ᠥᠪᠡᠷᠲᠡᠭᠡᠨ ᠵᠠᠰᠠᠬᠤ ᠤᠷᠤᠨ ᠣᠶᠢᠵᠢᠭᠤᠯᠵᠤ ᠨᠣᠭᠤᠭᠠᠷᠠᠭᠤᠯᠬᠤ ᠲᠤᠬᠠᠢ ᠶᠢᠨ ᠭᠠᠵᠠᠷ ᠤᠨ ᠬᠤᠷᠠᠯ ᠬᠤᠷᠠᠯᠳᠤᠭᠤᠯᠪᠠ  ᠸᠠᠩ ᠢᠤᠢ ᠮᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2015/6/25
     6 ᠳ᠋ᠤᠭᠠᠷ ᠰᠠᠷ᠎ᠠ ᠶᠢᠨ 24᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠣᠶᠢᠵᠢᠭᠤᠯᠵᠤ ᠨᠣᠭᠤᠭᠠᠷᠠᠭᠤᠯᠬᠤ ᠲᠤᠬᠠᠢ ᠶᠢᠨ ᠭᠠᠵᠠᠷ ᠤᠨ ᠬᠤᠷᠠᠯ ᠢ ᠪᠤᠭᠤᠲᠤ ᠳᠤ ᠬᠤᠷᠠᠯᠳᠤᠭᠤᠯᠵᠤ᠂ ᠬᠤᠷᠠᠯ ᠳᠤ ᠪᠥᠬᠦ ᠣᠷᠣᠨ ᠎ ᠤ ᠣᠶᠢᠵᠢᠭᠤᠯᠵᠤ ᠨᠣᠭᠤᠭᠠᠷᠠᠭᠤᠯᠬᠤ ᠠᠵᠢᠯ ᠤᠨ ᠲᠤᠷᠰᠢᠯᠭ᠎ᠠ ᠶᠢ ᠳ᠋ᠦᠩᠨᠡᠨ ᠰᠣᠯᠢᠯᠴᠠᠵᠤ᠂ ᠤᠳᠤᠬᠠᠨ ᠤ ᠪᠠ ᠬᠤᠶᠢᠰᠢᠲᠠ ᠶᠢᠨ ᠨᠢᠭᠡᠨ ᠬᠤᠭᠤᠴᠠᠭᠠᠨ ᠤ ᠣᠶᠢᠵᠢᠭᠤᠯᠵᠤ ᠨᠣᠭᠤᠭᠠᠷᠠᠭᠤᠯᠬᠤ ᠡᠭᠦᠷᠭᠡ ᠶᠢ ᠰᠣᠳᠣᠯᠣᠨ ᠪᠠᠶᠢᠷᠢᠯᠠᠭᠤᠯᠪᠠ᠃ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠸᠠᠩ ᠢᠤᠢ ᠮᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠸᠠᠩ ᠢᠤᠢ ᠮᠢᠩ ᠵᠢᠭᠠᠵᠤ ᠭᠠᠷᠭᠠᠭᠰᠠᠨ ᠨᠢ᠂ ᠡᠯ᠎ᠠ ᠭᠠᠵᠠᠷ ᠡᠯ᠎ᠠ ᠰᠠᠯᠠᠭ᠎ᠠ ᠮᠦᠴᠢᠷ ᠡᠷᠭᠡᠪᠰᠢ ᠣᠯᠣᠰ᠂ ᠦᠨᠳᠦᠰᠦᠲᠡᠨ ᠳᠡᠭᠡᠨ᠂ ᠢᠷᠡᠭᠡᠳᠦᠢ ᠳᠡᠭᠡᠨ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠮᠠᠨ ᠤ ᠤᠷᠤᠨ ᠤ ᠣᠶᠢᠵᠢᠭᠤᠯᠵᠤ ᠨᠣᠭᠤᠭᠠᠷᠠᠭᠤᠯᠬᠤ ᠪᠠ ᠤᠢ ᠰᠢᠭᠤᠢ ᠶᠢᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠪᠥᠬᠦ ᠬᠦᠴᠦᠨ ᠢᠶᠠᠷ ᠢᠶᠠᠨ ᠰᠢᠨᠲᠠᠷᠠᠰᠢ ᠦᠭᠡᠢ ᠪᠠᠷ ᠲᠦᠯᠬᠢᠨ ᠠᠬᠢᠭᠤᠯᠬᠤ ᠬᠡᠷᠡᠭᠳᠠᠢ ᠭᠡᠪᠡ᠃      ᠸᠠᠩ ᠢᠤᠢ ᠮᠢᠩ ᠴᠢᠬᠤᠯᠠᠴᠢᠯᠠᠭᠰᠠᠨ ᠨᠢ᠂ ᠡᠯ᠎ᠠ ᠭᠠᠵᠠᠷ ᠡᠯ᠎ᠠ ᠰᠠᠯᠠᠭ᠎ᠠ ᠮᠦᠴᠢᠷ ᠪᠥᠬᠦ ᠤᠷᠤᠨ ᠤ ᠣᠶᠢᠵᠢᠭᠤᠯᠵᠤ ᠨᠣᠭᠤᠭᠠᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠠᠲᠠᠭᠤᠵᠢᠯᠲᠠᠢ ᠪᠠᠷ ᠲᠡᠮᠡᠴᠡᠬᠦ ᠰᠢᠯᠢᠳᠡᠭ ᠤᠯᠠᠮᠵᠢᠯᠠᠯ ᠪᠣᠯᠣᠨ ᠰᠢᠲᠡᠷᠠᠰᠢ ᠦᠭᠡᠢ ᠵᠢᠳᠬᠦᠬᠦ ᠵᠣᠷᠢᠭ ᠰᠠᠨᠠᠭ᠎ᠠ ᠪᠠᠨ ᠪᠠᠷᠢᠮᠲᠠᠯᠠᠨ ᠪᠠᠳᠠᠷᠠᠭᠤᠯᠵᠤ᠂ ᠣᠶᠢᠵᠢᠭᠤᠯᠵᠤ ᠨᠣᠭᠤᠭᠠᠷᠠᠭᠤᠯᠬᠤ ᠡᠯ᠎ᠠ ᠵᠦᠢᠯ ᠤᠨ ᠲᠦᠷᠦ ᠶᠢᠨ ᠪᠤᠳᠤᠯᠭ᠎ᠠ ᠶᠢᠨ ᠳᠦᠷᠢᠮ ᠢ ᠰᠠᠶᠢᠲᠤᠷ ᠨᠠᠶᠢᠳᠠᠪᠤᠷᠢᠵᠢᠭᠤᠯᠬᠤ ᠶᠢ ᠪᠠᠷᠢᠮᠲᠠᠯᠠᠨ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠮᠠᠩᠬ᠎ᠠ ᠶᠢ ᠵᠠᠰᠠᠬᠤ ᠶᠢ ᠣᠶᠢᠵᠢᠭᠤᠯᠵᠤ ᠨᠣᠭᠤᠭᠠᠷᠠᠭᠤᠯᠬᠤ ᠶᠢᠨ ᠭᠤᠣᠯ ᠠᠭᠤᠯᠭ᠎ᠠ ᠪᠣᠯᠭᠠᠬᠤ ᠶᠢ ᠪᠠᠷᠢᠮᠲᠠᠯᠠᠵᠤ᠂ ᠪᠠᠷᠢᠮᠲᠠᠯᠠᠬᠤ ᠳᠡᠭᠡᠷ᠎ᠡ ᠬᠦᠴ᠊ ᠲᠠᠯᠪᠢᠨ᠂ ᠪᠣᠳᠠᠲᠤ ᠠᠮᠵᠢᠯᠲᠠ ᠣᠯᠬᠤ ᠪᠠᠷ ᠴᠢᠷᠮᠠᠶᠢᠬᠤ ᠬᠡᠷᠡᠭᠲᠡᠢ᠃ ᠣᠶᠢᠵᠢᠭᠤᠯᠬᠤ ᠳᠤ ᠪᠤᠲᠠᠲᠤ ᠪᠠᠶᠢᠳᠠᠯ ᠠᠴᠠ ᠡᠭᠦᠰᠴᠦ᠂ ᠠᠮᠢ ᠠᠬᠤᠢ ᠶᠢᠨ ᠴᠢᠳᠠᠮᠵᠢ ᠪᠣᠯᠣᠨ ᠦᠵᠡᠮᠵᠢ ᠶᠢᠨ ᠦᠢᠯᠡᠳᠦᠯ ᠢ ᠰᠢᠨᠵᠢᠯᠡᠬᠦ ᠤᠬᠭᠠᠨᠴᠢ ᠪᠠᠷ ᠨᠢᠬᠡᠲᠦᠯᠲᠡᠢ ᠲᠥᠯᠥᠪᠯᠡᠵᠦ᠂ ᠣᠶᠢᠵᠢᠭᠤᠯᠤᠨ ᠨᠣᠭᠤᠭᠠᠷᠠᠭᠤᠯᠬᠤ ᠪᠠ ᠵᠦᠢ ᠵᠣᠬᠢᠰᠲᠠᠢ ᠪᠠᠷ ᠠᠰᠢᠭᠯᠠᠬᠤ ᠶᠢ ᠨᠢᠭᠲᠠ ᠤᠶᠠᠯᠳᠤᠭᠤᠯᠤᠨ᠂ ᠰᠢᠨᠵᠢᠯᠡᠬᠦ ᠤᠬᠠᠭᠠᠨ ᠤ ᠲᠠᠯ᠎ᠠ ᠪᠠᠷ ᠬᠦᠴᠦ ᠲᠠᠯᠪᠢᠨ᠂ ᠪᠣᠳᠠᠲᠤ ᠠᠮᠵᠢᠯᠲᠠ ᠣᠯᠬᠤ ᠪᠠᠷ ᠴᠢᠷᠮᠠᠶᠢᠬᠤ ᠬᠡᠷᠡᠭᠲᠡᠢ᠃ ᠣᠶᠢᠵᠢᠭᠤᠯᠵᠤ ᠨᠣᠭᠤᠭᠠᠷᠠᠭᠤᠯᠬᠤ ᠳᠠᠬᠢ ᠣᠷᠤᠭᠤᠯᠤᠯᠲᠠ ᠶᠢᠨ ᠲᠣᠭᠲᠠᠴᠠ ᠶᠢ ᠰᠢᠨ᠎ᠡ ᠪᠠᠷ ᠡᠭᠦᠳᠴᠦ᠂ ᠬᠠᠮᠲᠤ ᠶᠢᠨ ᠤᠢ ᠮᠣᠳᠣᠨ ᠤ ᠡᠷᠭᠡ ᠶᠢᠨ ᠲᠦᠷᠢᠮ ᠤᠨ ᠲᠥᠬᠦᠷ ᠦᠭᠡᠷᠡᠴᠢᠯᠡᠯᠲᠡ ᠶᠢ ᠰᠠᠶᠢᠲᠤᠷ ᠠᠳᠬᠤᠵᠤ᠂ ᠤᠯᠤᠰ ᠤᠨ ᠥᠮᠴᠢᠯᠡᠯᠲᠦ ᠰᠢᠭᠤᠶᠢᠲᠤ ᠣᠷᠣᠨ ᠪᠣᠯᠣᠨ ᠤᠯᠤᠰ ᠤᠨ ᠥᠮᠴᠢᠯᠡᠯᠲᠦ ᠣᠢ ᠰᠢᠭᠤᠢ ᠶᠢᠨ ᠲᠠᠯᠠᠪᠠᠢ ᠶᠢᠨ ᠥᠭᠡᠷᠡᠴᠢᠯᠡᠯᠲᠡ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠰᠢᠨ᠎ᠡ ᠶᠢ ᠡᠭᠦᠳᠬᠦ ᠲᠠᠯ᠎ᠠ ᠪᠠᠷ ᠬᠦᠴᠦ ᠲᠠᠯᠪᠢᠨ᠂ ᠪᠣᠳᠠᠲᠤ ᠠᠮᠵᠢᠯᠲᠠ ᠣᠯᠬᠤ ᠪᠠᠷ ᠴᠢᠷᠮᠠᠶᠢᠬᠤ ᠬᠡᠷᠡᠭᠲᠡᠢ᠃ ᠣᠶᠢᠵᠢᠭᠤᠯᠤᠯᠲᠠ ᠶᠢᠨ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠵᠦ᠂ ᠣᠢ ᠰᠢᠭᠤᠢ ᠶᠢᠨ ᠭᠠᠯ ᠰᠡᠷᠭᠡᠶᠢᠯᠡᠬᠦ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠬᠤᠯᠠᠭᠠᠶᠢᠯᠠᠬᠤ ᠣᠭᠲᠤᠯᠬᠤ ᠳᠤᠷ᠎ᠠ ᠪᠠᠷ ᠢᠶᠠᠨ ᠣᠭᠳᠣᠯᠬᠤ ᠶᠢ ᠰᠡᠷᠭᠡᠶᠢᠯᠡᠬᠦ ︽ᠭᠤᠷᠪᠡ ᠶᠢ ᠰᠡᠷᠭᠡᠶᠢᠯᠡᠬᠦ︾ ᠰᠢᠰᠲ᠋ᠧᠮᠵᠢ ᠶᠢ ᠪᠥᠬᠦ ᠲᠠᠯ᠎ᠠ ᠪᠠᠷ ᠪᠠᠲᠤ ᠪᠠᠬᠢ ᠪᠠᠶᠢᠭᠤᠯᠵᠤ᠂ ᠣᠢ ᠰᠢᠭᠤᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠪᠠᠬᠢᠵᠢᠭᠦᠯᠬᠦ ᠲᠠᠯ᠎ᠠ ᠳᠤ ᠬᠦᠴᠦ ᠪᠠᠨ ᠲᠠᠯᠪᠢᠨ᠂ ᠪᠣᠳᠠᠲᠤ ᠠᠮᠵᠢᠯᠲᠠ ᠣᠯᠬᠤ ᠪᠠᠷ ᠴᠢᠷᠮᠠᠶᠢᠵᠤ᠂ ᠮᠠᠨ ᠤ ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠠᠮᠤᠷ ᠲᠥᠪᠰᠢᠨ ᠤ ᠬᠠᠯᠬᠠᠪᠴᠢ ᠶᠢ ᠪᠠᠶᠢᠭᠤᠯᠬᠤ ᠪᠠ ᠡᠬᠡ ᠤᠯᠤᠰ ᠤᠨ ᠤᠮᠠᠷᠠᠲᠤ ᠬᠢᠯᠢ ᠶᠢᠨ ᠦᠵᠡᠮᠵᠢ ᠶᠢᠨ ᠤᠷᠤᠨ ᠢ ᠴᠤᠬᠴᠠᠯᠠᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠳᠠᠢ ᠬᠡᠪᠡ᠃      ᠬᠤᠷᠠᠯ ᠲᠡᠭᠡᠷ᠎ᠠ᠂ ᠪᠤᠭᠤᠲᠤ ᠬᠤᠳᠠ᠂ ᠪᠠᠶᠠᠨᠨᠠᠭᠤᠷ ᠬᠤᠳᠠ᠂ ᠬᠤᠷᠴᠢᠨ ᠵᠡᠭᠦᠨ ᠭᠠᠷᠤᠨ ᠬᠤᠶᠢᠳᠦ ᠬᠤᠰᠢᠭᠤ᠂ ᠨᠢᠩᠴᠧᠩ ᠰᠢᠶᠠᠨ᠂ ᠵᠢᠨᠢᠩ ᠲᠤᠭᠤᠷᠢᠭ᠂ ᠦᠪᠡᠷᠳᠡᠭᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠦᠭᠵᠢᠬᠦᠯᠦᠯᠳᠡ ᠦᠭᠡᠷᠡᠴᠢᠯᠡᠯᠲᠡ ᠶᠢᠨ ᠵᠦᠪᠯᠡᠯ ᠵᠡᠷᠭᠡ ᠭᠠᠵᠠᠷ ᠣᠷᠣᠨ ᠪᠤᠯᠤᠨ ᠰᠠᠯᠠᠭ᠎ᠠ ᠮᠦᠴᠢᠷ ᠤᠳ ᠨᠡᠶᠢᠲᠡᠯᠢᠭ ᠵᠢᠱᠢᠶ᠎ᠡ ᠪᠥᠬᠦᠢ ᠶᠠᠷᠢᠶ᠎ᠡ ᠲᠠᠯᠪᠢᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号