ᠪᠦᠬᠦ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ | ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠡᠬᠢ | ᠪᠠᠶᠠᠯᠢᠭ ᠬᠢᠭᠡᠳ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠨ᠂ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠳᠥᠯᠭᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ | ᠠᠬᠤᠶ ᠨᠡᠶᠢᠭᠡᠮ ᠤᠨ ᠦᠷᠭᠦᠯᠵᠢᠯᠡᠨ ᠬᠦᠭᠵᠢᠬᠦ ᠶᠢ ᠠᠬᠢᠭᠤᠯᠬᠤ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠣᠷᠴᠢᠮᠬᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ︾ ︵ | ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠶᠠᠪᠤᠭᠤᠯᠤᠭᠰᠠᠨ ᠤ ᠬᠠᠮᠲᠤ 2015 ᠤᠨ ᠤ 8 | ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠬᠦᠯᠬᠦ ᠪᠤᠯᠤᠨ᠎ᠠ᠃ | ︽ᠠᠷᠭ᠎ᠠ︾ ᠨᠢ ᠡᠯ᠎ᠡ ᠱᠠᠲᠤᠨ ᠤ ᠵᠠᠰᠠᠭ ᠤᠨ ᠣᠷᠳᠣᠨ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ | ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠬᠢᠭᠡᠳ ᠲᠡᠭᠦᠨ ᠤ ᠤᠳᠤᠷᠢᠳᠬᠤ ᠺᠠᠳ᠋ᠷ ᠪᠣᠯᠤᠨ | ᠠᠵᠢᠯᠲᠠᠨ᠂ ᠵᠢᠴᠢ ᠭᠠᠴᠠᠭ᠎ᠠ ᠲᠤᠰᠬᠤᠨ ︵ᠲᠤᠰᠬᠤᠨ ᠤ ᠠᠷᠠᠳ ᠤᠨ ᠵᠥᠪᠯᠡᠯ︶ ᠤ ᠬᠠᠷᠢᠭᠤᠴᠠᠯᠭᠠᠲᠠᠳ ᠲᠤ | ᠲᠤᠬᠢᠷᠠᠨ᠎ᠠ᠃ | ︽ᠠᠷᠭ᠎ᠠ︾ ᠳᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠨᠢ ᠣᠷᠣᠨ | ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠳᠠᠷᠤᠭ᠎ᠠ ᠬᠠᠷᠢᠭᠤᠴᠠᠬᠤ ᠳᠦᠷᠢᠮ ᠢ | ᠬᠡᠷᠡᠭᠵᠢᠭᠦᠯᠦᠨ᠎ᠡ᠃ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠪᠠᠶᠢᠳᠠᠯ ᠢᠶᠠᠨ ᠵᠠᠰᠠᠭ ᠤᠨ ᠣᠷᠳᠣᠨ ᠤ | ᠬᠠᠷᠠᠯᠲᠠᠲᠤ ᠬᠠᠮᠢᠶᠠᠷᠤᠯᠲᠠ ᠶᠢᠨ ᠰᠢᠰᠲ᠋ᠧᠮᠵᠢ ᠳᠤ ᠤᠷᠤᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ | ᠬᠢᠨᠠᠬᠤ ᠬᠡᠷᠡᠭᠲᠡᠶ᠃ ᠡᠯ᠎ᠡ ᠱᠠᠲᠤᠨ ᠤ ᠵᠠᠰᠠᠭ ᠤᠨ ᠣᠷᠳᠣᠨ ᠬᠢᠭᠡᠳ ᠬᠤᠯᠪᠣᠭᠳᠠᠯ ᠪᠦᠬᠦᠢ ᠨᠢᠭᠡᠴᠡ ᠨᠦᠭᠦᠳ ᠣᠶ | ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠪᠢᠴᠢᠭ ᠢ ᠱᠠᠲᠤ ᠳᠠᠷᠠᠭᠠᠯᠠᠨ ᠲᠤᠭᠲᠠᠬᠤ | ᠬᠡᠷᠡᠭᠲᠠᠢ︔ ᠰᠤᠮᠤ ᠰᠢᠶᠠᠩ ᠪᠠᠯᠭᠠᠰᠤ ᠨᠤᠭᠤᠳ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠭᠠᠴᠠᠭ᠎ᠠ ︵ | ᠲᠤᠰᠬᠤᠨ ᠤ ᠠᠷᠠᠳ ᠤᠨ ᠵᠥᠪᠯᠡᠯ︶ ᠯᠤᠭ᠎ᠠ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ | ᠬᠠᠷᠢᠭᠤᠴᠠᠯᠭ᠎ᠠ ᠶᠢᠨ ᠪᠢᠴᠢᠭ ᠲᠤᠭᠲᠠᠬᠤ ᠬᠡᠷᠡᠭᠲᠠᠢ ᠬᠡᠵᠤ ᠲᠤᠭᠲᠠᠭᠠᠭᠰᠠᠨ ᠪᠠᠶᠢᠨ᠎ᠠ᠃ | ︽ᠠᠷᠭ᠎ᠠ︾ ᠳᠤ᠂ ᠤᠯᠤᠰ ᠤᠨ ᠨᠢᠭᠡᠳᠦᠭᠡᠷ ᠳᠡᠰ᠂ ᠬᠤᠶᠠᠳᠤᠭᠠᠷ ᠳᠡᠰ ᠪᠤᠯᠤᠨ ᠥᠪᠡᠷᠲᠡᠭᠡᠨ | ᠵᠠᠰᠠᠬᠤ ᠣᠷᠣᠨ ᠤ ᠭᠤᠣᠯᠳᠠᠯᠭ᠎ᠠ ᠲᠠᠢ ᠣᠶ ᠰᠢᠭᠤᠶ᠂ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠣᠷᠣᠨ ᠳᠤ | ᠬᠤᠪᠢᠶᠠᠷᠢᠯᠠᠨ ᠤᠷᠤᠭᠤᠯᠤᠭᠰᠠᠨ ᠬᠤᠰᠢᠭᠤ ᠰᠢᠶᠠᠨ ︵ᠬᠤᠲᠠ᠂ ᠲᠣᠭᠤᠷᠢᠭ︶ ᠪᠤᠯᠤᠨ ᠤᠯᠤᠰ ᠤᠨ ᠦᠮᠴᠢᠯᠡᠯᠲᠦ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠦᠭᠡᠳ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨᠲᠠᠷᠠᠭᠠᠬᠤ | ᠲᠤᠰᠬᠠᠢ ᠠᠵᠢᠯ ᠤᠨ ᠡᠩᠨᠡᠭᠡ ᠶᠢ ᠠᠳᠠᠭ ᠲᠠᠭᠠᠨ 1 ᠶᠢ ᠪᠠᠶᠢᠭᠤᠯᠵᠤ᠂ ᠡᠩᠨᠡᠭᠡᠨ ᠤ ᠲᠤᠭ᠎ᠠ ᠬᠡᠮᠵᠢᠶ᠎ᠡ ᠪᠤᠯᠤᠨ | ᠠᠵᠢᠯᠲᠠᠨ ᠨᠢ ᠲᠤᠬᠠᠶ ᠶᠢᠨ ᠭᠠᠵᠠᠷ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ | ᠬᠡᠷᠡᠭᠴᠡᠭᠡ ᠶᠢ ᠬᠠᠩᠭᠠᠬᠤ ᠪᠠᠷ ᠪᠠᠷᠢᠮᠵᠢᠶ᠎ᠠ ᠪᠤᠯᠭᠠᠵᠤ᠂ ᠰᠤᠮᠤ ᠰᠢᠶᠠᠩ ᠪᠠᠯᠭᠠᠰᠤ ᠨᠤᠭᠤᠳ ᠬᠠᠭᠠᠰ ᠲᠤᠰᠬᠠᠶ | ᠠᠵᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠡᠩᠨᠡᠭᠡ ᠪᠠᠶᠢᠭᠤᠯᠬᠤ ᠬᠡᠷᠡᠭᠲᠡᠶ᠂ ᠡᠯ᠎ᠡ | ᠱᠠᠲᠤᠨ ᠤ ᠵᠠᠰᠠᠭ ᠤᠨ ᠣᠷᠳᠣᠨ ᠬᠢᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰᠬᠠᠶ ᠠᠵᠢᠯ ᠤᠨ᠂ | ᠬᠠᠭᠠᠰ ᠲᠤᠰᠬᠠᠶ ᠠᠵᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠡᠩᠨᠡᠭᠡ ᠳᠤ ᠲᠣᠭᠲᠠᠮᠠᠯ | ᠬᠤᠭᠤᠴᠠᠭ᠎ᠠ ᠲᠠᠢ ᠪᠠᠷ ᠪᠤᠯᠪᠠᠰᠤᠷᠠᠭᠤᠯᠤᠯ ᠪᠠ ᠰᠣᠷᠢᠯᠲᠠ ᠬᠢᠬᠦ ᠬᠡᠷᠡᠭᠲᠠᠢ︔ ᠣᠶ ᠰᠢᠭᠤᠶ ᠨᠤᠲᠤᠭ ᠪᠡᠯᠴᠢᠭᠡᠷ ᠤᠨ | ᠭᠠᠯ ᠰᠡᠷᠭᠡᠶᠢᠯᠡᠬᠦ ᠡᠭᠦᠷᠭᠡ ᠲᠠᠢ ᠬᠤᠰᠢᠭᠤ ᠰᠢᠶᠠᠨ ︵ᠬᠤᠲᠠ᠂ ᠲᠤᠭᠤᠷᠢᠭ︶ ᠨᠦᠭᠦᠳ᠂ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠰᠡᠷᠡᠮᠵᠢᠯᠡᠭᠦᠯᠦᠨ ᠬᠢᠨᠠᠨ ᠬᠡᠮᠵᠢᠬᠦ ᠪᠠ ᠮᠡᠳᠡᠭᠡ ᠵᠠᠩᠭᠢ ᠶᠢᠨ ᠵᠢᠯᠣᠭᠤᠳᠬᠤ | ᠰᠢᠰᠲ᠋ᠧᠮ ᠢ ᠪᠠᠶᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠡᠭᠦᠷᠭᠡ ᠶᠢᠨ ᠬᠡᠷᠡᠭᠴᠡᠭᠡ ᠶᠢ | ᠬᠠᠨᠭ᠍ᠭᠠᠬᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢ ᠵᠢᠯᠣᠭᠤᠳᠬᠤ᠂ ᠲᠦᠢᠮᠡᠷ ᠤᠨᠲᠠᠷᠠᠭᠠᠬᠤ᠂ | ᠴᠡᠷᠢᠭ ᠲᠡᠭᠡᠭᠡᠪᠦᠷᠢᠯᠡᠬᠦ ᠵᠡᠷᠭᠡ ᠲᠡᠷᠭᠡ ᠬᠦᠰᠭᠡ ᠪᠤᠯᠤᠨ ᠤᠳᠤᠬᠢᠴᠢᠯᠠᠭᠰᠠᠨ ᠭᠠᠯ ᠤᠨᠲᠠᠷᠠᠭᠠᠨ ᠰᠡᠷᠭᠡᠶᠢᠯᠡᠵᠤ | ᠠᠪᠤᠷᠠᠬᠤ ᠮᠠᠰᠢᠨ ᠪᠠᠭᠠᠵᠢ᠂ ᠲᠣᠨᠣᠭᠯᠠᠯ ᠲᠤᠬᠢᠷᠠᠭᠤᠯᠵᠤ᠂ ᠭᠠᠯ ᠰᠡᠷᠭᠡᠶᠢᠯᠡᠨ ᠤᠨᠲᠠᠷᠠᠭᠠᠬᠤ ᠬᠦᠷᠦᠯᠴᠡᠬᠦᠶᠢᠴᠡ ᠡᠳ᠋ | ᠪᠠᠷᠠᠭ᠎ᠠ ᠨᠦᠭᠡᠴᠡᠯᠡᠬᠦ ᠬᠡᠷᠡᠭᠲᠠᠢ︔ ᠰᠢᠭᠤᠶᠢᠲᠤ ᠣᠷᠣᠨ᠂ ᠮᠠᠯᠵᠢᠬᠤ ᠲᠠᠷᠢᠶᠠᠯᠠᠬᠤ ᠤᠷᠤᠨ ᠤ ᠠᠯᠳᠠᠷᠲᠤ | ᠦᠵᠡᠮᠵᠢ ᠶᠢᠨ ᠣᠷᠣᠨ᠂ ᠵᠢᠭᠤᠯᠴᠢᠯᠠᠯ ᠤᠨ ᠦᠵᠡᠮᠵᠢᠲᠦ ᠣᠷᠣᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ | ᠰᠠᠭᠤᠭᠠᠯᠢ ᠠᠷᠠᠳ ᠤᠨ ᠲᠣᠭᠤᠷᠢᠭ᠂ ᠴᠡᠷᠢᠭ ᠤᠨ ᠶᠠᠪᠤᠳᠠᠯ ᠤᠨ ᠬᠠᠮᠢᠶᠠᠷᠤᠯᠲᠠ ᠶᠢᠨ ᠣᠷᠣᠨ᠂ ᠣᠶ ᠰᠢᠭᠤᠶ ᠶᠢᠨ | ᠴᠡᠴᠡᠷᠯᠢᠭ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠣᠷᠣᠨ᠂ ᠲᠡᠮᠦᠷ ᠵᠠᠮ᠂ | ᠴᠠᠬᠢᠯᠭᠠᠨ ᠬᠦᠴᠦᠨ᠂ ᠴᠠᠬᠢᠯᠭᠠᠨ ᠬᠤᠯᠪᠣᠭ᠎ᠠ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠶ ᠬᠡᠢ ᠵᠡᠷᠭᠡ ᠶᠢ | ᠡᠵᠡᠩᠨᠡᠵᠤ᠂ ᠪᠠᠷᠢᠯᠭ᠎ᠠ ᠪᠠᠷᠢᠵᠤ ᠪᠠᠶᠢᠭ᠎ᠠ ᠨᠢᠭᠡᠴᠡ ᠬᠢᠭᠡᠳ ᠪᠤᠰᠤᠳ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ | ᠤᠳ ᠴᠥᠮ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠳᠦᠷᠢᠮ ᠪᠠᠶᠢᠭᠤᠯᠬᠤ | ᠬᠡᠷᠡᠭᠲᠡᠶ ᠬᠡᠵᠤ ᠲᠤᠲᠤᠷᠬᠠᠶᠢᠯᠠᠭᠰᠠᠨ ᠪᠠᠶᠢᠨ᠎ᠠ᠃ | ︽ᠠᠷᠭ᠎ᠠ︾ ᠳᠤ᠂ ᠡᠯ᠎ᠡ ᠱᠠᠲᠤᠨ ᠤ ᠵᠠᠰᠠᠭ ᠤᠨ ᠣᠷᠳᠣᠨ ᠬᠢᠭᠡᠳ ᠲᠡᠭᠦᠨ ᠤ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ᠂ ᠣᠶ ᠰᠢᠭᠤᠶ᠂ ᠨᠤᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠪᠤᠰᠤᠳ ᠰᠠᠯᠠᠭ᠎ᠠ ᠮᠥᠴᠢᠷ ᠬᠢᠭᠡᠳ ᠲᠡᠭᠦᠨ ᠤ | ᠠᠵᠢᠯᠲᠠᠳ ᠬᠠᠮᠢᠶ᠎ᠠ ᠪᠦᠬᠦᠢ ᠲᠣᠭᠲᠠᠭᠠᠯ ᠢ ᠵᠦᠷᠢᠴᠡᠪᠡᠯ᠂ ᠳᠡᠭᠡᠷ᠎ᠡ ᠱᠠᠲᠤᠨ ᠤ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠪᠤᠶᠤ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠵᠠᠷᠯᠢᠭᠳᠠᠵᠤ ᠪᠠᠶᠢᠭᠠᠳ | ᠵᠠᠯᠠᠷᠠᠭᠤᠯᠤᠭᠤᠯᠤᠨ᠎ᠠ︔ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ | ᠭᠤᠤᠯᠴᠢᠯᠠᠨ ᠬᠠᠮᠢᠶᠠᠷᠴᠤ ᠪᠦᠬᠦᠢ ᠠᠵᠢᠯᠲᠠᠨ ᠪᠣᠯᠤᠨ ᠪᠤᠰᠤᠳ ᠰᠢᠭᠤᠳ ᠬᠠᠷᠢᠭᠤᠴᠠᠯᠭᠠᠲᠠᠨ ᠳᠤ ᠬᠠᠤᠯᠢ ᠶᠣᠰᠣᠭᠠᠷ | ᠵᠠᠰᠠᠭ ᠵᠠᠬᠢᠷᠭᠠᠨ ᠤ ᠰᠢᠳᠬᠡᠯ ᠤᠯᠭᠤᠨ᠎ᠠ︔ ᠶᠠᠯ᠎ᠠ ᠳᠤ ᠬᠦᠷᠦᠭᠰᠡᠨ ᠪᠤᠯ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ ᠬᠡᠵᠤ ᠲᠤᠭᠲᠠᠭᠠᠭᠰᠠᠨ ᠪᠠᠶᠢᠨ᠎ᠠ᠃ | ᠵᠢᠱᠢᠶᠡᠯᠡᠪᠡᠯ ᠲᠥᠪ ᠪᠠ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠬᠦ ᠲᠦᠷᠦᠯ ᠵᠦᠢᠯ ᠤᠨ | ᠪᠡᠯᠡ ᠮᠥᠩᠭᠦ᠂ ᠪᠡᠯᠡᠳᠬᠡᠮᠵᠢ ᠲᠥᠬᠦᠭᠡᠷᠦᠮᠵᠢ᠂ ᠡᠳ᠋ ᠪᠠᠷᠠᠭ᠎ᠠ ᠶᠢ ᠱᠠᠮᠰᠢᠭᠰᠠᠨ᠂ ᠳᠤᠮᠳᠠ ᠠᠴᠠ ᠨᠢ ᠲᠠᠰᠤᠳᠠᠨ | ᠠᠪᠤᠭᠰᠠᠨ᠂ ᠨᠡᠭᠦᠯᠭᠡᠨ ᠬᠡᠷᠡᠭᠯᠡᠭᠰᠡᠨ ᠪᠤᠶᠤ ᠡᠵᠡᠯᠡᠨ ᠭᠡᠷᠡᠭᠯᠡᠭᠰᠡᠨ︔ ᠡᠯ᠎ᠡ ᠱᠠᠲᠤᠨ ᠤ ᠵᠠᠰᠠᠭ ᠤᠨ ᠣᠷᠳᠣᠨ ᠪᠤᠶᠤ | ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠵᠢᠯᠣᠭᠤᠳᠬᠤ ᠭᠠᠵᠠᠷ ᠤᠨ ᠨᠢᠭᠡᠳᠦᠯᠲᠡᠶ | ᠵᠢᠯᠣᠭᠤᠳᠣᠯᠭ᠎ᠠ ᠶᠢ ᠲᠡᠪᠴᠢᠵᠤ ᠬᠠᠷᠰᠢᠯᠠᠨ᠂ ᠭᠠᠯ ᠤᠨᠲᠠᠷᠠᠭᠠᠬᠤ ᠠᠵᠢᠯ ᠢ ᠰᠠᠭᠠᠲᠠᠭᠠᠭᠰᠠᠨ︔ ᠠᠳᠡᠯ ᠠᠴᠠ ᠪᠣᠯᠵᠤ | ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠪᠤᠯᠭᠠᠭᠰᠠᠨ ᠵᠡᠷᠭᠡ ᠦᠢᠯᠡ ᠠᠵᠢᠯᠯᠠᠭ᠎ᠠ ᠳᠤ ᠬᠤᠰᠢᠭᠤ | ᠰᠢᠶᠠᠨ ︵ᠬᠤᠲᠠ᠂ ᠲᠤᠭᠤᠷᠢᠭ︶ ᠠᠴᠠ ᠳᠡᠭᠡᠭᠰᠢᠬᠢ ᠵᠠᠰᠠᠭ ᠤᠨ ᠣᠷᠳᠣᠨ ᠤ ᠣᠶ ᠰᠢᠭᠤᠶ᠂ ᠨᠤᠲᠤᠭ | ᠪᠡᠯᠴᠢᠭᠡᠷ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠬᠢᠭᠡᠳ ᠡᠷᠬᠡ ᠣᠯᠭᠤᠭᠰᠠᠨ ᠰᠠᠯᠠᠭ᠎ᠠ | ᠮᠥᠴᠢᠷ ᠨᠢ ᠤᠯᠤᠰ ᠪᠤᠯᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠤ ᠰᠢᠳᠬᠡᠯ | ᠤᠯᠭᠤᠨ᠎ᠠ︔ ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠡᠯ᠎ᠡ ᠱᠠᠲᠤᠨ ᠤ ᠵᠠᠰᠠᠭ ᠤᠨ ᠣᠷᠳᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠯᠲᠡ ᠶᠢᠨ ᠵᠢᠯᠣᠭᠤᠳᠬᠤ ᠭᠠᠵᠠᠷ ᠤᠨ ᠡᠯ᠎ᠡ ᠪᠦᠷᠢᠯᠳᠦᠬᠦᠨ ᠨᠢᠭᠡᠴᠡ ᠣᠶ ᠰᠢᠭᠤᠶ ᠨᠤᠲᠤᠭ ᠪᠡᠯᠴᠢᠭᠡᠷ ᠤᠨ | ᠭᠠᠯ ᠰᠡᠷᠭᠡᠶᠢᠯᠡᠬᠦ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠭᠰᠡᠨ ᠦᠭᠡᠶ ᠠᠴᠠ ᠪᠤᠯᠵᠤ᠂ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠨᠦᠯᠦᠭᠡᠯᠡᠭᠰᠡᠨ ᠪᠤᠯ ᠡᠯ᠎ᠡ ᠱᠠᠲᠤᠨ ᠤ ᠵᠠᠰᠠᠭ ᠤᠨ ᠣᠷᠳᠣᠨ ᠪᠤᠶᠤ | ᠳᠡᠭᠡᠷ᠎ᠡ ᠨᠢᠭᠡ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠵᠢᠯᠣᠭᠤᠳᠬᠤ | ᠭᠠᠵᠠᠷ ᠠᠴᠠ ᠵᠠᠷᠯᠢᠭᠳᠠᠵᠤ ᠪᠠᠶᠢᠭᠠᠳ ᠪᠢᠴᠢᠭᠯᠡᠭᠰᠡᠨ ᠪᠠᠶᠢᠴᠠᠭᠠᠯᠲᠠ ᠬᠢᠯᠭᠡᠬᠦ ᠪᠤᠶᠤ ᠨᠡᠪᠲᠡᠷᠡᠭᠦᠯᠦᠨ ᠰᠢᠭᠦᠮᠵᠢᠯᠡᠵᠦ᠂ | ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠬᠠᠷᠢᠭᠤᠴᠠᠯᠭᠠᠲᠠᠨ ᠤ ᠬᠢᠨᠢ ᠬᠠᠷᠢᠭᠤᠴᠠᠯᠭ᠎ᠠ ᠶᠢ ᠬᠠᠤᠯᠢ | ᠶᠣᠰᠣᠭᠠᠷ ᠨᠡᠭᠡᠮᠵᠢᠯᠡᠨ᠎ᠡ ᠬᠡᠰᠡᠨ ᠪᠠᠶᠢᠨ᠎ᠠ᠃ |