ᠥᠪᠥᠷ ᠵᠠᠰᠠᠭ ᠠᠯᠪᠠᠨ ᠲᠠᠷᠬᠠᠭᠠᠭᠰᠠᠨ ﹇2015﹈ 8 ᠳ᠋ᠤᠭᠠᠷ ᠲᠤᠭᠠᠳᠤ | 2 ᠳ᠋ᠤᠭᠠᠷ ᠰᠠᠷ᠎ᠠ ᠶᠢᠨ 1 ᠤ ᠡᠳᠦᠷ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ ᠳᠤ᠄ | ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠳᠥᠷᠪᠡᠳᠦᠭᠡᠷ ᠪᠦᠭᠦᠳᠡ | ᠬᠤᠷᠠᠯᠳᠤᠭᠠᠨ ᠪᠠ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠠᠷᠪᠠᠨ | ᠬᠤᠶᠠᠳᠤᠭᠠᠷ ᠤᠳᠠᠭ᠎ᠠ ᠶᠢᠨ ᠪᠦᠬᠦ ᠭᠡᠰᠢᠭᠦᠳ ᠤᠨ ︵ᠦᠷᠭᠡᠳᠭᠡᠭᠰᠡᠨ︶ ᠬᠤᠷᠠᠯᠳᠤᠭᠠᠨ᠂ ᠶᠢᠰᠦᠳᠦᠭᠡᠷ | ᠬᠤᠭᠤᠴᠠᠭᠠᠨ ᠤ ᠠᠷᠪᠠᠨ ᠭᠤᠷᠪᠠᠳᠤᠭᠠᠷ ᠤᠳᠠᠭ᠎ᠠ ᠶᠢᠨ ᠪᠦᠬᠦ ᠭᠡᠰᠢᠭᠦᠳ ᠤᠨ ᠬᠤᠷᠠᠯᠳᠤᠭᠠᠨ ᠵᠢᠴᠢ ᠪᠦᠬᠦ ᠣᠷᠣᠨ ᠤ | ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠤᠯᠠᠮ ᠨᠢᠭᠡ ᠠᠯᠬᠤᠮ ᠠᠬᠢᠭᠤᠯᠤᠨ᠂ ᠵᠠᠰᠠᠭ ᠤᠨ ᠣᠷᠳᠤᠨ ᠤ | ᠠᠵᠢᠯᠯᠠᠭ᠎ᠠ ᠶᠢ ᠵᠢᠷᠤᠮᠵᠢᠭᠤᠯᠵᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠦᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠵᠤ᠂ ᠮᠦᠨ ᠦᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ | ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠢ ᠪᠣᠯᠭᠠᠬᠤ ᠶᠢᠨ ᠲᠤᠰᠠᠳᠠ᠂ ᠦᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠠᠴᠠ ᠦᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ | ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠶᠢ ᠪᠠᠶᠢᠭᠤᠯᠤᠭᠰᠠ ᠰᠠᠭᠤᠷᠢᠨ ᠳᠡᠭᠡᠷ᠎ᠡ᠂ ᠡᠯ᠎ᠡ ᠠᠶᠢᠮᠠᠭ ᠬᠤᠲᠠ | ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠶᠢᠨ | ᠳᠦᠷᠢᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠷᠭᠡᠳᠭᠡᠨ ᠠᠬᠢᠭᠤᠯᠬᠤ ᠪᠠᠷ ᠲᠣᠭᠲᠠᠭᠠᠪᠠ᠃ ᠡᠳᠦᠭᠡ | ᠬᠤᠯᠪᠤᠭᠳᠠᠯ ᠪᠦᠬᠦᠢ ᠣᠴᠢᠷ ᠤᠳ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠠᠵᠢᠯ ᠤᠨ ᠬᠠᠷᠠᠯᠲᠠ | ᠡᠯ᠎ᠡ ᠠᠶᠢᠮᠠᠭ ᠬᠤᠲᠠ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠰᠠᠭ ᠵᠠᠬᠢᠷᠭᠠᠨ ᠤ | ᠡᠷᠬᠡ ᠶᠢᠨ ᠨᠠᠷᠢᠨ ᠬᠠᠭᠤᠳᠠᠰᠤ ᠶᠢᠨ ᠳᠦᠷᠢᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠤᠶᠠᠷ ᠠᠯᠬᠤᠮ ᠢᠶᠠᠷ | ᠶᠠᠪᠤᠭᠳᠠᠭᠤᠯᠬᠤ ᠠᠷᠭ᠎ᠠ ᠮᠠᠶ᠋ᠢᠭ ᠠᠪᠴᠤ᠂ ᠬᠤᠶᠠᠷ ᠬᠠᠷᠠᠯᠲᠠ ᠶᠢ ᠱᠠᠲᠤ ᠬᠤᠪᠢᠶᠠᠨ ᠪᠡᠶᠡᠯᠡᠭᠦᠯᠦᠨ᠎ᠡ᠃ | ︵ᠨᠢᠭᠡ︶ ᠣᠶᠢᠷᠬᠠᠨ ᠬᠤᠭᠤᠴᠠᠭᠠᠨ ᠤ ᠬᠠᠷᠠᠯᠲᠠ ︵2015 ᠣᠨ ᠤ 6 ᠳ᠋ᠤᠭᠠᠷ ᠰᠠᠷ᠎ᠠ ᠶᠢᠨ | 30 ᠤ ᠡᠳᠦᠷ ᠠᠴᠠ ᠡᠮᠦᠨ᠎ᠡ ᠪᠡᠶᠡᠯᠡᠭᠦᠯᠦᠨ᠎ᠡ︶᠃ ᠵᠠᠰᠠᠭ ᠤᠨ ᠣᠷᠳᠤᠨ ᠤ ᠡᠯ᠎ᠡ ᠰᠠᠯᠠᠭ᠎ᠠ ᠮᠦᠴᠢᠷ ᠤᠨ ᠵᠠᠰᠠᠭ | ᠵᠠᠬᠢᠷᠭᠠᠨ ᠤ ᠡᠷᠬᠡ ᠶᠢ ᠪᠦᠬᠦ ᠲᠠᠯ᠎ᠠ ᠪᠠᠷ ᠡᠮᠬᠢᠯᠡᠨ ᠲᠢᠭᠯᠡᠵᠦ ᠲᠣᠳᠣᠯᠠᠭᠰᠠᠨ ᠰᠠᠭᠤᠷᠢᠨ ᠳᠡᠭᠡᠷ᠎ᠡ᠂ ᠡᠷᠬᠡ ᠶᠢᠨ | ᠨᠡᠷᠡᠶᠢᠳᠦᠯ᠂ ᠪᠠᠶᠢᠷᠢᠯᠠᠭᠤᠯᠤᠨ ᠲᠣᠭᠲᠠᠭᠠᠭᠰᠠᠨ ᠦᠨᠳᠦᠰᠦᠯᠡᠯ᠂ ᠬᠡᠷᠡᠭᠵᠢᠭᠦᠯᠬᠦ ᠭᠤᠣᠯ ᠴᠤᠭᠴᠠ ᠪᠠᠷ ᠦᠨᠳᠦᠰᠦᠨ | ᠬᠦᠴᠦᠨ ᠵᠦᠢᠯ ᠪᠣᠯᠭᠠᠭᠰᠠᠨ ᠠᠩᠬᠠᠨ ᠤ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠶᠢ ᠪᠣᠢ ᠪᠣᠯᠭᠠᠵᠤ᠂ | ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠣᠯᠠᠨ ᠨᠡᠶᠢᠲᠡ ᠪᠠᠷ ᠢᠶᠠᠨ ᠣᠷᠤᠯᠴᠠᠬᠤ᠂ ᠬᠠᠤᠯᠢ ᠶᠣᠰᠣᠨ ᠤ | ᠴᠢᠨᠠᠷ ᠲᠠᠢ ᠬᠢᠨᠠᠨ ᠪᠠᠶᠢᠴᠠᠭᠠᠬᠤ᠂ ᠬᠠᠮᠲᠤ ᠪᠠᠷ ᠬᠢᠨᠠᠨ ᠵᠦᠪᠯᠡᠵᠦ ᠲᠣᠭᠳᠠᠭᠠᠬᠤ ᠵᠡᠷᠭᠡ ᠬᠠᠤᠯᠢ ᠪᠠᠷ ᠲᠣᠭᠲᠠᠭᠠᠭᠰᠠᠨ | ᠵᠢᠷᠤᠮ ᠢ ᠲᠠᠮᠵᠢᠭᠰᠠᠨ ᠤ ᠳᠠᠷᠠᠭ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ | ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠤᠨ ᠠᠴᠠ ᠨᠡᠶᠢᠭᠡᠮ ᠳᠤ | ᠨᠡᠶᠢᠳᠡᠯᠡᠬᠦ ᠬᠡᠷᠡᠭᠲᠡᠢ᠃ | ︵ᠬᠤᠶᠠᠷ︶ ᠬᠤᠯᠠᠬᠠᠨ ᠬᠤᠭᠤᠴᠠᠭᠠᠨ ᠤ ᠬᠠᠷᠠᠯᠲᠠ ︵2016 ᠣᠨ ᠤ 6 ᠳ᠋ᠤᠭᠠᠷ ᠰᠠᠷ᠎ᠠ ᠶᠢᠨ | 30 ᠤ ᠡᠳᠦᠷ ᠠᠴᠠ ᠡᠮᠦᠨ᠎ᠡ ᠪᠡᠶᠡᠯᠡᠭᠦᠯᠦᠨ᠎ᠡ︶᠃ ᠠᠩᠬᠠᠨ ᠤ ᠵᠠᠰᠠᠭ ᠵᠠᠬᠢᠷᠭᠠᠨ ᠤ ᠡᠷᠬᠡ ᠶᠢᠨ ᠨᠠᠷᠢᠨ | ᠬᠠᠭᠤᠳᠠᠰᠤ ᠶᠢᠨ ᠰᠠᠭᠤᠷᠢᠨ ᠳᠡᠭᠡᠷ᠎ᠡ᠂ ᠵᠠᠰᠠᠭ ᠵᠠᠬᠢᠷᠭᠠᠨ ᠤ ᠡᠷᠬᠡ ᠪᠣᠯᠭᠠᠨ ᠤ ᠠᠵᠢᠯᠯᠠᠬᠤ ᠲᠡᠰ ᠲᠠᠷᠠᠭᠠᠯᠠᠯ᠂ | ᠬᠠᠤᠯᠢ ᠴᠠᠭᠠᠵᠠ ᠶᠢᠨ ᠬᠠᠷᠢᠭᠤᠴᠠᠯᠭ᠎ᠠ᠂ ᠬᠢᠨᠠᠯᠲᠠ ᠬᠠᠮᠢᠶᠠᠷᠤᠯᠲᠠ ᠵᠡᠷᠭᠡ ᠬᠦᠴᠦᠨ ᠵᠦᠢᠯ ᠢ ᠪᠦᠬᠦ ᠲᠠᠯ᠎ᠠ ᠪᠠᠷ | ᠬᠦᠨᠵᠡᠭᠡᠢ ᠰᠤᠳᠤᠯᠤᠨ ᠵᠢᠷᠤᠮᠵᠢᠭᠤᠯᠵᠤ᠂ ᠵᠣᠬᠢᠬᠤ ᠲᠤᠬᠠᠶᠢᠯᠠᠭᠰᠠᠨ ᠠᠵᠢᠯ ᠤᠨ ᠰᠠᠬᠢᠯᠭ᠎ᠠ ᠳᠦᠷᠢᠮ᠂ | ᠦᠢᠯᠡᠴᠢᠯᠡᠭᠡᠨ ᠤ ᠵᠦᠭᠯᠡᠭᠦᠷ᠂ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠤ ᠶᠠᠪᠣᠴᠠ ᠶᠢᠨ ᠵᠢᠷᠤᠭ ᠢ ᠲᠣᠭᠲᠠᠭᠠᠨ | ᠂ ᠬᠠᠮᠤᠭ ᠤᠨ ᠰᠡᠭᠦᠯ ᠳᠤ ᠴᠢᠳᠠᠮᠵᠢ ᠪᠠᠷ ᠪᠦᠷᠢᠨ ᠳᠦᠬᠦᠷ᠂ ᠬᠦᠴᠦᠨ ᠵᠦᠢᠯ ᠢᠶᠠᠷ ᠪᠦᠷᠢᠨ ᠭᠦᠢᠴᠡᠳ᠂ ᠡᠷᠬᠡ | ᠬᠢᠭᠡᠳ ᠬᠠᠷᠢᠭᠤᠴᠠᠯᠭ᠎ᠠ ᠨᠢ ᠬᠠᠷᠢᠯᠴᠠᠨ ᠨᠢᠭᠡᠲᠦᠭᠰᠡᠨ᠂ ᠲᠥᠪ ᠬᠤᠷᠢᠶ᠎ᠠ ᠶᠢᠨ ᠱᠠᠭᠠᠷᠳᠠᠯᠭ᠎ᠠ ᠪᠠ ᠠᠷᠠᠳ ᠲᠦᠮᠡᠨ ᠤ | ᠬᠦᠰᠡᠯ ᠡᠷᠡᠮᠡᠯᠵᠡᠯ ᠳᠤ ᠨᠡᠶᠢᠴᠡᠭᠰᠡᠨ ᠵᠠᠰᠠᠭ ᠤᠨ ᠣᠷᠳᠤᠨ ᠤ ᠡᠷᠬᠡ ᠶᠢᠨ ᠨᠠᠷᠢᠨ ᠬᠠᠭᠤᠳᠠᠰᠤ ᠶᠢ ᠪᠣᠢ ᠪᠣᠯᠭᠠᠬᠤ | ᠬᠡᠷᠡᠭᠲᠡᠢ᠃ | ᠬᠤᠶᠠᠷ᠂ ᠠᠵᠢᠯ ᠤᠨ ᠪᠠᠷᠢᠮᠵᠢᠶ᠎ᠠ ᠪᠠ ᠠᠯᠬᠤᠮ ᠳᠠᠷᠠᠭ᠎ᠠ | ᠡᠯ᠎ᠡ ᠠᠶᠢᠮᠠᠭ ᠬᠤᠲᠠ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢᠨ ᠡᠷᠬᠡᠪᠰᠢ ︽ | ᠵᠠᠰᠠᠭ ᠵᠠᠬᠢᠷᠭᠠᠨ ᠤ ᠡᠷᠬᠡ ᠶᠢᠨ ᠡᠮᠬᠢᠯᠡᠨ ᠲᠢᠭᠯᠡᠬᠦ ᠠᠵᠢᠯ ᠢ ᠦᠨᠡᠨᠬᠦ ᠰᠠᠶᠢᠲᠤᠷ ᠬᠢᠬᠦ ᠲᠣᠬᠠᠢ ᠦᠪᠦᠷ ᠮᠣᠩᠭᠤᠯ ᠤᠨ | ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠮᠡᠳᠡᠭᠳᠡᠯ︾ ︵ᠦᠪᠦᠷ ᠵᠠᠰᠠᠭ ᠲᠠᠷᠬᠠᠭᠠᠭᠰᠠᠨ | ﹇2014﹈ 80 ᠳ᠋ᠤᠭᠠᠷ ᠲᠣᠭᠠᠲᠤ︶ ᠳᠤ ᠲᠣᠭᠲᠠᠭᠠᠭᠰᠠᠨ ᠲᠦᠷᠦᠯ ᠬᠤᠪᠢᠶᠠᠬᠤ ᠪᠠᠷᠢᠮᠵᠢᠶ᠎ᠠ ᠪᠠᠷ ᠵᠠᠰᠠᠭ | ᠵᠠᠬᠢᠷᠭᠠᠨ ᠤ ᠡᠷᠬᠡ ᠶᠢᠨ ᠡᠮᠬᠢᠯᠡᠨ ᠲᠢᠭᠯᠡᠬᠦ ᠠᠵᠢᠯ ᠢ ᠴᠢᠩᠳᠠᠯᠠᠵᠤ᠂ ᠵᠠᠰᠠᠭ ᠵᠠᠬᠢᠷᠭᠠᠨ ᠤ ᠡᠷᠬᠡ ᠶᠢᠨ ᠨᠠᠷᠢᠨ | ᠬᠠᠭᠤᠳᠠᠰᠤ ᠶᠢ ᠪᠠᠶᠢᠭᠤᠯᠵᠤ᠂ ᠲᠦᠷᠦᠯ ᠬᠤᠪᠢᠶᠠᠬᠤ ᠪᠤᠰᠤᠳ ᠪᠠᠷᠢᠮᠵᠢᠶ᠎ᠠ ᠶᠢ ᠲᠣᠭᠲᠠᠭᠠᠵᠤ ᠪᠣᠯᠬᠤ ᠦᠭᠡᠢ᠃ | ᠪᠣᠳᠠᠳᠠᠢ ᠠᠵᠢᠯ ᠤᠨ ᠠᠯᠬᠤᠮ ᠳᠠᠷᠠᠭ᠎ᠠ ᠳᠣᠣᠷᠠᠬᠢ ᠮᠡᠲᠦ᠄ | ︵ᠨᠢᠭᠡ︶ ᠨᠢᠭᠡᠳᠦᠭᠡᠷ ᠱᠠᠲᠤ ᠦᠶ᠎ᠡ᠄ ᠵᠠᠰᠠᠭ ᠤᠨ ᠣᠷᠳᠤᠨ ᠤ ᠡᠯ᠎ᠡ ᠰᠠᠯᠠᠭ᠎ᠠ ᠮᠦᠴᠢᠷ ᠤᠳ | ᠦᠪᠡᠷ ᠢᠶᠠᠨ ᠡᠮᠬᠢᠯᠡᠨ ᠲᠢᠭᠯᠡᠬᠦ ᠪᠠ ᠦᠪᠡᠷ ᠢᠶᠠᠨ ᠬᠢᠨᠠᠨ ᠬᠠᠷᠭᠤᠭᠤᠯᠬᠤ ᠱᠠᠲᠤ ᠦᠶ᠎ᠡ᠃ | 1. ᠵᠠᠰᠠᠭ ᠤᠨ ᠣᠷᠳᠤᠨ ᠤ ᠡᠯ᠎ᠡ ᠰᠠᠯᠠᠭ᠎ᠠ ᠮᠦᠴᠢᠷ ᠤᠳ ᠲᠤᠰ ᠰᠠᠯᠠᠭ᠎ᠠ ᠮᠦᠴᠢᠷ ᠤᠨ ᠢᠶᠠᠨ | ᠬᠡᠷᠡᠭᠵᠢᠭᠦᠯᠵᠤ ᠪᠦᠬᠦᠢ ᠵᠠᠰᠠᠭ ᠵᠠᠬᠢᠷᠭᠠᠨ ᠤ ᠡᠷᠬᠡ ᠶᠢ ᠵᠦᠢᠯ ᠳᠠᠷᠠᠭᠠᠯᠠᠨ ᠡᠮᠬᠢᠯᠡᠨ ᠲᠢᠭᠯᠡᠵᠦ᠂ ᠵᠠᠰᠠᠭ ᠵᠠᠬᠢᠷᠭᠠᠨ ᠤ | ᠡᠷᠬᠡ ᠶᠢᠨ ᠵᠦᠢᠯᠡᠰ ᠤᠨ ᠪᠦᠷᠢᠳᠭᠡᠬᠦ ᠬᠦᠰᠦᠨᠦᠭᠲᠦ ᠶᠢ ᠲᠦᠷᠦᠯ ᠬᠤᠪᠢᠶᠠᠵᠤ ᠲᠠᠭᠯᠠᠨ ᠪᠢᠴᠢᠬᠦ ᠬᠡᠷᠡᠭᠲᠡᠢ ︵︽ | ᠦᠪᠦᠷ ᠵᠠᠰᠠᠭ ᠲᠠᠷᠬᠠᠭᠠᠭᠰᠠᠨ ﹇2014﹈ 80 ᠳ᠋ᠤᠭᠠᠷ ᠲᠣᠭᠠᠲᠤ︾ ᠪᠢᠴᠢᠭ ᠮᠠᠲ᠋ᠧᠷᠢᠶᠠᠯ ᠳᠠᠬᠢ | ᠬᠦᠰᠦᠨᠦᠭᠲᠦ ᠪᠠᠷ ᠯᠠᠪᠯᠠᠯᠲᠠ ᠪᠣᠯᠭᠠᠵᠤ ᠪᠣᠯᠣᠨ᠎ᠠ︶ | 2. ᠵᠠᠰᠠᠭ ᠤᠨ ᠣᠷᠳᠤᠨ ᠤ ᠡᠯ᠎ᠡ ᠰᠠᠯᠠᠭ᠎ᠠ ᠮᠦᠴᠢᠷ ᠤᠨ ᠬᠠᠤᠯᠢ ᠳᠦᠷᠢᠮ ᠤᠨ | ᠪᠠᠶᠢᠭᠤᠯᠤᠮᠵᠢ ᠨᠤᠭᠤᠳ ᠲᠤᠰ ᠰᠠᠯᠠᠭ᠎ᠠ ᠮᠦᠴᠢᠷ ᠤᠨ ᠢᠶᠠᠨ ᠡᠮᠬᠢᠯᠡᠨ ᠲᠢᠭᠯᠡᠵᠦ ᠭᠠᠷᠭᠠᠭᠰᠠᠨ ᠵᠠᠰᠠᠭ ᠵᠠᠬᠢᠷᠭᠠᠨ ᠤ | ᠡᠷᠬᠡ ᠶᠢᠨ ᠵᠦᠢᠯᠡᠰ ᠢ ᠵᠦᠢᠯᠡᠰ ᠳᠠᠷᠠᠭᠠᠯᠠᠨ ᠬᠢᠨᠠᠨ ᠬᠠᠷᠭᠤᠭᠤᠯᠵᠤ᠂ ᠦᠨᠳᠦᠰᠦ ᠪᠠᠷᠢᠮᠲᠠ ᠪᠠᠷ ᠭᠦᠢᠴᠡᠳ | ᠦᠭᠡᠢ ᠶᠢ ᠨᠢ ᠬᠦᠴᠦᠨ ᠦᠭᠡᠢ ᠪᠣᠯᠭᠠᠨ᠂ ᠴᠢᠨᠠᠷ ᠢ ᠨᠢ ᠣᠨᠣᠪᠴᠢ ᠦᠭᠡᠢ ᠲᠤᠭᠳᠠᠭᠠᠭᠰᠠᠨ ᠪᠤᠯ ᠵᠠᠯᠠᠷᠠᠭᠤᠯᠬᠤ | ᠬᠡᠷᠡᠭᠲᠡᠢ᠃ | ︵ᠬᠤᠶᠠᠷ︶ ᠬᠤᠶᠠᠳᠤᠭᠠᠷ ᠱᠠᠲᠤ ᠦᠶ᠎ᠡ᠄ ᠵᠠᠰᠠᠭ ᠤᠨ ᠣᠷᠳᠤᠨ ᠤ ᠬᠠᠤᠯᠢ ᠳᠦᠷᠢᠮ ᠤᠨ ᠰᠠᠯᠠᠭ᠎ᠠ | ᠮᠦᠴᠢᠷ ᠤᠨ ᠬᠢᠨᠠᠨ ᠬᠠᠷᠭᠤᠭᠤᠯᠵᠤ ᠲᠣᠳᠣᠯᠠᠬᠤ ᠱᠠᠲᠤ ᠦᠶ᠎ᠡ᠃ | 1. ᠡᠯ᠎ᠡ ᠠᠶᠢᠮᠠᠭ ᠬᠤᠲᠠ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠰᠠᠭ ᠤᠨ | ᠣᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠨᠤᠭᠤᠳ ᠲᠤᠰ ᠱᠠᠲᠤᠨ ᠤ ᠵᠠᠰᠠᠭ ᠤᠨ ᠣᠷᠳᠤᠨ ᠤ ᠡᠯ᠎ᠡ ᠰᠠᠯᠠᠭ᠎ᠠ | ᠮᠦᠴᠢᠷ ᠤᠨ ᠮᠡᠳᠡᠭᠦᠯᠦᠨ ᠬᠦᠷᠭᠡᠭᠰᠡᠨ ᠡᠮᠬᠢᠯᠡᠵᠦ ᠲᠢᠭᠯᠡᠭᠰᠡᠨ ᠦᠷ᠎ᠡ ᠳ᠋ᠦᠩ ᠢ ᠠᠩᠬ᠎ᠠ ᠤᠳᠠᠭ᠎ᠠ ᠬᠢᠨᠠᠨ | ᠬᠠᠷᠭᠤᠭᠤᠯᠵᠤ᠂ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠵᠤ ᠨᠤᠲᠠᠯᠠᠭᠤᠯᠤᠭᠰᠠᠨ ᠤ ᠲᠠᠷᠠᠭ᠎ᠠ᠂ ᠠᠩᠬᠠᠨ ᠤ | ᠬᠢᠨᠠᠯᠲᠠ ᠬᠢᠭᠰᠡᠨ ᠰᠠᠨᠠᠯ ᠢ ᠳᠤᠷᠠᠳᠬᠤ ᠬᠡᠷᠡᠭᠲᠡᠢ᠃ | 2. ᠵᠠᠰᠠᠭ ᠤᠨ ᠣᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠨᠤᠭᠤᠳ ᠠᠩᠬ᠎ᠠ ᠤᠳᠠᠭ᠎ᠠ ᠬᠢᠨᠠᠨ | ᠬᠠᠷᠭᠤᠭᠤᠯᠤᠭᠰᠠᠨ ᠰᠠᠨᠠᠯ ᠢᠶᠠᠨ ᠲᠤᠰ ᠱᠠᠲᠤᠨ ᠤ ᠵᠠᠰᠠᠭ ᠤᠨ ᠣᠷᠳᠤᠨ ᠤ ᠡᠯ᠎ᠡ ᠰᠠᠯᠠᠭ᠎ᠠ ᠮᠦᠴᠢᠷ ᠲᠤ ᠮᠡᠳᠡᠭᠳᠡᠵᠦ᠂ | ᠡᠯ᠎ᠡ ᠰᠠᠯᠠᠭ᠎ᠠ ᠮᠦᠴᠢᠷ ᠤᠳ ᠨᠢ ᠬᠢᠨᠠᠨ ᠬᠠᠷᠭᠤᠭᠤᠯᠤᠭᠰᠠᠨ ᠰᠠᠨᠠᠯ ᠲᠠᠢ ᠪᠠᠨ ᠤᠶᠠᠯᠳᠤᠭᠤᠯᠤᠨ ᠲᠤᠰ ᠰᠠᠯᠠᠭ᠎ᠠ | ᠮᠦᠴᠢᠷ ᠤᠨ ᠢᠶᠠᠨ ᠵᠠᠰᠠᠭ ᠵᠠᠬᠢᠷᠭᠠᠨ ᠤ ᠡᠷᠬᠡ ᠶᠢ ᠡᠮᠬᠢᠯᠡᠵᠦ ᠲᠢᠭᠯᠡᠭᠰᠡᠨ ᠦᠷ᠎ᠡ ᠳ᠋ᠦᠩ ᠳᠤ ᠵᠠᠰᠠᠪᠤᠷᠢ ᠣᠷᠣᠭᠤᠯᠬᠤ | ᠪᠠ ᠲᠣᠳᠣᠯᠠᠵᠤ᠂ ᠲᠣᠳᠣᠯᠠᠭᠰᠠᠨ ᠤ ᠳᠠᠷᠠᠭ᠎ᠠ ᠲᠤᠰ ᠱᠠᠲᠤᠨ ᠤ ᠵᠠᠰᠠᠭ ᠤᠨ ᠣᠷᠳᠤᠨ ᠤ ᠬᠠᠤᠯᠢ ᠳᠦᠷᠢᠮ ᠤᠨ | ᠪᠠᠶᠢᠭᠤᠯᠤᠮᠵᠢ ᠳᠤ ᠳᠠᠬᠢᠨᠲᠠ ᠮᠡᠳᠡᠭᠦᠯᠦᠨ ᠬᠥᠷᠭᠡᠵᠦ ᠬᠤᠶᠠᠳᠤᠭᠠᠷ ᠤᠳᠠᠭ᠎ᠠ ᠬᠢᠨᠠᠨ ᠬᠠᠷᠭᠤᠭᠤᠯᠬᠤ ᠬᠡᠷᠡᠭᠲᠡᠢ᠃ | 3. ᠵᠠᠰᠠᠭ ᠤᠨ ᠣᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠪᠠᠷ ᠬᠤᠶᠠᠳᠤᠭᠠᠷ ᠤᠳᠠᠭ᠎ᠠ ᠬᠢᠨᠠᠨ | ᠬᠠᠷᠭᠤᠭᠤᠯᠤᠭᠰᠠᠨ ᠤ ᠲᠠᠷᠠᠭ᠎ᠠ᠂ ᠵᠠᠰᠠᠭ ᠤᠨ ᠣᠷᠳᠤᠨ ᠤ ᠡᠯ᠎ᠡ ᠰᠠᠯᠠᠭ᠎ᠠ ᠮᠦᠴᠢᠷ ᠤᠳ ᠵᠠᠰᠠᠭ ᠵᠠᠬᠢᠷᠭᠠᠨ ᠤ | ᠡᠷᠬᠡ ᠶᠢᠨ ᠨᠠᠷᠢᠨ ᠬᠠᠭᠤᠳᠠᠰᠤ ᠶᠢᠨ ᠡᠬᠡ ᠨᠤᠤᠷᠠᠭ ᠢ ᠪᠣᠢ ᠪᠣᠯᠭᠠᠵᠤ᠂ ᠲᠤᠰ ᠰᠠᠯᠠᠭ᠎ᠠ ᠮᠦᠴᠢᠷ ᠤᠨ ᠢᠶᠠᠨ ᠫᠦᠷᠲ᠋ᠢᠯ | ᠰᠦᠯᠵᠢᠶ᠎ᠠ ᠳᠡᠭᠡᠷ᠎ᠡ ᠨᠡᠶᠢᠳᠡᠯᠡᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠪᠣᠯᠣᠨ ᠰᠠᠨᠠᠭᠤᠯᠭ᠎ᠠ ᠶᠢ | ᠬᠤᠷᠢᠶᠠᠬᠤ ᠬᠡᠷᠡᠭᠲᠡᠢ᠃ ᠨᠡᠶᠢᠳᠡᠯᠡᠬᠦ ᠬᠤᠭᠤᠴᠠᠭ᠎ᠠ ᠨᠢ ᠵᠠᠷᠴᠢᠮ ᠳᠡᠭᠡᠷ᠎ᠡ ᠪᠠᠨ 30 ᠡᠳᠦᠷ ᠠᠴᠠ ᠲᠣᠳᠠᠭᠤ ᠪᠠᠶᠢᠵᠤ | ᠪᠤᠯᠬᠤ ᠦᠭᠡᠢ᠃ | ︵ᠭᠤᠷᠪᠠ︶ ᠭᠤᠷᠪᠠᠳᠤᠭᠠᠷ ᠱᠠᠲᠤ ᠦᠶ᠎ᠡ᠄ ᠵᠠᠰᠠᠭ ᠤᠨ ᠣᠷᠳᠤᠨ ᠤ ᠨᠡᠶᠢᠲᠡᠯᠡᠬᠦ ᠱᠠᠲᠤ ᠦᠶ᠎ᠡ᠃ | ᠨᠡᠶᠢᠳᠡᠯᠡᠬᠦ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠵᠠᠰᠠᠭ ᠤᠨ ᠣᠷᠳᠤᠨ ᠤ ᠡᠯ᠎ᠡ ᠰᠠᠯᠠᠭ᠎ᠠ | ᠮᠦᠴᠢᠷ ᠤᠳ ᠬᠤᠷᠢᠶᠠᠭᠰᠠᠨ ᠰᠠᠨᠠᠯ ᠪᠣᠯᠣᠨ ᠰᠠᠨᠠᠭᠤᠯᠭ᠎ᠠ ᠳᠤ ᠵᠣᠬᠢᠬᠤ ᠵᠠᠰᠠᠪᠣᠷᠢ ᠣᠷᠣᠭᠤᠯᠵᠤ | ᠲᠡᠭᠦᠯᠳᠡᠷᠵᠢᠭᠦᠯᠬᠦ ᠶᠢᠨ ᠬᠠᠮᠲᠤ ᠵᠠᠰᠠᠪᠣᠷᠢ ᠣᠷᠣᠭᠤᠯᠣᠭᠰᠡᠨ ᠤ ᠳᠠᠷᠠᠭᠠᠬᠢ ᠵᠠᠰᠠᠭ ᠵᠠᠬᠢᠷᠭᠠᠨ ᠤ ᠡᠷᠬᠡ ᠶᠢᠨ ᠨᠠᠷᠢᠨ | ᠬᠠᠭᠤᠳᠠᠰᠤ ᠶᠢ ᠲᠤᠰ ᠱᠠᠲᠤᠨ ᠤ ᠵᠠᠰᠠᠭ ᠤᠨ ᠣᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠳᠤ ᠮᠡᠳᠡᠭᠦᠯᠦᠨ | ᠬᠥᠷᠭᠡᠵᠦ ᠭᠤᠷᠪᠠᠳᠤᠭᠠᠷ ᠤᠳᠠᠭ᠎ᠠ ᠬᠢᠨᠠᠨ ᠬᠠᠷᠭᠤᠭᠤᠯᠬᠤ ᠬᠡᠷᠡᠭᠲᠡᠢ᠃ ᠲᠤᠰ ᠱᠠᠲᠤᠨ ᠤ ᠵᠠᠰᠠᠭ ᠤᠨ ᠣᠷᠳᠤᠨ ᠤ | ᠬᠠᠤᠯᠢ ᠳᠦᠷᠢᠮ ᠤᠨ ᠪᠠᠶᠢᠭᠤᠯᠤᠮᠵᠢ ᠶᠢᠨ ᠬᠢᠨᠠᠨ ᠬᠠᠷᠭᠤᠭᠤᠯᠤᠭᠰᠠᠨ ᠤ ᠳᠠᠷᠠᠭᠠᠬᠢ ᠵᠠᠰᠠᠭ ᠵᠠᠬᠢᠷᠭᠠᠨ ᠤ ᠡᠷᠬᠡ ᠶᠢᠨ | ᠨᠠᠷᠢᠨ ᠬᠠᠭᠤᠳᠠᠰᠤ ᠶᠢ ᠲᠤᠰ ᠱᠠᠲᠤᠨ ᠤ ᠵᠠᠰᠠᠭ ᠤᠨ ᠣᠷᠳᠤᠨ ᠤ ᠪᠠᠶᠢᠩᠭᠤ ᠶᠢᠨ ᠬᠤᠷᠠᠯ ᠪᠣᠶᠣ ᠪᠦᠭᠦᠳᠡ | ᠬᠤᠷᠠᠯᠳᠤᠭᠠᠨ ᠢᠶᠠᠷ ᠬᠢᠨᠠᠨ ᠪᠠᠲᠤᠯᠠᠭᠤᠯᠤᠭᠠᠳ᠂ ᠰᠣᠨᠢᠨ ᠮᠡᠳᠡᠭᠡᠨ ᠤ ᠵᠠᠭᠤᠴᠢᠯᠠᠭᠤᠷ ᠢᠶᠠᠷ ᠨᠡᠶᠢᠭᠡᠮ ᠳᠤ ᠨᠡᠶᠢᠳᠡᠯᠡᠬᠦ | ᠬᠡᠷᠡᠭᠲᠡᠢ᠃ | ᠭᠤᠷᠪᠠ᠂ ᠠᠵᠢᠯ ᠤᠨ ᠱᠠᠭᠠᠷᠳᠠᠯᠭ᠎ᠠ | ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠶᠢᠨ ᠳᠦᠷᠢᠮ ᠤᠨ ᠪᠦᠲᠦᠭᠡᠨ | ᠪᠠᠶᠢᠭᠤᠯᠤᠯᠲᠠ ᠶᠢᠨ ᠠᠵᠢᠯ ᠨᠢ ᠬᠤᠯᠪᠣᠭᠳᠠᠬᠤ ᠬᠡᠪᠴᠢᠶ᠎ᠡ ᠪᠠᠷ ᠥᠷᠭᠡᠨ᠂ ᠲᠤᠰᠬᠠᠶᠢᠲᠦ ᠴᠢᠨᠠᠷ ᠢᠶᠠᠷ ᠴᠢᠩᠭ᠎ᠠ᠂ | ᠠᠵᠢᠯ ᠤᠨ ᠡᠭᠦᠷᠭᠡ ᠬᠦᠨᠳᠦ᠂ ᠴᠠᠭ ᠤᠨ ᠱᠠᠭᠠᠷᠳᠠᠯᠭ᠎ᠠ ᠪᠠᠷ ᠴᠢᠩᠭ᠎ᠠ ᠪᠠᠶᠢᠳᠠᠭ ᠪᠤᠯᠬᠤᠷ᠂ ᠡᠯ᠎ᠡ ᠠᠶᠢᠮᠠᠭ ᠬᠤᠲᠠ᠂ | ᠡᠯ᠎ᠡ ᠬᠤᠰᠢᠭᠤ ᠰᠢᠶᠠᠨ ︵ᠬᠤᠲᠠ᠂ ᠲᠤᠭᠤᠷᠢᠭ︶ ᠤ ᠬᠢᠨ ᠦᠵᠡᠯ ᠰᠠᠨᠠᠭ᠎ᠠ ᠪᠠᠨ ᠨᠢᠭᠡᠳᠭᠡᠵᠦ᠂ ᠲᠠᠨᠢᠯᠲᠠ ᠪᠠᠨ | ᠳᠡᠭᠡᠭᠰᠢᠯᠡᠭᠦᠯᠦᠨ᠂ ᠵᠣᠬᠢᠶᠠᠨ ᠪᠠᠶᠢᠭᠤᠯᠤᠯᠲᠠ ᠶᠢᠨ ᠣᠳᠣᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠵᠠᠰᠠᠭ | ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠶᠢᠨ ᠳᠦᠷᠢᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠬᠤᠶᠠᠷ ᠠᠴᠠ ᠳᠡᠭᠡᠭᠰᠢ ᠰᠠᠯᠠᠭ᠎ᠠ ᠮᠦᠴᠢᠷ ᠤᠨ ᠡᠷᠬᠡ ᠲᠤᠰᠢᠶᠠᠯ | ᠰᠣᠯᠪᠢᠴᠠᠵᠤ ᠪᠠᠶᠢᠪᠠᠯ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠪᠦᠬᠦ ᠲᠠᠯ᠎ᠠ ᠠᠴᠠ ᠡᠭᠦᠰᠴᠦ᠂ | ᠵᠣᠬᠢᠴᠠᠭᠤᠯᠵᠤ ᠬᠠᠮᠵᠢᠯᠴᠠᠬᠤ ᠪᠠᠨ ᠴᠢᠩᠭᠠᠳᠬᠠᠨ᠂ ᠲᠣᠭᠳᠠᠭᠰᠠᠨ ᠴᠠᠭ ᠲᠠᠭᠠᠨ ᠴᠢᠨᠠᠷ ᠢ ᠪᠠᠳᠣᠯᠠᠨ ᠪᠡᠶᠡᠯᠡᠭᠦᠯᠬᠦ ᠶᠢ | ᠦᠨᠡᠨᠬᠦ ᠪᠠᠲᠤᠯᠠᠬᠤ ᠬᠡᠷᠡᠭᠲᠡᠢ᠃ ᠵᠣᠷᠢᠭᠤᠳᠠ ᠬᠤᠶᠢᠰᠢᠯᠠᠭᠤᠯᠤᠨ ᠮᠡᠳᠡᠭᠦᠯᠬᠦ᠂ ᠮᠡᠳᠡᠭᠦᠯᠦᠯᠲᠡ ᠠᠴᠠ ᠬᠤᠴᠤᠷᠠᠭᠤᠯᠬᠤ | ᠂ ᠮᠡᠳᠡᠭᠦᠯᠬᠦ ᠦᠭᠡᠢ ᠨᠢᠭᠤᠬᠤ᠂ ᠪᠠᠶᠢᠳᠠᠯ ᠢ ᠦᠨᠡᠨ ᠪᠤᠲᠠᠲᠠᠢ ᠪᠠᠷ ᠬᠠᠩᠭᠠᠬᠤ ᠦᠭᠡᠢ ᠠᠴᠠ ᠵᠠᠰᠠᠭ ᠵᠠᠬᠢᠷᠭᠠᠨ ᠤ | ᠡᠷᠬᠡ ᠶᠢᠨ ᠨᠠᠷᠢᠨ ᠬᠠᠭᠤᠳᠠᠰᠤ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠣᠭᠳᠠᠭᠰᠠᠨ ᠬᠤᠭᠤᠴᠠᠭᠠᠨ ᠳᠠᠭᠠᠨ | ᠪᠡᠶᠡᠯᠡᠭᠦᠯᠵᠦ ᠲᠡᠶᠢᠯᠦᠭᠰᠡᠨ ᠦᠭᠡᠢ ᠪᠣᠶᠣ ᠬᠦᠨᠳᠦ ᠶᠡᠭᠡ ᠠᠯᠳᠠᠭ᠎ᠠ ᠭᠠᠷᠭᠠᠭᠰᠡᠨ ᠪᠣᠯ᠂ ᠬᠠᠮᠢᠶ᠎ᠠ ᠪᠦᠬᠦᠢ | ᠬᠠᠷᠢᠭᠤᠴᠠᠯᠭ᠎ᠠ ᠲᠢᠠ ᠬᠦᠮᠦᠰ ᠤᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠢ᠃ | ︵ᠨᠢᠭᠡ︶ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ | ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠶᠢ ᠬᠠᠷᠢᠶ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠤ | ᠠᠷᠠᠳ ᠤᠨ ᠵᠠᠰᠠᠭ ᠤᠨ ᠣᠷᠳᠤᠨ ᠠᠴᠠ ᠨᠢᠭᠡᠲᠦᠯᠲᠡᠢ ᠲᠢᠭᠯᠡᠨ ᠵᠣᠬᠢᠶᠠᠬᠤ ᠬᠡᠷᠡᠭᠲᠡᠢ᠃ ᠰᠤᠮᠤ ᠰᠢᠶᠠᠩ ᠪᠠᠯᠭᠠᠰᠤ ᠶᠢᠨ | ᠠᠷᠠᠳ ᠤᠨ ᠵᠠᠰᠠᠭ ᠤᠨ ᠣᠷᠳᠤᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠤ ᠬᠡᠷᠡᠭᠵᠢᠭᠦᠯᠵᠤ ᠪᠦᠬᠦᠢ | ᠵᠠᠰᠠᠭ ᠵᠠᠬᠢᠷᠭᠠᠨ ᠤ ᠡᠷᠬᠡ ᠨᠡᠯᠢᠶᠡᠳ ᠴᠦᠬᠡᠬᠡᠨ ᠪᠠᠶᠢᠳᠠᠭ ᠪᠠᠶᠢᠳᠠᠯ ᠢ ᠬᠠᠷᠠᠭᠠᠯᠵᠠᠵᠤ᠂ ᠣᠯᠠᠩᠬᠢ ᠨᠢ ᠬᠤᠰᠢᠭᠤ | ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠤᠨ ᠠᠴᠠ ᠡᠷᠬᠡ ᠣᠯᠭᠤᠬᠤ ᠪᠣᠶᠣ ᠨᠠᠶᠢᠳᠠᠭᠰᠠᠨ | ᠡᠷᠬᠡ ᠳᠤ ᠬᠠᠷᠢᠶᠠᠯᠠᠭᠳᠠᠬᠤ ᠪᠣᠯᠬᠤᠷ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ | ᠣᠷᠳᠤᠨ ᠨᠤᠭᠤᠳ ᠬᠠᠷᠢᠶ᠎ᠠ ᠰᠣᠮᠣ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠤᠨ ︵ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠤ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠪᠠᠶᠢᠭᠤᠯᠬᠤ | ᠡᠭᠦᠷᠭᠡ ᠶᠢ ᠡᠭᠦᠷᠭᠡᠯᠡᠵᠦ᠂ ᠡᠷᠬᠡ ᠶᠢ ᠡᠮᠬᠢᠯᠡᠵᠦ ᠲᠢᠭᠯᠡᠬᠦ ᠪᠠ ᠨᠠᠷᠢᠨ ᠬᠠᠭᠤᠳᠠᠰᠤ ᠵᠣᠬᠢᠶᠠᠬᠤ ᠠᠵᠢᠯ ᠢ ᠨᠢᠭᠡᠲᠦᠯᠲᠡᠢ | ᠬᠢᠬᠦ ᠬᠡᠷᠡᠭᠲᠡᠢ᠃ | ︵ᠬᠤᠶᠠᠷ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠯᠦᠭᠡ ᠶᠢᠨ ᠠᠵᠢᠯ ᠤᠨ | ᠵᠤᠯᠭᠠᠯᠲᠠ ᠶᠢ ᠰᠠᠶᠢᠲᠤᠷ ᠬᠢᠬᠦ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠨᠤᠭᠤᠳ ᠵᠠᠰᠠᠭ | ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠳᠠᠬᠢ ᠭᠤᠶᠣᠴᠢᠯᠠᠭᠰᠠᠨ ᠵᠠᠰᠠᠭ ᠵᠠᠬᠢᠷᠭᠠᠨ ᠤ ᠠᠵᠢᠯᠯᠠᠭ᠎ᠠ ︵ | ᠲᠣᠬᠠᠶᠢᠯᠠᠪᠠᠯ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ᠂ ᠵᠠᠰᠠᠭ ᠵᠠᠬᠢᠷᠭᠠᠨ ᠢᠶᠠᠷ ᠲᠣᠳᠣᠯᠠᠬᠤ᠂ ᠵᠠᠰᠠᠭ | ᠵᠠᠬᠢᠷᠭᠠᠨ ᠢᠶᠠᠷ ᠣᠯᠭᠤᠬᠤ᠂ ᠵᠠᠰᠠᠭ ᠵᠠᠬᠢᠷᠭᠠᠨ ᠢᠶᠠᠷ ᠱᠠᠩᠨᠠᠬᠤ ᠵᠡᠷᠭᠡ ᠵᠦᠢᠯ ᠤᠨ ᠡᠷᠬᠡ︶ ᠶᠢ ᠬᠠᠤᠯᠢ ᠶᠤᠰᠤᠴᠢ | ᠴᠢᠨᠠᠷ ᠤᠨ ᠬᠢᠨᠠᠨ ᠪᠠᠶᠢᠴᠠᠭᠠᠯᠳᠠ᠂ ᠠᠵᠢᠯᠯᠠᠭᠠᠨ ᠤ ᠲᠡᠰ ᠲᠠᠷᠠᠭᠠᠯᠠᠯ ᠢ ᠲᠡᠭᠦᠯᠳᠡᠷᠵᠢᠭᠦᠯᠦᠭᠰᠡᠨ ᠤ ᠳᠠᠷᠠᠭ᠎ᠠ᠂ ᠲᠤᠰ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠴᠠᠭ ᠲᠤᠬᠠᠢ ᠳᠤᠨᠢ ᠰᠢᠯᠵᠢᠭᠦᠯᠦᠨ ᠲᠤᠰᠢᠶᠠᠵᠤ | ᠨᠢᠭᠡᠲᠦᠯᠲᠡᠢ ᠲᠦᠪᠯᠡᠷᠡᠭᠦᠯᠦᠨ ᠭᠦᠢᠴᠡᠳᠭᠡᠯᠭᠡᠬᠦ ᠬᠡᠷᠡᠭᠲᠡᠢ᠃ | ︵ᠭᠤᠷᠪᠠ︶ ᠠᠩᠬᠠᠨ ᠤ ᠬᠢᠨᠠᠯᠲᠠ ᠬᠢᠬᠦ ᠡᠷᠬᠡ ᠪᠠ ᠡᠴᠦᠰ ᠤᠨ ᠬᠢᠨᠠᠯᠲᠠ ᠬᠢᠬᠦ ᠡᠷᠬᠡ ᠶᠢᠨ | ᠠᠰᠠᠭᠤᠳᠠᠯ ᠢ ᠲᠤᠬᠢᠷᠠᠮᠵᠢᠳᠠᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠡᠷᠬᠡ ᠪᠠ ᠬᠠᠷᠢᠭᠤᠴᠠᠯᠭ᠎ᠠ ᠬᠠᠷᠢᠯᠴᠠᠨ | ᠨᠢᠭᠡᠲᠦᠯᠲᠡᠢ ᠪᠠᠶᠢᠬᠤ ᠬᠠᠤᠯᠢ ᠴᠠᠭᠠᠵᠠ ᠶᠢᠨ ᠵᠣᠷᠢᠭ ᠰᠠᠨᠠᠭ᠎ᠠ ᠶᠢ ᠦᠨᠳᠦᠰᠦᠯᠡᠪᠡᠯ᠂ ᠲᠠᠷᠠ ᠨᠢᠬᠡ ᠱᠠᠲᠤᠨ ᠤ | ᠵᠠᠰᠠᠭ ᠤᠨ ᠣᠷᠳᠤᠨ ᠤ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠳᠤ ᠶᠡᠷᠦ ᠳᠡᠭᠡᠨ ᠵᠦᠪᠬᠡᠨ ᠲᠤᠰ | ᠱᠠᠲᠤᠨ ᠤ ᠵᠠᠰᠠᠭ ᠤᠨ ᠣᠷᠳᠤᠨ ᠤ ᠬᠠᠮᠤᠭ ᠡᠴᠦᠰ ᠤᠨ ᠰᠢᠢᠳᠪᠦᠷᠢᠯᠡᠬᠦ ᠡᠷᠬᠡ ᠪᠦᠬᠦᠢ ᠵᠠᠰᠠᠭ ᠵᠠᠬᠢᠷᠭᠠᠨ ᠤ | ᠡᠷᠬᠡ ᠶᠢ ᠪᠠᠭᠲᠠᠭᠠᠨ᠎ᠠ᠃ ᠣᠯᠠᠨ ᠲᠦᠮᠡᠨ ᠤ ᠬᠡᠷᠡᠭ ᠭᠦᠢᠴᠡᠳᠭᠡᠬᠦ ᠳᠤ ᠨᠡᠩ ᠰᠠᠶᠢᠨ ᠳᠦᠭᠦᠮ ᠦᠵᠡᠭᠦᠯᠵᠦ᠂ | ᠦᠨᠳᠦᠰᠦᠨ ᠱᠠᠲᠤᠨ ᠤ ᠵᠠᠰᠠᠭ ᠤᠨ ᠣᠷᠳᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ | ᠦᠭᠡᠢ ᠳᠡᠭᠡᠭᠰᠢᠯᠡᠭᠦᠯᠬᠦ ᠶᠢᠨ ᠲᠤᠰᠠᠳᠠ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠨᠤᠭᠤᠳ ᠪᠤᠳᠠᠳᠠᠢ | ᠬᠡᠷᠡᠭᠴᠡᠭᠡ ᠪᠠᠨ ᠦᠨᠳᠦᠰᠦᠯᠡᠨ ᠲᠤᠰ ᠱᠠᠲᠤᠨ ᠤ ᠠᠩᠬᠠᠨ ᠤ ᠬᠢᠨᠠᠯᠲᠠ ᠬᠢᠬᠦ᠂ ᠳᠡᠭᠡᠳᠦ ᠱᠠᠲᠤᠨ ᠤ ᠡᠴᠦᠰ ᠤᠨ | ᠬᠢᠨᠠᠯᠲᠠ ᠬᠢᠬᠦ ᠵᠠᠰᠠᠭ ᠵᠠᠬᠢᠷᠭᠠᠨ ᠤ ᠡᠷᠬᠡ ᠶᠢ ᠲᠤᠰ ᠱᠠᠲᠤᠨ ᠤ ᠵᠠᠰᠠᠭ ᠤᠨ ᠣᠷᠳᠤᠨ ᠤ ᠵᠠᠰᠠᠭ ᠵᠠᠬᠢᠷᠭᠠᠨ ᠤ | ᠡᠷᠬᠡ ᠶᠢᠨ ᠨᠠᠷᠢᠨ ᠬᠠᠭᠤᠳᠠᠰᠤ ᠳᠤ ᠵᠢᠭᠰᠠᠭᠠᠨ ᠣᠷᠤᠭᠤᠯᠵᠤ ᠪᠤᠯᠬᠤ ᠶᠢᠨ ᠬᠠᠮᠲᠤ᠂ ᠬᠠᠷᠢᠭᠤᠴᠠᠯᠭ᠎ᠠ ᠶᠢ ᠲᠣᠳᠣᠷᠬᠠᠢ | ᠰᠢᠯᠵᠢᠭᠦᠯᠦᠨ ᠬᠤᠪᠢᠶᠠᠷᠢᠯᠠᠵᠤ᠂ ᠳᠡᠭᠡᠷ᠎ᠡ ᠲᠤᠷᠠᠳᠤᠭᠰᠠᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠲᠤ ᠠᠰ ᠲᠤᠨᠢ | ᠵᠡᠬᠦᠯᠳᠡ ᠲᠣᠳᠣᠷᠬᠠᠶᠢᠯᠠᠯ ᠬᠢᠬᠦ ᠬᠡᠷᠡᠭᠲᠡᠢ᠃ | ︵ᠳᠥᠷᠪᠠ︶ ᠳᠡᠭᠡᠳᠦ ᠱᠠᠲᠤᠨ ᠤ ᠪᠠᠭᠤᠯᠭᠠᠭᠰᠠᠨ ᠬᠢᠨᠠᠨ ᠵᠥᠪᠰᠢᠶᠡᠷᠡᠬᠦ ᠵᠦᠢᠯᠡᠰ ᠢ ᠲᠤᠰᠠᠭᠠᠷ | ᠭᠦᠢᠴᠡᠳᠭᠡᠬᠦ ᠬᠡᠷᠡᠭᠲᠡᠢ᠃ ᠣᠶᠢᠷ᠎ᠠ ᠶᠢᠨ ᠵᠢᠯ ᠤᠨ ᠲᠤᠷᠰᠢ ᠲᠥᠷᠥ ᠶᠢᠨ ᠶᠠᠪᠤᠳᠠᠯ ᠤᠨ ᠬᠤᠷᠢᠶ᠎ᠠ ᠪᠠ ᠦᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠠᠴᠠ ᠬᠦᠴᠦᠨ ᠦᠭᠡᠢ ᠪᠣᠯᠭᠠᠭᠰᠠᠨ᠂ ᠲᠣᠬᠢᠷᠠᠭᠤᠯᠤᠭᠰᠠᠨ ᠪᠠ | ᠪᠠᠭᠤᠯᠭᠠᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠡᠯ᠎ᠡ ᠠᠶᠢᠮᠠᠭ ᠬᠤᠲᠠ᠂ ᠡᠯ᠎ᠡ ᠬᠤᠰᠢᠭᠤ | ᠰᠢᠶᠠᠨ ︵ᠬᠤᠲᠠ᠂ ᠲᠣᠭᠤᠷᠢᠭ︶ ᠨᠤᠭᠤᠳ ᠬᠦᠴᠦᠨ ᠢᠶᠠᠨ ᠲᠦᠪᠯᠡᠷᠡᠭᠦᠯᠵᠦ ᠲᠤᠰᠬᠠᠶᠢᠯᠠᠨ ᠵᠠᠯᠭᠠᠨ ᠠᠪᠴᠤ | ᠨᠠᠶᠢᠳᠠᠪᠤᠷᠢᠵᠢᠭᠤᠯᠬᠤ ᠬᠡᠷᠡᠭᠳᠡᠢ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠦᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠤᠨ ᠠᠴᠠ ᠬᠦᠴᠦᠨ ᠦᠭᠡᠢ ᠪᠣᠯᠭᠠᠭᠰᠠᠨ᠂ ᠲᠣᠬᠢᠷᠠᠭᠤᠯᠤᠭᠰᠠᠨ ᠪᠠ ᠪᠠᠭᠤᠯᠭᠠᠭᠰᠠᠨ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠦᠯ ᠵᠦᠢᠯ ᠢ ᠲᠤᠰ ᠱᠠᠲᠤᠨ ᠤ ᠡᠮᠬᠢᠯᠡᠨ ᠲᠢᠭᠯᠡᠬᠦ᠂ ᠵᠣᠬᠢᠶᠠᠬᠤ ᠪᠠ | ᠨᠡᠶᠢᠳᠡᠯᠡᠬᠦ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠯᠤᠭ᠎ᠠ ᠨᠡᠶᠢᠯᠡᠭᠦᠯᠦᠨ ᠭᠦᠢᠴᠡᠳᠭᠡᠵᠦ ᠪᠣᠯᠬᠤ ᠦᠭᠡᠢ | ᠂ ᠠᠰᠲᠠᠭᠠᠨ ᠬᠦᠰᠦᠨᠦᠭ ᠵᠢᠭᠰᠠᠭᠠᠵᠤ ᠲᠤᠰᠠᠭᠠᠷ ᠭᠦᠢᠴᠡᠳᠭᠡᠬᠦ ᠬᠡᠷᠡᠭᠲᠡᠢ᠃ ᠪᠣᠳᠠᠳᠤ ᠠᠵᠢᠯ ᠤᠨ ᠳᠤᠮᠳᠠ ᠲᠤᠰ | ᠱᠠᠲᠤᠨ ᠤ ᠵᠠᠰᠠᠭ ᠤᠨ ᠣᠷᠳᠤᠨ ᠤ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠳᠤ ᠦᠨᠡᠨᠬᠦ ᠵᠢᠭᠰᠠᠭᠠᠨ | ᠣᠷᠣᠭᠤᠯᠬᠤ ᠴᠢᠬᠤᠯᠠᠲᠠᠢ ᠪᠣᠯ᠂ ᠠᠰ ᠲᠤᠨᠢ ᠵᠡᠬᠦᠯᠳᠡ ᠲᠣᠳᠣᠷᠬᠠᠶᠢᠯᠠᠯ ᠬᠢᠬᠦ ᠬᠡᠷᠡᠭᠲᠡᠢ᠃ | ︵ᠲᠠᠪᠤ︶ ᠠᠵᠢᠯ ᠤᠨ ᠵᠢᠯᠤᠭᠤᠳᠤᠯᠭ᠎ᠠ ᠪᠣᠯᠣᠨ ᠪᠣᠯᠪᠠᠰᠤᠷᠠᠭᠤᠯᠤᠯ ᠢ ᠤᠯᠠᠮ ᠨᠢᠭᠡ ᠠᠯᠬᠤᠮ | ᠴᠢᠩᠭᠠᠳᠬᠠᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠬᠠᠤᠯᠢ ᠳᠦᠷᠢᠮ ᠤᠨ ᠠᠯᠪᠠᠨ ᠭᠡᠷ ᠲᠤᠰᠬᠠᠢ | ᠬᠦᠴᠦᠨ ᠢ ᠵᠣᠬᠢᠶᠠᠨ ᠪᠠᠶᠢᠭᠤᠯᠵᠤ᠂ ᠡᠯ᠎ᠡ ᠠᠶᠢᠮᠠᠭ ᠬᠤᠲᠠ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ | ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠶᠢᠨ ᠳᠦᠷᠢᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠠᠬᠢ | ᠵᠢᠯᠤᠭᠤᠳᠤᠯᠭ᠎ᠠ ᠪᠣᠯᠣᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠲᠤᠰ ᠠᠵᠢᠯ ᠢ | ᠲᠣᠭᠳᠠᠭᠰᠠᠨ ᠬᠤᠭᠤᠴᠠᠭᠠᠨ ᠳᠠᠭᠠᠨ ᠴᠢᠨᠠᠷᠯᠢᠭ ᠢᠶᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ | ᠡᠯ᠎ᠡ ᠠᠶᠢᠮᠠᠭ ᠬᠤᠲᠠ ᠨᠤᠭᠤᠳ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠶᠢᠨ | ᠲᠦᠷᠢᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠦᠷ᠎ᠡ ᠳ᠋ᠦᠩ ᠢ ᠦᠪᠡᠷᠲᠡᠭᠡᠨ ᠵᠠᠰᠠᠬᠤ ᠣᠷᠣᠨ ᠤ ᠬᠠᠤᠯᠢ | ᠳᠦᠷᠢᠮ ᠤᠨ ᠠᠯᠪᠠᠨ ᠭᠡᠷ ᠲᠤ ᠴᠠᠭ ᠲᠣᠬᠠᠢ ᠳᠤᠨᠢ ᠮᠡᠳᠡᠭᠦᠯᠦᠨ ᠬᠦᠷᠭᠡᠵᠦ᠂ ᠦᠪᠡᠷᠲᠡᠭᠡᠨ ᠵᠠᠰᠠᠬᠤ ᠣᠷᠣᠨ ᠤ | ᠬᠠᠤᠯᠢ ᠳᠦᠷᠢᠮ ᠤᠨ ᠠᠯᠪᠠᠨ ᠭᠡᠷ ᠠᠴᠠ ᠬᠤᠷᠢᠶᠠᠩᠭᠤᠶᠢᠯᠠᠭᠰᠠᠨ ᠤ ᠳᠠᠷᠠᠭ᠎ᠠ ᠦᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠤᠨ ᠳᠤ ᠮᠡᠳᠡᠭᠦᠯᠬᠦ ᠬᠡᠷᠡᠭᠲᠡᠢ᠃ | | |