ᠥᠪᠥᠷ ᠵᠠᠰᠠᠭ ᠠᠯᠪᠠᠨ ᠲᠠᠷᠬᠠᠭᠠᠭᠰᠠᠨ ﹇2015﹈ 16 ᠳ᠋ᠤᠭᠠᠷ ᠲᠤᠭᠠᠳᠤ | 2 ᠳ᠋ᠤᠭᠠᠷ ᠰᠠᠷ᠎ᠠ ᠶᠢᠨ 15 ᠤ ᠡᠳᠦᠷ | | ᠡᠯ᠎ᠡ ᠠᠶᠢᠮᠠᠭ ᠤᠨ ᠵᠡᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠳᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠤᠪᠴᠢᠶ᠎ᠠ᠂ ᠡᠯ᠎ᠡ ᠲᠤᠮᠤ ᠠᠵᠦ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠥᠷᠭᠡᠳᠭᠡᠨ ᠠᠬᠢᠭᠤᠯᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠢᠯᠣᠭᠤᠳᠬᠤ ᠰᠠᠨᠠᠯ︾ ︵ | ᠥᠪᠥᠷ ᠵᠠᠰᠠᠭ ᠲᠠᠷᠬᠠᠭᠠᠭᠰᠠᠨ ﹇2013﹈ 80 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢᠨ ᠶᠣᠰᠣᠭᠠᠷ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠤᠯᠠᠭᠠᠠᠬᠠᠳᠠ ᠬᠤᠲᠠ ᠶᠢᠨ ᠬᠤᠩᠱᠠᠨ | ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠵᠡᠷᠭᠡ 28 ᠦᠢᠯᠡᠴᠢᠯᠡᠭᠡᠨ ᠤ ᠦᠢᠯᠡᠰ ᠤᠨ ᠲᠥᠪᠯᠡᠷᠡᠭᠰᠡᠨ | ᠣᠷᠣᠨ ᠢᠶᠠᠷ ᠥᠪᠡᠷᠲᠡᠭᠡᠨ ᠵᠠᠰᠠᠬᠤ ᠣᠷᠣᠨ ᠤ ᠳᠡᠰ ᠤᠨ ᠦᠢᠯᠡᠴᠢᠯᠡᠭᠡᠨ ᠤ ᠦᠢᠯᠡᠰ ᠤᠨ ᠲᠥᠪᠯᠡᠷᠡᠭᠰᠡᠨ ᠣᠷᠣᠨ ︵ | ᠨᠢᠭᠡᠳᠦᠭᠡᠷ ᠪᠦᠯᠦᠭ︶ ᠪᠣᠯᠭᠠᠬᠤ ᠪᠠᠷ ᠲᠣᠭᠲᠠᠵᠤ᠂ ᠡᠳᠦᠭᠡ ᠨᠡᠶᠢᠲᠡᠯᠡᠪᠡ᠃ | ᠬᠢᠨᠠᠨ ᠲᠤᠭᠳᠠᠭᠠᠭᠳᠠᠭᠰᠠᠨ ᠥᠪᠡᠷᠲᠡᠭᠡᠨ ᠵᠠᠰᠠᠬᠤ ᠣᠷᠣᠨ ᠤ ᠳᠡᠰ ᠤᠨ ᠦᠢᠯᠡᠴᠢᠯᠡᠭᠡᠨ ᠤ | ᠦᠢᠯᠡᠰ ᠤᠨ ᠲᠥᠪᠯᠡᠷᠡᠭᠰᠡᠨ ᠣᠷᠣᠨ ᠨᠤᠭᠤᠳ ᠭᠤᠣᠯᠳᠠᠯᠭ᠎ᠠ ᠲᠠᠢ ᠲᠦᠷᠦᠯ ᠵᠦᠢᠯ ᠪᠠ ᠣᠯᠠᠨ ᠨᠡᠶᠢᠲᠡ ᠶᠢᠨ | ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠦᠢᠯᠡᠴᠢᠯᠡᠭᠡᠨ ᠤ | ᠴᠢᠳᠠᠪᠬᠢ ᠪᠠᠨ ᠳᠡᠭᠦᠯᠳᠡᠷᠵᠢᠭᠦᠯᠦᠨ᠂ ᠭᠦᠭᠵᠢᠯᠲᠡ ᠶᠢᠨ ᠬᠢᠷᠢ ᠲᠥᠪᠰᠢᠨ ᠢᠶᠠᠨ ᠳᠡᠭᠡᠭᠰᠢᠯᠡᠭᠦᠯᠵᠦ᠂ ᠵᠢᠱᠢᠶ᠎ᠡ | ᠦᠵᠡᠭᠦᠯᠦᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠠᠵᠤ | ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠪᠠ ᠨᠡᠶᠢᠭᠡᠮ ᠢ ᠡᠶ᠎ᠡ ᠵᠣᠬᠢᠴᠠᠯ ᠲᠠᠢ ᠲᠣᠭᠲᠠᠭᠤᠨ | ᠪᠠᠶᠢᠯᠭᠠᠬᠤ ᠶᠢᠨ ᠲᠦᠯᠦᠭᠡ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ ᠦᠭᠡᠷᠡᠴᠢᠯᠡᠯᠲᠡ ᠶᠢᠨ ᠵᠥᠪᠯᠡᠯ ᠨᠢ ᠥᠪᠡᠷᠲᠡᠭᠡᠨ | ᠵᠠᠰᠠᠬᠤ ᠣᠷᠣᠨ ᠤ ᠳᠡᠰ ᠤᠨ ᠦᠢᠯᠡᠴᠢᠯᠡᠭᠡᠨ ᠤ ᠦᠢᠯᠡᠰ ᠤᠨ ᠲᠥᠪᠯᠡᠷᠡᠭᠰᠡᠨ ᠣᠷᠣᠨ ᠢ ᠰᠢᠯᠭᠠᠨ ᠦᠨᠡᠯᠡᠬᠦ | ᠲᠣᠭᠲᠠᠴᠠ ᠪᠠ ᠪᠦᠷᠢᠳᠬᠡᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ | ᠪᠦᠬᠦ ᠣᠷᠣᠨ ᠤ ᠦᠢᠯᠡᠴᠢᠯᠡᠭᠡᠨ ᠤ ᠦᠢᠯᠡᠰ ᠤᠨ ᠲᠥᠪᠯᠡᠷᠡᠭᠰᠡᠨ ᠣᠷᠣᠨ ᠤ ᠡᠷᠡᠭᠦᠯ ᠢᠶᠠᠷ ᠬᠦᠭᠵᠢᠬᠦ ᠶᠢ ᠲᠦᠯᠬᠢᠨ | ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠳᠡᠰ ᠤᠨ ᠦᠢᠯᠡᠴᠢᠯᠡᠭᠡᠨ ᠤ ᠦᠢᠯᠡᠰ ᠤᠨ ᠲᠥᠪᠯᠡᠷᠡᠭᠰᠡᠨ | ᠣᠷᠣᠨ ᠨᠤᠭᠤᠳ ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ ᠦᠭᠡᠷᠡᠴᠢᠯᠡᠯᠲᠡ ᠶᠢᠨ ᠵᠥᠪᠯᠡᠯ ᠳᠤ | ᠲᠦᠪᠯᠡᠷᠡᠭᠰᠡᠨ ᠣᠷᠣᠨ ᠤ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠶᠢᠨ ᠪᠠᠶᠢᠳᠠᠯ ᠢᠶᠠᠨ ᠲᠣᠭᠲᠠᠮᠠᠯ | ᠬᠤᠭᠤᠴᠠᠭ᠎ᠠ ᠲᠠᠢ ᠪᠠᠷ ᠮᠡᠳᠡᠭᠦᠯᠦᠨ ᠬᠦᠷᠭᠡᠬᠦ ᠬᠡᠷᠡᠭᠲᠡᠢ᠃ | ᠳᠠᠭᠠᠯᠳᠤᠭᠤᠯᠤᠯ᠄ ᠥᠪᠡᠷᠲᠡᠭᠡᠨ ᠵᠠᠰᠠᠬᠤ ᠣᠷᠣᠨ ᠤ ᠳᠡᠰ ᠤᠨ ᠦᠢᠯᠡᠴᠢᠯᠡᠭᠡᠨ ᠤ ᠦᠢᠯᠡᠰ ᠤᠨ | ᠲᠥᠪᠯᠡᠷᠡᠭᠰᠡᠨ ᠣᠷᠣᠨ ᠤ ᠨᠡᠷᠡᠰ ︵ᠨᠢᠭᠡᠳᠦᠭᠡᠷ ᠪᠦᠯᠦᠭ︶ | | | ᠳᠠᠭᠠᠯᠳᠤᠭᠤᠯᠤᠯ | ᠥᠪᠡᠷᠲᠡᠭᠡᠨ ᠵᠠᠰᠠᠬᠤ ᠣᠷᠣᠨ ᠤ ᠳᠡᠰ ᠤᠨ ᠦᠢᠯᠡᠴᠢᠯᠡᠭᠡᠨ ᠤ ᠦᠢᠯᠡᠰ ᠤᠨ | ᠲᠥᠪᠯᠡᠷᠡᠭᠰᠡᠨ ᠣᠷᠣᠨ ᠤ ᠨᠡᠷᠡᠰ ︵ᠨᠢᠭᠡᠳᠦᠭᠡᠷ ᠪᠦᠯᠦᠭ︶ | ᠨᠢᠭᠡ᠂ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ | 1. ᠤᠯᠠᠭᠠᠠᠬᠠᠳᠠ ᠬᠤᠲᠠ ᠶᠢᠨ ᠬᠤᠩᠱᠠᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ | 2. ᠬᠢᠩᠭᠠᠨ ᠠᠶᠢᠮᠠᠭ ᠤᠨ ᠤᠯᠠᠭᠠᠠᠬᠤᠳᠠ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ | 3. ᠰᠢᠯᠢ ᠶᠢᠨ ᠭᠤᠣᠯ ᠠᠶᠢᠮᠠᠭ ᠤᠨ ᠠᠨ ᠺᠤᠸᠠᠢ ᠰᠢᠯᠢ ᠶᠢᠨ ᠬᠤᠲᠠ ᠶᠢᠨ ᠬᠤᠶᠢᠲᠤᠳᠡᠬᠢ | ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ | 4. ᠪᠠᠶᠠᠨᠨᠠᠭᠤᠷ ᠬᠤᠲᠠ ᠶᠢᠨ ᠭᠠᠭᠴᠠ ᠮᠣᠳᠤ ᠬᠢᠯᠢ ᠶᠢᠨ ᠪᠣᠭᠤᠮᠲᠠ ᠶᠢᠨ ᠣᠳᠣ ᠦᠶ᠎ᠡ ᠶᠢᠨ | ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ | 5. ᠪᠣᠭᠤᠳᠤ ᠬᠤᠲᠠ ᠶᠢᠨ ᠤᠮᠠᠷᠠᠲᠤ ᠶᠢᠨ ᠲᠤᠨᠤᠭ ᠲᠦᠬᠦᠭᠡᠷᠦᠮᠵᠢ ᠶᠢᠨ ᠪᠠᠷᠠᠭᠠᠨ ᠤ ᠭᠦᠢᠯᠭᠡᠭᠡᠨ ᠤ | ᠬᠦᠷᠢᠶᠡᠯᠡᠩ ᠲᠣᠭᠤᠷᠢᠭ | 6. ᠬᠦᠬᠡᠬᠤᠲᠠ ᠶᠢᠨ ᠲᠣᠭᠲᠠᠬᠤ ᠶᠢᠨ ᠵᠢᠶᠠ ᠡᠾᠤ ᠨᠡᠭᠦᠷᠡᠰᠦ ᠶᠢᠨ ᠪᠠᠷᠠᠭᠠᠨ ᠤ ᠭᠦᠢᠯᠭᠡᠭᠡᠨ ᠤ | ᠶᠡᠷᠦᠩᠭᠡᠶᠢᠯᠡᠭᠰᠡᠨ ᠣᠷᠣᠨ | 7. ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠶᠡᠷᠦᠩᠭᠡᠶᠢᠯᠡᠭᠰᠡᠨ ᠪᠠᠷᠠᠭᠠᠨ ᠤ | ᠭᠦᠢᠯᠭᠡᠭᠡᠨ ᠤ ᠲᠥᠪᠯᠡᠷᠡᠭᠰᠡᠨ ᠣᠷᠣᠨ | 8. ᠤᠯᠠᠭᠠᠨᠴᠠᠪ ᠬᠤᠲᠠ ᠶᠢᠨ ᠶᠡᠷᠦᠩᠭᠡᠶᠢᠯᠡᠭᠰᠡᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ | ᠬᠦᠷᠢᠶᠡᠯᠡᠩ ᠲᠣᠭᠤᠷᠢᠭ | ᠬᠤᠶᠠᠷ᠂ ᠬᠤᠳᠠᠯᠳᠤᠭ᠎ᠠ ᠠᠷᠠᠯᠵᠢᠶ᠎ᠠ ᠶᠢᠨ ᠴᠢᠳᠠᠪᠬᠢ ᠶᠢᠨ ᠣᠷᠣᠨ | 1. ᠥᠪᠥᠷ ᠮᠣᠩᠭᠤᠯ ᠤᠨ ᠱᠢ ᠴᠢᠤᠸᠠᠨ ᠱᠢ ᠮᠸᠢ ᠮᠸᠢ ᠲᠦᠩ ᠬᠤᠳᠠᠯᠳᠤᠭ᠎ᠠ ᠠᠷᠠᠯᠵᠢᠶ᠎ᠠ ᠶᠢᠨ | ᠴᠢᠳᠠᠪᠬᠢ ᠶᠢᠨ ᠲᠦᠪᠯᠡᠷᠡᠭᠰᠡᠨ ᠣᠷᠣᠨ | 2. ᠤᠯᠠᠭᠠᠠᠬᠠᠳᠠ ᠬᠤᠲᠠ ᠶᠢᠨ ᠣᠩᠨᠢᠭᠤᠳ ᠬᠤᠰᠢᠭᠤᠨ ᠤ ᠪᠣᠷᠣᠬᠤᠲᠠ ᠬᠤᠳᠠᠯᠳᠤᠭ᠎ᠠ | ᠠᠷᠠᠯᠵᠢᠶ᠎ᠠ ᠶᠢᠨ ᠪᠠᠷᠠᠭᠠᠨ ᠤ ᠭᠦᠢᠯᠭᠡᠭᠡᠨ ᠤ ᠣᠷᠣᠨ | 3. ᠬᠦᠬᠡᠬᠤᠲᠠ ᠶᠢᠨ ᠶᠢᠨ ᠬᠠᠢ ᠣᠯᠠᠨ ᠤᠯᠤᠰ ᠤᠨ ᠲᠡᠮᠦᠷᠯᠢᠭ ᠮᠠᠰᠢᠨ ᠴᠠᠬᠢᠯᠭᠠᠨ ᠤ ᠬᠤᠲᠠ | 4. ᠬᠦᠬᠡᠬᠤᠲᠠ ᠶᠢᠨ ᠬᠠᠶᠢᠯᠠᠷ ᠪᠠᠷᠠᠭᠤᠨ ᠵᠠᠮ ᠤᠨ ᠮᠠᠰᠢᠨ ᠲᠡᠷᠭᠡᠨ ᠤ ᠠᠵᠤ ᠦᠢᠯᠡᠰ ᠤᠨ | ᠲᠥᠪᠯᠡᠷᠡᠭᠰᠡᠨ ᠣᠷᠣᠨ | 5. ᠤᠯᠠᠭᠠᠠᠬᠠᠳᠠ ᠬᠤᠲᠠ ᠶᠢᠨ ᠰᠦᠩᠱᠠᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ | ᠭᠤᠷᠪᠠ᠂ ᠲᠥᠪ ᠬᠤᠳᠠᠯᠳᠤᠭᠠᠨ ᠤ ᠶᠠᠪᠤᠳᠠᠯ ᠤᠨ ᠣᠷᠣᠨ | ᠬᠦᠬᠡᠬᠤᠲᠠ ᠶᠢᠨ ᠷᠦ ᠢ ᠶᠡᠷᠦᠩᠭᠡᠢ ᠬᠡᠯᠳᠡᠰ ᠤᠨ ᠰᠠᠭᠤᠷᠢᠨ ᠭᠠᠵᠠᠷ | ᠳᠥᠷᠪᠡ᠂ ᠵᠢᠭᠤᠯᠴᠢᠯᠠᠯ ᠤᠨ ᠰᠤᠯᠠ ᠰᠡᠯᠡᠭᠦᠦ ᠠᠮᠠᠷᠠᠯᠲᠠ ᠶᠢᠨ ᠣᠷᠣᠨ | 1. ᠣᠷᠳᠣᠰ ᠬᠤᠲᠠ ᠶᠢᠨ ᠪᠦᠷᠢᠶ᠎ᠡ ᠮᠠᠩᠬ᠎ᠠ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ | 2. ᠣᠷᠳᠣᠰ ᠬᠤᠲᠠ ᠶᠢᠨ ᠴᠢᠩᠬᠢᠰ ᠬᠠᠭᠠᠨ ᠵᠢᠭᠤᠯᠴᠢᠯᠠᠯ ᠤᠨ ᠦᠵᠡᠮᠵᠢ ᠶᠢᠨ ᠣᠷᠣᠨ | 3. ᠮᠠᠨᠵᠤᠤᠷ ᠬᠤᠲᠠ ᠶᠢᠨ ᠳ᠋ᠦ᠋ᠩ ᠬᠤ ᠨᠠᠭᠤᠷ ᠤᠨ ᠠᠮᠢ ᠠᠬᠤᠢ ᠶᠢᠨ ᠵᠢᠭᠤᠯᠴᠢᠯᠠᠯ ᠤᠨ ᠵᠢᠱᠢᠶ᠎ᠡ | ᠦᠵᠡᠭᠦᠯᠬᠦ ᠣᠷᠣᠨ | 4. ᠬᠦᠬᠡᠬᠤᠲᠠ ᠶᠢᠨ ᠲᠣᠭᠲᠠᠬᠤ ᠶᠢᠨ ᠬᠠᠲᠤᠨ ᠭᠤᠣᠯ ᠤᠨ ᠤᠰᠤᠯᠢᠭ ᠨᠤᠭᠤ ᠭᠠᠵᠠᠷ ᠤᠨ | ᠬᠠᠷᠢᠶᠠᠲᠤ ᠣᠷᠣᠨ | 5. ᠰᠢᠯᠢ ᠶᠢᠨ ᠭᠤᠣᠯ ᠠᠶᠢᠮᠠᠭ ᠤᠨ ᠲᠠᠶᠢᠹᠤᠰᠤ ᠬᠤᠰᠢᠭᠤᠨ ᠤ ᠵᠢᠭᠤᠯᠴᠢᠯᠠᠯ ᠤᠨ ᠰᠤᠯᠠ ᠰᠡᠯᠡᠭᠦᠦ | ᠠᠮᠠᠷᠠᠯᠲᠠ ᠶᠢᠨ ᠣᠷᠣᠨ | 6. ᠪᠣᠭᠤᠳᠤ ᠬᠤᠲᠠ ᠶᠢᠨ ᠨᠠᠨ ᠬᠤ ᠨᠠᠭᠤᠷ ᠤᠨ ᠤᠰᠤᠯᠢᠭ ᠨᠤᠭᠤ ᠭᠠᠵᠠᠷ ᠤᠨ ᠵᠢᠭᠤᠯᠴᠢᠯᠠᠯ ᠤᠨ | ᠰᠤᠯᠠ ᠰᠡᠯᠡᠭᠦᠦ ᠠᠮᠠᠷᠠᠯᠲᠠ ᠶᠢᠨ ᠣᠷᠣᠨ ᠵᠢᠴᠢ ᠰᠤᠶᠤᠯ ᠤᠨ ᠪᠦᠲᠦᠭᠡᠯᠴᠢ ᠠᠵᠤ ᠦᠢᠯᠡᠰ ᠤᠨ ᠬᠦᠷᠢᠶᠡᠯᠡᠩ | ᠲᠣᠭᠤᠷᠢᠭ | 7. ᠬᠦᠬᠡᠬᠤᠲᠠ ᠶᠢᠨ ᠳᠠᠯᠠᠨ ᠬᠠᠷ᠎ᠠ ᠠᠭᠤᠯᠠ ᠶᠢᠨ ᠡᠮᠦᠨ᠎ᠡ ᠪᠡᠯ ᠤᠨ ᠠᠮᠢ ᠠᠬᠤᠢ ᠶᠢᠨ ᠰᠤᠯᠠ | ᠰᠡᠯᠡᠭᠦᠦ ᠵᠢᠭᠤᠯᠴᠢᠯᠠᠯ ᠤᠨ ᠣᠷᠣᠨ | 8. ᠣᠷᠳᠣᠰ ᠬᠤᠲᠠ ᠶᠢᠨ ᠵᠢᠤ ᠴᠤᠩ ᠭᠦᠩ ᠵᠢᠭᠤᠯᠴᠢᠯᠠᠯ ᠤᠨ ᠦᠵᠡᠮᠵᠢ ᠶᠢᠨ ᠣᠷᠣᠨ | 9. ᠪᠣᠭᠤᠳᠤ ᠬᠤᠲᠠ ᠶᠢᠨ ᠰᠢᠷ᠎ᠠ ᠮᠦᠷᠡᠨ ᠲᠠᠯ᠎ᠠ ᠨᠤᠲᠤᠭ ᠤᠨ ᠰᠤᠯᠠ ᠰᠡᠯᠡᠭᠦᠦ ᠵᠢᠭᠤᠯᠴᠢᠯᠠᠯ ᠤᠨ | ᠣᠷᠣᠨ | ᠲᠠᠪᠤ᠂ ᠰᠤᠶᠤᠯ ᠤᠨ ᠠᠳᠠᠯ ᠦᠢᠯᠡᠰ ᠪᠣᠰᠬᠠᠬᠤ ᠬᠦᠷᠢᠶᠡᠯᠡᠩ ᠲᠣᠭᠤᠷᠢᠭ | ᠬᠦᠬᠡᠬᠤᠲᠠ ᠶᠢᠨ ᠶᠡᠭᠡ ᠵᠣᠣ ᠰᠤᠶᠤᠯ ᠤᠨ ᠠᠵᠤ ᠦᠢᠯᠡᠰ ᠤᠨ ᠲᠥᠪᠯᠡᠷᠡᠭᠰᠡᠨ ᠣᠷᠣᠨ | ᠵᠢᠷᠭᠤᠭ᠎ᠠ᠂ ᠰᠢᠨᠵᠢᠯᠡᠭᠡ ᠮᠡᠷᠭᠡᠵᠢᠯ ᠤᠨ ᠠᠳᠠᠯ ᠦᠢᠯᠡᠰ ᠪᠣᠰᠬᠠᠬᠤ ᠬᠦᠷᠢᠶᠡᠯᠡᠩ ᠲᠣᠭᠤᠷᠢᠭ | 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠨᠳᠦᠷ ᠳᠡᠰ ᠳᠠᠪᠬᠤᠷᠭ᠎ᠠ ᠶᠢᠨ | ᠴᠢᠳᠠᠪᠤᠷᠢᠲᠠᠨ ᠤ ᠰᠢᠨ᠎ᠡ ᠶᠢ ᠡᠭᠦᠳᠴᠦ ᠠᠳᠠᠯ ᠦᠢᠯᠡᠰ ᠪᠣᠰᠬᠠᠬᠤ ᠰᠠᠭᠤᠷᠢᠨ ᠭᠠᠵᠠᠷ | 2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠰᠤᠷᠭᠠᠭᠤᠯᠢ ᠶᠢᠨ ᠰᠢᠨᠵᠢᠯᠡᠭᠡ | ᠮᠡᠷᠭᠡᠵᠢᠯ ᠤᠨ ᠬᠦᠷᠢᠶᠡᠯᠡᠩ | 3. ᠬᠦᠬᠡᠬᠤᠲᠠ ᠶᠢᠨ ᠱᠤᠩ ᠯᠤ᠋ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠥᠪᠯᠡᠷᠡᠭᠰᠡᠨ | ᠣᠷᠣᠨ | 4. ᠣᠷᠳᠣᠰ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ | ᠲᠣᠭᠤᠷᠢᠭ ᠤᠨ ᠰᠢᠨᠵᠢᠯᠡᠬᠦ ᠤᠬᠠᠭᠠᠨ ᠰᠤᠷᠭᠠᠨ ᠬᠦᠮᠦᠵᠢᠯ ᠤᠨ ᠨᠡᠪᠴᠢᠯᠲᠡ ᠶᠢᠨ ᠬᠦᠷᠢᠶᠡᠯᠡᠩ | |