ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠲᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠠᠷᠪᠠᠨ ᠨᠢᠭᠡᠲᠦᠭᠡᠷ ᠤᠳᠠᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2015/6/24
     6 ᠳ᠋ᠤᠭᠠᠷ ᠰᠠᠷ᠎ᠠ ᠶᠢᠨ 23᠎ ᠤ ᠡᠲᠦᠷ᠂ ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠲᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠠᠷᠪᠠᠨ ᠨᠢᠭᠡᠲᠦᠭᠡᠷ ᠤᠳᠠᠭ᠎ᠠ ᠶᠢᠨ ᠬᠤᠷᠠᠯ ᠬᠦᠬᠡᠬᠤᠲᠠ ᠳᠤ ᠬᠤᠷᠠᠯᠳᠤᠪᠠ᠃        ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠲᠤᠭᠤᠢᠢᠯᠠᠩ ᠤᠨ ᠱᠦᠵᠢ᠂ ᠲᠡᠷᠢᠭᠦᠯᠡᠭᠴᠢ ᠷᠧᠨ ᠶᠠ ᠫᠢᠩ ᠬᠤᠷᠠᠯ ᠡᠷᠬᠢᠯᠡᠪᠡ᠃ ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠬᠦᠸᠧ ᠴᠢ ᠵᠢᠶᠦ᠋ᠨ᠂ ᠵᠧᠩ ᠹᠦ᠋ ᠲᠢᠶᠠᠨ᠂ ᠨᠢᠦ ᠭᠤᠸᠠᠩ ᠮᠢᠩ᠂ ᠴᠧᠨ ᠢᠤᠢ᠂ ᠴᠠᠩ ᠬᠠᠢ᠂ ᠯᠢᠶᠠᠩ ᠲᠢᠶᠧ ᠴᠧᠩ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠲᠤᠭᠤᠢᠢᠯᠠᠩ ᠤᠨ ᠪᠦᠷᠢᠯᠲᠦᠭᠦᠨ ᠸᠧᠢ ᠵᠢᠶᠦ᠋ᠨ ᠬᠤᠷᠠᠯ ᠳᠤ ᠤᠷᠤᠯᠴᠠᠪᠠ᠃ ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠬᠡᠰᠢᠭᠦᠨ᠂ ᠦᠪᠦᠷ ᠮᠤᠩᠭᠤᠯ ᠤᠨ ᠴᠡᠷᠢᠭ ᠤᠨ ᠲᠤᠭᠤᠷᠢᠭ ᠤᠨ ᠲᠡᠳ᠋ ᠺᠤᠮᠢᠰᠰᠡᠷ ᠵᠠᠩ ᠶᠢᠩ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠬᠡᠰᠢᠭᠦᠨ᠂ ᠭᠤᠮᠢᠨᠲᠠᠩ ᠤᠨ ᠬᠤᠪᠢᠰᠬᠠᠯᠲᠦ ᠬᠤᠷᠢᠶ᠎ᠠ ᠶᠢᠨ ᠦᠪᠦᠷ ᠮᠤᠩᠭᠤᠯ ᠤᠨ ᠬᠤᠷᠢᠶ᠎ᠠ ᠶᠢᠨ ᠡᠷᠬᠢᠯᠡᠭᠴᠢ ᠬᠡᠰᠢᠭᠦᠨ ᠯᠢᠦ ᠪᠢᠨ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ᠃        ᠬᠤᠷᠠᠯ ᠠᠴᠠ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠠᠷᠪᠠᠨ ᠨᠢᠭᠡᠲᠦᠭᠡᠷ ᠤᠳᠠᠭ᠎ᠠ ᠶᠢᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠠᠴᠠ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠢ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠠᠷᠪᠠᠨ ᠨᠢᠭᠡᠲᠦᠭᠡᠷ ᠤᠳᠠᠭ᠎ᠠ ᠶᠢᠨ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠦ᠂ ᠤᠳᠤᠬᠠᠨ ᠤ ᠠᠵᠦ ᠠᠬᠤᠢ ᠨᠡᠶᠢᠭᠡᠮ ᠤᠨ ᠬᠦᠭᠵᠢᠯᠲᠡ ᠶᠢᠨ ᠪᠠᠶᠢᠲᠠᠯ ᠢ ᠪᠦᠬᠦ ᠲᠠᠯ᠎ᠡ ᠪᠠᠷ ᠤᠢᠢᠯᠠᠭᠠᠨ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠦᠯᠦᠪᠵᠢᠭᠦᠯᠭᠡ ᠶᠢᠨ ᠬᠤᠭᠤᠴᠠᠭᠠᠨ ᠳᠠᠬᠢ ᠠᠵᠦ ᠠᠬᠤᠢ ᠨᠡᠶᠢᠭᠡᠮ ᠤᠨ ᠬᠦᠭᠵᠢᠯᠲᠡ ᠶᠢᠨ ᠴᠢᠭᠯᠡᠯ᠂ ᠬᠠᠷᠠᠯᠲᠠ᠂ ᠡᠭᠦᠷᠭᠡ ᠶᠢ ᠤᠨᠤᠪᠴᠢᠲᠠᠢ ᠡᠵᠡᠮᠰᠢᠨ᠂ ᠪᠠᠶᠢᠲᠠᠯ ᠢ ᠨᠡᠩ ᠰᠠᠶᠢᠨ ᠤᠢᠢᠯᠠᠭᠠᠵᠣ᠂ ᠲᠦᠷᠦ ᠶᠢᠨ ᠶᠠᠪᠤᠲᠠᠯ ᠢ ᠵᠦᠪᠯᠡᠨ ᠰᠠᠨᠠᠯ ᠰᠠᠨᠠᠭᠤᠯᠭ᠎ᠠ  ᠲᠠᠪᠰᠢᠭᠦᠯᠵᠦ᠂ ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠢ ᠬᠠᠮᠵᠢᠨ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠦᠯᠦᠪᠵᠢᠭᠦᠯᠭᠡ ᠶᠢᠨ ᠬᠦᠭᠵᠢᠯᠲᠡ ᠶᠢᠨ ᠠᠤᠭ᠎ᠠ ᠲᠦᠰᠦᠪ ᠢ ᠨᠡᠩ ᠰᠠᠶᠢᠨ ᠵᠢᠷᠤᠬᠯᠠᠬᠤ ᠬᠡᠷᠡᠭᠲᠡᠢ ᠬᠡᠵᠦ  ᠣᠷᠢᠶᠠᠯᠠᠪᠠ᠃        ᠬᠤᠷᠠᠯ ᠠᠴᠠ ᠲᠤᠮᠲᠠᠲᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠤᠭ᠎ᠠ ᠶᠢᠨ ᠲᠤᠰᠠᠯᠠᠬᠴᠢ ᠬᠤᠤ ᠱᠢ ᠶᠤᠸᠠᠨ ᠨᠦᠬᠦᠷ ᠢ ᠤᠷᠢᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠤᠭᠤᠳ ᠤᠨ ᠵᠤᠷᠢᠭ ᠰᠠᠨᠠᠭ᠎ᠠ ᠵᠢᠴᠢ ᠲᠦᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠬᠠᠢ ᠲᠤᠰᠬᠠᠢ ᠰᠡᠲᠦᠪᠲᠦ ᠲᠠᠶᠢᠯᠤᠮᠵᠢ ᠬᠢᠯᠭᠡᠵᠡᠢ᠃ ᠬᠤᠷᠠᠯ ᠠᠴᠠ ᠱᠠᠭᠠᠷᠲᠠᠬᠰᠠᠨ ᠨᠢ᠂ ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠪᠤᠯᠤᠨ ᠤᠯᠤᠰ ᠲᠦᠷᠦ ᠶᠢᠨ ᠵᠦᠪᠯᠡᠯᠭᠡᠨ ᠤ ᠠᠵᠢᠯᠲᠠᠳ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠪᠠ ᠲᠦᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠦ᠂ ︽ᠭᠤᠷᠪᠠᠨ ᠴᠢᠩᠭ᠎ᠠ ᠭᠤᠷᠪᠠᠨ ᠪᠤᠲᠠᠲᠠᠢ ᠪᠠᠶᠢᠬᠤ︾ ᠲᠤᠰᠬᠠᠢ ᠰᠡᠲᠦᠪᠲᠦ ᠬᠦᠮᠦᠵᠢᠯ ᠲᠠᠢ ᠤᠶᠠᠯᠳᠤᠭᠤᠯᠤᠨ᠂ ᠦᠵᠡᠯ ᠰᠠᠨᠠᠭ᠎ᠠ᠂ ᠲᠠᠨᠢᠯᠲᠠ ᠪᠠ ᠦᠢᠯᠡ ᠠᠵᠢᠯᠯᠠᠭ᠎ᠠ ᠪᠠᠨ ᠦᠨᠡᠨᠬᠦ ᠨᠢᠭᠡᠳᠬᠡᠵᠦ᠂ ᠬᠠᠷᠢᠴᠠᠭ᠎ᠠ ᠶᠢ ᠵᠤᠬᠢᠴᠠᠭᠤᠯᠬᠤ᠂ ᠬᠦᠴᠦᠨ ᠢ ᠬᠤᠷᠠᠮᠳᠤᠭᠤᠯᠬᠤ᠂ ᠰᠠᠨᠠᠯ ᠰᠠᠨᠠᠭᠤᠯᠭ᠎ᠠ ᠭᠠᠷᠭᠠᠨ ᠠᠷᠭ᠎ᠠ ᠪᠤᠳᠤᠯᠭ᠎ᠠ ᠲᠡᠪᠰᠢᠭᠦᠯᠬᠦ᠂  ᠶᠡᠭᠡ ᠲᠠᠯ᠎ᠠ ᠳᠤ ᠦᠢᠯᠡᠴᠢᠯᠡᠬᠦ ᠦᠢᠯᠡᠳᠦᠯ ᠢᠶᠠᠨ ᠰᠠᠶᠢᠲᠦᠷ ᠪᠠᠲᠠᠷᠠᠭᠤᠯᠵᠦ᠂ ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠢ ᠬᠠᠮᠵᠢᠨ ᠰᠢᠨ᠎ᠡ ᠪᠠᠶᠢᠲᠠᠯ ᠲᠤᠤᠷᠠᠬᠢ ᠦᠨᠳᠦᠰᠦᠲᠡᠨ ᠤ ᠠᠵᠢᠯ ᠢ ᠰᠠᠶᠢᠲᠦᠷ ᠬᠢᠬᠦ ᠬᠡᠷᠡᠭᠲᠡᠢ ᠬᠡᠵᠡᠢ᠃        ᠬᠤᠷᠠᠯ ᠠᠴᠠ ᠪᠠᠰᠠ ᠠᠵᠢᠯᠲᠠᠨ ᠤ ᠶᠠᠪᠤᠲᠠᠯ ᠤᠨ ᠵᠦᠢᠯᠡᠰ ᠢ ᠬᠢᠨᠠᠨ ᠵᠦᠪᠯᠡᠵᠦ ᠪᠠᠲᠤᠯᠠᠪᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号