ᠥᠪᠥᠷ ᠵᠠᠰᠠᠭ ᠠᠯᠪᠠᠨ ᠲᠠᠷᠬᠠᠭᠠᠭᠰᠠᠨ ﹇2014﹈ 115 ᠳ᠋ᠤᠭᠠᠷ ᠲᠤᠭᠠᠳᠤ | | 2014 ᠣᠨ ᠤ 11 ᠳ᠋ᠤᠭᠡᠷ ᠰᠠᠷ᠎ᠠ ᠶᠢᠨ 4 ᠤ ᠡᠳᠦᠷ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ | ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ | ᠠᠵᠢᠯ ᠦᠢᠯᠡᠰ ᠤᠨ ᠨᠢᠭᠡᠴᠡ ᠳᠤ᠄ | ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠵᠣᠬᠢᠶᠠᠨ | ᠪᠠᠶᠢᠭᠤᠯᠤᠨ ᠲᠣᠭᠲᠠᠭᠠᠭᠰᠠᠨ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠭᠠᠢ ᠭᠠᠮᠰᠢᠭ ᠤᠨ ᠰᠡᠷᠭᠡᠶᠢᠯᠡᠯᠲᠡ ᠶᠢᠨ ᠰᠢᠰᠲ᠋ᠧᠮᠵᠢ ᠶᠢ ᠴᠤᠭᠴᠠᠯᠠᠨ ᠪᠠᠶᠢᠭᠤᠯᠬᠤ ᠪᠠ | ᠲᠡᠭᠦᠯᠳᠡᠷᠵᠢᠭᠦᠯᠬᠦ ᠶᠢᠨ ᠬᠡᠷᠡᠭᠵᠢᠭᠦᠯᠬᠦ ᠲᠦᠰᠦᠯ︾᠂ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ | ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠤᠨ | ᠰᠢᠰᠲ᠋ᠧᠮᠵᠢ ᠶᠢ ᠴᠤᠭᠴᠠᠯᠠᠨ ᠪᠠᠶᠢᠭᠤᠯᠬᠤ ᠶᠢᠨ ᠬᠡᠷᠡᠭᠵᠢᠭᠦᠯᠬᠦ ᠲᠦᠰᠦᠯ︾᠂ ︽ᠦᠪᠦᠷ ᠮᠤᠩᠭᠤᠯ ᠤᠨ ᠦᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠶᠤᠯ | ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨᠰᠢᠭᠦᠯᠬᠦ ᠠᠵᠢᠯ ᠤᠨ ᠲᠦᠰᠦᠯ︾ ᠪᠠ ︽ᠦᠪᠦᠷ | ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠭᠢᠵᠢᠯᠳᠤ | ᠦᠢᠯᠡᠴᠢᠯᠡᠭᠡᠨ ᠤ ᠰᠢᠰᠲ᠋ᠧᠮᠵᠢ ᠪᠣᠯᠣᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠵᠠᠬ᠎ᠠ | ᠳᠡᠯᠭᠡᠭᠦᠷ ᠢ ᠬᠢᠨᠠᠨ ᠬᠡᠮᠵᠢᠵᠦ ᠰᠡᠷᠡᠮᠵᠢᠯᠡᠭᠦᠯᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ | ᠲᠦᠰᠦᠯ︾ ᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠢᠶᠠᠷ ᠵᠥᠪᠰᠢᠶᠡᠷᠡᠭᠦᠯᠦᠭᠡᠳ᠂ | ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃ | ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ | ᠭᠠᠢ ᠭᠠᠮᠰᠢᠭ ᠤᠨ ᠰᠡᠷᠭᠡᠶᠢᠯᠡᠯᠲᠡ ᠶᠢᠨ ᠰᠢᠰᠲ᠋ᠧᠮᠵᠢ ᠶᠢ ᠴᠤᠭᠴᠠᠯᠠᠨ ᠪᠠᠶᠢᠭᠤᠯᠬᠤ ᠪᠠ | ᠲᠡᠭᠦᠯᠳᠡᠷᠵᠢᠭᠦᠯᠬᠦ ᠶᠢᠨ ᠬᠡᠷᠡᠭᠵᠢᠭᠦᠯᠬᠦ ᠲᠦᠰᠦᠯ | ᠮᠠᠨ ᠤ ᠣᠷᠣᠨ ᠤ ᠨᠤᠲᠤᠭ ᠲᠡᠪᠢᠰᠭᠡᠷ ᠥᠷᠭᠡᠨ ᠠᠭᠤᠳᠠᠮ᠂ ᠲᠠᠷᠢᠶᠠᠯᠠᠩ ᠮᠠᠯ ᠠᠵᠤ ᠠᠬᠤᠢ ᠶᠢᠨ | ᠭᠠᠢ ᠭᠠᠮᠰᠢᠭ ᠤᠨ ᠲᠦᠷᠦᠯ ᠵᠦᠢᠯ ᠣᠯᠠᠨ᠂ ᠡᠭᠦᠰᠬᠦ ᠳᠠᠪᠲᠠᠮᠵᠢ ᠪᠠᠷ ᠦᠨᠳᠦᠷ᠂ ᠬᠤᠣᠷ ᠬᠦᠨᠦᠭᠡᠯ ᠨᠢ ᠬᠦᠨᠳᠦ | ᠨᠤᠴᠢᠲᠠᠢ ᠪᠠᠶᠢᠳᠠᠭ᠃ ᠲᠠᠷᠢᠶᠠᠯᠠᠩ ᠮᠠᠯ ᠠᠵᠤ ᠠᠬᠤᠢ ᠶᠢᠨ ᠬᠦᠨᠳᠦ ᠬᠡᠴᠡᠭᠦᠦ ᠪᠠᠶᠢᠭᠠᠯᠢ ᠶᠢᠨ ᠭᠠᠢ ᠭᠠᠮᠰᠢᠭ ᠢ | ᠰᠡᠷᠭᠡᠶᠢᠯᠡᠵᠦ᠂ ᠪᠠᠴᠢᠮ ᠪᠠᠶᠢᠳᠠᠯ ᠢ ᠰᠢᠢᠳᠪᠦᠷᠢᠯᠡᠬᠦ ᠪᠠ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠬᠦ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠶᠤᠯ | ᠦᠭᠡᠢ᠂ ᠦᠷᠭᠦᠯᠵᠢᠯᠡᠨ ᠬᠥᠭᠵᠢᠬᠦ ᠶᠢ ᠪᠠᠲᠤᠯᠠᠬᠤ ᠶᠢᠨ ᠲᠤᠰᠠᠳᠠ᠂ ᠲᠤᠰ ᠬᠡᠷᠡᠭᠵᠢᠭᠦᠯᠬᠦ ᠲᠦᠰᠦᠯ ᠢ ᠣᠨᠴᠠᠭᠠᠶᠢᠯᠠᠨ | ᠲᠣᠭᠲᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠲᠠᠷᠢᠶᠠᠯᠠᠩ ᠮᠠᠯ ᠠᠵᠤ ᠠᠬᠤᠢ ᠵᠢᠭᠠᠰᠤᠨ ᠤ ᠦᠢᠯᠡᠰ ᠤᠨ ᠦᠢᠯᠡᠳᠪᠦᠷᠢᠯᠡᠯ ᠪᠣᠯᠣᠨ ᠲᠠᠯ᠎ᠠ | ᠨᠤᠲᠤᠭ ᠤᠨ ᠠᠮᠢ ᠠᠬᠤᠢ ︵ᠳᠣᠣᠷ᠎ᠠ ᠲᠠᠷᠢᠶᠠᠯᠠᠩ ᠮᠠᠯ ᠠᠵᠤ ᠠᠬᠤᠢ ᠭᠡᠵᠦ ᠲᠣᠪᠴᠢᠯᠠᠨ᠎ᠠ᠂ ᠡᠬᠦᠨ ᠳᠤ | ᠲᠠᠷᠢᠮᠠᠯ ᠤᠨ ᠦᠢᠯᠡᠰ᠂ ᠮᠠᠯ ᠠᠵᠤ ᠠᠬᠤᠢ᠂ ᠵᠢᠭᠠᠰᠤᠨ ᠠᠵᠤ ᠠᠬᠤᠢ᠂ ᠨᠤᠲᠤᠭ ᠪᠡᠯᠴᠢᠭᠡᠷ ᠤᠨ ᠠᠮᠢ ᠠᠬᠤᠢ | ᠪᠠᠭᠲᠠᠭᠠᠨ᠎ᠠ︶ ᠶᠢᠨ ᠠᠮᠦᠷ ᠲᠥᠪᠰᠢᠨ ᠢ ᠪᠠᠲᠤᠯᠠᠬᠤ ᠪᠠᠷ ᠡᠬᠢᠯᠡᠴᠡ ᠪᠣᠯᠭᠠᠵᠤ᠂ ᠭᠠᠢ ᠭᠠᠮᠰᠢᠭ ᠤᠨ ᠰᠡᠷᠭᠡᠶᠢᠯᠡᠬᠦ | ᠴᠢᠳᠠᠪᠤᠷᠢ ᠶᠢ ᠨᠡᠮᠡᠭᠳᠡᠭᠦᠯᠬᠦ ᠪᠠᠷ ᠭᠤᠤᠯᠯᠠᠭᠴᠢ ᠪᠣᠯᠭᠠᠨ᠂ ᠰᠢᠨᠵᠢᠯᠡᠬᠦ ᠤᠬᠠᠭᠠᠨ ᠮᠡᠷᠭᠡᠵᠢᠯ᠂ ᠵᠠᠰᠠᠭ ᠵᠠᠬᠢᠷᠭᠠᠨ᠂ | ᠬᠠᠤᠯᠢ ᠴᠠᠭᠠᠵᠠ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ︽ᠵᠠᠰᠠᠭ ᠤᠨ ᠣᠷᠳᠤᠨ ᠢᠶᠠᠷ ᠭᠤᠣᠯᠯᠠᠭᠤᠯᠬᠤ | ᠂ ᠰᠠᠯᠠᠭ᠎ᠠ ᠮᠦᠴᠢᠷ ᠬᠠᠮᠲᠤᠷᠠᠨ ᠬᠦᠲᠦᠯᠦᠯᠴᠡᠬᠦ᠂ ᠨᠡᠶᠢᠭᠡᠮ ᠤᠨ ᠬᠢᠨ ᠣᠷᠣᠯᠴᠠᠬᠤ︾ ᠲᠠᠷᠢᠶᠠᠯᠠᠩ ᠮᠠᠯ ᠠᠵᠤ | ᠠᠬᠤᠢ ᠶᠢᠨ ᠭᠠᠢ ᠭᠠᠮᠰᠢᠭ ᠤᠨ ᠰᠡᠷᠭᠡᠶᠢᠯᠡᠯᠲᠡ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠲᠠᠷᠢᠶᠠᠯᠠᠩ ᠮᠠᠯ ᠠᠵᠤ | ᠠᠬᠤᠢ ᠶᠢᠨ ᠦᠢᠯᠡᠳᠪᠦᠷᠢᠯᠡᠯ ᠤᠨ ᠠᠶᠤᠯ ᠦᠭᠡᠢ ᠪᠠᠷ ᠦᠷᠭᠦᠯᠵᠢᠯᠡᠨ ᠬᠥᠭᠵᠢᠬᠦ ᠶᠢ ᠪᠠᠲᠤᠯᠠᠨ᠎ᠠ᠃ | ᠬᠤᠶᠠᠷ᠂ ᠦᠨᠳᠦᠰᠦᠨ ᠰᠡᠳᠬᠢᠮᠵᠢ | ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠭᠠᠢ ᠭᠠᠮᠰᠢᠭ ᠤᠨ ᠰᠡᠷᠭᠡᠶᠢᠯᠡᠯᠲᠡ ᠶᠢᠨ | ᠰᠢᠰᠲ᠋ᠧᠮᠵᠢ ᠶᠢ ᠪᠦᠲᠦᠭᠡᠨ ᠪᠠᠶᠢᠭᠤᠯᠬᠤ ᠶᠢᠨ ᠦᠨᠳᠦᠰᠦᠨ ᠰᠡᠳᠬᠢᠮᠵᠢ ᠪᠣᠯ᠄ ᠲᠠᠷᠢᠶᠠᠯᠠᠩ ᠮᠠᠯ ᠠᠵᠤ ᠠᠬᠤᠢ ᠶᠢᠨ | ᠪᠠᠶᠢᠭᠠᠯᠢ ᠶᠢᠨ ᠭᠠᠢ ᠭᠠᠮᠰᠢᠭ ᠤᠨ ᠰᠡᠷᠭᠡᠶᠢᠯᠡᠯᠲᠡ ᠨᠢ ᠰᠡᠷᠭᠡᠶᠢᠯᠡᠬᠦ ᠪᠠᠷ ᠭᠤᠣᠯ ᠪᠣᠯᠭᠠᠵᠤ᠂ ᠭᠠᠮᠰᠢᠭ ᠢ ᠰᠡᠷᠭᠡᠶᠢᠯᠡᠬᠦ | ᠪᠠ ᠭᠠᠮᠰᠢᠭ ᠠᠴᠠ ᠠᠪᠤᠷᠠᠬᠤ ᠶᠢ ᠬᠠᠷᠢᠯᠴᠠᠨ ᠤᠶᠠᠯᠳᠤᠭᠤᠯᠤᠨ᠎ᠠ᠃ ᠭᠠᠮᠰᠢᠭ ᠢ ᠰᠡᠷᠭᠡᠶᠢᠯᠡᠬᠦ ᠳᠤ ᠲᠠᠷᠢᠶᠠᠯᠠᠩ ᠮᠠᠯ | ᠠᠵᠤ ᠠᠬᠤᠢ ᠶᠢᠨ ᠦᠢᠯᠡᠳᠪᠦᠷᠢᠯᠡᠯ ᠤᠨ ᠰᠠᠭᠤᠷᠢ ᠨᠦᠬᠦᠴᠡᠯ ᠢ ᠰᠠᠶᠢᠵᠢᠷᠠᠭᠤᠯᠬᠤ ᠪᠠᠷ ᠰᠠᠭᠤᠷᠢ ᠪᠣᠯᠭᠠᠵᠤ᠂ | ᠭᠠᠮᠰᠢᠭᠲᠤ ᠴᠠᠭ ᠠᠭᠤᠷ ᠢ ᠬᠢᠨᠠᠨ ᠬᠡᠮᠵᠢᠵᠦ ᠰᠡᠷᠡᠮᠵᠢᠯᠡᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠪᠠ ᠬᠦᠮᠦᠨ ᠤ | ᠬᠦᠴᠦᠨ ᠢᠶᠠᠷ ᠴᠠᠭ ᠠᠭᠤᠷ ᠢ ᠨᠦᠯᠦᠭᠡᠯᠡᠬᠦ ᠠᠵᠢᠯᠯᠠᠭᠠᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠠᠷ ᠰᠢᠨᠵᠢᠯᠡᠬᠦ | ᠤᠬᠠᠭᠠᠨ ᠮᠡᠷᠭᠡᠵᠢᠯ ᠤᠨ ᠴᠢᠬᠤᠯᠠ ᠠᠷᠭ᠎ᠠ ᠪᠠᠷᠢᠯ ᠪᠣᠯᠭᠠᠨ᠂ ᠲᠤᠰ ᠪᠡᠶ᠎ᠡ ᠶᠢᠨ ᠢᠶᠠᠨ ᠭᠠᠮᠰᠢᠭ ᠲᠠᠢ ᠲᠡᠮᠡᠴᠡᠬᠦ | ᠴᠢᠳᠠᠪᠤᠷᠢ ᠪᠣᠯᠣᠨ ᠪᠠᠴᠢᠮ ᠪᠠᠶᠢᠳᠠᠯ ᠢ ᠠᠷᠭᠠᠴᠠᠨ ᠭᠠᠮᠰᠢᠭ ᠠᠴᠠ ᠠᠪᠤᠷᠠᠬᠤ ᠴᠢᠳᠠᠪᠤᠷᠢ ᠶᠢ ᠵᠡᠷᠭᠡᠪᠡᠷ | ᠳᠡᠭᠡᠭᠰᠢᠯᠡᠭᠦᠯᠬᠦ ᠶᠢ ᠪᠡᠶᠡᠯᠡᠭᠦᠯᠦᠨ᠎ᠡ︔ ᠭᠠᠮᠰᠢᠭ ᠠᠴᠠ ᠠᠪᠤᠷᠠᠬᠤ ᠨᠢ ᠮᠠᠯᠴᠢᠨ ᠲᠠᠷᠢᠶᠠᠴᠢᠳ ᠤᠨ ᠦᠪᠡᠷ ᠢ ᠪᠠᠨ | ᠠᠪᠤᠷᠠᠬᠤ ᠪᠠ ᠵᠠᠰᠠᠭ ᠤᠨ ᠣᠷᠳᠤᠨ ᠤ ᠠᠪᠤᠷᠠᠨ ᠲᠤᠰᠠᠯᠠᠬᠤ ᠶᠢ ᠬᠠᠷᠢᠯᠴᠠᠨ ᠤᠶᠠᠯᠳᠤᠭᠤᠯᠵᠤ᠂ ᠨᠡᠶᠢᠭᠡᠮ ᠠᠴᠠ | ᠠᠪᠤᠷᠠᠨ ᠲᠤᠰᠠᠯᠠᠬᠤ ᠪᠠ ᠳᠠᠭᠠᠳᠬᠠᠯ ᠤᠨ ᠲᠦᠯᠦᠵᠦ ᠥᠭᠬᠦ ᠪᠠᠷ ᠨᠡᠮᠡᠯᠲᠡ ᠪᠣᠯᠭᠠᠨ᠂ ᠪᠠᠷᠢᠯᠭ᠎ᠠ ᠪᠣᠯᠣᠨ | ᠮᠡᠷᠭᠡᠵᠢᠯ ᠤᠨ ᠠᠷᠭ᠎ᠠ ᠬᠡᠮᠵᠢᠶ᠎ᠡ ᠶᠢ ᠠᠪᠴᠤ᠂ ᠭᠠᠢ ᠭᠠᠮᠰᠢᠭ ᠤᠨ ᠬᠤᠬᠢᠷᠠᠯ ᠤᠨ ᠬᠡᠮᠵᠢᠶ᠎ᠠ ᠶᠢ ᠬᠠᠮᠤᠭ ᠤᠨ ᠶᠡᠭᠡ | ᠬᠡᠮᠵᠢᠶ᠎ᠡ ᠪᠠᠷ ᠪᠠᠭᠠᠰᠬᠠᠨ᠎ᠠ᠃ | ᠭᠤᠷᠪᠠ᠂ ᠠᠵᠢᠯ ᠤᠨ ᠠᠭᠤᠯᠭ᠎ᠠ ᠵᠢᠴᠢ ᠬᠠᠷᠠᠯᠲᠠ | ᠠᠵᠢᠯ ᠤᠨ ᠠᠭᠤᠯᠭ᠎ᠠ᠄ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ | ᠬᠡᠷᠡᠭ ᠢ ᠠᠷᠭᠠᠴᠠᠬᠤ ᠬᠠᠤᠯᠢ︾᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠦᠰᠦᠯ︾ ᠪᠠ ᠲᠠᠷᠢᠶᠠᠯᠠᠩ ᠤᠨ ᠶᠠᠮᠤᠨ ᠤ | ᠲᠠᠷᠢᠶᠠᠯᠠᠩ ᠤᠨ ᠪᠠᠴᠢᠮ ᠪᠠᠶᠢᠳᠠᠯ ᠢ ᠠᠷᠭᠠᠴᠠᠬᠤ ᠲᠦᠰᠦᠯ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠵᠢᠴᠢ | ᠬᠤᠯᠪᠤᠭᠳᠠᠯ ᠪᠦᠬᠦᠢ ᠲᠣᠭᠲᠠᠭᠠᠯ ᠶᠤᠰᠤᠭᠠᠷ᠂ ᠲᠠᠷᠢᠶᠠᠯᠠᠩ ᠮᠠᠯ ᠠᠵᠤ ᠠᠬᠤᠢ ᠶᠢᠨ ᠭᠠᠢ ᠭᠠᠮᠰᠢᠭ ᠤᠨ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ ᠭᠠᠮᠰᠢᠭ ᠢ ᠰᠡᠷᠭᠡᠶᠢᠯᠡᠵᠦ | ᠭᠠᠮᠰᠢᠭ ᠠᠴᠠ ᠠᠪᠤᠷᠠᠬᠤ ᠪᠡᠯᠡᠳᠭᠡᠯ ᠬᠢᠬᠦ ᠪᠠ ᠭᠠᠮᠰᠢᠭ ᠤᠨ ᠳᠠᠷᠠᠭ᠎ᠠ ᠳᠠᠬᠢᠨ ᠰᠢᠨ᠎ᠡ ᠪᠠᠷ ᠪᠠᠶᠢᠭᠤᠯᠬᠤ ᠶᠢ | ᠬᠠᠷᠢᠯᠴᠠᠨ ᠵᠠᠯᠭᠠᠯᠳᠤᠭᠤᠯᠬᠤ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠣᠭᠲᠠᠴᠠ ᠶᠢ | ᠲᠡᠭᠦᠯᠳᠡᠷᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠭᠠᠢ ᠭᠠᠮᠰᠢᠭ ᠢ ᠬᠢᠨᠠᠨ ᠬᠡᠮᠵᠢᠵᠦ ᠰᠡᠷᠡᠮᠵᠢᠯᠡᠭᠦᠯᠬᠦ᠂ | ᠠᠶᠤᠯ ᠲᠥᠭᠰᠢᠭᠦᠷᠢ ᠶᠢ ᠦᠨᠡᠯᠡᠨ ᠵᠢᠱᠢᠬᠦ᠂ ᠬᠦᠨᠳᠦ ᠬᠡᠴᠡᠭᠦᠦ ᠭᠠᠮᠰᠢᠭ ᠢ ᠶᠡᠷᠦᠩᠬᠡᠶᠢᠯᠡᠨ ᠠᠷᠭᠠᠴᠠᠬᠤ᠂ ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠᠷᠢᠯᠭ᠎ᠠ ᠵᠡᠷᠭᠡ ᠲᠦᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠪᠡᠯᠡᠳᠭᠡᠯ ᠬᠢᠬᠦ ᠡᠳ᠋ ᠪᠤᠳᠠᠰ ᠢ ᠨᠦᠬᠡᠴᠡᠯᠡᠬᠦ | ᠲᠣᠭᠲᠠᠴᠠ᠂ ᠭᠠᠮᠰᠢᠭ ᠤᠨ ᠳᠠᠭᠠᠳᠬᠠᠯ ᠤᠨ ᠳᠦᠷᠢᠮ᠂ ᠬᠦᠨᠳᠦ ᠭᠠᠮᠰᠢᠭ ᠤᠨ ᠠᠶᠤᠯ ᠲᠥᠭᠰᠢᠭᠦᠷᠢ ᠶᠢᠨ ᠪᠡᠯᠡᠳᠭᠡᠯ | ᠮᠦᠩᠭᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠳ᠋ ᠪᠠᠷᠠᠭ᠎ᠠ ᠨᠦᠬᠡᠴᠡᠯᠡᠬᠦ ᠪᠠ ᠭᠠᠮᠰᠢᠭ ᠢ | ᠰᠡᠷᠭᠡᠶᠢᠯᠡᠬᠦ ᠲᠤᠰᠬᠠᠢ ᠡᠩᠨᠡᠭᠡᠨ ᠤ ᠪᠠᠶᠢᠭᠤᠯᠤᠯᠲᠠ ᠵᠡᠷᠭᠡ ᠶᠢ ᠲᠦᠯᠬᠢᠨ ᠠᠬᠢᠭᠤᠯᠵᠤ᠂ ᠲᠠᠷᠢᠶᠠᠯᠠᠩ ᠮᠠᠯ ᠠᠵᠤ | ᠠᠬᠤᠢ ᠶᠢᠨ ᠭᠠᠢ ᠭᠠᠮᠰᠢᠭ ᠤᠨ ᠠᠶᠤᠯ ᠲᠥᠭᠰᠢᠭᠦᠷᠢ ᠶᠢ ᠶᠡᠷᠦᠩᠬᠡᠶᠢᠯᠡᠨ ᠰᠡᠷᠭᠡᠶᠢᠯᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠰᠠᠯᠠᠭ᠎ᠠ ᠮᠦᠴᠢᠷ ᠬᠠᠮᠵᠢᠯᠴᠠᠵᠤ᠂ ᠳᠡᠭᠡᠷ᠎ᠡ ᠳᠣᠣᠷ᠎ᠠ ᠱᠠᠳᠤᠨ ᠤ ᠬᠠᠮᠲᠤᠷᠠᠨ ᠬᠦᠲᠦᠯᠦᠯᠴᠡᠬᠦ᠂ | ᠨᠡᠶᠢᠭᠡᠮ ᠤᠨ ᠬᠢᠨ ᠣᠷᠤᠯᠴᠠᠬᠤ᠂ ᠠᠵᠢᠯ ᠬᠤᠪᠢᠶᠠᠷᠢᠯᠠᠨ ᠬᠤᠷᠰᠢᠯᠴᠠᠬᠤ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠭᠠᠮᠰᠢᠭ ᠠᠴᠠ ᠠᠪᠤᠷᠠᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠭᠠᠢ ᠭᠠᠮᠰᠢᠭ ᠢ | ᠠᠷᠭᠠᠴᠠᠬᠤ ᠨᠡᠶᠢᠯᠡᠮᠡᠯ ᠬᠦᠴᠦᠨ ᠢ ᠪᠣᠢ ᠪᠣᠯᠭᠠᠨ᠂ ᠭᠠᠮᠰᠢᠭ ᠢ ᠰᠡᠷᠭᠡᠶᠢᠯᠡᠬᠦ᠂ ᠭᠠᠮᠰᠢᠭ ᠢ ᠪᠠᠭᠠᠰᠬᠠᠬᠤ᠂ ᠭᠠᠮᠰᠢᠭ ᠢ | ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠵᠦ᠂ ᠭᠠᠢ ᠭᠠᠮᠰᠢᠭ ᠤᠨ ᠬᠤᠬᠢᠷᠠᠯ ᠤᠨ ᠬᠡᠮᠵᠢᠶ᠎ᠠ ᠶᠢ | ᠬᠠᠮᠤᠭ ᠤᠨ ᠶᠡᠭᠡ ᠬᠡᠮᠵᠢᠶ᠎ᠡ ᠪᠠᠷ ᠰᠡᠷᠭᠡᠶᠢᠯᠡᠬᠦ ᠪᠠ ᠪᠠᠭᠠᠰᠬᠠᠬᠤ ᠳᠤ ᠪᠠᠲᠤᠯᠠᠭ᠎ᠠ ᠬᠠᠩᠭᠠᠨ᠎ᠠ᠃ ᠬᠠᠷᠠᠯᠲᠠ᠄ 5 ᠠᠴᠠ | 8 ᠵᠢᠯ ᠤᠨ ᠴᠠᠭ ᠬᠤᠭᠤᠴᠠᠭ᠎ᠠ ᠶᠢ ᠠᠰᠢᠭᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠢ ᠬᠢᠨᠠᠨ ᠬᠡᠮᠵᠢᠵᠦ | ᠰᠡᠷᠡᠮᠵᠢᠯᠡᠭᠦᠯᠬᠦ᠂ ᠠᠶᠤᠯ ᠲᠥᠭᠰᠢᠭᠦᠷᠢ ᠶᠢ ᠪᠠᠶᠢᠴᠠᠭᠠᠬᠤ᠂ ᠪᠠᠷᠢᠯᠭ᠎ᠠ ᠪᠠᠷ ᠰᠡᠷᠭᠡᠶᠢᠯᠡᠬᠦ᠂ ᠤᠬᠠᠭᠤᠯᠤᠨ ᠬᠦᠮᠦᠵᠢᠭᠦᠯᠬᠦ | ᠪᠠ ᠪᠠᠴᠢᠮ ᠪᠠᠶᠢᠳᠠᠯ ᠢ ᠠᠷᠭᠠᠴᠨᠨ ᠬᠠᠮᠢᠶᠠᠷᠳᠠᠭ ᠭᠠᠮᠰᠢᠭ ᠢ ᠰᠡᠷᠭᠡᠶᠢᠯᠡᠬᠦ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ | ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠢ ᠬᠢᠨᠠᠨ ᠬᠡᠮᠵᠢᠬᠦ᠂ ᠰᠡᠷᠡᠮᠵᠢᠯᠡᠭᠦᠯᠬᠦ᠂ ᠦᠨᠡᠯᠡᠨ ᠵᠢᠱᠢᠬᠦ ᠵᠢᠴᠢ | ᠮᠡᠳᠡᠭᠡ ᠵᠠᠩᠭᠢ ᠨᠡᠶᠢᠲᠡᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠤᠰᠤ᠂ ᠡᠪᠡᠰᠦ᠂ ᠪᠣᠷᠳᠤᠭ᠎ᠠ᠂ ᠬᠠᠰᠢᠶ᠎ᠠ᠂ ᠮᠠᠰᠢᠨ᠂ | ᠡᠮ ᠤᠨ ᠵᠦᠢᠯ ᠢᠶᠠᠷ ᠭᠤᠣᠯᠳᠠᠯᠭ᠎ᠠ ᠪᠣᠯᠭᠠᠭᠰᠠᠨ ᠭᠠᠮᠰᠢᠭ ᠢ ᠰᠡᠷᠭᠡᠶᠢᠯᠡᠬᠦ ᠰᠠᠭᠤᠷᠢ ᠪᠡᠯᠡᠳᠭᠡᠮᠵᠢ ᠶᠢᠨ ᠪᠦᠲᠦᠭᠡᠨ | ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ | ᠪᠣᠯᠣᠨ ᠨᠤᠲᠤᠭ ᠪᠡᠯᠴᠢᠭᠡᠷ ᠤᠨ ᠠᠮᠢ ᠠᠬᠤᠢ ᠳᠠᠬᠢ ᠪᠠᠶᠢᠭᠠᠯᠢ ᠶᠢᠨ ᠭᠠᠢ ᠭᠠᠮᠰᠢᠭ ᠤᠨ ᠨᠦᠯᠦᠭᠡᠯᠡᠯ ᠢ ᠪᠠᠭᠠᠰᠬᠠᠨ᠂ | ᠲᠠᠷᠢᠶᠠᠯᠠᠩ ᠮᠠᠯ ᠠᠵᠤ ᠠᠬᠤᠢ ᠶᠢᠨ ᠦᠷᠭᠦᠯᠵᠢᠯᠡᠨ ᠲᠣᠭᠲᠠᠭᠤᠨ ᠡᠷᠡᠭᠦᠯ ᠢᠶᠠᠷ ᠬᠥᠭᠵᠢᠬᠦ ᠶᠢ ᠲᠦᠯᠬᠢᠨ | ᠠᠬᠢᠭᠤᠯᠤᠨ᠎ᠠ᠃ | ᠳᠥᠷᠪᠡ᠂ ᠪᠦᠲᠦᠭᠡᠨ ᠪᠠᠶᠢᠭᠤᠯᠤᠯᠲᠠ ᠶᠢᠨ ᠡᠭᠦᠷᠭᠡ | ︵ᠨᠢᠭᠡ︶ ᠲᠠᠷᠢᠶᠠᠯᠠᠩ ᠮᠠᠯ ᠠᠵᠤ ᠠᠬᠤᠢ ᠶᠢᠨ ᠭᠠᠢ ᠭᠠᠮᠰᠢᠭ ᠢ ᠰᠡᠷᠭᠡᠶᠢᠯᠡᠬᠦ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠶᠢᠨ ᠰᠢᠰᠲ᠋ᠧᠮᠵᠢ ᠶᠢ ᠴᠤᠭᠴᠠᠯᠠᠨ ᠪᠠᠶᠢᠭᠤᠯᠬᠤ ᠬᠡᠷᠡᠭᠲᠡᠢ᠃ ᠦᠪᠡᠷᠲᠡᠭᠡᠨ | ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢᠨ ᠲᠠᠷᠢᠶᠠᠯᠠᠩ ᠮᠠᠯ ᠠᠵᠤ | ᠠᠬᠤᠢ ᠶᠢᠨ ᠭᠠᠮᠰᠢᠭ ᠤᠨ ᠰᠡᠷᠭᠡᠶᠢᠯᠡᠨ ᠵᠢᠯᠤᠭᠤᠳᠬᠤ ᠲᠥᠪ ᠢ ᠪᠠᠶᠢᠭᠤᠯᠵᠤ᠂ ᠵᠢᠯᠤᠭᠤᠳᠬᠤ ᠲᠥᠪ ᠤᠨ | ᠲᠤᠳᠤᠷ᠎ᠠ ᠪᠠᠨ ᠠᠯᠪᠠᠨ ᠭᠡᠷ ᠢ ᠪᠠᠶᠢᠭᠤᠯᠤᠨ᠂ ᠠᠳᠠᠯᠢ ᠱᠠᠲᠤᠨ ᠤ ᠵᠠᠰᠠᠭ ᠤᠨ ᠣᠷᠳᠤᠨ ᠤ ᠲᠠᠷᠢᠶᠠᠯᠠᠩ ᠮᠠᠯ ᠠᠵᠤ | ᠠᠬᠤᠢ ᠶᠢᠨ ᠰᠠᠯᠠᠭ᠎ᠠ ᠮᠦᠴᠢᠷ ᠲᠤ ᠪᠠᠶᠢᠷᠢᠯᠠᠭᠤᠯᠤᠨ᠎ᠠ︔ ᠠᠯᠪᠠᠨ ᠭᠡᠷ ᠤᠨ ᠲᠤᠳᠤᠷ᠎ᠠ ᠪᠠᠨ ᠲᠠᠷᠢᠮᠠᠯ ᠤᠨ ᠦᠢᠯᠡᠰ᠂ | ᠮᠠᠯ ᠠᠵᠤ ᠠᠬᠤᠢ᠂ ᠵᠢᠭᠠᠰᠤᠨ ᠠᠵᠤ ᠠᠬᠤᠢ᠂ ᠨᠤᠲᠤᠭ ᠪᠡᠯᠴᠢᠭᠡᠷ ᠤᠨ ᠠᠮᠢ ᠠᠬᠤᠢ ᠵᠡᠷᠭᠡ ᠲᠤᠰᠬᠠᠢ ᠬᠠᠮᠵᠢᠯᠴᠠᠵᠦ | ᠳᠤᠭᠤᠶᠢᠯᠠᠩ ᠢ ᠪᠠᠶᠢᠭᠤᠯᠬᠤ ᠬᠡᠷᠡᠭᠲᠡᠢ᠃ ᠵᠢᠯᠤᠭᠤᠳᠬᠤ ᠲᠥᠪ ᠨᠢ ᠲᠤᠰ ᠣᠷᠣᠨ ᠪᠦᠰᠡ ᠶᠢᠨ ᠢᠶᠠᠨ ᠲᠠᠷᠢᠶᠠᠯᠠᠩ | ᠮᠠᠯ ᠠᠵᠤ ᠠᠬᠤᠢ ᠶᠢᠨ ᠭᠠᠢ ᠭᠠᠮᠰᠢᠭ ᠢ ᠰᠡᠷᠭᠡᠶᠢᠯᠡᠬᠦ ᠪᠠ ᠭᠠᠮᠰᠢᠭ ᠲᠠᠢ ᠲᠡᠮᠡᠴᠡᠵᠦ ᠭᠠᠮᠰᠢᠭ ᠢ ᠪᠠᠭᠠᠰᠬᠠᠬᠤ | ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠶᠢ ᠬᠠᠷᠢᠭᠤᠴᠠᠬᠤ ᠬᠡᠷᠡᠭᠲᠡᠢ︔ ᠲᠠᠷᠢᠶᠠᠯᠠᠩ ᠮᠠᠯ ᠠᠵᠤ ᠠᠬᠤᠢ ᠶᠢᠨ | ᠭᠠᠢ ᠭᠠᠮᠰᠢᠭ ᠢ ᠰᠡᠷᠭᠡᠶᠢᠯᠡᠬᠦ ᠠᠵᠢᠯ ᠤᠨ ᠴᠢᠬᠤᠯᠠ ᠶᠡᠭᠡ ᠴᠢᠭᠯᠡᠯᠲᠡ ᠲᠥᠷᠥ ᠶᠢᠨ ᠪᠣᠳᠣᠯᠭ᠎ᠠ ᠶᠢ ᠰᠤᠳᠤᠯᠤᠨ | ᠳᠤᠷᠠᠳᠬᠤ ᠬᠡᠷᠡᠭᠲᠡᠢ︔ ᠲᠠᠷᠢᠶᠠᠯᠠᠩ ᠮᠠᠯ ᠠᠵᠤ ᠠᠬᠤᠢ ᠶᠢᠨ ᠭᠠᠢ ᠭᠠᠮᠰᠢᠭ ᠢ ᠰᠡᠷᠭᠡᠶᠢᠯᠡᠬᠦ ᠠᠵᠢᠯ ᠤᠨ ᠴᠢᠬᠤᠯᠠ | ᠶᠡᠭᠡ ᠠᠰᠠᠭᠤᠳᠠᠯ ᠢ ᠵᠤᠬᠢᠴᠠᠭᠤᠯᠤᠨ ᠰᠢᠢᠳᠪᠦᠷᠢᠯᠡᠬᠦ ᠬᠡᠷᠡᠭᠲᠡᠢ︔ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠤᠨ | ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠤᠷᠢᠶᠠᠯᠠᠨ ᠳᠠᠭᠠᠬᠤ ᠲᠣᠭᠲᠠᠴᠠ ᠶᠢ ᠪᠠᠶᠢᠭᠤᠯᠵᠤ᠂ ᠠᠵᠢᠯᠯᠠᠭᠠᠨ ᠤ | ᠴᠢᠨᠠᠷᠲᠠᠢ ᠪᠡᠯᠡᠳᠬᠡᠯ ᠲᠦᠰᠦᠯ ᠪᠠ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠳᠦᠷᠢᠮ ᠲᠣᠭᠲᠠᠭᠠᠯ ᠢ ᠲᠣᠭᠲᠠᠭᠠᠬᠤ | ᠬᠡᠷᠡᠭᠲᠡᠢ︔ ᠲᠠᠷᠢᠶᠠᠯᠠᠩ ᠮᠠᠯ ᠠᠵᠤ ᠠᠬᠤᠢ ᠶᠢᠨ ᠭᠠᠢ ᠭᠠᠮᠰᠢᠭ ᠤᠨ ᠮᠡᠳᠡᠭᠡ ᠵᠠᠩᠭᠢ ᠶᠢ ᠨᠡᠶᠢᠲᠡᠯᠡᠬᠦ ᠲᠣᠭᠲᠠᠴᠠ ᠶᠢ | ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠤᠨ ᠮᠡᠳᠡᠭᠡ ᠵᠠᠩᠭᠢ ᠶᠢᠨ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠢ︔ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠠᠴᠠ | ᠠᠪᠤᠷᠠᠵᠤ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠨᠦᠬᠡᠴᠡᠯᠡᠬᠦ ᠲᠣᠭᠲᠠᠴᠠ ᠶᠢ ᠪᠠᠶᠢᠭᠤᠯᠵᠤ᠂ ᠲᠠᠷᠢᠶᠠᠯᠠᠩ | ᠮᠠᠯ ᠠᠵᠤ ᠠᠬᠤᠢ ᠶᠢᠨ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠨᠦᠬᠡᠴᠡᠯᠡᠬᠦ ᠰᠢᠰᠲ᠋ᠧᠮᠵᠢ ᠶᠢ | ᠲᠡᠭᠦᠯᠳᠡᠷᠵᠢᠭᠦᠯᠬᠦ ᠬᠡᠷᠡᠭᠲᠡᠢ︔ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠤᠨ ᠰᠠᠷᠠᠮᠵᠢᠯᠡᠬᠦᠯᠦᠨ ᠵᠦᠪᠳᠡᠯᠴᠡᠬᠦ | ᠪᠠ ᠮᠡᠳᠡᠭᠡ ᠵᠠᠩᠭᠢ ᠶᠢ ᠬᠠᠮᠲᠤ ᠳᠠᠭᠠᠨ ᠡᠳ᠋ᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠢ︔ ᠲᠠᠷᠢᠶᠠᠯᠠᠩ ᠮᠠᠯ ᠠᠵᠤ | ᠠᠬᠤᠢ ᠶᠢᠨ ᠬᠦᠨᠳᠦ ᠬᠡᠴᠡᠭᠦᠦ ᠭᠠᠮᠰᠢᠭ ᠤᠨ ᠠᠶᠤᠯ ᠠᠴᠠ ᠠᠪᠤᠷᠠᠵᠤ ᠭᠠᠮᠰᠢᠭ ᠠᠴᠠ ᠠᠪᠤᠷᠠᠬᠤ ᠶᠢᠨ ᠬᠠᠮᠲᠤᠷᠠᠨ | ᠬᠦᠲᠦᠯᠦᠯᠴᠡᠨ ᠵᠣᠬᠢᠴᠠᠭᠤᠯᠬᠤ ᠪᠠ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠶᠢᠴᠢᠯᠠᠬᠤ ᠲᠣᠭᠲᠠᠴᠠ ᠶᠢ | ᠪᠠᠶᠢᠭᠤᠯᠬᠤ ᠬᠡᠷᠡᠭᠲᠡᠢ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠠᠷᠢᠶᠠᠯᠠᠩ ᠮᠠᠯ | ᠠᠵᠤ ᠠᠬᠤᠢ ᠶᠢᠨ ᠰᠠᠯᠠᠭ᠎ᠠ ᠮᠦᠴᠢᠷ ᠨᠢ ᠠᠳᠠᠯᠢ ᠱᠠᠲᠤᠨ ᠤ ᠵᠢᠯᠤᠭᠤᠳᠬᠤ ᠲᠥᠪ ᠤᠨ ᠠᠯᠪᠠᠨ ᠭᠡᠷ ᠵᠢᠴᠢ ᠡᠯ᠎ᠡ | ᠲᠤᠰᠬᠠᠢ ᠬᠠᠮᠵᠢᠯᠴᠠᠬᠤ ᠳᠤᠭᠤᠶᠢᠯᠠᠩ ᠤᠨ ᠠᠵᠢᠯ ᠢ ᠭᠤᠣᠯᠳᠠᠯᠭ᠎ᠠ ᠲᠠᠢ ᠬᠠᠷᠢᠭᠤᠴᠠᠵᠤ᠂ ᠲᠠᠷᠢᠶᠠᠯᠠᠩ ᠮᠠᠯ ᠠᠵᠤ | ᠠᠬᠤᠢ ᠶᠢᠨ ᠲᠤᠪᠴᠢᠶ᠎ᠠ ᠶᠢᠨ ᠭᠤᠣᠯ ᠤᠳᠤᠷᠢᠳᠤᠯᠭ᠎ᠠ ᠨᠢ ᠬᠠᠷᠢᠭᠤᠴᠠᠵᠤ᠂ ᠣᠷᠣᠨ ᠪᠦᠰᠡ ᠶᠢᠨ ᠬᠡᠪᠴᠢᠶᠡᠨ | ᠳᠣᠲᠤᠷᠠᠬᠢ ᠭᠠᠮᠰᠢᠭ ᠢ ᠰᠡᠷᠭᠡᠶᠢᠯᠡᠬᠦ ᠠᠵᠢᠯ ᠢ ᠨᠢᠭᠡᠲᠦᠯᠲᠡᠢ ᠤᠳᠤᠷᠢᠳᠤᠨ᠂ ᠶᠡᠷᠦᠩᠬᠡᠶᠢᠯᠡᠨ ᠵᠣᠬᠢᠴᠠᠭᠤᠯᠵᠤ᠂ ᠱᠠᠲᠤ | ᠬᠤᠪᠢᠶᠠᠵᠤ ᠬᠠᠷᠢᠭᠤᠴᠠᠬᠤ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠤᠨ ᠤᠯᠠᠷᠢᠨ ᠬᠤᠪᠢᠷᠠᠵᠤ | ᠪᠠᠶᠢᠭ᠎ᠠ ᠪᠠᠶᠢᠳᠠᠯ ᠢ ᠴᠠᠭ ᠲᠣᠬᠠᠢ ᠳᠤᠨᠢ ᠣᠶᠢᠯᠠᠭᠠᠵᠤ᠂ ᠡᠵᠡᠮᠳᠡᠬᠦ ᠪᠠ ᠵᠠᠳᠠᠯᠵᠤ᠂ ᠵᠢᠯᠤᠭᠤᠳᠬᠤ ᠲᠥᠪ ᠲᠤ | ᠮᠡᠳᠡᠭᠦᠯᠬᠦ ᠶᠢᠨ ᠬᠠᠮᠲᠤ ᠰᠢᠢᠳᠪᠦᠷᠢᠯᠡᠬᠦ ᠰᠠᠨᠠᠯ ᠳᠤᠷᠠᠳᠬᠤ ᠬᠡᠷᠡᠭᠲᠡᠢ︔ ᠭᠠᠮᠰᠢᠭ ᠢ ᠰᠡᠷᠭᠡᠶᠢᠯᠡᠬᠦ ᠵᠢᠯᠤᠭᠤᠳᠬᠤ | ᠲᠥᠪ ᠤᠨ ᠰᠢᠢᠳᠪᠦᠷᠢᠳᠤ ᠪᠤᠳᠤᠯᠭ᠎ᠠ ᠪᠣᠯᠣᠨ ᠵᠠᠷᠯᠢᠭ ᠢ ᠳᠣᠷᠤᠭᠰᠢ ᠪᠠᠭᠤᠯᠭᠠᠬᠤ ᠬᠡᠷᠡᠭᠲᠡᠢ︔ ᠭᠠᠮᠰᠢᠭ ᠢ | ᠰᠡᠷᠭᠡᠶᠢᠯᠡᠵᠦ ᠭᠠᠮᠰᠢᠭ ᠠᠴᠠ ᠠᠪᠤᠷᠠᠬᠤ ᠪᠠ ᠭᠠᠮᠰᠢᠭ ᠤᠨ ᠳᠠᠷᠠᠭ᠎ᠠ ᠳᠠᠬᠢᠨ ᠰᠢᠨ᠎ᠡ ᠪᠠᠷ ᠪᠠᠶᠢᠭᠤᠯᠬᠤ ᠠᠵᠢᠯ ᠢ | ᠵᠣᠬᠢᠶᠠᠨ ᠪᠠᠶᠢᠭᠤᠯᠵᠤ᠂ ᠵᠣᠬᠢᠴᠠᠭᠤᠯᠤᠨ ᠦᠷᠨᠢᠭᠦᠯᠬᠦ ᠬᠡᠷᠡᠭᠲᠡᠢ︔ ᠭᠠᠮᠰᠢᠭ ᠢ ᠰᠡᠷᠭᠡᠶᠢᠯᠡᠬᠦ ᠲᠦᠯᠦᠪᠵᠢᠭᠦᠯᠭᠡ ᠶᠢ | ᠵᠣᠬᠢᠶᠠᠨ ᠪᠠᠶᠢᠭᠤᠯᠤᠨ ᠲᠣᠭᠲᠠᠭᠠᠨ᠎ᠠ︔ ᠭᠠᠮᠰᠢᠭ ᠤᠨ ᠪᠠᠶᠢᠳᠠᠯ ᠢ ᠪᠦᠷᠢᠳᠭᠡᠬᠦ᠂ ᠦᠨᠡᠯᠡᠨ ᠵᠢᠱᠢᠬᠦ ᠵᠢᠴᠢ | ᠮᠠᠲ᠋ᠧᠷᠢᠶᠠᠯ ᠤᠨ ᠪᠠᠶᠢᠴᠠᠭᠠᠨ ᠡᠮᠬᠢᠳᠭᠡᠬᠦ ᠠᠵᠢᠯ ᠢ ᠵᠣᠬᠢᠶᠠᠨ ᠪᠠᠶᠢᠭᠤᠯᠵᠤ ᠰᠠᠶᠢᠲᠤᠷ ᠬᠢᠬᠦ ᠬᠡᠷᠡᠭᠲᠡᠢ︔ ᠲᠠᠷᠢᠶᠠᠯᠠᠩ | ᠮᠠᠯ ᠠᠵᠤ ᠠᠬᠤᠢ ᠶᠢᠨ ᠭᠠᠮᠰᠢᠭ ᠢ ᠰᠡᠷᠭᠡᠶᠢᠯᠡᠬᠦ ᠵᠠᠷᠤᠳᠠᠯ᠂ ᠭᠠᠮᠰᠢᠭ ᠲᠠᠢ ᠲᠡᠮᠡᠴᠡᠬᠦ ᠡᠳ᠋ ᠪᠠᠷᠠᠭ᠎ᠠ ᠶᠢᠨ ᠲᠦᠯᠦᠪᠯᠡᠭᠡ | ᠂ ᠲᠣᠬᠢᠷᠠᠭᠤᠯᠤᠯᠲᠠ ᠬᠢᠭᠡᠳ ᠬᠠᠮᠢᠶᠠᠷᠤᠯᠲᠠ ᠶᠢ ᠬᠠᠷᠢᠭᠤᠴᠠᠬᠤ ᠬᠡᠷᠡᠭᠲᠡᠢ᠃ | ︵ᠬᠤᠶᠠᠷ︶ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠢ ᠬᠢᠨᠠᠨ ᠬᠡᠮᠵᠢᠵᠦ ᠰᠡᠷᠡᠮᠵᠢᠯᠡᠭᠦᠯᠬᠦ ᠪᠠ | ᠠᠶᠤᠯ ᠲᠥᠭᠰᠢᠭᠦᠷᠢ ᠶᠢ ᠦᠨᠡᠯᠡᠨ ᠵᠢᠱᠢᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠱᠠᠲᠤᠨ ᠤ ᠲᠠᠷᠢᠶᠠᠯᠠᠩ | ᠮᠠᠯ ᠠᠵᠤ ᠠᠬᠤᠢ ᠶᠢᠨ ᠰᠠᠯᠠᠭ᠎ᠠ ᠮᠦᠴᠢᠷ ᠪᠣᠯᠣᠨ ᠴᠠᠭ ᠠᠭᠤᠷ ᠤᠨ ᠰᠠᠯᠠᠭ᠎ᠠ ᠮᠦᠴᠢᠷ ᠤᠳ ᠮᠡᠷᠭᠡᠵᠢᠯ ᠢᠶᠠᠨ | ᠬᠠᠷᠢᠯᠴᠠᠨ ᠨᠦᠬᠦᠪᠦᠷᠢᠯᠡᠬᠦ ᠶᠢ ᠴᠢᠩᠭᠠᠳᠬᠠᠵᠤ᠂ ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠰᠡᠷᠡᠮᠵᠢᠯᠡᠭᠦᠯᠬᠦ | ᠲᠥᠪ ᠲᠤ ᠲᠦᠰᠢᠭᠯᠡᠵᠦ᠂ ᠭᠠᠩ ᠬᠢᠷᠠᠭᠤ ᠮᠦᠨᠳᠦᠷ ᠦᠶᠡᠷ᠂ ᠡᠪᠡᠳᠴᠢᠨ ᠬᠤᠷᠣᠬᠠᠢ ᠬᠤᠯᠤᠭᠠᠨ᠎ᠠ ᠶᠢᠨ ᠬᠤᠣᠷ | ᠬᠦᠨᠦᠭᠡᠯ ᠵᠡᠷᠭᠡ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠢ ᠬᠢᠨᠠᠨ ᠬᠡᠮᠵᠢᠵᠦ ᠰᠡᠷᠡᠮᠵᠢᠯᠡᠭᠦᠯᠬᠦ ᠰᠢᠰᠲ᠋ᠧᠮᠵᠢ ᠶᠢᠨ | ᠪᠦᠲᠦᠭᠡᠨ ᠪᠠᠶᠢᠭᠤᠯᠤᠯᠲᠠ ᠶᠢ ᠬᠠᠮᠲᠤ ᠪᠠᠷ ᠰᠠᠶᠢᠲᠤᠷ ᠬᠢᠵᠦ᠂ ᠴᠠᠭ ᠠᠭᠤᠷ ᠤᠨ ᠰᠠᠯᠠᠭ᠎ᠠ ᠮᠦᠴᠢᠷ ᠯᠦᠭᠡ ᠮᠡᠳᠡᠭᠡ | ᠵᠠᠩᠭᠢ ᠶᠢ ᠬᠠᠮᠲᠤ ᠳᠠᠭᠠᠨ ᠡᠳ᠋ᠯᠡᠬᠦ ᠪᠠ ᠰᠤᠯᠢᠯᠴᠠᠬᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠢ ᠬᠢᠨᠠᠨ ᠬᠡᠮᠵᠢᠬᠦ ᠪᠠ ᠠᠶᠤᠯ ᠲᠥᠭᠰᠢᠭᠦᠷᠢ ᠶᠢ ᠦᠨᠡᠯᠡᠨ ᠵᠢᠱᠢᠬᠦ | ᠲᠡᠪᠴᠡᠩ ᠢ ᠪᠠᠶᠢᠭᠤᠯᠬᠤ ᠬᠡᠷᠡᠭᠲᠡᠢ᠃ ᠬᠠᠮᠲᠤᠷᠠᠨ ᠪᠠᠶᠢᠴᠠᠭᠠᠬᠤ ᠳᠦᠷᠢᠮ ᠪᠠ ᠲᠠᠷᠢᠶᠠᠯᠠᠩ ᠮᠠᠯ ᠠᠵᠤ ᠠᠬᠤᠢ ᠶᠢᠨ | ᠭᠠᠮᠰᠢᠭ ᠢ ᠰᠡᠷᠡᠮᠵᠢᠯᠡᠭᠦᠯᠵᠦ ᠤᠷᠢᠳᠴᠢᠯᠡᠨ ᠮᠡᠳᠡᠭᠦᠯᠬᠦ ᠶᠢᠨ ᠵᠦᠪᠳᠡᠯᠴᠡᠬᠦ ᠳᠦᠷᠢᠮ ᠢ ᠪᠠᠶᠢᠭᠤᠯᠵᠤ᠂ ᠭᠠᠮᠰᠢᠭ ᠢ | ᠠᠷᠭᠠᠴᠠᠬᠤ ᠦᠢᠯᠡᠴᠢᠯᠡᠭᠡᠨ ᠤ ᠬᠢᠷᠢ ᠬᠡᠮᠵᠢᠶ᠎ᠠ ᠶᠢ ᠳᠡᠭᠡᠭᠰᠢᠯᠡᠭᠦᠯᠬᠦ ᠬᠡᠷᠡᠭᠲᠡᠢ᠃ ᠪᠦᠬᠦ ᠣᠷᠣᠨ ᠳᠤ 12 ᠠᠶᠢᠮᠠᠭ | ᠬᠤᠲᠠ ᠶᠢᠨ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠢ ᠬᠢᠨᠠᠨ ᠬᠡᠮᠵᠢᠬᠦ ᠥᠷᠲᠡᠭᠡ ᠶᠢ ᠪᠠᠶᠢᠭᠤᠯᠵᠤ᠂ | ᠭᠠᠮᠰᠢᠭ ᠤᠨ ᠬᠦᠳᠡᠯᠦᠯ ᠪᠠᠶᠢᠳᠠᠯ ᠵᠢᠴᠢ ᠬᠡᠮᠵᠢᠶ᠎ᠠ ᠶᠢ ᠴᠠᠭ ᠲᠣᠬᠠᠢ ᠳᠤᠨᠢ ᠡᠵᠡᠮᠳᠡᠨ᠂ ᠭᠠᠮᠰᠢᠭ ᠢ ᠰᠡᠷᠭᠡᠶᠢᠯᠡᠵᠦ | ᠭᠠᠮᠰᠢᠭ ᠠᠴᠠ ᠠᠪᠤᠷᠠᠬᠤ ᠠᠵᠢᠯ ᠢ ᠣᠨᠣᠪᠴᠢᠲᠠᠢ ᠵᠢᠯᠤᠭᠤᠳᠬᠤ ᠬᠡᠷᠡᠭᠲᠡᠢ᠃ ᠤᠳᠤᠬᠢᠴᠢᠯᠠᠭᠰᠠᠨ ᠵᠠᠭᠤᠴᠢᠯᠠᠭᠤᠷ᠂ | ᠴᠢᠮᠡᠭᠡ ᠬᠤᠯᠪᠣᠭᠠᠨ ᠤ ᠪᠠᠭᠠᠵᠢ ᠪᠣᠯᠣᠨ ᠴᠢᠮᠡᠭᠡ ᠬᠤᠯᠪᠤᠭ᠎ᠠ ᠶᠢᠨ ᠡᠬᠢ ᠪᠠᠶᠠᠯᠢᠭ ᠢ ᠠᠰᠢᠭᠯᠠᠵᠤ ᠭᠠᠮᠰᠢᠭ ᠢ ᠬᠢᠨᠠᠨ | ᠬᠡᠮᠵᠢᠵᠦ ᠣᠷᠢᠳᠴᠢᠯᠠᠨ ᠮᠡᠳᠡᠭᠦᠯᠦᠭᠰᠡᠨ ᠥᠷ᠎ᠡ ᠳ᠋ᠦᠩ ᠢ ᠴᠠᠭ ᠲᠤᠨᠢ ᠲᠣᠬᠢᠷᠠᠭᠤᠯᠤᠨ ᠵᠦᠪᠳᠡᠯᠴᠡᠬᠦ ᠶᠢ | ᠪᠡᠶᠡᠯᠡᠭᠦᠯᠵᠦ᠂ ᠭᠠᠮᠰᠢᠭ ᠢ ᠬᠢᠨᠠᠨ ᠬᠡᠮᠵᠢᠵᠦ ᠰᠡᠷᠡᠮᠵᠢᠯᠡᠭᠦᠯᠬᠦ᠂ ᠭᠠᠮᠰᠢᠭ ᠤᠨ ᠨᠦᠯᠦᠭᠡ ᠶᠢ ᠦᠨᠡᠯᠡᠨ ᠵᠢᠱᠢᠬᠦ ᠪᠠ | ᠭᠠᠮᠰᠢᠭ ᠢ ᠠᠷᠭᠠᠴᠠᠬᠤ ᠠᠷᠭ᠎ᠠ ᠬᠡᠮᠵᠢᠶ᠎ᠠ ᠶᠢ ᠴᠠᠭ ᠲᠤᠬᠠᠢ ᠳᠤᠨᠢ ᠨᠡᠶᠢᠲᠡᠯᠡᠨ᠂ ᠭᠠᠮᠰᠢᠭ ᠢ ᠰᠡᠷᠡᠮᠵᠢᠯᠡᠭᠦᠯᠬᠦ ᠮᠡᠳᠡᠭᠡ | ᠵᠠᠩᠭᠢ ᠪᠠᠨ ᠪᠦᠬᠦᠨ ᠳᠤ ᠬᠠᠮᠤᠷᠬᠤ ᠶᠢ ᠪᠡᠶᠡᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠤᠨ | ᠲᠠᠯ᠎ᠠ ᠪᠠᠷ ᠬᠢ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠢᠳᠪᠦᠷᠢᠲᠦ ᠪᠣᠳᠣᠯᠭ᠎ᠠ ᠲᠣᠭᠲᠠᠭᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠪᠡᠯᠡᠳᠭᠡᠮᠵᠢ ᠶᠢᠨ ᠭᠠᠮᠰᠢᠭ ᠢ | ᠰᠡᠷᠭᠡᠶᠢᠯᠡᠬᠦ ᠴᠢᠳᠠᠪᠤᠷᠢ ᠶᠢᠨ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠦᠷᠨᠢᠭᠦᠯᠵᠦ᠂ ᠲᠠᠷᠢᠶᠠᠯᠠᠩ ᠮᠠᠯ | ᠠᠵᠤ ᠠᠬᠤᠢ ᠶᠢᠨ ᠭᠠᠮᠰᠢᠭ ᠢ ᠰᠡᠷᠭᠡᠶᠢᠯᠡᠬᠦ ᠮᠡᠷᠭᠡᠵᠢᠯ ᠤᠨ ᠦᠨᠡᠯᠡᠨ ᠵᠢᠱᠢᠬᠦ᠂ ᠳᠡᠯᠭᠡᠷᠡᠭᠦᠯᠵᠦ ᠬᠡᠷᠡᠭᠯᠡᠭᠦᠯᠬᠦ᠂ | ᠮᠡᠷᠭᠡᠵᠢᠯ ᠤᠨ ᠪᠣᠯᠪᠠᠰᠤᠷᠠᠭᠤᠯᠤᠯ ᠳᠤ ᠦᠢᠯᠡᠴᠢᠯᠡᠬᠦ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠰᠢᠨᠵᠢᠯᠡᠬᠦ | ᠤᠬᠠᠭᠠᠨ ᠤ ᠲᠦᠭᠡᠮᠡᠯᠵᠢᠭᠦᠯᠦᠯᠲᠡ ᠶᠢ ᠤᠬᠠᠭᠤᠯᠬᠤ ᠠᠵᠢᠯ ᠢᠶᠠᠨ ᠴᠢᠩᠭᠠᠳᠬᠠᠨ᠂ ᠲᠠᠷᠢᠶᠠᠯᠠᠩ ᠮᠠᠯ ᠠᠵᠤ | ᠠᠬᠤᠢ ᠶᠢᠨ ᠭᠠᠮᠰᠢᠭ ᠢ ᠰᠡᠷᠭᠡᠶᠢᠯᠡᠬᠦ ᠳᠤ ᠬᠦᠴᠦᠨ ᠪᠦᠬᠦᠢ ᠲᠤᠯᠭᠠᠭᠤᠷᠢᠯᠠᠯ ᠢ ᠬᠠᠩᠭᠠᠬᠤ ᠬᠡᠷᠡᠭᠲᠡᠢ᠃ | ︵ᠭᠤᠷᠪᠠ︶ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ | ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠲᠠᠷᠢᠮᠠᠯ ᠤᠨ ᠦᠢᠯᠡᠰ᠂ ᠮᠠᠯ ᠠᠵᠤ ᠠᠬᠤᠢ᠂ ᠵᠢᠭᠠᠰᠤᠨ | ᠠᠵᠤ ᠠᠬᠤᠢ᠂ ᠨᠤᠲᠤᠭ ᠪᠡᠯᠴᠢᠭᠡᠷ ᠤᠨ ᠠᠮᠢ ᠠᠬᠤᠢ ᠵᠡᠷᠭᠡ ᠪᠠᠶᠢᠭᠠᠯᠢ ᠶᠢᠨ ᠬᠦᠨᠳᠦ ᠬᠡᠴᠡᠭᠦᠦ ᠭᠠᠮᠰᠢᠭ ᠤᠨ ᠪᠠᠴᠢᠮ | ᠪᠠᠶᠢᠳᠠᠯ ᠢ ᠠᠷᠭᠠᠴᠠᠬᠤ ᠲᠦᠰᠦᠯ ᠢᠶᠠᠨ ᠲᠡᠭᠦᠯᠳᠡᠷᠵᠢᠭᠦᠯᠵᠦ᠂ ᠡᠯ᠎ᠡ ᠱᠠᠲᠤᠨ ᠤ ᠪᠠᠴᠢᠮ ᠪᠠᠶᠢᠳᠠᠯ ᠢ ᠠᠷᠭᠠᠴᠠᠵᠤ | ᠠᠪᠤᠷᠠᠨ ᠲᠤᠰᠠᠯᠠᠬᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠪᠠᠴᠢᠮ ᠪᠠᠶᠢᠳᠠᠯ ᠢ | ᠠᠷᠭᠠᠴᠠᠵᠤ ᠤᠷᠢᠶᠠᠯᠠᠨ ᠳᠠᠭᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠨᠢᠭᠡᠲᠦᠯᠲᠡᠢ ᠵᠢᠯᠤᠭᠤᠳᠬᠤ᠂ | ᠶᠡᠷᠦᠩᠬᠡᠶᠢᠯᠡᠨ ᠵᠣᠬᠢᠴᠠᠭᠤᠯᠬᠤ᠂ ᠲᠦᠷᠦᠯ ᠬᠤᠪᠢᠶᠠᠨ ᠬᠠᠮᠢᠶᠠᠷᠬᠤ᠂ ᠱᠠᠲᠤ ᠬᠤᠪᠢᠶᠠᠨ ᠬᠠᠷᠢᠭᠤᠴᠠᠬᠤ᠂ ᠬᠠᠷᠢᠶ᠎ᠠ | ᠭᠠᠵᠠᠷ ᠢᠶᠠᠷ ᠬᠠᠮᠢᠶᠠᠷᠤᠭᠤᠯᠬᠤ ᠶᠢ ᠭᠤᠣᠯ ᠪᠣᠯᠭᠠᠭᠰᠠᠨ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠤᠨ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠯ ᠢ ᠪᠦᠷᠢᠳᠦᠬᠦᠯᠬᠦ ᠬᠡᠷᠡᠭᠲᠡᠢ᠃ ᠬᠤᠰᠢᠭᠤ ᠰᠢᠶᠠᠨ ᠤ | ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠦᠰᠦᠯ | ᠪᠣᠯᠣᠨ ᠬᠠᠷᠢᠭᠤᠴᠠᠯᠭ᠎ᠠ ᠶᠢ ᠬᠦᠮᠦᠨ ᠳᠤᠨᠢ ᠳᠠᠭᠠᠭᠠᠯᠭᠠᠬᠰᠠᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ | ᠰᠢᠢᠳᠪᠦᠷᠢᠯᠡᠬᠦ ᠰᠢᠰᠲ᠋ᠧᠮᠵᠢ ᠶᠢ ᠲᠡᠭᠦᠯᠳᠡᠷᠵᠢᠭᠦᠯᠬᠦ ᠶᠢᠨ ᠬᠠᠮᠲᠤ ᠣᠷᠲᠤᠳᠬᠠᠬᠤ ᠬᠡᠷᠡᠭᠲᠡᠢ᠃ ᠮᠠᠯᠵᠢᠬᠤ ᠲᠠᠷᠢᠶᠠᠯᠠᠬᠤ | ᠣᠷᠣᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠᠷᠢᠯᠭ᠎ᠠ ᠶᠢ ᠡᠬᠢᠯᠡᠭᠦᠯᠦᠨ ᠬᠡᠷᠡᠭᠵᠢᠭᠦᠯᠵᠦ᠂ ᠲᠠᠷᠢᠶᠠᠨ | ᠭᠠᠵᠠᠷ ᠡᠪᠡᠰᠦ ᠪᠡᠯᠴᠢᠭᠡᠷ ᠤᠰᠤᠨ ᠠᠰᠢᠭᠯᠠᠯᠲᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠪᠣᠯᠣᠨ ᠤᠰᠤ | ᠠᠷᠪᠢᠯᠠᠬᠤ ᠤᠰᠤᠯᠠᠯᠲᠠ᠂ ᠬᠦᠮᠦᠨ ᠮᠠᠯ ᠤᠨ ᠠᠶᠤᠯ ᠦᠭᠡᠢ ᠤᠭᠤᠤᠬᠤ ᠤᠰᠤ᠂ ᠴᠠᠷᠴᠠᠬᠠᠢ ᠪᠠ ᠬᠤᠯᠤᠭᠠᠨ᠎ᠠ ᠶᠢ | ᠤᠰᠠᠳᠬᠠᠬᠤ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠢᠨᠵᠧᠨᠧᠷᠢᠩ ᠤᠨ ᠪᠠᠶᠢᠭᠤᠯᠤᠯᠲᠠ ᠵᠢᠴᠢ ᠬᠦᠯᠳᠡᠵᠦ | ᠬᠢᠷᠠᠭᠤ ᠪᠠᠭᠤᠬᠤ ᠶᠢ ᠰᠡᠷᠭᠡᠶᠢᠯᠡᠬᠦ᠂ ᠮᠠᠯ ᠲᠡᠵᠢᠭᠡᠪᠦᠷᠢ ᠶᠢᠨ ᠬᠠᠰᠢᠶ᠎ᠠ ᠬᠤᠷᠢᠶ᠎ᠠ᠂ ᠨᠤᠭᠤᠭᠠᠨ ᠢᠶᠠᠷ ᠳᠠᠷᠤᠰᠢᠭᠤᠯᠬᠤ | ᠵᠣᠭᠤᠷᠢ ᠪᠣᠯᠣᠨ ᠭᠠᠮᠰᠢᠭ ᠢ ᠰᠡᠷᠭᠡᠶᠢᠯᠡᠬᠦ ᠮᠠᠰᠢᠨ ᠮᠧᠬᠠᠨᠢᠭ ᠵᠡᠷᠭᠡ ᠰᠠᠭᠤᠷᠢ ᠪᠡᠯᠡᠳᠭᠡᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ | ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠲᠠᠷᠢᠮᠠᠯ ᠤᠨ ᠦᠢᠯᠡᠰ᠂ ᠮᠠᠯ ᠠᠵᠤ ᠠᠬᠤᠢ᠂ ᠵᠢᠭᠠᠰᠤᠨ | ᠠᠵᠤ ᠠᠬᠤᠢ᠂ ᠨᠤᠲᠤᠭ ᠪᠡᠯᠴᠢᠭᠡᠷ ᠢ ᠬᠠᠮᠠᠭᠠᠯᠠᠬᠤ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ | ᠵᠡᠷᠭᠡ ᠶᠢᠨ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠨᠦᠬᠡᠴᠡᠯᠡᠬᠦ ᠬᠦᠮᠦᠷᠭᠡ ᠶᠢ ᠪᠠᠶᠢᠭᠤᠯᠵᠤ᠂ ᠮᠠᠯᠵᠢᠬᠤ | ᠲᠠᠷᠢᠶᠠᠯᠠᠬᠤ ᠣᠷᠣᠨ ᠳᠠᠬᠢ ᠭᠡᠨᠡᠳᠲᠡ ᠶᠢᠨ ᠪᠠᠶᠢᠭᠠᠯᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ | ᠪᠠᠲᠤᠯᠠᠭ᠎ᠠ ᠪᠠᠨ ᠦᠨᠡᠨᠬᠦ ᠪᠠᠲᠤᠯᠠᠬᠤ ᠬᠡᠷᠡᠭᠲᠡᠢ᠃ ᠭᠤᠷᠪᠠᠨ ᠱᠠᠲᠤᠨ ᠤ ᠡᠳ᠋ ᠪᠠᠷᠠᠭ᠎ᠠ ᠨᠦᠬᠡᠴᠡᠯᠡᠬᠦ ᠬᠦᠮᠦᠷᠭᠡ ᠶᠢ | ᠪᠦᠲᠦᠭᠡᠨ ᠪᠠᠶᠢᠭᠤᠯᠬᠤ ᠳᠤ ᠪᠤᠳᠠᠳᠠᠢ ᠬᠡᠷᠡᠭᠴᠡᠭᠡ ᠱᠠᠭᠠᠷᠳᠠᠯᠭ᠎ᠠ ᠠᠴᠠ ᠡᠭᠦᠰᠴᠦ᠂ ᠦᠪᠡᠷᠲᠡᠭᠡᠨ ᠵᠠᠰᠠᠬᠤ | ᠣᠷᠣᠨ ᠠᠴᠠ ᠨᠦᠬᠡᠴᠡᠯᠡᠬᠦ ᠴᠢᠬᠤᠯᠠᠲᠠᠢ ᠪᠣᠯ᠂ ᠦᠪᠡᠷᠲᠡᠭᠡᠨ ᠵᠠᠰᠠᠬᠤ ᠣᠷᠣᠨ ᠨᠦᠬᠡᠴᠡᠯᠡᠵᠦ᠂ ᠪᠤᠳᠠᠳᠤ ᠭᠠᠵᠠᠷ ᠤᠨ | ᠪᠠᠴᠢᠮ ᠪᠠᠶᠢᠳᠠᠯ ᠢ ᠠᠷᠭᠠᠴᠠᠬᠤ ᠬᠡᠷᠡᠭᠴᠡᠭᠡᠨ ᠤ ᠭᠤᠣᠯᠳᠠᠯᠭ᠎ᠠ ᠪᠣᠯ ᠠᠶᠢᠮᠠᠭ ᠬᠤᠲᠠ᠂ ᠬᠤᠰᠢᠭᠤ ᠰᠢᠶᠠᠨ ︵ᠬᠤᠲᠠ | ᠂ ᠲᠣᠭᠤᠷᠢᠭ︶ ᠤ ᠨᠦᠬᠡᠴᠡᠯᠡᠬᠦ ᠠᠵᠢᠯ ᠢ ᠰᠠᠶᠢᠲᠤᠷ ᠬᠢᠬᠦ ᠳᠤ ᠪᠠᠶᠢᠨ᠎ᠠ᠃ ᠲᠠᠷᠢᠶᠠᠯᠠᠬᠤ ᠣᠷᠣᠨ ᠪᠣᠯ ᠭᠤᠤᠯᠳᠠᠭᠤ | ᠦᠷ᠎ᠡ᠂ ᠬᠢᠮᠢ ᠶᠢᠨ ᠪᠣᠷᠳᠤᠭᠤᠷ᠂ ᠰᠦᠯᠢᠶᠤᠤ ᠪᠦᠷᠬᠦᠪᠴᠢ᠂ ᠲᠠᠷᠢᠶᠠᠨ ᠡᠮ᠂ ᠴᠠᠶᠢᠶ᠋ᠢᠦ᠂ ᠬᠢᠵᠢᠭ ᠢ ᠰᠡᠷᠭᠡᠶᠢᠯᠡᠬᠦ | ᠡᠮ ᠤᠨ ᠵᠦᠢᠯ ᠵᠡᠷᠭᠡ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠦᠢᠯᠡᠳᠪᠦᠷᠢᠯᠡᠯ ᠤᠨ ᠬᠡᠷᠡᠭᠰᠡᠯ ᠢᠶᠠᠷ ᠭᠤᠣᠯ | ᠪᠣᠯᠭᠠᠨ᠎ᠠ︔ ᠮᠠᠯᠵᠢᠬᠤ ᠣᠷᠣᠨ ᠪᠣᠯ ᠭᠤᠤᠯᠳᠠᠭᠤ ᠡᠪᠡᠰᠦ ᠪᠤᠷᠳᠤᠭ᠎ᠠ᠂ ᠬᠤᠷᠤᠬᠠᠢ ᠠᠷᠢᠯᠭᠠᠵᠤ ᠬᠤᠯᠤᠭᠠᠨ᠎ᠠ | ᠤᠰᠠᠳᠬᠠᠬᠤ ᠡᠮ ᠤᠨ ᠵᠦᠢᠯ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠡᠳ᠋ ᠪᠠᠷᠠᠭ᠎ᠠ ᠨᠦᠬᠡᠴᠡᠯᠡᠬᠦ ᠵᠢᠴᠢ | ᠴᠠᠰᠤ ᠠᠷᠢᠯᠭᠠᠬᠤ᠂ ᠲᠡᠭᠡᠭᠡᠪᠦᠷᠢᠯᠡᠬᠦ ᠮᠠᠰᠢᠨ ᠮᠧᠬᠠᠨᠢᠭ ᠢᠶᠠᠷ ᠭᠤᠣᠯ ᠪᠣᠯᠭᠠᠨ᠎ᠠ᠃ ᠲᠠᠯ᠎ᠠ ᠨᠤᠲᠤᠭ ᠤᠨ ᠮᠠᠯ ᠠᠵᠤ | ᠠᠬᠤᠢ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠬᠤᠪᠢᠷᠠᠭᠤᠯᠵᠤ᠂ ᠡᠷᠦᠬᠡ ᠳᠤ ᠨᠦᠬᠡᠴᠡᠯᠡᠬᠦ ᠪᠠᠷ ᠭᠤᠣᠯ | ᠪᠣᠯᠭᠠᠵᠤ᠂ ᠰᠤᠮᠤ ᠪᠣᠶᠣ ᠭᠠᠴᠠᠭᠠᠨ ᠳᠤ ᠡᠪᠡᠰᠦ ᠪᠤᠷᠳᠤᠭ᠎ᠠ ᠨᠦᠬᠡᠴᠡᠯᠡᠬᠦ ᠵᠢᠵᠢᠭ ᠬᠡᠯᠪᠡᠷᠢ ᠶᠢᠨ ᠬᠦᠮᠦᠷᠭᠡ | ᠪᠠᠶᠢᠭᠤᠯᠬᠤ ᠪᠠᠷ ᠬᠠᠪᠰᠤᠷᠠᠯᠲᠠ ᠪᠣᠯᠭᠠᠨ᠂ ᠬᠤᠰᠢᠭᠤ ᠰᠢᠶᠠᠨ ᠳᠤ ᠪᠠᠴᠢᠮ ᠪᠠᠶᠢᠳᠠᠯ ᠢ ᠠᠷᠭᠠᠴᠠᠬᠤ ᠲᠤᠮᠤ | ᠬᠡᠯᠪᠡᠷᠢ ᠶᠢᠨ ᠡᠪᠡᠰᠦ ᠪᠤᠷᠳᠤᠭ᠎ᠠ ᠨᠦᠬᠡᠴᠡᠯᠡᠬᠦ ᠬᠦᠮᠦᠷᠭᠡ ᠪᠠᠶᠢᠭᠤᠯᠬᠤ ᠪᠠᠷ ᠨᠡᠮᠡᠯᠲᠡ ᠪᠣᠯᠭᠠᠭᠰᠠᠨ ᠪᠠᠴᠢᠮ ᠪᠠᠶᠢᠳᠠᠯ ᠢ | ᠠᠷᠭᠠᠴᠠᠬᠤ ᠡᠪᠡᠰᠦ ᠪᠣᠷᠳᠤᠭ᠎ᠠ ᠨᠦᠬᠡᠴᠡᠯᠡᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠮᠠᠯ | ᠲᠡᠵᠢᠭᠡᠪᠦᠷᠢ ᠶᠢᠨ ᠠᠮᠦᠷ ᠲᠥᠪᠰᠢᠨ ᠢᠶᠠᠷ ᠡᠪᠤᠯᠵᠢᠵᠦ ᠬᠠᠪᠤᠷᠵᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠳ᠋ ᠤᠨ | ᠵᠠᠰᠠᠭ ᠤᠨ ᠬᠢᠨ ᠤ ᠲᠠᠮᠵᠢᠯᠬᠡ ᠲᠠᠢ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠤᠨ ᠠᠶᠤᠯ ᠲᠦᠭᠰᠢᠬᠦᠷᠢ ᠠᠴᠠ | ᠠᠪᠤᠷᠠᠨ ᠲᠤᠰᠠᠯᠠᠬᠤ ᠳᠠᠭᠠᠳᠬᠠᠯ ᠤᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠲᠠᠷᠢᠶᠠᠯᠠᠩ ᠮᠠᠯ ᠠᠵᠤ | ᠠᠬᠤᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠ ᠰᠡᠷᠭᠦᠭᠡᠵᠦ ᠳᠠᠬᠢᠨ ᠰᠢᠨ᠎ᠡ ᠪᠠᠷ ᠪᠠᠶᠢᠭᠤᠯᠬᠤ ᠠᠵᠢᠯ ᠤᠨ | ᠳᠤᠮᠳᠠᠬᠢ ᠮᠦᠩᠭᠦᠨ ᠭᠦᠢᠯᠭᠡᠭᠡ ᠳᠠᠭᠠᠳᠬᠠᠯ ᠤᠨ ᠠᠵᠢᠯ ᠲᠦᠷᠦᠯ ᠤᠨ ᠦᠢᠯᠡᠳᠦᠯ ᠢ ᠪᠠᠳᠠᠷᠠᠭᠤᠯᠤᠨ᠂ ᠲᠠᠷᠢᠶᠠᠯᠠᠩ | ᠮᠠᠯ ᠠᠵᠤ ᠠᠬᠤᠢ ᠶᠢᠨ ᠭᠠᠮᠰᠢᠭ ᠤᠨ ᠠᠶᠤᠯ ᠲᠦᠭᠰᠢᠬᠦᠷᠢ ᠶᠢ ᠵᠠᠳᠠᠷᠠᠭᠤᠯᠵᠤ᠂ ᠭᠠᠮᠰᠢᠭ ᠤᠨ ᠬᠤᠬᠢᠷᠠᠯ ᠤᠨ | ᠬᠡᠮᠵᠢᠶ᠎ᠠ ᠶᠢ ᠪᠠᠭᠤᠷᠠᠭᠤᠯᠬᠤ ᠬᠡᠷᠡᠭᠲᠡᠢ᠃ ᠡᠯ᠎ᠡ ᠱᠠᠲᠤᠨ ᠤ ᠡᠳ᠋ ᠤᠨ ᠵᠠᠰᠠᠭ᠂ ᠪᠠᠩᠬᠢ᠂ ᠢᠲᠡᠭᠡᠮᠵᠢᠲᠦ ᠬᠤᠷᠰᠢᠶ᠎ᠠ᠂ | ᠳᠠᠭᠠᠳᠬᠠᠯ ᠵᠡᠷᠭᠡ ᠰᠠᠯᠠᠭ᠎ᠠ ᠮᠦᠴᠢᠷ ᠤᠳ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠤᠨ ᠪᠠᠴᠢᠮ ᠪᠠᠶᠢᠳᠠᠯ ᠢ | ᠠᠷᠭᠠᠴᠠᠵᠤ ᠰᠢᠢᠳᠪᠦᠷᠢᠯᠡᠬᠦ ᠴᠢᠳᠠᠪᠤᠷᠢ ᠪᠠᠨ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠢ | ᠰᠡᠷᠭᠡᠶᠢᠯᠡᠵᠦ ᠬᠤᠬᠢᠷᠠᠯ ᠢ ᠪᠠᠭᠠᠰᠬᠠᠬᠤ ᠪᠡᠯᠡ ᠮᠦᠩᠭᠦ ᠶᠢ ᠤᠨ ᠤ ᠡᠳ᠋ ᠤᠨ ᠵᠠᠰᠠᠭ ᠤᠨ ᠲᠦᠰᠦᠪ ᠲᠤ ᠵᠢᠭᠰᠠᠭᠠᠨ | ᠣᠷᠣᠭᠤᠯᠵᠤ᠂ ᠭᠠᠮᠰᠢᠭ ᠢ ᠰᠡᠷᠭᠡᠶᠢᠯᠡᠵᠦ ᠬᠤᠬᠢᠷᠠᠯ ᠢ ᠪᠠᠭᠠᠰᠬᠠᠬᠤ ᠪᠠ ᠮᠡᠷᠭᠡᠵᠢᠯ ᠢ ᠳᠡᠯᠭᠡᠷᠡᠭᠦᠯᠬᠦ ᠨᠦᠬᠦᠪᠦᠷᠢ ᠪᠤᠯᠤᠨ | ᠭᠠᠮᠰᠢᠭ ᠠᠴᠠ ᠠᠪᠤᠷᠠᠬᠤ ᠠᠵᠢᠯ ᠳᠤ ᠭᠤᠣᠯᠳᠠᠯᠭ᠎ᠠ ᠲᠠᠢ ᠬᠡᠷᠡᠭᠯᠡᠬᠦ ᠬᠡᠷᠡᠭᠲᠡᠢ᠃ ᠢᠲᠡᠭᠡᠮᠵᠢᠲᠦ ᠵᠢᠭᠡᠯᠡᠯᠭᠡ ᠶᠢᠨ | ᠰᠠᠯᠠᠭ᠎ᠠ ᠮᠦᠴᠢᠷ ᠤᠳ ᠭᠠᠮᠰᠢᠭ ᠤᠨ ᠳᠠᠷᠠᠭᠠᠬᠢ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠢ | ᠰᠡᠷᠭᠦᠭᠡᠬᠦ ᠳᠤ ᠬᠡᠷᠡᠭᠯᠡᠬᠦ ᠵᠢᠭᠡᠯᠡᠯᠭᠡ ᠶᠢ ᠲᠥᠷᠭᠡᠨ ᠨᠠᠶᠢᠳᠠᠪᠤᠷᠢᠵᠢᠭᠤᠯᠬᠤ ᠬᠡᠷᠡᠭᠲᠡᠢ᠃ ᠳᠠᠭᠠᠳᠬᠠᠯ ᠤᠨ ᠰᠠᠯᠠᠭ᠎ᠠ | ᠮᠦᠴᠢᠷ ᠤᠳ ᠭᠠᠮᠰᠢᠭ ᠤᠨ ᠳᠠᠷᠠᠭᠠᠬᠢ ᠲᠠᠷᠢᠶᠠᠯᠠᠩ ᠮᠠᠯ ᠠᠵᠤ ᠠᠬᠤᠢ ᠶᠢᠨ ᠬᠤᠬᠢᠷᠠᠯ᠂ ᠪᠡᠯᠡᠳᠭᠡᠮᠵᠢ | ᠲᠥᠭᠦᠭᠡᠷᠦᠮᠵᠢ ᠡᠳ᠋ ᠬᠦᠷᠦᠩᠭᠡ ᠶᠢᠨ ᠬᠤᠬᠢᠷᠠᠯ ᠳᠠᠬᠢ ᠳᠠᠭᠠᠳᠬᠠᠯ ᠤᠨ ᠲᠦᠯᠦᠪᠦᠷᠢ ᠶᠢ ᠰᠠᠶᠢᠲᠤᠷ ᠬᠢᠬᠦ ᠬᠡᠷᠡᠭᠲᠡᠢ᠃ | ︵ᠳᠥᠷᠪᠡ︶ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠢ ᠰᠡᠷᠭᠡᠶᠢᠯᠡᠵᠦ ᠭᠠᠮᠰᠢᠭ ᠠᠴᠠ | ᠠᠪᠤᠷᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠲᠤᠰᠬᠠᠶᠢᠵᠢᠯᠠᠯᠲᠠ ᠬᠢᠭᠡᠳ | ᠨᠡᠶᠢᠭᠡᠮᠵᠢᠯᠡᠯᠲᠡ ᠶᠢ ᠬᠠᠷᠢᠯᠴᠠᠨ ᠤᠶᠠᠯᠳᠤᠭᠤᠯᠬᠤ ᠵᠠᠮ ᠢ ᠪᠠᠷᠢᠮᠲᠠᠯᠠᠵᠤ᠂ ᠭᠠᠢ ᠭᠠᠮᠰᠢᠭ ᠢ ᠰᠡᠷᠭᠡᠶᠢᠯᠡᠬᠦ ᠶᠢ | ᠠᠷᠭᠠᠴᠠᠬᠤ ᠲᠤᠰᠬᠠᠢ ᠠᠵᠢᠯ ᠤᠨ ᠡᠩᠨᠡᠭᠡ ᠪᠣᠯᠣᠨ ᠲᠤᠰᠬᠠᠢ ᠮᠡᠷᠭᠡᠵᠢᠯᠲᠡᠨ ᠤ ᠡᠩᠨᠡᠭᠡ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠂ ︽ᠨᠢᠭᠡᠲᠦᠯᠲᠡᠢ ᠤᠳᠤᠷᠢᠳᠬᠤ᠂ ᠡᠮᠬᠢ ᠳᠠᠷᠠᠭ᠎ᠠ ᠲᠠᠢ ᠵᠣᠬᠢᠴᠠᠭᠤᠯᠬᠤ᠂ | ᠲᠤᠰᠬᠠᠢ ᠠᠵᠢᠯ ᠪᠠ ᠠᠵᠢᠯ ᠬᠠᠪᠰᠤᠷᠭᠠᠬᠤ ᠶᠢ ᠬᠠᠮᠳᠤᠳᠬᠠᠬᠤ᠂ ᠳᠠᠪᠠᠭᠤᠯᠢᠭ ᠲᠠᠯ᠎ᠠ ᠪᠠᠨ ᠬᠠᠷᠢᠯᠴᠠᠨ | ᠨᠦᠬᠦᠪᠦᠷᠢᠯᠡᠬᠦ᠂ ᠪᠠᠲᠤᠯᠠᠭ᠎ᠠ ᠬᠦᠴᠦᠨ ᠲᠠᠢ︾ ᠭᠠᠮᠰᠢᠭ ᠢ ᠰᠡᠷᠭᠡᠶᠢᠯᠡᠬᠦ ᠲᠤᠰᠬᠠᠶᠢᠵᠢᠭᠰᠠᠨ ᠡᠩᠨᠡᠭᠡ ᠶᠢ ᠪᠣᠢ | ᠪᠣᠯᠭᠠᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠨᠤᠭᠤᠳ ᠡᠯ᠎ᠡ ᠭᠠᠵᠠᠷ ᠤᠨ ᠵᠠᠯᠠᠭᠤ | ᠢᠳᠡᠷ ᠮᠠᠯᠴᠢᠨ ᠲᠠᠷᠢᠶᠠᠴᠢᠳ ᠢ ᠵᠣᠬᠢᠶᠠᠨ ᠪᠠᠶᠢᠭᠤᠯᠵᠤ ᠪᠠᠶᠢᠭᠠᠳ ᠮᠠᠯᠴᠢᠨ ᠲᠠᠷᠢᠶᠠᠴᠢᠳ ᠢᠶᠠᠷ ᠰᠠᠭᠤᠷᠢ ᠪᠣᠯᠭᠠᠵᠤ᠂ | ᠲᠤᠰᠬᠠᠢ ᠬᠤᠷᠰᠢᠶ᠎ᠠ᠂ ᠲᠠᠷᠢᠵᠦ ᠲᠡᠵᠢᠭᠡᠬᠦ ᠲᠤᠮᠤ ᠡᠷᠦᠬᠡ ᠪᠠᠷ ᠭᠤᠣᠯᠯᠠᠬᠤ ᠬᠦᠴᠦᠨ ᠪᠣᠯᠭᠠᠭᠰᠠᠨ ᠭᠠᠮᠰᠢᠭ ᠲᠠᠢ | ᠲᠡᠮᠡᠴᠡᠵᠦ ᠭᠠᠮᠰᠢᠭ ᠠᠴᠠ ᠠᠪᠤᠷᠠᠬᠤ ᠲᠤᠰᠬᠠᠢ ᠦᠢᠯᠡᠴᠢᠯᠡᠭᠡᠨ ᠤ ᠡᠩᠨᠡᠭᠡ ᠶᠢ ᠪᠠᠶᠢᠭᠤᠯᠵᠤ᠂ ᠡᠯ᠎ᠡ ᠲᠦᠷᠦᠯ ᠤᠨ | ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠪᠣᠯᠣᠨ ᠭᠡᠨᠡᠳᠲᠡ ᠶᠢᠨ ᠬᠡᠷᠡᠭ ᠲᠤ ᠴᠢᠭᠯᠡᠭᠦᠯᠦᠨ᠂ ᠦᠪᠡᠷ ᠢ ᠪᠠᠨ | ᠠᠪᠤᠷᠠᠬᠤ ᠪᠠ ᠬᠠᠷᠢᠯᠴᠠᠨ ᠠᠪᠤᠷᠠᠬᠤ ᠠᠵᠢᠯ ᠢ ᠲᠦᠷᠭᠡᠨ ᠦᠷᠨᠢᠭᠦᠯᠵᠦ᠂ ᠭᠠᠮᠰᠢᠭ ᠲᠠᠢ ᠲᠡᠮᠡᠴᠡᠵᠦ ᠭᠠᠮᠰᠢᠭ ᠢ | ᠪᠠᠭᠠᠰᠬᠠᠬᠤ ᠪᠠ ᠭᠠᠮᠰᠢᠭ ᠤᠨ ᠳᠠᠷᠠᠭᠠᠬᠢ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠶᠠᠪᠤᠭᠳᠠᠭᠤᠯᠬᠤ ᠬᠡᠷᠡᠭᠲᠡᠢ᠃ | ᠲᠠᠷᠢᠶᠠᠯᠠᠩ ᠮᠠᠯ ᠠᠵᠤ ᠠᠬᠤᠢ᠂ ᠤᠰᠤᠨ ᠠᠰᠢᠭᠯᠠᠯᠲᠠ᠂ ᠴᠠᠭ ᠠᠭᠤᠷ ᠵᠡᠷᠭᠡ ᠰᠠᠯᠠᠭ᠎ᠠ ᠮᠦᠴᠢᠷ ᠤᠳ ᠤᠨ ᠲᠤᠰᠬᠠᠢ | ᠮᠡᠷᠭᠡᠵᠢᠯᠲᠡᠨ ᠢ ᠵᠣᠬᠢᠶᠠᠨ ᠪᠠᠶᠢᠭᠤᠯᠵᠤ ᠮᠡᠷᠭᠡᠵᠢᠯ ᠤᠨ ᠵᠢᠯᠤᠭᠤᠳᠬᠤ ᠳᠤᠭᠤᠶᠢᠯᠠᠩ ᠢ ᠬᠠᠮᠲᠤᠷᠠᠨ ᠵᠣᠬᠢᠶᠠᠨ | ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠡᠯ᠎ᠡ ᠲᠦᠷᠦᠯ ᠤᠨ ᠭᠠᠢ ᠭᠠᠮᠰᠢᠭ ᠲᠤ ᠴᠢᠭᠯᠡᠭᠦᠯᠦᠭᠰᠡᠨ | ᠭᠠᠮᠰᠢᠭ ᠢ ᠰᠡᠷᠭᠡᠶᠢᠯᠡᠵᠦ ᠬᠤᠬᠢᠷᠠᠯ ᠤᠨ ᠬᠡᠮᠵᠢᠶ᠎ᠡ ᠶᠢ ᠪᠠᠭᠠᠰᠬᠠᠬᠤ ᠮᠡᠷᠭᠡᠵᠢᠯ ᠤᠨ ᠪᠣᠯᠪᠠᠰᠤᠷᠠᠯ ᠢ ᠦᠷᠨᠢᠭᠦᠯᠦᠨ᠂ | ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠤᠨ ᠳᠠᠷᠠᠭᠠᠬᠢ ᠦᠢᠯᠡᠳᠪᠦᠷᠢᠯᠡᠯ ᠢᠶᠠᠨ ᠰᠡᠷᠭᠦᠭᠡᠬᠦ ᠶᠢ ᠵᠣᠬᠢᠶᠠᠨ | ᠪᠠᠶᠢᠭᠤᠯᠤᠨ ᠵᠢᠯᠤᠭᠤᠳᠬᠤ ᠬᠡᠷᠡᠭᠲᠡᠢ᠃ ᠲᠥᠷᠥ ᠶᠢᠨ ᠪᠣᠳᠣᠯᠭ᠎ᠠ ᠪᠠᠷ ᠲᠡᠳᠭᠦᠬᠦ᠂ ᠲᠣᠨᠤᠭ ᠲᠥᠭᠦᠭᠡᠷᠦᠮᠵᠢ ᠶᠢ | ᠨᠦᠬᠦᠪᠦᠷᠢᠯᠡᠬᠦ᠂ ᠮᠡᠷᠭᠡᠵᠢᠯ ᠢᠶᠠᠷ ᠦᠢᠯᠡᠴᠢᠯᠡᠬᠦ᠂ ᠵᠢᠱᠢᠶ᠎ᠡ ᠦᠵᠡᠭᠦᠯᠦᠨ ᠳᠠᠶᠢᠴᠢᠯᠠᠬᠤ ᠵᠡᠷᠭᠡ ᠬᠡᠯᠪᠡᠷᠢ ᠪᠠᠷ ᠳᠠᠮᠵᠢᠵᠤ᠂ | ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠢ ᠰᠡᠷᠭᠡᠶᠢᠯᠡᠵᠦ ᠡᠵᠡᠮᠳᠡᠬᠦ ᠲᠤᠰᠬᠠᠶᠢᠵᠢᠯᠠᠭᠰᠠᠨ ᠡᠩᠨᠡᠭᠡᠨ ᠤ | ᠪᠠᠶᠢᠭᠤᠯᠤᠯᠲᠠ ᠶᠢ ᠢᠳᠡᠪᠬᠢᠲᠡᠢ ᠪᠠᠷ ᠠᠬᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠢ ᠰᠡᠷᠭᠡᠶᠢᠯᠡᠵᠦ | ᠡᠵᠡᠮᠳᠡᠬᠦ ᠲᠤᠰᠬᠠᠶᠢᠵᠢᠯᠠᠭᠰᠠᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠠᠮᠰᠢᠭ ᠤᠨ ᠪᠠᠴᠢᠮ | ᠪᠠᠶᠢᠳᠠᠯ ᠢ ᠠᠷᠭᠠᠴᠠᠵᠤ ᠰᠡᠷᠭᠡᠶᠢᠯᠡᠨ ᠡᠵᠡᠮᠳᠡᠬᠦ ᠴᠢᠳᠠᠪᠤᠷᠢ ᠪᠠ ᠭᠠᠮᠰᠢᠭ ᠢ ᠰᠡᠷᠭᠡᠶᠢᠯᠡᠨ ᠡᠵᠡᠮᠳᠡᠵᠦ ᠵᠣᠬᠢᠶᠠᠨ | ᠪᠠᠶᠢᠭᠤᠯᠤᠠ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠮᠠᠯᠴᠢᠨ ᠲᠠᠷᠢᠶᠠᠴᠢᠳ᠂ ᠲᠤᠰᠬᠠᠢ ᠬᠤᠷᠰᠢᠶ᠎ᠠ᠂ | ᠲᠠᠷᠢᠵᠤ ᠲᠡᠵᠢᠭᠡᠬᠦ ᠲᠤᠮᠤ ᠡᠷᠦᠬᠡ ᠵᠢᠴᠢ ᠲᠤᠰᠬᠠᠶᠢᠵᠢᠯᠠᠭᠰᠠᠨ ᠵᠣᠬᠢᠶᠠᠨ ᠪᠠᠶᠢᠭᠤᠯᠤᠯᠲᠠ ᠶᠢᠨ ᠬᠢᠨ ᠡᠪᠡᠳᠴᠢᠨ | ᠬᠤᠷᠤᠬᠠᠢ ᠬᠤᠯᠤᠭᠠᠨ᠎ᠠ ᠶᠢᠨ ᠬᠦᠨᠦᠭᠡᠯ ᠢ ᠨᠢᠭᠡᠲᠦᠯᠲᠡᠢ ᠰᠡᠷᠭᠡᠶᠢᠯᠡᠨ ᠵᠠᠰᠠᠬᠤ ᠴᠢᠳᠠᠪᠤᠷᠢ ᠶᠢᠨ ᠪᠠᠶᠢᠭᠤᠯᠤᠯᠲᠠ ᠶᠢ | ᠭᠤᠣᠯᠳᠠᠯᠭ᠎ᠠ ᠲᠠᠢ ᠰᠠᠶᠢᠲᠤᠷ ᠠᠳᠬᠤᠵᠤ᠂ ᠮᠠᠨ ᠤ ᠣᠷᠣᠨ ᠤ ᠡᠪᠡᠳᠴᠢᠨ ᠬᠤᠷᠤᠬᠠᠢ ᠬᠤᠯᠤᠭᠠᠨ᠎ᠠ ᠶᠢᠨ | ᠬᠦᠨᠦᠭᠡᠯ ᠤᠨ ᠪᠠᠴᠢᠮ ᠪᠠᠶᠢᠳᠠᠯ ᠢ ᠠᠷᠭᠠᠴᠠᠭᠠᠵᠤ ᠰᠡᠷᠭᠡᠶᠢᠯᠡᠨ ᠡᠵᠡᠮᠳᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ | | ︵ᠲᠠᠪᠤ︶ ᠲᠠᠷᠢᠶᠠᠯᠠᠩ ᠮᠠᠯ ᠠᠵᠤ ᠠᠬᠤᠢ ᠶᠢᠨ ᠳᠠᠭᠠᠳᠬᠠᠯ ᠤᠨ ᠬᠡᠪᠴᠢᠶ᠎ᠡ ᠶᠢ ᠦᠷᠭᠡᠳᠭᠡᠬᠦ ᠬᠡᠷᠡᠭᠲᠡᠢ | ᠃ ᠲᠠᠷᠢᠶᠠᠯᠠᠩ ᠮᠠᠯ ᠠᠵᠤ ᠠᠬᠤᠢ ᠶᠢᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠦᠷᠭᠡᠳᠭᠡᠵᠦ᠂ | ᠬᠦᠨᠳᠤ ᠭᠠᠮᠰᠢᠭ ᠤᠨ ᠠᠶᠤᠯ ᠲᠥᠭᠰᠢᠭᠦᠷᠢ ᠶᠢᠨ ᠲᠠᠯ᠎ᠠ ᠪᠠᠷ ᠬᠢ ᠲᠠᠷᠢᠶᠠᠯᠠᠩ ᠮᠠᠯ ᠠᠵᠤ ᠠᠬᠤᠢ ᠶᠢᠨ | ᠳᠠᠭᠠᠳᠬᠠᠯ ᠤᠨ ᠪᠡᠯᠡᠳᠭᠡᠯ ᠮᠦᠩᠭᠦ ᠶᠢᠨ ᠳᠦᠷᠢᠮ ᠢ ᠪᠠᠶᠢᠭᠤᠯᠤᠨ᠂ ᠭᠠᠮᠰᠢᠭ ᠢ ᠰᠡᠷᠭᠡᠶᠢᠯᠡᠵᠦ ᠭᠠᠮᠰᠢᠭ ᠤᠨ | ᠬᠤᠬᠢᠷᠠᠯ ᠤᠨ ᠬᠡᠮᠵᠢᠶ᠎ᠠ ᠶᠢ ᠪᠠᠭᠠᠰᠬᠠᠬᠤ ᠲᠠᠯ᠎ᠠ ᠪᠠᠷ ᠬᠢ ᠳᠠᠭᠠᠳᠬᠠᠯ ᠤᠨ ᠨᠦᠬᠦᠪᠦᠷᠢᠯᠡᠬᠦ ᠲᠣᠭᠲᠠᠴᠠ ᠶᠢ ᠪᠠᠶᠢᠭᠤᠯᠵᠤ | ᠂ ᠭᠠᠮᠰᠢᠭ ᠢ ᠰᠡᠷᠭᠡᠶᠢᠯᠡᠵᠦ ᠬᠤᠬᠢᠷᠠᠯ ᠤᠨ ᠬᠡᠮᠵᠢᠶ᠎ᠡ ᠶᠢ ᠪᠠᠭᠠᠰᠬᠠᠬᠤ ᠳᠠᠬᠢ ᠣᠷᠤᠭᠤᠯᠤᠯᠲᠠ ᠶᠢᠨ ᠡᠷᠴᠢᠮ ᠢ | ᠴᠢᠩᠭᠠᠷᠠᠭᠤᠯᠬᠤ ᠬᠡᠷᠡᠭᠲᠡᠢ︔ ᠣᠨᠴᠠᠯᠢᠭ ᠪᠦᠬᠦᠢ ᠲᠠᠷᠢᠵᠤ ᠲᠡᠵᠢᠭᠡᠬᠦ ᠦᠢᠯᠡᠰ ᠤᠨ ᠳᠠᠭᠠᠳᠬᠠᠯ ᠳᠤ | ᠤᠷᠤᠯᠴᠠᠭᠰᠠᠨ ᠤ ᠲᠠᠷᠠᠭᠠᠬᠢ ᠨᠦᠬᠦᠪᠦᠷᠢᠯᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠣᠷᠣᠨ ᠨᠤᠲᠤᠭ ᠤᠨ | ᠣᠨᠴᠠᠯᠢᠭ ᠲᠠᠢ ᠳᠠᠪᠠᠭᠤᠯᠢᠭ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠳᠠᠭᠠᠳᠬᠠᠯ ᠢ | ᠦᠷᠨᠢᠭᠦᠯᠬᠦ ᠶᠢ ᠨᠢ ᠳᠡᠮᠵᠢᠵᠦ ᠵᠣᠷᠢᠬᠵᠢᠭᠤᠯᠤᠨ᠂ ᠣᠷᠣᠨ ᠨᠤᠲᠤᠭ ᠤᠨ ᠤᠨᠴᠠᠯᠢᠭ ᠪᠦᠬᠦᠢ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠭᠦᠨ ᠳᠤ ᠲᠥᠷᠥ ᠶᠢᠨ ᠪᠣᠳᠣᠯᠭ᠎ᠠ ᠶᠢᠨ ᠴᠢᠨᠠᠷᠲᠠᠢ ᠳᠠᠭᠠᠳᠬᠠᠯ ᠪᠠ ᠲᠡᠬᠦᠨ ᠤ | ᠵᠠᠷᠤᠳᠠᠯ ᠢᠶᠠᠷ ᠨᠦᠬᠦᠪᠦᠷᠢᠯᠡᠬᠦ ᠲᠣᠷᠰᠢᠯᠲᠠ ᠶᠢᠨ ᠴᠢᠬ ᠢ ᠦᠷᠨᠢᠭᠦᠯᠬᠦ ᠬᠡᠷᠡᠭᠲᠡᠢ︔ ᠲᠠᠷᠢᠶᠠᠯᠠᠩ ᠮᠠᠯ ᠠᠵᠤ | ᠠᠬᠤᠢ ᠶᠢᠨ ᠳᠠᠭᠠᠳᠬᠠᠯ ᠤᠨ ᠰᠢᠨ᠎ᠡ ᠭᠤᠣᠯ ᠴᠤᠭᠴᠠ ᠶᠢ ᠠᠯᠬᠤᠮ ᠠᠯᠬᠤᠮ ᠢᠶᠠᠷ ᠨᠡᠮᠡᠭᠳᠡᠭᠦᠯᠵᠦ᠂ | ᠦᠷᠢᠰᠦᠯᠳᠦᠭᠡᠨ ᠤ ᠲᠣᠭᠲᠠᠴᠠ ᠶᠢ ᠬᠦᠳᠦᠯᠦᠨ ᠣᠷᠤᠭᠤᠯᠵᠤ᠂ ᠳᠦᠷᠢᠮ ᠤᠨ ᠰᠡᠳᠦᠵᠦ ᠲᠦᠯᠦᠪᠯᠡᠬᠦ ᠶᠢ | ᠲᠡᠭᠦᠯᠳᠡᠷᠵᠢᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠲᠤ ᠨᠡᠶᠢᠭᠡᠮ ᠠᠴᠠ ᠠᠪᠤᠷᠠᠨ ᠲᠤᠰᠠᠯᠠᠬᠤ | ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠢ᠃ | ︵ᠵᠢᠷᠭᠤᠭ᠎ᠠ︶ ᠲᠠᠷᠢᠶᠠᠯᠠᠩ ᠮᠠᠯ ᠠᠵᠤ ᠠᠬᠤᠢ ᠶᠢᠨ ᠲᠠᠭᠠᠯᠳᠤᠨ ᠡᠬᠦᠰᠦᠭᠰᠡᠨ ᠭᠠᠢ ᠭᠠᠮᠰᠢᠭ ᠢ | ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠪᠠᠶᠢᠭᠠᠯᠢ ᠶᠢᠨ ᠭᠠᠢ ᠭᠠᠮᠰᠢᠭ᠂ ᠡᠪᠡᠳᠴᠢᠨ ᠬᠤᠷᠤᠬᠠᠢ | ᠬᠤᠯᠤᠭᠠᠨ᠎ᠠ ᠶᠢᠨ ᠬᠦᠨᠦᠭᠡᠯ ᠵᠡᠷᠭᠡ ᠭᠠᠢ ᠭᠠᠮᠰᠢᠭ ᠲᠤ ᠦᠬᠦᠭᠰᠡᠨ ᠮᠠᠯ ᠤᠨᠠᠭ᠎ᠠ᠂ ᠭᠡᠷ ᠤᠨ ᠲᠡᠵᠢᠭᠡᠪᠦᠷᠢ᠂ ᠤᠰᠤᠨ | ᠭᠠᠷᠤᠯᠲᠠ ᠵᠢᠴᠢ ᠢᠯᠵᠠᠷᠡᠭᠰᠡᠨ ᠲᠠᠷᠢᠮᠠᠯ ᠢ ᠬᠤᠣᠷ ᠦᠭᠡᠢ ᠪᠣᠯᠭᠠᠨ ᠰᠢᠢᠳᠪᠦᠷᠢᠯᠡᠬᠦ ᠴᠢᠳᠠᠪᠤᠷᠢ ᠶᠢ ᠨᠡᠮᠡᠭᠳᠡᠭᠦᠯᠵᠦ᠂ | ᠠᠮᠢᠲᠠᠨ ᠤᠷᠭᠤᠮᠠᠯ ᠤᠨ ᠭᠠᠮᠰᠢᠭ ᠬᠦᠨᠦᠭᠡᠯ ᠢ ᠬᠤᠣᠷ ᠦᠭᠡᠢ ᠪᠣᠯᠭᠠᠨ ᠰᠢᠢᠳᠪᠦᠷᠢᠯᠡᠬᠦ ᠪᠦᠲᠦᠮᠵᠢᠲᠡᠢ ᠲᠣᠭᠲᠠᠴᠠ | ᠪᠣᠯᠣᠨ ᠠᠮᠢᠲᠠᠨ ᠤ ᠭᠡᠨᠡᠳᠲᠡ ᠶᠢᠨ ᠬᠦᠨᠳᠦ ᠬᠡᠴᠡᠭᠦᠦ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢ | ᠪᠠᠶᠢᠭᠤᠯᠤᠨ ᠪᠦᠷᠢᠨᠰᠢᠭᠦᠯᠵᠦ᠂ ᠭᠠᠢ ᠭᠠᠮᠰᠢᠭ ᠠᠴᠠ ᠦᠬᠦᠵᠦ᠂ ᠢᠯᠵᠡᠷᠡᠭᠰᠡᠨ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠭᠦᠨ ᠢ ᠵᠠᠬ᠎ᠠ ᠳᠡᠯᠭᠡᠭᠦᠷ ᠲᠤ ᠭᠠᠷᠭᠠᠬᠤ᠂ ᠬᠤᠭᠤᠯᠨ ᠬᠢᠬᠦ ᠶᠢ ᠴᠢᠩᠭ᠎ᠠ ᠰᠡᠷᠭᠡᠶᠢᠯᠡᠨ᠂ | ᠠᠷᠠᠳ ᠣᠯᠠᠨ ᠤ ︽ᠬᠡᠯᠡᠨ ᠤ ᠦᠵᠦᠭᠦᠷ ᠲᠠᠬᠢ ᠠᠮᠦᠷ ᠲᠥᠪᠰᠢᠨ︾ ᠢ ᠦᠨᠡᠨᠬᠦ ᠪᠠᠲᠤᠯᠠᠬᠤ ᠬᠡᠷᠡᠭᠲᠡᠢ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠢ ᠰᠡᠷᠭᠡᠶᠢᠯᠡᠬᠦ ᠠᠵᠢᠯ ᠤᠨ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠶᠢᠨ | ᠭᠠᠮᠰᠢᠭ ᠢ ᠰᠡᠷᠭᠡᠶᠢᠯᠡᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠦᠪᠡᠷᠲᠡᠭᠡᠨ ᠵᠠᠰᠠᠬᠤ ᠣᠷᠣᠨ ᠤ ᠡᠯ᠎ᠡ | ᠱᠠᠲᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠪᠣᠯᠣᠨ ᠪᠠᠴᠢᠮ ᠪᠠᠶᠢᠳᠠᠯ ᠢ ᠠᠷᠭᠠᠴᠠᠬᠤ | ᠲᠣᠭᠲᠠᠴᠠ ᠶᠢᠨ ᠪᠦᠲᠦᠭᠡᠨ ᠪᠠᠶᠢᠭᠤᠯᠤᠯᠲᠠ ᠳᠤ ᠣᠷᠤᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ | ᠦᠢᠯᠡᠳᠪᠦᠷᠢᠯᠡᠯ ᠤᠨ ᠠᠶᠤᠯ ᠦᠭᠡᠢ ᠪᠠ ᠲᠠᠷᠢᠶᠠᠯᠠᠩ ᠮᠠᠯ ᠠᠵᠤ ᠠᠬᠤᠢ ᠤᠰᠤᠨ ᠭᠠᠷᠤᠯᠲᠠ ᠶᠢᠨ ᠪᠦᠲᠦᠭᠡᠭᠳᠡᠭᠦᠨ ᠤ | ᠪᠦᠲᠦᠮᠵᠢᠲᠡᠢ ᠬᠠᠨᠭ᠍ᠭᠠᠯᠭ᠎ᠠ ᠶᠢ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠤᠨ ᠤ ᠬᠢᠨ ᠠᠪᠤᠷᠠᠨ | ᠲᠤᠰᠠᠯᠠᠬᠤ ᠡᠩᠨᠡᠭᠡ᠂ ᠡᠳ᠋ ᠪᠠᠷᠠᠭ᠎ᠠ ᠶᠢᠨ ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠬᠤ ᠲᠡᠪᠴᠡᠩ᠂ ᠰᠢᠨᠵᠢᠯᠡᠬᠦ | ᠤᠬᠠᠭᠠᠨ ᠮᠡᠷᠭᠡᠵᠢᠯ ᠤᠨ ᠲᠤᠯᠭᠠᠭᠤᠷᠢᠯᠠᠯ ᠵᠡᠷᠭᠡ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ | ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠲᠠᠷᠢᠶᠠᠯᠠᠩ ᠮᠠᠯ ᠠᠵᠤ | ᠠᠬᠤᠢ ᠶᠢᠨ ᠭᠠᠮᠰᠢᠭ ᠢ ᠰᠡᠷᠭᠡᠶᠢᠯᠡᠬᠦ ᠪᠠᠶᠢᠭᠤᠯᠤᠮᠵᠢ ᠪᠣᠯᠣᠨ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ | ᠪᠠᠶᠢᠭᠤᠯᠵᠤ᠂ ᠬᠢᠨᠠᠨ ᠬᠡᠮᠵᠢᠵᠦ ᠰᠡᠷᠡᠮᠵᠢᠭᠦᠯᠬᠦ ᠪᠠᠨ ᠴᠢᠩᠭᠠᠳᠬᠠᠨ᠂ ᠲᠤᠰᠬᠠᠶᠢᠵᠢᠭᠰᠠᠨ ᠰᠡᠷᠭᠡᠶᠢᠯᠡᠨ ᠵᠠᠰᠠᠬᠤ | ᠠᠵᠢᠯ ᠢ ᠲᠦᠯᠬᠢᠨ ᠠᠬᠢᠭᠤᠯᠵᠤ᠂ ᠠᠮᠢᠳᠤ ᠪᠤᠳᠠᠰ ᠢᠶᠠᠷ ᠰᠡᠷᠭᠡᠶᠢᠯᠡᠨ ᠵᠠᠰᠠᠬᠤ ᠶᠢ ᠲᠦᠯᠬᠢᠨ ᠠᠬᠢᠭᠤᠯᠤᠨ᠎ᠠ᠃ | ᠲᠤᠰᠬᠠᠢ ᠬᠡᠮᠵᠢᠨ ᠮᠡᠳᠡᠭᠦᠯᠬᠦ ᠪᠠ ᠮᠠᠯᠴᠢᠨ ᠲᠠᠷᠢᠶᠠᠴᠢᠳ ᠠᠴᠠ ᠬᠡᠮᠵᠢᠨ ᠮᠡᠳᠡᠭᠦᠯᠬᠦ ᠶᠢ ᠬᠠᠷᠢᠯᠴᠠᠨ | ᠤᠶᠠᠯᠳᠤᠭᠤᠯᠤᠭᠰᠠᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠨᠦᠬᠦᠴᠡᠯ ᠲᠠᠢ ᠭᠠᠵᠠᠷ ᠣᠷᠣᠨ ᠨᠢ | ᠬᠡᠷᠡᠭᠴᠡᠭᠡ ᠪᠠᠨ ᠦᠨᠳᠦᠰᠦᠯᠡᠵᠦ ᠵᠣᠬᠢᠬᠤ ᠲᠣᠭᠠᠨ ᠤ ᠮᠠᠯᠴᠢᠨ ᠲᠠᠷᠢᠶᠠᠴᠢᠳ ᠤᠨ ᠭᠠᠮᠰᠢᠭ ᠤᠨ ᠬᠢᠨᠠᠨ | ᠮᠡᠳᠡᠭᠦᠯᠦᠭᠴᠢ ᠶᠢ ᠵᠣᠬᠢᠴᠠᠩᠭᠤᠢ ᠪᠠᠷ ᠤᠷᠢᠨ ᠵᠠᠯᠠᠵᠤ ᠪᠣᠯᠣᠨ᠎ᠠ᠃ ᠲᠠᠷᠢᠶᠠᠯᠠᠩ ᠮᠠᠯ ᠠᠵᠤ ᠠᠬᠤᠢ ᠶᠢᠨ ᠭᠤᠣᠯᠴᠢᠯᠠᠨ | ᠬᠠᠮᠢᠶᠠᠷᠬᠤ ᠰᠠᠯᠠᠭ᠎ᠠ ᠮᠦᠴᠢᠷ ᠤᠳ ᠲᠣᠬᠠᠢ ᠶᠢᠨ ᠭᠠᠵᠠᠷ ᠤᠨ ᠢᠶᠠᠨ ᠲᠠᠷᠢᠶᠠᠯᠠᠩ ᠮᠠᠯ ᠠᠵᠤ ᠠᠬᠤᠢ ᠶᠢᠨ | ᠭᠠᠮᠰᠢᠭ ᠤᠨ ᠣᠨᠴᠠᠯᠢᠭ ᠪᠣᠯᠣᠨ ᠰᠡᠷᠭᠡᠶᠢᠯᠡᠬᠦ ᠭᠤᠣᠯᠳᠠᠯᠭ᠎ᠠ ᠶᠢ ᠦᠨᠳᠦᠰᠦᠯᠡᠵᠦ᠂ ᠲᠤᠰ ᠭᠠᠵᠠᠷ ᠤᠨ ᠢᠶᠠᠨ | ᠭᠠᠮᠰᠢᠭ ᠢ ᠰᠡᠷᠭᠡᠶᠢᠯᠡᠬᠦ ᠲᠦᠯᠦᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ᠂ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠯᠠᠩ | ᠮᠠᠯ ᠠᠵᠤ ᠠᠬᠤᠢ ᠶᠢᠨ ᠭᠠᠮᠰᠢᠭ ᠢ ᠰᠡᠷᠭᠡᠶᠢᠯᠡᠬᠦ ᠴᠢᠬᠤᠯᠠ ᠶᠡᠭᠡ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠬᠤ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠢ ᠰᠡᠷᠭᠡᠶᠢᠯᠡᠬᠦ ᠬᠠᠷᠢᠭᠤᠴᠠᠯᠭᠠᠲᠤ ᠳᠦᠷᠢᠮ ᠢ | ᠳᠡᠰ ᠳᠡᠰ ᠢᠶᠠᠷ ᠨᠠᠶᠢᠳᠠᠪᠤᠷᠢᠵᠢᠭᠤᠯᠵᠤ᠂ ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠭᠦᠷᠭᠡ ᠶᠢ ᠦᠨᠡᠨᠬᠦ | ᠪᠤᠳᠠᠳᠠᠶᠢᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠤᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠦᠴᠢᠷ ᠤᠳ ᠬᠠᠮᠵᠢᠯᠴᠠᠭ᠎ᠠ ᠪᠠᠨ ᠴᠢᠩᠭᠠᠳᠬᠠᠵᠤ᠂ ᠭᠠᠮᠰᠢᠭ ᠤᠨ ᠮᠡᠳᠡᠭᠡ ᠵᠠᠩᠭᠢ ᠶᠢ | ᠮᠡᠳᠡᠭᠳᠡᠬᠦ ᠪᠠ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠠᠷᠭᠠᠴᠠᠬᠤ ᠠᠷᠭ᠎ᠠ ᠬᠡᠮᠵᠢᠶ᠎ᠠ ᠶᠢ ᠨᠢᠭᠡᠲᠦᠯᠲᠡᠢ ᠠᠪᠴᠤ | ᠂ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠪᠦᠲᠦᠮᠵᠢᠲᠡᠢ | ᠦᠷᠨᠢᠭᠦᠯᠬᠦ ᠬᠡᠷᠡᠭᠲᠡᠢ᠃ | ︵ᠬᠤᠶᠠᠷ︶ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠡᠯᠡ ᠮᠦᠩᠭᠦ ᠡᠳ᠋ ᠪᠠᠷᠠᠭ᠎ᠠ ᠶᠢᠨ | ᠣᠷᠤᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠱᠠᠲᠤᠨ ᠤ | ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠢ ᠰᠡᠷᠭᠡᠶᠢᠯᠡᠵᠦ ᠬᠤᠬᠢᠷᠠᠯ ᠤᠨ ᠬᠡᠮᠵᠢᠶ᠎ᠠ ᠶᠢ ᠪᠠᠭᠠᠰᠬᠠᠵᠤ ᠪᠠᠴᠢᠮ | ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢᠨ ᠨᠦᠬᠡᠴᠡᠯᠡᠬᠦ ᠪᠠᠷ ᠭᠤᠤᠯᠯᠠᠭᠴᠢ ᠪᠣᠯᠭᠠᠵᠤ᠂ ᠠᠶᠢᠮᠠᠭ ᠬᠤᠲᠠ᠂ ᠬᠤᠰᠢᠭᠤ | ᠰᠢᠶᠠᠨ ︵ᠬᠤᠲᠠ᠂ ᠲᠣᠭᠤᠷᠢᠭ︶ ᠤ ᠬᠤᠶᠠᠷ ᠱᠠᠲᠤᠨ ᠤ ᠨᠦᠬᠡᠴᠡᠯᠡᠬᠦ ᠪᠠᠷ ᠲᠤᠯᠭᠠᠭᠤᠷᠢᠯᠠᠵᠤ᠂ ᠬᠤᠳᠠᠯᠳᠤᠭᠠᠨ ᠤ | ᠦᠢᠯᠡᠰ ᠤᠨ ᠨᠦᠬᠡᠴᠡᠯᠡᠬᠦ ᠪᠠᠷ ᠰᠠᠭᠤᠷᠢ ᠪᠣᠯᠭᠠᠨ᠂ ᠨᠡᠶᠢᠭᠡᠮ ᠤᠨ ᠬᠠᠪᠰᠤᠷᠤᠯ᠂ ᠲᠤᠰᠠᠯᠠᠮᠵᠢ ᠪᠠ ᠭᠡᠷ ᠪᠦᠯᠢ ᠶᠢᠨ | ᠨᠦᠬᠡᠴᠡᠯᠡᠬᠦ ᠪᠠᠷ ᠨᠡᠮᠡᠯᠲᠡ ᠪᠣᠯᠭᠠᠭᠰᠠᠨ ᠪᠦᠬᠦ ᠣᠷᠣᠨ ᠤ ᠭᠠᠮᠰᠢᠭ ᠢ ᠰᠡᠷᠭᠡᠶᠢᠯᠡᠵᠦ ᠬᠤᠬᠢᠷᠠᠯ ᠤᠨ ᠬᠡᠮᠵᠢᠶ᠎ᠠ ᠶᠢ | ᠪᠠᠭᠠᠰᠬᠠᠬᠤ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢᠨ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠵᠤ᠂ | ᠡᠯ᠎ᠡ ᠲᠦᠷᠦᠯ ᠤᠨ ᠭᠠᠮᠰᠢᠭ ᠢ ᠰᠡᠷᠭᠡᠶᠢᠯᠡᠵᠦ ᠬᠤᠬᠢᠷᠠᠯ ᠤᠨ ᠬᠡᠮᠵᠢᠶ᠎ᠡ ᠶᠢ ᠪᠠᠭᠠᠰᠬᠠᠬᠤ ᠡᠳ᠋ ᠪᠠᠷᠠᠭ᠎ᠠ ᠶᠢᠨ ᠶᠡᠷᠦᠩᠬᠡᠢ | ᠬᠦᠳᠡᠯᠦᠯ ᠪᠠᠶᠢᠳᠠᠯ ᠤᠨ ᠬᠠᠮᠢᠶᠠᠷᠤᠯᠲᠠ ᠪᠣᠯᠣᠨ ᠨᠢᠭᠡᠲᠦᠯᠲᠡᠢ ᠦᠨᠳᠦᠷ ᠪᠦᠲᠦᠮᠵᠢᠲᠦ ᠲᠣᠬᠢᠷᠠᠭᠤᠯᠤᠠ | ᠲᠡᠬᠡᠬᠡᠪᠦᠷᠢᠯᠡᠬᠦ ᠶᠢ ᠪᠡᠶᠡᠯᠡᠭᠦᠯᠬᠦ ᠬᠡᠷᠡᠭᠲᠡᠢ᠃ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠢ | ᠰᠡᠷᠭᠡᠶᠢᠯᠡᠬᠦ ᠲᠦᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠲᠠᠷᠢᠶᠠᠯᠠᠩ ᠮᠠᠯ ᠠᠵᠤ ᠠᠬᠤᠢ ᠶᠢᠨ | ᠡᠯ᠎ᠡ ᠲᠦᠷᠦᠯ ᠤᠨ ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠪᠡᠯᠡ ᠮᠦᠩᠭᠦ ᠶᠢ ᠨᠢᠭᠡᠲᠦᠯᠲᠡᠢ ᠲᠦᠯᠦᠪᠯᠡᠬᠦ | ᠪᠠ ᠨᠡᠶᠢᠯᠡᠭᠦᠯᠦᠨ᠂ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠢ ᠰᠡᠷᠭᠡᠶᠢᠯᠡᠬᠦ ᠰᠢᠰᠲ᠋ᠧᠮᠵᠢ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ︽ᠬᠡᠨ ᠪᠡᠯᠡ ᠣᠷᠣᠭᠤᠯᠪᠠᠯ᠂ ᠲᠡᠷᠡ ᠠᠰᠢᠭ ᠬᠦᠷᠲᠡᠵᠦ | ᠂ ᠲᠡᠷᠡ ᠡᠭᠦᠷᠭᠡ ᠭᠦᠢᠴᠡᠳᠭᠡᠬᠦ︾ ᠪᠠ ︽ᠵᠠᠬ᠎ᠠ ᠳᠡᠯᠭᠡᠭᠦᠷᠴᠢᠯᠡᠯᠲᠡ ᠪᠠᠷ ᠠᠵᠢᠯᠯᠠᠭᠤᠯᠵᠤ᠂ ᠤᠯᠤᠰ ᠠᠴᠠ | ᠵᠣᠬᠢᠰᠲᠠᠢ ᠪᠠᠷ ᠲᠤᠰᠠᠯᠠᠬᠤ︾ ᠵᠠᠷᠴᠢᠮ ᠢᠶᠠᠷ᠂ ᠠᠷᠠᠳ ᠤᠨ ᠲᠤᠮᠳᠠᠬᠢ ᠬᠦᠷᠦᠩᠬᠡ ᠮᠦᠩᠭᠦ᠂ ᠡᠯ᠎ᠡ ᠲᠦᠷᠦᠯ ᠤᠨ | ᠺᠤᠮᠫᠠᠨᠢ ᠠᠵᠤ ᠠᠬᠤᠶᠢᠯᠠᠯ ᠪᠣᠯᠣᠨ ᠮᠠᠯᠴᠢᠨ ᠲᠡᠷᠢᠶᠠᠴᠢᠳ ᠤᠨ ᠭᠠᠮᠰᠢᠭ ᠠᠴᠠ ᠠᠪᠤᠷᠠᠬᠤ ᠡᠳ᠋ ᠪᠠᠷᠠᠭ᠎ᠠ ᠨᠦᠬᠡᠴᠡᠯᠡᠬᠦ | ᠲᠠᠯ᠎ᠠ ᠪᠠᠷ ᠬᠢ ᠣᠷᠤᠭᠤᠯᠤᠯᠲᠠ ᠶᠢ ᠳᠡᠮᠵᠢᠬᠦ ᠬᠡᠷᠡᠭᠲᠡᠢ᠃ | ︵ᠭᠤᠷᠪᠠ︶ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠨᠤᠯᠵᠢᠬᠤᠨ ᠪᠠᠨ ᠬᠤᠪᠢᠷᠠᠭᠤᠯᠵᠤ᠂ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠬᠦ ᠬᠡᠷᠡᠭᠲᠡᠢ᠃ ᠲᠠᠷᠢᠶᠠᠯᠠᠩ | ᠮᠠᠯ ᠠᠵᠤ ᠠᠬᠤᠢ ᠶᠢᠨ ᠭᠠᠮᠰᠢᠭ ᠢ ᠰᠡᠷᠭᠡᠶᠢᠯᠡᠵᠦ ᠬᠤᠬᠢᠷᠠᠯ ᠤᠨ ᠬᠡᠮᠵᠢᠶ᠎ᠡ ᠶᠢ ᠪᠠᠭᠠᠰᠬᠠᠬᠤ ᠠᠵᠢᠯ ᠢᠶᠠᠨ ︽ | ᠬᠡᠷᠡᠭ ᠤᠨ ᠳᠤᠮᠳᠠ ᠬᠡᠷᠡᠭ ᠤᠨ ᠲᠠᠷᠠᠭ᠎ᠠ ᠰᠢᠢᠳᠪᠦᠷᠢᠯᠡᠬᠦ ᠪᠠᠷ ᠭᠤᠣᠯ ᠪᠣᠯᠭᠠᠵᠤ︾ ᠪᠠᠶᠢᠭᠰᠠᠨ ᠠᠴᠠ ︽ᠬᠡᠷᠡᠭ ᠤᠨ | ᠡᠮᠦᠨ᠎ᠡ ᠰᠡᠷᠭᠡᠶᠢᠯᠡᠬᠦ ᠪᠠᠷ ᠭᠤᠣᠯ ᠪᠣᠯᠭᠠᠵᠤ᠂ ᠬᠡᠷᠡᠭ ᠤᠨ ᠲᠤᠮᠳᠠ ᠬᠡᠷᠡᠭ ᠤᠨ ᠳᠠᠷᠠᠭᠠᠬᠢ ᠪᠦᠬᠦ ᠶᠠᠪᠤᠴᠠ ᠶᠢ | ᠬᠠᠮᠢᠶᠠᠷᠬᠤ︾ ᠵᠦᠭ ᠬᠤᠪᠢᠷᠠᠭᠤᠯᠤᠨ᠎ᠠ︔ ︽ᠰᠠᠯᠠᠭ᠎ᠠ ᠮᠦᠴᠢᠷ ᠢᠶᠠᠷ ᠭᠤᠣᠯ ᠪᠣᠯᠭᠠᠵᠤ︾ ᠪᠠᠶᠢᠭᠰᠠᠨ ᠠᠴᠠ ︽ | ᠵᠠᠰᠠᠭ ᠤᠨ ᠣᠷᠳᠤᠨ ᠢᠶᠠᠷ ᠭᠤᠣᠯᠯᠠᠭᠤᠯᠬᠤ᠂ ᠨᠡᠶᠢᠭᠡᠮ ᠤᠨ ᠬᠢᠨ ᠪᠦᠬᠦ ᠲᠠᠯ᠎ᠠ ᠪᠠᠷ ᠣᠷᠣᠯᠴᠠᠬᠤ︾ ᠵᠦᠭ | ᠬᠤᠪᠢᠷᠠᠭᠤᠯᠤᠨ᠎ᠠ︔ ︽ᠭᠠᠭᠴᠠ ᠵᠦᠢᠯ ᠤᠨ ᠭᠠᠮᠰᠢᠭ ᠢ ᠰᠢᠢᠳᠪᠦᠷᠢᠯᠡᠵᠦ︾ ᠪᠠᠶᠢᠭᠰᠠᠨ ᠠᠴᠠ ︽ᠶᠡᠷᠦᠩᠬᠡᠶᠢᠯᠡᠭᠰᠡᠨ | ᠭᠠᠮᠰᠢᠭ ᠢ ᠠᠷᠭᠠᠴᠠᠬᠤ︾ ᠵᠦᠭ ᠬᠤᠪᠢᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠢ ᠰᠡᠷᠭᠡᠶᠢᠯᠡᠵᠦ | ᠬᠤᠬᠢᠷᠠᠯ ᠤᠨ ᠬᠡᠮᠵᠢᠶ᠎ᠡ ᠶᠢ ᠪᠠᠭᠠᠰᠬᠠᠬᠤ ᠠᠵᠢᠯ ᠤᠨ ᠶᠡᠷᠦᠩᠬᠡᠢ ᠬᠢᠷᠢ ᠬᠡᠮᠵᠢᠶᠡᠨ ᠤ ᠳᠡᠭᠡᠭᠰᠢᠯᠡᠯᠲᠡ ᠶᠢ ᠪᠡᠶᠡᠯᠡᠭᠦᠯᠬᠦ | ᠬᠡᠷᠡᠭᠲᠡᠢ᠃ | ︵ᠳᠥᠷᠪᠡ︶ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠢ ᠰᠡᠷᠭᠡᠶᠢᠯᠡᠬᠦ ᠤᠬᠠᠮᠰᠠᠷ ᠢᠶᠠᠨ | ᠳᠡᠭᠡᠭᠰᠢᠯᠡᠭᠦᠯᠬᠦ ᠬᠡᠷᠡᠭᠲᠡᠢ᠃ ᠷᠠᠳᠢᠤ᠋ ᠨᠡᠪᠲᠡᠷᠡᠭᠦᠯᠭᠡ᠂ ᠲᠧᠯᠸᠢᠰ᠂ ᠰᠣᠨᠢᠨ ᠵᠡᠷᠭᠡ ᠵᠠᠭᠤᠴᠢᠯᠠᠭᠤᠷ ᠤᠨ ᠠᠷᠭ᠎ᠠ | ᠮᠠᠶ᠋ᠢᠭ ᠢ ᠭᠦᠢᠴᠡᠳ ᠠᠰᠢᠭᠯᠠᠵᠤ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠤᠨ ᠬᠤᠣᠷ ᠬᠦᠨᠦᠭᠡᠯ ᠪᠠ | ᠬᠡᠷᠡᠭ ᠲᠤ ᠤᠬᠠᠭᠤᠯᠭ᠎ᠠ ᠬᠦᠮᠦᠵᠢᠯ ᠦᠷᠨᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠪᠠᠶᠢᠭᠠᠯᠢ ᠶᠢᠨ ᠭᠠᠢ | ᠭᠠᠮᠰᠢᠭ ᠤᠨ ᠠᠶᠤᠯ ᠲᠥᠭᠰᠢᠭᠦᠷᠢ ᠬᠢᠭᠡᠳ ᠠᠶᠤᠯ ᠠᠴᠠ ᠵᠠᠶᠢᠯᠠᠬᠤ ᠮᠡᠳᠡᠯᠭᠡ ᠶᠢ ᠲᠥᠭᠡᠮᠡᠯᠵᠢᠭᠦᠯᠦᠨ᠂ ᠮᠠᠯᠴᠢᠨ | ᠲᠠᠷᠢᠶᠠᠴᠢᠳ ᠤᠬᠠᠮᠰᠠᠷ ᠠᠴᠠ ᠪᠠᠨ ᠣᠷᠤᠯᠴᠠᠳᠠᠭ ᠭᠠᠮᠰᠢᠭ ᠤᠨ ᠠᠶᠤᠯ ᠲᠥᠭᠰᠢᠭᠦᠷᠢ ᠶᠢᠨ ᠶᠡᠷᠦᠩᠬᠡᠢ | ᠰᠡᠷᠭᠡᠶᠢᠯᠡᠯᠲᠡ ᠶᠢᠨ ᠰᠢᠰᠲ᠋ᠧᠮᠵᠢ ᠶᠢ ᠠᠯᠬᠤᠮ ᠠᠯᠬᠤᠮ ᠢᠶᠠᠷ ᠪᠣᠢ ᠪᠣᠯᠭᠠᠬᠤ ᠬᠡᠷᠡᠭᠲᠡᠢ᠃ ᠡᠯ᠎ᠡ ᠱᠠᠲᠤᠨ ᠤ | ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠪᠠᠴᠢᠮ | ᠪᠠᠶᠢᠳᠠᠯ ᠢ ᠠᠷᠭᠠᠴᠠᠬᠤ ᠲᠦᠰᠦᠯ ᠤᠨ ᠶᠤᠰᠤᠭᠠᠷ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠠᠮᠠᠷᠬᠠᠨ ᠡᠭᠦᠰᠳᠡᠭ | ᠂ ᠣᠯᠠᠨ ᠡᠭᠦᠰᠳᠡᠭ ᠣᠷᠣᠨ ᠳᠠᠬᠢ ᠮᠠᠯᠴᠢᠨ ᠲᠠᠷᠢᠶᠠᠴᠢᠳ ᠥᠷᠭᠡᠨ ᠢᠶᠠᠷ ᠣᠷᠤᠯᠴᠠᠳᠠᠭ ᠭᠠᠮᠰᠢᠭ ᠢ ᠰᠡᠷᠭᠡᠶᠢᠯᠡᠵᠦ | ᠭᠠᠮᠰᠢᠭ ᠠᠴᠠ ᠵᠠᠶᠢᠯᠠᠬᠤ ᠰᠤᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠮᠰᠢᠭ ᠤᠨ ᠭᠡᠨᠡᠳᠲᠡ ᠶᠢᠨ | ᠬᠡᠷᠡᠭ ᠢ ᠰᠡᠷᠭᠡᠶᠢᠯᠡᠨ ᠰᠢᠢᠳᠪᠦᠷᠢᠯᠡᠬᠦ ᠮᠡᠷᠭᠡᠵᠢᠯ ᠴᠢᠳᠠᠪᠤᠷᠢ ᠶᠢ ᠨᠢ ᠳᠡᠭᠡᠭᠰᠢᠯᠡᠭᠦᠯᠦᠨ᠂ ᠪᠤᠳᠠᠳᠠᠢ ᠳᠤ ᠠᠵᠢᠯᠯᠠᠬᠤ | ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠢ᠃ ᠨᠡᠶᠢᠭᠡᠮ ᠤᠨ ᠶᠠᠷᠢᠶ᠎ᠠ ᠬᠡᠯᠡᠯᠴᠡᠭᠡ ᠰᠤᠷᠲᠠᠯ ᠤᠬᠠᠭᠤᠯᠭ᠎ᠠ ᠪᠠᠷ ᠬᠦᠲᠦᠯᠦᠨ | ᠵᠢᠯᠤᠭᠤᠳᠬᠤ ᠶᠢ ᠴᠢᠩᠭᠠᠳᠬᠠᠵᠤ᠂ ᠬᠠᠮᠢᠶ᠎ᠠ ᠪᠦᠬᠦᠢ ᠰᠢᠨᠵᠢᠯᠡᠬᠦ ᠤᠬᠠᠭᠠᠨᠴᠢ ᠪᠠᠷ ᠲᠠᠶᠢᠯᠪᠤᠷᠢᠯᠠᠬᠤ ᠪᠠ | ᠲᠤᠳᠤᠷᠬᠠᠢᠢᠯᠠᠬᠤ ᠠᠵᠢᠯ ᠢ ᠰᠠᠶᠢᠲᠤᠷ ᠬᠢᠵᠦ᠂ ᠮᠠᠯᠴᠢᠨ ᠲᠠᠷᠢᠶᠠᠴᠢᠳ ᠤᠨ ᠪᠠᠶᠢᠭᠠᠯᠢ ᠶᠢᠨ ᠭᠠᠢ ᠭᠠᠮᠰᠢᠭ ᠢ | ᠰᠡᠷᠭᠡᠶᠢᠯᠡᠨ ᠡᠰᠡᠷᠭᠦᠴᠡᠬᠦ ᠢᠲᠡᠭᠡᠯ ᠵᠣᠷᠢᠭ ᠢ ᠨᠡᠮᠡᠭᠳᠡᠭᠦᠯᠬᠦ ᠬᠡᠷᠡᠭᠲᠡᠢ᠃ | ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠣᠳᠣ ᠦᠶ᠎ᠡ ᠶᠢᠨ ᠲᠠᠷᠢᠶᠠᠯᠠᠩ | ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠤᠨ | ᠰᠢᠰᠲ᠋ᠧᠮᠵᠢ ᠶᠢ ᠴᠤᠭᠴᠠᠯᠠᠨ ᠪᠠᠶᠢᠭᠤᠯᠬᠤ ᠶᠢᠨ ᠬᠡᠷᠡᠭᠵᠢᠭᠦᠯᠬᠦ ᠲᠦᠰᠦᠯ | ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠠᠷᠤᠮᠠᠯᠯᠠᠨ | ᠲᠠᠷᠬᠠᠭᠠᠭᠰᠠᠨ ︽ᠦᠭᠡᠷᠡᠴᠢᠯᠡᠯᠲᠡ ᠶᠢ ᠲᠦᠷᠦᠯ ᠬᠤᠪᠢᠶᠠᠵᠤ ᠡᠮᠬᠢ ᠵᠢᠷᠤᠮ ᠲᠠᠢ ᠠᠬᠢᠭᠤᠯᠬᠤ ᠲᠣᠬᠠᠢ ᠦᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ | ᠳᠤᠭᠤᠶᠢᠯᠠᠩ ᠤᠨ ᠲᠦᠰᠦᠯ︾ ᠤᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠵᠤ᠂ ᠮᠠᠨ ᠤ ᠣᠷᠣᠨ ᠤ ᠣᠳᠣ | ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠳᠠᠬᠢ ᠲᠠᠷᠢᠶᠠᠯᠠᠩ ᠮᠠᠯ ᠠᠵᠤ | ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠲᠤᠯᠭᠠᠭᠤᠷᠢᠯᠠᠬᠤ ᠦᠢᠯᠡᠳᠦᠯ ᠢ ᠭᠦᠢᠴᠡᠳ | ᠪᠠᠳᠠᠷᠠᠭᠤᠯᠬᠤ ᠶᠢᠨ ᠲᠤᠰᠠᠳᠠ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠤᠯᠭᠠᠭᠤᠷᠢᠯᠠᠯ ᠤᠨ ᠰᠢᠰᠲ᠋ᠧᠮᠵᠢ ᠶᠢ ᠴᠤᠭᠴᠠᠯᠠᠨ ᠪᠠᠶᠢᠭᠤᠯᠬᠤ ᠶᠢᠨ ᠬᠡᠷᠡᠭᠵᠢᠭᠦᠯᠬᠦ ᠲᠦᠰᠦᠯ ᠢ | ᠣᠨᠴᠠᠭᠠᠶᠢᠯᠠᠨ ᠲᠣᠭᠲᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ᠂ ᠬᠡᠷᠡᠭᠵᠢᠭᠦᠯᠬᠦ ᠵᠠᠷᠴᠢᠮ ᠪᠠ ᠬᠠᠷᠠᠯᠲᠠ ᠶᠢᠨ ᠡᠭᠦᠷᠭᠡ | ︵ᠨᠢᠭᠡ︶ ᠵᠢᠯᠤᠭᠤᠳᠬᠤ ᠦᠵᠡᠯ ᠰᠠᠨᠠᠭ᠎ᠠ | ︽8337︾ ᠬᠥᠭᠵᠢᠯᠲᠡ ᠶᠢᠨ ᠰᠡᠳᠬᠢᠮᠵᠢ ᠶᠢᠨ ᠲᠤᠭᠤᠷᠢᠨ ᠳᠤ ᠨᠢᠭᠲᠠᠷᠠᠨ᠂ ᠳᠠᠪᠠᠭᠤᠯᠢᠭ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠣᠷᠣᠨ ᠪᠦᠰᠡ ᠶᠢᠨ ᠪᠠᠶᠢᠷᠢᠰᠢᠭᠤᠯᠤᠯ ᠤᠨ | ᠱᠠᠭᠠᠷᠳᠠᠯᠭ᠎ᠠ ᠪᠠ ᠳᠠᠪᠠᠭᠤᠯᠢᠭ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠤᠰᠤᠭᠠᠷ᠂ | ᠰᠢᠯᠢᠳᠡᠭ ᠴᠢᠨᠠᠷᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠦᠢᠯᠡᠳᠪᠦᠷᠢᠯᠡᠯ ᠤᠨ | ᠴᠢᠳᠠᠪᠤᠷᠢ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ | ᠬᠥᠭᠵᠢᠯᠲᠡ ᠶᠢ ᠲᠦᠯᠬᠢᠨ ᠠᠬᠢᠭᠤᠯᠬᠤ ᠪᠠᠷ ᠭᠤᠣᠯ ᠱᠤᠭᠤᠮ ᠪᠣᠯᠭᠠᠨ᠂ ᠰᠢᠯᠢᠳᠡᠭ ᠰᠠᠶᠢᠨ ᠲᠦᠷᠦᠯ ᠵᠦᠢᠯ ᠵᠢᠴᠢ | ᠤᠨᠠᠯᠲᠠ ᠬᠢᠭᠡᠳ ᠦᠷ᠎ᠡ ᠠᠰᠢᠭ ᠢ ᠨᠡᠮᠡᠭᠳᠡᠭᠦᠯᠬᠦ ᠳᠤ ᠬᠡᠷᠡᠭᠯᠡᠭᠳᠡᠬᠦ ᠮᠡᠷᠭᠡᠵᠢᠯ ᠢ ᠲᠦᠭᠡᠮᠡᠯᠵᠢᠭᠦᠯᠦᠨ ᠳᠡᠯᠭᠡᠷᠡᠭᠦᠯᠬᠦ ᠪᠠᠷ | ᠠᠷᠭ᠎ᠠ ᠬᠡᠮᠵᠢᠶ᠎ᠠ ᠪᠣᠯᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠡᠬᠢ | ᠪᠠᠶᠠᠯᠢᠭ ᠲᠤ ᠲᠦᠰᠢᠭᠯᠡᠨ᠂ ᠪᠡᠯᠡ ᠣᠷᠣᠭᠤᠯᠤᠯᠲᠠ ᠶᠢᠨ ᠵᠠᠮ ᠮᠥᠷ ᠢ ᠲᠣᠭᠲᠠᠭᠤᠨ ᠪᠠᠶᠢᠯᠭᠠᠵᠤ᠂ ᠲᠠᠷᠢᠶᠠᠯᠠᠩ ᠮᠠᠯ | ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠭᠤᠣᠯᠯᠠᠬᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠭᠦᠨ ᠤ ᠪᠦᠲᠦᠮᠵᠢᠲᠡᠢ ᠬᠠᠩᠭᠠᠯᠲᠠ ᠪᠠ ᠶᠠᠰᠤ ᠴᠢᠨᠠᠷ ᠤᠨ ᠠᠶᠤᠯ ᠦᠭᠡᠢ ᠢ ᠪᠠᠲᠤᠯᠠᠬᠤ ᠴᠢᠳᠠᠪᠤᠷᠢ᠂ | ᠮᠠᠯᠴᠢᠨ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠳᠠᠬᠢ ᠲᠤᠯᠭᠠᠭᠤᠷᠢᠯᠠᠬᠤ ᠬᠦᠴᠦᠨ᠂ | ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠶᠢ ᠬᠦᠲᠦᠯᠦᠨ | ᠵᠢᠯᠤᠭᠤᠳᠬᠤ ᠴᠢᠳᠠᠪᠤᠷᠢ ᠶᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ | ᠨᠡᠮᠡᠭᠳᠡᠭᠦᠯᠬᠦ ᠪᠠ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠦᠷᠭᠦᠯᠵᠢᠯᠡᠨ ᠬᠥᠭᠵᠢᠭᠦᠯᠬᠦ ᠶᠢ | ᠪᠡᠶᠡᠯᠡᠭᠦᠯᠬᠦ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠬᠠᠩᠭᠠᠨ᠎ᠠ᠃ | ︵ᠬᠤᠶᠠᠷ︶ ᠬᠡᠷᠡᠭᠵᠢᠭᠦᠯᠬᠦ ᠵᠠᠷᠴᠢᠮ | 1. ᠳᠠᠪᠠᠭᠤᠯᠢᠭ ᠠᠵᠤ ᠦᠢᠯᠡᠰ ᠢ ᠳᠣᠪᠤᠶᠢᠯᠭᠠᠬᠤ ᠬᠡᠷᠡᠭᠲᠡᠢ᠃ ᠳᠠᠪᠠᠭᠤᠯᠢᠭ ᠠᠵᠤ ᠦᠢᠯᠡᠰ ᠤᠨ | ᠲᠦᠯᠦᠪᠵᠢᠭᠦᠯᠭᠡ ᠪᠠᠷ ᠵᠢᠯᠤᠭᠤᠳᠤᠯᠭ᠎ᠠ ᠪᠣᠯᠭᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢᠶᠠᠷ | ᠨᠢᠭᠡᠴᠡ ᠪᠣᠯᠭᠠᠨ᠂ ᠠᠵᠤ ᠦᠢᠯᠡᠰ ᠤᠨ ᠬᠥᠭᠵᠢᠯᠲᠡ ᠪᠠᠷ ᠭᠤᠣᠯ ᠱᠤᠭᠤᠮ ᠪᠣᠯᠭᠠᠵᠤ᠂ ᠣᠷᠣᠭᠤᠯᠤᠯᠲᠠ ᠶᠢ | ᠨᠡᠮᠡᠭᠳᠡᠭᠦᠯᠦᠨ᠂ ᠡᠬᠢ ᠪᠠᠶᠠᠯᠢᠭ ᠪᠠ ᠮᠡᠷᠭᠡᠵᠢᠯ ᠤᠨ ᠬᠦᠴᠦᠨ ᠵᠦᠢᠯ ᠢ ᠰᠢᠯᠢᠳᠡᠭᠵᠢᠭᠦᠯᠦᠨ ᠳᠥᠬᠦᠷᠵᠢᠭᠦᠯᠵᠦ᠂ ᠠᠵᠤ | ᠦᠢᠯᠡᠰ ᠤᠨ ᠡᠯ᠎ᠡ ᠭᠤᠭᠴᠤᠭ᠎ᠠ ᠳᠠᠬᠢ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠤᠷᠭᠠᠨᠢᠭ ᠵᠤᠯᠭᠠᠯᠲᠠ ᠶᠢ ᠪᠡᠶᠡᠯᠡᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠳᠦᠬᠡᠯ ᠤᠨ ᠤᠯᠠᠷᠢᠨ | ᠰᠢᠯᠵᠢᠬᠦ ᠪᠠ ᠳᠡᠯᠭᠡᠷᠡᠭᠦᠯᠦᠨ ᠬᠡᠷᠡᠭᠯᠡᠭᠳᠡᠬᠦ ᠶᠢ ᠲᠦᠷᠭᠡᠳᠭᠡᠬᠦ ᠬᠡᠷᠡᠭᠲᠡᠢ᠃ | 2. ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠨᠡᠶᠢᠯᠡᠬᠦᠯᠬᠦ ᠬᠡᠷᠡᠭᠲᠡᠢ᠃ ᠠᠵᠤ | ᠦᠢᠯᠡᠰ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠰᠢᠨᠵᠢᠯᠡᠬᠦ ᠤᠬᠠᠭᠠᠨ ᠮᠡᠷᠬᠡᠵᠢᠯ ᠤᠨ | ᠰᠤᠳᠤᠯᠤᠯ᠂ ᠵᠢᠭᠠᠨ ᠰᠤᠷᠭᠠᠯᠲᠠ᠂ ᠳᠡᠯᠭᠡᠷᠡᠭᠦᠯᠦᠯᠲᠡ᠂ ᠠᠵᠤ ᠠᠬᠤᠶᠢᠯᠠᠯ ᠵᠡᠷᠭᠡ ᠰᠠᠯᠠᠭ᠎ᠠ ᠮᠦᠴᠢᠷ ᠤᠨ | ᠬᠤᠭᠤᠷᠤᠨᠳᠤ᠂ ᠲᠠᠷᠢᠮᠠᠯ᠂ ᠮᠠᠯ ᠠᠵᠤ ᠠᠬᠤᠢ᠂ ᠤᠰᠤᠨ ᠭᠠᠷᠤᠯᠲᠠ᠂ ᠲᠠᠷᠢᠶᠠᠯᠠᠩ ᠤᠨ ᠮᠠᠰᠢᠨ ᠵᠡᠷᠭᠡ ᠠᠵᠢᠯ | ᠲᠦᠷᠦᠯ ᠤᠨ ᠬᠤᠭᠤᠷᠤᠨᠳᠤᠬᠢ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠵᠦᠢ ᠵᠣᠬᠢᠰᠲᠠᠢ | ᠲᠤᠬᠢᠷᠠᠭᠤᠯᠤᠨ᠂ ᠬᠡᠰᠡᠭ ᠪᠠ ᠵᠣᠷᠪᠤᠰ ᠢ ᠤᠶᠠᠯᠳᠤᠭᠤᠯᠤᠭᠰᠠᠨ᠂ ᠳᠡᠭᠡᠷ᠎ᠡ ᠳᠣᠣᠷ᠎ᠠ ᠱᠠᠳᠤ ᠪᠠᠷ ᠬᠠᠮᠲᠤᠷᠠᠨ | ᠬᠦᠳᠦᠯᠦᠯᠴᠡᠵᠦ᠂ ᠳᠡᠭᠡᠳᠦ ᠪᠦᠲᠦᠮᠵᠢᠲᠡᠢ ᠪᠠᠷ ᠠᠵᠢᠯᠯᠠᠨ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ | ᠠᠵᠤ ᠠᠬᠤᠶᠢᠯᠠᠯ ᠤᠳ ᠬᠠᠷᠢᠯᠴᠠᠨ ᠨᠦᠬᠦᠪᠦᠷᠢᠯᠡᠯᠴᠡᠭᠰᠡᠨ ᠪᠠᠶᠢᠯᠳᠤᠬᠤ ᠪᠣᠳᠣᠯᠭ᠎ᠠ ᠶᠢᠨ ᠮᠡᠷᠭᠡᠵᠢᠯ ᠤᠨ ᠬᠤᠯᠪᠣᠭ᠎ᠠ ᠶᠢ | ᠪᠣᠢ ᠪᠣᠯᠭᠠᠵᠤ᠂ ᠠᠵᠤ ᠦᠢᠯᠡᠰ ᠤᠨ ᠬᠥᠭᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠤᠨ | ᠰᠢᠰᠲ᠋ᠧᠮᠵᠢ ᠶᠢ ᠲᠦᠷᠭᠡᠳᠭᠡᠨ ᠴᠤᠭᠴᠠᠯᠠᠨ ᠪᠠᠶᠢᠭᠤᠯᠬᠤ ᠬᠡᠷᠡᠭᠲᠡᠢ᠃ | 3. ᠦᠢᠯᠡᠴᠢᠯᠡᠭᠡᠨ ᠤ ᠲᠣᠣᠷ ᠢ ᠪᠦᠷᠢᠨᠰᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ | ᠬᠦᠴᠦᠨ ᠤ ᠪᠠᠶᠢᠷᠢᠰᠢᠭᠤᠯᠤᠯ ᠢ ᠨᠢᠭᠡᠲᠦᠯᠲᠡᠢ ᠲᠦᠯᠦᠪᠯᠡᠨ ᠰᠢᠯᠢᠳᠡᠭᠵᠢᠭᠦᠯᠵᠦ᠂ ᠰᠠᠯᠠᠭ᠎ᠠ ᠮᠦᠴᠢᠷ ᠣᠷᠣᠨ ᠪᠦᠰᠡ | ᠡᠷᠳᠡᠮ ᠰᠢᠨᠵᠢᠯᠡᠭᠡᠨ ᠤ ᠵᠠᠭᠠᠭ ᠢᠯᠭᠠᠭ᠎ᠠ ᠶᠢ ᠡᠪᠳᠡᠨ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠦᠴᠦᠨ ᠢ ᠥᠷᠭᠡᠨ ᠢᠶᠠᠷ ᠨᠢᠭᠲᠠᠷᠠᠭᠤᠯᠵᠤ᠂ ᠰᠢᠨᠵᠢᠯᠡᠬᠦ ᠤᠬᠠᠭᠠᠨ ᠮᠡᠷᠬᠡᠵᠢᠯ ᠤᠨ ᠰᠤᠳᠤᠯᠤᠯ ᠠᠴᠠ | ᠳᠡᠯᠭᠡᠷᠡᠭᠦᠯᠬᠦ ᠪᠣᠯᠲᠠᠯ᠎ᠠ᠂ ᠲᠣᠷᠰᠢᠯᠲᠠ ᠶᠢᠨ ᠲᠠᠰᠤᠭ ᠠᠴᠠ ᠲᠠᠷᠢᠶᠠᠨ ᠭᠠᠵᠠᠷ ᠲᠤ ᠬᠦᠷᠲᠡᠯ᠎ᠡ᠂ ᠰᠢᠨᠵᠢᠯᠡᠬᠦ ᠤᠬᠠᠭᠠᠨ | ᠮᠡᠷᠭᠡᠵᠢᠯ ᠤᠨ ᠠᠵᠢᠯᠲᠠᠨ ᠠᠴᠠ ᠲᠠᠷᠢᠶᠠᠯᠠᠬᠤ ᠡᠷᠦᠬᠡ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠳᠦᠬᠡᠯ ᠠᠴᠠ | ᠦᠢᠯᠡᠳᠪᠦᠷᠢᠯᠡᠯ ᠤᠨ ᠬᠦᠴᠦᠨ ᠪᠣᠯᠵᠤ ᠤᠯᠠᠷᠢᠨ ᠰᠢᠯᠵᠢᠬᠦ ᠬᠦᠷᠲᠡᠯᠡᠬᠢ ᠡᠯ᠎ᠡ ᠭᠤᠭᠴᠤᠭ᠎ᠠ ᠶᠢ ᠨᠢ ᠨᠢᠭᠲᠠ | ᠵᠤᠯᠭᠠᠭᠤᠯᠤᠭᠰᠠᠨ᠂ ᠡᠯ᠎ᠡ ᠲᠠᠯ᠎ᠠ ᠪᠠᠷ ᠢᠶᠠᠨ ᠬᠠᠷᠢᠯᠴᠠᠨ ᠬᠤᠯᠪᠤᠯᠳᠤᠭᠰᠠᠨ᠂ ᠳᠡᠭᠡᠳᠦ ᠪᠦᠲᠦᠮᠵᠢᠲᠡᠢ ᠬᠤᠷᠳᠤᠨ | ᠱᠠᠯᠠᠮᠠᠭᠠᠢ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠲᠤᠤᠷ | ᠰᠦᠯᠵᠢᠶ᠎ᠡ ᠶᠢ ᠲᠦᠷᠭᠡᠳᠭᠡᠨ ᠴᠤᠭᠴᠠᠯᠠᠨ ᠪᠠᠶᠢᠭᠤᠯᠬᠤ ᠬᠡᠷᠡᠭᠲᠡᠢ᠃ | 4. ᠦᠢᠯᠡᠴᠢᠯᠡᠭᠡᠨ ᠤ ᠴᠢᠳᠠᠮᠵᠢ ᠶᠢ ᠴᠢᠩᠭᠠᠳᠬᠠᠬᠤ ᠬᠡᠷᠡᠭᠲᠡᠢ᠃ ᠭᠤᠣᠯᠯᠠᠬᠤ ᠠᠵᠤ ᠦᠢᠯᠡᠰ ᠲᠤ | ᠦᠢᠯᠡᠴᠢᠯᠡᠬᠦ ᠪᠠᠷ ᠬᠠᠷᠠᠯᠲᠠ ᠪᠣᠯᠭᠠᠵᠤ᠂ ᠰᠢᠨ᠎ᠡ ᠮᠡᠷᠭᠡᠵᠢᠯ᠂ ᠰᠢᠨ᠎ᠡ ᠲᠦᠷᠦᠯ ᠵᠦᠢᠯ᠂ ᠰᠢᠨ᠎ᠡ ᠪᠦᠲᠦᠭᠡᠭᠳᠡᠭᠦᠨ | ᠵᠡᠷᠭᠡ ᠰᠢᠨ᠎ᠡ ᠦᠷ᠎ᠡ ᠪᠦᠲᠦᠭᠡᠯ ᠢ ᠰᠤᠳᠤᠯᠤᠨ ᠨᠢᠭᠡᠳᠭᠡᠵᠦ᠂ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰ ᠤᠨ ᠭᠤᠣᠯᠯᠠᠬᠤ ᠲᠦᠷᠦᠯ ᠵᠦᠢᠯ ᠪᠠ ᠭᠤᠣᠯ ᠲᠡᠯᠬᠡᠷᠡᠬᠦᠯᠬᠦ ᠮᠡᠷᠭᠡᠵᠢᠯ ᠢ ᠳᠡᠯᠭᠡᠷᠡᠭᠦᠯᠵᠦ᠂ ︽ | ᠦᠢᠯᠡᠳᠪᠦᠷᠢᠯᠡᠯ ᠳᠤᠮᠳᠠ ᠠᠴᠠ ᠰᠤᠳᠤᠯᠭᠠᠨ ᠤ ᠰᠡᠳᠦᠪ ᠤᠯᠬᠤ᠂ ᠦᠷ᠎ᠡ ᠪᠦᠲᠦᠭᠡᠯ ᠢ ᠦᠢᠯᠡᠳᠪᠦᠷᠢᠯᠡᠯ ᠳᠤ | ᠬᠡᠷᠡᠭᠯᠡᠬᠦ︾ ᠰᠠᠶᠢᠨ ᠰᠠᠶᠢᠬᠠᠨ ᠣᠷᠴᠢᠯ ᠢ ᠲᠦᠷᠭᠡᠳᠭᠡᠨ ᠪᠣᠢ ᠪᠣᠯᠭᠠᠵᠤ᠂ ︽ᠪᠤᠳᠠᠳᠠᠢ ᠭᠠᠵᠠᠷ ᠲᠠᠬᠢ ᠦᠷ᠎ᠠ | ᠨᠦᠯᠦᠭᠡᠯᠡᠯ ᠲᠠᠢ ᠪᠤᠯᠭᠠᠬᠤ︾ ᠶᠢ ᠪᠡᠶᠡᠯᠡᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠬᠠᠮᠤᠭ ᠤᠨ ᠰᠡᠭᠦᠯᠴᠢ ᠶᠢᠨ ᠵᠠᠩᠭᠢᠯᠠᠭ᠎ᠠ ᠳᠤ ᠬᠡᠷᠡᠭᠯᠡᠬᠦ ᠪᠤᠭᠤᠮᠢ ᠶᠢᠨ | ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠦᠢᠯᠡᠴᠢᠯᠡᠭᠡ ᠶᠢ ᠠᠶᠢᠯ ᠲᠤᠰᠬᠤᠨ ᠳᠤ ᠬᠠᠩᠭᠠᠬᠤ᠂ ᠲᠠᠷᠢᠶᠠᠨ ᠭᠠᠵᠠᠷ ᠮᠠᠯᠵᠢᠯ ᠤᠨ ᠲᠠᠯᠠᠪᠠᠢ ᠳᠤ | ᠬᠠᠩᠭᠠᠬᠤ ᠶᠢ ᠪᠦᠬᠦ ᠲᠠᠯ᠎ᠠ ᠪᠠᠷ ᠠᠬᠢᠭᠤᠯᠤᠨ᠂ ᠮᠠᠯᠴᠢᠨ ᠲᠠᠷᠢᠶᠠᠴᠢᠳ ᠲᠤ ᠦᠨᠡᠨᠬᠦ ᠠᠴᠢ ᠲᠤᠰᠠ ᠬᠦᠷᠲᠡᠭᠡᠬᠦ | ᠬᠡᠷᠡᠭᠲᠡᠢ᠃ | ︵ᠭᠤᠷᠪᠠ︶ ᠬᠠᠷᠠᠯᠳ᠋ᠨ ᠶᠢᠨ ᠡᠭᠦᠷᠭᠡ | ᠶᠡᠷᠦᠩᠬᠡᠢ ᠬᠠᠷᠠᠯᠲᠠ ᠪᠣᠯ ᠦᠨᠳᠦᠷ ᠤᠨᠠᠯᠲᠠ ᠰᠢᠯᠢᠳᠡᠭ ᠴᠢᠨᠠᠷ ᠲᠠᠢ᠂ ᠳᠦᠭᠦᠮ ᠳᠦᠳᠡ ᠦᠨᠳᠦᠷ | ᠪᠦᠲᠦᠮᠵᠢᠲᠡᠢ ᠮᠡᠷᠭᠡᠵᠢᠯ ᠤᠨ ᠰᠢᠰᠲ᠋ᠧᠮᠵᠢ ᠶᠢᠨ ᠪᠠᠶᠢᠭᠤᠯᠤᠯᠲᠠ ᠳᠤ ᠰᠢᠪᠲᠤᠯᠠᠯᠲᠠ ᠶᠢᠨ ᠴᠢᠨᠠᠷᠲᠠᠢ ᠠᠬᠢᠴᠠ ᠲᠠᠢ | ᠪᠣᠯᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠠ ᠪᠦᠳᠦᠬᠡᠯ ᠢ | ᠤᠯᠠᠷᠢᠭᠤᠯᠤᠭᠰᠠᠨ ᠬᠡᠷᠡᠭᠯᠡᠭᠡᠨ ᠤ ᠬᠢᠷᠢ ᠬᠡᠮᠵᠢᠶ᠎ᠡ ᠮᠡᠳᠡᠭᠳᠡᠮ᠎ᠡ ᠲᠡᠬᠡᠭᠰᠢᠯᠡᠬᠦᠯᠦᠨ᠂ ᠲᠠᠷᠢᠶᠠᠯᠠᠩ ᠮᠠᠯ ᠠᠵᠤ | ᠠᠬᠤᠢ ᠶᠢᠨ ᠰᠢᠨᠵᠢᠯᠡᠬᠦ ᠤᠬᠠᠭᠠᠨ ᠮᠡᠷᠬᠡᠵᠢᠯ ᠤᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢᠨ ᠰᠢᠨ᠎ᠡ | ᠡᠭᠦᠳᠦᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠬᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠴᠢᠳᠠᠪᠤᠷᠢᠲᠠᠨ ᠤ | ᠪᠣᠯᠪᠠᠰᠤᠷᠠᠭᠤᠯᠤᠯ ᠬᠢᠭᠡᠳ ᠬᠦᠮᠦᠵᠢᠯ ᠤᠨ ᠪᠤᠯᠪᠠᠰᠤᠷᠠᠭᠤᠯᠤᠯ ᠢ ᠮᠡᠳᠡᠭᠳᠡᠮ᠎ᠡ ᠦᠷ᠎ᠡ ᠪᠦᠲᠦᠮᠵᠢ ᠲᠠᠢ ᠪᠣᠯᠭᠠᠨ᠎ᠠ᠃ | 2017 ᠣᠨ ᠪᠣᠯᠲᠠᠯ᠎ᠠ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠢᠭᠡ ᠪᠦᠯᠦᠭ | ᠦᠷ᠎ᠡ ᠪᠦᠲᠦᠭᠡᠯ ᠢ ᠴᠢᠷᠮᠠᠶᠢᠨ ᠭᠠᠷᠭᠠᠵᠦ᠂ ᠦᠪᠡᠷ ᠢᠶᠠᠨ ᠡᠵᠡᠨ ᠮᠡᠳᠡᠭᠰᠡᠨ ᠮᠡᠳᠡᠯᠭᠡ ᠶᠢᠨ ᠦᠮᠴᠢᠯᠡᠬᠦ ᠡᠷᠬᠡ ᠲᠠᠢ | ᠨᠢᠭᠡ ᠪᠦᠯᠦᠭ ᠠᠮᠢᠲᠠᠨ ᠤᠷᠭᠤᠮᠠᠯ ᠤᠨ ᠰᠢᠨ᠎ᠡ ᠡᠭᠦᠯᠳᠡᠷ ᠰᠢᠨ᠎ᠡ ᠤᠳᠤᠮ ᠢ ᠰᠤᠩᠭᠤᠨ ᠪᠤᠶᠢᠵᠢᠭᠤᠯᠵᠤ᠂ | ᠭᠤᠣᠯᠯᠠᠬᠤ ᠲᠠᠷᠢᠮᠠᠯ ᠤᠨ ᠵᠦᠢᠯ ᠤᠨ ᠦᠢᠯᠡᠳᠪᠦᠷᠢᠯᠡᠯ ᠤᠨ ᠮᠠᠰᠢᠨ ᠲᠥᠭᠦᠭᠡᠷᠦᠮᠵᠢ ᠶᠢ ᠰᠤᠳᠤᠯᠤᠨ ᠨᠡᠬᠡᠬᠡᠬᠦ ᠪᠠᠨ | ᠲᠦᠷᠭᠡᠳᠭᠡᠨ᠂ ᠪᠦᠬᠦ ᠶᠠᠪᠤᠴᠠ ᠶᠢᠨ ᠮᠧᠬᠠᠨᠢᠬᠵᠢᠭᠤᠯᠤᠯᠲᠠ ᠶᠢ ᠲᠦᠷᠭᠡᠳᠭᠡᠨ ᠠᠬᠢᠭᠤᠯᠤᠨ᠎ᠠ᠃ ᠵᠢᠯ ᠪᠦᠷᠢ ᠡᠷᠳᠡᠨᠢ | ᠰᠢᠰᠢ᠂ ᠪᠤᠭᠤᠳᠠᠢ᠂ ᠲᠦᠮᠦᠰᠦ᠂ ᠪᠤᠷᠴᠠᠭ᠂ ᠨᠠᠷᠠᠨ ᠬᠤᠸᠠᠷ ᠲᠠᠪᠤᠨ ᠶᠡᠭᠡ ᠲᠠᠷᠢᠮᠠᠯ ᠤᠨ ᠵᠦᠢᠯ ᠲᠠᠪᠤᠨ ᠵᠦᠢᠯ ᠤᠨ | ᠭᠤᠤᠯᠯᠠᠭᠴᠢ ᠪᠣᠯᠬᠤ ᠮᠡᠷᠭᠡᠵᠢᠯ ᠢ 5000 ᠲᠦᠮᠡᠨ ᠮᠦ ᠠᠴᠠ ᠳᠡᠭᠡᠭᠰᠢ ᠳᠡᠯᠭᠡᠷᠡᠭᠦᠯᠵᠦ᠂ ᠠᠮᠤ ᠪᠤᠳᠠᠭᠠᠨ ᠤ ᠨᠢᠭᠡᠴᠢ | ᠭᠠᠷᠤᠯᠲᠠ ᠶᠢ ᠵᠢᠯ ᠪᠦᠷᠢ ᠳᠤᠮᠳᠠᠴᠢ ᠪᠠᠷ 2% ᠢᠶᠠᠷ ᠨᠡᠮᠡᠭᠳᠡᠭᠦᠯᠦᠨ᠂ ᠭᠤᠣᠯ ᠲᠠᠷᠢᠮᠠᠯ ᠤᠨ ᠵᠦᠢᠯ ᠤᠨ ᠰᠠᠶᠢᠨ | ᠡᠭᠦᠯᠳᠡᠷ ᠤᠨ ᠬᠠᠮᠤᠷᠬᠤ ᠨᠤᠷᠮ᠎ᠠ ᠶᠢ 95% ᠠᠴᠠ ᠳᠡᠭᠡᠭᠰᠢ ᠳᠤ ᠬᠦᠷᠦᠭᠦᠯᠦᠨ᠎ᠡ︔ ᠭᠡᠷ ᠤᠨ ᠲᠡᠵᠢᠭᠡᠪᠦᠷᠢ ᠶᠢᠨ | ᠰᠠᠶᠢᠨ ᠡᠭᠦᠯᠳᠡᠷ ᠪᠠ ᠡᠭᠦᠯᠳᠡᠷ ᠰᠠᠶᠢᠵᠢᠷᠠᠭᠤᠯᠬᠤ ᠨᠤᠷᠮ᠎ᠠ ᠶᠢ ᠵᠢᠯ ᠪᠦᠷᠢ ᠳᠤᠮᠳᠠᠴᠢ ᠪᠠᠷ 1 ᠵᠠᠭᠤᠨ ᠤ ᠴᠡᠭ ᠢᠶᠠᠷ | ᠨᠡᠮᠡᠭᠳᠡᠭᠦᠯᠵᠦ᠂ 93% ᠠᠴᠠ ᠳᠡᠭᠡᠭᠰᠢ ᠳᠤ ᠬᠦᠷᠦᠭᠦᠯᠦᠨ᠎ᠡ︔ ᠶᠡᠷᠦᠩᠬᠡᠢ ᠮᠧᠬᠠᠨᠢᠬᠵᠢᠭᠤᠯᠤᠯᠲᠠ ᠶᠢᠨ ᠬᠢᠷᠢ | ᠬᠡᠮᠵᠢᠶ᠎ᠠ ᠶᠢ ᠵᠢᠯ ᠪᠦᠷᠢ ᠳᠤᠮᠳᠠᠴᠢ ᠪᠠᠷ 1 ᠵᠠᠭᠤᠨ ᠤ ᠴᠡᠭ ᠳᠡᠭᠡᠭᠰᠢᠯᠡᠭᠦᠯᠦᠨ᠂ 81% ᠠᠴᠠ ᠳᠡᠭᠡᠭᠰᠢ ᠳᠤ | ᠬᠦᠷᠦᠭᠦᠯᠦᠨ᠎ᠡ᠃ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠮᠡᠷᠢ ᠦᠵᠡᠭᠦᠯᠬᠦ ᠨᠤᠷᠮ᠎ᠠ ᠶᠢ 2015 | ᠣᠨ ᠪᠣᠯᠬᠤ ᠳᠤ 52% ᠠᠴᠠ ᠳᠡᠭᠡᠭᠰᠢ ᠳᠤ ᠬᠦᠷᠦᠭᠦᠯᠵᠦ᠂ 2017 ᠣᠨ ᠪᠣᠯᠬᠤ ᠳᠤ᠂ 55% ᠠᠴᠠ | ᠳᠡᠭᠡᠭᠰᠢ ᠳᠤ ᠬᠦᠷᠦᠭᠦᠯᠦᠨ᠎ᠡ᠃ | ᠬᠤᠶᠠᠷ᠂ ᠭᠤᠣᠯ ᠠᠷᠭ᠎ᠠ ᠬᠡᠮᠵᠢᠶ᠎ᠠ | ︵ᠨᠢᠭᠡ︶ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ | ᠡᠬᠦᠳᠦᠯᠳᠡ ᠶᠢ ᠲᠦᠷᠭᠡᠳᠭᠡᠬᠦ ᠬᠡᠷᠡᠭᠲᠡᠢ᠃ ᠮᠠᠨ ᠤ ᠣᠷᠣᠨ ᠤ ᠳᠠᠪᠠᠭᠤᠯᠢᠭ ᠪᠦᠬᠦᠢ ᠭᠤᠣᠯᠯᠠᠬᠤ ᠠᠵᠤ ᠦᠢᠯᠡᠰ ᠤᠨ | ᠲᠣᠭᠤᠷᠢᠨ ᠳᠤ᠂ ᠰᠠᠶᠢᠨ ᠡᠭᠦᠯᠳᠡᠷ ᠰᠠᠶᠢᠨ ᠠᠷᠭ᠎ᠠ ᠪᠠᠷ ᠳᠦᠬᠦᠷᠵᠢᠭᠦᠯᠬᠦ ᠴᠢᠬᠤᠯᠠ ᠶᠡᠭᠡ ᠵᠠᠩᠬᠢᠯᠠᠭ᠎ᠠ ᠶᠢᠨ ᠮᠡᠷᠭᠡᠵᠢᠯ | ᠂ ᠲᠠᠷᠢᠶᠠᠯᠠᠩ ᠤᠨ ᠮᠠᠰᠢᠨ ᠲᠠᠷᠢᠶᠠᠯᠠᠩ ᠤᠨ ᠤᠷ᠎ᠠ ᠮᠡᠷᠭᠡᠵᠢᠯ ᠠᠭᠤᠰᠤᠯᠴᠠᠬᠤ ᠴᠢᠬᠤᠯᠠ ᠶᠡᠭᠡ ᠵᠠᠩᠬᠢᠯᠠᠭ᠎ᠠ ᠶᠢᠨ | ᠮᠡᠷᠭᠡᠵᠢᠯ᠂ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠢ ᠠᠷᠭᠠᠴᠠᠬᠤ ᠴᠢᠬᠤᠯᠠ ᠶᠡᠭᠡ ᠵᠠᠩᠬᠢᠯᠠᠭ᠎ᠠ ᠶᠢᠨ ᠮᠡᠷᠭᠡᠵᠢᠯ | ᠂ ᠥᠪᠡᠷ ᠤᠨ ᠦᠷᠲᠡᠭ ᠢᠶᠠᠨ ᠠᠷᠪᠢᠯᠠᠵᠤ ᠦᠷ᠎ᠠ ᠪᠦᠲᠦᠮᠵᠢ ᠶᠢ ᠳᠡᠭᠡᠭᠰᠢᠯᠡᠭᠦᠯᠬᠦ ᠵᠠᠩᠭᠢᠯᠠᠭ᠎ᠠ ᠶᠢᠨ ᠮᠡᠷᠭᠡᠵᠢᠯ᠂ ᠠᠮᠢ | ᠠᠬᠤᠢ ᠶᠢ ᠬᠠᠮᠠᠭᠠᠯᠠᠬᠤ ᠪᠠ ᠠᠰᠢᠭᠯᠠᠬᠤ ᠮᠡᠷᠭᠡᠵᠢᠯ ᠳᠤ ᠬᠦᠴᠦᠯᠡᠨ ᠰᠢᠪᠳᠤᠯᠤᠯᠳᠠ ᠬᠢᠨ᠎ᠠ᠃ ᠲᠠᠷᠢᠶᠠᠯᠠᠩ ᠮᠠᠯ ᠠᠵᠤ | ᠠᠬᠤᠢ ᠶᠢᠨ ᠰᠢᠨᠵᠢᠯᠡᠬᠦ ᠤᠬᠠᠭᠠᠨ ᠮᠡᠷᠬᠡᠵᠢᠯ ᠤᠨ ᠰᠤᠳᠤᠯᠤᠯ ᠤᠨ ᠬᠦᠷᠢᠶᠡᠯᠡᠩ ᠭᠠᠵᠠᠷ᠂ ᠲᠠᠷᠢᠶᠠᠯᠠᠩ ᠮᠠᠯ ᠠᠵᠤ | ᠠᠬᠤᠢ ᠳᠤ ᠬᠤᠯᠪᠣᠭᠳᠠᠬᠤ ᠳᠡᠭᠡᠳᠦ ᠳᠤᠮᠳᠠ ᠵᠡᠷᠭᠡ ᠶᠢᠨ ᠲᠤᠰᠬᠠᠢ ᠰᠤᠷᠭᠠᠭᠤᠯᠢ ᠪᠠ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰᠴᠢᠯᠡᠯᠲᠡ ᠶᠢᠨ ᠬᠦᠲᠦᠴᠢ ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂ ᠵᠠᠬ᠎ᠠ | ᠳᠡᠯᠭᠡᠭᠦᠷ ᠤᠨ ᠳᠠᠯᠳᠠ ᠬᠦᠴᠦᠨ ᠢᠶᠠᠷ ᠯᠤᠳᠤ ᠶᠡᠭᠡ᠂ ᠬᠡᠷᠡᠭᠴᠡᠭᠡ ᠱᠠᠭᠠᠷᠳᠠᠯᠭ᠎ᠠ ᠪᠠᠷ ᠴᠢᠬᠤᠯᠠ ᠪᠠᠶᠢᠳᠠᠭ ᠰᠢᠨ᠎ᠡ | ᠲᠦᠷᠦᠯ ᠵᠦᠢᠯ᠂ ᠰᠢᠨ᠎ᠡ ᠮᠡᠷᠭᠡᠵᠢᠯ ᠳᠤ ᠬᠠᠮᠲᠤᠷᠠᠵᠤ ᠰᠢᠨᠵᠢᠯᠡᠬᠦ ᠤᠬᠠᠭᠠᠨ ᠮᠡᠷᠬᠡᠵᠢᠯ ᠤᠨ ᠰᠤᠳᠤᠯᠤᠯ ᠤᠨ | ᠰᠢᠪᠳᠤᠯᠤᠯᠳᠠ ᠬᠢᠵᠦ᠂ ᠦᠪᠡᠷ ᠢᠶᠠᠨ ᠡᠵᠡᠨ ᠮᠡᠳᠡᠭᠰᠡᠨ ᠮᠡᠳᠡᠯᠭᠡ ᠶᠢᠨ ᠪᠦᠲᠦᠭᠡᠭᠳᠡᠭᠦᠨ ᠤ ᠡᠷᠬᠡ ᠲᠠᠢ ᠨᠢᠭᠡ ᠪᠦᠯᠦᠭ | ᠦᠨᠳᠦᠷ ᠤᠨᠠᠯᠲᠠ ᠲᠠᠢ᠂ ᠰᠢᠯᠢᠳᠡᠭ ᠴᠢᠨᠠᠷᠲᠠᠢ᠂ ᠣᠯᠠᠨ ᠲᠡᠰᠴᠡ ᠲᠠᠢ᠂ ᠥᠷᠭᠡᠨ ᠢᠶᠠᠷ ᠵᠣᠬᠢᠴᠠᠬᠤ ᠠᠮᠢᠲᠠᠨ | ᠤᠷᠭᠤᠮᠠᠯ ᠤᠨ ᠰᠢᠨ᠎ᠡ ᠡᠭᠦᠯᠳᠡᠷ ᠢ ᠰᠤᠩᠭᠤᠨ ᠪᠤᠶᠢᠵᠢᠭᠤᠯᠵᠤ᠂ ᠮᠧᠬᠠᠨᠢᠬᠵᠢᠭᠤᠯᠤᠭᠰᠠᠨ ᠦᠢᠯᠡᠳᠪᠦᠷᠢᠯᠡᠯ ᠳᠤ | ᠵᠣᠬᠢᠴᠠᠬᠤ ᠰᠢᠨ᠎ᠡ ᠡᠭᠦᠯᠳᠡᠷ ᠢ ᠪᠤᠶᠢᠵᠢᠭᠤᠯᠬᠤ ᠲᠠᠯ᠎ᠠ ᠪᠠᠷ ᠰᠢᠨ᠎ᠡ ᠰᠢᠪᠲᠤᠯᠠᠯᠲᠠ ᠶᠢ ᠣᠯᠬᠤ ᠬᠡᠷᠡᠭᠲᠡᠢ᠃ ᠭᠤᠣᠯ | ᠲᠠᠷᠢᠮᠠᠯ ᠤᠨ ᠵᠦᠢᠯ ᠤᠨ ᠦᠢᠯᠡᠳᠪᠦᠷᠢᠯᠡᠯ ᠤᠨ ᠵᠠᠩᠭᠢᠯᠠᠭ᠎ᠠ ᠶᠢᠨ ᠭᠤᠭᠴᠤᠭᠠᠨ ᠤ ᠮᠠᠰᠢᠨ ᠲᠤᠨᠤᠭᠯᠠᠯ ᠢ ᠰᠤᠳᠤᠯᠤᠨ | ᠨᠡᠭᠡᠭᠡᠬᠦ ᠪᠠᠨ ᠲᠦᠷᠭᠡᠳᠭᠡᠵᠦ᠂ ᠰᠠᠶᠢᠨ ᠡᠭᠦᠯᠳᠡᠷ ᠰᠠᠶᠢᠨ ᠠᠷᠭ᠎ᠠ ᠪᠠᠷ ᠳᠦᠬᠦᠷᠵᠢᠭᠦᠯᠬᠦ᠂ ᠲᠠᠷᠢᠶᠠᠯᠠᠩ ᠤᠨ ᠮᠠᠰᠢᠨ | ᠪᠠ ᠤᠷ᠎ᠠ ᠮᠡᠷᠭᠡᠵᠢᠯ ᠢ ᠠᠭᠤᠰᠤᠯᠴᠠᠭᠤᠯᠬᠤ ᠪᠠᠷ ᠳᠠᠮᠵᠢᠭᠤᠯᠵᠤ᠂ ᠵᠠᠩᠬᠢᠯᠠᠭ᠎ᠠ ᠪᠣᠯᠬᠤ ᠦᠢᠯᠡᠳᠪᠦᠷᠢᠯᠡᠯ ᠤᠨ | ᠭᠤᠭᠴᠤᠭᠠᠨ ᠤ ᠮᠧᠬᠠᠨᠢᠬᠵᠢᠭᠤᠯᠤᠯᠲᠠ ᠶᠢ ᠪᠡᠶᠡᠯᠡᠭᠦᠯᠵᠦ᠂ ᠪᠦᠬᠦ ᠶᠠᠪᠤᠴᠠ ᠶᠢᠨ ᠮᠧᠬᠠᠨᠢᠬᠵᠢᠭᠤᠯᠤᠯᠲᠠ ᠶᠢ | ᠲᠦᠷᠭᠡᠳᠭᠡᠨ ᠠᠬᠢᠭᠤᠯᠤᠨ᠎ᠠ᠃ | ︵ᠬᠤᠶᠠᠷ︶ ᠤᠯᠠᠨ ᠡᠰᠢᠵᠢᠭᠰᠡᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠦᠢᠯᠡᠴᠢᠯᠡᠭᠡᠨ ᠤ | ᠰᠢᠰᠲ᠋ᠧᠮᠵᠢ ᠶᠢ ᠴᠤᠭᠴᠠᠯᠠᠨ ᠪᠠᠶᠢᠭᠤᠯᠬᠤ ᠬᠡᠷᠡᠭᠲᠡᠢ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠲᠠᠷᠢᠶᠠᠯᠠᠩ ᠤᠨ | ᠮᠡᠷᠭᠡᠵᠢᠯ ᠢ ᠳᠡᠯᠭᠡᠷᠡᠭᠦᠯᠬᠦ ᠪᠠᠶᠢᠭᠤᠯᠤᠮᠵᠢ ᠶᠢᠨ ᠦᠭᠡᠷᠡᠴᠢᠯᠡᠯᠲᠡ ᠬᠢᠭᠡᠳ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ | ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠪᠠᠶᠢᠭᠤᠯᠤᠮᠵᠢ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠪᠠᠶᠢᠷᠢ | ᠲᠣᠭᠲᠠᠭᠠᠯᠲᠠ ᠶᠢ ᠴᠢᠩᠭᠠᠳᠬᠠᠨ᠂ ᠡᠭᠦᠷᠭᠡ ᠴᠢᠳᠠᠪᠤᠷᠢ ᠶᠢᠨ ᠡᠭᠦᠷᠭᠡ ᠶᠢ ᠲᠣᠳᠤᠷᠬᠠᠶᠢᠯᠠᠵᠤ᠂ ᠪᠠᠶᠢᠭᠤᠯᠤᠮᠵᠢ ᠶᠢ | ᠵᠣᠬᠢᠰᠲᠠᠢ ᠪᠠᠶᠢᠷᠢᠯᠠᠭᠤᠯᠤᠨ᠂ ᠣᠷᠣᠨ ᠲᠤᠭ᠎ᠠ ᠪᠠᠨ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠵᠤ᠂ | ᠦᠭᠡᠷᠡᠴᠢᠯᠡᠯᠲᠡ ᠶᠢᠨ ᠳᠦᠬᠦᠷᠵᠢᠭᠰᠡᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠬᠡᠷᠡᠭᠲᠡᠢ᠃ ᠬᠠᠮᠢᠶᠠᠷᠤᠯᠲᠠ ᠶᠢᠨ | ᠪᠠᠶᠢᠭᠤᠯᠤᠯ ᠢ ᠡᠮᠬᠢᠯᠡᠨ ᠰᠢᠯᠤᠭᠤᠳᠬᠠᠵᠤ᠂ ᠰᠢᠶᠠᠩ ᠪᠠᠯᠭᠠᠰᠤ ᠶᠢᠨ ᠱᠠᠲᠤᠨ ᠤ ᠲᠠᠷᠢᠶᠠᠯᠠᠩ ᠤᠨ ᠮᠡᠷᠭᠡᠵᠢᠯ ᠢ | ᠳᠡᠯᠭᠡᠷᠡᠭᠦᠯᠬᠦ ᠪᠠᠶᠢᠭᠤᠯᠤᠮᠵᠢ ᠳᠠᠬᠢ ᠰᠢᠶᠠᠨ ᠤ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠴᠢᠯᠠᠨ | ᠬᠠᠮᠢᠶᠠᠷᠬᠤ ᠰᠠᠯᠠᠭ᠎ᠠ ᠮᠦᠴᠢᠷ ᠤᠨ ᠬᠠᠮᠢᠶᠠᠷᠤᠯᠲᠠ ᠪᠣᠯᠣᠨ ᠵᠢᠯᠤᠭᠤᠳᠤᠯᠭ᠎ᠠ ᠪᠠᠨ ᠴᠢᠩᠭᠠᠳᠬᠠᠬᠤ ᠬᠡᠷᠡᠭᠲᠡᠢ᠃ | ᠠᠵᠢᠯᠲᠠᠨ ᠡᠯᠰᠡᠨ ᠬᠡᠷᠡᠭᠯᠡᠬᠦ ᠳᠦᠷᠢᠮ ᠢ ᠪᠦᠷᠢᠨᠰᠢᠭᠦᠯᠵᠦ᠂ ᠠᠵᠢᠯ ᠤᠨ ᠪᠠᠶᠢᠷᠢ ᠳᠡᠭᠡᠷ᠎ᠡ ᠭᠠᠷᠬᠤ ᠬᠢᠷᠢ ᠭᠡᠮ ᠤᠨ | ᠨᠦᠬᠦᠴᠡᠯ ᠢ ᠵᠢᠷᠤᠮᠵᠢᠭᠤᠯᠤᠨ᠂ ᠰᠢᠯᠢᠳᠡᠭ ᠴᠢᠳᠠᠪᠤᠷᠢᠲᠠᠨ ᠢ ᠰᠤᠩᠭᠤᠵᠤ ᠲᠠᠷᠢᠶᠠᠯᠠᠩ ᠤᠨ ᠮᠡᠷᠭᠡᠵᠢᠯ ᠤᠨ | ᠠᠵᠢᠯᠲᠠᠨ ᠤ ᠡᠩᠨᠡᠭᠡᠨ ᠳᠤ ᠲᠠᠲᠠᠨ ᠣᠷᠣᠭᠤᠯᠵᠤ᠂ ᠮᠡᠳᠡᠯᠭᠡ ᠶᠢᠨ ᠰᠢᠨᠡᠴᠢᠯᠡᠯᠲᠡ ᠶᠢᠨ ᠪᠣᠯᠪᠠᠰᠤᠷᠠᠭᠤᠯᠤᠯ ᠢ | ᠴᠢᠩᠭᠠᠳᠬᠠᠨ᠂ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠮᠡᠷᠭᠡᠵᠢᠯ ᠪᠣᠯᠪᠠᠰᠤᠷᠠᠯ ᠢ | ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠰᠢᠶᠠᠩ ᠪᠠᠯᠭᠠᠰᠤ ᠰᠤᠮᠤᠨ ᠤ ᠲᠠᠷᠢᠶᠠᠯᠠᠩ ᠤᠨ ᠮᠡᠷᠭᠡᠵᠢᠯ ᠢ | ᠳᠡᠯᠭᠡᠷᠡᠭᠦᠯᠬᠦ ᠪᠠᠶᠢᠭᠤᠯᠤᠮᠵᠢ ᠶᠢᠨ ᠨᠦᠬᠦᠴᠡᠯ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠦᠷᠨᠢᠭᠦᠯᠵᠦ᠂ | ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ︔ ᠲᠠᠷᠢᠶᠠᠯᠠᠩ ᠮᠠᠯ ᠠᠵᠤ | ᠠᠬᠤᠢ ᠶᠢᠨ ᠰᠢᠨᠵᠢᠯᠡᠬᠦ ᠤᠬᠠᠭᠠᠨ ᠮᠡᠷᠬᠡᠵᠢᠯ ᠤᠨ ᠰᠤᠳᠤᠯᠤᠯ ᠰᠤᠷᠭᠠᠨ ᠬᠦᠮᠦᠵᠢᠯ ᠤᠨ ᠪᠠᠶᠢᠭᠤᠯᠤᠮᠵᠢ ᠶᠢ ᠬᠦᠲᠦᠯᠦᠨ | ᠵᠢᠯᠤᠭᠤᠳᠴᠤ ᠪᠠᠶᠢᠭᠠᠳ ᠲᠠᠷᠢᠶᠠᠯᠠᠩ ᠤᠨ ᠮᠡᠷᠭᠡᠵᠢᠯ ᠤᠨ ᠦᠢᠯᠡᠴᠢᠯᠡᠭᠡ ᠶᠢ ᠥᠷᠨᠢᠭᠦᠯᠬᠦ ᠬᠡᠷᠡᠭᠲᠡᠢ᠃ ᠮᠡᠷᠭᠡᠵᠢᠯ ᠤᠨ | ᠴᠣᠯᠠ ᠲᠣᠭᠲᠠᠭᠠᠵᠤ ᠣᠷᠢᠬᠤ᠂ ᠠᠵᠢᠯ ᠢ ᠨᠢ ᠰᠢᠯᠭᠠᠵᠤ ᠦᠨᠡᠯᠡᠬᠦ ᠵᠡᠷᠭᠡ ᠡᠯ᠎ᠡ ᠲᠠᠯ᠎ᠠ ᠶᠢᠨ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ | ᠰᠢᠨᠵᠢᠯᠡᠬᠦ ᠤᠬᠠᠭᠠᠨ ᠮᠡᠷᠬᠡᠵᠢᠯ ᠤᠨ ᠰᠤᠳᠤᠯᠤᠯ ᠰᠤᠷᠭᠠᠨ ᠬᠦᠮᠦᠵᠢᠯ ᠤᠨ ᠪᠠᠶᠢᠭᠤᠯᠤᠮᠵᠢ ᠵᠢᠴᠢ ᠰᠢᠨᠵᠢᠯᠡᠬᠦ | ᠤᠬᠠᠭᠠᠨ ᠤ ᠮᠡᠷᠭᠡᠵᠢᠯᠲᠡᠨ ᠢ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠳᠤ ᠬᠠᠨᠳᠤᠭᠤᠯᠬᠤ ᠶᠢ ᠵᠣᠷᠢᠬᠵᠢᠭᠤᠯᠬᠤ ᠪᠠ | ᠬᠦᠲᠦᠯᠦᠨ ᠵᠢᠯᠤᠭᠤᠳᠴᠤ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠬᠡᠵᠢᠯ ᠤᠨ ᠰᠤᠳᠤᠯᠤᠯ | ᠬᠢᠭᠡᠳ ᠦᠢᠯᠡᠳᠪᠦᠷᠢᠯᠡᠯ ᠢ ᠪᠦᠲᠦᠮᠵᠢᠲᠡᠢ ᠵᠤᠯᠭᠠᠭᠤᠯᠬᠤ ᠶᠢ ᠲᠦᠯᠬᠢᠨ ᠠᠬᠢᠭᠤᠯᠤᠨ᠎ᠠ︔ ᠰᠢᠨ᠎ᠡ ᠮᠠᠶ᠋ᠢᠭ ᠤᠨ | ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ | ᠪᠤᠶᠢᠵᠢᠭᠤᠯᠬᠤ ᠬᠡᠷᠡᠭᠲᠡᠢ︔ ᠮᠠᠯᠴᠢᠨ ᠲᠠᠷᠢᠶᠠᠴᠢᠳ ᠤᠨ ᠤᠯᠠᠨ ᠱᠠᠳᠤ ᠲᠡᠰᠳᠤ᠂ ᠣᠯᠠᠨ ᠬᠦᠷᠢᠶᠡᠲᠦ᠂ ᠣᠯᠠᠨ | ᠬᠡᠯᠪᠡᠷᠢ ᠶᠢᠨ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠵᠤ᠂ ᠮᠠᠯᠴᠢᠨ ᠲᠠᠷᠢᠶᠠᠴᠢᠳ ᠤᠨ ᠲᠤᠰᠬᠠᠢ | ᠬᠤᠷᠰᠢᠶ᠎ᠠ᠂ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠭᠰᠠᠨ ᠠᠵᠤ ᠠᠬᠤᠶᠢᠯᠠᠯ᠂ ᠲᠠᠷᠢᠶᠠᠯᠠᠩ ᠮᠠᠯ ᠠᠵᠤ | ᠠᠬᠤᠢ ᠶᠢᠨ ᠦᠢᠯᠡᠴᠢᠯᠡᠭᠡᠨ ᠤ ᠲᠤᠰᠬᠠᠢ ᠵᠣᠬᠢᠶᠠᠨ ᠪᠠᠶᠢᠭᠤᠯᠤᠯᠲᠠ ᠵᠡᠷᠭᠡ ᠲᠠᠷᠢᠶᠠᠯᠠᠩ ᠮᠠᠯ ᠠᠵᠤ ᠠᠬᠤᠢ ᠶᠢᠨ | ᠨᠡᠶᠢᠭᠡᠮᠴᠢᠯᠡᠭᠰᠡᠨ ᠵᠣᠬᠢᠶᠠᠨ ᠪᠠᠶᠢᠭᠤᠯᠤᠯᠲᠠ ᠶᠢ ᠶᠡᠬᠡᠪᠡᠷ ᠪᠤᠶᠢᠵᠢᠭᠤᠯᠤᠨ᠂ ᠲᠠᠳᠠᠨ ᠢ ᠬᠦᠳᠦᠯᠦᠨ ᠵᠢᠯᠤᠭᠤᠳᠴᠤ | ᠪᠠᠶᠢᠭᠠᠳ ᠦᠪᠡᠷ ᠤᠨ ᠦᠢᠯᠡᠳᠪᠦᠷᠢᠯᠡᠯ ᠡᠵᠡᠩᠨᠡᠯᠳᠡ ᠶᠢᠨ ᠠᠵᠢᠯᠯᠠᠭ᠎ᠠ ᠲᠠᠢ ᠪᠠᠨ ᠤᠶᠠᠯᠳᠤᠭᠤᠯᠵᠦ᠂ ᠰᠢᠨ᠎ᠡ ᠲᠦᠷᠦᠯ | ᠵᠦᠢᠯ ᠪᠣᠯᠣᠨ ᠰᠢᠨ᠎ᠡ ᠮᠡᠷᠭᠡᠵᠢᠯ ᠢ ᠬᠦᠲᠦᠯᠦᠨ ᠣᠷᠣᠭᠤᠯᠬᠤ᠂ ᠲᠠᠷᠢᠶᠠᠯᠠᠩ ᠤᠨ ᠬᠡᠷᠡᠭᠰᠡᠯ ᠤᠨ ᠬᠠᠩᠭᠠᠯᠭ᠎ᠠ ᠳᠠᠬᠢ | ᠬᠢᠨᠠᠯᠲᠠ ᠬᠠᠮᠢᠶᠠᠷᠤᠯᠲᠠ᠂ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠵᠢᠯᠤᠭᠤᠳᠤᠯᠭ᠎ᠠ᠂ ᠮᠡᠷᠭᠡᠵᠢᠯ ᠤᠨ | ᠪᠣᠯᠪᠠᠰᠤᠷᠠᠭᠤᠯᠤᠯ ᠬᠢᠭᠡᠳ ᠯᠠᠪᠯᠠᠯᠭ᠎ᠠ᠂ ᠡᠪᠡᠳᠴᠢᠨ ᠬᠤᠷᠣᠬᠠᠢ ᠶᠢᠨ ᠬᠦᠨᠦᠭᠡᠯ ᠢ ᠨᠢᠭᠡᠲᠦᠯᠲᠡᠢ ᠰᠡᠷᠭᠡᠶᠢᠯᠡᠵᠦ ᠵᠠᠰᠠᠬᠤ | ᠂ ᠲᠠᠷᠢᠵᠤ ᠬᠤᠷᠢᠶᠠᠬᠤ ᠮᠧᠬᠠᠨᠢᠭ ᠠᠵᠢᠯᠯᠠᠭ᠎ᠠ᠂ ᠲᠠᠷᠢᠶᠠᠯᠠᠩ ᠤᠨ ᠪᠦᠲᠦᠭᠡᠭᠳᠡᠭᠦᠨ ᠤ ᠵᠠᠬ᠎ᠠ ᠳᠡᠯᠭᠡᠭᠦᠷ ᠲᠠᠬᠢ | ᠡᠵᠡᠩᠨᠡᠯᠲᠡ ᠪᠣᠷᠤᠯᠠᠭᠤᠯᠭ᠎ᠠ ᠵᠡᠷᠭᠡ ᠦᠢᠯᠡᠳᠪᠦᠷᠢᠯᠡᠯ ᠤᠨ ᠡᠮᠦᠨᠡᠬᠢ᠂ ᠦᠢᠯᠡᠳᠪᠦᠷᠢᠯᠡᠯ ᠤᠨ ᠳᠤᠮᠳᠠᠬᠢ ᠪᠠ | ᠦᠢᠯᠡᠳᠪᠦᠷᠢᠯᠡᠯ ᠤᠨ ᠳᠠᠷᠠᠭᠠᠬᠢ ᠦᠢᠯᠡᠴᠢᠯᠡᠭᠡ ᠶᠢ ᠦᠷᠨᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠲᠤᠰᠬᠠᠢᠢᠵᠢᠭᠰᠠᠨ᠂ ᠨᠡᠶᠢᠬᠡᠮᠴᠢᠯᠡᠭᠰᠡᠨ ᠬᠢᠷᠢ ᠬᠡᠮᠵᠢᠶ᠎ᠠ ᠶᠢ | ᠳᠡᠭᠡᠭᠰᠢᠯᠡᠭᠦᠯᠬᠦ ᠬᠡᠷᠡᠭᠲᠡᠢ᠃ | ︵ᠭᠤᠷᠪᠠ︶ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠳᠡᠯᠭᠡᠷᠡᠭᠦᠯᠵᠦ ᠠᠰᠢᠭᠯᠠᠬᠤ ᠶᠢ ᠲᠦᠷᠭᠡᠳᠭᠡᠬᠦ ᠬᠡᠷᠡᠭᠲᠡᠢ᠃ ᠠᠮᠤ ᠪᠤᠳᠠᠭ᠎ᠠ ᠲᠤᠰᠣ ᠰᠢᠬᠢᠷ ᠤᠨ ᠦᠨᠳᠦᠷ | ᠤᠨᠠᠯᠲᠠ ᠶᠢ ᠡᠭᠦᠳᠬᠦ ᠢᠨᠵᠧᠨᠧᠷᠢᠩ᠂ ᠴᠡᠴᠡᠷᠯᠢᠭ ᠤᠨ ᠲᠡᠷᠢᠮᠠᠯ ᠤᠨ ᠪᠠᠷᠢᠮᠵᠢᠶᠠᠲᠤ ᠬᠦᠷᠢᠶᠡᠯᠡᠩ ᠢ ᠡᠭᠦᠳᠦᠨ | ᠪᠠᠶᠢᠭᠤᠯᠬᠤ ᠢᠨᠵᠧᠨᠧᠷᠢᠩ᠂ ᠮᠠᠯ ᠵᠢᠬᠦᠷᠳᠡᠨ ᠤᠰᠤᠨ ᠭᠠᠷᠤᠯᠲᠠ ᠶᠢ ᠡᠷᠡᠭᠦᠯ ᠢᠶᠠᠷ ᠲᠡᠵᠢᠭᠡᠨ ᠦᠷᠡᠵᠢᠭᠦᠯᠬᠦ | ᠵᠠᠩᠬᠢᠯᠠᠭ᠎ᠠ ᠶᠢᠨ ᠮᠡᠷᠭᠡᠵᠢᠯ ᠬᠢᠭᠡᠳ ᠠᠵᠤ ᠦᠢᠯᠡᠰ ᠤᠨ ᠵᠢᠱᠢᠶ᠎ᠡ ᠦᠵᠡᠭᠦᠯᠬᠦ ᠢᠨᠵᠧᠨᠧᠷᠢᠩ᠂ ᠡᠪᠡᠳᠴᠢᠨ | ᠬᠤᠷᠣᠬᠠᠢ ᠶᠢᠨ ᠬᠦᠨᠦᠭᠡᠯ ᠢ ᠨᠢᠭᠡᠲᠦᠯᠲᠡᠢ ᠰᠡᠷᠭᠡᠶᠢᠯᠡᠵᠦ ᠨᠢᠭᠡᠲᠦᠯᠲᠡᠢ ᠵᠠᠰᠠᠬᠤ ᠢᠨᠵᠧᠨᠧᠷᠢᠩ᠂ ᠲᠠᠷᠢᠶᠠᠯᠠᠩ ᠮᠠᠯ | ᠠᠵᠤ ᠠᠬᠤᠢ ᠶᠢᠨ ᠦᠢᠯᠡᠴᠢᠯᠡᠭᠡᠨ ᠤ ᠢᠨᠵᠧᠨᠧᠷᠢᠩ᠂ ᠬᠦᠳᠡᠭᠡ ᠲᠤᠰᠬᠤᠨ ᠤ ᠨᠠᠮᠤᠭ ᠤᠨ ᠬᠡᠢ ᠶᠢᠨ | ᠪᠠᠶᠢᠭᠤᠯᠤᠯᠲᠠ ᠶᠢᠨ ᠢᠨᠵᠧᠨᠧᠷᠢᠩ᠂ ᠬᠦᠳᠡᠭᠡ ᠲᠤᠰᠬᠤᠨ ᠤ ᠠᠷᠢᠭᠤᠨ ᠴᠡᠪᠡᠷ ᠤᠨ ᠢᠨᠵᠧᠨᠧᠷᠢᠩ ᠵᠡᠷᠭᠡ ᠲᠠᠷᠢᠶᠠᠯᠠᠩ | ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠭᠤᠣᠯᠳᠠᠯᠭ᠎ᠠ ᠲᠠᠢ ᠢᠨᠵᠧᠨᠧᠷᠢᠩ ᠲᠠᠢ ᠤᠶᠠᠯᠳᠤᠭᠤᠯᠤᠨ᠂ ᠮᠠᠨ ᠤ | ᠣᠷᠣᠨ ᠤ ᠳᠠᠪᠠᠭᠤᠯᠢᠭ ᠪᠦᠬᠦᠢ ᠭᠤᠣᠯᠯᠠᠬᠤ ᠠᠵᠤ ᠦᠢᠯᠡᠰ ᠤᠨ ᠲᠤᠭᠤᠷᠢᠨ ᠳᠤ᠂ ᠪᠣᠯᠪᠠᠰᠤᠷᠠᠩᠭᠤᠢ ᠲᠦᠷᠦᠯ | ᠵᠦᠢᠯ ᠪᠣᠯᠣᠨ ᠮᠡᠷᠭᠡᠵᠢᠯ ᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠲᠦᠭᠡᠮᠡᠯᠵᠢᠭᠦᠯᠦᠨ ᠬᠡᠷᠡᠭᠯᠡᠵᠦ᠂ ᠦᠷ᠎ᠡ | ᠠᠰᠢᠭ ᠡᠭᠦᠳᠬᠦ ᠶᠢ ᠪᠡᠶᠡᠯᠡᠭᠦᠯᠬᠦ ᠬᠡᠷᠡᠭᠲᠡᠢ᠃ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠ ᠤᠨᠠᠯᠲᠠ ᠶᠢ | ᠲᠣᠭᠲᠠᠭᠤᠨ ᠪᠠᠶᠢᠯᠭᠠᠵᠤ ᠤᠨᠠᠯᠲᠠ ᠨᠡᠮᠡᠭᠳᠡᠭᠦᠯᠬᠦ ᠴᠢᠬᠤᠯᠠ ᠶᠡᠭᠡ ᠮᠡᠷᠭᠡᠵᠢᠯ ᠢ ᠳᠡᠯᠭᠡᠷᠡᠭᠦᠯᠬᠦ ᠡᠷᠴᠢᠮ ᠢᠶᠠᠨ | ᠴᠢᠩᠭᠠᠷᠠᠭᠤᠯᠵᠤ᠂ ᠭᠤᠣᠯ ᠲᠠᠷᠢᠶᠠᠯᠠᠬᠤ ᠴᠠᠭ᠂ ᠭᠤᠣᠯ ᠵᠠᠩᠬᠢᠯᠠᠭ᠎ᠠ ᠶᠢᠨ ᠮᠡᠷᠭᠡᠵᠢᠯ ᠤᠨ ᠦᠢᠯᠡᠴᠢᠯᠡᠭᠡ ᠶᠢ | ᠦᠷᠨᠢᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠢ ᠠᠶᠢᠯ ᠡᠷᠦᠬᠡ ᠳᠤ | ᠬᠦᠷᠬᠡᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠡᠷᠦᠬᠡ ᠳᠤ ᠬᠦᠷᠬᠡᠬᠦ ᠨᠤᠷᠮ᠎ᠠ᠂ ᠪᠣᠲᠠᠲᠠᠶᠢᠵᠢᠭᠤᠯᠬᠤ ᠨᠤᠷᠮ᠎ᠠ ᠪᠠᠨ ᠬᠠᠮᠤᠷᠬᠤ | ᠨᠤᠷᠮ᠎ᠡ ᠪᠠᠨ ᠳᠡᠭᠡᠭᠰᠢᠯᠡᠭᠦᠯᠬᠦ ᠬᠡᠷᠡᠭᠲᠡᠢ᠃ | ︵ᠳᠥᠷᠪᠠ︶ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠠᠮᠢᠶᠠᠷᠤᠯᠲᠠ ᠶᠢᠨ ᠲᠣᠭᠲᠠᠴᠠ ᠳᠤ ᠰᠢᠨ᠎ᠡ ᠶᠢ ᠡᠭᠦᠳᠬᠦ ᠬᠡᠷᠡᠭᠲᠡᠢ᠃ ᠡᠷᠳᠡᠨᠢ ᠰᠢᠰᠢ᠂ ᠲᠦᠮᠦᠰᠦ᠂ ᠪᠡᠯᠡᠳᠭᠡᠮᠵᠢᠲᠦ | ᠢᠳᠡᠰᠢᠨ ᠨᠣᠭᠤᠭ᠎ᠠ᠂ ᠢᠳᠡᠰᠢᠨ ᠬᠤᠨᠢ᠂ ᠦᠨᠢᠶ᠎ᠡ᠂ ᠨᠠᠷᠠᠨ ᠬᠤᠸᠠᠷ᠂ ᠬᠠᠭᠤᠷᠠᠢ ᠭᠠᠵᠠᠷ ᠲᠤ ᠲᠠᠷᠢᠬᠤ ᠲᠠᠷᠢᠶᠠᠯᠠᠩ | ᠂ ᠢᠳᠡᠰᠢᠨ ᠦᠬᠡᠷ᠂ ᠨᠤᠤᠰᠤ ᠨᠤᠤᠯᠤᠷ ᠢ ᠨᠢ ᠬᠠᠶᠢᠴᠢᠯᠠᠬᠤ ᠬᠤᠨᠢ᠂ ᠡᠪᠡᠰᠦᠨ ᠤ ᠦᠢᠯᠡᠰ ᠵᠡᠷᠭᠡ 10 ᠠᠵᠤ | ᠦᠢᠯᠡᠰ ᠲᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠦᠲᠦᠭᠡᠨ | ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠬᠡᠷᠡᠭᠵᠢᠭᠦᠯᠬᠦ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠣᠳᠣ | ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠦᠢᠯᠡᠴᠢᠯᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠳᠤ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠨᠡᠶᠢᠯᠡᠭᠦᠯᠬᠦ ᠪᠠᠷ ᠳᠠᠮᠵᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠬᠠᠮᠢᠶᠠᠷᠤᠯᠲᠠ ᠶᠢᠨ ᠲᠣᠭᠲᠠᠴᠠ ᠳᠤ ᠰᠢᠨ᠎ᠡ ᠶᠢ ᠡᠭᠦᠳᠦᠨ᠂ ᠲᠠᠷᠢᠶᠠᠯᠠᠩ ᠰᠢᠨᠵᠢᠯᠡᠬᠦ ᠤᠬᠠᠭᠠᠨ ᠰᠤᠷᠭᠠᠨ ᠬᠦᠮᠦᠵᠢᠯ᠂ | ᠦᠢᠯᠡᠳᠪᠦᠷᠢᠯᠡᠬᠦ ᠵᠢᠭᠠᠬᠤ ᠰᠤᠳᠤᠯᠬᠤ ᠬᠠᠮᠲᠤᠷᠠᠨ ᠬᠠᠮᠵᠢᠯᠴᠠᠭᠰᠠᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠰᠢᠨ᠎ᠡ ᠪᠠᠶᠢᠳᠠᠯ ᠢ ᠡᠭᠦᠳᠦᠨ ᠪᠠᠶᠢᠭᠤᠯᠤᠭᠠᠳ᠂ ᠲᠠᠷᠢᠶᠠᠯᠠᠩ ᠮᠠᠯ ᠠᠵᠤ | ᠠᠬᠤᠢ ᠶᠢᠨ ᠬᠥᠭᠵᠢᠯᠲᠡ ᠶᠢ ᠲᠤᠯᠭᠠᠭᠤᠷᠢᠯᠠᠬᠤ ᠭᠤᠣᠯ ᠮᠡᠷᠭᠡᠵᠢᠯ ᠤᠨ ᠬᠦᠴᠦᠨ ᠪᠤᠯᠭᠠᠨ᠎ᠠ︔ ᠠᠵᠤ ᠦᠢᠯᠡᠰ ᠤᠨ | ᠰᠢᠰᠲ᠋ᠧᠮᠵᠢ ᠨᠢ ᠮᠡᠷᠭᠡᠵᠢᠯ ᠤᠨ ᠰᠢᠨ᠎ᠡ ᠡᠭᠦᠳᠦᠯᠲᠡ ᠶᠢ ᠲᠦᠪᠯᠡᠷᠡᠬᠦᠯᠬᠦ ᠪᠠ ᠵᠢᠱᠢᠶ᠎ᠡ ᠦᠵᠡᠭᠦᠯᠵᠦ ᠳᠡᠯᠭᠡᠷᠡᠭᠦᠯᠬᠦ ᠲᠠᠢ | ᠬᠠᠷᠢᠯᠴᠠᠨ ᠤᠶᠠᠯᠳᠤᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠬᠤ ᠲᠥᠷᠭᠡᠨ | ᠨᠡᠪᠲᠡᠷᠡᠬᠦ ᠵᠠᠮ ᠢ ᠴᠤᠭᠴᠠᠯᠠᠨ ᠪᠠᠶᠢᠭᠤᠯᠬᠤ ᠬᠡᠷᠡᠭᠲᠡᠢ᠃ | ︵ᠲᠠᠪᠤ︶ ᠲᠠᠷᠢᠶᠠᠯᠠᠩ ᠮᠠᠯ ᠠᠵᠤ ᠠᠬᠤᠢ ᠶᠢᠨ ᠴᠢᠳᠠᠪᠤᠷᠢᠲᠠᠨ ᠢ ᠪᠤᠶᠢᠵᠢᠭᠤᠯᠬᠤ ᠬᠢᠭᠡᠳ ᠬᠦᠮᠦᠵᠢᠯ | ᠪᠣᠯᠪᠠᠰᠤᠷᠠᠯ ᠢ ᠴᠢᠩᠭᠠᠳᠬᠠᠬᠤ ᠬᠡᠷᠡᠭᠲᠡᠢ᠃ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ | ᠰᠠᠭᠤᠷᠢᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠬᠡᠵᠢᠯ ᠤᠨ ᠰᠤᠳᠤᠯᠤᠯ ᠤᠨ | ᠪᠠᠶᠢᠭᠤᠯᠤᠮᠵᠢ ᠵᠢᠴᠢ ᠲᠠᠷᠢᠶᠠᠯᠠᠩ ᠳᠤ ᠬᠤᠯᠪᠣᠭᠳᠠᠭᠰᠠᠨ ᠶᠡᠭᠡ ᠳᠡᠭᠡᠳᠦ ᠰᠤᠷᠭᠠᠭᠤᠯᠢ ᠳᠠᠬᠢ ᠵᠢᠯᠤᠭᠤᠳᠤᠯᠭ᠎ᠠ ᠪᠣᠯᠣᠨ | ᠳᠡᠮᠵᠢᠯᠭᠡ ᠶᠢ ᠴᠢᠩᠭᠠᠳᠬᠠᠵᠤ᠂ ᠰᠢᠨ᠎ᠡ ᠡᠭᠦᠳᠦᠯᠲᠡ ᠶᠢᠨ ᠴᠢᠨᠠᠷᠲᠠᠢ ᠰᠤᠳᠤᠯᠭᠠᠨ ᠤ ᠲᠠᠯ᠎ᠠ ᠪᠠᠷ ᠰᠠᠭᠤᠷᠢ ᠲᠠᠢ᠂ | ᠪᠤᠳᠠᠳᠤ ᠬᠦᠴᠦᠨ ᠲᠠᠢ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠭᠦᠨ ᠤ | ᠴᠢᠳᠠᠪᠤᠷᠢᠲᠠᠨ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠦᠯᠬᠦᠮ ᠢ ᠬᠦᠴᠦᠯᠡᠨ | ᠬᠦᠮᠦᠵᠢᠭᠦᠯᠬᠦ ᠬᠡᠷᠡᠭᠲᠡᠢ᠃ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠴᠢᠳᠠᠪᠤᠷᠢᠲᠠᠨ ᠤ | ᠲᠤᠯᠭᠠᠭᠤᠷᠢᠯᠠᠬᠤ ᠲᠦᠯᠦᠪᠯᠡᠭᠡ᠂ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠳ ᠢ ᠬᠦᠮᠦᠵᠢᠭᠦᠯᠬᠦ | ᠢᠨᠵᠧᠨᠧᠷᠢᠩ᠂ ᠲᠠᠷᠢᠶᠠᠯᠠᠩ ᠤᠨ ᠮᠡᠷᠭᠡᠵᠢᠯᠲᠡᠨ ᠤ ᠮᠡᠳᠡᠯᠭᠡ ᠶᠢ ᠰᠢᠨᠡᠴᠢᠯᠡᠨ ᠪᠤᠯᠪᠠᠰᠤᠷᠠᠭᠤᠯᠬᠤ ᠢᠨᠵᠧᠨᠧᠷᠢᠩ᠂ | ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠣᠨᠴᠠᠭᠠᠢ ᠠᠵᠢᠯ ᠤᠨ ᠪᠠᠶᠢᠷᠢ ᠶᠢᠨ ᠲᠦᠯᠦᠪᠯᠡᠭᠡ | ᠂ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠵᠠᠭᠤᠨ ᠲᠦᠮᠡᠨ ᠰᠤᠷᠤᠭᠴᠢᠳ ᠤᠨ ᠲᠦᠯᠦᠪᠯᠡᠭᠡ | ᠵᠡᠷᠭᠡ ᠴᠢᠳᠠᠪᠤᠷᠢᠲᠠᠨ ᠢ ᠪᠤᠶᠢᠵᠢᠭᠤᠯᠬᠤ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠲᠠᠷᠢᠶᠠᠯᠠᠩ ᠮᠠᠯ ᠠᠵᠤ | ᠠᠬᠤᠢ ᠶᠢᠨ ᠰᠢᠨᠵᠢᠯᠡᠬᠦ ᠤᠬᠠᠭᠠᠨ ᠮᠡᠷᠬᠡᠵᠢᠯ ᠤᠨ ᠰᠤᠳᠤᠯᠤᠯ ᠤᠨ ᠴᠢᠳᠠᠪᠤᠷᠢᠲᠠᠨ᠂ ᠮᠡᠷᠭᠡᠵᠢᠯ ᠢ ᠳᠡᠯᠭᠡᠷᠡᠭᠦᠯᠬᠦ | ᠴᠢᠳᠠᠪᠤᠷᠢᠲᠠᠨ ᠪᠣᠯᠣᠨ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡᠨ ᠤ ᠴᠢᠳᠠᠪᠤᠷᠢᠲᠠᠨ ᠵᠡᠷᠭᠡ ᠭᠤᠷᠪᠠᠨ ᠰᠠᠯᠠᠭ᠎ᠠ | ᠴᠢᠳᠠᠪᠤᠷᠢᠲᠠᠨ ᠤ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠲᠠᠷᠢᠶᠠᠯᠠᠩ ᠮᠠᠯ ᠠᠵᠤ ᠠᠬᠤᠢ ᠶᠢᠨ | ᠰᠢᠨᠵᠢᠯᠡᠬᠦ ᠤᠬᠠᠭᠠᠨ ᠮᠡᠷᠬᠡᠵᠢᠯ ᠤᠨ ᠰᠤᠳᠤᠯᠤᠯ ᠤᠨ ᠪᠠ ᠳᠡᠯᠭᠡᠷᠡᠭᠦᠯᠦᠡ ᠤᠬᠠᠭᠤᠯᠬᠤ ᠡᠩᠨᠡᠭᠡᠨ ᠤ ᠰᠢᠨ᠎ᠡ ᠶᠢ | ᠡᠭᠦᠳᠬᠦ ᠴᠢᠳᠠᠪᠤᠷᠢ ᠪᠣᠯᠣᠨ ᠲᠤᠰᠬᠠᠢᠢᠵᠢᠬᠰᠠᠨ ᠦᠢᠯᠡᠴᠢᠯᠡᠭᠡᠨ ᠤ ᠬᠢᠷᠢ ᠬᠡᠮᠵᠢᠶ᠎ᠠ ᠶᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠳᠤ ᠣᠶᠣᠨ ᠤ | ᠲᠤᠯᠭᠠᠭᠤᠷᠢᠯᠠᠯ ᠪᠣᠯᠣᠨ ᠴᠢᠳᠠᠪᠤᠷᠢᠲᠠᠨ ᠤ ᠪᠠᠲᠤᠯᠠᠭ᠎ᠠ ᠶᠢ ᠬᠠᠩᠭᠠᠬᠤ ᠬᠡᠷᠡᠭᠲᠡᠢ᠃ | ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ︵ᠨᠢᠭᠡ︶ ᠰᠠᠯᠠᠭ᠎ᠠ ᠮᠦᠴᠢᠷ ᠤᠨ ᠵᠣᠬᠢᠴᠠᠭᠤᠯᠬᠤ ᠲᠣᠭᠲᠠᠴᠠ ᠶᠢ ᠴᠤᠭᠴᠠᠯᠠᠨ ᠪᠠᠶᠢᠭᠤᠯᠬᠤ ᠬᠡᠷᠡᠭᠲᠡᠢ | ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠬᠤ ᠨᠣᠷᠮ᠎ᠠ ᠶᠢ ᠳᠡᠭᠡᠭᠰᠢᠯᠡᠭᠦᠯᠬᠦ ᠪᠠᠷ ᠭᠤᠣᠯ | ᠪᠣᠯᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠬᠡᠵᠢᠯ ᠤᠨ ᠰᠤᠳᠤᠯᠤᠯ᠂ ᠵᠢᠭᠠᠨ | ᠰᠤᠷᠭᠠᠯᠲᠠ᠂ ᠳᠡᠯᠭᠡᠷᠡᠭᠦᠯᠦᠯᠲᠡ ᠶᠢᠨ ᠰᠠᠯᠠᠭ᠎ᠠ ᠮᠦᠴᠢᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ | ᠰᠢᠯᠢᠳᠡᠭᠵᠢᠭᠦᠯᠦᠨ ᠳᠥᠭᠦᠷᠵᠢᠭᠦᠯᠵᠦ᠂ ᠵᠠᠩᠭᠢᠯᠠᠭ᠎ᠠ ᠶᠢᠨ ᠴᠢᠨᠠᠷᠲᠠᠢ ᠮᠡᠷᠭᠡᠵᠢᠯ ᠢ ᠰᠤᠳᠤᠯᠬᠤ᠂ ᠦᠷ᠎ᠡ ᠪᠦᠲᠦᠭᠡᠯ ᠢ | ᠤᠯᠠᠷᠢᠭᠤᠯᠬᠤ ᠪᠠ ᠮᠡᠷᠭᠡᠵᠢᠯ ᠢ ᠲᠦᠭᠡᠮᠡᠯᠵᠢᠭᠦᠯᠬᠦ ᠠᠵᠢᠯ ᠢ ᠦᠷᠨᠢᠭᠦᠯᠦᠨ᠎ᠡ︔ ᠰᠢᠨᠵᠢᠯᠡᠬᠦ ᠤᠬᠠᠭᠠᠨ ᠮᠡᠷᠭᠡᠵᠢᠯ ᠤᠨ | ᠬᠠᠩᠭᠠᠯᠭ᠎ᠠ ᠬᠡᠷᠡᠭᠴᠡᠭᠡᠨ ᠤ ᠮᠡᠳᠡᠭᠡ ᠵᠠᠩᠭᠢ ᠶᠢᠨ ᠲᠡᠪᠴᠡᠩ ᠢ ᠪᠠᠶᠢᠭᠤᠯᠵᠤ᠂ ᠵᠢᠭᠠᠨ ᠰᠤᠷᠭᠠᠯᠲᠠ ᠶᠢᠨ ᠰᠠᠯᠠᠭ᠎ᠠ | ᠮᠦᠴᠢᠷ᠂ ᠰᠢᠨᠵᠢᠯᠡᠬᠦ ᠤᠬᠠᠭᠠᠨ ᠮᠡᠷᠬᠡᠵᠢᠯ ᠤᠨ ᠰᠤᠳᠤᠯᠤᠯ ᠬᠦᠷᠢᠶᠡᠯᠡᠩ ᠭᠠᠵᠠᠷ ᠪᠣᠯᠣᠨ ᠮᠡᠷᠭᠡᠵᠢᠯ ᠢ ᠳᠡᠯᠭᠡᠷᠡᠭᠦᠯᠬᠦ | ᠨᠢᠭᠡᠴᠡ ᠶᠢᠨ ᠬᠢᠨ ᠣᠯᠠᠨ ᠠᠷᠭ᠎ᠠ ᠵᠠᠮ᠂ ᠣᠯᠠᠨ ᠬᠡᠯᠪᠡᠷᠢ ᠶᠢᠨ ᠨᠢᠭᠲᠠᠷᠠᠭᠰᠠᠨ ᠮᠠᠶ᠋ᠢᠭ ᠤᠨ ᠬᠤᠷᠰᠢᠬᠤ ᠬᠠᠷᠢᠴᠠᠭ᠎ᠠ | ᠪᠠᠶᠢᠭᠤᠯᠬᠤ ᠶᠢ ᠵᠣᠷᠢᠬᠵᠢᠭᠤᠯᠤᠨ ᠳᠡᠮᠵᠢᠵᠦ᠂ ᠣᠯᠠᠨ ᠬᠡᠯᠪᠡᠷᠢ ᠶᠢᠨ ᠦᠢᠯᠡᠳᠪᠦᠷᠢᠯᠡᠯ ᠵᠢᠭᠠᠯᠲᠠ ᠰᠤᠳᠤᠯᠭᠠᠨ ᠤ | ᠬᠤᠷᠰᠢᠶᠠᠯᠠᠯ ᠢ ᠦᠷᠨᠢᠭᠦᠯᠦᠨ᠂ ᠦᠢᠯᠡᠳᠪᠦᠷᠢᠯᠡᠬᠦ ᠵᠢᠭᠠᠬᠤ ᠰᠤᠳᠤᠯᠬᠤ ᠰᠠᠭᠤᠷᠢᠨ ᠭᠠᠵᠠᠷ ᠢ ᠬᠠᠮᠲᠤ ᠪᠠᠷ | ᠪᠠᠶᠢᠭᠤᠯᠵᠤ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠵᠤ ᠪᠠᠶᠢᠭᠠᠳ ᠰᠤᠳᠤᠯᠤᠨ ᠨᠡᠬᠡᠬᠡᠬᠦ | ᠪᠠᠶᠢᠭᠤᠯᠤᠮᠵᠢ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ | ᠬᠦᠷᠢᠶᠡᠯᠡᠩ ᠲᠣᠭᠤᠷᠢᠭ ᠪᠣᠯᠣᠨ ᠪᠤᠰᠤᠳ ᠮᠡᠷᠭᠡᠵᠢᠯ ᠤᠨ ᠰᠢᠨ᠎ᠡ ᠶᠢ ᠡᠭᠦᠳᠬᠦ ᠵᠣᠬᠢᠶᠠᠨ ᠪᠠᠶᠢᠭᠤᠯᠤᠯᠲᠠ ᠶᠢ | ᠪᠠᠶᠢᠭᠤᠯᠤᠨ᠎ᠠ︔ ᠲᠠᠷᠢᠵᠤ ᠲᠡᠵᠢᠭᠡᠬᠦ ᠲᠤᠮᠤ ᠡᠷᠦᠬᠡ᠂ ᠲᠤᠰᠬᠠᠢ ᠬᠤᠷᠰᠢᠶ᠎ᠠ ᠯᠤᠭ᠎ᠠ ᠤᠶᠠᠯᠳᠤᠭᠤᠯᠬᠤ | ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠨ᠎ᠡ ᠵᠠᠭᠪᠣᠷ ᠢ ᠪᠠᠶᠢᠭᠤᠯᠵᠤ᠂ ᠬᠦᠲᠦᠴᠢ ᠠᠵᠤ ᠠᠬᠤᠶᠢᠯᠠᠯ ᠯᠤᠭ᠎ᠠ | ᠤᠶᠠᠯᠳᠤᠬᠤ ᠶᠢ ᠴᠢᠩᠭᠠᠳᠬᠠᠨ᠂ ᠠᠵᠤ ᠦᠢᠯᠡᠰᠵᠢᠭᠰᠡᠨ ᠡᠵᠡᠩᠨᠡᠯᠲᠡ ᠶᠢᠨ ᠬᠢᠷᠢ ᠬᠡᠮᠵᠢᠶ᠎ᠠ ᠶᠢ ᠳᠡᠭᠡᠭᠰᠢᠯᠡᠭᠦᠯᠵᠦ᠂ | ᠦᠢᠯᠡᠳᠪᠦᠷᠢᠯᠡᠬᠦ ᠵᠢᠭᠠᠬᠤ ᠰᠤᠳᠤᠯᠬᠤ ᠶᠡᠭᠡ ᠪᠠᠷ ᠬᠠᠮᠲᠤᠷᠠᠭᠰᠠᠨ᠂ ᠣᠯᠠᠨ ᠰᠠᠯᠠᠭ᠎ᠠ ᠮᠦᠴᠢᠷ ᠶᠡᠭᠡ ᠪᠠᠷ | ᠬᠠᠮᠵᠢᠯᠴᠠᠭᠰᠠᠨ ᠰᠠᠶᠢᠨ ᠰᠠᠶᠢᠬᠠᠨ ᠠᠵᠢᠯᠯᠠᠭᠠᠨ ᠤ ᠲᠣᠭᠲᠠᠴᠠ ᠶᠢ ᠪᠦᠷᠢᠯᠳᠦᠬᠦᠯᠬᠦ ᠬᠡᠷᠡᠭᠲᠡᠢ᠃ | ︵ᠬᠤᠶᠠᠷ︶ ᠵᠠᠷᠤᠳᠠᠯ ᠰᠦᠢᠳᠭᠡᠯ ᠤᠨ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ | ᠬᠡᠷᠡᠭᠲᠡᠢ᠃ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠲᠤᠯᠭᠠᠭᠤᠷᠢᠯᠠᠯ ᠤᠨ ᠣᠷᠲᠣ ᠬᠤᠭᠤᠴᠠᠭᠠᠨ ᠤ ᠪᠦᠳᠦᠮᠵᠢᠳᠡᠢ ᠣᠷᠣᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ | ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠲᠣᠷᠰᠢᠵᠤ ᠵᠢᠱᠢᠶ᠎ᠡ | ᠦᠵᠡᠭᠦᠯᠬᠦ᠂ ᠮᠡᠷᠭᠡᠵᠢᠯ ᠢ ᠳᠡᠯᠭᠡᠷᠡᠭᠦᠯᠬᠦ᠂ ᠮᠠᠯᠴᠢᠨ ᠲᠠᠷᠢᠶᠠᠴᠢᠳ ᠢ ᠪᠣᠯᠪᠠᠰᠤᠷᠠᠭᠤᠯᠬᠤ ᠲᠦᠷᠦᠯ ᠵᠦᠢᠯ ᠳᠠᠬᠢ | ᠳᠡᠮᠵᠢᠯᠭᠡ ᠶᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠳᠠᠬᠢ | ᠣᠷᠣᠭᠤᠯᠤᠯᠲᠠ ᠶᠢ ᠣᠯᠠᠨ ᠨᠡᠶᠢᠲᠡ ᠶᠢᠨ ᠡᠳ᠋ ᠤᠨ ᠵᠠᠰᠠᠭ ᠤᠨ ᠳᠡᠮᠵᠢᠯᠭᠡ ᠶᠢᠨ ᠲᠡᠷᠢᠭᠦᠯᠡᠬᠦ ᠪᠠᠶᠢᠷᠢᠨ ᠳᠤ ᠲᠠᠯᠪᠢᠵᠤ᠂ | ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠪᠠ ᠳᠡᠯᠭᠡᠷᠡᠭᠦᠯᠬᠦ ᠳᠤ ᠲᠤᠰᠬᠠᠢ ᠵᠦᠢᠯ ᠤᠨ ᠪᠡᠯᠡ ᠮᠦᠩᠭᠦ ᠪᠠᠶᠢᠷᠢᠯᠠᠭᠤᠯᠵᠦ ᠳᠡᠮᠵᠢᠬᠦ ᠬᠡᠷᠡᠭᠲᠡᠢ᠃ | ︵ᠭᠤᠷᠪᠠ︶ ᠠᠵᠢᠯᠯᠠᠬᠤ ᠵᠠᠭᠪᠣᠷ ᠲᠤ ᠰᠢᠨ᠎ᠡ ᠶᠢ ᠡᠭᠦᠳᠣᠨ ᠲᠡᠯᠭᠡᠷᠡᠭᠦᠯᠬᠦ ᠬᠡᠷᠡᠭᠲᠡᠢ᠃ ᠣᠶᠢᠷ᠎ᠠ ᠶᠢᠨ | ᠵᠢᠯ ᠤᠨ ᠲᠣᠷᠰᠢ ᠨᠢᠭᠡᠨᠲᠡ ᠪᠦᠷᠢᠯᠳᠦᠭᠰᠡᠨ ᠰᠠᠶᠢᠨ ᠲᠣᠭᠲᠠᠴᠠ᠂ ᠰᠠᠶᠢᠨ ᠵᠠᠭᠪᠤᠷ ᠢ ᠪᠠᠬᠢᠵᠢᠭᠦᠯᠬᠦ ᠬᠡᠷᠡᠭᠲᠡᠢ᠃ ︽ | ᠮᠡᠷᠭᠡᠵᠢᠯᠲᠡᠨ ᠤ ᠳᠤᠭᠤᠶᠢᠯᠠᠩ + ᠲᠣᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ + ᠮᠡᠷᠭᠡᠵᠢᠯ ᠤᠨ | ᠵᠢᠯᠤᠭᠤᠳᠤᠭᠴᠢ + ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠡᠷᠦᠬᠡ + ᠰᠠᠴᠤᠷᠬᠠᠯᠠᠨ | ᠳᠠᠶᠢᠴᠢᠯᠠᠬᠤ ᠡᠷᠦᠬᠡ︾ ᠶᠢᠨ ᠦᠷ᠎ᠡ ᠪᠦᠲᠦᠭᠡᠯ ᠢ ᠲᠥᠷᠭᠡᠨ ᠤᠯᠠᠷᠢᠭᠤᠯᠬᠤ ᠬᠡᠷᠡᠭᠯᠡᠭᠡᠨ ᠤ ᠲᠣᠭᠲᠠᠴᠠ ᠶᠢ | ᠪᠠᠷᠢᠮᠲᠠᠯᠠᠨ ᠲᠡᠭᠦᠯᠳᠡᠷᠵᠢᠭᠦᠯᠦᠨ᠎ᠡ︔ ︽ᠮᠡᠷᠭᠡᠵᠢᠯᠲᠡᠨ ᠬᠤᠰᠢᠭᠤ ᠰᠢᠶᠠᠨ ᠳᠤ ᠲᠤᠰᠬᠠᠢ ᠴᠢᠬ ᠢᠶᠠᠷ ᠬᠠᠷᠢᠯᠴᠠᠬᠤ᠂ | ᠲᠠᠷᠢᠶᠠᠯᠠᠩ ᠤᠨ ᠮᠡᠷᠭᠡᠵᠢᠯᠲᠡᠨ ᠲᠤᠰᠬᠤᠨ ᠪᠠ ᠬᠤᠷᠰᠢᠶ᠎ᠠ ᠶᠢ ᠳᠠᠭᠠᠭᠠᠴᠢᠯᠠᠨ ᠡᠷᠦᠬᠡ ᠶᠢ ᠬᠤᠯᠪᠤᠭᠠᠯᠠᠬᠤ᠂ | ᠨᠡᠶᠢᠭᠡᠮ ᠤᠨ ᠬᠦᠴᠦᠨ ᠢᠳᠡᠪᠬᠢᠲᠡᠢ ᠪᠠᠷ ᠣᠷᠤᠯᠴᠠᠬᠤ︾ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ | ᠲᠣᠭᠲᠠᠴᠠ ᠶᠢ ᠲᠡᠭᠦᠯᠳᠡᠷᠵᠢᠭᠦᠯᠦᠨ᠎ᠡ︔ ︽ᠵᠠᠰᠠᠭ ᠤᠨ ᠣᠷᠳᠤᠨ ᠬᠦᠲᠦᠯᠦᠨ ᠵᠢᠯᠤᠭᠤᠳᠬᠤ᠂ ᠣᠯᠠᠨ | ᠲᠠᠯ᠎ᠠ ᠶᠢᠨ ᠬᠢᠨ ᠣᠷᠣᠯᠴᠠᠬᠤ᠂ ᠠᠵᠢᠯ ᠬᠤᠪᠢᠶᠠᠷᠢᠶᠠᠯᠠᠵᠤ ᠬᠠᠮᠵᠢᠯᠴᠠᠬᠤ᠂ ᠳᠡᠭᠡᠳᠦ ᠪᠦᠲᠦᠮᠵᠢᠲᠡᠢ ᠠᠵᠢᠯᠯᠠᠬᠤ︾ | ᠮᠡᠷᠭᠡᠵᠢᠯ ᠤᠨ ᠪᠣᠯᠪᠠᠰᠤᠷᠠᠭᠤᠯᠤᠯ ᠤᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠲᠠᠷᠢᠶᠠᠯᠠᠩ ᠤᠨ ᠮᠡᠷᠭᠡᠵᠢᠯ ᠢ | ᠳᠡᠯᠭᠡᠷᠡᠭᠦᠯᠬᠦ ᠦᠢᠯᠡᠴᠢᠯᠡᠭᠡᠨ ᠤ ᠠᠷᠭ᠎ᠠ ᠮᠠᠶ᠋ᠢᠭ ᠲᠤ ᠲᠠᠰᠤᠷᠠᠯᠲᠠ ᠦᠭᠡᠢ ᠰᠢᠨ᠎ᠡ ᠶᠢ ᠡᠭᠦᠳᠦᠨ ᠳᠡᠭᠡᠭᠰᠢᠯᠡᠭᠦᠯᠵᠦ᠂ | ᠪᠡᠶ᠎ᠡ ᠪᠠᠷ ᠢᠶᠠᠨ᠂ ᠨᠢᠭᠤᠷᠳᠠᠨ ᠦᠢᠯᠡᠴᠢᠯᠡᠬᠦ ᠶᠢ ᠪᠠᠷᠢᠮᠲᠠᠯᠠᠬᠤ ᠰᠠᠭᠤᠷᠢᠨ ᠳᠡᠭᠡᠷ᠎ᠡ᠂ ᠰᠦᠯᠵᠢᠶᠡᠨ ᠳᠡᠭᠡᠷᠡᠬᠢ ᠨᠣᠮ ᠤᠨ | ᠦᠷᠦᠬᠡ᠂ ᠣᠯᠠᠨ ᠵᠠᠭᠤᠴᠢᠯᠠᠭᠤᠷ᠂ ᠭᠠᠷ ᠤᠲᠠᠰᠤᠨ ᠤ ᠣᠬᠤᠷ ᠮᠡᠳᠡᠭᠡ ᠵᠡᠷᠭᠡ ᠠᠷᠭ᠎ᠠ ᠮᠠᠶ᠋ᠢᠭ ᠢ ᠭᠦᠢᠴᠡᠳ | ᠠᠰᠢᠭᠯᠠᠵᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠳᠡᠭᠡ ᠪᠠᠭᠤᠬᠤ | ᠠᠵᠢᠯᠯᠠᠭ᠎ᠠ ᠶᠢ ᠦᠷᠨᠢᠭᠦᠯᠬᠦ ᠬᠡᠷᠡᠭᠲᠡᠢ᠃ | ︵ᠳᠥᠷᠪᠡ︶ ᠠᠵᠢᠯ ᠤᠨ ᠠᠮᠵᠢᠯᠳᠠ ᠪᠦᠳᠦᠮᠵᠢ ᠶᠢ ᠰᠢᠯᠭᠠᠨ ᠦᠨᠡᠯᠡᠬᠦ ᠲᠣᠭᠲᠠᠴᠠ ᠶᠢ ᠪᠠᠶᠢᠭᠤᠯᠬᠤ | ᠬᠡᠷᠡᠭᠲᠡᠢ᠃ ᠠᠵᠢᠯ ᠤᠨ ᠠᠮᠵᠢᠯᠳᠠ ᠪᠦᠲᠦᠮᠵᠢ ᠶᠢ ᠰᠢᠯᠭᠠᠨ ᠦᠨᠡᠯᠡᠬᠦ ᠳᠦᠷᠢᠮ᠂ ᠮᠡᠳᠡᠯᠭᠡ ᠶᠢᠨ ᠪᠦᠲᠦᠭᠡᠭᠳᠡᠭᠦᠨ ᠤ | ᠦᠮᠴᠢᠯᠡᠬᠦ ᠡᠷᠬᠡ ᠪᠣᠯᠣᠨ ᠦᠷ᠎ᠡ ᠪᠦᠲᠦᠭᠡᠯ ᠤᠨ ᠬᠠᠮᠢᠶᠠᠷᠤᠯᠲᠠ ᠶᠢᠨ ᠳᠦᠷᠢᠮ᠂ ᠣᠯᠠᠨ ᠨᠡᠶᠢᠲᠡ ᠶᠢᠨ | ᠦᠢᠯᠡᠴᠢᠯᠡᠭᠡᠨ ᠤ ᠳᠦᠷᠢᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠠᠵᠢᠯ ᠤᠨ ᠠᠮᠵᠢᠯᠳᠠ ᠪᠦᠲᠦᠮᠵᠢ ᠶᠢ | ᠦᠨᠡᠯᠡᠬᠦ ᠵᠦᠢ ᠵᠣᠬᠢᠰᠲᠠᠢ ᠰᠢᠰᠲ᠋ᠧᠮᠵᠢ ᠪᠣᠯᠣᠨ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ | ᠬᠠᠷᠠᠯᠲᠠ ᠲᠠᠢ ᠰᠢᠯᠭᠠᠨ ᠬᠢᠨᠠᠬᠤ ᠬᠠᠷᠢᠭᠤᠴᠠᠯᠭᠠᠲᠤ ᠳᠦᠷᠢᠮ ᠢ ᠳᠡᠰ ᠳᠡᠰ ᠢᠶᠠᠷ ᠪᠠᠶᠢᠭᠤᠯᠵᠤ᠂ ᠦᠨᠳᠦᠰᠦᠨ | ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠢ ᠰᠢᠯᠭᠠᠨ ᠬᠢᠨᠠᠬᠤ ᠳᠤ ᠭᠤᠣᠯᠴᠢᠯᠠᠨ ᠬᠠᠮᠢᠶᠠᠷᠬᠤ | ᠰᠠᠯᠠᠭ᠎ᠠ ᠮᠦᠴᠢᠷ᠂ ᠰᠢᠶᠠᠩ ᠪᠠᠯᠭᠠᠰᠤ ᠶᠢᠨ ᠵᠠᠰᠠᠭ ᠤᠨ ᠣᠷᠳᠤᠨ ᠪᠣᠯᠣᠨ ᠦᠢᠯᠡᠴᠢᠯᠡᠭᠳᠡᠬᠦ ᠡᠲᠡᠭᠡᠳ ᠭᠤᠷᠪᠠᠨ | ᠲᠠᠯ᠎ᠠ ᠶᠢᠨ ᠬᠢᠨ ᠤ ᠬᠠᠷᠢᠯᠴᠠᠨ ᠤᠶᠠᠯᠳᠤᠭᠰᠠᠨ ᠠᠷᠭ᠎ᠠ ᠮᠠᠶ᠋ᠢᠭ ᠢᠶᠠᠷ ᠶᠠᠪᠤᠭᠳᠠᠭᠤᠯᠵᠦ᠂ ᠰᠢᠯᠭᠠᠨ ᠬᠢᠨᠠᠭᠰᠠᠨ ᠦᠷ᠎ᠡ | ᠳ᠋ᠦᠩ ᠢ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠤᠨ ᠮᠡᠷᠭᠡᠵᠢᠯ ᠤᠨ ᠴᠣᠯᠠ ᠲᠣᠭᠲᠠᠭᠠᠵᠤ ᠤᠷᠢᠬᠤ ᠪᠠ | ᠠᠵᠢᠯ ᠤᠨ ᠠᠮᠵᠢᠯᠳᠠ ᠪᠦᠳᠦᠮᠵᠢ ᠶᠢᠨ ᠴᠠᠯᠢᠩ ᠯᠤᠭ᠎ᠠ ᠬᠤᠯᠪᠣᠬᠤ ᠬᠡᠷᠡᠭᠲᠡᠢ᠃ | ᠪᠦᠬᠦ ᠣᠷᠣᠨ ᠤ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠤᠯᠭᠠᠭᠤᠷᠢᠯᠠᠯ ᠤᠨ ᠭᠤᠣᠯ ᠡᠭᠦᠷᠭᠡ ᠶᠢᠨ ᠲᠦᠯᠦᠪᠯᠡᠭᠡ | | | ᠪᠦᠬᠦ ᠣᠷᠣᠨ ᠤ ᠭᠤᠣᠯ ᠲᠠᠷᠢᠵᠤ ᠲᠡᠵᠢᠭᠡᠨ ᠦᠷᠡᠵᠢᠭᠦᠯᠬᠦ ᠮᠡᠷᠭᠡᠵᠢᠯ ᠢ ᠳᠡᠯᠭᠡᠷᠡᠭᠦᠯᠬᠦ ᠡᠭᠦᠷᠭᠡ ᠶᠢᠨ | ᠲᠦᠯᠦᠪᠯᠡᠭᠡ | | ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠶᠤᠯ ᠦᠭᠡᠢ ᠶᠢᠨ | ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨᠰᠢᠭᠦᠯᠬᠦ ᠠᠵᠢᠯ ᠤᠨ ᠲᠦᠰᠦᠯ | ᠦᠪᠡᠷᠲᠡᠭᠡᠨ ᠵᠠᠰᠠᠬᠤ ᠣᠷᠣᠨ ᠤ ︽8337︾ ᠬᠥᠭᠵᠢᠯᠲᠡ ᠶᠢᠨ ᠰᠡᠳᠬᠢᠮᠵᠢ ᠶᠢ ᠬᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠪᠣᠬᠢᠷᠳᠤᠯ ᠦᠭᠡᠢ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠭᠦᠨ ᠢ ᠦᠢᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭᠠᠬᠤ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠨ᠂ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠶᠤᠯ ᠦᠬᠡᠢ ᠶᠢᠨ ᠬᠦᠨᠳᠦ | ᠬᠡᠴᠡᠭᠦᠦ ᠬᠡᠷᠡᠭ ᠦᠯᠦ ᠭᠠᠷᠬᠤ ᠶᠢ ᠴᠢᠷᠮᠠᠶᠢᠨ ᠪᠠᠲᠤᠯᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠭᠦᠨ ᠤ ᠬᠡᠷᠡᠭᠯᠡᠭᠡ ᠠᠶᠤᠯ ᠦᠭᠡᠢ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ | ᠡᠷᠡᠭᠦᠯ ᠢᠶᠠᠷ ᠬᠥᠭᠵᠢᠬᠦ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠪᠠᠲᠤᠯᠠᠨ᠂ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ | ᠰᠢᠰᠲ᠋ᠧᠮᠵᠢ ᠶᠢ ᠪᠦᠷᠢᠨᠰᠢᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ | ᠠᠶᠤᠯ ᠦᠭᠡᠢ ᠶᠢ ᠬᠢᠨᠠᠨ ᠬᠠᠮᠢᠶᠠᠷᠬᠤ ᠴᠢᠳᠠᠪᠤᠷᠢ ᠪᠣᠯᠣᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ | ᠲᠤᠰᠠᠳᠠ᠂ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠠᠵᠢᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠤᠰᠤᠭᠠᠷ᠂ ᠮᠠᠨ ᠤ ᠣᠷᠣᠨ ᠤ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ | ᠠᠵᠢᠯ ᠤᠨ ᠤᠳᠤᠬᠢ ᠪᠠᠶᠢᠳᠠᠯ ᠲᠠᠢ ᠤᠶᠠᠯᠳᠤᠭᠤᠯᠤᠨ᠂ ᠲᠤᠰ ᠲᠦᠰᠦᠯ ᠢ ᠲᠣᠭᠲᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ | ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠣᠨᠤᠪᠴᠢᠲᠦ ᠴᠢᠨᠠᠷ ᠪᠣᠯᠣᠨ ᠴᠢᠬᠤᠯᠠ | ᠴᠢᠨᠠᠷ ᠲᠠᠬᠢ ᠲᠠᠨᠢᠯᠲᠠ ᠶᠢ ᠳᠡᠭᠡᠭᠰᠢᠯᠡᠭᠦᠯᠦᠨ᠂ ᠣᠳᠣᠬᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠭᠦᠨ ᠤ ᠶᠠᠰᠤ ᠴᠢᠨᠠᠷ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠳᠤ ᠲᠤᠯᠭᠠᠷᠠᠵᠤ | ᠪᠠᠶᠢᠭ᠎ᠠ ᠪᠠᠶᠢᠳᠠᠯ ᠪᠣᠯᠣᠨ ᠡᠭᠦᠷᠭᠡ ᠶᠢ ᠣᠨᠣᠪᠴᠢᠲᠠᠢ ᠡᠵᠡᠮᠰᠢᠵᠦ᠂ ︽ᠬᠠᠷᠢᠶᠠᠯᠠᠭᠳᠠᠬᠤ ᠭᠠᠵᠠᠷ ᠢᠶᠠᠷ | ᠬᠠᠮᠢᠶᠠᠷᠤᠭᠤᠯᠬᠤ᠂ ᠬᠠᠷᠢᠭᠤᠴᠠᠯᠭ᠎ᠠ ᠪᠠᠨ ᠬᠠᠤᠯᠢ ᠶᠤᠰᠤᠭᠠᠷ ᠭᠦᠢᠴᠡᠳᠭᠡᠬᠦ᠂ ᠠᠮᠦᠷ ᠲᠥᠪᠰᠢᠨ ᠢ ᠪᠠᠲᠤᠯᠠᠬᠤ᠂ | ᠠᠵᠤ ᠦᠢᠯᠡᠰ ᠲᠤ ᠦᠢᠯᠡᠴᠢᠯᠡᠬᠦ︾ ᠠᠵᠢᠯ ᠤᠨ ᠴᠢᠭᠯᠡᠯᠲᠡ ᠶᠢ ᠵᠢᠷᠤᠮᠯᠠᠨ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠶᠤᠯ ᠦᠭᠡᠢ ᠶᠢ ᠣᠳᠣ ᠦᠶ᠎ᠡ ᠶᠢᠨ ᠲᠠᠷᠢᠶᠠᠯᠠᠩ ᠮᠠᠯ ᠠᠵᠤ | ᠠᠬᠤᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠬᠦ ᠪᠠ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ | ᠠᠷᠭ᠎ᠠ ᠮᠠᠶ᠋ᠢᠭ ᠢ ᠬᠤᠪᠢᠷᠠᠭᠤᠯᠬᠤ ᠴᠢᠬᠤᠯᠠ ᠲᠤᠯᠭᠠᠭᠤᠷᠢᠯᠠᠯ ᠢᠶᠠᠷ ᠦᠵᠡᠵᠦ᠂ ᠬᠢᠨᠠᠨ ᠬᠠᠮᠢᠶᠠᠷᠬᠤ ᠬᠠᠷᠢᠭᠤᠴᠠᠯᠭ᠎ᠠ | ᠪᠣᠯᠣᠨ ᠦᠢᠯᠡᠳᠪᠦᠷᠢᠯᠡᠯ ᠤᠨ ᠨᠢᠭᠡᠴᠡ ᠶᠢᠨ ᠭᠤᠣᠯ ᠴᠤᠭᠴᠠᠲᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠷ | ᠬᠦᠴᠦᠯᠡᠬᠦ ᠴᠢᠬ ᠪᠣᠯᠭᠠᠵᠤ᠂ ᠬᠢᠨᠠᠨ ᠬᠠᠮᠢᠶᠠᠷᠬᠤ ᠠᠷᠭ᠎ᠠ ᠮᠠᠶ᠋ᠢᠭ ᠢ ᠲᠡᠭᠦᠯᠳᠡᠷᠵᠢᠭᠦᠯᠬᠦ ᠪᠠᠷ ᠭᠠᠷᠳᠠᠴᠠ ᠪᠣᠯᠭᠠᠨ᠂ | ᠪᠦᠷᠢᠨ ᠪᠦᠲᠦᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠶᠤᠯ ᠦᠭᠡᠢ ᠶᠢ | ᠡᠵᠡᠮᠳᠡᠬᠦ ᠰᠢᠰᠲ᠋ᠧᠮᠵᠢ ᠶᠢ ᠪᠣᠢ ᠪᠣᠯᠭᠠᠬᠤ ᠪᠠᠷ ᠭᠤᠤᠯᠯᠠᠭᠴᠢ ᠪᠣᠯᠭᠠᠵᠤ᠂ ᠬᠢᠨᠠᠨ ᠬᠠᠮᠢᠶᠠᠷᠬᠤ ᠴᠢᠳᠠᠪᠤᠷᠢ ᠶᠢ | ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ | ᠴᠢᠨᠠᠷ ᠤᠨ ᠠᠶᠤᠯ ᠦᠭᠡᠢ ᠶᠢᠨ ᠬᠢᠨᠠᠨ ᠬᠠᠮᠢᠶᠠᠷᠬᠤ᠂ ᠪᠠᠶᠢᠴᠠᠭᠠᠨ ᠰᠢᠯᠭᠠᠬᠤ᠂ ᠮᠦᠷᠳᠡᠨ ᠤᠬᠤᠴᠢᠯᠠᠬᠤ | ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠨᠡᠶᠢᠲᠡ ᠶᠢᠨ ᠬᠤᠤᠷᠳᠠᠭᠳᠠᠯ ᠦᠭᠡᠢ ᠪᠦᠳᠦᠬᠡᠭᠳᠡᠬᠦᠨ᠂ ᠪᠣᠬᠢᠷᠳᠤᠯ | ᠦᠭᠡᠢ ᠢᠲᠡᠭᠡᠨ ᠤ ᠵᠦᠢᠯ᠂ ᠤᠷᠭᠠᠨᠢᠭ ᠪᠦᠲᠦᠭᠡᠭᠳᠡᠭᠦᠨ ᠪᠠ ᠲᠠᠷᠢᠶᠠᠯᠠᠩ ᠤᠨ ᠪᠦᠲᠦᠭᠡᠭᠳᠡᠭᠦᠨ ᠤ ᠭᠠᠵᠠᠷ ᠵᠦᠢ ᠶᠢᠨ | ᠲᠡᠮᠲᠡᠭ ᠢ ᠬᠥᠭᠵᠢᠭᠦᠯᠬᠦ ᠠᠯᠬᠤᠴᠠ ᠪᠠᠨ ᠲᠦᠷᠭᠡᠳᠭᠡᠨ᠂ ᠲᠠᠷᠢᠶᠠᠯᠠᠩ ᠮᠠᠯ ᠠᠵᠤ ᠠᠬᠤᠢ ᠶᠢᠨ | ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠮᠠᠨ ᠤ ᠣᠷᠣᠨ ᠤ ᠪᠣᠬᠢᠷᠳᠤᠯ | ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠦᠢᠯᠡᠳᠪᠦᠷᠢᠯᠡᠵᠦ ᠡᠳ᠋ᠰᠢᠭᠦᠯᠦᠨ ᠭᠠᠳᠠᠭᠰᠢ | ᠭᠠᠷᠭᠠᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ | ᠬᠤᠶᠠᠷ᠂ ᠬᠠᠷᠠᠯᠲᠠ ᠶᠢᠨ ᠡᠭᠦᠷᠭᠡ | ︵ᠨᠢᠭᠡ︶ ᠳᠥᠷᠪᠡᠨ ᠱᠠᠲᠤᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ | ᠬᠤᠰᠢᠭᠤ ᠰᠢᠶᠠᠨ᠂ ᠰᠢᠶᠠᠩ ᠪᠠᠯᠭᠠᠰᠤ ᠳᠦᠷᠪᠡᠨ ᠱᠠᠲᠤᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢᠨ | ᠪᠦᠲᠦᠭᠡᠨ ᠪᠠᠶᠢᠭᠤᠯᠤᠯᠲᠠ ᠶᠢ ᠠᠯᠬᠤᠮ ᠠᠯᠬᠤᠮ ᠢᠶᠠᠷ ᠴᠢᠩᠭᠠᠳᠬᠠᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ᠂ | ᠠᠶᠢᠮᠠᠭ ᠬᠤᠲᠠ ᠬᠤᠶᠠᠷ ᠱᠠᠲᠤᠨ ᠤ ᠪᠠᠶᠢᠭᠤᠯᠤᠮᠵᠢ ᠨᠤᠭᠤᠳ ᠡᠩᠨᠡᠭᠡᠨ ᠤ ᠪᠠᠨ ᠲᠤᠰ ᠪᠡᠶ᠎ᠡ ᠶᠢᠨ ᠪᠦᠲᠦᠭᠡᠨ | ᠪᠠᠶᠢᠭᠤᠯᠤᠯᠲᠠ ᠪᠠᠨ ᠳᠡᠭᠡᠭᠰᠢᠯᠡᠭᠦᠯᠵᠦ᠂ ᠬᠢᠨᠠᠨ ᠬᠠᠮᠢᠶᠠᠷᠬᠤ ᠴᠢᠳᠠᠪᠤᠷᠢ ᠪᠣᠯᠣᠨ ᠦᠢᠯᠡᠴᠢᠯᠡᠭᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠬᠡᠷᠡᠭᠲᠡᠢ︔ ᠬᠤᠰᠢᠭᠤ ᠰᠢᠶᠠᠨ ᠤ ᠱᠠᠲᠤᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠨᠤᠭᠤᠳ | 2014 ᠣᠨ ᠤ ᠰᠡᠭᠦᠯᠴᠢ ᠠᠴᠠ ᠡᠮᠦᠨ᠎ᠡ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠪᠦᠬᠦᠨ ᠢ | ᠪᠡᠶᠡᠯᠡᠭᠦᠯᠬᠦ ᠶᠢᠨ ᠬᠠᠮᠲᠤ ᠪᠠᠶᠢᠳᠠᠯ ᠤᠨ ᠬᠡᠷᠡᠭᠴᠡᠭᠡ ᠱᠠᠭᠠᠷᠳᠠᠯᠭ᠎ᠠ ᠳᠤ ᠲᠠᠰᠤᠷᠠᠯᠲᠠ ᠦᠭᠡᠢ ᠵᠣᠬᠢᠴᠠᠭᠤᠯᠵᠤ᠂ | ᠶᠡᠷᠦᠩᠬᠡᠶᠢᠯᠡᠨ ᠬᠢᠨᠠᠨ ᠬᠠᠮᠢᠶᠠᠷᠬᠤ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ︔ ᠰᠢᠶᠠᠩ | ᠪᠠᠯᠭᠠᠰᠤ ᠶᠢᠨ ᠬᠢᠨᠠᠯᠲᠠ ᠬᠠᠮᠢᠶᠠᠷᠤᠯᠲᠠ ᠶᠢᠨ ᠥᠷᠳᠡᠭᠡ ᠨᠢ ᠡᠭᠦᠷᠭᠡ ᠬᠠᠷᠢᠴᠠᠭᠤᠯᠭ᠎ᠠ ᠪᠠᠨ ᠢᠳᠡᠪᠬᠢᠲᠡᠢ ᠪᠠᠷ | ᠭᠦᠢᠴᠡᠳᠭᠡᠨ᠂ ᠰᠡᠷᠬᠡᠶᠢᠯᠡᠵᠦ ᠰᠡᠷᠡᠮᠵᠢᠯᠡᠭᠦᠯᠬᠦ ᠦᠢᠯᠡᠳᠦᠯ ᠢᠶᠠᠨ ᠪᠠᠳᠠᠷᠠᠭᠤᠯᠵᠤ᠂ ᠰᠢᠨ᠎ᠡ ᠪᠠᠷ ᠰᠡᠷᠭᠦᠭᠡᠭᠰᠡᠨ ᠰᠢᠶᠠᠩ | ᠪᠠᠯᠭᠠᠰᠤ ᠨᠤᠭᠤᠳ ᠬᠢᠨᠠᠯᠲᠠ ᠬᠠᠮᠢᠶᠠᠷᠤᠯᠲᠠ ᠶᠢᠨ ᠥᠷᠳᠡᠭᠡ ᠪᠠᠶᠢᠭᠤᠯᠬᠤ ᠠᠯᠬᠤᠴᠠ ᠪᠠᠨ ᠲᠦᠷᠭᠡᠳᠭᠡᠬᠦ ᠬᠡᠷᠡᠭᠲᠡᠢ᠃ | ᠬᠡᠳᠦᠨ ᠵᠢᠯ ᠤᠨ ᠴᠢᠷᠮᠠᠶᠢᠯᠭ᠎ᠠ ᠪᠠᠷ ᠳᠡᠮᠵᠢᠵᠤ ᠳᠡᠭᠡᠷ᠎ᠡ ᠳᠣᠣᠷ᠎ᠠ ᠱᠠᠳᠤ ᠯᠤᠭ᠎ᠠ ᠨᠡᠪᠲᠡᠷᠡᠯᠴᠡᠭᠰᠡᠨ ᠳᠥᠷᠪᠠᠨ | ᠱᠠᠲᠤᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠴᠢᠷᠮᠠᠶᠢᠨ ᠪᠠᠶᠢᠭᠤᠯᠬᠤ ᠬᠡᠷᠡᠭᠲᠡᠢ᠃ | ︵ᠬᠤᠶᠠᠷ︶ ᠰᠢᠯᠭᠠᠨ ᠪᠠᠶᠢᠴᠠᠭᠠᠬᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠬᠤ ᠬᠡᠷᠡᠭᠲᠡᠢ᠃ ᠰᠢᠯᠭᠠᠨ ᠪᠠᠶᠢᠴᠠᠭᠠᠬᠤ ᠪᠠᠶᠢᠭᠤᠯᠤᠮᠵᠢ ᠶᠢ ᠪᠦᠲᠦᠭᠡᠨ ᠪᠠᠶᠢᠭᠤᠯᠬᠤ ᠲᠦᠯᠦᠪᠵᠢᠭᠦᠯᠭᠡ ᠶᠢᠨ | ᠲᠣᠬᠠᠢ ᠲᠠᠷᠢᠶᠠᠯᠠᠩ ᠤᠨ ᠶᠠᠮᠤᠨ ᠤ ᠱᠠᠭᠠᠷᠳᠠᠯᠭ᠎ᠠ ᠶᠤᠰᠤᠭᠠᠷ᠂ ᠡᠯ᠎ᠡ ᠱᠠᠲᠤᠨ ᠤ ᠰᠢᠯᠭᠠᠨ ᠪᠠᠶᠢᠴᠠᠭᠠᠬᠤ | ᠪᠠᠶᠢᠭᠤᠯᠤᠮᠵᠢ ᠶᠢ ᠪᠦᠲᠦᠭᠡᠨ ᠪᠠᠶᠢᠭᠤᠯᠬᠤ ᠠᠬᠢᠴᠠ ᠪᠠᠨ ᠯᠠᠪᠳᠠᠭᠤᠨ ᠢᠶᠠᠷ ᠠᠬᠢᠭᠤᠯᠵᠤ᠂ ᠠᠶᠢᠮᠠᠭ ᠬᠤᠲᠠ ᠶᠢᠨ | ᠰᠢᠯᠭᠠᠨ ᠪᠠᠶᠢᠴᠠᠭᠠᠬᠤ ᠪᠠᠶᠢᠭᠤᠯᠤᠮᠵᠢ ᠪᠦᠲᠦᠭᠡᠨ ᠪᠠᠶᠢᠭᠤᠯᠬᠤ ᠬᠤᠭᠤᠴᠠᠭ᠎ᠠ ᠶᠢ 3 ᠵᠢᠯ ᠪᠠᠶᠢᠯᠭᠠᠵᠦ᠂ ᠪᠠᠶᠢᠭᠤᠯᠤᠮᠵᠢ | ᠨᠢᠭᠡᠪᠦᠷᠢ ᠶᠢᠨ ᠶᠡᠷᠦᠩᠬᠡᠢ ᠪᠡᠯᠡ ᠣᠷᠣᠭᠤᠯᠤᠯᠲᠠ ᠨᠢ 1000 ᠲᠦᠮᠡᠨ ᠲᠦᠭᠦᠷᠢᠭ ᠪᠤᠯᠤᠨ᠎ᠠ᠃ ᠬᠤᠰᠢᠭᠤ | ᠰᠢᠶᠠᠨ ᠤ ᠪᠦᠲᠦᠭᠡᠨ ᠪᠠᠶᠢᠭᠤᠯᠬᠤ ᠬᠤᠭᠤᠴᠠᠭ᠎ᠠ ᠶᠢ 2 ᠵᠢᠯ ᠪᠠᠶᠢᠯᠭᠠᠵᠦ᠂ ᠪᠠᠶᠢᠭᠤᠯᠤᠮᠵᠢ ᠨᠢᠭᠡᠪᠦᠷᠢ ᠶᠢᠨ ᠶᠡᠷᠦᠩᠬᠡᠢ | ᠪᠡᠯᠡ ᠣᠷᠣᠭᠤᠯᠤᠯᠲᠠ ᠨᠢ 300 ᠲᠦᠮᠡᠨ ᠲᠦᠭᠦᠷᠢᠭ ᠪᠤᠯᠤᠨ᠎ᠠ᠃ ︽12 · 5︾ ᠲᠦᠯᠦᠪᠵᠢᠭᠦᠯᠭᠡ ᠶᠢᠨ | ᠰᠡᠭᠦᠯᠴᠢ ᠪᠣᠯᠲᠠᠯ᠎ᠠ᠂ ᠠᠶᠢᠮᠠᠭ ᠬᠤᠲᠠ᠂ ᠬᠤᠰᠢᠭᠤ ᠰᠢᠶᠠᠨ ᠪᠣᠯᠣᠨ ᠬᠡᠰᠡᠭ ᠠᠶᠢᠮᠠᠭ ᠬᠤᠲᠠ ᠶᠢᠨ ᠬᠠᠷᠢᠶ᠎ᠠ | ᠣᠷᠣᠨ ᠤ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠪᠦᠬᠦᠨ ᠳᠤ ᠬᠠᠮᠤᠷᠬᠤ ᠶᠢ ᠦᠨᠳᠦᠰᠦᠨ ᠳᠡᠭᠡᠨ ᠪᠡᠶᠡᠯᠡᠭᠦᠯᠬᠦ | ᠬᠡᠷᠡᠭᠲᠡᠢ᠃ ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠤᠨ ᠠᠶᠤᠯ ᠦᠭᠡᠢ ᠳᠠᠬᠢ ᠠᠶᠤᠯ ᠲᠦᠭᠰᠢᠬᠦᠷᠢ ᠶᠢ | ᠦᠨᠡᠯᠡᠨ ᠵᠢᠱᠢᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠣᠬᠠᠢ ᠲᠠᠷᠢᠶᠠᠯᠠᠩ ᠤᠨ ᠶᠠᠮᠤᠨ ᠤ ᠶᠡᠷᠦᠩᠬᠡᠢ | ᠰᠡᠳᠬᠢᠮᠵᠢ ᠶᠢᠨ ᠶᠣᠰᠤᠭᠠᠷ᠂ ᠣᠷᠣᠨ ᠪᠦᠰᠡ ᠶᠢᠨ ᠴᠢᠨᠠᠷᠲᠠᠢ ᠠᠶᠤᠯ ᠲᠥᠭᠰᠢᠭᠦᠷᠢ ᠶᠢ ᠦᠨᠡᠯᠡᠨ ᠵᠢᠱᠢᠬᠦ | ᠲᠣᠷᠰᠢᠯᠲᠠ ᠶᠢᠨ ᠬᠡᠷ᠂ ᠲᠣᠷᠰᠢᠯᠲᠠ ᠶᠢᠨ ᠥᠷᠳᠡᠭᠡ ᠶᠢ ᠰᠠᠶᠢᠲᠤᠷ ᠪᠠᠶᠢᠭᠤᠯᠵᠦ᠂ ᠠᠶᠤᠯ ᠲᠥᠭᠰᠢᠭᠦᠷᠢ ᠶᠢ ᠦᠨᠡᠯᠡᠨ | ᠵᠢᠱᠢᠬᠦ ᠪᠠ ᠶᠠᠰᠤ ᠴᠢᠨᠠᠷ ᠤᠨ ᠠᠶᠤᠯ ᠦᠭᠡᠢ ᠶᠢ ᠰᠡᠷᠡᠮᠵᠢᠯᠡᠭᠦᠯᠬᠦ ᠠᠵᠢᠯ ᠢ ᠪᠤᠳᠠᠳᠠᠢ ᠲᠠᠢ ᠪᠠᠨ ᠤᠶᠠᠯᠳᠤᠭᠤᠯᠤᠨ | ᠦᠷᠨᠢᠭᠦᠯᠬᠦ ᠬᠡᠷᠡᠭᠲᠡᠢ᠃ | ︵ᠭᠤᠷᠪᠠ︶ ᠲᠠᠷᠢᠶᠠᠯᠠᠩ ᠮᠠᠯ ᠠᠵᠤ ᠠᠬᠤᠢ ᠶᠢᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠢ | ᠲᠦᠯᠬᠢᠨ ᠠᠬᠢᠭᠤᠯᠬᠤ ᠬᠡᠷᠡᠭᠲᠡᠢ᠃ ᠨᠡᠶᠢᠲᠡ ᠶᠢᠨ ᠬᠤᠤᠷᠳᠠᠭᠳᠠᠯ ᠦᠭᠡᠢ ᠪᠦᠳᠦᠬᠡᠭᠳᠡᠬᠦᠨ᠂ ᠪᠣᠬᠢᠷᠳᠤᠯ ᠦᠭᠡᠢ | ᠢᠲᠡᠭᠡᠨ ᠤ ᠵᠦᠢᠯ᠂ ᠤᠷᠭᠠᠨᠢᠭ ᠪᠦᠲᠦᠭᠡᠭᠳᠡᠭᠦᠨ ᠪᠠ ᠲᠠᠷᠢᠶᠠᠯᠠᠩ ᠤᠨ ᠪᠦᠲᠦᠭᠡᠭᠳᠡᠭᠦᠨ ᠤ ᠭᠠᠵᠠᠷ ᠵᠦᠢ ᠶᠢᠨ | ᠲᠡᠮᠲᠡᠭ ᠢ ᠭᠡᠷᠡᠴᠢᠯᠡᠨ ᠳᠠᠩᠰᠠᠯᠠᠭᠤᠯᠬᠤ ᠠᠵᠢᠯ ᠤᠨ ᠡᠷᠴᠢᠮ ᠢ ᠴᠢᠩᠭᠠᠷᠠᠭᠤᠯᠵᠤ᠂ ᠵᠠᠰᠠᠭ ᠤᠨ ᠣᠷᠳᠤᠨ ᠠᠴᠠ | ᠬᠦᠬᠢᠭᠦᠯᠦᠨ ᠱᠠᠩᠨᠠᠬᠤ ᠶᠢ ᠬᠦᠲᠦᠯᠦᠨ ᠵᠢᠯᠤᠭᠤᠳᠵᠤ᠂ ᠠᠵᠤ ᠠᠬᠤᠶᠢᠯᠠᠯ ᠤᠳ ᠠᠵᠢᠯᠯᠠᠭᠠᠨ ᠳᠤ ᠣᠷᠤᠯᠴᠠᠬᠤ ᠪᠠᠷ | ᠳᠠᠮᠵᠢᠵᠤ ᠤᠯᠤᠰ ᠤᠨ ᠪᠠ ᠦᠪᠡᠷᠲᠡᠭᠡᠨ ᠵᠠᠰᠠᠬᠤ ᠣᠷᠣᠨ ᠤ ᠱᠠᠲᠤ ᠶᠢᠨ 70% ᠶᠢᠨ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰᠵᠢᠭᠰᠡᠨ ᠬᠦᠲᠦᠴᠢ ᠠᠵᠤ ᠠᠬᠤᠶᠢᠯᠠᠯ ᠢ ᠨᠡᠶᠢᠲᠡ ᠶᠢᠨ ᠬᠤᠤᠷᠳᠠᠭᠳᠠᠯ ᠦᠬᠡᠢ | ᠪᠦᠳᠦᠬᠡᠭᠳᠡᠬᠦᠨ᠂ ᠪᠣᠬᠢᠷᠳᠤᠯ ᠦᠭᠡᠢ ᠢᠲᠡᠭᠡᠨ ᠤ ᠵᠦᠢᠯ᠂ ᠤᠷᠭᠠᠨᠢᠭ ᠪᠦᠲᠦᠭᠡᠭᠳᠡᠭᠦᠨ ᠪᠠ ᠲᠠᠷᠢᠶᠠᠯᠠᠩ ᠤᠨ | ᠪᠦᠲᠦᠭᠡᠭᠳᠡᠭᠦᠨ ᠤ ᠭᠠᠵᠠᠷ ᠵᠦᠢ ᠶᠢᠨ ᠲᠡᠮᠲᠡᠭ ᠤᠨ ᠭᠡᠷᠡᠴᠢᠯᠡᠯ ᠳᠠᠩᠰᠠᠯᠠᠯ ᠢ ᠤᠯᠬᠤ ᠪᠠᠷ ᠴᠢᠷᠮᠠᠶᠢᠵᠤ᠂ ᠦᠪᠡᠷᠲᠡᠭᠡᠨ | ᠵᠠᠰᠠᠬᠤ ᠣᠷᠣᠨ ᠤ ᠪᠤᠬᠢᠷᠳᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ | ᠦᠢᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭᠠᠬᠤ ᠰᠠᠭᠤᠷᠢᠨ ᠭᠠᠵᠠᠷ ᠢ ᠬᠥᠭᠵᠢᠭᠦᠯᠬᠦ ᠲᠦᠯᠦᠪᠵᠢᠭᠦᠯᠭᠡ ᠳᠠᠬᠢ | ᠡᠭᠦᠷᠭᠡ ᠶᠢᠨ ᠭᠦᠢᠴᠡᠳᠭᠡᠬᠦ ᠲᠤᠭ᠎ᠠ ᠶᠢ ᠪᠡᠶᠡᠯᠡᠭᠦᠯᠬᠦ ᠪᠠᠨ ᠦᠨᠡᠨᠬᠦ ᠪᠠᠲᠤᠯᠠᠬᠤ ᠪᠠᠷ ᠴᠢᠷᠮᠠᠶᠢᠬᠤ ᠬᠡᠷᠡᠭᠲᠡᠢ᠃ | ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠤᠨ ᠤ ᠪᠠᠷᠢᠮᠵᠢᠶᠠᠵᠢᠭᠤᠯᠬᠤ ᠠᠵᠢᠯ ᠤᠨ 3 ᠵᠢᠯ ᠤᠨ | ᠠᠵᠢᠯᠯᠠᠭᠠᠨ ᠤ ᠲᠦᠯᠦᠪᠯᠡᠭᠡ ᠶᠢ ᠲᠦᠯᠬᠢᠨ ᠠᠬᠢᠭᠤᠯᠬᠤ ᠬᠤᠯᠪᠤᠭᠳᠠᠯ ᠪᠦᠬᠦᠢ ᠱᠠᠭᠠᠷᠳᠠᠯᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠪᠠᠷᠢᠮᠵᠢᠶᠠᠲᠤ ᠰᠢᠰᠲ᠋ᠧᠮᠵᠢ ᠶᠢ | ᠲᠦᠷᠭᠡᠳᠭᠡᠨ ᠪᠠᠶᠢᠭᠤᠯᠵᠤ᠂ ᠳᠠᠪᠠᠭᠤᠯᠢᠭ ᠣᠨᠴᠠᠯᠢᠭ ᠪᠦᠬᠦᠢ ᠲᠠᠷᠢᠶᠠᠯᠠᠩ ᠮᠠᠯ ᠠᠵᠤ ᠠᠬᠤᠢ ᠶᠢᠨ ᠣᠷᠣᠨ | ᠨᠤᠲᠤᠭ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠵᠤ ᠰᠤᠳᠤᠯᠤᠨ ᠲᠣᠭᠲᠠᠭᠠᠵᠤ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠭᠦᠨ ᠤ ᠨᠡᠷᠡᠲᠦ ᠲᠦᠷᠦᠯ ᠲᠡᠮᠲᠡᠭ ᠪᠤᠶᠢᠵᠢᠭᠤᠯᠬᠤ ᠠᠵᠢᠯ ᠢ ᠲᠦᠯᠬᠢᠨ ᠠᠬᠢᠭᠤᠯᠬᠤ ᠬᠡᠷᠡᠭᠲᠡᠢ | ᠃ | ︵ᠳᠥᠷᠪᠡ︶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠮᠦᠷᠳᠡᠨ ᠤᠬᠤᠴᠢᠯᠠᠬᠤ | ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ᠃ ᠢᠳᠡᠬᠡᠨ ᠳᠤ ᠬᠡᠷᠡᠭᠯᠡᠬᠦ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠶᠤᠯ ᠦᠭᠡᠢ ᠶᠢᠨ ᠬᠢᠷᠢ | ᠲᠡᠩᠴᠡᠯᠳᠠ ᠶᠢ ᠭᠡᠷᠡᠴᠢᠯᠡᠵᠦ ᠬᠠᠮᠢᠶᠠᠷᠬᠤ ᠠᠷᠭ᠎ᠠ ᠪᠣᠯᠣᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠭᠦᠨ ᠤ ᠶᠠᠰᠤ ᠴᠢᠨᠠᠷ ᠤᠨ ᠠᠶᠤᠯ ᠦᠭᠡᠢ ᠶᠢ ᠮᠦᠷᠳᠡᠨ ᠤᠬᠤᠴᠢᠯᠠᠵᠦ ᠬᠠᠮᠢᠶᠠᠷᠬᠤ ᠵᠢᠷᠤᠮᠵᠢᠯ ᠢ | ᠲᠦᠷᠭᠡᠳᠭᠡᠨ ᠲᠣᠭᠲᠠᠭᠠᠵᠤ᠂ ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠭᠦᠨ ᠤ ᠶᠠᠰᠤ ᠴᠢᠨᠠᠷ ᠤᠨ ᠮᠦᠷᠳᠡᠨ ᠤᠬᠤᠴᠢᠯᠠᠬᠤ ᠮᠡᠳᠡᠭᠡ ᠵᠠᠩᠭᠢ ᠶᠢᠨ ᠲᠡᠪᠴᠡᠩ ᠤᠨ ᠪᠦᠲᠦᠭᠡᠨ | ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠨᠡᠶᠢᠲᠡ ᠶᠢᠨ ᠬᠤᠤᠷᠳᠠᠭᠳᠠᠯ ᠦᠭᠡᠢ ᠪᠦᠳᠦᠬᠡᠭᠳᠡᠬᠦᠨ᠂ ᠪᠣᠬᠢᠷᠳᠤᠯ ᠦᠭᠡᠢ | ᠢᠲᠡᠭᠡᠨ ᠤ ᠵᠦᠢᠯ᠂ ᠤᠷᠭᠠᠨᠢᠭ ᠪᠦᠲᠦᠭᠡᠭᠳᠡᠭᠦᠨ ᠪᠠ ᠲᠠᠷᠢᠶᠠᠯᠠᠩ ᠤᠨ ᠪᠦᠲᠦᠭᠡᠭᠳᠡᠭᠦᠨ ᠤ ᠭᠠᠵᠠᠷ ᠵᠦᠢ ᠶᠢᠨ | ᠲᠡᠮᠲᠡᠭ ᠪᠣᠯᠣᠨ ᠠᠵᠤ ᠦᠢᠯᠡᠰᠵᠢᠭᠰᠡᠨ ᠬᠦᠲᠦᠴᠢ ᠠᠵᠤ ᠠᠬᠤᠶᠢᠯᠠᠯ ᠤᠨ ᠪᠦᠲᠦᠭᠡᠭᠳᠡᠭᠦᠨ ᠠᠴᠠ ᠭᠠᠷᠳᠠᠨ ᠬᠢᠵᠦ᠂ | ᠢᠳᠡᠰᠢᠨ ᠬᠤᠨᠢ ᠶᠢ ᠲᠡᠵᠢᠭᠡᠨ ᠦᠷᠡᠵᠢᠭᠦᠯᠬᠦ᠂ ᠲᠦᠮᠦᠰᠦ ᠪᠣᠯᠣᠨ ᠢᠳᠡᠰᠢᠨ ᠨᠣᠭᠤᠭ᠎ᠠ ᠪᠠᠷ ᠭᠤᠣᠯᠳᠠᠯᠭ᠎ᠠ ᠪᠣᠯᠭᠠᠨ᠂ | ᠮᠦᠷᠳᠡᠨ ᠤᠬᠤᠴᠢᠯᠠᠬᠤ ᠲᠣᠷᠰᠢᠯᠲᠠ ᠶᠢᠨ ᠴᠢᠬ ᠢ ᠢᠳᠡᠪᠬᠢᠲᠡᠢ ᠪᠠᠷ ᠦᠷᠨᠢᠭᠦᠯᠵᠦ᠂ ᠮᠦᠷᠳᠡᠨ ᠤᠬᠤᠴᠢᠯᠠᠬᠤ | ᠬᠦᠷᠢᠶ᠎ᠡ ᠬᠡᠪᠴᠢᠶ᠎ᠡ ᠶᠢ ᠠᠯᠬᠤᠮ ᠠᠯᠬᠤᠮ ᠢᠶᠠᠷ ᠦᠷᠭᠡᠳᠭᠡᠬᠦ ᠬᠡᠷᠡᠭᠲᠡᠢ᠃ ᠬᠡᠳᠦᠨ ᠵᠢᠯ ᠤᠨ ᠴᠢᠷᠮᠠᠶᠢᠯᠭ᠎ᠠ ᠪᠠᠷ | ᠳᠠᠮᠵᠢᠵᠤ᠂ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠭᠦᠨ ᠤ ᠦᠢᠯᠡᠳᠪᠦᠷᠢᠯᠡᠬᠦ᠂ ᠬᠤᠳᠠᠯᠳᠤᠨ ᠠᠪᠬᠤ᠂ | ᠨᠦᠬᠡᠴᠡᠯᠡᠬᠦ᠂ ᠲᠡᠭᠡᠭᠡᠪᠦᠷᠢᠯᠡᠬᠦ ᠪᠦᠬᠦ ᠶᠠᠪᠤᠴᠠ ᠶᠢ ᠮᠦᠷᠳᠡᠨ ᠤᠬᠤᠴᠢᠯᠠᠬᠤ ᠪᠠᠨ ᠠᠯᠬᠤᠮ ᠠᠯᠬᠤᠮ ᠢᠶᠠᠷ | ᠪᠡᠶᠡᠯᠡᠭᠦᠯᠦᠨ᠂ ︽ᠦᠢᠯᠡᠳᠪᠦᠷᠢᠯᠡᠯ ᠨᠢ ᠲᠡᠮᠲᠡᠭᠯᠡᠯ ᠲᠠᠢ᠂ ᠬᠦᠢᠯᠬᠡᠬᠡᠨ ᠤ ᠵᠦᠭ ᠢ ᠨᠢ ᠮᠦᠷᠳᠡᠨ ᠤᠬᠤᠴᠢᠯᠠᠵᠦ | ᠪᠣᠯᠬᠤ᠂ ᠶᠠᠰᠤ ᠴᠢᠨᠠᠷ ᠢ ᠨᠢ ᠮᠦᠷᠳᠡᠨ ᠤᠬᠤᠴᠢᠯᠠᠵᠦ ᠪᠣᠯᠬᠤ᠂ ᠬᠠᠷᠢᠭᠤᠴᠠᠯᠭ᠎ᠠ ᠶᠢ ᠢᠯᠭᠠᠨ ᠲᠣᠭᠲᠠᠭᠠᠵᠤ ᠪᠣᠯᠳᠠᠭ | ︾ ᠮᠦᠷᠳᠡᠨ ᠤᠬᠤᠴᠢᠯᠠᠵᠤ ᠪᠣᠯᠬᠤ ᠰᠢᠰᠲ᠋ᠧᠮᠵᠢ ᠶᠢ ᠪᠦᠲᠦᠭᠡᠨ ᠪᠠᠶᠢᠭᠤᠯᠬᠤ ᠬᠠᠷᠠᠯᠲᠠ ᠪᠠᠨ ᠪᠡᠶᠡᠯᠡᠭᠦᠯᠬᠦ ᠬᠡᠷᠡᠭᠲᠡᠢ᠃ | ᠭᠤᠷᠪᠠ᠂ ᠠᠵᠢᠯ ᠤᠨ ᠭᠤᠣᠯᠳᠠᠯᠭ᠎ᠠ | ︵ᠨᠢᠭᠡ︶ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠦᠲᠦᠭᠡᠨ ᠪᠠᠶᠢᠭᠤᠯᠬᠤ ᠠᠯᠬᠤᠴᠠ ᠪᠠᠨ | ᠲᠦᠷᠭᠡᠳᠭᠡᠬᠦ ᠬᠡᠷᠡᠭᠲᠡᠢ᠃ ᠦᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ | ᠲᠣᠭᠤᠷᠢᠭ︶᠂ ᠰᠤᠮᠤ ᠰᠢᠶᠠᠩ ᠪᠠᠯᠭᠠᠰᠤ ᠶᠢᠨ ᠳᠦᠷᠪᠡᠨ ᠱᠠᠲᠤᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢᠨ | ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠭᠦᠷᠭᠡ ᠬᠠᠷᠢᠭᠤᠴᠠᠯᠭ᠎ᠠ ᠡᠭᠦᠷᠭᠡ | ᠴᠢᠳᠠᠪᠤᠷᠢ ᠪᠠᠨ ᠲᠡᠭᠦᠯᠳᠡᠷᠵᠢᠭᠦᠯᠦᠨ᠂ ᠬᠢᠨᠠᠨ ᠬᠠᠮᠢᠶᠠᠷᠬᠤ ᠠᠷᠭ᠎ᠠ ᠮᠠᠶ᠋ᠢᠭ ᠪᠣᠯᠣᠨ ᠬᠢᠨᠠᠨ ᠬᠠᠮᠢᠶᠠᠷᠬᠤ ᠴᠢᠳᠠᠪᠤᠷᠢ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠷᠣᠨ ᠨᠤᠲᠤᠭ ᠤᠨ ᠵᠠᠰᠠᠭ ᠤᠨ ᠣᠷᠳᠤᠨ ᠤ ᠬᠠᠷᠢᠶᠠᠯᠠᠭᠳᠠᠬᠤ | ᠭᠠᠵᠠᠷ ᠢᠶᠠᠷ ᠬᠠᠮᠢᠶᠠᠷᠤᠭᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠶᠤᠯ ᠦᠭᠡᠢ ᠳᠠᠬᠢ ᠣᠷᠣᠨ ᠨᠤᠲᠤᠭ ᠤᠨ ᠵᠠᠰᠠᠭ ᠤᠨ | ᠣᠷᠳᠤᠨ ᠤ ᠵᠣᠬᠢᠶᠠᠨ ᠪᠠᠶᠢᠭᠤᠯᠵᠤ ᠣᠳᠣᠷᠢᠳᠬᠤ ᠪᠠ ᠵᠣᠬᠢᠴᠠᠭᠤᠯᠬᠤ ᠠᠵᠢᠯ ᠢ ᠴᠢᠩᠭᠠᠳᠬᠠᠵᠤ᠂ ᠬᠦᠴᠦᠨ ᠢᠶᠠᠨ | ᠲᠣᠬᠢᠷᠠᠭᠤᠯᠬᠤ ᠪᠠ ᠨᠦᠬᠦᠴᠡᠯ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠰᠢᠯᠭᠠᠨ | ᠪᠠᠶᠢᠴᠠᠭᠠᠬᠤ ᠪᠠᠶᠢᠭᠤᠯᠤᠮᠵᠢ ᠶᠢᠨ ᠪᠦᠲᠦᠭᠡᠨ ᠪᠠᠶᠢᠭᠤᠯᠬᠤ ᠠᠬᠢᠴᠠ ᠶᠢ ᠲᠦᠯᠬᠢᠨ ᠠᠬᠢᠭᠤᠯᠵᠤ᠂ ᠲᠠᠷᠢᠶᠠᠯᠠᠩ ᠤᠨ | ᠶᠠᠮᠤᠨ ᠤ ︽ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠤᠨ ᠠᠶᠤᠯ ᠦᠭᠡᠢ ᠶᠢ ᠰᠢᠯᠭᠠᠨ ᠪᠠᠶᠢᠴᠠᠭᠠᠬᠤ | ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠲᠣᠬᠠᠢ ᠰᠨᠠᠠᠯ︾ ︵ᠲᠠᠷᠢᠶᠠᠯᠠᠩ ᠴᠢᠨᠠᠷ | ᠲᠠᠷᠬᠠᠭᠠᠭᠰᠠᠨ ﹇2014﹈ 11 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠣᠰᠤᠭᠠᠷ᠂ ᠪᠠᠶᠢᠭᠤᠯᠵᠤ ᠪᠠᠶᠢᠭ᠎ᠠ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ ᠬᠠᠤᠯᠢ ᠶᠤᠰᠤᠨ ᠤ ᠬᠢᠷᠢ ᠭᠡᠮ ᠢ ᠨᠤᠲᠠᠯᠠᠨ | ᠲᠣᠭᠲᠠᠭᠠᠬᠤ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠰᠢᠰᠲ᠋ᠧᠮᠵᠢ ᠶᠢᠨ ᠠᠵᠢᠯᠯᠠᠭᠠᠨ ᠤ ᠬᠠᠮᠢᠶᠠᠷᠤᠯᠲᠠ ᠶᠢ | ᠴᠢᠩᠭᠠᠳᠬᠠᠵᠤ᠂ ︽12 · 5︾ ᠶᠢᠨ ᠲᠦᠯᠦᠪᠵᠢᠬᠦᠯᠬᠡ ᠶᠢᠨ ᠰᠡᠭᠦᠯᠴᠢ ᠪᠣᠯᠲᠠᠯ᠎ᠠ᠂ ᠲᠦᠯᠦᠪᠵᠢᠭᠦᠯᠦᠨ | ᠪᠠᠶᠢᠭᠤᠯᠵᠤ ᠪᠠᠶᠢᠭ᠎ᠠ ᠠᠯᠢᠪᠠ ᠲᠦᠷᠦᠯ ᠵᠦᠢᠯ ᠢ ᠴᠦᠮ ᠬᠤᠭᠤᠴᠠᠭ᠎ᠠ ᠶᠣᠰᠤᠭᠠᠷ ᠪᠠᠶᠢᠭᠤᠯᠵᠤ ᠪᠦᠲᠦᠭᠡᠬᠦ ᠶᠢᠨ | ᠬᠠᠮᠲᠤ ᠦᠢᠯᠡᠳᠦᠯ ᠢ ᠨᠢ ᠪᠠᠳᠠᠷᠠᠭᠤᠯᠬᠤ ᠪᠠᠷ ᠴᠢᠷᠮᠠᠶᠢᠵᠤ᠂ ᠪᠠᠶᠢᠷᠢᠰᠢᠭᠤᠯᠤᠯ ᠨᠢ ᠵᠦᠢ ᠵᠣᠬᠢᠰᠲᠠᠢ᠂ ᠡᠭᠦᠷᠭᠡ | ᠴᠢᠳᠠᠪᠤᠷᠢ ᠨᠢ ᠲᠣᠳᠤᠷᠬᠠᠢ᠂ ᠴᠢᠳᠠᠮᠵᠢ ᠨᠢ ᠪᠦᠷᠢᠨ ᠳᠦᠬᠦᠷ᠂ ᠠᠵᠢᠯᠯᠠᠭ᠎ᠠ ᠨᠢ ᠦᠨᠳᠦᠷ ᠪᠦᠲᠦᠮᠵᠢᠲᠡᠢ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠶᠤᠯ ᠦᠭᠡᠢ ᠶᠢ ᠰᠢᠯᠭᠠᠨ ᠪᠠᠶᠢᠴᠠᠭᠠᠬᠤ | ᠰᠢᠰᠲ᠋ᠧᠮᠵᠢ ᠶᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠶᠠᠰᠤ | ᠴᠢᠨᠠᠷ ᠤᠨ ᠠᠶᠤᠯ ᠦᠭᠡᠢ ᠶᠢᠨ ᠪᠦᠬᠦ ᠶᠠᠪᠤᠴᠠ ᠶᠢ ᠬᠢᠨᠠᠨ ᠬᠠᠮᠢᠶᠠᠷᠬᠤ ᠪᠠ ᠣᠳᠣ ᠦᠶ᠎ᠡ ᠶᠢᠨ ᠲᠠᠷᠢᠶᠠᠯᠠᠩ ᠮᠠᠯ ᠠᠵᠤ | ᠠᠬᠤᠢ ᠶᠢ ᠬᠥᠭᠵᠢᠭᠦᠯᠬᠦ ᠬᠡᠷᠡᠭᠴᠡᠭᠡ ᠶᠢ ᠬᠠᠩᠭᠠᠬᠤ ᠬᠡᠷᠡᠭᠲᠡᠢ᠃ | ︵ᠬᠤᠶᠠᠷ︶ ᠬᠢᠨᠠᠨ ᠬᠠᠮᠢᠶᠠᠷᠬᠤ ᠴᠢᠳᠠᠪᠤᠷᠢ ᠪᠣᠯᠣᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ | ᠳᠡᠭᠡᠭᠰᠢᠯᠡᠭᠦᠯᠬᠦ ᠬᠡᠷᠡᠭᠲᠡᠢ᠃ ᠬᠢᠨᠠᠯᠲᠠ ᠬᠠᠮᠢᠶᠠᠷᠤᠯᠲᠠ ᠶᠢᠨ ᠡᠩᠨᠡᠭᠡᠨ ᠤ ᠪᠤᠯᠪᠠᠰᠤᠷᠠᠭᠤᠯᠤᠯ ᠪᠣᠯᠣᠨ ᠬᠦᠮᠦᠵᠢᠯ ᠢ | ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠪᠣᠯᠪᠠᠰᠤᠷᠠᠭᠤᠯᠤᠯ ᠤᠨ ᠲᠦᠯᠦᠪᠯᠡᠭᠡ ᠶᠢ ᠪᠤᠲᠠᠲᠠᠢ ᠲᠠᠢ ᠪᠠᠨ | ᠤᠶᠠᠯᠳᠤᠭᠤᠯᠤᠨ ᠲᠣᠭᠲᠠᠭᠠᠬᠤ ᠬᠡᠷᠡᠭᠲᠡᠢ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ | ᠴᠢᠨᠠᠷ ᠤᠨ ᠠᠶᠤᠯ ᠦᠭᠡᠢ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ | ᠪᠣᠳᠣᠯᠭ᠎ᠠ ᠶᠢ ᠪᠣᠯᠪᠠᠰᠤᠷᠠᠩᠭᠤᠢ ᠡᠵᠡᠮᠰᠢᠵᠦ᠂ ᠬᠠᠤᠯᠢ ᠶᠤᠰᠤᠭᠠᠷ ᠦᠢᠯᠡᠳᠪᠦᠷᠢᠯᠡᠬᠦ᠂ ᠵᠢᠷᠤᠮᠵᠢᠭᠤᠯᠤᠨ ᠬᠢᠨᠠᠨ | ᠬᠠᠮᠢᠶᠠᠷᠬᠤ ᠪᠠ ᠡᠭᠦᠷᠭᠡ ᠪᠠᠨ ᠬᠢᠨᠠᠮᠠᠭᠠᠢ ᠭᠦᠢᠴᠡᠳᠭᠡᠬᠦ ᠤᠷᠴᠢᠨ ᠠᠬᠤᠢ ᠶᠢ ᠪᠣᠢ ᠪᠣᠯᠭᠠᠬᠤ ᠬᠡᠷᠡᠭᠲᠡᠢ᠃ | ᠪᠣᠯᠪᠠᠰᠤᠷᠠᠭᠤᠯᠤᠨ ᠬᠦᠮᠦᠵᠢᠭᠦᠯᠬᠦ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠬᠢᠨᠠᠨ ᠬᠠᠮᠢᠶᠠᠷᠬᠤ᠂ ᠰᠢᠯᠭᠠᠨ | ᠪᠠᠶᠢᠴᠠᠭᠠᠬᠤ᠂ ᠬᠠᠤᠯᠢ ᠬᠡᠷᠡᠭᠵᠢᠭᠦᠯᠬᠦ ᠠᠵᠢᠯᠲᠠᠨ ᠪᠠ ᠦᠢᠯᠡᠳᠪᠦᠷᠢᠯᠡᠨ ᠡᠵᠡᠩᠨᠡᠭᠴᠢᠳ ᠲᠤ ᠤᠬᠠᠭᠤᠯᠭ᠎ᠠ | ᠪᠣᠯᠪᠠᠰᠤᠷᠠᠭᠤᠯᠤᠯ ᠢ ᠰᠠᠶᠢᠲᠤᠷ ᠬᠢᠬᠦ ᠬᠡᠷᠡᠭᠲᠡᠢ᠃ ᠡᠯ᠎ᠡ ᠱᠠᠲᠤᠨ ᠤ ᠬᠢᠨᠠᠨ ᠬᠠᠮᠢᠶᠠᠷᠬᠤ ᠠᠵᠢᠯᠲᠠᠨ ᠤ ᠬᠠᠤᠯᠢ | ᠶᠤᠰᠣᠭᠠᠷ ᠬᠢᠨᠠᠨ ᠬᠠᠮᠢᠶᠠᠷᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠰᠢᠯᠭᠠᠨ ᠪᠠᠶᠢᠴᠠᠭᠠᠬᠤ᠂ | ᠦᠨᠳᠦᠰᠦᠨ ᠱᠠᠲᠤᠨ ᠳᠤ ᠦᠢᠯᠡᠴᠢᠯᠡᠬᠦ ᠴᠢᠳᠠᠪᠤᠷᠢ ᠪᠠ ᠬᠢᠷᠢ ᠬᠡᠮᠵᠢᠶ᠎ᠠ ᠶᠢ ᠳᠡᠭᠡᠭᠰᠢᠯᠡᠭᠦᠯᠬᠦ ᠬᠡᠷᠡᠭᠲᠡᠢ᠃ ᠬᠢᠨᠠᠯᠲᠠ | ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠰᠢᠶᠠᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠲᠦᠯᠬᠢᠨ | ᠠᠬᠢᠭᠤᠯᠵᠤ᠂ ᠬᠦᠲᠦᠯᠦᠨ ᠤᠳᠤᠷᠢᠳᠬᠤ᠂ ᠵᠢᠱᠢᠶ᠎ᠡ ᠦᠵᠡᠭᠦᠯᠬᠦ᠂ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ | ᠬᠡᠷᠡᠭᠲᠡᠢ᠃ | ︵ᠭᠤᠷᠪᠠ︶ ᠰᠢᠯᠭᠠᠨ ᠪᠠᠶᠢᠴᠠᠭᠠᠬᠤ ᠪᠠ ᠠᠶᠤᠯ ᠲᠥᠭᠰᠢᠭᠦᠷᠢ ᠶᠢ ᠦᠨᠡᠯᠡᠨ ᠵᠢᠱᠢᠬᠦ ᠪᠠᠨ | ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠦᠢᠯᠡᠳᠦᠯ ᠢ ᠠᠯᠬᠤᠮ | ᠠᠯᠬᠤᠮ ᠢᠶᠠᠷ ᠪᠠᠳᠠᠷᠠᠭᠤᠯᠵᠤ᠂ ᠰᠤᠭᠤᠯᠤᠨ ᠪᠠᠶᠢᠴᠠᠭᠠᠬᠤ ᠲᠦᠷᠦᠯ ᠵᠦᠢᠯ᠂ ᠬᠡᠪᠴᠢᠶ᠎ᠡ ᠪᠣᠯᠣᠨ ᠳᠠᠪᠳᠠᠮᠵᠢ ᠶᠢ | ᠦᠷᠭᠡᠳᠭᠡᠨ᠂ ᠵᠦᠪᠳᠡᠯᠴᠡᠵᠦ ᠵᠠᠳᠠᠯᠬᠤ ᠪᠠ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠶᠠᠰᠤ ᠴᠢᠨᠠᠷ ᠤᠨ | ᠠᠶᠤᠯ ᠦᠬᠡᠢ ᠶᠢᠨ ᠲᠥᠭᠰᠢᠭᠦᠷᠢ ᠪᠣᠯᠣᠨ ᠳᠠᠯᠳᠠ ᠠᠶᠤᠯ ᠢ ᠵᠢᠭᠰᠠᠭᠠᠨ ᠪᠠᠶᠢᠴᠠᠭᠠᠬᠤ ᠬᠡᠷᠡᠭᠲᠡᠢ᠃ ᠬᠢᠨᠠᠨ | ᠬᠠᠮᠢᠶᠠᠷᠴᠤ ᠰᠤᠭᠤᠯᠤᠨ ᠪᠠᠶᠢᠴᠠᠭᠠᠬᠤ ᠳᠤ ᠬᠢᠷᠢ ᠲᠡᠩᠴᠡᠭᠰᠡᠨ ᠦᠭᠡᠢ ᠪᠦᠲᠦᠭᠡᠭᠳᠡᠭᠦᠨ ᠢ ᠪᠠᠶᠢᠴᠠᠭᠠᠨ ᠰᠢᠳᠬᠡᠬᠦ ᠪᠠ | ᠢᠷᠡᠯᠳᠡ ᠶᠢ ᠨᠢ ᠨᠡᠬᠡᠮᠵᠢᠯᠡᠬᠦ ᠡᠷᠴᠢᠮ ᠢ ᠴᠢᠩᠭᠠᠷᠠᠭᠤᠯᠵᠤ᠂ ᠬᠠᠤᠯᠢ ᠳᠦᠷᠢᠮ ᠠᠴᠠ ᠵᠦᠷᠢᠴᠡᠭᠰᠡᠨ ᠠᠵᠢᠯᠯᠠᠭ᠎ᠠ ᠶᠢ | ᠤᠯᠵᠦ ᠮᠡᠳᠡᠪᠡᠯ ᠴᠢᠩᠭ᠎ᠠ ᠰᠢᠳᠭᠡᠵᠦ᠂ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠂ ᠦᠢᠯᠡᠳᠪᠦᠷᠢᠯᠡᠯ | ᠡᠵᠡᠩᠨᠡᠯᠲᠡ ᠶᠢᠨ ᠠᠵᠢᠯᠯᠠᠭ᠎ᠠ ᠶᠢ ᠨᠢ ᠵᠢᠷᠤᠮᠵᠢᠭᠤᠯᠬᠤ ᠬᠡᠷᠡᠭᠲᠡᠢ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠭᠦᠨ ᠤ ᠶᠠᠰᠤ ᠴᠢᠨᠠᠷ ᠤᠨ ᠠᠶᠤᠯ ᠦᠬᠡᠢ ᠶᠢᠨ ᠲᠥᠭᠰᠢᠭᠦᠷᠢ ᠶᠢ ᠦᠨᠡᠯᠡᠨ ᠵᠢᠱᠢᠬᠦ ᠶᠢ ᠲᠦᠯᠬᠢᠨ | ᠠᠬᠢᠭᠤᠯᠵᠤ᠂ ︽ᠬᠤᠯᠢᠰᠢᠨ ᠢᠳᠡᠭᠡᠨ︾ ᠪᠠ ᠶᠡᠭᠡ ᠬᠡᠮᠵᠢᠶᠡᠨ ᠤ ᠠᠮᠤ ᠪᠤᠳᠠᠭ᠎ᠠ ᠲᠤᠰᠤᠨ ᠤ ᠲᠠᠷᠢᠮᠠᠯ ᠤᠨ | ᠪᠦᠲᠦᠭᠡᠭᠳᠡᠭᠦᠨ ᠢ ᠦᠨᠡᠯᠡᠨ ᠵᠢᠱᠢᠬᠦ ᠬᠡᠪᠴᠢᠶᠡᠨ ᠳᠤ ᠠᠯᠬᠤᠮ ᠠᠯᠬᠤᠮ ᠢᠶᠠᠷ ᠣᠷᠤᠭᠤᠯᠤᠨ ᠠᠪᠴᠤ᠂ ᠬᠤᠤᠷ | ᠬᠦᠨᠦᠬᠡᠯ ᠲᠠᠢ ᠲᠥᠷᠦᠯ ᠵᠦᠢᠯ᠂ ᠬᠡᠪᠴᠢᠶ᠎ᠡ ᠪᠠ ᠬᠦᠨᠦᠭᠡᠬᠦ ᠬᠡᠮᠵᠢᠶ᠎ᠡ ᠶᠢ ᠦᠨᠡᠨᠬᠦ ᠳᠤᠲᠤᠷᠬᠠᠢ ᠣᠶᠢᠯᠠᠭᠠᠵᠤ᠂ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠶᠤᠯ ᠦᠬᠡᠢ ᠢ ᠰᠢᠨᠵᠢᠯᠡᠬᠦ | ᠤᠬᠠᠭᠠᠨᠴᠢ ᠪᠠᠷ ᠬᠢᠨᠠᠨ ᠬᠠᠮᠢᠶᠠᠷᠬᠤ ᠳᠤ ᠮᠡᠷᠭᠡᠵᠢᠯ ᠤᠨ ᠦᠨᠳᠦᠰᠦ ᠪᠠᠷᠢᠮᠲᠠ ᠶᠢ ᠬᠠᠩᠭᠠᠬᠤ ᠬᠡᠷᠡᠭᠲᠡᠢ᠃ | ︵ᠳᠥᠷᠪᠡ︶ ᠲᠠᠷᠢᠶᠠᠯᠠᠩ ᠮᠠᠯ ᠠᠵᠤ ᠠᠬᠤᠢ ᠶᠢᠨ ᠪᠠᠷᠢᠮᠵᠢᠶᠠᠯᠠᠯᠲᠠ ᠶᠢ ᠲᠦᠷᠭᠡᠳᠭᠡᠨ ᠠᠬᠢᠭᠤᠯᠬᠤ | ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠶᠢ ᠪᠠᠷᠢᠮᠵᠢᠶᠠᠵᠢᠭᠤᠯᠤᠨ ᠬᠥᠭᠵᠢᠭᠦᠯᠬᠦ ᠠᠯᠬᠤᠴᠠ ᠶᠢ ᠲᠦᠷᠭᠡᠳᠭᠡᠨ | ᠠᠬᠢᠭᠤᠯᠵᠤ᠂ ᠪᠣᠬᠢᠷᠳᠤᠯ ᠦᠭᠡᠢ ᠢᠳᠡᠭᠡᠨ ᠤ ᠵᠦᠢᠯ ᠤᠨ ᠲᠥᠭᠦᠬᠡᠢ ᠮᠠᠲ᠋ᠧᠷᠢᠶᠠᠯ ᠤᠨ ᠪᠠᠷᠢᠮᠵᠢᠶᠠᠵᠢᠭᠤᠯᠤᠭᠰᠠᠨ | ᠰᠠᠭᠤᠷᠢᠨ ᠭᠠᠵᠠᠷ ᠢ ᠢᠳᠡᠪᠬᠢᠲᠡᠢ ᠡᠭᠦᠳᠦᠨ ᠪᠠᠶᠢᠭᠤᠯᠵᠤ᠂ ᠢᠳᠡᠰᠢᠨ ᠨᠤᠭᠤᠭ᠎ᠠ ᠵᠢᠮᠢᠰ ᠤᠨ ᠪᠠᠷᠢᠮᠵᠢᠶᠠᠳᠤ | ᠬᠦᠷᠢᠶᠡᠯᠡᠩ᠂ ᠮᠠᠯ ᠲᠡᠵᠢᠭᠡᠪᠦᠷᠢ ᠶᠢᠨ ᠪᠠᠷᠢᠮᠵᠢᠶᠠᠵᠢᠭᠤᠯᠤᠨ ᠬᠡᠪᠴᠢᠶᠡᠵᠢᠬᠦᠯᠦᠨ ᠲᠡᠵᠢᠭᠡᠨ ᠦᠷᠡᠵᠢᠭᠦᠯᠬᠦ ᠲᠠᠯᠠᠪᠠᠢ᠂ | ᠤᠰᠤᠨ ᠭᠠᠷᠤᠯᠲᠠ ᠶᠢᠨ ᠪᠠᠷᠢᠮᠵᠢᠶᠠᠵᠢᠭᠤᠯᠤᠨ ᠡᠷᠡᠭᠦᠯ ᠢᠶᠠᠷ ᠲᠡᠵᠢᠭᠡᠨ ᠦᠷᠡᠵᠢᠭᠦᠯᠬᠦ ᠲᠠᠯᠠᠪᠠᠢ ᠶᠢ ᠪᠦᠲᠦᠭᠡᠨ | ᠪᠠᠶᠢᠭᠤᠯᠬᠤ ᠬᠡᠪᠴᠢᠶ᠎ᠡ ᠪᠠᠨ ᠲᠠᠰᠤᠷᠠᠯᠲᠠ ᠦᠭᠡᠢ ᠥᠷᠭᠡᠳᠭᠡᠬᠦ ᠬᠡᠷᠡᠭᠲᠡᠢ᠃ ᠨᠡᠶᠢᠲᠡ ᠳᠤ ᠬᠤᠣᠷᠳᠠᠭᠳᠠᠯ ᠦᠭᠡᠢ | ᠪᠦᠳᠦᠬᠡᠭᠳᠡᠬᠦᠨ᠂ ᠪᠣᠬᠢᠷᠳᠤᠯ ᠦᠭᠡᠢ ᠢᠳᠡᠭᠡᠨ ᠤ ᠵᠦᠢᠯ᠂ ᠤᠷᠭᠠᠨᠢᠭ ᠪᠦᠲᠦᠭᠡᠭᠳᠡᠭᠦᠨ ᠪᠠ ᠲᠠᠷᠢᠶᠠᠯᠠᠩ ᠤᠨ | ᠪᠦᠲᠦᠭᠡᠭᠳᠡᠭᠦᠨ ᠤ ᠭᠠᠵᠠᠷ ᠵᠦᠢ ᠶᠢᠨ ᠲᠡᠮᠲᠡᠭ ᠢ ᠯᠠᠪᠳᠠᠭᠤᠨ ᠢᠶᠠᠷ ᠬᠥᠭᠵᠢᠭᠦᠯᠵᠦ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠭᠦᠨ ᠢ ᠬᠠᠮᠠᠭᠠᠯᠠᠵᠤ᠂ ᠭᠠᠵᠠᠷ ᠣᠷᠣᠨ ᠤ ᠳᠠᠪᠠᠭᠤᠯᠢᠭ ᠪᠠ ᠣᠨᠴᠠᠯᠢᠭ ᠢ ᠪᠠᠳᠠᠷᠠᠭᠤᠯᠤᠨ᠂ | ᠵᠠᠰᠠᠭ ᠤᠨ ᠣᠷᠳᠤᠨ ᠬᠦᠲᠦᠯᠦᠨ ᠵᠢᠯᠤᠭᠤᠳᠴᠤ᠂ ᠵᠠᠬ᠎ᠠ ᠳᠡᠯᠭᠡᠭᠦᠷ ᠢᠶᠠᠷ ᠬᠦᠳᠡᠯᠭᠡᠭᠦᠷ ᠪᠣᠯᠭᠠᠨ᠂ ᠠᠵᠤ ᠠᠬᠤᠶᠢᠯᠠᠯ | ᠣᠷᠣᠯᠴᠠᠬᠤ ᠠᠵᠢᠯᠯᠠᠭᠠᠨ ᠤ ᠠᠷᠭ᠎ᠠ ᠮᠠᠶ᠋ᠢᠭ ᠢ ᠠᠪᠴᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠭᠦᠨ ᠤ ᠶᠠᠰᠤ ᠴᠢᠨᠠᠷ ᠢ ᠭᠡᠷᠡᠴᠢᠯᠡᠬᠦ ᠠᠵᠢᠯ ᠤᠨ ᠡᠷᠴᠢᠮ ᠢ ᠴᠢᠩᠭᠠᠷᠠᠭᠤᠯᠬᠤ ᠬᠡᠷᠡᠭᠲᠡᠢ᠃ ᠡᠯ᠎ᠡ ᠱᠠᠲᠤᠨ ᠤ | ᠵᠠᠰᠠᠭ ᠤᠨ ᠣᠷᠳᠤᠨ ᠤ ᠬᠢᠨ ᠨᠡᠶᠢᠲᠡ ᠳᠤ ᠬᠤᠣᠷᠳᠠᠭᠳᠠᠯ ᠦᠭᠡᠢ ᠪᠦᠳᠦᠬᠡᠭᠳᠡᠬᠦᠨ᠂ ᠪᠣᠬᠢᠷᠳᠤᠯ ᠦᠭᠡᠢ ᠢᠲᠡᠭᠡᠨ ᠤ | ᠵᠦᠢᠯ᠂ ᠤᠷᠭᠠᠨᠢᠭ ᠪᠦᠲᠦᠭᠡᠭᠳᠡᠭᠦᠨ ᠪᠠ ᠲᠠᠷᠢᠶᠠᠯᠠᠩ ᠤᠨ ᠪᠦᠲᠦᠭᠡᠭᠳᠡᠭᠦᠨ ᠤ ᠭᠠᠵᠠᠷ ᠵᠦᠢ ᠶᠢᠨ ᠲᠡᠮᠲᠡᠭ ᠢ | ᠬᠥᠭᠵᠢᠭᠦᠯᠬᠦ ᠠᠵᠢᠯ ᠢᠶᠠᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠢ ᠲᠦᠯᠬᠢᠨ ᠠᠬᠢᠭᠤᠯᠬᠤ᠂ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠦᠢᠯᠡᠳᠭᠦᠨ ᠤ ᠨᠡᠷᠡᠲᠦ ᠲᠦᠷᠦᠯ ᠲᠡᠮᠲᠡᠭ ᠢ ᠡᠭᠦᠳᠦᠨ ᠪᠠᠶᠢᠭᠤᠯᠬᠤ᠂ ᠶᠠᠰᠤ | ᠴᠢᠨᠠᠷ ᠤᠨ ᠠᠶᠤᠯ ᠦᠭᠡᠢ ᠶᠢ ᠪᠠᠲᠤᠯᠠᠬᠤ ᠴᠢᠬᠤᠯᠠ ᠭᠠᠷᠳᠠᠯ ᠢᠶᠠᠷ ᠦᠵᠡᠵᠦ᠂ ᠨᠡᠶᠢᠲᠡ ᠳᠤ ᠬᠤᠣᠷᠳᠠᠭᠳᠠᠯ ᠦᠭᠡᠢ | ᠪᠦᠳᠦᠬᠡᠭᠳᠡᠬᠦᠨ᠂ ᠪᠣᠬᠢᠷᠳᠤᠯ ᠦᠭᠡᠢ ᠢᠲᠡᠭᠡᠨ ᠤ ᠵᠦᠢᠯ᠂ ᠤᠷᠭᠠᠨᠢᠭ ᠪᠦᠲᠦᠭᠡᠭᠳᠡᠭᠦᠨ ᠪᠠ ᠲᠠᠷᠢᠶᠠᠯᠠᠩ ᠤᠨ | ᠪᠦᠲᠦᠭᠡᠭᠳᠡᠭᠦᠨ ᠤ ᠭᠠᠵᠠᠷ ᠵᠦᠢ ᠶᠢᠨ ᠲᠡᠮᠲᠡᠭ ᠢ ᠲᠡᠳᠭᠦᠵᠦ ᠬᠦᠬᠢᠭᠦᠯᠬᠦ ᠲᠣᠬᠠᠢ ᠲᠥᠷᠥ ᠶᠢᠨ ᠪᠣᠳᠣᠯᠭ᠎ᠠ ᠶᠢ | ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ ᠱᠠᠩᠨᠠᠵᠤ ᠨᠦᠬᠦᠪᠦᠷᠢᠯᠡᠬᠦ ᠶᠢᠨ ᠬᠡᠷᠡᠭᠵᠢᠭᠦᠯᠬᠦ ᠠᠷᠭ᠎ᠠ ᠶᠢ | ᠳᠥᠬᠦᠷᠵᠢᠭᠦᠯᠦᠨ ᠲᠣᠭᠲᠠᠭᠠᠵᠤ᠂ ᠲᠥᠷᠥ ᠶᠢᠨ ᠪᠣᠳᠣᠯᠭ᠎ᠠ ᠪᠠᠷ ᠬᠦᠲᠦᠯᠦᠨ ᠵᠢᠯᠤᠭᠤᠳᠬᠤ ᠪᠠᠷ ᠳᠠᠮᠵᠢᠵᠤ᠂ | ᠨᠡᠶᠢᠲᠡ ᠳᠤ ᠬᠤᠣᠷᠳᠠᠭᠳᠠᠯ ᠦᠭᠡᠢ ᠪᠦᠳᠦᠬᠡᠭᠳᠡᠬᠦᠨ᠂ ᠪᠣᠬᠢᠷᠳᠤᠯ ᠦᠭᠡᠢ ᠢᠲᠡᠭᠡᠨ ᠤ ᠵᠦᠢᠯ᠂ ᠤᠷᠭᠠᠨᠢᠭ | ᠪᠦᠲᠦᠭᠡᠭᠳᠡᠭᠦᠨ ᠪᠠ ᠲᠠᠷᠢᠶᠠᠯᠠᠩ ᠤᠨ ᠪᠦᠲᠦᠭᠡᠭᠳᠡᠭᠦᠨ ᠤ ᠭᠠᠵᠠᠷ ᠵᠦᠢ ᠶᠢᠨ ᠲᠡᠮᠲᠡᠭ ᠤᠨ ᠭᠡᠷᠡᠴᠢᠯᠡᠵᠦ | ᠪᠦᠷᠢᠳᠭᠡᠬᠦ ᠶᠢ ᠴᠢᠷᠮᠠᠶᠢᠨ ᠠᠬᠢᠭᠤᠯᠬᠤ ᠠᠵᠢᠯ ᠳᠤ ᠲᠤᠭ᠎ᠠ ᠬᠡᠮᠵᠢᠶ᠎ᠠ ᠪᠣᠯᠣᠨ ᠬᠡᠪᠴᠢᠶᠡᠨ ᠤ ᠲᠠᠯ᠎ᠠ ᠪᠠᠷ ᠰᠢᠨ᠎ᠡ | ᠰᠢᠪᠲᠤᠯᠠᠯᠲᠠ ᠶᠢ ᠪᠡᠶᠡᠯᠡᠭᠦᠯᠬᠦ ᠶᠢ ᠴᠢᠷᠮᠠᠶᠢᠨ ᠠᠬᠢᠭᠤᠯᠬᠤ ᠬᠡᠷᠡᠭᠲᠡᠢ᠃ ᠭᠡᠷᠡᠴᠢᠯᠡᠬᠦ ᠶᠢ ᠬᠢᠨᠠᠨ ᠬᠠᠮᠢᠶᠠᠷᠬᠤ ᠪᠠ | ᠲᠡᠮᠲᠡᠭ ᠢ ᠬᠡᠷᠡᠭᠯᠡᠵᠦ ᠬᠠᠮᠢᠶᠠᠷᠬᠤ ᠪᠠᠨ ᠴᠢᠩᠭᠠᠳᠬᠠᠵᠤ᠂ ᠭᠡᠷᠡᠴᠢᠯᠡᠭᠳᠡᠭᠰᠡᠨ ᠪᠦᠲᠦᠭᠡᠭᠳᠡᠭᠦᠨ ᠤ ᠲᠡᠮᠲᠡᠭ ᠤᠨ | ᠬᠡᠷᠡᠭᠯᠡᠬᠦ ᠨᠤᠷᠮ᠎ᠠ ᠶᠢ ᠳᠡᠭᠡᠭᠰᠢᠯᠡᠭᠦᠯᠦᠨ᠂ ᠨᠡᠶᠢᠲᠡ ᠳᠤ ᠬᠤᠤᠷᠳᠠᠭᠳᠠᠯ ᠦᠭᠡᠢ ᠪᠦᠳᠦᠬᠡᠭᠳᠡᠬᠦᠨ᠂ ᠪᠣᠬᠢᠷᠳᠤᠯ ᠦᠭᠡᠢ | ᠢᠲᠡᠭᠡᠨ ᠤ ᠵᠦᠢᠯ᠂ ᠤᠷᠭᠠᠨᠢᠭ ᠪᠦᠲᠦᠭᠡᠭᠳᠡᠭᠦᠨ ᠪᠠ ᠲᠠᠷᠢᠶᠠᠯᠠᠩ ᠤᠨ ᠪᠦᠲᠦᠭᠡᠭᠳᠡᠭᠦᠨ ᠤ ᠭᠠᠵᠠᠷ ᠵᠦᠢ ᠶᠢᠨ | ᠲᠡᠮᠲᠡᠭ ᠤᠨ ᠦᠢᠯᠡᠳᠦᠭᠰᠡᠨ ᠭᠠᠵᠠᠷ ᠲᠤᠨᠢ ᠬᠠᠮᠢᠶᠠᠷᠬᠤ᠂ ᠶᠠᠪᠤᠴᠠ ᠳᠤᠨᠢ ᠬᠠᠮᠢᠶᠠᠷᠤᠨ ᠡᠵᠡᠮᠳᠡᠬᠦ ᠵᠡᠷᠭᠡ | ᠲᠠᠯ᠎ᠠ ᠪᠠᠷ ᠬᠢ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠪᠣᠬᠢᠷᠳᠤᠯ | ᠦᠭᠡᠢ ᠢᠳᠡᠭᠡᠨ ᠤ ᠵᠦᠢᠯ ᠤᠨ ᠭᠡᠷᠡᠴᠢᠯᠡᠯ ᠢ ᠬᠦᠨᠡᠰᠦᠨ ᠤ ᠲᠦᠷᠦᠯ ᠡᠳ᠋ᠰᠢᠭᠦᠯᠬᠦ ᠠᠵᠤ ᠠᠬᠤᠶᠢᠯᠠᠯ ᠤᠨ | ᠦᠢᠯᠡᠳᠭᠦᠨ ᠳᠤ ᠡᠯ᠎ᠡ ᠱᠠᠲᠤᠨ ᠤ ᠠᠵᠤ ᠦᠢᠯᠡᠰᠵᠢᠭᠰᠡᠨ ᠬᠦᠲᠦᠴᠢ ᠠᠵᠤ ᠠᠬᠤᠶᠢᠯᠠᠯ ᠪᠣᠯᠣᠨ ᠨᠡᠷᠡᠲᠦ | ᠪᠦᠳᠦᠬᠡᠭᠳᠡᠬᠦᠨ ᠢ ᠦᠨᠡᠯᠡᠨ ᠲᠣᠭᠲᠠᠭᠠᠬᠤ ᠦᠨᠳᠦᠰᠦᠨ ᠨᠦᠬᠦᠴᠡᠯ ᠪᠤᠯᠭᠠᠬᠤ ᠬᠡᠷᠡᠭᠲᠡᠢ᠃ | ︵ᠲᠠᠪᠤ︶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠶᠤᠯ | ᠦᠭᠡᠢ ᠶᠢᠨ ᠪᠦᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠭᠦᠨ ᠤ ᠦᠢᠯᠡᠳᠦᠭᠰᠡᠨ ᠭᠠᠵᠠᠷ ᠲᠠᠬᠢ ᠠᠮᠦᠷ ᠲᠥᠪᠰᠢᠨ ᠤ ᠬᠠᠮᠢᠶᠠᠷᠤᠯᠲᠠ ᠶᠢ | ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠢ ᠶᠢᠨ ᠣᠷᠤᠭᠤᠯᠤᠯᠲᠠ ᠶᠢᠨ ᠵᠦᠢᠯ ᠳᠠᠬᠢ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠲᠠᠷᠢᠶᠠᠯᠠᠩ ᠮᠠᠯ ᠠᠵᠤ ᠠᠬᠤᠢ ᠶᠢᠨ ᠣᠷᠤᠭᠤᠯᠤᠯᠲᠠ ᠶᠢᠨ ᠵᠦᠢᠯ ᠤᠨ | ᠪᠦᠷᠢᠳᠭᠡᠨ ᠳᠠᠩᠰᠠᠯᠠᠬᠤ ᠪᠠ ᠬᠢᠨᠠᠨ ᠵᠥᠪᠰᠢᠶᠡᠷᠡᠵᠦ ᠬᠠᠮᠢᠶᠠᠷᠬᠤ ᠶᠢ ᠬᠠᠤᠯᠢ ᠶᠤᠰᠤᠭᠠᠷ ᠵᠢᠷᠤᠮᠵᠢᠭᠤᠯᠵᠤ᠂ | ᠡᠵᠡᠩᠨᠡᠯᠲᠡ ᠶᠢᠨ ᠵᠥᠪᠰᠢᠶᠡᠷᠡᠨ ᠣᠷᠣᠬᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠲᠠᠷᠢᠶᠠᠯᠠᠩ ᠮᠠᠯ ᠠᠵᠤ | ᠠᠬᠤᠢ ᠶᠢᠨ ᠦᠢᠯᠡᠳᠪᠦᠷᠢᠯᠡᠯ ᠤᠨ ᠵᠢᠯᠤᠭᠤᠳᠬᠤ ᠦᠢᠯᠡᠴᠢᠯᠡᠭᠡ ᠶᠢ ᠴᠢᠩᠭᠠᠳᠬᠠᠬᠤ ᠬᠡᠷᠡᠭᠲᠡᠢ᠃ ᠲᠠᠷᠢᠶᠠᠯᠠᠩ ᠮᠠᠯ | ᠠᠵᠤ ᠠᠬᠤᠢ ᠶᠢᠨ ᠪᠦᠲᠦᠭᠡᠭᠳᠡᠭᠦᠨ ᠤ ᠦᠢᠯᠡᠳᠪᠦᠷᠢᠯᠡᠬᠦ ᠪᠦᠬᠦ ᠶᠠᠪᠤᠴᠠ ᠶᠢᠨ ᠶᠠᠰᠤ ᠴᠢᠨᠠᠷ ᠤᠨ ᠠᠶᠤᠯ ᠦᠭᠡᠢ ᠶᠢ | ᠵᠢᠯᠤᠭᠤᠳᠴᠤ ᠴᠠᠭᠳᠠᠨ ᠪᠠᠶᠢᠴᠠᠭᠠᠬᠤ ᠪᠠ ᠰᠢᠯᠭᠠᠨ ᠪᠠᠶᠢᠴᠠᠭᠠᠬᠤ ᠶᠢ ᠴᠢᠩᠭᠠᠳᠬᠠᠵᠤ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠭᠦᠨ ᠤ ᠠᠵᠤ ᠠᠬᠤᠶᠢᠯᠠᠯ ᠪᠣᠯᠣᠨ ᠮᠠᠯᠴᠢᠨ ᠲᠠᠷᠢᠶᠠᠴᠢᠳ ᠤᠨ ᠲᠤᠰᠬᠠᠢ ᠬᠤᠷᠰᠢᠶ᠎ᠠ ᠶᠢ | ᠰᠢᠮᠳᠠᠭᠤᠯᠤᠨ ᠠᠶᠤᠯ ᠦᠭᠡᠢ ᠦᠢᠯᠡᠳᠪᠦᠷᠢᠯᠡᠯ ᠤᠨ ᠳᠠᠩᠰᠠ ᠡᠪᠬᠡᠮᠡᠯ ᠢ ᠬᠠᠤᠯᠢ ᠶᠣᠰᠤᠭᠠᠷ ᠪᠠᠶᠢᠭᠤᠯᠬᠤ ᠬᠡᠷᠡᠭᠲᠡᠢ᠃ | ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠮᠡᠳᠡᠭᠳᠡᠬᠦ ᠪᠠᠨ ᠴᠢᠩᠭᠠᠳᠬᠠᠵᠤ᠂ ᠦᠢᠯᠡᠳᠪᠦᠷᠢᠯᠡᠨ | ᠡᠵᠡᠩᠨᠡᠭᠴᠢᠳ ᠤᠨ ᠶᠠᠰᠤ ᠴᠢᠨᠠᠷ ᠤᠨ ᠠᠶᠤᠯ ᠦᠭᠡᠢ ᠶᠢᠨ ᠲᠠᠯ᠎ᠠ ᠪᠠᠷ ᠬᠢ ᠦᠵᠡᠯ ᠤᠬᠠᠮᠰᠠᠷ ᠢ ᠪᠦᠬᠦ ᠲᠠᠯ᠎ᠠ ᠪᠠᠷ | ᠳᠡᠭᠡᠭᠰᠢᠯᠡᠭᠦᠯᠬᠦ ᠬᠡᠷᠡᠭᠲᠡᠢ᠃ | ︵ᠵᠢᠷᠭᠤᠭ᠎ᠠ︶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠢ ᠶᠢ | ᠮᠦᠷᠳᠡᠨ ᠤᠬᠤᠴᠢᠯᠠᠬᠤ ᠪᠠᠨ ᠢᠳᠡᠪᠬᠢᠲᠡᠢ ᠲᠦᠯᠬᠢᠨ ᠠᠬᠢᠭᠤᠯᠬᠤ ᠬᠡᠷᠡᠭᠲᠡᠢ᠃ ᠶᠠᠰᠤ ᠴᠢᠨᠠᠷ ᠤᠨ ᠠᠶᠤᠯ ᠦᠭᠡᠢ ᠶᠢ | ᠮᠦᠷᠳᠡᠨ ᠤᠬᠤᠴᠢᠯᠠᠬᠤ ᠬᠤᠯᠪᠤᠭᠳᠠᠯ ᠪᠦᠬᠦᠢ ᠬᠠᠮᠢᠶᠠᠷᠤᠯᠲᠠ ᠶᠢᠨ ᠳᠦᠷᠢᠮ ᠪᠣᠯᠣᠨ ᠠᠷᠭ᠎ᠠ ᠶᠢ ᠪᠠᠶᠢᠭᠤᠯᠤᠨ | ᠪᠦᠷᠢᠨᠰᠢᠭᠦᠯᠬᠦ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠭᠦᠨ ᠤ ᠶᠠᠰᠤ ᠴᠢᠨᠠᠷ ᠤᠨ ᠠᠶᠤᠯ ᠦᠭᠡᠢ ᠶᠢ ᠬᠢᠨᠠᠨ ᠬᠠᠮᠢᠶᠠᠷᠬᠤ ᠲᠠᠯ᠎ᠠ ᠪᠠᠷ ᠬᠢ ᠮᠡᠳᠡᠭᠡ ᠵᠡᠩᠭᠢ ᠶᠢᠨ | ᠲᠡᠪᠴᠡᠩ ᠤᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠪᠣᠯᠪᠠᠰᠤᠷᠠᠭᠤᠯᠤᠯ ᠤᠨ ᠡᠷᠴᠢᠮ ᠢ | ᠴᠢᠩᠭᠠᠷᠠᠭᠤᠯᠤᠨ᠂ ᠠᠵᠤ ᠠᠬᠤᠶᠢᠯᠠᠯ᠂ ᠬᠠᠮᠲᠤᠷᠠᠨ ᠠᠵᠢᠯᠯᠠᠬᠤ ᠵᠣᠬᠢᠶᠠᠨ ᠪᠠᠶᠢᠭᠤᠯᠤᠯᠲᠠ ᠵᠢᠴᠢ ᠬᠤᠯᠪᠣᠭᠳᠠᠯ | ᠪᠦᠬᠦᠢ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠯᠦᠭᠡ ᠶᠢᠨ ᠵᠤᠯᠭᠠᠭᠤᠯᠬᠤ ᠠᠵᠢᠯ ᠢ ᠰᠠᠶᠢᠲᠤᠷ ᠬᠢᠬᠦ | ᠬᠡᠷᠡᠭᠲᠡᠢ᠃ ᠨᠦᠬᠦᠴᠡᠯ ᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠦᠢᠯᠡᠳᠪᠦᠷᠢᠯᠡᠯ ᠤᠨ | ᠠᠵᠤ ᠠᠬᠤᠶᠢᠯᠠᠯ᠂ ᠮᠠᠯᠴᠢᠨ ᠲᠠᠷᠢᠶᠠᠴᠢᠳ ᠤᠨ ᠲᠤᠰᠬᠠᠢ ᠬᠤᠷᠰᠢᠶ᠎ᠠ᠂ ᠭᠡᠷ ᠪᠦᠯᠢ ᠶᠢᠨ ᠮᠠᠯᠵᠢᠯ ᠤᠨ ᠲᠠᠯᠠᠪᠠᠢ᠂ | ᠲᠡᠵᠢᠭᠡᠨ ᠦᠷᠡᠵᠢᠭᠦᠯᠬᠦ ᠲᠤᠮᠤ ᠡᠷᠦᠬᠡ ᠵᠡᠷᠭᠡ ᠬᠡᠪᠴᠢᠶᠡᠵᠢᠭᠰᠡᠨ ᠦᠢᠯᠡᠳᠪᠦᠷᠢᠯᠡᠯ ᠡᠵᠡᠩᠨᠡᠯᠲᠡ ᠶᠢᠨ ᠭᠤᠣᠯ | ᠴᠤᠭᠴᠠ ᠶᠢ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠡᠪᠴᠡᠩ ᠳᠤ ᠣᠷᠣᠬᠤ ᠶᠢ ᠵᠣᠷᠢᠬᠵᠢᠭᠤᠯᠵᠤ᠂ | ᠶᠠᠰᠤ ᠴᠢᠨᠠᠷ ᠤᠨ ᠠᠶᠤᠯ ᠦᠭᠡᠢ ᠶᠢ ᠮᠦᠷᠳᠡᠨ ᠤᠬᠤᠴᠢᠯᠠᠬᠤ ᠠᠵᠢᠯ ᠢ ᠦᠷᠨᠢᠭᠦᠯᠬᠦ ᠬᠡᠷᠡᠭᠲᠡᠢ᠃ ᠬᠢᠨᠠᠯᠲᠠ | ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠡᠪᠴᠡᠩ ᠤᠨ ᠠᠭᠤᠯᠭ᠎ᠠ ᠶᠢ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ | ᠬᠢᠨᠠᠨ ᠬᠠᠮᠢᠶᠠᠷᠤᠭᠳᠠᠬᠤ ᠡᠲᠡᠭᠡᠳ ᠲᠤ ᠮᠡᠳᠡᠭᠡ ᠵᠠᠩᠭᠢᠵᠢᠯᠡᠬᠰᠠᠨ ᠬᠠᠮᠢᠶᠠᠷᠤᠯᠲᠠ᠂ ᠬᠦᠳᠡᠯᠦᠩᠭᠦᠢ ᠬᠠᠮᠢᠶᠠᠷᠤᠯᠲᠠ ᠶᠢ | ᠪᠡᠶᠡᠯᠡᠭᠦᠯᠦᠨ᠂ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠡᠪᠴᠡᠩ ᠢ ᠬᠢᠨᠠᠨ ᠬᠠᠮᠢᠶᠠᠷᠬᠤ ᠴᠢᠳᠠᠪᠤᠷᠢ ᠪᠠᠨ | ᠳᠡᠭᠡᠭᠰᠢᠯᠡᠭᠦᠯᠬᠦ ᠶᠢᠨ ᠪᠦᠲᠦᠮᠵᠢᠲᠡᠢ ᠠᠷᠭ᠎ᠠ ᠮᠠᠶ᠋ᠢᠭ ᠢᠶᠠᠷ ᠦᠵᠡᠵᠦ᠂ ᠠᠵᠢᠯ ᠦᠷᠨᠢᠭᠦᠯᠬᠦ ᠶᠢ ᠵᠢᠯᠤᠭᠤᠳᠤᠨ᠂ ᠬᠢᠨᠠᠨ | ᠬᠠᠮᠢᠶᠠᠷᠬᠤ ᠠᠵᠢᠯᠯᠠᠭ᠎ᠠ ᠶᠢ ᠵᠢᠷᠤᠮᠵᠢᠭᠤᠯᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ | ︵ᠳᠤᠯᠤᠭ᠎ᠠ︶ ᠭᠠᠷᠤᠯᠲᠠ ᠶᠢᠨ ᠣᠷᠣᠨ ᠠᠴᠠ ᠵᠥᠪᠰᠢᠶᠡᠷᠡᠨ ᠭᠠᠷᠭᠠᠬᠤ ᠬᠠᠮᠢᠶᠠᠷᠤᠯᠲᠠ ᠶᠢ | ᠰᠦᠪᠡᠭᠴᠢᠯᠡᠨ ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠭᠦᠨ ᠤ ᠭᠠᠷᠤᠯᠲᠠ ᠶᠢᠨ ᠣᠷᠣᠨ ᠢ ᠭᠡᠷᠡᠴᠢᠯᠡᠬᠦ ᠳᠦᠷᠢᠮ ᠢᠶᠠᠨ ᠲᠣᠬᠠᠢ ᠶᠢᠨ ᠭᠠᠵᠠᠷ ᠣᠷᠣᠨ ᠳᠤᠨᠢ | ᠲᠣᠬᠢᠷᠠᠭᠤᠯᠤᠨ ᠪᠠᠶᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠦᠢᠯᠡᠳᠪᠦᠷᠢᠯᠡᠨ | ᠡᠵᠡᠩᠨᠡᠭᠴᠢᠳ ᠢ ᠰᠢᠮᠳᠠᠭᠤᠯᠵᠤ ᠪᠠᠶᠢᠭᠠᠳ ᠦᠢᠯᠡᠳᠪᠦᠷᠢᠯᠡᠯ ᠢᠶᠠᠨ ᠪᠠᠷᠢᠮᠵᠢᠶᠠᠵᠢᠭᠤᠯᠤᠨ ᠬᠠᠮᠢᠶᠠᠷᠬᠤ ᠪᠠ | ᠵᠠᠩᠬᠢᠯᠠᠭ᠎ᠠ ᠶᠢᠨ ᠴᠢᠬ ᠲᠤ ᠡᠵᠡᠮᠳᠡᠬᠦ ᠶᠢ ᠴᠢᠩᠭᠠᠳᠬᠠᠬᠤ ᠬᠡᠷᠡᠭᠲᠡᠢ᠃ ᠨᠡᠶᠢᠲᠡ ᠳᠤ ᠬᠤᠣᠷᠳᠠᠭᠳᠠᠯ ᠦᠭᠡᠢ | ᠲᠡᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠭᠠᠷᠤᠯᠲᠠ ᠶᠢᠨ ᠣᠷᠣᠨ ᠢ ᠨᠤᠲᠠᠯᠠᠨ ᠲᠣᠭᠲᠠᠭᠠᠬᠤ᠂ | ᠨᠡᠶᠢᠲᠡ ᠳᠤ ᠬᠤᠣᠷᠳᠠᠭᠳᠠᠯ ᠦᠭᠡᠢ ᠪᠦᠳᠦᠬᠡᠭᠳᠡᠬᠦᠨ᠂ ᠪᠣᠬᠢᠷᠳᠤᠯ ᠦᠭᠡᠢ ᠢᠳᠡᠭᠡᠨ ᠤ ᠵᠦᠢᠯ᠂ ᠤᠷᠭᠠᠨᠢᠭ | ᠪᠦᠲᠦᠭᠡᠭᠳᠡᠭᠦᠨ ᠪᠠ ᠲᠠᠷᠢᠶᠠᠯᠠᠩ ᠤᠨ ᠪᠦᠳᠦᠬᠡᠭᠳᠡᠬᠦᠨ ᠤ ᠭᠠᠵᠠᠷ ᠵᠦᠢ ᠶᠢᠨ ᠲᠡᠮᠲᠡᠭ ᠲᠠᠢ ᠪᠦᠳᠦᠬᠡᠭᠳᠡᠬᠦᠨ ᠢ | ᠭᠡᠷᠡᠴᠢᠯᠡᠨ ᠳᠠᠩᠰᠠᠯᠠᠬᠤ᠂ ᠦᠢᠯᠡᠳᠪᠦᠷᠢᠯᠡᠯ ᠢᠶᠠᠨ ᠦᠪᠡᠰᠤᠪᠡᠨ ᠪᠠᠶᠢᠴᠠᠭᠠᠬᠤ᠂ ᠨᠠᠶᠢᠳᠠᠵᠤ ᠬᠢᠨᠠᠨ ᠰᠢᠯᠭᠠᠭᠤᠯᠬᠤ | ᠵᠡᠷᠭᠡ ᠠᠷᠭ᠎ᠠ ᠬᠡᠮᠵᠢᠶ᠎ᠠ ᠪᠠᠷ ᠳᠠᠮᠵᠢᠵᠤ᠂ ᠭᠠᠷᠤᠯᠲᠠ ᠶᠢᠨ ᠣᠷᠣᠨ ᠠᠴᠠ ᠵᠥᠪᠰᠢᠶᠡᠷᠡᠨ ᠭᠠᠷᠭᠠᠬᠤ ᠶᠠᠰᠤ ᠴᠢᠨᠠᠷ ᠤᠨ | ᠠᠶᠤᠯ ᠦᠭᠡᠢ ᠶᠢᠨ ᠪᠣᠭᠤᠮᠲᠠ ᠶᠢ ᠰᠠᠶᠢᠲᠤᠷ ᠰᠠᠬᠢᠬᠤ ᠬᠡᠷᠡᠭᠲᠡᠢ᠃ ᠭᠠᠷᠤᠯᠲᠠ ᠶᠢᠨ ᠣᠷᠣᠨ ᠠᠴᠠ ᠵᠥᠪᠰᠢᠶᠡᠷᠡᠨ | ᠭᠠᠷᠭᠠᠬᠤ ᠠᠵᠢᠯ ᠳᠠᠬᠢ ᠵᠢᠯᠤᠭᠤᠳᠴᠤ ᠦᠢᠯᠡᠴᠢᠯᠡᠬᠦ ᠪᠠ ᠰᠢᠯᠭᠠᠵᠤ ᠰᠣᠭᠤᠴᠠᠨ ᠪᠠᠶᠢᠴᠠᠭᠠᠬᠤ ᠠᠵᠢᠯ ᠢ | ᠴᠢᠩᠭᠠᠳᠬᠠᠵᠤ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠯᠤᠭ᠎ᠠ ᠪᠦᠲᠦᠮᠵᠢᠲᠡᠢ ᠵᠤᠯᠭᠠᠭᠤᠯᠬᠤ ᠠᠵᠢᠯ ᠢ | ᠰᠠᠶᠢᠲᠤᠷ ᠬᠢᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠬᠢᠷᠢ ᠲᠡᠩᠴᠡᠵᠦ ᠵᠠᠬ᠎ᠠ ᠳᠡᠯᠭᠡᠭᠦᠷ | ᠳᠡᠭᠡᠷ᠎ᠡ ᠭᠠᠷᠬᠤ ᠪᠠ ᠰᠠᠭᠠᠳ ᠦᠭᠡᠢ ᠨᠡᠪᠲᠡᠷᠡᠬᠦ ᠶᠢ ᠪᠡᠶᠡᠯᠡᠭᠦᠯᠬᠦ ᠬᠡᠷᠡᠭᠲᠡᠢ᠃ | ︵ᠨᠠᠢᠮᠠ︶ ᠮᠠᠯ ᠵᠢᠬᠦᠷᠳᠡᠨ ᠢ ᠨᠢᠳᠤᠯᠬᠤ ᠵᠠᠩᠭᠢᠯᠠᠭ᠎ᠠ ᠳᠠᠬᠢ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ ᠬᠡᠷᠡᠭᠲᠡᠢ᠃ ᠮᠠᠯ ᠵᠢᠬᠦᠷᠳᠡᠨ ᠢ ᠨᠢᠳᠤᠯᠬᠤ ᠵᠠᠩᠬᠢᠯᠠᠭ᠎ᠠ ᠳᠠᠬᠢ ᠶᠠᠰᠤ ᠴᠢᠨᠠᠷ ᠤᠨ ᠠᠶᠤᠯ ᠦᠭᠡᠢ ᠶᠢ | ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠬᠢᠨᠠᠮᠠᠭᠠᠢ ᠨᠠᠶᠢᠳᠠᠪᠤᠷᠢᠵᠢᠭᠤᠯᠵᠤ᠂ ᠮᠠᠯ ᠵᠢᠬᠦᠷᠳᠡᠨ ᠢ ᠲᠣᠭᠲᠠᠭᠰᠠᠨ | ᠴᠢᠬ ᠲᠤ ᠨᠢᠳᠤᠯᠬᠤ ᠬᠠᠮᠢᠶᠠᠷᠤᠯᠲᠠ ᠶᠢ ᠴᠢᠩᠭᠠᠷᠠᠭᠤᠯᠤᠨ᠂ ᠨᠢᠳᠤᠯᠬᠤ ᠭᠠᠵᠠᠷ ᠲᠤ ᠤᠷᠤᠵᠦ ᠪᠠᠶᠢᠴᠠᠭᠠᠵᠤ | ᠪᠦᠷᠢᠳᠭᠡᠬᠦ᠂ ᠮᠢᠬ᠎ᠠ ᠶᠢ ᠪᠠᠶᠢᠴᠠᠭᠠᠨ ᠰᠢᠯᠭᠠᠬᠤ᠂ ︽ᠬᠠᠷ᠎ᠠ ᠮᠢᠬᠠᠯᠠᠭᠤᠯᠬᠤ ᠬᠠᠨᠳᠠ︾ ᠶᠢ ᠦᠪᠡᠰᠤᠪᠡᠨ | ᠪᠠᠶᠢᠴᠠᠭᠠᠬᠤ ᠵᠡᠷᠭᠡ ᠳᠦᠷᠢᠮ ᠢ ᠰᠢᠮᠳᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠲᠤᠭᠤᠷᠢᠨ ᠪᠠᠶᠢᠴᠠᠭᠠᠵᠤ | ᠰᠣᠭᠤᠴᠠᠨ ᠪᠠᠶᠢᠴᠠᠭᠠᠬᠤ ᠪᠠ ᠬᠢᠵᠢᠭ ᠢ ᠪᠠᠶᠢᠴᠠᠭᠠᠬᠤ ᠠᠵᠢᠯ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠬᠤᠪᠢ ᠪᠠᠷ ᠢᠶᠠᠨ ᠳᠤᠷ᠎ᠠ ᠪᠠᠷ ᠨᠢᠳᠤᠯᠬᠤ᠂ ᠡᠪᠡᠳᠴᠢᠨ ᠢᠶᠠᠷ ᠮᠦᠬᠦᠭᠰᠡᠨ ᠠᠮᠢᠲᠠᠨ ᠢ ᠨᠢᠳᠤᠯᠬᠤ᠂ ᠤᠰᠤ | ᠴᠢᠳᠬᠤᠵᠦ ᠣᠷᠤᠭᠤᠯᠬᠤ ᠵᠢᠴᠢ ᠬᠠᠤᠯᠢ ᠪᠤᠰᠤ ᠪᠠᠷ ᠬᠤᠣᠷ ᠬᠦᠨᠦᠭᠡᠯ ᠲᠠᠢ ᠡᠳ᠋ ᠪᠤᠳᠠᠰ ᠢ ᠨᠡᠮᠡᠨ ᠣᠷᠣᠭᠤᠯᠬᠤ | ᠵᠡᠷᠭᠡ ᠬᠠᠤᠯᠢ ᠲᠣᠭᠲᠠᠭᠠᠯ ᠠᠴᠠ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠲᠠ ᠥᠭᠬᠦ ᠬᠡᠷᠡᠭᠲᠡᠢ᠃ ᠨᠢᠳᠤᠯᠬᠤ | ᠶᠠᠪᠤᠴᠠ ᠳᠠᠬᠢ ᠬᠢᠵᠢᠭ ᠤᠨ ᠪᠠᠶᠢᠴᠠᠭᠠᠯᠲᠠ ᠶᠢ ᠴᠢᠩᠭᠠᠷᠠᠭᠤᠯᠵᠤ᠂ ᠰᠢᠯᠭᠠᠨ ᠪᠠᠶᠢᠴᠠᠭᠠᠳ ᠬᠢᠵᠢᠭ ᠤᠨ | ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠪᠤᠯ ᠨᠢᠳᠤᠯᠬᠤ ᠭᠠᠵᠠᠷ ᠠᠴᠠ ᠭᠠᠷᠭᠠᠨ ᠪᠣᠷᠤᠯᠠᠭᠤᠯᠵᠤ ᠪᠣᠯᠬᠤ ᠦᠭᠡᠢ | ᠃ ᠡᠪᠡᠳᠴᠢᠨ ᠢᠶᠠᠷ ᠮᠦᠬᠦᠭᠰᠡᠨ ᠮᠠᠯ ᠵᠢᠬᠦᠷᠳᠡᠨ ᠤ ᠠᠰᠢᠭ ᠰᠢᠮ᠎ᠠ ᠶᠢ ᠬᠤᠣᠷ ᠬᠦᠨᠦᠭᠡᠯ ᠦᠭᠡᠢ ᠪᠠᠷ ᠰᠢᠢᠳᠪᠦᠷᠢᠯᠡᠬᠦ | ᠳᠦᠷᠢᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠣᠷ ᠦᠭᠡᠢ ᠪᠠᠷ ᠰᠢᠢᠳᠪᠦᠷᠢᠯᠡᠬᠦ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ | ︵ᠶᠢᠰᠦ︶ ᠲᠤᠰᠬᠠᠶᠢᠯᠠᠨ ᠵᠠᠰᠠᠬᠤ ᠠᠵᠢᠯ ᠢ ᠭᠦᠨᠵᠡᠭᠡᠢ ᠦᠷᠨᠢᠭᠦᠯᠬᠦ ᠬᠡᠷᠡᠭᠲᠡᠢ᠃ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠶᠤᠯ ᠦᠭᠡᠢ ᠶᠢᠨ ᠲᠤᠰᠬᠠᠶᠢᠯᠠᠨ ᠵᠠᠰᠠᠬᠤ | ᠠᠵᠢᠯᠯᠠᠭ᠎ᠠ ᠶᠢ ᠬᠦᠨᠵᠡᠭᠡᠢ ᠦᠷᠨᠢᠭᠦᠯᠵᠦ᠂ ᠬᠠᠤᠯᠢ ᠪᠤᠰᠤ ᠪᠠᠷ ᠡᠳ᠋ ᠨᠡᠮᠡᠬᠦ᠂ ᠬᠠᠭᠤᠷᠮᠠᠭ ᠢᠶᠠᠷ ᠵᠣᠬᠢᠶᠠᠵᠤ ᠬᠤᠳᠠᠯ | ᠪᠦᠳᠦᠬᠡᠭᠳᠡᠬᠦᠨ ᠬᠤᠳᠠᠯᠳᠤᠬᠤ ᠵᠡᠷᠭᠡ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠶᠡᠭᠡ ᠬᠤᠣᠷᠲᠠᠢ | ᠲᠡᠷᠢᠶᠠᠯᠠᠩ ᠤᠨ ᠡᠮ᠂ ︽ᠬᠠᠷ᠎ᠠ ᠮᠢᠬᠠᠯᠠᠭᠤᠯᠬᠤ ᠬᠠᠨᠳᠠ︾᠂ ᠬᠡᠷᠡᠭᠯᠡᠬᠦ ᠶᠢ ᠨᠢ ᠴᠠᠭᠠᠵᠠᠯᠠᠭᠰᠠᠨ ᠠᠮᠢᠲᠠᠨ ᠤ ᠡᠮ ᠢ | ᠬᠠᠤᠯᠢ ᠲᠣᠭᠲᠠᠭᠠᠯ ᠠᠴᠠ ᠵᠦᠷᠢᠴᠡᠵᠦ ᠬᠡᠷᠡᠭᠯᠡᠬᠦ ᠵᠡᠷᠭᠡ ᠲᠤᠪᠤᠶᠢᠮ᠎ᠠ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠢ | ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠶᠤᠯ ᠦᠭᠡᠢ ᠶᠢᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠬᠡᠷᠡᠭ ᠢ ᠪᠠᠶᠢᠴᠠᠭᠠᠵᠤ ᠰᠢᠳᠭᠡᠬᠦ ᠡᠷᠴᠢᠮ ᠢᠶᠠᠨ | ᠴᠢᠩᠭᠠᠷᠠᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢ | ᠵᠤᠯᠭᠠᠭᠤᠯᠬᠤ ᠪᠠᠨ ᠴᠢᠩᠭᠠᠳᠬᠠᠵᠤ᠂ ᠬᠠᠤᠯᠢ ᠠᠴᠠ ᠵᠦᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠰᠢᠳᠭᠡᠬᠦ | ᠬᠡᠷᠡᠭᠲᠡᠢ᠃ ᠬᠤᠯᠪᠤᠭᠳᠠᠯ ᠪᠦᠬᠦᠢ ᠬᠡᠷᠡᠭ ᠢ ᠴᠠᠭ ᠲᠤᠬᠠᠢ ᠳᠤᠨᠢ ᠢᠯᠡᠴᠢᠯᠡᠨ ᠨᠡᠶᠢᠳᠡᠯᠡᠵᠦ᠂ ᠬᠠᠭᠤᠷᠮᠠᠭ | ᠪᠦᠳᠦᠬᠡᠭᠳᠡᠬᠦᠨ ᠦᠢᠯᠡᠳᠪᠦᠷᠢᠯᠡᠨ ᠬᠤᠳᠠᠯᠳᠤᠭᠴᠢᠳ ᠲᠤ ᠴᠤᠬᠢᠯᠲᠠ ᠥᠭᠴᠦ ᠡᠷᠬᠡ ᠪᠠᠨ ᠬᠠᠮᠠᠭᠠᠯᠠᠬᠤ ᠰᠠᠶᠢᠨ | ᠰᠠᠶᠢᠬᠠᠨ ᠨᠡᠶᠢᠭᠡᠮ ᠤᠨ ᠤᠷᠴᠢᠨ ᠠᠬᠤᠢ ᠶᠢ ᠪᠣᠢ ᠪᠣᠯᠭᠠᠬᠤ ᠬᠡᠷᠡᠭᠲᠡᠢ᠃ | ᠳᠥᠷᠪᠡ᠂ ᠠᠵᠢᠯ ᠤᠨ ᠠᠬᠢᠴᠠ ᠶᠢᠨ ᠲᠣᠬᠢᠷᠠᠭᠤᠯᠤᠯᠲᠠ | ︵ᠨᠢᠭᠡ︶ ᠬᠢᠨᠠᠨ ᠬᠠᠮᠢᠶᠠᠷᠬᠤ᠂ ᠪᠠᠶᠢᠴᠠᠭᠠᠨ ᠰᠢᠯᠭᠠᠬᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ | ︵2014 ᠣᠨ ᠤ 4 ᠳ᠋ᠤᠭᠡᠷ ᠰᠠᠷ᠎ᠠ ᠠᠴᠠ 2015 ᠣᠨ ᠤ 12 ᠳ᠋ᠤᠭᠠᠷ ᠰᠠᠷ᠎ᠠ ᠪᠣᠯᠲᠠᠯ᠎ᠠ︶ | ᠲᠠᠷᠢᠶᠠᠯᠠᠩ ᠤᠨ ᠶᠠᠮᠤᠨ ᠤ ᠱᠠᠭᠠᠷᠳᠠᠯᠭ᠎ᠠ ᠶᠤᠰᠤᠭᠠᠷ᠂ 2014 ᠣᠨ ᠤ ᠵᠢᠯ ᠤᠨ ᠰᠡᠭᠦᠯᠴᠢ ᠠᠴᠠ | ᠡᠮᠦᠨ᠎ᠡ᠂ ᠪᠦᠬᠦ ᠬᠤᠰᠢᠭᠤ ᠰᠢᠶᠠᠨ ᠲᠣᠭᠤᠷᠢᠭ ᠤᠳ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ | ᠶᠠᠰᠤ ᠴᠢᠨᠠᠷ ᠤᠨ ᠠᠶᠤᠯ ᠦᠭᠡᠢ ᠶᠢᠨ ᠬᠢᠨᠠᠨ ᠬᠠᠮᠢᠶᠠᠷᠬᠤ ᠪᠠᠶᠢᠭᠤᠯᠤᠮᠵᠢ ᠶᠢ ᠪᠦᠲᠦᠭᠡᠨ ᠪᠠᠶᠢᠭᠤᠯᠬᠤ ᠡᠭᠦᠷᠭᠡ ᠪᠠᠨ | ᠪᠡᠶᠡᠯᠡᠭᠦᠯᠬᠦ ᠬᠡᠷᠡᠭᠲᠡᠢ᠃ 2013 ᠣᠨ ᠠᠴᠠ ᠡᠮᠦᠨ᠎ᠡ ᠴᠤᠬᠤᠯᠠᠪᠤᠷᠢᠯᠠᠵᠦ ᠪᠦᠲᠦᠭᠡᠨ ᠪᠠᠶᠢᠭᠤᠯᠬᠤ ᠠᠶᠢᠮᠠᠭ | ᠬᠤᠲᠠ ᠶᠢᠨ ᠱᠠᠲᠤᠨ ᠤ ᠪᠠᠶᠢᠴᠠᠭᠠᠨ ᠰᠢᠯᠭᠠᠬᠤ ᠪᠠᠶᠢᠭᠤᠯᠤᠮᠵᠢ ᠪᠣᠯᠣᠨ 2014 ᠣᠨ ᠠᠴᠠ ᠡᠮᠦᠨ᠎ᠡ | ᠴᠤᠬᠤᠯᠠᠪᠤᠷᠢᠯᠠᠵᠦ ᠪᠦᠲᠦᠭᠡᠨ ᠪᠠᠶᠢᠭᠤᠯᠬᠤ ᠬᠤᠰᠢᠭᠤ ᠰᠢᠶᠠᠨ ᠤ ᠱᠠᠲᠤᠨ ᠤ ᠪᠠᠶᠢᠴᠠᠭᠠᠨ ᠰᠢᠯᠭᠠᠬᠤ | ᠪᠠᠶᠢᠭᠤᠯᠤᠮᠵᠢ ᠶᠢ 2015 ᠣᠨ ᠤ ᠵᠢᠯ ᠤᠨ ᠰᠡᠭᠦᠯᠴᠢ ᠠᠴᠠ ᠡᠮᠦᠨ᠎ᠡ ᠪᠦᠲᠦᠭᠡᠨ ᠪᠠᠶᠢᠭᠤᠯᠬᠤ ᠡᠭᠦᠷᠭᠡ ᠪᠠᠨ | ᠪᠡᠶᠡᠯᠡᠭᠦᠯᠬᠦ ᠶᠢᠨ ᠬᠠᠮᠲᠤ ᠲᠦᠷᠦᠯ ᠵᠦᠢᠯ ᠤᠨ ᠰᠢᠯᠭᠠᠨ ᠬᠤᠷᠢᠶᠠᠯᠲᠠ ᠶᠢ ᠦᠩᠭᠡᠷᠡᠬᠡᠬᠦ ᠬᠡᠷᠡᠭᠲᠡᠢ᠃ 2020 ᠣᠨ | ᠪᠣᠯᠲᠠᠯ᠎ᠠ᠂ 100% ᠶᠢᠨ ᠦᠪᠡᠷᠲᠡᠭᠡᠨ ᠵᠠᠰᠠᠬᠤ ᠣᠷᠣᠨ᠂ ᠠᠶᠢᠮᠠᠭ ︵ᠬᠤᠲᠠ︶ ᠤᠨ ᠱᠠᠲᠤᠨ ᠤ ᠲᠠᠷᠢᠶᠠᠯᠠᠩ ᠤᠨ | ᠪᠦᠲᠦᠭᠡᠭᠳᠡᠭᠦᠨ ᠤ ᠶᠠᠰᠤ ᠴᠢᠨᠠᠷ ᠢ ᠬᠢᠨᠠᠨ ᠪᠠᠶᠢᠴᠠᠭᠠᠬᠤ ᠪᠠᠶᠢᠭᠤᠯᠤᠮᠵᠢ ᠪᠣᠯᠣᠨ 70% ᠶᠢᠨ ᠬᠤᠰᠢᠭᠤ ᠰᠢᠶᠠᠨ ᠤ | ᠱᠠᠲᠤᠨ ᠤ ᠶᠠᠰᠤ ᠴᠢᠨᠠᠷ ᠢ ᠬᠢᠨᠠᠨ ᠪᠠᠶᠢᠴᠠᠭᠠᠬᠤ ᠪᠠᠶᠢᠭᠤᠯᠤᠮᠵᠢ ᠨᠤᠭᠤᠳ ᠬᠡᠮᠵᠢᠯᠲᠡ ᠶᠢᠨ ᠭᠡᠷᠡᠴᠢᠯᠡᠯ ᠪᠠ | ᠪᠠᠶᠢᠭᠤᠯᠤᠮᠵᠢ ᠶᠢᠨ ᠬᠢᠨᠠᠨ ᠰᠢᠯᠭᠠᠯᠲᠠ ᠶᠢ ᠦᠩᠭᠡᠷᠡᠬᠦᠯᠬᠦ ᠬᠡᠷᠡᠭᠲᠡᠢ᠃ ᠤᠷᠳᠤᠪᠳᠤᠷ ᠪᠠ ᠤᠷᠲᠤ ᠬᠤᠭᠤᠴᠠᠭ᠎ᠠ | ᠪᠤᠯᠤᠨ ᠵᠢᠯ ᠤᠨ ᠪᠣᠯᠪᠠᠰᠤᠷᠠᠭᠤᠯᠤᠯ ᠤᠨ ᠲᠦᠯᠦᠪᠯᠡᠭᠡ ᠶᠢ ᠲᠣᠭᠲᠠᠭᠠᠵᠤ᠂ ᠵᠢᠯ ᠤᠨ ᠠᠵᠢᠯ ᠤᠨ ᠪᠤᠳᠠᠳᠠᠢ ᠲᠠᠢ ᠪᠠᠨ | ᠤᠶᠠᠯᠳᠤᠭᠤᠯᠤᠨ᠂ ᠬᠢᠨᠠᠨ ᠬᠠᠮᠢᠶᠠᠷᠬᠤ ᠠᠵᠢᠯᠲᠠᠨ᠂ ᠪᠠᠶᠢᠴᠠᠭᠠᠨ ᠰᠢᠯᠭᠠᠬᠤ ᠠᠵᠢᠯᠲᠠᠨ᠂ ᠳᠤᠲᠤᠭᠠᠲᠤ ᠶᠢᠨ ᠬᠢᠨᠠᠬᠤ | ᠠᠵᠢᠯᠲᠠᠨ ᠤ ᠪᠣᠯᠪᠠᠰᠤᠷᠠᠭᠤᠯᠤᠯ ᠢ ᠦᠷᠨᠢᠭᠦᠯᠵᠦ᠂ 3 — 5 ᠵᠢᠯ ᠪᠣᠯᠬᠤ ᠪᠦᠷᠢ ᠳᠡᠭᠡᠷ᠎ᠡ ᠲᠤᠷᠠᠳᠤᠭᠰᠠᠨ | ᠠᠵᠢᠯᠲᠠᠳ ᠢ ᠨᠢᠭᠡ ᠤᠳᠠᠭ᠎ᠠ ᠡᠭᠡᠯᠵᠢᠯᠡᠨ ᠪᠣᠯᠪᠠᠰᠤᠷᠠᠭᠤᠯᠬᠤ ᠪᠠᠷ ᠴᠢᠷᠮᠠᠶᠢᠬᠤ ᠬᠡᠷᠡᠭᠲᠡᠢ᠃ | ︵ᠬᠤᠶᠠᠷ︶ ᠮᠦᠷᠳᠡᠨ ᠤᠬᠤᠴᠢᠯᠠᠬᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ︵2014 | ᠣᠨ ᠤ 4 ᠳ᠋ᠤᠭᠡᠷ ᠰᠠᠷ᠎ᠠ ᠠᠴᠠ 2017 ᠣᠨ ᠤ 12 ᠳ᠋ᠤᠭᠠᠷ ᠰᠠᠷ᠎ᠠ ᠪᠣᠯᠲᠠᠯ᠎ᠠ︶ | 2014 ᠣᠨ ᠤ 10 ᠳ᠋ᠤᠭᠠᠷ ᠰᠠᠷ᠎ᠠ ᠠᠴᠠ ᠡᠮᠦᠨ᠎ᠡ᠂ ᠬᠢᠨᠠᠯᠲᠠ ᠬᠠᠮᠢᠶᠠᠷᠤᠯᠲᠠ ᠶᠢᠨ ᠮᠡᠳᠡᠭᠡ | ᠵᠠᠩᠭᠢ ᠶᠢᠨ ᠲᠡᠪᠴᠡᠩ ᠵᠢᠴᠢ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠶᠢᠨ ᠬᠠᠮᠲᠤ ᠲᠣᠷᠰᠢᠨ | ᠬᠡᠷᠡᠭᠯᠡᠬᠦ ᠳᠤ ᠣᠷᠤᠭᠤᠯᠵᠤ᠂ 2015 ᠣᠨ ᠤ 4 ᠳ᠋ᠤᠭᠡᠷ ᠰᠠᠷ᠎ᠠ ᠳᠤ ᠵᠢᠩᠬᠢᠨᠢ ᠪᠠᠷ ᠬᠡᠷᠡᠭᠯᠡᠯᠲᠡ ᠳᠤ ᠣᠷᠤᠭᠤᠯᠤᠨ᠎ᠠ᠃ | 2015 ᠣᠨ ᠤ ᠰᠡᠭᠦᠯᠴᠢ᠂ 20% ᠶᠢᠨ ᠨᠡᠶᠢᠲᠡ ᠶᠢᠨ ᠬᠤᠣᠷᠳᠠᠭᠳᠠᠯ ᠦᠭᠡᠢ ᠪᠦᠳᠦᠬᠡᠭᠳᠡᠬᠦᠨ᠂ ᠪᠣᠬᠢᠷᠳᠤᠯ | ᠦᠭᠡᠢ ᠢᠳᠡᠭᠡᠨ ᠤ ᠵᠦᠢᠯ᠂ ᠤᠷᠭᠠᠨᠢᠭ ᠪᠦᠲᠦᠭᠡᠭᠳᠡᠭᠦᠨ ᠪᠠ ᠲᠠᠷᠢᠶᠠᠯᠠᠩ ᠤᠨ ᠪᠦᠳᠦᠬᠡᠭᠳᠡᠬᠦᠨ ᠤ ᠭᠠᠵᠠᠷ ᠵᠦᠢ ᠶᠢᠨ | ᠲᠡᠮᠲᠡᠭ ᠲᠠᠢ ᠠᠵᠤ ᠠᠬᠤᠶᠢᠯᠠᠯ ᠢ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠡᠪᠴᠡᠩ ᠳᠤ ᠣᠷᠣᠭᠤᠯᠬᠤ | ᠬᠡᠷᠡᠭᠲᠡᠢ᠃ 2016 ᠣᠨ ᠪᠠ 2017 ᠣᠨ ᠪᠣᠯᠲᠠᠯ᠎ᠠ᠂ ᠨᠡᠶᠢᠲᠡ ᠳᠤ ᠬᠤᠣᠷᠳᠠᠭᠳᠠᠯ ᠦᠭᠡᠢ ᠪᠦᠳᠦᠬᠡᠭᠳᠡᠬᠦᠨ᠂ | ᠪᠣᠬᠢᠷᠳᠤᠯ ᠦᠭᠡᠢ ᠢᠳᠡᠭᠡᠨ ᠤ ᠵᠦᠢᠯ᠂ ᠤᠷᠭᠠᠨᠢᠭ ᠪᠦᠲᠦᠭᠡᠭᠳᠡᠭᠦᠨ ᠪᠠ ᠲᠠᠷᠢᠶᠠᠯᠠᠩ ᠤᠨ ᠪᠦᠳᠦᠬᠡᠭᠳᠡᠬᠦᠨ ᠤ ᠭᠠᠵᠠᠷ | ᠵᠦᠢ ᠶᠢᠨ ᠲᠡᠮᠲᠡᠭ ᠲᠠᠢ ᠠᠵᠤ ᠠᠬᠤᠶᠢᠯᠠᠯ ᠤᠨ ᠲᠤᠭ᠎ᠠ ᠶᠢ ᠲᠤᠰ ᠲᠤᠰ ᠲᠤᠨᠢ 50% ᠪᠣᠯᠣᠨ 70% ᠳᠤ | ᠬᠦᠷᠦᠭᠦᠯᠬᠦ ᠬᠡᠷᠡᠭᠲᠡᠢ᠃ | ︵ᠭᠤᠷᠪᠠ︶ ᠨᠡᠶᠢᠲᠡ ᠶᠢᠨ ᠬᠤᠣᠷᠳᠠᠭᠳᠠᠯ ᠦᠭᠡᠢ ᠪᠦᠳᠦᠬᠡᠭᠳᠡᠬᠦᠨ᠂ ᠪᠣᠬᠢᠷᠳᠤᠯ ᠦᠭᠡᠢ ᠢᠳᠡᠭᠡᠨ ᠤ | ᠵᠦᠢᠯ᠂ ᠤᠷᠭᠠᠨᠢᠭ ᠪᠦᠲᠦᠭᠡᠭᠳᠡᠭᠦᠨ ᠪᠠ ᠲᠠᠷᠢᠶᠠᠯᠠᠩ ᠤᠨ ᠪᠦᠳᠦᠬᠡᠭᠳᠡᠬᠦᠨ ᠤ ᠭᠠᠵᠠᠷ ᠵᠦᠢ ᠶᠢᠨ ᠲᠡᠮᠲᠡᠭ ᠤᠨ | ᠭᠡᠷᠡᠴᠢᠯᠡᠭᠡ ︵2014 ᠣᠨ ᠤ 4 ᠳ᠋ᠤᠭᠡᠷ ᠰᠠᠷ᠎ᠠ ᠠᠴᠠ 2017 ᠣᠨ ᠤ 12 ᠳ᠋ᠤᠭᠠᠷ ᠰᠠᠷ᠎ᠠ ᠪᠣᠯᠲᠠᠯ᠎ᠠ︶ | 2017 ᠣᠨ ᠪᠣᠯᠲᠠᠯ᠎ᠠ᠂ ᠨᠡᠶᠢᠲᠡ ᠶᠢᠨ ᠬᠤᠣᠷᠳᠠᠭᠳᠠᠯ ᠦᠭᠡᠢ ᠲᠠᠷᠢᠶᠠᠯᠠᠩ ᠤᠨ ᠪᠦᠲᠦᠭᠡᠭᠳᠡᠭᠦᠨ ᠤ | ᠭᠠᠷᠤᠯᠲᠠ ᠶᠢᠨ ᠣᠷᠣᠨ ᠤ ᠭᠡᠷᠡᠴᠢᠯᠡᠭᠡ ᠶᠢ 2600 ᠲᠦᠮᠡᠨ ᠮᠦ ᠳᠤ ᠬᠦᠷᠦᠭᠦᠯᠦᠨ᠎ᠡ᠂ ᠨᠡᠮᠡᠭᠳᠡᠭᠰᠡᠨ ᠬᠡᠮᠵᠢᠶ᠎ᠡ ᠨᠢ | 5086 ᠲᠦᠮᠡᠨ ᠮᠦ ᠪᠠᠶᠢᠵᠦ᠂ ᠦᠢᠯᠡᠳᠪᠦᠷᠢᠯᠡᠯ ᠤᠨ ᠶᠡᠷᠦᠩᠬᠡᠢ ᠬᠡᠮᠵᠢᠶ᠎ᠡ ᠨᠢ 2000 ᠲᠦᠮᠡᠨ ᠲᠣᠨ ᠳᠤ | ᠬᠦᠷᠦᠨ᠎ᠡ︔ ᠨᠡᠶᠢᠲᠡ ᠶᠢᠨ ᠬᠤᠣᠷᠳᠠᠭᠳᠠᠯ ᠦᠭᠡᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠭᠡᠷᠡᠴᠢᠯᠡᠭᠡ ᠶᠢ | 2500 ᠲᠦᠮᠡ ᠳᠤ ᠬᠦᠷᠦᠭᠦᠯᠵᠦ᠂ ᠨᠡᠮᠡᠭᠳᠡᠭᠰᠡᠨ ᠬᠡᠮᠵᠢᠶ᠎ᠡ ᠨᠢ 304 ᠲᠦᠮᠡᠨ ᠲᠤᠭ᠎ᠠ ᠪᠠᠶᠢᠵᠦ᠂ ᠭᠠᠷᠤᠯᠳᠠ ᠨᠢ | 120 ᠲᠦᠮᠡᠨ ᠲᠣᠨ ᠳᠤ ᠬᠦᠷᠦᠨ᠎ᠡ︔ ᠪᠣᠬᠢᠷᠳᠤᠯ ᠦᠭᠡᠢ ᠢᠳᠡᠭᠡᠨ ᠤ ᠵᠦᠢᠯ ᠤᠨ ᠠᠵᠤ ᠠᠬᠤᠶᠢᠯᠠᠯ ᠤᠨ | ᠭᠡᠷᠡᠴᠢᠯᠡᠭᠡ ᠶᠢ 500 ᠳᠤ ᠬᠦᠷᠦᠬᠦᠯᠵᠦ᠂ ᠨᠡᠮᠡᠭᠳᠡᠭᠰᠡᠨ ᠬᠡᠮᠵᠢᠶ᠎ᠡ ᠨᠢ 350 ᠪᠣᠯᠣᠨ᠎ᠠ︔ ᠭᠠᠵᠠᠷ ᠵᠦᠢ ᠶᠢᠨ | ᠲᠡᠮᠲᠡᠭ ᠲᠠᠢ ᠲᠠᠷᠢᠶᠠᠯᠠᠩ ᠤᠨ ᠪᠦᠲᠦᠭᠡᠭᠳᠡᠭᠦᠨ ᠤ ᠭᠡᠷᠡᠴᠢᠯᠡᠭᠡ ᠶᠢ 50 ᠠᠴᠠ ᠳᠡᠭᠡᠭᠰᠢ ᠳᠤ ᠬᠦᠷᠦᠭᠦᠯᠵᠦ᠂ | ᠨᠡᠮᠡᠭᠳᠡᠭᠰᠡᠨ ᠬᠡᠮᠵᠢᠶ᠎ᠡ ᠶᠢ ᠨᠢ 4 ᠠᠴᠠ ᠳᠡᠭᠡᠭᠰᠢ ᠪᠠᠶᠢᠯᠭᠠᠬᠤ ᠬᠡᠷᠡᠭᠲᠡᠢ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠬᠠᠷᠢᠶᠠᠯᠠᠭᠳᠠᠬᠤ ᠭᠠᠵᠠᠷ ᠢᠶᠠᠷ ᠬᠠᠮᠢᠶᠠᠷᠤᠭᠤᠯᠬᠤ ᠪᠠ ᠬᠠᠷᠢᠭᠤᠴᠠᠯᠭ᠎ᠠ ᠨᠡᠬᠡᠮᠵᠢᠯᠡᠬᠦ ᠶᠢ | ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ | ᠲᠢᠩᠬᠢᠮ ᠤᠨ ︽ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠤᠨ ᠠᠶᠤᠯ ᠦᠭᠡᠢ ᠶᠢᠨ ᠬᠢᠨᠠᠯᠲᠠ | ᠬᠠᠮᠢᠶᠠᠷᠤᠯᠲᠠ ᠶᠢᠨ ᠠᠵᠢᠯ ᠤᠨ ᠲᠣᠬᠠᠢ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2013﹈ 106 | ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠶᠤᠯ ᠦᠭᠡᠢ ᠶᠢᠨ ᠬᠠᠷᠢᠶᠠᠯᠠᠭᠳᠠᠬᠤ | ᠭᠠᠵᠠᠷ ᠢᠶᠠᠷ ᠬᠠᠮᠢᠶᠠᠷᠤᠭᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠶᠤᠯ ᠦᠭᠡᠢ ᠶᠢ ᠨᠡᠩ ᠳᠤᠪᠤᠶᠢᠮ᠎ᠠ ᠪᠦᠭᠡᠳ ᠴᠢᠬᠤᠯᠠ | ᠪᠠᠶᠢᠷᠢᠨ ᠳᠤ ᠲᠠᠯᠪᠢᠵᠤ᠂ ᠲᠤᠭ᠎ᠠ ᠪᠠ ᠴᠢᠨᠠᠷ ᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ | ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠶᠡᠷᠦᠩᠬᠡᠢ | ᠲᠦᠯᠦᠪᠵᠢᠭᠦᠯᠭᠡ ᠳᠤ ᠣᠷᠣᠭᠤᠯᠬᠤ ᠬᠡᠷᠡᠭᠲᠡᠢ᠃ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠪᠠᠶᠢᠭᠤᠯᠵᠤ᠂ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠶᠤᠯ ᠦᠭᠡᠢ ᠶᠢᠨ ᠬᠢᠨᠠᠨ ᠬᠠᠮᠢᠶᠠᠷᠬᠤ ᠠᠵᠢᠯ | ᠳᠤᠮᠳᠠᠬᠢ ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠭᠤᠳᠤᠭᠠᠭᠰᠠᠨ᠂ ᠭᠤᠶᠠᠴᠢᠯᠠᠨ ᠬᠠᠤᠯᠢ ᠴᠠᠭᠠᠵᠠ ᠶᠢ | ᠭᠠᠵᠢᠳᠠᠭᠤᠯᠬᠤ ᠵᠡᠷᠭᠡ ᠠᠰᠠᠭᠤᠳᠠᠯ ᠢ ᠬᠠᠤᠯᠢ ᠰᠠᠬᠢᠯᠭ᠎ᠠ ᠶᠤᠰᠤᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ | ︵ᠬᠤᠶᠠᠷ︶ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ᠦᠨᠳᠦᠰᠦᠨ ᠱᠠᠲᠤᠨ ᠤ ᠬᠢᠨᠠᠨ ᠬᠠᠮᠢᠶᠠᠷᠬᠤ᠂ ᠬᠠᠤᠯᠢ | ᠬᠡᠷᠡᠭᠵᠢᠭᠦᠯᠬᠦ᠂ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠨᠦᠬᠦᠴᠡᠯ ᠪᠣᠯᠣᠨ ᠴᠢᠳᠠᠪᠤᠷᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠠᠵᠢᠯᠲᠠᠨ ᠤ ᠲᠣᠬᠢᠷᠠᠭᠤᠯᠤᠯᠲᠠ | ᠵᠡᠷᠭᠡ ᠲᠠᠯ᠎ᠠ ᠪᠠᠷ ᠠᠵᠢᠯ ᠤᠨ ᠡᠷᠴᠢᠮ ᠢ ᠴᠢᠩᠭᠠᠷᠠᠭᠤᠯᠬᠤ ᠬᠡᠷᠡᠭᠲᠡᠢ᠃ ᠬᠤᠰᠢᠭᠤ ᠰᠢᠶᠠᠨ ᠤ ᠱᠠᠲᠤᠨ ᠤ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠶᠤᠯ ᠦᠭᠡᠢ ᠶᠢ ᠬᠢᠨᠠᠨ ᠬᠠᠮᠢᠶᠠᠷᠬᠤ | ᠪᠠᠶᠢᠭᠤᠯᠤᠮᠵᠢ ᠨᠤᠭᠤᠳ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠴᠠᠭ ᠲᠠᠭᠠᠨ ᠪᠡᠶᠡᠯᠡᠭᠦᠯᠬᠦ ᠶᠢᠨ ᠬᠠᠮᠲᠤ | ᠲᠤᠰᠬᠠᠢ ᠠᠵᠢᠯᠲᠠᠨ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠰᠢᠶᠠᠩ ᠪᠠᠯᠭᠠᠰᠤ ᠶᠢᠨ ᠥᠷᠲᠡᠭᠡ ᠨᠦᠭᠦᠳ ᠪᠦᠲᠦᠭᠡᠨ | ᠪᠠᠶᠢᠭᠤᠯᠤᠯᠲᠠ ᠶᠢᠨ ᠡᠭᠦᠷᠭᠡ ᠪᠠᠨ ︽ᠲᠠᠪᠤᠨ ᠪᠠᠶᠢᠬᠤ︾ ᠱᠠᠭᠠᠷᠳᠠᠯᠭ᠎ᠠ ᠶᠣᠰᠤᠭᠠᠷ ᠪᠡᠶᠡᠯᠡᠭᠦᠯᠵᠦ ︵ᠠᠵᠢᠯ ᠤᠨ | ᠲᠠᠯᠠᠪᠤᠷ ᠲᠠᠢ᠂ ᠠᠵᠢᠯᠯᠠᠭᠠᠨ ᠤ ᠳᠦᠷᠢᠮ ᠲᠠᠢ᠂ ᠲᠤᠰᠬᠠᠢ ᠠᠵᠢᠯᠲᠠᠨ ᠲᠠᠢ᠂ ᠠᠵᠢᠯ ᠤᠨ ᠨᠦᠬᠦᠴᠡᠯ ᠲᠠᠢ᠂ | ᠠᠵᠢᠯ ᠤᠨ ᠵᠠᠷᠤᠳᠠᠯ ᠲᠠᠢ︶᠂ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠭᠡᠬᠦ ᠶᠢᠨ ᠬᠠᠮᠲᠤ | ᠦᠢᠯᠡᠳᠦᠯ ᠢᠶᠠᠨ ᠪᠠᠳᠠᠷᠠᠭᠤᠯᠤᠨ᠂ ᠲᠤᠰᠬᠠᠢ ᠠᠵᠢᠯᠲᠠᠨ ᠨᠢ 3 ᠠᠴᠠ ᠳᠡᠭᠡᠭᠰᠢ ᠪᠠᠶᠢᠬᠤ ᠶᠢ ᠦᠨᠡᠨᠬᠦ ᠪᠠᠲᠤᠯᠠᠬᠤ | ᠬᠡᠷᠡᠭᠲᠡᠢ᠃ ᠰᠢᠨ᠎ᠡ ᠪᠠᠷ ᠰᠡᠷᠭᠦᠭᠡᠭᠰᠡᠨ ᠰᠢᠶᠠᠩ ᠪᠠᠯᠭᠠᠰᠤ ᠨᠢ ᠪᠠᠰᠠ ︽ᠲᠠᠪᠤᠨ ᠪᠠᠶᠢᠬᠤ︾ ᠶᠢᠨ ᠪᠠᠷᠢᠮᠵᠢᠶ᠎ᠠ | ᠶᠣᠰᠤᠭᠠᠷ 2014 ᠣᠨ ᠤ ᠵᠢᠯ ᠤᠨ ᠰᠡᠭᠦᠯᠴᠢ ᠠᠴᠠ ᠡᠮᠦᠨ᠎ᠡ ᠥᠷᠳᠡᠭᠡ ᠪᠠᠶᠢᠭᠤᠯᠬᠤ ᠡᠭᠦᠷᠭᠡ ᠪᠠᠨ ᠪᠦᠬᠦᠨ ᠢ | ᠪᠡᠶᠡᠯᠡᠭᠦᠯᠬᠦ ᠬᠡᠷᠡᠭᠲᠡᠢ᠃ | ︵ᠭᠤᠷᠪᠠ︶ ᠠᠵᠢᠯ ᠤᠨ ᠨᠦᠬᠦᠴᠡᠯ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠦᠪᠡᠷᠲᠡᠭᠡᠨ | ᠵᠠᠰᠠᠬᠤ ᠣᠷᠣᠨ ᠤ ᠲᠤᠰ ᠱᠠᠲᠤᠨ ᠤ ᠬᠢᠨ ︽ᠱᠠᠩᠨᠠᠬᠤ ᠪᠠᠷ ᠨᠦᠬᠦᠪᠦᠷᠢᠯᠡᠬᠦ ᠶᠢ ᠣᠷᠣᠯᠠᠬᠤ︾ ᠵᠠᠷᠤᠳᠠᠯ ᠤᠨ | ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ | ᠦᠢᠯᠡᠳᠪᠦᠷᠢᠯᠡᠯ ᠤᠨ ᠪᠣᠳᠠᠳᠠᠢ ᠶᠢ ᠦᠨᠳᠦᠰᠦᠯᠡᠨ᠂ ᠲᠠᠷᠢᠵᠤ ᠤᠷᠭᠤᠭᠤᠯᠬᠤ᠂ ᠲᠡᠵᠢᠭᠡᠨ ᠦᠷᠡᠵᠢᠭᠦᠯᠬᠦ᠂ ᠤᠰᠤᠨ | ᠭᠠᠷᠤᠯᠲᠠ ᠵᠡᠷᠭᠡ ᠡᠯ᠎ᠡ ᠠᠵᠢᠯ ᠲᠦᠷᠦᠯ ᠳᠠᠬᠢ ᠬᠢᠨᠠᠯᠲᠠ ᠬᠠᠮᠢᠶᠠᠷᠤᠯᠲᠠ ᠶᠢᠨ ᠡᠭᠦᠷᠭᠡ ᠶᠢ ᠶᠡᠷᠦᠩᠬᠡᠶᠢᠯᠡᠨ | ᠡᠭᠦᠷᠭᠡᠯᠡᠵᠦ᠂ ᠬᠢᠨᠠᠨ ᠬᠠᠮᠢᠶᠠᠷᠬᠤ᠂ ᠪᠠᠶᠢᠴᠠᠭᠠᠨ ᠰᠢᠯᠭᠠᠬᠤ ᠵᠠᠷᠤᠳᠠᠯ ᠤᠨ ᠣᠷᠤᠭᠤᠯᠤᠯᠲᠠ ᠶᠢᠨ ᠡᠷᠴᠢᠮ ᠢ | ᠴᠢᠩᠭᠠᠷᠠᠭᠤᠯᠤᠨ᠂ ᠬᠢᠨᠠᠯᠲᠠ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠰᠢᠶᠠᠨ᠂ ᠵᠢᠱᠢᠶ᠎ᠡ ᠦᠵᠡᠭᠦᠯᠬᠦ | ᠰᠢᠶᠠᠩ ᠪᠠᠯᠭᠠᠰᠤ᠂ ᠪᠠᠷᠢᠮᠵᠢᠶᠠᠵᠢᠭᠤᠯᠤᠨ ᠵᠢᠱᠢᠶ᠎ᠡ ᠦᠵᠡᠭᠦᠯᠬᠦ ᠲᠦᠷᠦᠯ ᠵᠦᠢᠯ ᠵᠡᠷᠭᠡ ᠳᠠᠬᠢ ᠵᠠᠷᠤᠳᠠᠯ ᠢᠶᠠᠷ ᠳᠡᠮᠵᠢᠬᠦ | ᠡᠷᠴᠢᠮ ᠢ ᠨᠡᠮᠡᠭᠳᠡᠭᠦᠯᠬᠦ ᠬᠡᠷᠡᠭᠲᠡᠢ᠃ ᠠᠮᠤ ᠪᠤᠳᠠᠭ᠎ᠠ᠂ ᠢᠳᠡᠰᠢᠨ ᠮᠠᠯ᠂ ᠢᠳᠡᠰᠢᠨ ᠬᠤᠨᠢ᠂ ᠭᠠᠭ᠋ᠠᠢ ᠵᠡᠷᠭᠡ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠦᠢᠯᠡᠳᠪᠦᠷᠢᠯᠡᠯ ᠤᠨ ᠲᠣᠮᠣ ᠬᠤᠰᠢᠭᠤ ᠰᠢᠶᠠᠨ ᠳᠠᠬᠢ | ᠬᠢᠨᠠᠯᠲᠠ ᠬᠠᠮᠢᠶᠠᠷᠤᠯᠲᠠ ᠳᠤ ᠵᠠᠷᠤᠳᠠᠯ ᠢᠶᠠᠷ ᠳᠡᠮᠵᠢᠬᠦ ᠪᠠ ᠰᠢᠯᠵᠢᠭᠦᠯᠦᠨ ᠲᠦᠯᠦᠬᠦ ᠡᠷᠴᠢᠮ ᠢ ᠴᠢᠩᠭᠠᠷᠠᠭᠤᠯᠵᠤ᠂ | ᠶᠠᠰᠤ ᠴᠢᠨᠠᠷ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠪᠠᠷᠢᠮᠵᠢᠶᠠᠵᠢᠭᠰᠠᠨ | ᠦᠢᠯᠡᠳᠪᠦᠷᠢᠯᠡᠯ ᠢ ᠵᠣᠷᠢᠬᠵᠢᠭᠤᠯᠤᠨ ᠬᠡᠷᠡᠭᠵᠢᠭᠦᠯᠬᠦ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠤᠨ ᠤ ᠬᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠶᠤᠯ | ᠦᠭᠡᠢ ᠶᠢᠨ ᠬᠢᠨᠠᠯᠲᠠ ᠬᠠᠮᠢᠶᠠᠷᠤᠯᠲᠠ ᠳᠠᠬᠢ ᠠᠵᠢᠯ ᠤᠨ ᠵᠠᠷᠤᠳᠠᠯ ᠪᠣᠯᠣᠨ ᠰᠠᠭᠤᠷᠢ ᠪᠦᠲᠦᠭᠡᠨ ᠪᠠᠶᠢᠭᠤᠯᠤᠯᠲᠠ ᠶᠢᠨ | ᠣᠷᠣᠭᠤᠯᠤᠯᠲᠠ ᠶᠢᠨ ᠡᠷᠴᠢᠮ ᠢ ᠴᠢᠩᠭᠠᠳᠬᠠᠵᠤ᠂ ︽ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠤᠨ ᠠᠮᠦᠷ | ᠲᠥᠪᠰᠢᠨ ᠤ ᠬᠠᠤᠯᠢ︾ ᠶᠢ ᠴᠢᠩᠭ᠎ᠠ ᠨᠠᠶᠢᠳᠠᠪᠤᠷᠢᠵᠢᠭᠤᠯᠤᠨ᠂ ᠠᠵᠢᠯ ᠤᠨ ᠵᠠᠷᠤᠳᠠᠯ ᠢ ᠡᠳ᠋ ᠤᠨ ᠵᠠᠰᠠᠭ ᠤᠨ | ᠲᠥᠰᠥᠪ ᠲᠤ ᠵᠢᠭᠰᠠᠭᠠᠨ ᠣᠷᠤᠭᠤᠯᠬᠤ ᠶᠢᠨ ᠬᠠᠮᠲᠤ ᠣᠷᠣᠭᠤᠯᠤᠯᠲᠠ ᠶᠢᠨ ᠡᠷᠴᠢᠮ ᠢ ᠠᠯᠬᠤᠮ ᠠᠯᠬᠤᠮ ᠢᠶᠠᠷ | ᠴᠢᠩᠭᠠᠷᠠᠭᠤᠯᠵᠤ᠂ 2017 ᠣᠨ ᠪᠣᠯᠲᠠᠯ᠎ᠠ᠂ ᠣᠷᠣᠨ ᠨᠤᠲᠤᠭ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠭᠦᠨ ᠤ ᠶᠠᠰᠤ ᠴᠢᠨᠠᠷ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠵᠠᠷᠤᠳᠠᠯ ᠢ 40 ᠲᠦᠭᠦᠷᠢᠭ | / ᠾᠧᠺᠲ᠋ᠠᠷ ︵ᠲᠠᠷᠢᠶᠠᠨ ᠭᠠᠵᠠᠷ ᠤᠨ ᠲᠠᠯᠠᠪᠠᠢ︶ ᠠᠴᠠ ᠳᠣᠣᠷ᠎ᠠ ᠪᠠᠶᠢᠯᠭᠠᠬᠤ ᠦᠭᠡᠢ᠂ ᠮᠠᠯ ᠲᠡᠵᠢᠭᠡᠪᠦᠷᠢ 1 | ᠲᠦᠭᠦᠷᠢᠭ / ᠲᠤᠯᠤᠭᠠᠢ ᠮᠠᠯ ︵ᠮᠠᠯ ᠠᠵᠤ ᠠᠬᠤᠢ ᠶᠢᠨ ᠵᠢᠯ ᠤᠨ ᠲᠡᠵᠢᠭᠡᠵᠦ ᠪᠠᠶᠢᠭ᠎ᠠ ᠮᠠᠯ ᠤᠨ ᠲᠤᠭ᠎ᠠ︶ ᠠᠴᠠ | ᠳᠣᠣᠷ᠎ᠠ ᠪᠠᠶᠢᠯᠭᠠᠬᠤ ᠦᠭᠡᠢ᠂ ᠤᠰᠤᠨ ᠭᠠᠷᠤᠯᠲᠠ ᠶᠢ 40 ᠲᠦᠭᠦᠷᠢᠭ / ᠾᠧᠺᠲ᠋ᠡᠷ ︵ᠵᠢᠭᠠᠰᠤᠨ ᠤ ᠠᠵᠤ | ᠠᠬᠤᠢ ᠶᠢᠨ ᠨᠢᠭᠡᠨᠲᠡ ᠠᠰᠢᠭᠯᠠᠭᠰᠠᠨ ᠣᠰᠤᠨ ᠤ ᠲᠠᠯᠠᠪᠠᠢ︶ ᠠᠴᠠ ᠳᠣᠣᠷ᠎ᠠ ᠪᠠᠶᠢᠯᠭᠠᠬᠤ ᠦᠭᠡᠢ ᠪᠠᠶᠢᠬᠤ ᠬᠡᠷᠡᠭᠲᠡᠢ᠃ | ᠲᠠᠷᠢᠶᠠᠯᠠᠩ ᠮᠠᠯ ᠠᠵᠤ ᠠᠬᠤᠢ ᠶᠢᠨ ᠬᠠᠷᠢᠴᠠᠯ ᠢᠶᠠᠷ ᠪᠠᠭ᠎ᠠ᠂ ᠭᠡᠪᠡᠴᠦ ᠬᠢᠨᠠᠯᠲᠠ ᠬᠠᠮᠢᠶᠠᠷᠤᠯᠲᠠ ᠶᠢᠨ ᠡᠭᠦᠷᠭᠡ ᠨᠢ | ᠲᠡᠶᠢᠮᠦ ᠴᠦ ᠬᠦᠩᠭᠡᠨ ᠦᠭᠡᠢ ᠭᠠᠵᠠᠷ ᠣᠷᠣᠨ ᠳᠤ᠂ ᠣᠷᠣᠭᠤᠯᠤᠯᠲᠠ ᠶᠢᠨ ᠬᠠᠷᠢᠴᠠᠯ ᠢ ᠭᠠᠵᠠᠷ ᠣᠷᠣᠨ ᠤ | ᠪᠤᠳᠠᠳᠠᠢ ᠲᠠᠢ ᠨᠢ ᠤᠶᠠᠯᠳᠤᠭᠤᠯᠤᠨ ᠵᠦᠢ ᠵᠣᠬᠢᠰᠲᠠᠢ ᠨᠡᠮᠡᠭᠳᠡᠭᠦᠯᠵᠦ᠂ ᠠᠵᠢᠯ ᠤᠨ ᠬᠡᠷᠡᠭᠴᠡᠭᠡ ᠶᠢ ᠪᠠᠲᠤᠯᠠᠨ᠂ | ᠨᠦᠬᠦᠴᠡᠯ ᠲᠠᠢ ᠭᠠᠵᠠᠷ ᠣᠷᠣᠨ ᠨᠢ ᠣᠷᠣᠭᠤᠯᠤᠯᠲᠠ ᠪᠠᠨ ᠤᠯᠠᠮ ᠨᠢᠭᠡ ᠠᠯᠬᠤᠮ ᠨᠡᠮᠡᠭᠳᠡᠭᠦᠯᠬᠦ ᠬᠡᠷᠡᠭᠲᠡᠢ᠃ ︵ | ᠳᠡᠭᠡᠷᠡᠬᠢ ᠵᠠᠷᠤᠳᠠᠯ ᠢ ᠭᠤᠣᠯ ᠨᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ | ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ᠂ ᠬᠠᠤᠯᠢ ᠴᠠᠭᠠᠵᠠ ᠬᠠᠤᠯᠢ | ᠲᠣᠭᠲᠠᠭᠠᠯ ᠤᠨ ᠤᠬᠠᠭᠤᠯᠭ᠎ᠠ᠂ ᠠᠵᠢᠯᠲᠠᠨ ᠤ ᠪᠣᠯᠪᠠᠰᠤᠷᠠᠭᠤᠯᠤᠯ᠂ ᠪᠠᠷᠢᠮᠵᠢᠶᠠᠵᠢᠭᠰᠠᠨ ᠦᠢᠯᠡᠳᠪᠦᠷᠢᠯᠡᠯ᠂ ᠶᠠᠰᠤ | ᠴᠢᠨᠠᠷ ᠤᠨ ᠠᠶᠤᠯ ᠦᠭᠡᠢ ᠶᠢ ᠭᠡᠷᠡᠴᠢᠯᠡᠬᠦ ᠮᠡᠷᠭᠡᠵᠢᠯ ᠤᠨ ᠦᠢᠯᠡᠴᠢᠯᠡᠭᠡ᠂ ᠪᠠᠶᠢᠴᠠᠭᠠᠨ ᠰᠢᠯᠭᠠᠬᠤ᠂ | ᠦᠢᠯᠡᠳᠪᠦᠷᠢᠯᠡᠯ ᠤᠨ ᠳᠠᠩᠰᠠ ᠡᠪᠬᠡᠮᠡᠯ ᠤᠨ ᠬᠠᠮᠢᠶᠠᠷᠤᠯᠲᠠ᠂ ᠶᠠᠰᠤ ᠴᠢᠨᠠᠷ ᠤᠨ ᠠᠶᠤᠯ ᠦᠭᠡᠢ ᠶᠢ ᠮᠦᠷᠳᠡᠨ | ᠤᠬᠤᠴᠢᠯᠠᠬᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ᠂ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠵᠡᠷᠭᠡ ᠳᠤ | ᠬᠡᠷᠡᠭᠯᠡᠨ᠎ᠡ︶᠃ | ︵ᠳᠥᠷᠪᠡ︶ ᠭᠦᠢᠴᠡᠳᠭᠡᠬᠦ ᠲᠤᠭ᠎ᠠ ᠶᠢᠨ ᠬᠡᠮᠵᠢᠶᠡᠵᠢᠬᠦᠯᠦᠨ ᠰᠢᠯᠭᠠᠨ ᠪᠠᠶᠢᠴᠠᠭᠠᠬᠤ ᠰᠢᠰᠲ᠋ᠧᠮᠵᠢ ᠶᠢ | ᠲᠡᠭᠦᠯᠳᠡᠷᠵᠢᠭᠦᠯᠬᠦ ᠬᠡᠷᠡᠭᠲᠡᠢ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ | ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠣᠷᠣᠨ ᠨᠤᠲᠤᠭ ᠤᠨ ᠵᠠᠰᠠᠭ ᠤᠨ ᠣᠷᠳᠤᠨ ᠢᠯᠠᠩᠭᠤᠶ᠎ᠠ | ᠬᠤᠰᠢᠭᠤ ᠰᠢᠶᠠᠨ ᠰᠤᠮᠤ ᠰᠢᠶᠠᠩ ᠬᠤᠶᠠᠷ ᠱᠠᠲᠤᠨ ᠤ ᠵᠠᠰᠠᠭ ᠤᠨ ᠣᠷᠳᠤᠨ ᠤ ᠠᠵᠢᠯ ᠤᠨ ᠠᠮᠵᠢᠯᠲᠠ ᠪᠦᠳᠦᠮᠵᠢ ᠶᠢ | ᠰᠢᠯᠭᠠᠨ ᠬᠢᠨᠠᠬᠤ ᠬᠡᠪᠴᠢᠶᠡᠨ ᠳᠤ ᠣᠷᠤᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ | ᠶᠠᠰᠤ ᠴᠢᠨᠠᠷ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠰᠢᠯᠭᠠᠨ ᠬᠢᠨᠠᠵᠤ ᠦᠨᠡᠯᠡᠬᠦ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠢᠯᠭᠠᠨ ᠬᠢᠨᠠᠬᠤ ᠠᠭᠤᠯᠭ᠎ᠠ ᠶᠢ ᠲᠡᠭᠦᠯᠳᠡᠷᠵᠢᠭᠦᠯᠦᠨ᠂ ᠭᠦᠢᠴᠡᠳᠭᠡᠬᠦ | ᠲᠤᠭ᠎ᠠ ᠶᠢ ᠬᠡᠮᠵᠢᠶᠡᠵᠢᠬᠦᠯᠦᠨ ᠰᠢᠯᠭᠠᠨ ᠬᠢᠨᠠᠵᠤ᠂ ᠡᠯ᠎ᠡ ᠭᠠᠵᠠᠷ ᠢ ᠬᠦᠲᠦᠯᠦᠨ ᠵᠢᠯᠤᠭᠤᠳᠴᠤ ᠪᠠᠶᠢᠭᠠᠳ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ | ᠠᠵᠢᠯ ᠢᠶᠠᠨ ᠴᠢᠭᠯᠡᠭᠦᠯᠬᠦ ᠴᠢᠨᠠᠷᠲᠠᠢ ᠪᠠᠷ ᠰᠠᠶᠢᠲᠤᠷ ᠬᠢᠬᠦ ᠬᠡᠷᠡᠭᠲᠡᠢ᠃ | ︵ᠲᠠᠪᠤ︶ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢ ᠤᠬᠠᠭᠤᠯᠵᠤ ᠬᠦᠲᠦᠯᠦᠨ | ᠵᠢᠯᠤᠭᠤᠳᠬᠤ ᠪᠠᠨ ᠴᠢᠩᠭᠠᠳᠬᠠᠬᠤ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ | ᠮᠡᠷᠬᠡᠵᠢᠯ ᠤᠨ ᠰᠤᠳᠤᠯᠤᠯ ᠤᠨ ᠬᠦᠷᠢᠶᠡᠯᠡᠩ ᠭᠠᠵᠠᠷ ᠪᠣᠯᠣᠨ ᠶᠡᠭᠡ ᠳᠡᠭᠡᠳᠦ ᠰᠤᠷᠭᠠᠭᠤᠯᠢ ᠳᠤ ᠲᠦᠰᠢᠭᠯᠡᠵᠦ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠶᠤᠯ ᠦᠭᠡᠢ ᠶᠢᠨ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠶᠢᠨ ᠤᠬᠠᠭᠤᠯᠭ᠎ᠠ ᠪᠠ ᠬᠢᠨᠠᠨ ᠬᠠᠮᠢᠶᠠᠷᠬᠤ ᠠᠵᠢᠯᠲᠠᠨ ᠤ ᠲᠤᠰᠬᠠᠢ ᠮᠡᠷᠭᠡᠵᠢᠯ | ᠴᠢᠳᠠᠪᠤᠷᠢ ᠶᠢᠨ ᠪᠣᠯᠪᠠᠰᠤᠷᠠᠭᠤᠯᠤᠯ ᠢ ᠦᠷᠭᠡᠨ ᠢᠶᠠᠷ ᠥᠷᠨᠢᠭᠦᠯᠬᠦ ᠬᠡᠷᠡᠭᠲᠡᠢ᠃ ᠰᠣᠨᠢᠨ ᠮᠡᠳᠡᠭᠡ ᠤᠬᠠᠭᠤᠯᠭ᠎ᠠ ᠶᠢᠨ | ᠰᠠᠯᠠᠭ᠎ᠠ ᠮᠦᠴᠢᠷ ᠯᠦᠭᠡ ᠨᠢᠭᠡᠲᠦᠯᠲᠡᠢ ᠲᠦᠯᠦᠪᠯᠡᠵᠦ ᠬᠠᠮᠲᠤᠷᠠᠨ ᠬᠦᠲᠦᠯᠦᠯᠴᠡᠬᠦ ᠪᠠ ᠵᠠᠭᠤᠴᠢᠯᠠᠭᠤᠷ ᠯᠤᠭ᠎ᠠ ᠨᠢᠭᠲᠠ | ᠣᠶᠢᠯᠠᠭᠠᠯᠴᠠᠬᠤ ᠪᠠᠨ ᠴᠢᠩᠭᠠᠳᠬᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ | ᠴᠢᠨᠠᠷ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠲᠦᠯᠬᠢᠨ ᠠᠬᠢᠭᠤᠯᠬᠤ ᠠᠷᠭ᠎ᠠ ᠬᠡᠮᠵᠢᠶ᠎ᠡ | ᠪᠣᠯᠣᠨ ᠠᠵᠢᠯ ᠤᠨ ᠠᠬᠢᠴᠠ ᠶᠢᠨ ᠦᠷ᠎ᠡ ᠪᠦᠲᠦᠮᠵᠢ ᠶᠢ ᠴᠠᠭ ᠲᠣᠬᠠᠢ ᠳᠤᠨᠢ ᠤᠬᠠᠭᠤᠯᠬᠤ ᠬᠡᠷᠡᠭᠲᠡᠢ᠃ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠶᠤᠯ ᠦᠭᠡᠢ ᠶᠢᠨ ᠲᠤᠰᠬᠠᠢ ᠮᠡᠷᠭᠡᠵᠢᠯᠲᠡᠳ ᠤᠨ | ᠡᠩᠨᠡᠭᠡᠨ ᠤ ᠦᠢᠯᠡᠳᠦᠯ ᠢ ᠪᠠᠳᠠᠷᠠᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ | ᠴᠢᠨᠠᠷ ᠤᠨ ᠠᠶᠤᠯ ᠦᠭᠡᠢ ᠶᠢᠨ ᠮᠡᠷᠭᠡᠵᠢᠯᠲᠠᠨ ᠪᠣᠯᠣᠨ ᠠᠶᠤᠯ ᠲᠥᠭᠰᠢᠭᠦᠷᠢ ᠶᠢ ᠦᠨᠡᠯᠡᠨ ᠵᠢᠱᠢᠬᠦ ᠮᠡᠷᠭᠡᠵᠢᠯ ᠤᠨ | ᠬᠦᠴᠦᠨ ᠳᠤ ᠭᠦᠢᠴᠡᠳ ᠲᠦᠰᠢᠭᠯᠡᠵᠦ᠂ ᠬᠦᠨᠳᠡᠬᠡᠳᠡᠢ ᠪᠠ ᠬᠠᠯᠠᠮᠰᠢᠯ ᠠᠰᠠᠭᠤᠳᠠᠯ ᠳᠤ ᠮᠦᠷᠳᠡᠨ ᠰᠤᠳᠤᠯᠬᠤ ᠪᠠ | ᠵᠦᠪᠳᠡᠯᠴᠡᠵᠦ ᠰᠤᠳᠤᠯᠤᠨ ᠢᠯᠭᠠᠬᠤ ᠠᠵᠢᠯ ᠢ ᠦᠷᠨᠢᠭᠦᠯᠵᠦ᠂ ᠵᠣᠬᠢᠰᠲᠠᠢ ᠠᠷᠭ᠎ᠠ ᠮᠠᠶ᠋ᠢᠭ ᠢᠶᠠᠷ ᠨᠡᠶᠢᠭᠡᠮ ᠤᠨ ᠬᠢᠨ ᠤ | ᠬᠠᠯᠠᠮᠵᠢᠯᠠᠨ ᠠᠩᠬᠠᠷᠴᠤ ᠪᠠᠶᠢᠭ᠎ᠠ ᠵᠦᠢᠯ ᠳᠤ ᠴᠠᠭ ᠲᠣᠬᠠᠢ ᠳᠤᠨᠢ ᠬᠠᠷᠢᠭᠤ ᠥᠭᠬᠦ ᠬᠡᠷᠡᠭᠲᠡᠢ᠃ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠶᠤᠯ ᠦᠭᠡᠢ ᠦᠢᠯᠡᠳᠪᠦᠷᠢᠯᠡᠯ ᠢ ᠵᠢᠯᠤᠭᠤᠳᠬᠤ ᠪᠠ | ᠡᠷᠡᠭᠦᠯ ᠬᠡᠷᠡᠭᠯᠡᠭᠡ ᠶᠢ ᠬᠦᠲᠦᠯᠦᠨ ᠵᠢᠯᠤᠭᠤᠳᠬᠤ ᠪᠠᠨ ᠴᠢᠩᠭᠠᠳᠬᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠭᠦᠨ ᠤ ᠶᠠᠰᠤ ᠴᠢᠨᠠᠷ ᠤᠨ ᠠᠶᠤᠯ ᠦᠭᠡᠢ ᠶᠢᠨ ᠮᠡᠳᠡᠯᠭᠡ ᠶᠢ ᠪᠦᠬᠦ ᠲᠠᠯ᠎ᠠ ᠪᠠᠷ ᠲᠦᠭᠡᠮᠡᠯᠵᠢᠭᠦᠯᠦᠨ᠂ | ᠦᠢᠯᠡᠳᠪᠦᠷᠢᠯᠡᠨ ᠡᠵᠡᠩᠨᠡᠭᠴᠢᠳ ᠶᠢᠨ ᠶᠠᠰᠤ ᠴᠢᠨᠠᠷ ᠤᠨ ᠠᠶᠤᠯ ᠦᠭᠡᠢ ᠶᠢ ᠬᠠᠮᠢᠶᠠᠷᠤᠨ ᠡᠵᠡᠮᠳᠡᠬᠦ ᠲᠠᠯ᠎ᠠ ᠪᠠᠷ ᠬᠢ | ᠠᠷᠭ᠎ᠠ ᠬᠡᠮᠵᠢᠶ᠎ᠡ ᠶᠢ ᠨᠢ ᠳᠡᠭᠡᠭᠰᠢᠯᠡᠭᠦᠯᠵᠦ᠂ ᠣᠯᠠᠨ ᠨᠡᠶᠢᠲᠡ ᠶᠢᠨ ᠬᠡᠷᠡᠭᠯᠡᠭᠡᠨ ᠤ ᠢᠲᠡᠭᠡᠯ ᠢ ᠨᠡᠮᠡᠭᠳᠡᠭᠦᠯᠦᠨ᠂ ᠰᠠᠶᠢᠨ | ᠰᠠᠶᠢᠬᠠᠨ ᠨᠡᠶᠢᠭᠡᠮ ᠤᠨ ᠤᠷᠴᠢᠨ ᠪᠠᠶᠢᠳᠠᠯ ᠢ ᠪᠣᠢ ᠪᠣᠯᠭᠠᠬᠤ ᠬᠡᠷᠡᠭᠲᠡᠢ᠃ | ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ | ᠮᠡᠳᠡᠭᠡ ᠵᠠᠩᠭᠢᠵᠢᠯᠳᠤ ᠦᠢᠯᠡᠴᠢᠯᠡᠭᠡᠨ ᠤ ᠰᠢᠰᠲ᠋ᠧᠮᠵᠢ ᠪᠠ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠭᠦᠨ ᠤ ᠵᠠᠬ᠎ᠠ ᠳᠡᠯᠭᠡᠭᠦᠷ ᠢ ᠬᠢᠨᠠᠨ ᠬᠡᠮᠵᠢᠵᠦ | ᠰᠡᠷᠡᠮᠵᠢᠯᠡᠭᠦᠯᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠦᠰᠦᠯ | ︽︿ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠲᠤᠰᠬᠠᠢ ᠳᠤᠭᠤᠶᠢᠯᠠᠩ ᠵᠢᠴᠢ ᠬᠤᠯᠪᠤᠭᠳᠠᠯ | ᠪᠦᠬᠦᠢ ᠰᠠᠯᠠᠭ᠎ᠠ ᠮᠦᠴᠢᠷ ᠤᠨ ᠦᠭᠡᠷᠡᠴᠢᠯᠡᠯᠲᠡ ᠶᠢᠨ ᠠᠵᠢᠯ ᠤᠨ ᠬᠤᠪᠢᠶᠠᠷᠢᠯᠠᠯ ᠤᠨ ᠲᠦᠰᠦᠯ﹀ ᠢ ᠳᠠᠷᠤᠮᠠᠯᠯᠠᠨ | ᠶᠠᠪᠤᠭᠤᠯᠬᠤ ᠲᠣᠬᠠᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ | ᠲᠢᠩᠬᠢᠮ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠲᠢᠩᠬᠢᠮ ᠤᠨ ᠮᠡᠳᠡᠭᠳᠡᠯ︾ | ︵ᠦᠪᠦᠷ ᠨᠠᠮ ᠲᠠᠷᠬᠠᠭᠠᠭᠰᠠᠨ ﹇2014﹈ 17 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠵᠦ᠂ | ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠭᠢᠵᠢᠯᠳᠤ ᠦᠢᠯᠡᠴᠢᠯᠡᠭᠡᠨ ᠤ ᠰᠢᠰᠲ᠋ᠧᠮᠵᠢ ᠪᠣᠯᠣᠨ ᠮᠡᠳᠡᠭᠡ | ᠵᠠᠩᠬᠢᠵᠢᠭᠰᠠᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠂ | ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠬᠢᠵᠢᠯᠳᠤ ᠦᠢᠯᠡᠴᠢᠯᠡᠭᠡᠨ ᠤ ᠰᠢᠰᠲ᠋ᠧᠮᠵᠢ ᠪᠣᠯᠣᠨ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠵᠠᠬ᠎ᠠ ᠳᠡᠯᠭᠡᠭᠦᠷ ᠢ ᠬᠢᠨᠠᠨ ᠬᠡᠮᠵᠢᠵᠦ ᠰᠡᠷᠡᠮᠵᠢᠯᠡᠭᠦᠯᠬᠦ | ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠬᠦᠴᠦᠯᠡᠨ ᠠᠬᠢᠭᠤᠯᠵᠤ᠂ ᠮᠠᠯᠵᠢᠬᠤ ᠲᠠᠷᠢᠶᠠᠯᠠᠬᠤ | ᠣᠷᠣᠨ ᠪᠠ ᠮᠠᠯᠴᠢᠨ ᠲᠠᠷᠢᠶᠠᠴᠢᠳ ᠲᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠬᠤ ᠴᠢᠬᠤᠯᠠ | ᠲᠤᠯᠭᠠᠭᠤᠷᠢᠯᠠᠯ ᠤᠨ ᠦᠢᠯᠡᠳᠦᠯ ᠢ ᠨᠢ ᠭᠦᠢᠴᠡᠳ ᠪᠠᠳᠠᠷᠠᠭᠤᠯᠬᠤ ᠶᠢᠨ ᠲᠤᠰᠠᠳᠠ᠂ ᠳᠣᠣᠷᠠᠬᠢ ᠮᠡᠲᠦ ᠲᠦᠰᠦᠯ ᠢ | ᠣᠨᠴᠠᠭᠠᠶᠢᠯᠠᠨ ᠲᠣᠭᠲᠠᠭᠠᠪᠠ᠃ | ᠨᠢᠭᠡ᠂ ᠬᠥᠭᠵᠢᠯᠲᠡ ᠶᠢᠨ ᠣᠳᠣ ᠶᠢᠨ ᠪᠠᠶᠢᠳᠠᠯ | ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠬᠢᠵᠢᠯᠠᠯᠲᠠ ᠶᠢᠨ ᠪᠦᠲᠦᠭᠡᠨ ᠪᠠᠶᠢᠭᠤᠯᠤᠯᠲᠠ ᠪᠣᠯ | ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠬᠦ ᠶᠢᠨ ᠪᠤᠳᠠᠳᠠᠢ ᠰᠤᠩᠭᠤᠯᠲᠠ ᠪᠠᠷ ᠦᠯᠦ ᠪᠠᠷᠠᠨ᠂ | ᠮᠦᠨ ᠮᠠᠯᠴᠢᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠬᠦ ᠶᠢ ᠠᠬᠢᠭᠤᠯᠬᠤ ᠪᠦᠲᠦᠮᠵᠢᠲᠡᠢ ᠠᠷᠭ᠎ᠠ ᠵᠠᠮ ᠪᠠ ᠬᠤᠲᠠ | ᠪᠠᠯᠭᠠᠰᠤ ᠶᠢᠨ ᠨᠢᠭᠡ ᠴᠤᠭᠴᠠᠵᠢᠯᠠᠬᠤ ᠬᠥᠭᠵᠢᠯᠲᠡ ᠶᠢ ᠠᠬᠢᠭᠤᠯᠬᠤ ᠪᠤᠰᠤᠳᠴᠢ ᠱᠠᠭᠠᠷᠳᠠᠯᠭ᠎ᠠ ᠪᠣᠯᠣᠨ᠎ᠠ᠃ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠠᠴᠠ ᠳᠤᠷᠠᠳᠤᠭᠰᠠᠨ ︽ᠲᠦᠷᠪᠡᠨ ᠣᠳᠣᠬᠢᠴᠢᠯᠠᠬᠤ ᠶᠢ ᠵᠡᠷᠭᠡ ᠪᠠᠷ ᠠᠬᠢᠭᠤᠯᠬᠤ︾ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠲᠥᠪ ᠬᠤᠷᠢᠶ᠎ᠠ ᠶᠢᠨ ᠬᠦᠳᠡᠭᠡ ᠲᠤᠰᠬᠤᠨ ᠤ ᠠᠵᠢᠯ ᠤᠨ | ᠬᠤᠷᠠᠯ᠂ ᠪᠦᠬᠦ ᠤᠯᠤᠰ ᠤᠨ ᠲᠠᠷᠢᠶᠠᠯᠠᠩ ᠤᠨ ᠠᠵᠢᠯ ᠤᠨ ᠬᠤᠷᠠᠯ ᠤᠨ ︽ᠲᠠᠷᠢᠶᠠᠯᠠᠩ ᠤᠨ ᠮᠡᠳᠡᠭᠡ | ᠵᠠᠩᠬᠢᠵᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠬᠤ︾ ᠶᠢᠨ ᠪᠤᠳᠠᠳᠠᠢ ᠱᠠᠭᠠᠷᠳᠠᠯᠭ᠎ᠠ | ᠶᠤᠰᠤᠭᠠᠷ᠂ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠤᠨ ᠳᠡᠭᠡᠳᠦ ᠬᠡᠮᠵᠢᠶ᠎ᠠ ᠪᠠᠷ | ᠴᠢᠬᠤᠯᠠᠴᠢᠯᠠᠨ᠂ ᠣᠯᠠᠨ ᠲᠠᠯ᠎ᠠ ᠶᠢᠨ ᠠᠷᠭ᠎ᠠ ᠶᠢ ᠵᠡᠷᠭᠡ ᠪᠠᠷ ᠬᠡᠷᠡᠭᠯᠡᠵᠦ᠂ ᠮᠠᠨ ᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠮᠡᠳᠡᠭᠡ ᠵᠠᠩᠬᠢᠵᠢᠯᠳᠤ ᠦᠢᠯᠡᠴᠢᠯᠡᠭᠡᠨ ᠤ ᠰᠢᠰᠲ᠋ᠧᠮᠵᠢ ᠪᠣᠯᠣᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠭᠦᠨ ᠤ ᠵᠠᠬ᠎ᠠ ᠳᠡᠯᠭᠡᠭᠦᠷ ᠢ ᠬᠢᠨᠠᠨ ᠬᠡᠮᠵᠢᠵᠦ ᠰᠡᠷᠡᠮᠵᠢᠯᠡᠭᠦᠯᠬᠦ ᠰᠢᠰᠲ᠋ᠧᠮᠵᠢ ᠶᠢᠨ ᠪᠦᠲᠦᠭᠡᠨ | ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠪᠠ᠃ | ᠣᠳᠣᠬᠠᠨ ᠳᠤ᠂ ᠪᠦᠬᠦ ᠣᠷᠣᠨ ᠢᠶᠠᠷ ᠦᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ | ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠵᠠᠬ᠎ᠠ ᠳᠡᠯᠭᠡᠭᠦᠷ ᠤᠨ | ᠮᠡᠳᠡᠭᠡ ᠵᠠᠩᠭᠢ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠪᠠ᠂ ᠡᠭᠦᠨ ᠳᠤ 12 | ᠠᠶᠢᠮᠠᠭ ᠬᠤᠲᠠ ᠨᠢ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢᠨ ᠲᠠᠰᠤᠭ ᠢ ᠪᠠᠶᠢᠷᠢᠯᠠᠭᠤᠯᠤᠨ᠂ 5 ᠠᠶᠢᠮᠠᠭ | ᠬᠤᠲᠠ ᠨᠢ ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠭᠢ ᠶᠢᠨ ᠲᠥᠪ ᠢ ᠪᠠᠶᠢᠷᠢᠯᠠᠭᠤᠯᠵᠤ᠂ 25 ᠬᠤᠰᠢᠭᠤ | ᠰᠢᠶᠠᠨ ᠨᠢ ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠭᠢ ᠶᠢᠨ ᠲᠥᠪ ︵ᠪᠠᠶᠢᠭᠤᠯᠤᠮᠵᠢ︶ ᠢ ᠪᠠᠶᠢᠷᠢᠯᠠᠭᠤᠯᠤᠨ᠂ | ︽12316︾ ᠲᠠᠷᠢᠶᠠᠯᠠᠩ ᠮᠠᠯ ᠠᠵᠦ ᠠᠬᠤᠢ ᠲᠠᠷᠢᠶᠠᠯᠠᠬᠤ ᠮᠠᠯᠵᠢᠬᠤ ᠤᠷᠤᠨ ᠲᠠᠷᠢᠶᠠᠴᠢᠨ ᠮᠠᠯᠴᠢᠳ ᠤᠨ | ᠦᠢᠯᠡᠴᠢᠯᠡᠭᠡᠨ ᠤ ᠬᠠᠯᠠᠮᠰᠢᠯ ᠤᠲᠠᠰᠤᠨ ᠤ ᠮᠡᠷᠭᠡᠵᠢᠯᠲᠡᠨ ᠢ 916 ᠨᠡᠷᠡᠰ ᠲᠤᠬᠢᠷᠠᠭᠤᠯᠤᠨ᠂ ᠲᠠᠷᠢᠶᠠᠯᠠᠩ ᠮᠠᠯ ᠠᠵᠤ | ᠠᠬᠤᠢ ᠶᠢᠨ ᠮᠡᠳᠡᠭᠡ ᠵᠠᠩᠬᠢᠵᠢᠯᠳᠤ ᠦᠢᠯᠡᠴᠢᠯᠡᠭᠡᠨ ᠤ ᠰᠢᠰᠲ᠋ᠧᠮᠵᠢ ᠶᠢ ᠦᠨᠳᠦᠰᠦᠨ ᠳᠡᠭᠡᠨ ᠪᠦᠷᠢᠯᠳᠦᠬᠦᠯᠵᠦ᠂ | ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠭᠢᠵᠢᠯᠠᠯᠲᠠ ᠶᠢᠨ ᠠᠵᠢᠯ ᠮᠡᠳᠡᠭᠳᠡᠮ᠎ᠡ ᠴᠢᠩᠭᠠᠳᠬᠠᠭᠳᠠᠪᠠ᠃ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠵᠠᠬ᠎ᠠ ᠳᠡᠯᠭᠡᠭᠦᠷ ᠤᠨ ᠬᠢᠨᠠᠨ ᠬᠡᠮᠵᠢᠵᠦ | ᠰᠡᠷᠡᠮᠵᠢᠯᠡᠭᠦᠯᠬᠦ ᠠᠵᠢᠯ ᠢ ᠠᠯᠬᠤᠮ ᠠᠯᠬᠤᠮ ᠢᠶᠠᠷ ᠦᠷᠨᠢᠭᠦᠯᠵᠦ᠂ ᠪᠦᠬᠦ ᠣᠷᠣᠨ ᠤ 12 ᠠᠶᠢᠮᠠᠭ ᠬᠤᠲᠠ ᠶᠢᠨ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠳᠤ ᠵᠠᠬ᠎ᠠ ᠳᠡᠯᠭᠡᠭᠦᠷ ᠤᠨ ᠬᠢᠨᠠᠨ ᠬᠡᠮᠵᠢᠯᠲᠠ ᠶᠢ | ᠭᠤᠣᠯᠳᠠᠯᠭ᠎ᠠ ᠲᠠᠢ ᠶᠠᠪᠤᠭᠳᠠᠭᠤᠯᠵᠤ᠂ 23 ᠦᠯᠢᠭᠡᠷ ᠠᠪᠴᠤ ᠪᠠᠶᠢᠴᠠᠭᠠᠬᠤ ᠬᠤᠰᠢᠭᠤ ᠰᠢᠶᠠᠨ᠂ 25 | ᠲᠠᠷᠢᠶᠠᠯᠠᠩ ᠤᠨ ᠪᠦᠲᠦᠭᠡᠭᠳᠡᠭᠦᠨ ᠤ ᠪᠦᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ 12 ᠢᠳᠡᠰᠢᠨ ᠨᠤᠭᠤᠭᠠᠨ ᠤ | ᠭᠠᠷᠤᠯᠲᠠ ᠶᠢᠨ ᠣᠷᠣᠨ ︵120 ᠢᠳᠡᠰᠢᠨ ᠨᠤᠭᠤᠭᠠᠨ ᠤ ᠦᠢᠯᠡᠳᠪᠦᠷᠢᠯᠡᠭᠴᠢᠳ ᠠᠴᠠ ᠦᠨ᠎ᠡ ᠬᠠᠩᠰᠢ ᠶᠢ | ᠣᠶᠢᠯᠠᠭᠠᠬᠤ ᠴᠢᠬ︶᠂ 1 ᠪᠤᠭᠤᠮᠲᠠ ᠪᠠᠷ ᠭᠤᠣᠯ ᠴᠤᠭᠴᠠ ᠪᠣᠯᠭᠠᠭᠰᠠᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠭᠦᠨ ᠤ ᠵᠠᠬ᠎ᠠ ᠳᠡᠯᠭᠡᠭᠦᠷ ᠤᠨ ᠬᠢᠨᠠᠨ ᠬᠡᠮᠵᠢᠵᠦ ᠰᠡᠷᠡᠮᠵᠢᠯᠡᠭᠦᠯᠬᠦ ᠰᠢᠰᠲ᠋ᠧᠮᠵᠢ ᠶᠢ ᠪᠠᠶᠢᠭᠤᠯᠪᠠ᠃ ︽ | 12316︾ ᠲᠠᠷᠢᠶᠠᠯᠠᠩ ᠮᠠᠯ ᠠᠵᠦ ᠠᠬᠤᠢ ᠲᠠᠷᠢᠶᠠᠯᠠᠬᠤ ᠮᠠᠯᠵᠢᠬᠤ ᠤᠷᠤᠨ ᠲᠠᠷᠢᠶᠠᠴᠢᠨ ᠮᠠᠯᠴᠢᠳ ᠤᠨ | ᠦᠢᠯᠡᠴᠢᠯᠡᠭᠡᠨ ᠤ ᠬᠠᠯᠠᠮᠰᠢᠯ ᠤᠲᠠᠰᠤ ᠪᠠᠷ ᠵᠠᠩᠭᠢᠯᠠᠭ᠎ᠠ ᠪᠣᠯᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ | ᠵᠠᠩᠭᠢ ᠶᠢᠨ ᠰᠦᠯᠵᠢᠶ᠎ᠠ᠂ ᠭᠠᠷ ᠤᠲᠠᠰᠤᠨ ᠤ ᠣᠬᠤᠷ ︵ᠦᠩᠭᠡᠲᠦ ᠣᠬᠤᠷ︶ ᠮᠡᠳᠡᠭᠡ᠂ ᠷᠠᠳᠢᠣ᠋ ᠨᠡᠪᠲᠡᠷᠡᠭᠦᠯᠭᠡ | ᠵᠡᠷᠭᠡ ᠣᠯᠠᠨ ᠵᠦᠢᠯ ᠤᠨ ᠠᠷᠭ᠎ᠠ ᠪᠠᠷᠢᠯ ᠢ ᠠᠰᠢᠭᠯᠠᠨ᠂ ᠰᠢᠨᠵᠢᠯᠡᠬᠦ ᠤᠬᠠᠭᠠᠨ ᠮᠡᠷᠭᠡᠵᠢᠯ᠂ ᠵᠠᠬ᠎ᠠ ᠳᠡᠯᠭᠡᠭᠦᠷ᠂ | ᠲᠥᠷᠥ ᠶᠢᠨ ᠪᠣᠳᠣᠯᠭ᠎ᠠ ᠵᠡᠷᠭᠡ ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠡᠩᠭᠢ ᠶᠢᠨ ᠦᠢᠯᠡᠴᠢᠯᠡᠭᠡ ᠶᠢ | ᠬᠠᠩᠭᠠᠨ᠎ᠠ︔ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠡᠪᠴᠢᠶᠡᠨ ᠳᠠᠬᠢ | ᠨᠠᠷᠢᠨ ᠣᠨᠣᠪᠴᠢᠲᠠᠢ ᠲᠠᠷᠢᠶᠠᠯᠠᠩ ᠤᠨ ᠮᠡᠷᠭᠡᠵᠢᠯ᠂ ᠣᠶᠣᠨᠴᠢ ᠬᠢᠨᠠᠨ ᠡᠵᠡᠮᠳᠡᠬᠦ ᠮᠡᠷᠭᠡᠵᠢᠯ ᠵᠡᠷᠭᠡ ᠮᠡᠳᠡᠭᠡ ᠵᠠᠩᠭᠢ ᠶᠢᠨ | ᠮᠡᠷᠭᠡᠵᠢᠯ ᠤᠨ ᠬᠡᠷᠡᠭᠯᠡᠯᠲᠡ ᠶᠢᠨ ᠲᠣᠷᠰᠢᠯᠲᠠ ᠶᠢ ᠦᠷᠨᠢᠭᠦᠯᠦᠨ᠂ ᠮᠡᠳᠡᠭᠡ ᠵᠠᠩᠭᠢ ᠶᠢᠨ ᠮᠡᠷᠭᠡᠵᠢᠯ ᠢᠶᠠᠷ ᠤᠯᠠᠮᠵᠢᠯᠠᠯᠲᠤ | ᠲᠠᠷᠢᠶᠠᠯᠠᠩ ᠢ ᠰᠢᠨᠡᠳᠭᠡᠨ ᠰᠠᠶᠢᠵᠢᠷᠠᠭᠤᠯᠬᠤ ᠠᠵᠢᠯ ᠢᠶᠠᠨ ᠤᠯᠠᠮ ᠨᠢᠬᠡ ᠠᠯᠬᠤᠮ ᠦᠷᠬᠡᠳᠬᠡᠬᠦ ᠲᠠᠯ᠎ᠠ ᠪᠠᠷ ᠠᠰᠢᠭᠲᠠᠢ | ᠲᠣᠷᠰᠢᠯᠭ᠎ᠠ ᠶᠢ ᠬᠤᠷᠠᠮᠳᠠᠭᠤᠯᠪᠠ᠃ | ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠭᠢᠵᠢᠯᠳᠤ ᠦᠢᠯᠡᠴᠢᠯᠡᠭᠡᠨ ᠤ | ᠰᠢᠰᠲ᠋ᠧᠮᠵᠢ ᠪᠣᠯᠣᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠵᠠᠬ᠎ᠠ ᠳᠡᠯᠭᠡᠭᠦᠷ ᠤᠨ ᠬᠢᠨᠠᠨ | ᠬᠡᠮᠵᠢᠵᠦ ᠰᠡᠷᠡᠮᠵᠢᠯᠡᠭᠦᠯᠬᠦ ᠰᠢᠰᠲ᠋ᠧᠮᠵᠢ ᠶᠢ ᠠᠩᠬ᠎ᠠ ᠠᠯᠬᠤᠮ ᠪᠦᠷᠢᠯᠳᠦᠬᠦᠯᠪᠡ᠂ ᠭᠡᠪᠡᠴᠦ ᠲᠠᠷᠢᠶᠠᠯᠠᠩ ᠮᠠᠯ ᠠᠵᠤ | ᠠᠬᠤᠢ ᠶᠢᠨ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢᠨ ᠰᠢᠰᠲ᠋ᠧᠮᠵᠢ ᠪᠦᠷᠢᠨ ᠪᠣᠰᠤ᠂ ᠮᠡᠳᠡᠭᠡ ᠵᠠᠩᠭᠢ ᠶᠢᠨ | ᠠᠵᠢᠯᠲᠠᠳ ᠤᠨ ᠡᠩᠨᠡᠭᠡ ᠲᠣᠭᠲᠠᠪᠤᠷᠢ ᠦᠭᠡᠢ ᠵᠢᠴᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ | ᠵᠠᠬ᠎ᠠ ᠳᠡᠯᠭᠡᠭᠦᠷ ᠢ ᠬᠢᠨᠠᠨ ᠬᠡᠮᠵᠢᠵᠦ ᠰᠡᠷᠡᠮᠵᠢᠯᠡᠭᠦᠯᠬᠦ ᠰᠢᠰᠲ᠋ᠧᠮᠵᠢ ᠲᠡᠭᠦᠯᠳᠡᠷ ᠪᠤᠰᠤ᠂ ᠵᠠᠬ᠎ᠠ ᠳᠡᠯᠭᠡᠭᠦᠷ ᠤᠨ ᠮᠡᠳᠡᠭᠡ | ᠵᠠᠩᠭᠢ ᠶᠢ ᠴᠤᠭᠯᠠᠭᠤᠯᠬᠤ ᠴᠢᠬ ᠴᠦᠬᠡᠨ᠂ ᠠᠷᠭ᠎ᠠ ᠵᠠᠮ ᠰᠠᠭᠠᠳ ᠲᠠᠢ ᠪᠤᠯᠬᠤᠷ᠂ ᠪᠦᠬᠦ ᠣᠷᠣᠨ ᠤ ᠵᠠᠬ᠎ᠠ | ᠳᠡᠯᠭᠡᠭᠦᠷ ᠤᠨ ᠮᠡᠳᠡᠭᠡ ᠵᠠᠩᠭᠢ ᠶᠢᠨ ᠬᠦᠳᠡᠯᠦᠯ ᠪᠠᠶᠢᠳᠠᠯ ᠢ ᠴᠠᠭ ᠲᠣᠬᠠᠢ ᠳᠤᠨᠢ ᠣᠨᠣᠪᠴᠢᠲᠠᠢ ᠡᠵᠡᠮᠰᠢᠵᠦ ᠴᠢᠳᠠᠬᠤ | ᠦᠭᠡᠢ ᠪᠣᠳᠠᠳᠤ ᠪᠠᠶᠢᠳᠠᠯ ᠮᠦᠨᠬᠦ ᠣᠷᠣᠰᠢᠵᠣ ᠪᠠᠶᠢᠨ᠎ᠠ᠃ | ᠬᠤᠶᠠᠷ᠂ ᠪᠦᠲᠦᠭᠡᠨ ᠪᠠᠶᠢᠭᠤᠯᠤᠯᠲᠠ ᠶᠢᠨ ᠠᠴᠢ ᠬᠤᠯᠪᠣᠭᠳᠠᠯ᠂ ᠦᠵᠡᠯ ᠰᠠᠨᠠᠭ᠎ᠠ᠂ ᠬᠠᠷᠠᠯᠲᠠ ᠪᠠ | ᠵᠠᠷᠴᠢᠮ | ︵ᠨᠢᠭᠡ︶ ᠪᠦᠲᠦᠭᠡᠨ ᠪᠠᠶᠢᠭᠤᠯᠤᠯᠲᠠ ᠶᠢᠨ ᠠᠴᠢ ᠬᠤᠯᠪᠣᠭᠳᠠᠯ | ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠬᠢᠵᠢᠯᠳᠤ ᠦᠢᠯᠡᠴᠢᠯᠡᠭᠡᠨ ᠤ | ᠰᠢᠰᠲ᠋ᠧᠮᠵᠢ ᠪᠣᠯᠣᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠵᠠᠬ᠎ᠠ ᠳᠡᠯᠭᠡᠭᠦᠷ ᠤᠨ ᠬᠢᠨᠠᠨ | ᠬᠡᠮᠵᠢᠵᠦ ᠰᠡᠷᠡᠮᠵᠢᠯᠡᠭᠦᠯᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠨᠢ ︽ᠠᠵᠤ | ᠦᠢᠯᠡᠳᠪᠦᠷᠢᠵᠢᠯᠡᠯᠲᠡ᠂ ᠮᠡᠳᠡᠭᠡ ᠵᠠᠩᠬᠢᠵᠢᠯᠠᠯᠲᠠ᠂ ᠬᠤᠲᠠ ᠪᠠᠯᠭᠠᠰᠤᠵᠢᠯᠠᠯᠲᠠ᠂ ᠲᠠᠷᠢᠶᠠᠯᠠᠩ ᠠᠵᠤ ᠠᠬᠤᠢ ᠶᠢᠨ | ᠣᠳᠣᠬᠢᠴᠢᠯᠠᠯᠲᠠ ᠶᠢ ᠵᠡᠷᠭᠡ ᠪᠠᠷ ᠬᠥᠭᠵᠢᠭᠦᠯᠬᠦ ᠶᠢ ᠲᠦᠯᠬᠢᠨ ᠠᠬᠢᠭᠤᠯᠬᠤ︾ ᠲᠣᠬᠠᠢ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠠ ᠪᠠᠶᠢᠵᠤ᠂ ᠲᠠᠷᠢᠶᠠᠯᠠᠩ ᠮᠠᠯ ᠠᠬᠤᠢ ᠶᠢᠨ ᠦᠢᠯᠡᠳᠪᠦᠷᠢᠯᠡᠯ | ᠡᠵᠡᠩᠨᠡᠯᠲᠡ ᠶᠢᠨ ᠪᠠᠷᠢᠮᠵᠢᠶᠠᠵᠢᠯᠠᠯᠲᠠ᠂ ᠤᠶᠤᠨᠵᠢᠯᠠᠯᠲᠠ᠂ ᠡᠷᠴᠢᠮᠵᠢᠯᠡᠯᠳᠡ᠂ ᠠᠵᠤ ᠦᠢᠯᠡᠰᠵᠢᠯᠡᠯᠲᠡ ᠪᠠ ᠵᠣᠬᠢᠶᠠᠨ | ᠪᠠᠶᠢᠭᠤᠯᠤᠯᠵᠢᠯᠠᠯᠳᠠ ᠶᠢᠨ ᠬᠢᠷᠢ ᠬᠡᠮᠵᠢᠶ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠬᠢ ᠪᠠᠶᠠᠯᠢᠭ ᠤᠨ | ᠠᠰᠢᠭᠯᠠᠯᠲᠠ ᠶᠢᠨ ᠨᠤᠷᠮ᠎ᠠ᠂ ᠬᠦᠳᠡᠯᠮᠦᠷᠢ ᠶᠢᠨ ᠦᠢᠯᠡᠳᠪᠦᠷᠢᠯᠡᠯ ᠤᠨ ᠨᠣᠷᠮ᠎ᠠ ᠪᠣᠯᠣᠨ ᠡᠵᠡᠩᠨᠡᠯᠲᠡ | ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠴᠢᠷᠮᠠᠶᠢᠨ ᠳᠡᠭᠡᠭᠰᠢᠯᠡᠭᠦᠯᠦᠨ᠂ ᠮᠠᠯᠴᠢᠨ ᠲᠠᠷᠢᠶᠠᠴᠢᠳ ᠤᠨ | ᠶᠡᠷᠦᠩᠬᠡᠶᠢᠯᠡᠭᠰᠡᠨ ᠬᠦᠳᠡᠯᠮᠦᠷᠢ ᠶᠢᠨ ᠮᠡᠷᠭᠡᠵᠢᠯ ᠴᠢᠳᠠᠪᠤᠷᠢ ᠪᠣᠯᠣᠨ ᠵᠠᠬ᠎ᠠ ᠳᠡᠯᠭᠡᠭᠦᠷ ᠤᠨ ᠪᠤᠷᠤᠯᠠᠭᠤᠯᠬᠤ | ᠴᠢᠳᠠᠪᠤᠷᠢ ᠶᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠯᠢᠶᠡᠳ | ᠲᠥᠷᠭᠡᠨ ᠢᠶᠠᠷ ᠨᠡᠮᠡᠭᠳᠡᠭᠦᠯᠬᠦ ᠳᠤ ᠪᠠᠷᠢᠮᠲᠠᠯᠠᠬᠤ ᠪᠦᠲᠦᠮᠵᠢᠲᠡᠢ ᠵᠠᠮ ᠮᠥᠷ ᠪᠣᠯᠣᠨ᠎ᠠ᠃ ᠲᠠᠷᠢᠶᠠᠯᠠᠩ ᠮᠠᠯ ᠠᠵᠤ | ᠠᠬᠤᠢ ᠶᠢᠨ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠦᠢᠯᠡᠴᠢᠯᠡᠭᠡᠨ ᠤ ᠴᠢᠳᠠᠪᠤᠷᠢ ᠶᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠨᠡᠶᠢᠭᠡᠮ ᠤᠨ ᠬᠠᠮᠢᠶᠠᠷᠤᠯᠲᠠ ᠶᠢᠨ ᠰᠢᠨᠵᠢᠯᠡᠬᠦ | ᠤᠬᠠᠭᠠᠨᠵᠢᠯᠠᠯᠲᠠ ᠶᠢᠨ ᠬᠢᠷᠢ ᠬᠡᠮᠵᠢᠶ᠎ᠠ ᠶᠢ ᠴᠢᠷᠮᠠᠶᠢᠨ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠣᠯᠠᠨ ᠲᠦᠮᠡᠨ ᠤ | ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠦᠢᠯᠡᠳᠪᠦᠷᠢᠯᠡᠯ ᠡᠵᠡᠩᠨᠡᠯᠲᠡ ᠪᠣᠯᠣᠨ ᠰᠤᠶᠤᠯ ᠤᠨ ᠠᠮᠢᠳᠤᠷᠠᠯ ᠤᠨ ᠮᠡᠳᠡᠭᠡ | ᠵᠠᠩᠭᠢ ᠶᠢᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠳᠠ ᠦᠬᠡᠢ ᠬᠠᠩᠭᠠᠨ᠂ ᠬᠤᠲᠠ ᠪᠠᠯᠭᠠᠰᠤ ᠶᠢᠨ ᠣᠯᠠᠨ | ᠨᠡᠶᠢᠲᠡ ᠶᠢᠨ ᠦᠢᠯᠡᠴᠢᠯᠡᠭᠡᠨ ᠤ ᠲᠡᠩᠴᠡᠭᠦᠷᠢᠵᠢᠯᠡᠯᠲᠡ ᠶᠢ ᠪᠡᠶᠡᠯᠡᠭᠦᠯᠵᠦ᠂ ᠮᠠᠯᠴᠢᠨ ᠲᠠᠷᠢᠶᠠᠴᠢᠨ ᠣᠯᠠᠨ ᠲᠦᠮᠡᠨ ᠤ | ᠣᠳᠣᠬᠢᠴᠢᠯᠠᠯᠲᠠ ᠶᠢᠨ ᠬᠥᠭᠵᠢᠯᠲᠡ ᠶᠢᠨ ᠦᠷ᠎ᠡ ᠪᠦᠳᠦᠬᠡᠯ ᠢ ᠡᠷᠬᠡ ᠲᠡᠭᠰᠢ ᠪᠠᠷ ᠡᠳ᠋ᠯᠡᠬᠦ ᠶᠢ ᠪᠠᠲᠤᠯᠠᠬᠤ ᠪᠤᠯ᠂ | ᠬᠤᠲᠠ ᠬᠦᠳᠡᠭᠡ ᠶᠢᠨ ᠵᠦᠷᠢᠶ᠎ᠠ ᠶᠢ ᠲᠠᠰᠤᠷᠠᠯᠲᠠ ᠦᠭᠡᠢ ᠪᠠᠭᠠᠰᠬᠠᠨ᠂ ᠬᠤᠲᠠ ᠪᠠᠯᠭᠠᠰᠤ ᠶᠢᠨ ᠨᠢᠭᠡ | ᠴᠤᠭᠴᠠᠵᠢᠯᠲᠠ ᠶᠢᠨ ᠬᠥᠭᠵᠢᠯᠲᠡ ᠶᠢ ᠨᠢᠭᠡᠲᠦᠯᠲᠡᠢ ᠲᠦᠯᠦᠪᠯᠡᠬᠦ ᠪᠤᠰᠤᠳᠴᠢ ᠱᠠᠭᠠᠷᠳᠠᠯᠭ᠎ᠠ ᠪᠤᠯᠤᠨ᠎ᠠ᠃ | ︵ᠬᠤᠶᠠᠷ︶ ᠪᠦᠲᠦᠭᠡᠨ ᠪᠠᠶᠢᠭᠤᠯᠤᠯᠲᠠ ᠶᠢᠨ ᠦᠵᠡᠯ ᠰᠠᠨᠠᠭ᠎ᠠ | ᠲᠠᠷᠢᠶᠠᠯᠠᠩ ᠠᠵᠤ ᠠᠬᠤᠢ ᠶᠢᠨ ᠣᠳᠣᠬᠢᠴᠢᠯᠠᠯᠲᠠ ᠶᠢᠨ ᠬᠥᠭᠵᠢᠯᠲᠡ ᠶᠢ ᠪᠦᠬᠦ ᠲᠠᠯ᠎ᠠ ᠪᠠᠷ ᠲᠦᠯᠬᠢᠨ | ᠠᠬᠢᠭᠤᠯᠬᠤ ᠶᠢᠨ ︽ᠳᠥᠷᠪᠡᠨ ᠣᠳᠣᠬᠢᠴᠢᠯᠠᠬᠤ ᠶᠢ ᠵᠡᠷᠭᠡ ᠪᠠᠷ ᠠᠬᠢᠭᠤᠯᠬᠤ︾ ᠶᠡᠷᠦᠩᠬᠡᠢ ᠱᠠᠭᠠᠷᠳᠠᠯᠭ᠎ᠠ ᠶᠤᠰᠤᠭᠠᠷ᠂ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠪᠦᠲᠦᠮᠵᠢᠲᠡᠢ ᠬᠠᠩᠭᠠᠯᠭ᠎ᠠ᠂ ᠲᠠᠷᠢᠶᠠᠯᠠᠩ ᠮᠠᠯ ᠠᠵᠤ | ᠠᠬᠤᠢ ᠶᠢᠨ ᠶᠠᠰᠤ ᠴᠢᠨᠠᠷ ᠤᠨ ᠠᠶᠤᠯ ᠦᠭᠡᠢ ᠪᠣᠯᠣᠨ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ | ᠪᠠᠲᠤᠯᠠᠬᠤ ᠪᠠᠷ ᠦᠨᠳᠦᠰᠦᠨ ᠬᠠᠷᠠᠯᠲᠠ ᠪᠣᠯᠭᠠᠨ᠂ ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠬᠢᠵᠢᠯᠳᠤ | ᠦᠢᠯᠡᠴᠢᠯᠡᠭᠡᠨ ᠤ ᠰᠢᠰᠲ᠋ᠧᠮᠵᠢ ᠪᠣᠯᠣᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠵᠠᠬ᠎ᠠ | ᠳᠡᠯᠭᠡᠭᠦᠷ ᠤᠨ ᠬᠢᠨᠠᠨ ᠬᠡᠮᠵᠢᠵᠦ ᠰᠡᠷᠡᠮᠵᠢᠯᠡᠭᠦᠯᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ | ᠳᠡᠭᠡᠭᠰᠢᠯᠡᠭᠦᠯᠬᠦ ᠪᠠᠷ ᠭᠤᠣᠯ ᠭᠠᠷᠳᠠᠴᠠ ᠪᠣᠯᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠬᠢᠵᠢᠯᠳᠤ | ᠦᠢᠯᠡᠴᠢᠯᠡᠭᠡᠨ ᠤ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠤᠨ ᠲᠡᠭᠦᠯᠳᠡᠷᠵᠢᠭᠦᠯᠵᠦ᠂ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠭᠦᠨ ᠤ ᠵᠠᠬ᠎ᠠ ᠳᠡᠯᠭᠡᠭᠦᠷ ᠤᠨ ᠬᠢᠨᠠᠨ ᠬᠡᠮᠵᠢᠵᠦ ᠰᠡᠷᠡᠮᠵᠢᠯᠡᠭᠦᠯᠬᠦ ᠴᠢᠳᠠᠪᠤᠷᠢ ᠶᠢ | ᠳᠡᠭᠡᠭᠰᠢᠯᠡᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠮᠡᠳᠡᠭᠡ ᠵᠠᠩᠭᠢᠵᠢᠯᠠᠯᠲᠠ ᠶᠢ ᠦᠷᠭᠦᠯᠵᠢᠯᠡ ᠬᠥᠭᠵᠢᠭᠦᠯᠬᠦ | ᠠᠵᠢᠯᠯᠠᠭᠠᠨ ᠤ ᠲᠣᠭᠲᠠᠴᠠ ᠶᠢ ᠰᠦᠪᠡᠭᠴᠢᠯᠡᠵᠦ᠂ ᠣᠳᠣ ᠦᠶ᠎ᠡ ᠶᠢᠨ ᠮᠡᠳᠡᠭᠡ ᠵᠠᠩᠭᠢᠵᠢᠯᠠᠯᠲᠠ ᠶᠢᠨ ᠮᠡᠷᠭᠡᠵᠢᠯ ᠢᠶᠠᠷ | ᠮᠠᠯᠴᠢᠨ ᠲᠠᠷᠢᠶᠠᠴᠢᠳ ᠢ ᠵᠡᠪᠰᠡᠭᠯᠡᠵᠦ᠂ ᠮᠠᠯᠵᠢᠬᠤ ᠲᠠᠷᠢᠶᠠᠯᠠᠬᠤ ᠣᠷᠣᠨ ᠢ ᠪᠦᠲᠦᠭᠡᠨ ᠪᠠᠶᠢᠭᠤᠯᠬᠤ᠂ ᠲᠠᠷᠢᠶᠠᠯᠠᠩ ᠮᠠᠯ | ᠠᠵᠤ ᠠᠬᠤᠢ ᠳᠤ ᠦᠢᠯᠡᠴᠢᠯᠡᠭᠦᠯᠬᠦ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ | ᠳᠤᠮᠳᠠᠬᠢ ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠭᠢᠵᠢᠯᠠᠯᠲᠠ ᠶᠢᠨ ᠦᠢᠯᠡᠴᠢᠯᠡᠭᠡ ᠶᠢᠨ ᠴᠢᠬᠤᠯᠠ | ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠤᠨ᠎ᠠ᠃ | ︵ᠭᠤᠷᠪᠠ︶ ᠪᠦᠲᠦᠭᠡᠨ ᠪᠠᠶᠢᠭᠤᠯᠤᠯᠲᠠ ᠶᠢᠨ ᠬᠠᠷᠠᠯᠲᠠ | ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ | ᠭᠤᠷᠪᠠᠨ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠤ ᠰᠢᠰᠲ᠋ᠧᠮᠵᠢ | ᠪᠣᠯᠣᠨ ᠦᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ | ᠪᠠᠶᠢᠴᠠᠭᠠᠨ ᠰᠤᠳᠤᠯᠤᠭᠳᠠᠬᠤ ᠡᠷᠦᠬᠡ ᠳᠦᠷᠪᠡᠨ ᠱᠠᠲᠤᠨ ᠤ ᠵᠠᠬ᠎ᠠ ᠳᠡᠯᠭᠡᠭᠦᠷ ᠤᠨ ᠬᠢᠨᠠᠨ ᠰᠢᠯᠭᠠᠵᠤ ᠰᠡᠷᠡᠮᠵᠢᠯᠡᠭᠦᠯᠬᠦ | ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠵᠤ᠂ ᠰᠤᠮᠤ ᠰᠢᠶᠠᠩ ᠪᠠᠯᠭᠠᠰᠤ ᠵᠢᠴᠢ ᠭᠠᠴᠠᠭ᠎ᠠ ᠲᠤᠰᠬᠤᠨ ᠤ | ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠦᠲᠦᠭᠡᠨ | ᠪᠠᠶᠢᠭᠤᠯᠤᠯᠲᠠ ᠶᠢ ᠢᠳᠡᠪᠬᠢᠲᠡᠢ ᠪᠠᠷ ᠲᠦᠯᠬᠢᠨ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ | ᠵᠠᠩᠭᠢ ᠶᠢᠨ ᠦᠢᠯᠡᠴᠢᠯᠡᠭᠡᠨ ᠤ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠳᠡᠭᠡᠭᠰᠢᠯᠡᠭᠦᠯᠵᠦ᠂ ᠲᠠᠷᠢᠶᠠᠯᠠᠩ ᠮᠠᠯ | ᠠᠵᠤ ᠠᠬᠤᠢ ᠶᠢᠨ ᠦᠢᠯᠡᠳᠪᠦᠷᠢᠯᠡᠯ ᠳᠤᠮᠳᠠᠬᠢ ᠪᠤᠳᠠᠰᠯᠢᠬ ᠬᠤᠯᠪᠤᠭᠠᠳᠤ ᠰᠦᠯᠵᠢᠶ᠎ᠡ ᠶᠢᠨ ᠮᠠᠳᠡᠭᠡ | ᠵᠠᠩᠭᠢᠵᠢᠯᠠᠯᠲᠠ ᠶᠢᠨ ᠮᠡᠷᠭᠡᠵᠢᠯ ᠤᠨ ᠬᠡᠷᠡᠭᠯᠡᠭᠡ ᠶᠢ ᠲᠦᠯᠬᠢᠨ ᠠᠬᠢᠭᠤᠯᠵᠤ᠂ ᠠᠵᠢᠯ ᠲᠦᠷᠦᠯ ᠪᠠ ᠵᠠᠰᠠᠭ ᠤᠨ | ᠣᠷᠳᠤᠨ ᠤ ᠰᠦᠯᠵᠢᠶᠡᠨ ᠤ ᠮᠡᠳᠡᠭᠡ ᠵᠠᠩᠭᠢ ᠪᠠᠨ ᠬᠠᠮᠲᠤ ᠳᠠᠭᠠᠨ ᠡᠳ᠋ᠯᠡᠬᠦ ᠶᠢ ᠲᠦᠯᠬᠢᠨ ᠠᠬᠢᠭᠤᠯᠵᠤ᠂ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠦᠢᠯᠡᠳᠪᠦᠷᠢᠯᠡᠯ᠂ ᠬᠡᠷᠡᠭᠴᠡᠭᠡ ᠱᠠᠭᠠᠷᠳᠠᠯᠭ᠎ᠠ᠂ ᠦᠨ᠎ᠡ ᠬᠠᠩᠰᠢ | ᠵᠡᠷᠭᠡ ᠮᠡᠳᠡᠭᠡ ᠵᠠᠩᠭᠢ ᠶᠢᠨ ᠬᠦᠳᠡᠯᠦᠯ ᠪᠠᠶᠢᠳᠠᠯ ᠢ ᠬᠢᠨᠠᠨ ᠬᠡᠮᠵᠢᠵᠦ ᠰᠡᠷᠡᠮᠵᠢᠯᠡᠭᠦᠯᠬᠦ ᠶᠢ ᠪᠡᠶᠡᠯᠡᠭᠦᠯᠦᠨ᠎ᠡ᠃ | ︵ᠳᠥᠷᠪᠡ︶ ᠪᠦᠲᠦᠭᠡᠨ ᠪᠠᠶᠢᠭᠤᠯᠤᠯᠲᠠ ᠶᠢᠨ ᠵᠠᠷᠴᠢᠮ | 1. ᠵᠠᠰᠠᠭ ᠤᠨ ᠣᠷᠳᠤᠨ ᠬᠦᠲᠦᠯᠦᠨ ᠵᠢᠯᠤᠭᠤᠳᠴᠤ᠂ ᠬᠡᠷᠡᠭᠴᠡᠭᠡ ᠱᠠᠭᠠᠷᠳᠠᠯᠭ᠎ᠠ ᠪᠠᠷ | ᠳᠠᠶᠢᠴᠢᠯᠠᠭᠤᠯᠬᠤ ᠬᠡᠷᠡᠭᠲᠡᠢ᠃ ᠲᠥᠷᠥ ᠶᠢᠨ ᠪᠣᠳᠣᠯᠭ᠎ᠠ ᠪᠠᠷ ᠳᠡᠮᠵᠢᠬᠦ᠂ ᠲᠦᠷᠦᠯ ᠵᠦᠢᠯ ᠢᠶᠠᠷ ᠳᠠᠶᠢᠴᠢᠯᠠᠭᠤᠯᠬᠤ᠂ | ᠨᠡᠶᠢᠲᠡᠯᠢᠭ ᠢᠶᠠᠷ ᠵᠢᠱᠢᠶ᠎ᠡ ᠦᠵᠡᠭᠦᠯᠬᠦ ᠵᠡᠷᠭᠡ ᠠᠷᠭ᠎ᠠ ᠮᠠᠶ᠋ᠢᠭ ᠢ ᠭᠦᠢᠴᠡᠳ ᠠᠰᠢᠭᠯᠠᠵᠤ᠂ ᠮᠠᠯᠴᠢᠨ ᠲᠠᠷᠢᠶᠠᠴᠢᠳ ᠤᠨ | ᠮᠡᠳᠡᠭᠡ ᠵᠠᠩᠭᠢ ᠳᠠᠬᠢ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ᠂ ᠦᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠭᠢ ᠶᠢᠨ ᠦᠢᠯᠡᠴᠢᠯᠡᠬᠡᠨ ᠤ ᠰᠢᠰᠲ᠋ᠧᠮᠵᠢ ᠪᠣᠯᠣᠨ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠵᠠᠬ᠎ᠠ ᠳᠡᠯᠭᠡᠭᠦᠷ ᠤᠨ ᠬᠢᠨᠠᠨ ᠬᠡᠮᠵᠢᠵᠦ ᠰᠡᠷᠡᠮᠵᠢᠯᠡᠭᠦᠯᠬᠦ | ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ | 2. ᠵᠠᠬ᠎ᠠ ᠳᠡᠯᠭᠡᠭᠦᠷ ᠲᠤ ᠲᠦᠰᠢᠭᠯᠡᠵᠦ᠂ ᠡᠬᠢ ᠪᠠᠶᠠᠯᠢᠭ ᠢ ᠨᠢᠭᠡᠲᠦᠯᠲᠡᠢ ᠲᠦᠯᠦᠪᠯᠡᠬᠦ ᠬᠡᠷᠡᠭᠲᠡᠢ᠃ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠵᠠᠬ᠎ᠠ ᠳᠡᠯᠭᠡᠭᠦᠷ᠂ ᠬᠠᠮᠢᠶ᠎ᠠ ᠪᠦᠬᠦᠢ ᠠᠵᠤ ᠠᠬᠤᠶᠢᠯᠠᠯ | ᠵᠢᠴᠢ ᠰᠤᠮᠤ ᠰᠢᠶᠠᠩ ᠪᠠᠯᠭᠠᠰᠤ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠤ ᠥᠷᠳᠡᠭᠡ ᠪᠠᠷ ᠲᠦᠰᠢᠯᠭᠡ ᠪᠣᠯᠭᠠᠵᠤ᠂ | ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠭᠢ ᠶᠢᠨ ᠰᠦᠯᠵᠢᠶ᠎ᠡ᠂ ︽12316︾ | ᠲᠠᠷᠢᠶᠠᠯᠠᠩ ᠮᠠᠯ ᠠᠵᠦ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠤᠨ ᠦᠢᠯᠡᠴᠢᠯᠡᠭᠡᠨ ᠤ | ᠬᠠᠯᠠᠮᠰᠢᠯ ᠤᠲᠠᠰᠤ ᠶᠢᠨ ᠬᠥᠭᠦᠷᠭᠡ ᠶᠢᠨ ᠦᠢᠯᠡᠳᠦᠯ ᠢ ᠪᠠᠳᠠᠷᠠᠭᠤᠯᠤᠨ᠂ ᠡᠯ᠎ᠡ ᠲᠦᠷᠦᠯ ᠤᠨ ᠡᠬᠢ ᠪᠠᠶᠠᠯᠢᠭ ᠢ | ᠨᠢᠭᠡᠲᠦᠯᠲᠡᠢ ᠲᠦᠯᠦᠪᠯᠡᠨ ᠠᠰᠢᠭᠯᠠᠵᠤ᠂ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤ ᠪᠠᠷ ᠪᠠᠶᠢᠭᠤᠯᠵᠤ ᠬᠠᠮᠳᠤ ᠪᠠᠷ | ᠡᠳ᠋ᠯᠡᠬᠦ᠂ ᠮᠡᠳᠡᠭᠡ ᠵᠠᠩᠭᠢ ᠶᠢᠨ ᠰᠢᠰᠲ᠋ᠧᠮ ᠤᠨ ᠬᠠᠷᠢᠯᠴᠠᠨ ᠬᠠᠮᠲᠤᠷᠠᠵᠤ ᠬᠠᠷᠢᠯᠴᠠᠨ ᠬᠤᠯᠪᠤᠭᠠᠯᠠᠬᠤ᠂ | ᠲᠣᠬᠠᠶᠢᠯᠠᠭᠰᠠᠨ ᠠᠵᠢᠯ ᠤᠨ ᠬᠤᠷᠰᠢᠨ ᠠᠵᠢᠯᠯᠠᠬᠤ ᠶᠢ ᠪᠡᠶᠡᠯᠡᠭᠦᠯᠬᠦ ᠬᠡᠷᠡᠭᠲᠡᠢ᠃ | 3. ᠭᠤᠣᠯᠳᠠᠯᠭ᠎ᠠ ᠶᠢ ᠳᠤᠪᠤᠶᠢᠯᠭᠠᠵᠤ᠂ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠢ᠃ ᠵᠠᠬ᠎ᠠ | ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠬᠢᠭᠡᠳ ᠦᠨ᠎ᠡ ᠬᠠᠩᠰᠢ ᠶᠢ ᠵᠠᠳᠠᠯᠬᠤ ᠴᠢᠳᠠᠪᠤᠷᠢ᠂ ᠮᠡᠳᠡᠭᠡ ᠵᠠᠩᠭᠢ ᠶᠢ | ᠴᠤᠭᠯᠠᠭᠤᠯᠵᠤ ᠬᠢᠨᠠᠨ ᠬᠡᠮᠵᠢᠵᠦ ᠰᠡᠷᠡᠮᠵᠢᠯᠡᠭᠦᠯᠬᠦ ᠴᠢᠳᠠᠪᠤᠷᠢ᠂ ᠮᠡᠳᠡᠭᠡ ᠵᠠᠩᠭᠢ ᠨᠡᠶᠢᠲᠡᠯᠡᠬᠦ ᠴᠢᠳᠠᠪᠤᠷᠢ ᠪᠣᠯᠣᠨ | ᠦᠢᠯᠡᠳᠪᠦᠷᠢᠯᠡᠯ ᠢ ᠵᠢᠯᠤᠭᠤᠳᠬᠤ ᠰᠢᠢᠳᠪᠦᠷᠢᠳᠤ ᠪᠣᠳᠣᠯᠭ᠎ᠠ ᠲᠣᠭᠲᠠᠭᠠᠬᠤ ᠴᠢᠳᠠᠪᠤᠷᠢ ᠶᠢᠨ ᠪᠦᠲᠦᠭᠡᠨ | ᠪᠠᠶᠢᠭᠤᠯᠤᠯᠲᠠ ᠶᠢ ᠭᠤᠣᠯᠳᠠᠯᠭ᠎ᠠ ᠲᠠᠢ ᠴᠢᠩᠭᠠᠳᠬᠠᠬᠤ ᠬᠡᠷᠡᠭᠲᠡᠢ᠃ | ᠭᠤᠷᠪᠠ᠂ ᠪᠦᠲᠦᠭᠡᠨ ᠪᠠᠶᠢᠭᠤᠯᠤᠯᠲᠠ ᠶᠢᠨ ᠠᠭᠤᠯᠭ᠎ᠠ | ︵ᠨᠢᠭᠡ︶ ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠭᠢᠵᠢᠯᠠᠯᠲᠠ ᠶᠢᠨ ᠦᠢᠯᠡᠴᠢᠯᠡᠭᠡᠨ ᠤ | ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ | ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ | ᠭᠤᠷᠪᠠᠨ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠭᠢᠵᠢᠯᠳᠤ ᠦᠢᠯᠡᠴᠢᠯᠡᠭᠡᠨ ᠤ ᠰᠢᠰᠲ᠋ᠧᠮᠵᠢ ᠶᠢ | ᠠᠯᠬᠤᠮ ᠠᠯᠬᠤᠮ ᠢᠶᠠᠷ ᠪᠠᠶᠢᠭᠤᠯᠤᠨ ᠪᠦᠷᠢᠨᠰᠢᠭᠦᠯᠵᠦ᠂ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ | ᠲᠠᠷᠢᠶᠠᠯᠠᠩ ᠮᠠᠯ ᠠᠵᠤ ᠠᠬᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠴᠦᠮ ᠲᠠᠷᠢᠶᠠᠯᠠᠩ ᠮᠠᠯ | ᠠᠵᠤ ᠠᠬᠤᠢ ᠶᠢᠨ ᠮᠡᠳᠡᠭᠡ ᠵᠠᠩᠭᠢ ᠶᠢᠨ ᠲᠥᠪ ᠢ ᠪᠠᠶᠢᠭᠤᠯᠵᠤ᠂ ᠲᠤᠰᠠᠭᠠᠷ ᠪᠦᠲᠦᠭᠡᠨ ᠪᠠᠶᠢᠭᠤᠯᠵᠤ ᠪᠣᠯᠬᠤ | ᠮᠥᠷᠲᠡᠭᠡᠨ ᠪᠤᠰᠤᠳ ᠨᠢᠭᠡᠴᠡ ᠳᠤ ᠲᠦᠰᠢᠭᠯᠡᠵᠦ ᠠᠵᠢᠯᠲᠠᠳ ᠨᠢᠬᠡᠳᠡᠢ᠂ ᠬᠤᠶᠠᠷ ᠨᠡᠷᠡᠶᠢᠳᠦᠯ ᠢ ᠬᠡᠷᠡᠭᠵᠢᠭᠦᠯᠵᠦ | ᠪᠣᠯᠣᠨ᠎ᠠ︔ ᠰᠤᠮᠤ ᠰᠢᠶᠠᠩ ᠪᠠᠯᠭᠠᠰᠤ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠭᠢ ᠶᠢᠨ ᠥᠷᠲᠡᠭᠡ ᠨᠢ | ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠢ ᠦᠢᠯᠡᠴᠢᠯᠡᠭᠡᠨ ᠤ ᠥᠷᠲᠡᠭᠡ ᠳᠤ ᠲᠦᠰᠢᠭᠯᠡᠵᠦ᠂ ᠬᠠᠷᠢᠭᠤᠴᠠᠯᠭᠠᠲᠤ | ᠰᠡᠳᠬᠢᠯᠭᠡ ᠪᠠᠷ ᠴᠢᠩᠭ᠎ᠠ᠂ ᠮᠡᠳᠡᠭᠡ ᠵᠠᠩᠭᠢ ᠶᠢᠨ ᠠᠵᠢᠯ ᠳᠤ ᠬᠠᠶᠢᠷᠠᠲᠠᠢ ᠪᠦᠭᠡᠳ ᠭᠠᠷᠮᠠᠭᠠᠢ ᠨᠢᠭᠡ ᠪᠦᠯᠦᠭ | ᠠᠵᠢᠯᠲᠠᠳ ᠢ ᠰᠤᠩᠭᠤᠨ ᠬᠡᠷᠡᠭᠯᠡᠵᠦ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢᠨ ᠡᠩᠨᠡᠭᠡ ᠶᠢ ᠲᠡᠭᠦᠯᠳᠡᠷᠵᠢᠭᠦᠯᠵᠦ᠂ | ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢᠨ ᠠᠵᠢᠯ ᠤᠨ ᠰᠢᠰᠲ᠋ᠧᠮᠵᠢ ᠶᠢ ᠪᠠᠶᠢᠭᠤᠯᠬᠤ ᠶᠢᠨ ᠬᠠᠮᠲᠤ ᠠᠯᠬᠤᠮ | ᠠᠯᠬᠤᠮ ᠢᠶᠠᠷ ᠲᠡᠭᠦᠯᠳᠡᠷᠵᠢᠭᠦᠯᠬᠦ ᠬᠡᠷᠡᠭᠲᠡᠢ︔ ᠮᠠᠯᠴᠢᠨ ᠲᠠᠷᠢᠶᠠᠴᠢᠳ ᠤᠨ ᠬᠤᠷᠰᠢᠶ᠎ᠠ᠂ ᠲᠠᠷᠢᠶᠠᠯᠠᠩ ᠤᠨ | ᠬᠡᠷᠡᠭᠰᠡᠯ ᠤᠨ ᠬᠤᠳᠠᠯᠳᠤᠭ᠎ᠠ᠂ ᠬᠦᠲᠦᠴᠢ ᠠᠵᠤ ᠠᠬᠤᠶᠢᠯᠠᠯ᠂ ᠮᠠᠯᠵᠢᠬᠤ ᠲᠠᠷᠢᠶᠠᠯᠠᠬᠤ ᠣᠷᠣᠨ ᠤ ᠵᠠᠭᠤᠴᠢᠯᠠᠭᠴᠢ᠂ | ᠪᠦᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠬᠦᠳᠡᠭᠡ ᠲᠤᠰᠬᠤᠨ ᠤ ᠮᠡᠳᠡᠭᠡ ᠵᠠᠩᠭᠢ ᠶᠢᠨ ᠦᠢᠯᠡᠴᠢᠯᠡᠭᠡᠨ ᠤ | ᠥᠷᠲᠡᠭᠡ ᠵᠡᠷᠭᠡ ᠵᠠᠬ᠎ᠠ ᠳᠡᠯᠭᠡᠭᠦᠷ ᠤᠨ ᠭᠤᠣᠯ ᠴᠤᠭᠴᠠ ᠪᠠᠷ ᠭᠤᠣᠯᠳᠠᠯᠭ᠎ᠠ ᠪᠣᠯᠭᠠᠵᠤ᠂ ᠮᠠᠯᠵᠢᠬᠤ ᠲᠠᠷᠢᠶᠠᠯᠠᠬᠤ | ᠣᠷᠣᠨ ᠤ ᠮᠡᠳᠡᠭᠡ ᠵᠠᠩᠭᠢ ᠶᠢᠨ ᠠᠵᠢᠯᠲᠠᠳ ᠢ ᠶᠡᠬᠡᠪᠡᠷ ᠬᠥᠭᠵᠢᠭᠦᠯᠵᠦ᠂ ᠭᠠᠴᠠᠭ᠎ᠠ ᠲᠤᠰᠬᠤᠨ ᠪᠣᠯᠭᠠᠨ ᠳᠤ ᠴᠦᠮ | ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠭᠢ ᠶᠢᠨ ᠠᠵᠢᠯᠲᠠᠨ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠢ᠃ | ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠬᠢᠵᠢᠯᠳᠤ ᠦᠢᠯᠡᠴᠢᠯᠡᠭᠡᠨ ᠤ ᠰᠢᠰᠲ᠋ᠧᠮᠵᠢ ᠨᠢ | ᠡᠭᠦᠷᠭᠡ ᠴᠢᠳᠠᠪᠤᠷᠢ ᠪᠠᠨ ᠲᠣᠳᠤᠷᠬᠠᠶᠢᠯᠠᠵᠤ᠂ ᠠᠵᠢᠯᠲᠠᠳ ᠢᠶᠠᠨ ᠴᠢᠳᠠᠪᠤᠷᠢᠯᠢᠬ ᠪᠣᠯᠭᠠᠵᠤ᠂ ᠲᠣᠭᠲᠠᠴᠠ ᠳᠤ | ᠰᠢᠨ᠎ᠡ ᠶᠢ ᠡᠭᠦᠳᠴᠦ᠂ ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠭᠢ ᠶᠢ ᠣᠨᠣᠪᠴᠢᠲᠠᠢ ᠬᠤᠷᠢᠶᠠᠨ | ᠴᠤᠭᠯᠠᠭᠤᠯᠵᠤ ᠴᠠᠭ ᠲᠣᠬᠠᠢ ᠳᠤᠨᠢ ᠨᠡᠶᠢᠲᠡᠯᠡᠬᠦ᠂ ᠮᠡᠳᠡᠭᠡ ᠵᠠᠩᠭᠢ ᠶᠢᠨ ᠡᠬᠢ ᠪᠠᠶᠠᠯᠢᠭ ᠢ ᠪᠦᠲᠦᠮᠵᠢᠲᠡᠢ ᠪᠠᠷ | ᠬᠠᠮᠲᠤ ᠳᠠᠭᠠᠨ ᠡᠳ᠋ᠯᠡᠬᠦ ᠶᠢ ᠪᠦᠬᠦ ᠲᠠᠯ᠎ᠠ ᠪᠠᠷ ᠪᠠᠲᠤᠯᠠᠬᠤ ᠬᠡᠷᠡᠭᠲᠡᠢ᠃ 2016 ᠣᠨ ᠤ ᠵᠢᠯ ᠤᠨ ᠰᠡᠭᠦᠯᠴᠢ ᠳᠤ | ᠠᠶᠢᠮᠠᠭ ᠬᠤᠲᠠ ᠶᠢᠨ ᠬᠢ ᠶᠢ ᠪᠡᠶᠡᠯᠡᠭᠦᠯᠵᠦ᠂ 2017 ᠣᠨ ᠤ ᠵᠢᠯ ᠤᠨ ᠰᠡᠭᠦᠯᠴᠢ ᠳᠤ 50% ᠶᠢᠨ ᠬᠤᠰᠢᠭᠤ | ᠰᠢᠶᠠᠨ ︵ᠬᠤᠲᠠ᠂ ᠲᠣᠭᠤᠷᠢᠭ︶ ᠤ ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠭᠢᠵᠢᠯᠳᠤ ᠦᠢᠯᠡᠴᠢᠯᠡᠭᠡᠨ ᠤ | ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠂ ᠰᠤᠮᠤ ᠰᠢᠶᠠᠩ ᠪᠠᠯᠭᠠᠰᠤ ᠵᠢᠴᠢ ᠭᠠᠴᠠᠭ᠎ᠠ | ᠲᠤᠰᠬᠤᠨ ᠤ ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠬᠢᠵᠢᠯᠳᠤ ᠦᠢᠯᠡᠴᠢᠯᠡᠭᠡᠨ ᠤ ᠰᠢᠰᠲ᠋ᠧᠮᠵᠢ ᠶᠢᠨ | ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠠᠷ ᠲᠦᠯᠬᠢᠨ ᠠᠬᠢᠭᠤᠯᠬᠤ ᠬᠡᠷᠡᠭᠲᠡᠢ᠃ | ︵ᠬᠤᠶᠠᠷ︶ ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠤ | ᠴᠢᠳᠠᠪᠤᠷᠢ ᠶᠢᠨ ᠪᠦᠲᠦᠭᠡᠨ ᠪᠠᠶᠢᠭᠤᠯᠤᠯᠲᠠ | 1. ︽12316︾ ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ | ᠮᠠᠯᠴᠢᠳ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠦᠢᠯᠡᠴᠢᠯᠡᠬᠦ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ᠃ | ᠨᠢᠭᠡ ᠳᠤ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ᠡᠯ᠎ᠡ ᠰᠠᠯᠠᠭ᠎ᠠ ᠮᠦᠴᠢᠷ ᠤᠨ ᠬᠤᠭᠤᠷᠤᠨᠳᠤᠬᠢ | ᠲᠣᠬᠠᠶᠢᠯᠠᠭᠰᠠᠨ ᠠᠵᠢᠯ ᠢᠶᠠᠨ ᠬᠠᠮᠵᠢᠯᠴᠠᠬᠤ᠂ ᠠᠵᠢᠯ ᠢᠶᠠᠨ ᠨᠡᠶᠢᠯᠡᠭᠦᠯᠬᠦ ᠪᠠ ᠵᠠᠭᠠᠯᠳᠤᠯᠭ᠎ᠠ ᠶᠢ ᠬᠦᠯᠢᠶᠡᠨ ᠠᠪᠬᠤ | ᠬᠠᠮᠲᠤᠷᠠᠨ ᠬᠦᠲᠦᠯᠦᠯᠴᠡᠬᠦ ᠲᠣᠭᠲᠠᠴᠠ ᠶᠢ ᠴᠢᠩᠭᠠᠬᠳᠬᠠᠵᠤ᠂ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠭᠰᠠᠨ | ᠬᠠᠯᠠᠮᠰᠢᠯ ᠤᠲᠠᠰᠤ ᠪᠠ ᠢᠯᠡᠴᠢᠯᠡᠨ ᠵᠠᠭᠠᠯᠳᠤᠬᠤ ᠳ᠋ᠢᠶᠠᠩᠬᠤᠸᠠ᠂ ᠦᠢᠯᠡᠴᠢᠯᠡᠭᠡᠨ ᠤ ᠰᠦᠯᠵᠢᠶ᠎ᠠ᠂ ᠣᠬᠤᠷ ᠮᠡᠳᠡᠭᠡ᠂ | ᠦᠩᠭᠡᠲᠦ ᠣᠬᠤᠷ ᠮᠡᠳᠡᠭᠡᠨ ᠤ ᠰᠢᠰᠲ᠋ᠧᠮ ᠵᠡᠷᠭᠡ ᠡᠯ᠎ᠡ ᠲᠦᠷᠦᠯ ᠤᠨ ᠦᠢᠯᠡᠴᠢᠯᠡᠭᠡᠨ ᠤ ᠡᠬᠢ ᠪᠠᠶᠠᠯᠢᠭ ᠢ ᠬᠦᠴᠦᠯᠡᠨ | ᠨᠡᠶᠢᠯᠡᠭᠦᠯᠵᠦ᠂ ︽12316︾ ᠪᠠ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠶᠤᠯ ᠦᠭᠡᠢ ᠶᠢ ᠬᠢᠨᠠᠨ ᠬᠠᠮᠢᠶᠠᠷᠬᠤ ᠵᠡᠷᠭᠡ ᠦᠢᠯᠡᠴᠢᠯᠡᠭᠡᠨ ᠤ | ᠰᠢᠰᠲ᠋ᠧᠮᠵᠢ ᠯᠦᠭᠡ ᠶᠢᠨ ᠨᠡᠶᠢᠯᠡᠯᠴᠡᠬᠦ ᠶᠢ ᠲᠦᠯᠬᠢᠨ ᠠᠬᠢᠭᠤᠯᠬᠤ ᠬᠡᠷᠡᠭᠲᠡᠢ︔ ᠬᠤᠶᠠᠷ ᠲᠤ ᠪᠦᠬᠦ ᠣᠷᠣᠨ ᠢ | ᠬᠠᠮᠤᠷᠤᠭᠰᠠᠨ ︽12316︾ ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ | ᠮᠠᠯᠴᠢᠳ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠮᠡᠷᠭᠡᠵᠢᠯᠲᠡᠨ ᠤ ᠡᠩᠨᠡᠭᠡ ᠶᠢ ᠪᠠᠶᠢᠭᠤᠯᠵᠤ᠂ ᠠᠵᠢᠯ ᠤᠨ | ᠠᠮᠵᠢᠯᠲᠠ ᠯᠤᠭ᠎ᠠ ᠬᠤᠯᠪᠤᠭᠰᠠᠨ ᠰᠢᠯᠭᠠᠨ ᠬᠢᠨᠠᠵᠤ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ︔ | ᠭᠤᠷᠪᠠ ᠳᠤ ᠳ᠋ᠢᠶᠠᠩᠬᠤᠸᠠ ᠵᠠᠯᠭᠠᠭᠴᠢ᠂ ᠮᠡᠷᠭᠡᠵᠢᠯᠲᠡᠨ ᠳᠤ ᠴᠢᠭᠯᠡᠭᠦᠯᠦᠭᠰᠡᠨ ᠲᠤᠰᠬᠠᠶᠢᠵᠢᠭᠰᠠᠨ᠂ ᠵᠢᠷᠤᠮᠵᠢᠭᠰᠠᠨ | ᠪᠣᠯᠪᠠᠰᠤᠷᠠᠭᠤᠯᠤᠯ ᠢ ᠦᠷᠨᠢᠭᠦᠯᠬᠦ ᠬᠡᠷᠡᠭᠲᠡᠢ︔ ᠳᠥᠷᠪᠡ ᠳᠤ ᠣᠯᠠᠨ ᠬᠡᠯᠪᠡᠷᠢ ᠶᠢᠨ ᠤᠬᠠᠭᠤᠯᠭ᠎ᠠ ᠶᠢ ᠦᠷᠨᠢᠭᠦᠯᠵᠦ᠂ | ︽12316︾ ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠤᠨ | ᠦᠢᠯᠡᠴᠢᠯᠡᠭᠡᠨ ᠤ ᠨᠡᠷᠡᠲᠦ ᠲᠦᠷᠦᠯ ᠲᠡᠮᠲᠡᠭ ᠢ ᠪᠣᠢ ᠪᠣᠯᠭᠠᠨ᠎ᠠ︔ ᠲᠠᠪᠤ ᠳᠤ ᠮᠡᠷᠭᠡᠵᠢᠯᠲᠡᠨ ᠨᠠᠷ ᠲᠣᠬᠠᠢ ᠶᠢᠨ | ᠭᠠᠵᠠᠷ ᠲᠤᠨᠢ ᠣᠴᠢᠵᠤ ᠵᠢᠯᠤᠭᠤᠳᠬᠤ ᠵᠡᠷᠭᠡ ᠴᠢᠭᠯᠡᠭᠦᠯᠬᠦ ᠴᠢᠨᠠᠷᠲᠠᠢ ᠦᠢᠯᠡᠴᠢᠯᠡᠭᠡ ᠶᠢ ᠦᠷᠨᠢᠭᠦᠯᠬᠦ ᠬᠡᠷᠡᠭᠲᠡᠢ︔ | ᠵᠢᠷᠭᠤᠭ᠎ᠠ ᠳᠤ ︽12316︾ ᠠᠪᠢᠶᠠᠨ ᠤ ᠳ᠋ᠶᠢᠲ᠋ᠡ ᠶᠢᠨ ᠬᠦᠮᠦᠷᠬᠡ ᠶᠢᠨ ᠪᠦᠲᠦᠭᠡᠨ ᠪᠠᠶᠢᠭᠤᠯᠤᠯᠲᠠ ᠪᠣᠯᠣᠨ | ᠲᠡᠬᠦᠯᠳᠡᠷᠵᠢᠬᠦ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃ 2015 ᠣᠨ ᠤ ᠰᠡᠭᠦᠯᠴᠢ ᠪᠣᠯᠲᠠᠯ᠎ᠠ᠂ ︽ | 12316︾ ᠶᠢ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ᠮᠡᠳᠡᠭᠡ ᠵᠠᠩᠭᠢ ᠰᠤᠯᠢᠯᠴᠠᠬᠤ ᠨᠡᠪᠲᠡᠷᠡᠯ ᠵᠠᠮ | ᠪᠠ ᠠᠷᠠᠳ ᠲᠤ ᠦᠢᠯᠡᠴᠢᠯᠡᠬᠦ ᠮᠡᠳᠡᠭᠡ ᠵᠠᠩᠭᠢ ᠶᠢᠨ ᠵᠢᠩᠭᠢᠨᠢ ᠲᠡᠪᠴᠡᠩ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ᠃ | | 2. ᠲᠠᠷᠢᠶᠠᠯᠠᠩ ᠮᠠᠯ ᠠᠵᠤ ᠠᠬᠤᠢ ᠶᠢᠨ ᠪᠤᠳᠠᠰᠯᠢᠭ ᠬᠤᠯᠪᠤᠭᠠᠳᠤ ᠰᠦᠯᠵᠢᠶ᠎ᠡ ᠶᠢᠨ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠃ ᠲᠠᠷᠢᠮᠠᠯ ᠤᠨ ᠦᠢᠯᠡᠰ᠂ ᠮᠠᠯ ᠠᠵᠤ ᠠᠬᠤᠢ᠂ | ᠤᠰᠤᠨ ᠭᠠᠷᠤᠯᠲᠠ ᠲᠡᠵᠢᠭᠡᠨ ᠦᠷᠡᠵᠢᠭᠦᠯᠬᠦ ᠵᠡᠷᠭᠡ ᠬᠦᠷᠢᠶ᠎ᠡ ᠬᠡᠪᠴᠢᠶᠡᠨ ᠳᠤ ᠲᠠᠷᠢᠶᠠᠯᠠᠩ ᠮᠠᠯ ᠠᠵᠤ ᠠᠬᠤᠢ ᠶᠢᠨ | ᠪᠤᠳᠠᠰᠯᠢᠭ ᠬᠤᠯᠪᠤᠭᠠᠳᠤ ᠰᠦᠯᠵᠢᠶ᠎ᠡ ᠶᠢᠨ ᠬᠡᠷᠡᠭᠯᠡᠭᠡᠨ ᠤ ᠵᠢᠱᠢᠶ᠎ᠡ ᠦᠵᠡᠭᠦᠯᠬᠦ ᠠᠵᠢᠯ ᠢ ᠦᠷᠨᠢᠭᠦᠯᠵᠦ᠂ ᠪᠤᠳᠠᠰᠯᠢᠬ | ᠬᠤᠯᠪᠤᠭᠠᠳᠤ ᠰᠦᠯᠵᠢᠶ᠎ᠡ ᠶᠢᠨ ᠲᠥᠭᠦᠭᠡᠷᠦᠮᠵᠢ ᠪᠠ ᠮᠡᠷᠭᠡᠵᠢᠯ ᠤᠨ ᠠᠷᠭ᠎ᠠ ᠮᠠᠶ᠋ᠢᠭ ᠢ ᠠᠰᠢᠭᠯᠠᠨ᠂ | ᠦᠢᠯᠡᠳᠪᠦᠷᠢᠯᠡᠯ ᠤᠨ ᠶᠠᠪᠤᠴᠠ ᠶᠢ ᠲᠣᠭᠠᠴᠢᠯᠠᠨ ᠬᠠᠮᠢᠶᠠᠷᠴᠤ᠂ ᠲᠡᠷᠢᠭᠦᠨ ᠤ ᠨᠡᠶᠢᠲᠡᠯᠢᠭ ᠤᠨ ᠬᠦᠲᠦᠯᠦᠨ | ᠤᠳᠤᠷᠢᠳᠬᠤ ᠪᠠ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠤᠨ᠂ ᠠᠳᠠᠯᠢ ᠪᠤᠰᠤ ᠭᠠᠵᠠᠷ ᠣᠷᠣᠨ᠂ | ᠠᠳᠠᠯᠢ ᠪᠤᠰᠤ ᠬᠦᠷᠢᠶ᠎ᠡ ᠬᠡᠪᠴᠢᠶᠡᠨ ᠤ ᠮᠡᠳᠡᠭᠡ ᠵᠠᠩᠭᠢᠵᠢᠯᠠᠯᠲᠠ ᠶᠢᠨ ᠬᠢᠷᠢ ᠬᠡᠮᠵᠢᠶ᠎ᠡ ᠶᠢ ᠳᠠᠶᠢᠴᠢᠯᠠᠨ ᠪᠦᠬᠦᠯᠢ | ᠴᠤᠭᠴᠠ ᠪᠠᠷ ᠨᠢ ᠳᠡᠭᠡᠭᠰᠢᠯᠡᠭᠦᠯᠦᠨ᠎ᠡ᠃ 2015 ᠣᠨ ᠳᠤ ᠬᠦᠬᠡᠬᠤᠲᠠ᠂ ᠪᠤᠭᠤᠳᠤ᠂ ᠣᠷᠳᠤᠰ ᠬᠤᠲᠠ ᠪᠠᠷ | ᠲᠠᠷᠢᠶᠠᠯᠠᠩ ᠮᠠᠯ ᠠᠵᠤ ᠠᠬᠤᠢ ᠶᠢᠨ ᠪᠤᠳᠠᠰᠯᠢᠬ ᠬᠤᠯᠪᠤᠭᠠᠳᠤ ᠰᠦᠯᠵᠢᠶ᠎ᠡ ᠶᠢᠨ ᠰᠠᠭᠤᠷᠢᠨ ᠭᠠᠵᠠᠷ ᠢ ᠪᠠᠶᠢᠭᠤᠯᠵᠤ᠂ | ᠪᠤᠳᠠᠰᠯᠢᠬ ᠬᠤᠯᠪᠤᠭᠠᠳᠤ ᠰᠦᠯᠵᠢᠶ᠎ᠡ ᠶᠢᠨ ᠮᠡᠳᠡᠭᠡ ᠵᠠᠩᠬᠢᠵᠢᠯᠠᠯᠲᠠ ᠶᠢᠨ ᠮᠡᠷᠭᠡᠵᠢᠯ ᠢ ᠳᠡᠯᠭᠡᠷᠡᠭᠦᠯᠦᠨ ᠬᠡᠷᠡᠭᠯᠡᠭᠦᠯᠦᠨ᠎ᠡ᠃ | | 3. ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠬᠢᠵᠢᠯᠠᠯᠲᠠ ᠶᠢᠨ ᠲᠣᠷᠰᠢᠯᠲᠠ ᠶᠢᠨ ᠵᠢᠱᠢᠶ᠎ᠡ | ᠦᠵᠡᠭᠦᠯᠬᠦ ᠠᠵᠢᠯ ᠢ ᠦᠷᠨᠢᠭᠦᠯᠬᠦ ᠬᠡᠷᠡᠭᠲᠡᠢ᠃ ᠨᠢᠭᠡ ᠳᠤ ︽12316︾ ᠲᠠᠷᠢᠶᠠᠯᠠᠩ ᠮᠠᠯ ᠠᠵᠤ ᠠᠬᠤᠢ | ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠤᠨ ᠦᠢᠯᠡᠴᠢᠯᠡᠭᠡᠨ ᠤ ᠬᠠᠯᠠᠮᠰᠢᠯ ᠤᠲᠠᠰᠤ᠂ ᠲᠠᠷᠢᠶᠠᠯᠠᠩ ᠤᠨ | ᠮᠡᠳᠡᠭᠡ ᠵᠠᠩᠭᠢ ᠶᠢᠨ ᠬᠤᠯᠪᠣᠭ᠎ᠠ ᠵᠡᠷᠭᠡ ᠮᠡᠳᠡᠭᠡ ᠵᠠᠩᠭᠢᠵᠢᠯᠠᠯᠲᠠ ᠶᠢᠨ ᠮᠡᠷᠭᠡᠵᠢᠯ ᠤᠨ ᠠᠷᠭ᠎ᠠ ᠮᠠᠶ᠋ᠢᠭ ᠲᠤ ᠲᠦᠰᠢᠭᠯᠡᠵᠦ | ᠂ ᠮᠡᠳᠡᠭᠡ ᠵᠠᠩᠭᠢ ᠶᠢ ᠠᠶᠢᠯ ᠲᠤᠰᠬᠤᠨ ᠳᠤ ᠬᠦᠷᠭᠡᠬᠦ ᠲᠣᠷᠰᠢᠯᠲᠠ ᠶᠢᠨ ᠠᠵᠢᠯ ᠢ ᠦᠷᠨᠢᠭᠦᠯᠦᠨ᠂ ᠲᠠᠷᠢᠶᠠᠯᠠᠩ ᠮᠠᠯ | ᠠᠵᠤ ᠠᠬᠤᠢ ᠶᠢᠨ ᠬᠥᠭᠵᠢᠯᠲᠡ ᠪᠠ ᠮᠡᠳᠡᠭᠡ ᠵᠠᠩᠭᠢᠵᠢᠯᠠᠯᠲᠠ ᠶᠢᠨ ᠰᠠᠭᠤᠷᠢ ᠨᠡᠯᠢᠶᠡᠳ ᠰᠠᠶᠢᠨ ᠠᠶᠢᠮᠠᠭ ᠬᠤᠲᠠ ᠳᠤ | ᠲᠤᠰᠬᠤᠨ ᠤ ᠱᠠᠲᠤᠨ ᠤ ᠮᠡᠳᠡᠭᠡ ᠵᠠᠩᠭᠢ ᠶᠢᠨ ᠨᠢᠭᠡ ᠪᠦᠯᠦᠭ ᠦᠢᠯᠡᠴᠢᠯᠡᠭᠡᠨ ᠤ ᠥᠷᠲᠡᠭᠡ ᠶᠢ ᠪᠠᠶᠢᠭᠤᠯᠤᠨ | ᠪᠦᠲᠦᠭᠡᠵᠦ᠂ ᠦᠨᠳᠦᠰᠦᠨ ᠱᠠᠲᠤᠨ ᠤ ᠮᠠᠯᠴᠢᠨ ᠲᠠᠷᠢᠶᠠᠴᠢᠳ ᠪᠣᠯᠣᠨ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ | ᠠᠬᠤᠢ ᠶᠢᠨ ᠡᠵᠡᠩᠨᠡᠯᠲᠡ ᠶᠢᠨ ᠭᠤᠣᠯ ᠴᠤᠭᠴᠠ ᠳᠤ ᠮᠡᠳᠡᠭᠡ ᠵᠠᠩᠭᠢ ᠶᠢᠨ ᠦᠢᠯᠡᠴᠢᠯᠡᠭᠡ ᠶᠢ ᠬᠠᠩᠭᠠᠬᠤ ᠬᠡᠷᠡᠭᠲᠡᠢ᠃ | 2015 ᠣᠨ ᠳᠤ ᠨᠦᠬᠦᠴᠡᠯ ᠲᠠᠢ ᠠᠶᠢᠮᠠᠭ ᠬᠤᠲᠠ ᠨᠢ ᠮᠠᠯᠴᠢᠨ ᠲᠠᠷᠢᠶᠠᠴᠢᠳ ᠤᠨ ᠮᠡᠳᠡᠭᠡ ᠵᠠᠩᠭᠢ ᠶᠢᠨ | ᠦᠢᠯᠡᠴᠢᠯᠡᠭᠡᠨ ᠤ ᠲᠣᠷᠰᠢᠯᠲᠠ ᠶᠢᠨ ᠪᠦᠲᠦᠭᠡᠨ ᠪᠠᠶᠢᠭᠤᠯᠤᠯᠲᠠ ᠶᠢ ᠦᠷᠨᠢᠭᠦᠯᠬᠦ ᠬᠡᠷᠡᠭᠲᠡᠢ᠃ ᠬᠤᠶᠠᠷ ᠲᠤ | ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠳ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ | ᠡᠯᠧᠺᠲᠷᠣᠨ ᠬᠤᠳᠠᠯᠳᠤᠭᠠᠨ ᠤ ᠲᠣᠬᠠᠶᠢᠯᠠᠭᠰᠠᠨ ᠠᠵᠢᠯ ᠦᠷᠨᠢᠭᠦᠯᠬᠦ ᠶᠢ ᠵᠣᠷᠢᠬᠵᠢᠭᠤᠯᠬᠤ ᠪᠠ ᠬᠦᠲᠦᠯᠦᠨ | ᠵᠢᠯᠤᠭᠤᠳᠴᠤ᠂ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠠᠵᠤ ᠠᠬᠤᠶᠢᠯᠠᠯ᠂ ᠮᠠᠯᠴᠢᠨ ᠲᠠᠷᠢᠶᠠᠴᠢᠳ ᠤᠨ | ᠲᠤᠰᠬᠠᠢ ᠬᠤᠷᠰᠢᠶ᠎ᠠ ᠶᠢᠨ ᠰᠦᠯᠵᠢᠶᠡᠨ ᠳᠠᠬᠢ ᠰᠤᠯᠢᠯᠴᠠᠭᠠᠨ ᠢ ᠳᠡᠮᠵᠢᠵᠦ᠂ ᠮᠠᠨ ᠤ ᠣᠷᠣᠨ ᠤ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠭᠦᠨ ᠤ ᠮᠡᠳᠡᠷᠡᠴᠡ ᠪᠣᠯᠣᠨ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢ | ᠳᠡᠭᠡᠭᠰᠢᠯᠡᠭᠦᠯᠬᠦ ᠬᠡᠷᠡᠭᠲᠡᠢ᠃ | 4. ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠭᠢ ᠶᠢᠨ ᠰᠦᠯᠵᠢᠶᠡᠨ ᠤ | ᠪᠦᠲᠦᠭᠡᠨ ᠪᠠᠶᠢᠭᠤᠯᠤᠯᠲᠠ᠃ ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠭᠢ ᠶᠢᠨ ᠰᠦᠯᠵᠢᠶᠡᠨ ᠤ ᠣᠳᠣ ᠶᠢᠨ | ᠪᠦᠲᠦᠭᠡᠨ ᠪᠠᠶᠢᠭᠤᠯᠵᠤ ᠠᠵᠢᠯᠯᠠᠭᠤᠯᠤᠭᠰᠠᠨ ᠪᠠᠶᠢᠳᠠᠯ ᠵᠢᠴᠢ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ | ᠦᠨᠳᠦᠰᠦᠯᠡᠵᠦ᠂ ᠭᠤᠷᠪᠠᠨ ᠲᠠᠯ᠎ᠠ ᠶᠢᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠦᠷᠨᠢᠭᠦᠯᠦᠨ᠎ᠡ᠄ | ᠨᠢᠭᠡ ᠳᠤ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠭᠢ ᠶᠢᠨ ᠰᠦᠯᠵᠢᠶᠡᠨ ᠤ ᠭᠠᠷ | ᠤᠲᠠᠰᠤᠨ ᠪᠠᠷ ᠤᠨ ᠬᠡᠷᠡᠭᠯᠡᠭᠡ ᠪᠤᠯᠤᠨ᠎ᠠ᠃ 2015 ᠣᠨ ᠳᠤ ᠬᠡᠷᠡᠭᠯᠡᠯᠲᠡ ᠳᠤ ᠣᠷᠣᠭᠤᠯᠵᠤ᠂ ᠮᠠᠯᠴᠢᠨ | ᠲᠠᠷᠢᠶᠠᠴᠢᠳ ᠲᠤ ᠮᠡᠳᠡᠭᠡ ᠵᠠᠩᠭᠢ ᠪᠠᠶᠢᠴᠠᠭᠠᠨ ᠠᠰᠠᠭᠤᠬᠤ᠂ ᠬᠠᠷᠢᠯᠴᠠᠨ ᠰᠤᠯᠢᠯᠴᠠᠬᠤ ᠵᠡᠷᠭᠡ ᠦᠢᠯᠡᠴᠢᠯᠡᠭᠡ ᠶᠢ | ᠪᠦᠬᠦ ᠲᠠᠯ᠎ᠠ ᠪᠠᠷ ᠬᠠᠩᠭᠠᠨ᠎ᠠ᠃ ᠬᠤᠶᠠᠷ ᠲᠤ ᠮᠡᠳᠡᠭᠡ ᠵᠠᠩᠭᠢ ᠶᠢᠨ ᠨᠡᠪᠲᠡᠷᠡᠭᠦᠯᠦᠭᠡ ᠶᠢᠨ ᠪᠤᠯᠤᠩ ᠤᠨ ᠪᠦᠲᠦᠭᠡᠨ | ᠪᠠᠶᠢᠭᠤᠯᠤᠯᠳᠠ ᠪᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠠᠵᠢᠯ ᠲᠦᠷᠦᠯ ᠪᠠ ᠵᠠᠰᠠᠭ ᠤᠨ ᠣᠷᠳᠤᠨ ᠤ | ᠰᠦᠯᠵᠢᠶᠡᠨ ᠤ ᠮᠡᠳᠡᠭᠡ ᠵᠠᠩᠭᠢ ᠶᠢᠨ ᠡᠬᠢ ᠪᠠᠶᠠᠯᠢᠭ ᠢ ᠪᠦᠲᠦᠮᠵᠢᠲᠡᠢ ᠨᠡᠶᠢᠯᠡᠭᠦᠯᠵᠦ᠂ ᠦᠪᠡᠷᠲᠡᠭᠡᠨ ᠵᠠᠰᠠᠬᠤ ᠣᠷᠣᠨ | ᠪᠠ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠳᠠᠬᠢ ᠵᠠᠰᠠᠭ ᠤᠨ ᠣᠷᠳᠣᠨ ᠤ | ᠰᠦᠯᠵᠢᠶᠡᠨ ᠤ ᠪᠦᠬᠦᠯᠢ ᠴᠤᠭᠴᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠨᠡᠶᠢᠭᠡᠮ ᠤᠨ ᠣᠯᠠᠨ | ᠨᠡᠶᠢᠲᠡ ᠶᠢᠨ ᠬᠢᠨ ᠠᠵᠢᠯ ᠲᠦᠷᠦᠯ ᠤᠨ ᠬᠥᠭᠵᠢᠯᠲᠡ ᠶᠢᠨ ᠪᠠᠶᠢᠳᠠᠯ ᠢ ᠣᠶᠢᠯᠠᠭᠠᠬᠤ ᠳᠤ ᠳᠦᠭᠦᠮ ᠦᠵᠡᠭᠦᠯᠵᠦ᠂ | ᠠᠵᠢᠯ ᠲᠦᠷᠦᠯ ᠪᠠ ᠵᠠᠰᠠᠭ ᠤᠨ ᠣᠷᠳᠣᠨ ᠤ ᠰᠦᠯᠵᠢᠶᠡᠨ ᠤ ᠮᠡᠳᠡᠭᠡ ᠵᠠᠩᠭᠢ ᠶᠢ ᠬᠠᠮᠲᠤ ᠳᠠᠭᠠᠨ ᠡᠳ᠋ᠯᠡᠬᠦ ᠶᠢ | ᠲᠦᠯᠬᠢᠨ ᠠᠬᠢᠭᠤᠯᠤᠨ᠎ᠠ᠃ 2015 ᠣᠨ ᠳᠤ ᠪᠦᠬᠦ ᠲᠠᠯ᠎ᠠ ᠪᠠᠷ ᠰᠠᠭᠠᠳ ᠦᠭᠡᠢ ᠨᠡᠪᠲᠡᠷᠡᠬᠦ ᠶᠢ ᠪᠡᠶᠡᠯᠡᠭᠦᠯᠦᠨ᠎ᠡ᠃ | ︵ᠭᠤᠷᠪᠠ︶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠳᠦᠭᠡᠭᠳᠡᠭᠦᠨ ᠤ ᠵᠠᠬ᠎ᠠ ᠳᠡᠯᠭᠡᠭᠦᠷ ᠢ ᠬᠢᠨᠠᠨ | ᠬᠡᠮᠵᠢᠵᠦ ᠰᠡᠷᠡᠮᠵᠢᠯᠡᠭᠦᠯᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ | ᠲᠠᠪᠤᠨ ᠲᠠᠯ᠎ᠠ ᠶᠢᠨ ᠠᠭᠤᠯᠭ᠎ᠠ ᠶᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠬᠤ ᠬᠡᠷᠡᠭᠲᠡᠢ᠃ ᠨᠢᠭᠡ ᠳᠤ | ᠪᠦᠬᠦ ᠣᠷᠣᠨ ᠤ ᠨᠢᠭᠡᠲᠦᠯᠲᠡᠢ ᠲᠠᠷᠢᠶᠠᠯᠠᠩ ᠮᠠᠯ ᠠᠵᠤ ᠠᠬᠤᠢ ᠶᠢᠨ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢ ᠬᠢᠨᠠᠨ | ᠬᠡᠮᠵᠢᠵᠦ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠲᠡᠪᠴᠡᠩ ᠢ ᠨᠡᠬᠡᠬᠡᠨ ᠬᠥᠭᠵᠢᠭᠦᠯᠵᠦ᠂ ᠲᠠᠷᠢᠶᠠᠯᠠᠩ ᠮᠠᠯ ᠠᠵᠤ | ᠠᠬᠤᠢ ᠶᠢᠨ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠴᠤᠭᠯᠠᠭᠤᠯᠬᠤ᠂ ᠯᠠᠪᠯᠠᠨ ᠠᠰᠠᠭᠤᠬᠤ᠂ | ᠵᠠᠳᠠᠯᠬᠤ ᠶᠢᠨ ᠴᠠᠭ ᠬᠤᠭᠤᠴᠠᠭᠠᠲᠤ ᠴᠢᠨᠠᠷ ᠪᠣᠯᠣᠨ ᠤᠨᠤᠪᠴᠢᠲᠦ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ | ᠦᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠪᠠᠶᠢᠴᠠᠭᠠᠨ | ᠰᠤᠳᠤᠯᠤᠭᠳᠠᠬᠤ ᠡᠷᠦᠬᠡ ᠳᠥᠷᠪᠡᠨ ᠱᠠᠲᠤᠨ ᠤ ᠵᠠᠬ᠎ᠠ ᠳᠡᠯᠭᠡᠭᠦᠷ ᠢ ᠬᠢᠨᠠᠨ ᠬᠡᠮᠵᠢᠵᠦ ᠰᠡᠷᠡᠮᠵᠢᠯᠡᠭᠦᠯᠬᠦ ᠰᠢᠰᠲ᠋ᠧᠮᠵᠢ ᠶᠢ | ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠭᠦᠨ ᠤ ᠵᠠᠬ᠎ᠠ ᠳᠡᠯᠭᠡᠭᠦᠷ ᠤᠨ ᠠᠵᠢᠯᠯᠠᠭᠠᠨ ᠵᠢᠴᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠭᠦᠨ ᠤ ᠡᠳ᠋ᠰᠢᠭᠦᠯᠭᠡ ᠵᠡᠷᠭᠡ ᠮᠡᠳᠡᠭᠡ ᠵᠠᠩᠭᠢ ᠶᠢᠨ ᠴᠤᠭᠯᠠᠭᠤᠯᠵᠤ ᠮᠡᠳᠡᠭᠦᠯᠦᠨ ᠬᠥᠷᠭᠡᠬᠦ ᠲᠣᠭᠲᠠᠴᠠ ᠶᠢ | ᠪᠠᠶᠢᠭᠤᠯᠬᠤ ᠬᠡᠷᠡᠭᠲᠡᠢ᠃ ᠳᠠᠷᠤᠢ ᠦᠪᠡᠷᠲᠡᠭᠡᠨ ᠵᠠᠰᠠᠬᠤ ᠣᠷᠣᠨ ᠳᠤ ᠲᠤᠰᠬᠠᠢ ᠠᠵᠢᠯᠲᠠᠨ ᠠᠴᠠ ᠲᠤᠭ᠎ᠠ | ᠪᠠᠷᠢᠮᠲᠠ ᠶᠢᠨ ᠵᠠᠳᠠᠯᠤᠯ ᠬᠢᠨ᠎ᠡ︔ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠲᠤᠰᠬᠠᠢ | ᠠᠵᠢᠯᠲᠠᠨ ᠠᠴᠠ ᠮᠡᠳᠡᠭᠡ ᠵᠠᠩᠭᠢ ᠴᠤᠭᠯᠠᠭᠤᠯᠬᠤ᠂ ᠬᠢᠨᠠᠨ ᠬᠠᠷᠭᠤᠭᠤᠯᠬᠤ ᠪᠠ ᠮᠡᠳᠡᠭᠦᠯᠦᠨ ᠬᠥᠷᠭᠡᠬᠦ ᠠᠵᠢᠯ ᠢ | ᠬᠠᠷᠢᠭᠤᠴᠠᠨ ᠵᠣᠬᠢᠶᠠᠨ ᠪᠠᠶᠢᠭᠤᠯᠬᠤ ᠶᠢᠨ ᠬᠠᠮᠲᠤ ᠲᠤᠰ ᠲᠤᠰ ᠤᠨ ᠪᠤᠳᠠᠳᠤ ᠪᠠᠶᠢᠳᠠᠯ ᠢᠶᠠᠨ ᠦᠨᠳᠦᠰᠦᠯᠡᠵᠦ᠂ | ᠣᠨᠴᠠᠯᠢᠭ ᠪᠦᠬᠦᠢ ᠠᠵᠤ ᠦᠢᠯᠡᠰ ᠲᠠᠢ ᠤᠶᠠᠯᠳᠤᠭᠤᠯᠤᠨ᠂ ᠲᠤᠰ ᠭᠠᠵᠠᠷ ᠣᠷᠣᠨ ᠤ ᠬᠢᠨᠠᠨ ᠬᠡᠮᠵᠢᠵᠦ | ᠰᠡᠷᠡᠮᠵᠢᠯᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ︔ ᠰᠤᠮᠤ ᠰᠢᠶᠠᠩ ᠪᠠᠯᠭᠠᠰᠤ ᠪᠠ ᠭᠠᠴᠠᠭ᠎ᠠ ᠲᠤᠰᠬᠤᠨ ᠳᠤ | ᠰᠠᠭᠤᠷᠢ ᠴᠢᠬ ᠤᠨ ᠪᠠᠶᠢᠴᠠᠭᠠᠨ ᠰᠤᠳᠤᠯᠤᠭᠳᠠᠬᠤ ᠡᠷᠦᠬᠡ ᠠᠴᠠ ᠣᠷᠣᠨ ᠪᠦᠰᠡ ᠶᠢᠨ ᠳᠣᠲᠤᠷᠠᠬᠢ ᠲᠤᠭ᠎ᠠ | ᠪᠠᠷᠢᠮᠲᠠ ᠶᠢ ᠴᠤᠭᠯᠠᠭᠤᠯᠬᠤ ᠵᠢᠴᠢ ᠰᠦᠯᠵᠢᠶᠡᠨ ᠳᠡᠭᠡᠷ᠎ᠡ ᠲᠠᠭᠯᠠᠵᠤ ᠮᠡᠳᠡᠭᠦᠯᠬᠦ ᠠᠵᠢᠯ ᠢ ᠬᠠᠷᠢᠭᠤᠴᠠᠨ᠎ᠠ᠃ | ᠭᠤᠷᠪᠠ ᠳᠤ ᠲᠦᠷᠦᠯ ᠵᠦᠢᠯ ᠬᠤᠪᠢᠶᠠᠭᠰᠠᠨ ᠲᠤᠰᠬᠠᠢ ᠵᠠᠳᠠᠯᠤᠭᠴᠢ ᠶᠢᠨ ᠡᠩᠨᠡᠭᠡ ᠶᠢ ᠵᠣᠬᠢᠶᠠᠨ ᠪᠠᠶᠢᠭᠤᠯᠵᠤ᠂ | ᠵᠦᠪᠳᠡᠯᠴᠡᠬᠦ ᠳᠦᠷᠢᠮ ᠢ ᠪᠠᠶᠢᠭᠤᠯᠤᠨ᠂ ᠵᠠᠬ᠎ᠠ ᠳᠡᠯᠭᠡᠭᠦᠷ ᠤᠨ ᠬᠤᠪᠢᠷᠠᠯᠲᠠ ᠪᠠ ᠬᠥᠭᠵᠢᠯᠲᠡ ᠶᠢᠨ ᠬᠠᠨᠳᠤᠰᠢ ᠶᠢ | ᠵᠠᠳᠠᠯᠵᠦ᠂ ᠬᠠᠨᠳᠤᠰᠢ ᠶᠢᠨ ᠴᠢᠨᠠᠷᠲᠠᠢ᠂ ᠢᠯᠡᠷᠡᠯ ᠤᠨ ᠴᠢᠨᠠᠷᠲᠠᠢ ᠠᠰᠠᠭᠤᠳᠠᠯ ᠢ ᠴᠠᠭ ᠲᠣᠬᠠᠢ ᠳᠤᠨᠢ ᠢᠯᠡᠷᠡᠭᠦᠯᠬᠦ | ᠬᠡᠷᠡᠭᠲᠡᠢ᠃ ᠲᠥᠷᠪᠡ ᠳᠤ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢᠨ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠤᠨ | ᠠᠮᠵᠢᠯᠲᠠ ᠪᠦᠳᠦᠮᠵᠢ ᠶᠢᠨ ᠰᠢᠯᠭᠠᠨ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢᠨ | ᠴᠤᠭᠯᠠᠭᠤᠯᠭ᠎ᠠ ᠨᠢ ᠴᠠᠭ ᠲᠣᠬᠠᠢ ᠪᠠ ᠣᠨᠣᠪᠴᠢᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠲᠠᠪᠤ ᠳᠤ | ᠬᠠᠮᠲᠤᠷᠠᠨ ᠬᠦᠲᠦᠯᠦᠯᠴᠡᠬᠦ ᠲᠣᠭᠲᠠᠴᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ | ᠬᠤᠪᠢᠷᠠᠯᠲᠠ ᠶᠢ ᠴᠢᠩᠭ᠎ᠠ ᠠᠩᠬᠠᠷᠴᠤ᠂ ᠵᠠᠬ᠎ᠠ ᠳᠡᠯᠭᠡᠭᠦᠷ ᠤᠨ ᠣᠨᠳᠣᠣ ᠬᠦᠳᠡᠯᠪᠡᠯ ᠢ ᠡᠷᠲᠡ ᠢᠯᠡᠷᠡᠭᠦᠯᠬᠦ᠂ ᠡᠷᠲᠡ | ᠮᠡᠳᠡᠭᠦᠯᠬᠦ᠂ ᠡᠷᠲᠡ ᠲᠤᠰᠬᠠᠬᠤ ᠪᠠᠷ ᠴᠢᠷᠮᠠᠶᠢᠬᠤ ᠬᠡᠷᠡᠭᠲᠡᠢ᠃ 2016 ᠣᠨ ᠳᠤ ᠠᠩᠬ᠎ᠠ ᠠᠯᠬᠤᠮ ᠤᠨ ᠪᠦᠲᠦᠭᠡᠨ | ᠪᠠᠶᠢᠭᠤᠯᠤᠯᠲᠠ ᠶᠢ ᠪᠡᠶᠡᠯᠡᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠦᠢᠯᠡᠳᠪᠦᠷᠢᠯᠡᠯ᠂ | ᠬᠡᠷᠡᠭᠴᠡᠭᠡ ᠱᠠᠭᠠᠷᠳᠠᠯᠭ᠎ᠠ᠂ ᠦᠨ᠎ᠡ ᠬᠠᠩᠰᠢ ᠵᠡᠷᠭᠡ ᠮᠡᠳᠡᠭᠡ ᠵᠠᠩᠭᠢ ᠶᠢᠨ ᠬᠦᠳᠡᠯᠦᠯ ᠪᠠᠶᠢᠳᠠᠯ ᠤᠨ ᠬᠢᠨᠠᠨ ᠬᠡᠮᠵᠢᠵᠦ | ᠰᠡᠷᠡᠮᠵᠢᠯᠡᠭᠦᠯᠬᠦ ᠶᠢ ᠪᠡᠶᠡᠯᠡᠭᠦᠯᠦᠨ᠂ ᠵᠠᠰᠠᠭ ᠤᠨ ᠣᠷᠳᠤᠨ ᠤ ᠰᠢᠢᠳᠪᠦᠷᠢᠲᠦ ᠪᠣᠳᠣᠯᠭ᠎ᠠ ᠲᠤᠭᠳᠠᠭᠠᠬᠤ ᠳᠤ ᠦᠨᠳᠦᠰᠦ | ᠪᠠᠷᠢᠮᠲᠠ ᠬᠠᠩᠭᠠᠵᠤ᠂ ᠣᠯᠠᠨ ᠨᠠᠶᠢᠲᠡ ᠳᠤ ᠮᠡᠳᠡᠭᠡ ᠵᠠᠩᠭᠢ ᠶᠢ ᠴᠠᠭ ᠲᠤᠨᠢ ᠲᠣᠬᠢᠷᠠᠭᠤᠯᠤᠨ ᠨᠡᠶᠢᠲᠡᠯᠡᠵᠦ᠂ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠦᠢᠯᠡᠳᠪᠦᠷᠢᠯᠡᠨ ᠡᠵᠡᠩᠨᠡᠭᠴᠢᠳ ᠢ ᠬᠦᠲᠦᠯᠦᠨ | ᠵᠢᠯᠤᠭᠤᠳᠴᠤ ᠪᠠᠶᠢᠭᠠᠳ ᠴᠠᠭ ᠲᠣᠬᠠᠢ ᠳᠤᠨᠢ ᠠᠷᠭ᠎ᠠ ᠬᠡᠮᠵᠢᠶ᠎ᠠ ᠠᠪᠴᠤ ᠵᠠᠬ᠎ᠠ ᠳᠡᠯᠭᠡᠭᠦᠷ ᠤᠨ ᠲᠥᠭᠰᠢᠭᠦᠷᠢ ᠠᠴᠠ | ᠵᠠᠶᠢᠯᠠᠭᠤᠯᠬᠤ ᠬᠡᠷᠡᠭᠲᠡᠢ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠣᠳᠣᠷᠢᠳᠤᠯᠭ᠎ᠠ ᠶᠢ ᠴᠢᠩᠭᠠᠬᠳᠬᠤ ᠬᠡᠷᠡᠭᠲᠡᠢ᠃ | ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠨᠢ ᠲᠠᠷᠢᠶᠠᠯᠠᠩ ᠮᠠᠯ ᠠᠵᠤ | ᠠᠬᠤᠢ ᠶᠢᠨ ᠮᠡᠳᠡᠭᠡ ᠵᠠᠩᠬᠢᠵᠢᠯᠳᠤ ᠦᠢᠯᠡᠴᠢᠯᠡᠭᠡᠨ ᠤ ᠰᠢᠰᠲ᠋ᠧᠮᠵᠢ ᠪᠣᠯᠣᠨ ᠵᠠᠬ᠎ᠠ ᠳᠡᠯᠭᠡᠭᠦᠷ ᠢ ᠬᠢᠨᠠᠨ ᠬᠡᠮᠵᠢᠵᠦ | ᠰᠡᠷᠡᠮᠵᠢᠯᠡᠭᠦᠯᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠪᠠᠶᠢᠭᠤᠯᠵᠤ᠂ ᠪᠦᠬᠦ | ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠬᠢᠵᠢᠯᠳᠤ ᠦᠢᠯᠡᠴᠢᠯᠡᠭᠡᠨ ᠤ ᠰᠢᠰᠲ᠋ᠧᠮᠵᠢ ᠪᠣᠯᠣᠨ ᠵᠠᠬ᠎ᠠ | ᠳᠡᠯᠭᠡᠭᠦᠷ ᠤᠨ ᠬᠢᠨᠠᠨ ᠬᠡᠮᠵᠢᠵᠦ ᠰᠡᠷᠡᠮᠵᠢᠯᠡᠭᠦᠯᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ | ᠨᠢᠭᠡᠲᠦᠯᠲᠡᠢ ᠲᠦᠯᠦᠪᠯᠡᠵᠦ ᠵᠢᠯᠤᠭᠤᠳᠤᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠲᠠᠷᠢᠶᠠᠯᠠᠩ ᠮᠠᠯ | ᠠᠵᠤ ᠠᠬᠤᠢ ᠶᠢᠨ ᠲᠢᠩᠬᠢᠮ ᠤᠨ ᠵᠠᠬ᠎ᠠ ᠳᠡᠯᠭᠡᠭᠦᠷ ᠬᠢᠭᠡᠳ ᠠᠵᠤ ᠠᠬᠤᠢ ᠶᠢᠨ ᠮᠡᠳᠡᠭᠡ ᠵᠠᠩᠭᠢ ᠶᠢᠨ ᠭᠠᠵᠠᠷ ᠲᠤ | ᠪᠠᠶᠢᠷᠢᠯᠠᠭᠤᠯᠤᠨ᠎ᠠ᠃ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠦᠴᠢᠷ ᠤᠳ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭ᠎ᠠ ᠪᠣᠯᠣᠨ ᠠᠬᠢᠴᠠ ᠪᠠᠨ ᠲᠣᠳᠤᠷᠬᠠᠶᠢᠯᠠᠨ᠂ ᠨᠠᠶᠢᠳᠠᠪᠤᠷᠢᠵᠢᠭᠤᠯᠬᠤ | ᠠᠵᠢᠯ ᠢ ᠦᠨᠡᠨᠬᠦ ᠰᠠᠶᠢᠲᠤᠷ ᠠᠳᠬᠤᠬᠤ ᠬᠡᠷᠡᠭᠲᠡᠢ᠃ ᠡᠭᠦᠨ ᠤ ᠬᠠᠮᠲᠤ᠂ ᠬᠤᠯᠪᠣᠭᠳᠠᠯ ᠪᠦᠬᠦᠢ ᠰᠠᠯᠠᠭ᠎ᠠ | ᠮᠦᠴᠢᠷ ᠯᠦᠭᠡ ᠶᠢᠨ ᠣᠶᠢᠯᠠᠭᠠᠯᠴᠠᠵᠤ ᠵᠣᠬᠢᠴᠠᠭᠤᠯᠬᠤ ᠪᠠᠨ ᠴᠢᠩᠭᠠᠳᠬᠠᠵᠤ᠂ ᠳᠡᠮᠵᠢᠯᠭᠡ ᠶᠢ ᠴᠢᠷᠮᠠᠶᠢᠨ ᠣᠯᠵᠣ᠂ | ᠨᠡᠶᠢᠯᠡᠮᠡᠯ ᠬᠦᠴᠦᠨ ᠢ ᠪᠣᠢ ᠪᠣᠯᠭᠠᠨ᠂ ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠬᠢᠵᠢᠯᠳᠤ ᠦᠢᠯᠡᠴᠢᠯᠡᠭᠡᠨ ᠤ | ᠰᠢᠰᠲ᠋ᠧᠮᠵᠢ ᠪᠣᠯᠣᠨ ᠵᠠᠬ᠎ᠠ ᠳᠡᠯᠭᠡᠭᠦᠷ ᠤᠨ ᠬᠢᠨᠠᠨ ᠬᠡᠮᠵᠢᠵᠦ ᠰᠡᠷᠡᠮᠵᠢᠯᠡᠭᠦᠯᠬᠦ ᠰᠢᠰᠲ᠋ᠧᠮᠵᠢ ᠶᠢᠨ ᠪᠦᠲᠦᠭᠡᠨ | ᠪᠠᠶᠢᠭᠤᠯᠤᠯᠲᠠ ᠶᠢᠨ ᠠᠵᠢᠯ ᠢ ᠬᠠᠮᠲᠤᠪᠠᠷ ᠲᠦᠯᠬᠢᠨ ᠠᠬᠢᠭᠤᠯᠬᠤ ᠬᠡᠷᠡᠭᠲᠡᠢ᠃ | ︵ᠬᠤᠶᠠᠷ︶ ᠵᠠᠷᠤᠳᠠᠯ ᠪᠣᠯᠣᠨ ᠨᠦᠬᠦᠴᠡᠯ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠶᠡᠷᠦᠩᠬᠡᠢ | ᠲᠦᠯᠦᠪᠵᠢᠭᠦᠯᠭᠡ ᠪᠣᠯᠣᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠶᠢᠨ ᠶᠤᠰᠤᠭᠠᠷ᠂ 2014 ᠣᠨ ᠠᠴᠠ | 2017 ᠣᠨ ᠪᠣᠯᠲᠠᠯ᠎ᠠ᠂ ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠬᠢᠵᠢᠯᠳᠤ ᠦᠢᠯᠡᠴᠢᠯᠡᠭᠡᠨ ᠤ ᠰᠢᠰᠲ᠋ᠧᠮᠵᠢ | ᠪᠣᠯᠣᠨ ᠵᠠᠬ᠎ᠠ ᠳᠡᠯᠭᠡᠭᠦᠷ ᠤᠨ ᠬᠢᠨᠠᠨ ᠬᠡᠮᠵᠢᠵᠦ ᠰᠡᠷᠡᠮᠵᠢᠯᠡᠭᠦᠯᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ | ᠲᠤᠰᠬᠠᠢ ᠵᠦᠢᠯ ᠤᠨ ᠰᠠᠭᠤᠷᠢ ᠮᠦᠩᠭᠦ ᠶᠢ ᠪᠠᠶᠢᠭᠤᠯᠬᠤ ᠴᠢᠬᠤᠯᠠᠲᠠᠢ᠃ ᠭᠤᠤᠯᠳᠠᠭᠤ ᠲᠠᠷᠢᠶᠠᠯᠠᠩ ᠮᠠᠯ ᠠᠵᠤ | ᠠᠬᠤᠢ ᠶᠢᠨ ᠮᠡᠳᠡᠭᠡ ᠵᠠᠩᠬᠢᠵᠢᠯᠳᠤ ᠦᠢᠯᠡᠴᠢᠯᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ᠂ ︽12316︾ | ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠤᠨ ᠦᠢᠯᠡᠴᠢᠯᠡᠭᠡᠨ ᠤ | ᠬᠠᠯᠠᠮᠰᠢᠯ ᠤᠲᠠᠰᠤ ᠶᠢᠨ ᠦᠢᠯᠡᠴᠢᠯᠡᠬᠦ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠮᠠᠯ ᠠᠵᠤ | ᠠᠬᠤᠢ ᠶᠢᠨ ᠪᠤᠳᠠᠰᠯᠢᠬ ᠬᠤᠯᠪᠤᠭᠠᠳᠤ ᠰᠦᠯᠵᠢᠶ᠎ᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠭᠢ ᠶᠢᠨ ᠰᠦᠯᠵᠢᠶᠡᠨ ᠤ ᠭᠠᠷ ᠤᠲᠠᠰᠤᠨ ᠪᠠᠷ | ᠨᠡᠭᠡᠭᠡᠨ ᠬᠥᠭᠵᠢᠭᠦᠯᠬᠦ ᠪᠠ ᠪᠤᠯᠤᠩ ᠢ ᠦᠷᠭᠡᠳᠭᠡᠨ ᠪᠠᠶᠢᠭᠤᠯᠬᠤ᠂ ᠲᠠᠷᠢᠶᠠᠯᠠᠩ ᠮᠠᠯ ᠠᠵᠤ ᠠᠬᠤᠢ ᠶᠢᠨ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠲᠡᠪᠴᠡᠩ ᠤᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠭᠦᠨ ᠤ ᠵᠠᠬ᠎ᠠ ᠳᠡᠯᠭᠡᠭᠦᠷ ᠤᠨ ᠬᠢᠨᠠᠨ ᠰᠢᠯᠭᠠᠵᠤ ᠰᠡᠷᠡᠮᠵᠢᠯᠡᠭᠦᠯᠬᠦ ᠰᠢᠰᠲ᠋ᠧᠮᠵᠢ ᠶᠢᠨ | ᠲᠤᠭ᠎ᠠ ᠪᠠᠷᠢᠮᠲᠠ ᠶᠢ ᠴᠤᠭᠯᠠᠭᠤᠯᠵᠤ ᠵᠠᠳᠠᠯᠬᠤ ᠲᠡᠪᠴᠡᠩ ᠤᠨ ᠪᠦᠲᠦᠭᠡᠨ ᠪᠠᠶᠢᠭᠤᠯᠤᠯᠲᠠ᠂ ᠮᠡᠳᠡᠭᠡ ᠵᠠᠩᠭᠢ ᠶᠢᠨ | ᠠᠵᠢᠯᠲᠠᠨ ᠤ ᠪᠤᠯᠪᠠᠰᠤᠷᠠᠭᠤᠯᠤᠯ ᠵᠡᠷᠭᠡ ᠲᠠᠯ᠎ᠠ ᠳᠤ ᠬᠡᠷᠡᠭᠯᠡᠨ᠎ᠡ᠃ | ᠲᠤᠰᠬᠠᠢ ᠪᠡᠯᠡ ᠮᠦᠩᠭᠦ ᠶᠢᠨ ᠬᠡᠷᠡᠭᠯᠡᠯᠲᠡ ᠬᠠᠮᠢᠶᠠᠷᠤᠯᠲᠠ ᠶᠢᠨ ᠠᠷᠭ᠎ᠠ ᠶᠢ ᠦᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠲᠦᠷᠦᠭᠦᠯᠡᠨ ᠲᠣᠭᠲᠠᠭᠠᠵᠤ᠂ ᠪᠤᠰᠤᠳ ᠰᠠᠯᠠᠭ᠎ᠠ ᠮᠦᠴᠢᠷ | ᠬᠠᠮᠵᠢᠯᠴᠠᠬᠤ ᠬᠡᠷᠡᠭᠲᠡᠢ᠃ ᠡᠯ᠎ᠡ ᠠᠶᠢᠮᠠᠭ ᠬᠤᠲᠠ ᠶᠢᠨ ᠬᠢᠨ ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ | ᠵᠠᠩᠬᠢᠵᠢᠯᠳᠤ ᠦᠢᠯᠡᠴᠢᠯᠡᠭᠡᠨ ᠤ ᠰᠢᠰᠲ᠋ᠧᠮᠵᠢ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠵᠠᠬ᠎ᠠ | ᠳᠡᠯᠭᠡᠭᠦᠷ ᠤᠨ ᠬᠢᠨᠠᠨ ᠬᠡᠮᠵᠢᠵᠦ ᠰᠡᠷᠡᠮᠵᠢᠯᠡᠭᠦᠯᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ | ᠵᠠᠷᠤᠳᠠᠯ ᠢ ᠲᠤᠰ ᠱᠠᠲᠤᠨ ᠤ ᠲᠦᠰᠦᠪ ᠲᠤ ᠵᠢᠭᠰᠠᠭᠠᠨ ᠣᠷᠤᠭᠤᠯᠬᠤ ᠬᠡᠷᠡᠭᠲᠡᠢ᠃ ᠡᠯ᠎ᠡ ᠬᠤᠰᠢᠭᠤ ᠰᠢᠶᠠᠨ ︵ | ᠬᠤᠲᠠ᠂ ᠲᠣᠭᠤᠷᠢᠭ︶ ᠤ ᠬᠢᠨ ᠲᠤᠰᠬᠠᠢ ᠠᠵᠢᠯ ᠤᠨ ᠵᠠᠷᠤᠳᠠᠯ ᠢ ᠢᠵᠢ ᠪᠦᠷᠢᠳᠦᠭᠦᠯᠦᠨ ᠪᠠᠶᠢᠷᠢᠯᠠᠭᠤᠯᠵᠤ᠂ | ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠬᠢᠵᠢᠯᠳᠤ ᠦᠢᠯᠡᠴᠢᠯᠡᠬᠡᠨ ᠤ ᠰᠢᠰᠲ᠋ᠧᠮᠵᠢ ᠪᠣᠯᠣᠨ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠵᠠᠬ᠎ᠠ ᠳᠡᠯᠭᠡᠭᠦᠷ ᠤᠨ ᠬᠢᠨᠠᠨ ᠬᠡᠮᠵᠢᠵᠦ ᠰᠡᠷᠡᠮᠵᠢᠯᠡᠭᠦᠯᠬᠦ | ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠡᠪ ᠤᠨ ᠪᠠᠶᠢᠳᠠᠯ ᠢᠶᠠᠷ ᠥᠷᠨᠢᠭᠦᠯᠬᠦ ᠬᠡᠷᠡᠭᠲᠡᠢ᠃ | ︵ᠭᠤᠷᠪᠠ︶ ᠰᠢᠮᠳᠠᠭᠤᠯᠤᠨ ᠪᠠᠶᠢᠴᠠᠭᠠᠬᠤ ᠪᠠ ᠨᠡᠶᠢᠲᠡᠯᠢᠭ ᠵᠢᠱᠢᠶ᠎ᠡ ᠶᠢ ᠤᠬᠠᠭᠤᠯᠬᠤ ᠪᠠᠨ | ᠴᠢᠩᠭᠠᠳᠬᠠᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠠᠴᠠ | ᠰᠢᠮᠳᠠᠭᠤᠯᠤᠨ ᠪᠠᠶᠢᠴᠠᠭᠠᠬᠤ ᠪᠠ ᠵᠢᠱᠢᠶ᠎ᠡ ᠦᠵᠡᠭᠦᠯᠬᠦ ᠭᠠᠵᠠᠷ ᠣᠷᠣᠨ ᠤ ᠠᠳᠠᠯᠢᠳᠬᠠᠨ ᠰᠢᠯᠭᠠᠷᠠᠭᠤᠯᠬᠤ ᠠᠵᠢᠯ ᠢ | ᠵᠣᠬᠢᠶᠠᠨ ᠪᠠᠶᠢᠭᠤᠯᠤᠨ ᠦᠷᠨᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠤ | ᠰᠢᠰᠲ᠋ᠧᠮᠵᠢ ᠪᠣᠯᠣᠨ ᠵᠠᠬ᠎ᠠ ᠳᠡᠯᠭᠡᠭᠦᠷ ᠤᠨ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠳᠠᠬᠢ ᠲᠦᠰᠦᠬᠡᠯᠡᠭᠰᠡᠨ ᠦᠷ᠎ᠡ | ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠮᠡᠳᠡᠭᠡ ᠵᠠᠩᠭᠢ ᠶᠢᠨ ᠠᠵᠢᠯᠲᠠᠨ ᠤ ᠬᠦᠳᠡᠯᠦᠯ ᠪᠠᠶᠢᠳᠠᠯ ᠢ | ᠰᠢᠯᠭᠠᠨ ᠦᠨᠡᠯᠡᠬᠦ᠂ ᠬᠡᠮᠵᠢᠶᠡᠵᠢᠬᠦᠯᠦᠨ ᠬᠠᠮᠢᠶᠠᠷᠬᠤ ᠵᠢᠴᠢ ᠬᠦᠬᠢᠭᠦᠯᠦᠨ ᠱᠠᠩᠨᠠᠬᠤ ᠳᠦᠷᠢᠮ ᠢ ᠪᠠᠶᠢᠭᠤᠯᠵᠤ᠂ ᠮᠡᠳᠡᠭᠡ | ᠵᠠᠩᠭᠢ ᠶᠢᠨ ᠦᠢᠯᠡᠴᠢᠯᠡᠭᠡᠨ ᠤ ᠠᠮᠵᠢᠯᠲᠠ ᠪᠦᠳᠦᠮᠵᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠨᠡᠶᠢᠲᠡᠯᠢᠭ | ᠵᠢᠱᠢᠶ᠎ᠡ ᠶᠢᠨ ᠤᠬᠠᠭᠤᠯᠬᠤ ᠠᠵᠢᠯ ᠢ ᠴᠢᠬᠤᠯᠠᠴᠢᠯᠠᠵᠤ᠂ ᠡᠯ᠎ᠡ ᠲᠦᠷᠦᠯ ᠤᠨ ᠮᠡᠳᠡᠭᠡ ᠵᠠᠩᠭᠢ ᠶᠢᠨ ᠲᠡᠪᠴᠡᠩ ᠢ | ᠭᠦᠢᠴᠡᠳ ᠠᠰᠢᠭᠯᠠᠨ᠂ ᠨᠡᠶᠢᠲᠡᠯᠢᠭ ᠵᠢᠱᠢᠶ᠎ᠡ ᠶᠢᠨ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ | ᠬᠡᠷᠡᠭᠲᠡᠢ᠃ | |