡ ᠶᠢᠨ ᠬᠦᠷᠢᠶᠡᠯᠡᠩ ᠤᠨ ᠲᠣᠭᠯᠠᠬᠤ ᠶᠠᠷᠢᠶᠠᠲᠤ ᠵᠥᠴᠦᠭᠡ ︽ᠢᠨᠵᠠᠨᠨᠠᠰᠢ︾ ᠪᠣᠯᠣᠨ᠎ᠠ᠃ ᠲᠤᠰ ᠵᠦᠴᠦᠭᠡ ᠮᠣᠩᠭᠤᠯ ᠦᠨᠳᠦᠰᠦᠲᠡᠨ ᠤ ᠠᠭᠤᠤ ᠶᠡᠭᠡ ᠤᠳᠬ᠎ᠠ ᠵᠣᠬᠢᠶᠠᠯᠴᠢ᠂ ᠪᠣᠳᠣᠯᠭᠠᠲᠠᠨ ᠢᠨᠵᠠᠨᠠᠰᠢ ᠶᠢᠨ ᠡᠷᠳᠡᠮ ᠰᠣᠳᠣᠯᠭ᠎ᠠ᠂ ᠶᠠᠮᠠᠷᠰᠢᠦ ᠬᠥᠮᠦᠨ ᠪᠣᠯᠬᠤ ᠵᠢᠴᠢ ᠲᠡᠭᠦᠨ ᠤ ᠥᠭᠰᠦᠵᠦ ᠤᠷᠤᠭᠤᠳᠠᠭᠰᠠᠨ ᠠᠮᠢᠳᠤᠷᠠᠯ ᠤᠨ ᠥᠩᠭᠡᠷᠡᠯᠲᠡ ᠶᠢ ᠲᠠᠨᠢᠯᠴᠠᠭᠤᠯᠤᠨ᠂ ᠲᠡᠭᠦᠨ ᠤ ᠮᠣᠩᠭᠤᠯ ᠦᠨᠳᠦᠰᠦᠲᠡᠨ ᠬᠢᠭᠡᠳ ᠳᠤᠮᠳᠠᠳᠤ ᠤᠯᠤᠰ ᠤᠨ ᠦᠨᠳᠦᠰᠦᠲᠡᠨ ᠤ ᠤᠳᠬ᠎ᠠ ᠵᠣᠬᠢᠶᠠᠯ ᠤᠨ ᠬᠥᠭᠵᠢᠯᠲᠡ ᠳᠤ ᠦᠵᠡᠭᠦᠯᠦᠭᠰᠡᠨ ᠭᠠᠷᠮᠠᠭᠠᠶ ᠬᠤᠪᠢ ᠨᠡᠮᠡᠷᠢ ᠶᠢ ᠲᠣᠭᠠᠴᠢᠵᠤ᠂ ᠦᠨᠳᠦᠰᠦᠲᠡᠨ ᠤ ᠪᠦᠯᠬᠦᠮᠳᠡᠯ ᠤᠨ ᠦᠵᠡᠯ ᠰᠠᠨᠠᠭ᠎ᠠ ᠪᠠ ᠡᠬᠡ ᠣᠷᠣᠨᠴᠢ ᠵᠣᠷᠢᠭ ᠰᠠᠨᠠᠭ᠎ᠠ ᠶᠢ ᠲᠤᠰᠬᠠᠭᠰᠠᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号