ᠰᠤᠷᠪᠤᠯᠵᠢᠯᠠᠭᠴᠢ 25 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠵᠤ ᠮᠡᠳᠡᠭᠰᠡᠨ ᠨᠢ᠂ ᠥᠪᠥᠷ | ᠮᠣᠩᠭᠤᠯ ᠲᠤᠰ ᠵᠢᠯ ᠤᠨ 7 ᠳ᠋ᠤᠭᠠᠷ ᠰᠠᠷ᠎ᠠ ᠶᠢᠨ1 ᠤ ᠡᠳᠦᠷ ᠠᠴᠠ ᠡᠬᠢᠯᠡᠨ ᠬᠠᠮᠤᠭ ᠤᠨ ᠳᠣᠣᠷ᠎ᠠ ᠴᠠᠯᠢᠩ ᠤᠨ | ᠪᠠᠷᠢᠮᠵᠢᠶ᠎ᠠ ᠶᠢ 140 ᠲᠥᠭᠦᠷᠢᠭ ᠳᠡᠭᠡᠭᠰᠢᠯᠡᠭᠦᠯᠬᠦ ᠪᠠᠷ ᠲᠣᠭᠲᠠᠵᠤ᠂ ᠳᠤᠮᠳᠠᠴᠢ ᠥᠰᠥᠯᠲᠡ ᠶᠢᠨ ᠬᠡᠮᠵᠢᠶ᠎ᠡ ᠶᠢ | 10% ᠣᠷᠴᠢᠮ ᠳᠤ ᠬᠦᠷᠦᠭᠦᠯᠬᠦ ᠪᠣᠯᠣᠨ᠎ᠠ᠂ ᠡᠨᠡ ᠪᠣᠯ ᠥᠪᠥᠷ ᠮᠣᠩᠭᠤᠯ ᠬᠠᠮᠤᠭ ᠤᠨ ᠳᠣᠣᠷ᠎ᠠ ᠴᠠᠯᠢᠩ ᠤᠨ | ᠪᠠᠷᠢᠮᠵᠢᠶ᠎ᠠ ᠶᠢ 6 ᠵᠢᠯ ᠳᠠᠷᠠᠭᠠᠯᠠᠨ ᠳᠡᠭᠡᠭᠰᠢᠯᠡᠭᠦᠯᠵᠦ ᠪᠠᠶᠢᠭ᠎ᠠ ᠶᠠᠪᠤᠳᠠᠯ ᠪᠣᠯᠣᠨ᠎ᠠ᠃ | ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠭᠠᠵᠠᠷ ᠣᠷᠣᠨ ᠢᠶᠠᠷ ᠳᠥᠷᠪᠡᠨ ᠳᠡᠰ ᠬᠤᠪᠢᠶᠠᠨ | ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠂ ᠨᠢᠭᠡᠳᠦᠭᠡᠷ ᠲᠥᠷᠥᠯ ᠤᠨ ᠭᠠᠵᠠᠷ | ᠣᠷᠣᠨ ᠤ ᠰᠠᠷ᠎ᠠ ᠳᠤ 1500 ᠲᠥᠭᠦᠷᠢᠭ ᠪᠠᠶᠢᠭᠰᠠᠨ ᠠᠴᠠ ᠨᠢ ᠰᠠᠷ᠎ᠠ ᠳᠤ 1640 ᠲᠥᠭᠦᠷᠢᠭ ᠪᠣᠯᠭᠠᠨ | ᠳᠡᠭᠡᠭᠰᠢᠯᠡᠭᠦᠯᠵᠦ᠂ ᠬᠤᠶᠠᠳᠤᠭᠠᠷ ᠲᠥᠷᠥᠯ ᠤᠨ ᠭᠠᠵᠠᠷ ᠣᠷᠣᠨ ᠤ ᠰᠠᠷ᠎ᠠ ᠳᠤ 1400 ᠲᠥᠭᠦᠷᠢᠭ ᠪᠠᠶᠢᠭᠰᠠᠨ ᠠᠴᠠ | ᠨᠢ ᠰᠠᠷ᠎ᠠ ᠳᠤ 1540 ᠲᠥᠭᠦᠷᠢᠭ ᠪᠣᠯᠭᠠᠨ ᠳᠡᠭᠡᠭᠰᠢᠯᠡᠭᠦᠯᠵᠦ᠂ ᠭᠤᠷᠪᠠᠳᠤᠭᠠᠷ ᠲᠥᠷᠥᠯ ᠤᠨ ᠭᠠᠵᠠᠷ ᠣᠷᠣᠨ ᠤ | ᠰᠠᠷ᠎ᠠ ᠳᠤ 1300 ᠲᠥᠭᠦᠷᠢᠭ ᠪᠠᠶᠢᠭᠰᠠᠨ ᠠᠴᠠ ᠨᠢ ᠰᠠᠷ᠎ᠠ ᠳᠤ 1440 ᠲᠥᠭᠦᠷᠢᠭ ᠪᠣᠯᠭᠠᠨ ᠳᠡᠭᠡᠭᠰᠢᠯᠡᠭᠦᠯᠵᠦ᠂ | ᠳᠥᠷᠪᠡᠳᠦᠭᠡᠷ ᠲᠥᠷᠥᠯ ᠤᠨ ᠭᠠᠵᠠᠷ ᠣᠷᠣᠨ ᠤ ᠰᠠᠷ᠎ᠠ ᠳᠤ 1200 ᠲᠥᠭᠦᠷᠢᠭ ᠪᠠᠶᠢᠭᠰᠠᠨ ᠠᠴᠠ ᠨᠢ ᠰᠠᠷ᠎ᠠ ᠳᠤ | 1340 ᠲᠥᠭᠦᠷᠢᠭ ᠪᠣᠯᠭᠠᠨ ᠳᠡᠭᠡᠭᠰᠢᠯᠡᠭᠦᠯᠦᠨ᠎ᠡ᠃ | ᠥᠪᠥᠷ ᠮᠣᠩᠭᠤᠯ ᠲᠣᠳᠣᠷᠬᠠᠶ ᠲᠣᠭᠲᠠᠭᠠᠭᠰᠠᠨ ᠨᠢ᠂ ᠬᠠᠮᠤᠭ ᠤᠨ ᠳᠣᠣᠷ᠎ᠠ ᠴᠠᠯᠢᠩ ᠤᠨ | ᠪᠠᠷᠢᠮᠵᠢᠶ᠎ᠠ ᠳᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠮᠥᠩᠭᠦ᠂ ᠡᠮᠨᠡᠯᠭᠡ ᠶᠢᠨ | ᠳᠠᠭᠠᠳᠬᠠᠯ ᠤᠨ ᠮᠥᠩᠭᠦ᠂ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠪᠠ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠦᠨ ᠤ ᠲᠤᠰᠢᠶᠠᠬᠤ ᠬᠡᠰᠡᠭ ᠢ ᠪᠠᠭᠲᠠᠭᠠᠨ᠎ᠠ᠂ ᠭᠡᠪᠡᠴᠦ | ᠠᠵᠢᠯᠯᠠᠬᠤ ᠴᠠᠭ ᠢ ᠤᠷᠲᠤᠳᠬᠠᠭᠰᠠᠨ ᠴᠠᠯᠢᠩ᠂ ᠦᠳᠡ ᠶᠢᠨ ᠡᠭᠡᠯᠵᠢ᠂ ᠰᠥᠨᠢ ᠶᠢᠨ ᠡᠭᠡᠯᠵᠢ᠂ ᠥᠨᠳᠥᠷ ᠳᠤᠯᠠᠭᠠᠨ | ᠂ ᠬᠤᠣᠷᠲᠠᠶ ᠬᠥᠨᠥᠭᠡᠯᠲᠡᠶ ᠵᠡᠷᠭᠡ ᠣᠨᠴᠠᠭᠠᠶ ᠨᠥᠬᠦᠴᠡᠯ ᠳᠣᠣᠷᠠᠬᠢ ᠨᠡᠮᠡᠭᠦᠷᠢ ᠵᠡᠷᠭᠡ ᠶᠢ ᠪᠠᠭᠲᠠᠭᠠᠬᠤ ᠦᠭᠡᠢ᠃ | 2010 ᠣᠨ ᠠᠴᠠ ᠡᠬᠢᠯᠡᠨ᠂ ᠥᠪᠥᠷ ᠮᠣᠩᠭᠤᠯ ᠬᠠᠮᠤᠭ ᠤᠨ ᠳᠣᠣᠷ᠎ᠠ ᠴᠠᠯᠢᠩ ᠤᠨ ᠳᠦᠷᠢᠮ ᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠷᠣᠯᠭ᠎ᠠ ᠪᠠᠭᠠᠲᠠᠢ ᠠᠵᠢᠯᠲᠠᠨ ᠠᠵᠢᠯᠴᠢᠨ ᠤ ᠴᠠᠯᠢᠩ ᠤᠨ ᠬᠢᠷᠢ | ᠬᠡᠮᠵᠢᠶ᠎ᠡ ᠶᠢ ᠢᠳᠡᠭ ᠢᠳᠡᠭ ᠢᠶᠠᠷ ᠳᠡᠭᠡᠭᠰᠢᠯᠡᠭᠦᠯᠪᠡ᠃ 2011 ᠣᠨ ᠠᠴᠠ ᠡᠬᠢᠯᠡᠨ᠂ ᠥᠪᠥᠷ ᠮᠣᠩᠭᠤᠯ | ᠬᠥᠮᠦᠨ ᠬᠡᠷᠡᠭᠯᠡᠬᠦ ᠨᠢᠭᠡᠴᠡ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠪᠠᠷ ᠬᠥᠳᠡᠯᠮᠦᠷᠢ ᠶᠢᠨ ᠬᠥᠯᠥᠰᠥ | ᠣᠯᠭᠤᠮᠵᠢ ᠥᠭᠬᠦ ᠶᠢ ᠪᠦᠷᠢᠳᠬᠡᠯᠭᠡᠨ ᠳᠠᠩᠰᠠᠯᠠᠭᠤᠯᠬᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠥᠮᠦᠨ | ᠬᠡᠷᠡᠭᠯᠡᠬᠦ ᠨᠢᠭᠡᠴᠡ ᠶᠢᠨ ᠴᠠᠯᠢᠩ ᠣᠯᠭᠤᠬᠤ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠭᠰᠠᠨ | ᠪᠠᠶᠢᠨ᠎ᠠ᠃ | |