| ᠥᠪᠥᠷ ᠵᠠᠰᠠᠭ ᠲᠠᠷᠬᠠᠭᠠᠭᠰᠠᠨ ﹇2015﹈ 20 ᠳ᠋ᠤᠭᠠᠷ ᠲᠤᠭᠠᠳᠤ | 2015 ᠣᠨ ᠤ 1 ᠳ᠋ᠤᠭᠡᠷ ᠰᠠᠷ᠎ᠠ ᠶᠢᠨ 30 ᠤ ᠡᠳᠥᠷ | | | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠳᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠳᠣᠪᠴᠢᠶ᠎ᠠ᠂ ᠡᠯ᠎ᠡ ᠳᠣᠮᠣ ᠠᠵᠣ ᠠᠬᠤᠶᠢᠯᠠᠯ᠂ ᠠᠵᠢᠯ ᠦᠢᠯᠡᠰ ᠤᠨ | ᠨᠢᠬᠡᠴᠡ ᠳᠤ᠄ | ᠶᠡᠷᠥᠩᠬᠡᠢ ᠱᠥᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ | ᠶᠠᠷᠢᠭᠰᠠᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠪᠣᠯᠣᠨ ᠣᠯᠣᠰ ᠤᠨ ᠣᠮᠠᠷᠠᠰᠢ ᠨᠡᠬᠡᠬᠡᠯᠳᠡ ᠬᠢᠬᠦ ᠶᠢ ᠥᠷᠭᠡᠳᠬᠡᠬᠦ | ᠂ ᠳᠣᠷᠭᠠᠨ ᠵᠠᠮ ᠤᠨ ᠠᠵᠣ ᠠᠬᠤᠢ ᠶᠢᠨ ᠪᠥᠰᠡ ᠶᠢ ᠪᠦᠳᠦᠬᠡᠨ ᠪᠠᠶᠢᠭᠤᠯᠬᠤ᠂ ᠣᠷᠣᠰ ᠮᠣᠩᠭᠤᠯ | ᠣᠯᠣᠰ ᠯᠤᠭ᠎ᠠ ᠶᠢᠨ ᠡᠯ᠎ᠡ ᠬᠦᠷᠢᠶᠡᠨ ᠳᠤ ᠬᠠᠷᠢᠯᠴᠠᠨ ᠠᠰᠢᠭ ᠬᠦᠷᠳᠡᠵᠥ ᠪᠣᠳᠠᠲᠠᠢ ᠠᠵᠢᠯᠯᠠᠨ ᠬᠠᠮᠳᠣᠷᠠᠯᠴᠠᠬᠤ ᠶᠢ | ᠬᠦᠨᠵᠡᠬᠡᠶᠢᠷᠡᠭᠦᠯᠭᠦ ᠳᠣᠬᠠᠢ ᠴᠢᠬᠤᠯᠠ ᠶᠡᠭᠡ ᠰᠢᠢᠳᠪᠥᠷᠢᠳᠣ ᠪᠣᠳᠣᠯᠭ᠎ᠠ ᠶᠢᠨ ᠪᠠᠶᠢᠷᠢᠯᠠᠭᠤᠯᠣᠯᠳᠠ ᠶᠢ ᠬᠦᠨᠵᠡᠬᠡᠢ | ᠳᠣᠣᠱᠯᠠᠭᠤᠯᠣᠨ ᠨᠠᠶᠢᠳᠠᠪᠣᠷᠢᠵᠢᠭᠤᠯᠵᠣ᠂ ᠥᠪᠡᠷᠳᠡᠭᠡᠨ ᠵᠠᠰᠠᠬᠤ ᠣᠷᠣᠨ ᠤ ︽8337︾ ᠬᠦᠭᠵᠢᠯᠳᠡ ᠶᠢᠨ | ᠰᠡᠳᠬᠢᠮᠵᠢ ᠶᠢ ᠪᠦᠬᠦ ᠳᠠᠯ᠎ᠠ ᠪᠠᠷ ᠨᠠᠶᠢᠳᠠᠪᠣᠷᠢᠵᠢᠭᠤᠯᠣᠨ᠂ ᠮᠠᠨ ᠤ ᠣᠷᠣᠨ ᠤ ᠭᠠᠳᠠᠭᠠᠳᠣ ᠲᠠᠢ ᠨᠡᠭᠡᠭᠡᠯᠳᠡ ᠬᠢᠬᠦ | ᠪᠣᠭᠤᠮᠳᠠ ᠶᠢᠨ ᠳᠠᠪᠠᠭᠤᠯᠢᠭ ᠢᠶᠠᠨ ᠬᠦᠢᠴᠡᠳ ᠪᠠᠳᠠᠷᠠᠭᠤᠯᠣᠨ᠂ ᠨᠡᠬᠡᠬᠡᠯᠳᠡᠳᠥ ᠠᠵᠣ ᠠᠬᠤᠢ ᠶᠢᠨ ᠰᠢᠨ᠎ᠡ | ᠪᠠᠶᠢᠭᠤᠯᠣᠯ ᠢ ᠪᠠᠶᠢᠭᠤᠯᠬᠤ ᠶᠢᠨ ᠳᠣᠰᠠᠳᠠ᠂ ᠡᠳᠥᠬᠡ ᠮᠠᠨ ᠤ ᠣᠷᠣᠨ ᠤ ᠪᠣᠭᠤᠮᠳᠠ ᠶᠢᠨ ᠠᠵᠣ ᠠᠬᠤᠢ ᠶᠢᠨ | ᠬᠦᠭᠵᠢᠯᠳᠡ ᠶᠢ ᠠᠬᠢᠭᠤᠯᠬᠤ ᠳᠣᠬᠠᠢ ᠳᠣᠣᠷᠠᠬᠢ ᠮᠡᠳᠥ ᠵᠢᠯᠣᠭᠤᠳᠬᠤ ᠰᠠᠨᠠᠯ ᠲᠤᠷᠠᠳᠪᠠ᠃ | ᠨᠢᠬᠡ᠂ ᠶᠡᠷᠥᠩᠬᠡᠢ ᠱᠠᠭᠠᠷᠳᠠᠯᠭ᠎ᠠ | ︵ᠨᠢᠬᠡ︶ ᠴᠢᠬᠤᠯᠠ ᠠᠴᠢ ᠬᠤᠯᠪᠣᠭᠳᠠᠯ᠃ ᠪᠣᠭᠤᠮᠳᠠ ᠶᠢᠨ ᠠᠵᠣ ᠠᠬᠤᠢ ᠪᠣᠯ ᠡᠯ᠎ᠡ ᠳᠥᠷᠥᠯ ᠤᠨ | ᠪᠣᠭᠤᠮᠳᠠ ᠳᠤ ᠳᠥᠰᠢᠭᠯᠡᠨ᠂ ᠪᠠᠷᠠᠭ᠎ᠠ᠂ ᠬᠦᠮᠥᠨ᠂ ᠪᠡᠯᠡ ᠮᠥᠩᠭᠦ᠂ ᠮᠡᠳᠡᠭᠡ ᠵᠠᠩᠬᠢ ᠶᠢᠨ ᠬᠦᠢᠯᠬᠡᠬᠡᠨ ᠢ ᠨᠢᠬᠡ | ᠴᠣᠭᠴᠠᠵᠢᠭᠤᠯᠣᠭᠰᠠᠨ᠂ ᠣᠯᠣᠰ᠂ ᠭᠠᠵᠠᠷ ᠣᠷᠣᠨ᠂ ᠰᠠᠯᠠᠭ᠎ᠠ ᠮᠥᠴᠢᠷ ᠠᠯᠣᠰᠯᠠᠭᠰᠠᠨ᠂ ᠣᠯᠠᠨ ᠠᠵᠢᠯ ᠳᠥᠷᠥᠯ᠂ | ᠣᠯᠠᠨ ᠱᠠᠳᠤ ᠲᠡᠰ᠂ ᠣᠯᠠᠨ ᠭᠤᠭᠴᠤᠭ᠎ᠠ ᠪᠠᠷ ᠠᠵᠢᠯ ᠬᠤᠪᠢᠶᠠᠷᠢᠯᠠᠨ ᠬᠠᠮᠵᠢᠯᠴᠠᠭᠰᠠᠨ ᠨᠡᠶᠢᠯᠡᠮᠡᠯ ᠬᠡᠯᠪᠡᠷᠢ ᠶᠢᠨ | ᠠᠵᠣ ᠠᠬᠤᠢ ᠪᠣᠯᠣᠨ᠎ᠠ᠂ ᠪᠣᠭᠤᠮᠳᠠ ᠶᠢᠨ ᠳᠣᠬᠠᠢ ᠶᠢᠨ ᠳᠠᠯᠠᠪᠣᠷ ᠵᠢᠴᠢ ᠪᠣᠭᠤᠮᠳᠠ ᠶᠢᠨ ᠪᠠᠶᠢᠭ᠎ᠠ ᠭᠠᠵᠠᠷ ᠣᠷᠣᠨ ᠤ | ᠰᠠᠭᠤᠷᠢ ᠪᠡᠯᠡᠳᠬᠡᠮᠵᠢ ᠶᠢᠨ ᠪᠦᠳᠦᠬᠡᠨ ᠪᠠᠶᠢᠭᠤᠯᠣᠯᠳᠠ᠂ ᠭᠠᠳᠠᠭᠠᠳᠣ ᠳᠤ ᠭᠠᠷᠭᠠᠵᠣ ᠭᠠᠳᠠᠭᠠᠳᠣ ᠠᠴᠠ ᠣᠷᠣᠭᠤᠯᠬᠤ | ᠦᠢᠯᠡᠳᠬᠦᠨ ᠢ ᠡᠳ᠋ᠰᠢᠭᠦᠯᠭᠦ ᠦᠢᠯᠡᠰ᠂ ᠭᠠᠳᠠᠭᠠᠳᠣ ᠠᠵᠣ ᠠᠬᠤᠢ ᠠᠷᠠᠯᠵᠢᠶ᠎ᠠ ᠶᠢᠨ ᠬᠠᠮᠳᠣᠷᠠᠯᠴᠠᠭ᠎ᠠ᠂ ᠣᠳᠣ | ᠥᠶ᠎ᠡ ᠶᠢᠨ ᠦᠢᠯᠡᠴᠢᠯᠡᠬᠡᠨ ᠤ ᠦᠢᠯᠡᠰ᠂ ᠭᠠᠳᠠᠭᠠᠳᠣ ᠯᠤᠭ᠎ᠠ ᠶᠢᠨ ᠬᠦᠮᠥᠨ ᠨᠡᠶᠢᠬᠡᠮ ᠤᠨ ᠬᠠᠷᠢᠯᠴᠠᠭ᠎ᠠ ᠶᠠᠪᠣᠯᠴᠠᠭ᠎ᠠ | ᠵᠡᠷᠬᠡ ᠶᠢ ᠬᠠᠮᠣᠷᠴᠥ᠂ ᠬᠦᠷᠰᠢ ᠵᠡᠷᠬᠡᠯᠡᠳᠡᠭᠡ ᠶᠢᠨ ᠭᠠᠵᠠᠷ ᠣᠷᠣᠨ ᠪᠠ ᠣᠯᠣᠰ ᠤᠨ ᠠᠵᠣ ᠠᠬᠤᠢ ᠶᠢᠨ | ᠬᠦᠭᠵᠢᠯᠳᠡ ᠳᠤ ᠨᠦᠯᠦᠭᠡᠯᠡᠬᠦ ᠪᠠ ᠳᠠᠭᠠᠭᠤᠯᠬᠤ ᠦᠢᠯᠡᠳᠥᠯ ᠲᠠᠢ ᠪᠠᠶᠢᠳᠠᠭ᠃ ᠣᠶᠢᠷ᠎ᠠ ᠶᠢᠨ ᠵᠢᠯ ᠤᠳ ᠲᠤ᠂ ᠮᠠᠨ ᠤ | ᠣᠷᠣᠨ ᠤ ᠬᠢᠯᠢ ᠶᠢᠨ ᠬᠠᠭᠤᠷᠠᠢ ᠵᠠᠮ ᠤᠨ ᠳᠡᠭᠡᠭᠡᠪᠥᠷᠢ ᠶᠢᠨ ᠪᠣᠭᠤᠮᠳᠠ᠂ ᠠᠭᠠᠷ ᠤᠨ ᠳᠡᠭᠡᠭᠡᠪᠥᠷᠢ ᠶᠢᠨ ᠪᠣᠭᠤᠮᠳᠠ ᠶᠢᠨ | ᠨᠡᠬᠡᠬᠡᠯᠳᠡ ᠶᠢᠨ ᠬᠡᠮᠵᠢᠶ᠎ᠡ ᠳᠠᠰᠣᠷᠠᠯᠳᠠ ᠥᠬᠡᠢ ᠥᠷᠬᠡᠳᠴᠥ᠂ ᠡᠬᠡ ᠬᠠᠭᠤᠷᠠᠢ ᠶᠢᠨ ᠭᠠᠷᠠᠮ ᠤᠨ ᠪᠥᠳᠥᠬᠡᠨ | ᠪᠠᠶᠢᠭᠤᠯᠣᠯᠳᠠ ᠥᠳᠳᠡᠷ ᠳᠥᠷᠬᠡᠨ ᠬᠦᠭᠵᠢᠵᠥ᠂ ᠪᠦᠬᠦ ᠣᠷᠣᠨ ᠢ ᠬᠠᠮᠣᠷᠠᠭᠰᠠᠨ ᠪᠣᠭᠤᠮᠳᠠ ᠶᠢᠨ | ᠪᠠᠶᠢᠷᠢᠰᠢᠭᠤᠯᠣᠯᠳᠠ ᠥᠨᠳᠥᠰᠥᠨ ᠳᠡᠭᠡᠨ ᠪᠥᠷᠢᠯᠳᠥᠪᠡ᠃ ᠡᠬᠦᠨ ᠤ ᠬᠠᠮᠳᠣ᠂ ᠪᠦᠬᠦ ᠣᠷᠣᠨ ᠤ ᠪᠣᠭᠤᠮᠳᠠ ᠶᠢᠨ | ᠳᠠᠪᠠᠭᠤᠯᠢᠭ ᠢ ᠪᠠᠳᠠᠷᠠᠭᠤᠯᠬᠤ ᠳᠠᠯ᠎ᠠ ᠪᠠᠷ ᠬᠠᠷᠬᠠᠨ ᠬᠦᠷᠥᠯᠴᠡᠬᠦ ᠥᠬᠡᠢ ᠪᠠᠶᠢᠵᠣ᠂ ᠪᠣᠭᠤᠮᠳᠠ ᠶᠢᠨ ᠠᠵᠣ ᠠᠬᠤᠢ ᠨᠢ | ᠬᠦᠷᠰᠢ ᠵᠡᠷᠬᠡᠯᠡᠳᠡᠭᠡ ᠪᠠ ᠳᠣᠳᠣᠷ ᠭᠠᠵᠠᠷ ᠯᠤᠭ᠎ᠠ ᠶᠢᠨ ᠠᠵᠣ ᠠᠬᠤᠢ ᠶᠢᠨ ᠬᠠᠷᠢᠯᠴᠠᠭ᠎ᠠ ᠪᠠᠰᠠ ᠲᠡᠶᠢᠮᠥ ᠨᠢᠭᠳᠠ | ᠪᠢᠰᠢ ᠪᠠᠶᠢᠵᠣ᠂ ᠪᠦᠬᠦ ᠣᠷᠣᠨ ᠤ ᠬᠠᠭᠤᠷᠠᠢ ᠵᠠᠮ ᠤᠨ ᠳᠡᠭᠡᠭᠡᠪᠥᠷᠢ ᠶᠢᠨ ᠪᠣᠭᠤᠮᠳᠠ᠂ ᠠᠭᠠᠷ ᠤᠨ ᠳᠡᠭᠡᠭᠡᠪᠥᠷᠢ ᠶᠢᠨ | ᠪᠣᠭᠤᠮᠳᠠ ᠪᠠ ᠡᠬᠡ ᠬᠠᠭᠤᠷᠠᠢ ᠶᠢᠨ ᠭᠠᠷᠠᠮ ᠤᠨ ᠠᠵᠣ ᠠᠬᠤᠢ ᠶᠢᠨ ᠬᠦᠭᠵᠢᠯᠳᠡ ᠪᠠᠰᠠ ᠵᠣᠬᠢᠴᠠᠩᠭᠤᠢ ᠪᠣᠰᠣ | ᠪᠠᠶᠢᠭᠰᠠᠭᠠᠷ ᠪᠣᠢ᠃ ᠮᠠᠨ ᠤ ᠣᠷᠣᠨ ᠪᠣᠯ ︽ᠭᠤᠷᠪᠠᠨ ᠣᠮᠠᠷᠠᠳᠣ︾ ᠶᠢ ᠠᠯᠣᠰᠯᠠᠵᠣ᠂ ᠭᠠᠳᠠᠭᠰᠢ ᠣᠷᠣᠰ᠂ | ᠮᠣᠩᠭᠤᠯ ᠣᠯᠣᠰ ᠯᠤᠭ᠎ᠠ ᠬᠢᠯᠢ ᠵᠠᠯᠭᠠᠯᠳᠣᠵᠣ᠂ ᠣᠯᠣᠰ ᠤᠨ ᠳᠣᠳᠣᠭᠠᠳᠣ ᠳᠠᠭᠠᠨ ᠨᠠᠢᠮᠠᠨ ᠮᠣᠵᠢ ᠣᠷᠣᠨ ᠲᠠᠢ | ᠬᠦᠷᠰᠢᠯᠳᠥᠵᠥ᠂ ᠮᠠᠨ ᠤ ᠣᠯᠣᠰ ᠤᠨ ᠣᠮᠠᠷᠠᠰᠢ ᠨᠡᠬᠡᠬᠡᠯᠳᠡ ᠬᠢᠬᠦ ᠴᠢᠬᠤᠯᠠ ᠡᠮᠥᠨ᠎ᠡ ᠹᠷᠣᠨᠲ ᠪᠣᠯᠬᠤ ᠪᠦᠬᠡᠳ | ᠳᠣᠷᠭᠠᠨ ᠵᠠᠮ ᠤᠨ ᠠᠵᠣ ᠠᠬᠤᠢ ᠶᠢᠨ ᠪᠥᠰᠡ ᠶᠢ ᠪᠦᠳᠦᠬᠡᠨ ᠪᠠᠶᠢᠭᠤᠯᠬᠤ ᠳᠤ ᠵᠡᠬᠦᠨᠳᠡᠬᠢ ᠶᠢ ᠵᠠᠯᠭᠠᠮᠵᠢᠯᠠᠵᠣ | ᠪᠠᠷᠠᠭᠤᠨᠳᠠᠬᠢ ᠶᠢ ᠰᠡᠩᠬᠡᠷᠡᠭᠦᠯᠭᠦ᠂ ᠡᠮᠥᠨᠡᠳᠥ ᠣᠮᠠᠷᠠᠳᠣ ᠶᠢ ᠵᠣᠯᠭᠠᠭᠤᠯᠬᠤ᠂ ᠣᠷᠣᠰ ᠮᠣᠩᠭᠤᠯ ᠡᠸᠥ᠋ᠷᠣᠫᠠ ᠶᠢ | ᠬᠤᠯᠪᠣᠬᠤ ᠴᠢᠬᠤᠯᠠ ᠬᠦᠢᠰᠥ ᠪᠣᠯᠣᠨ᠎ᠠ᠂ ᠪᠣᠭᠤᠮᠳᠠ ᠶᠢᠨ ᠳᠠᠪᠠᠭᠤᠯᠢᠭ ᠲᠠᠭᠠᠨ ᠳᠥᠰᠢᠭᠯᠡᠨ ᠪᠣᠭᠤᠮᠳᠠ ᠶᠢᠨ ᠠᠵᠣ | ᠠᠬᠤᠢ ᠶᠢᠨ ᠬᠦᠭᠵᠢᠯᠳᠡ ᠶᠢ ᠠᠬᠢᠭᠤᠯᠬᠤ ᠨᠢ ᠰᠢᠨ᠎ᠡ ᠪᠠᠶᠢᠳᠠᠯ ᠲᠤᠤᠷᠠᠬᠢ ᠣᠯᠣᠰ ᠤᠨ ᠡᠬᠡ ᠬᠠᠭᠤᠷᠠᠢ ᠪᠣᠯᠣᠨ ᠬᠢᠯᠢ | ᠳᠠᠭᠠᠣ ᠣᠷᠣᠨ ᠤ ᠨᠡᠬᠡᠬᠡᠯᠳᠡ ᠬᠢᠬᠦ ᠶᠢ ᠥᠷᠭᠡᠳᠬᠡᠬᠦ ᠪᠠᠶᠢᠯᠳᠣᠬᠤ ᠪᠣᠳᠣᠯᠭ᠎ᠠ ᠶᠢ ᠨᠠᠶᠢᠳᠠᠪᠣᠷᠢᠵᠢᠭᠤᠯᠵᠣ᠂ | ᠨᠡᠬᠡᠬᠡᠯᠳᠡᠳᠥ ᠠᠵᠣ ᠠᠬᠤᠢ ᠶᠢᠨ ᠰᠢᠨ᠎ᠡ ᠪᠠᠶᠢᠭᠤᠯᠣᠯ ᠤᠨ ᠪᠥᠷᠢᠯᠳᠥᠭᠦ ᠶᠢ ᠳᠥᠷᠬᠡᠳᠬᠡᠬᠦ᠂ ᠠᠵᠣ ᠠᠬᠤᠢ ᠶᠢᠨ | ᠪᠥᠳᠥᠴᠡ ᠶᠢ ᠳᠣᠬᠢᠷᠠᠭᠤᠯᠬᠤ ᠪᠠ ᠬᠡᠯᠪᠡᠷᠢ ᠪᠠᠨ ᠬᠤᠪᠢᠷᠠᠭᠤᠯᠵᠣ ᠳᠡᠰ ᠳᠡᠪᠰᠢᠭᠦᠯᠭᠦ ᠶᠢ ᠠᠬᠢᠭᠤᠯᠬᠤ ᠲᠠᠯ᠎ᠠ ᠪᠠᠷ ᠬᠢ | ᠡᠬᠢᠯᠡᠭᠦᠯᠭᠦ ᠠᠷᠭ᠎ᠠ ᠪᠠᠷᠢᠯ ᠪᠣᠯᠣᠨ᠎ᠠ᠂ ᠮᠠᠨ ᠤ ᠣᠷᠣᠨ ᠤ ᠭᠠᠳᠠᠭᠰᠢ ᠨᠡᠬᠡᠬᠡᠯᠳᠡ ᠬᠢᠬᠦ ᠪᠠ ᠠᠵᠣ ᠠᠬᠤᠢ ᠶᠢᠨ | ᠬᠦᠭᠵᠢᠯᠳᠡ ᠶᠢ ᠠᠬᠢᠭᠤᠯᠬᠤ ᠪᠠᠶᠢᠯᠳᠣᠬᠤ ᠪᠣᠳᠣᠯᠭ᠎ᠠ ᠶᠢᠨ ᠠᠷᠭ᠎ᠠ ᠪᠠᠷᠢᠯ ᠪᠣᠯᠣᠨ᠎ᠠ᠃ | ︵ᠬᠤᠶᠠᠷ︶ ᠵᠢᠯᠣᠭᠤᠳᠬᠤ ᠥᠵᠡᠯ ᠰᠠᠨᠠᠭ᠎ᠠ᠃ ᠳᠣᠮᠳᠠᠳᠣ ᠣᠯᠣᠰ ᠤᠨ ᠣᠨᠴᠠᠯᠢᠭ ᠪᠦᠬᠦᠢ ᠨᠡᠶᠢᠬᠡᠮ | ᠵᠢᠷᠣᠮ ᠤᠨ ᠠᠭᠤᠣ ᠶᠡᠭᠡ ᠳᠤᠭ ᠢ ᠥᠨᠳᠥᠷ ᠮᠠᠨᠳᠣᠭᠤᠯᠵᠣ᠂ ᠳ᠋ᠤᠩ ᠰᠢᠶᠣᠣ ᠫᠢᠩ ᠤᠨ ᠣᠨᠣᠯ᠂ ︽ᠭᠤᠷᠪᠠ ᠶᠢ | ᠳᠥᠯᠥᠬᠡᠯᠡᠬᠦ︾ ᠴᠢᠬᠤᠯᠠ ᠥᠵᠡᠯ ᠰᠠᠨᠠᠭ᠎ᠠ᠂ ᠰᠢᠨᠵᠢᠯᠡᠬᠦ ᠣᠬᠠᠭᠠᠨᠴᠢ ᠬᠦᠭᠵᠢᠯᠳᠡ ᠶᠢᠨ ᠥᠵᠡᠯᠳᠡ ᠪᠠᠷ | ᠵᠢᠯᠣᠭᠤᠳᠣᠯᠭ᠎ᠠ ᠪᠣᠯᠭᠠᠨ᠂ ᠶᠡᠷᠥᠩᠬᠡᠢ ᠱᠥᠵᠢ ᠰᠢ ᠶᠢᠨ ᠫᠢᠩ ᠤᠨ ᠠᠯᠢ ᠣᠯᠠᠨ ᠴᠢᠬᠤᠯᠠ ᠶᠠᠷᠢᠶ᠎ᠠ ᠨᠤᠭᠤᠳ ᠪᠠ | ᠮᠠᠨ ᠤ ᠣᠷᠣᠨ ᠳᠤ ᠰᠢᠨᠵᠢᠯᠡᠨ ᠪᠠᠶᠢᠴᠠᠭᠠᠬᠤ ᠳᠠᠭᠠᠨ ᠶᠠᠷᠢᠭᠰᠠᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ | ᠬᠦᠨᠵᠡᠬᠡᠢ ᠰᠣᠷᠣᠯᠴᠠᠨ ᠳᠣᠣᠱᠯᠠᠭᠤᠯᠵᠣ᠂ ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ ᠪᠠ ᠠᠷᠪᠠᠨ ᠨᠠᠢᠮᠠᠳᠣᠭᠠᠷ | ᠬᠤᠭᠤᠴᠠᠭᠠᠨ ᠤ ᠳᠥᠪ ᠬᠤᠷᠢᠶ᠎ᠠ ᠶᠢᠨ ᠭᠤᠷᠪᠠᠳᠣᠭᠠᠷ ᠪᠦᠬᠦᠳᠡ ᠬᠤᠷᠠᠯ᠂ ᠳᠥᠷᠪᠡᠳᠥᠬᠡᠷ ᠪᠦᠬᠦᠳᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠳᠠᠯ᠎ᠠ ᠪᠠᠷ ᠳᠣᠣᠱᠯᠠᠭᠤᠯᠣᠨ ᠨᠠᠶᠢᠳᠠᠪᠣᠷᠢᠵᠢᠭᠤᠯᠵᠣ᠂ ᠥᠪᠡᠷᠳᠡᠭᠡᠨ ᠵᠠᠰᠠᠬᠤ ᠣᠷᠣᠨ ᠤ ︽ | 8337︾ ᠬᠦᠭᠵᠢᠯᠳᠡ ᠶᠢᠨ ᠰᠡᠳᠬᠢᠮᠵᠢ ᠶᠢ ᠬᠦᠨᠵᠡᠬᠡᠢ ᠬᠡᠷᠡᠭᠵᠢᠭᠦᠯᠥᠨ᠂ ᠪᠣᠭᠤᠮᠳᠠ ᠶᠢ ᠬᠦᠭᠵᠢᠭᠦᠯᠭᠦ ᠠᠷᠭ᠎ᠠ | ᠬᠡᠯᠪᠡᠷᠢ ᠪᠠᠨ ᠬᠤᠪᠢᠷᠠᠭᠤᠯᠵᠣ᠂ ᠪᠣᠭᠤᠮᠳᠠ ᠶᠢᠨ ᠠᠵᠣ ᠠᠬᠤᠢ ᠶᠢ ᠶᠡᠬᠡᠪᠡᠷ ᠬᠦᠭᠵᠢᠭᠦᠯᠵᠥ᠂ ᠪᠦᠬᠦ ᠣᠷᠣᠨ ᠢ | ᠬᠠᠮᠣᠷᠠᠭᠰᠠᠨ᠂ ᠬᠦᠷᠰᠢ ᠵᠡᠷᠬᠡᠯᠡᠳᠡᠭᠡ ᠮᠣᠵᠢ ︵ᠣᠷᠣᠨ᠂ ᠬᠤᠳᠠ︶ ᠶᠢ ᠨᠦᠯᠦᠭᠡᠯᠡᠭᠰᠡᠨ᠂ ᠣᠷᠣᠰ ᠮᠣᠩᠭᠤᠯ | ᠡᠸᠥ᠋ᠷᠣᠫᠠ ᠶᠢ ᠬᠤᠯᠪᠣᠭᠰᠠᠨ ᠨᠡᠬᠡᠬᠡᠯᠳᠡᠳᠥ ᠠᠵᠣ ᠠᠬᠤᠢ ᠶᠢᠨ ᠰᠢᠨ᠎ᠡ ᠪᠠᠶᠢᠭᠤᠯᠣᠯ ᠢ ᠪᠠᠶᠢᠭᠤᠯᠣᠨ᠎ᠠ᠃ | ᠪᠣᠭᠤᠮᠳᠠ ᠶᠢᠨ ᠨᠡᠬᠡᠬᠡᠯᠳᠡ ᠬᠢᠬᠦ ᠪᠠᠶᠢᠷᠢᠰᠢᠭᠤᠯᠣᠯᠳᠠ ᠶᠢ ᠣᠯᠠᠮ ᠨᠢᠬᠡ ᠠᠯᠬᠤᠮ ᠰᠢᠯᠢᠳᠡᠭᠵᠢᠭᠦᠯᠥᠨ᠂ | ᠪᠣᠭᠤᠮᠳᠠ ᠶᠢᠨ ᠬᠦᠭᠵᠢᠯᠳᠡ ᠶᠢᠨ ᠪᠠᠶᠢᠷᠢ ᠳᠣᠭᠳᠠᠭᠠᠯᠳᠠ ᠶᠢ ᠳᠣᠳᠣᠷᠬᠠᠶᠢᠯᠠᠵᠣ᠂ ᠪᠣᠭᠤᠮᠳᠠ ᠶᠢᠨ ᠶᠡᠷᠥᠩᠬᠡᠶᠢᠯᠡᠭᠰᠡᠨ | ᠴᠢᠳᠠᠮᠵᠢ ᠶᠢ ᠳᠡᠬᠦᠯᠳᠡᠷᠵᠢᠭᠦᠯᠥᠨ᠂ ᠪᠣᠭᠤᠮᠳᠠ ᠶᠢᠨ ᠭᠠᠵᠠᠷ ᠣᠷᠣᠨ ᠳᠤ ᠨᠢᠬᠡ ᠪᠥᠯᠥᠭ ᠶᠡᠷᠥᠩᠬᠡᠶᠢᠯᠡᠭᠰᠡᠨ ᠭᠠᠶᠢᠯᠢ | ᠪᠠᠳᠣᠯᠠᠬᠤ ᠣᠷᠣᠨ᠂ ᠬᠢᠯᠢ ᠶᠢᠨ ᠠᠵᠣ ᠠᠬᠤᠢ ᠶᠢᠨ ᠬᠠᠮᠳᠣᠷᠠᠯᠴᠠᠭ᠎ᠠ ᠶᠢᠨ ᠣᠷᠣᠨ᠂ ᠬᠢᠯᠢ ᠠᠯᠣᠰᠯᠠᠭᠰᠠᠨ ᠠᠵᠣ | ᠠᠬᠤᠢ ᠶᠢᠨ ᠬᠠᠮᠳᠣᠷᠠᠯᠴᠠᠭ᠎ᠠ ᠶᠢᠨ ᠣᠷᠣᠨ᠂ ᠠᠭᠠᠷ ᠤᠨ ᠠᠵᠣ ᠦᠢᠯᠡᠰ ᠤᠨ ᠬᠦᠷᠢᠶᠡᠯᠡᠩ ᠳᠣᠭᠤᠷᠢᠭ ᠪᠠ ᠣᠳᠣ | ᠥᠶ᠎ᠡ ᠶᠢᠨ ᠣᠯᠠᠨ ᠣᠯᠣᠰ ᠤᠨ ᠪᠠᠷᠠᠭᠠᠨ ᠤ ᠬᠦᠢᠯᠬᠡᠬᠡ ᠶᠢᠨ ᠬᠦᠷᠢᠶᠡᠯᠡᠩ ᠳᠣᠭᠤᠷᠢᠭ ᠵᠡᠷᠬᠡ ᠳᠠᠪᠴᠠᠩ ᠪᠠ | ᠠᠴᠢᠶᠠᠯᠠᠪᠣᠷᠢ ᠶᠢ ᠪᠦᠳᠦᠬᠡᠨ ᠪᠠᠶᠢᠭᠤᠯᠬᠤ ᠪᠠᠨ ᠲᠥᠷᠭᠡᠳᠬᠡᠵᠥ᠂ ᠳᠡᠯᠡᠭᠡᠢ ᠨᠡᠶᠢᠳᠡ ᠶᠢᠨ ᠪᠠ ᠣᠯᠣᠰ ᠤᠨ | ᠳᠣᠳᠣᠭᠠᠳᠣ ᠶᠢᠨ ᠳᠡᠷᠢᠭᠦᠨ ᠤ ᠬᠦᠴᠦᠨ ᠵᠦᠢᠯ ᠢ ᠬᠤᠷᠠᠮᠳᠣᠭᠤᠯᠣᠨ᠂ ᠳᠡᠯᠡᠬᠡᠢ ᠨᠡᠶᠢᠳᠡ ᠶᠢᠨ ᠪᠠ ᠣᠯᠣᠰ ᠤᠨ | ᠳᠣᠳᠣᠭᠠᠳᠣ ᠶᠢᠨ ᠠᠵᠣ ᠦᠢᠯᠡᠰ ᠤᠨ ᠠᠵᠢᠯ ᠤᠨ ᠬᠤᠪᠢᠶᠠᠷᠢ ᠪᠠ ᠬᠠᠮᠳᠣᠷᠠᠯᠴᠠᠭ᠎ᠠ ᠶᠢ ᠴᠢᠩᠭᠠᠳᠬᠠᠵᠣ᠂ | ᠳᠣᠳᠣᠭᠠᠳᠣ ᠭᠠᠳᠠᠭᠠᠳᠣ ᠬᠤᠯᠪᠣᠭᠠᠯᠠᠨ ᠬᠦᠳᠡᠯᠥᠯᠴᠡᠭᠰᠡᠨ᠂ ᠣᠨᠴᠠᠯᠢᠭ ᠢᠯᠡ ᠳᠣᠳᠣᠷᠬᠠᠢ᠂ ᠳᠠᠪᠠᠭᠤᠯᠢᠭ ᠢᠶᠠᠨ | ᠬᠠᠷᠢᠯᠴᠠᠨ ᠨᠥᠭᠦᠪᠥᠷᠢᠯᠡᠭᠰᠡᠨ᠂ ᠵᠣᠬᠢᠴᠠᠩᠭᠤᠢ ᠬᠦᠭᠵᠢᠭᠰᠡᠨ ᠪᠣᠭᠤᠮᠳᠠ ᠶᠢᠨ ᠠᠵᠣ ᠠᠬᠤᠢ ᠶᠢᠨ ᠪᠠᠶᠢᠷᠢᠰᠢᠯ ᠢ | ᠪᠥᠷᠢᠯᠳᠥᠭᠦᠯᠥᠨ᠎ᠡ᠃ | ︵ᠭᠤᠷᠪᠠ︶ ᠬᠠᠷᠠᠯᠳᠠ ᠶᠢᠨ ᠡᠬᠦᠷᠬᠡ᠃ 2017 ᠣᠨ ᠪᠣᠯᠬᠤ ᠳᠤ᠂ ᠪᠣᠭᠤᠮᠳᠠ ᠶᠢᠨ ᠠᠵᠣ | ᠠᠬᠤᠢ ᠶᠢ ᠬᠦᠭᠵᠢᠭᠦᠯᠭᠦ ᠪᠥᠷᠢᠨ ᠲᠡᠭᠦᠯᠳᠡᠷ ᠥᠨᠳᠥᠰᠥᠨ ᠨᠥᠭᠦᠴᠡᠯ ᠢ ᠪᠥᠷᠢᠯᠳᠥᠭᠦᠯᠥᠨ᠎ᠡ᠃ ᠳᠠᠪᠤ ᠶᠢ ︽ | ᠳᠡᠭᠡᠭᠰᠢᠯᠡᠭᠦᠯᠭᠦ︾ ᠶᠢ ᠪᠡᠶᠡᠯᠡᠭᠦᠯᠦᠨ᠎ᠠ᠄ ᠪᠣᠭᠤᠮᠳᠠ ᠶᠢᠨ ᠬᠦᠭᠵᠢᠯᠳᠡ ᠶᠢᠨ ᠳᠥᠯᠥᠪᠵᠢᠭᠦᠯᠬᠡ ᠨᠢ ᠰᠢᠨᠵᠢᠯᠡᠬᠦ | ᠣᠬᠠᠭᠠᠨᠴᠢ᠂ ᠪᠠᠶᠢᠷᠢ ᠳᠣᠭᠳᠠᠭᠠᠯᠳᠠ ᠨᠢ ᠢᠯᠡ ᠳᠣᠳᠣᠷᠬᠠᠢ᠂ ᠴᠢᠳᠠᠮᠵᠢ ᠨᠢ ᠪᠥᠷᠢᠨ ᠳᠡᠬᠦᠯᠳᠡᠷ᠂ | ᠪᠠᠶᠢᠷᠢᠰᠢᠭᠤᠯᠣᠯᠳᠠ ᠨᠢ ᠵᠦᠢ ᠵᠣᠬᠢᠰᠳᠠᠢ᠂ ᠬᠦᠭᠵᠢᠯᠳᠡ ᠶᠢᠨ ᠬᠢᠷᠢ ᠬᠡᠮᠵᠢᠶ᠎ᠡ ᠶᠢ ᠮᠡᠳᠡᠭᠳᠡᠭᠦ᠋ᠢᠴᠡ ᠳᠡᠭᠡᠭᠰᠢᠯᠡᠬᠦᠯᠭᠦ ᠶᠢ | ᠪᠡᠶᠡᠯᠡᠭᠦᠯᠥᠨ᠎ᠡ︔ ᠪᠣᠭᠤᠮᠳᠠ ᠶᠢᠨ ᠰᠠᠭᠤᠷᠢ ᠪᠡᠯᠡᠳᠬᠡᠮᠵᠢ ᠪᠠ ᠪᠠᠶᠢᠴᠠᠭᠠᠨ ᠰᠢᠯᠭᠠᠬᠤ ᠶᠢᠨ ᠳᠥᠭᠦᠷᠵᠢᠭᠰᠡᠨ | ᠪᠡᠯᠡᠳᠬᠡᠮᠵᠢ ᠨᠢ ᠪᠥᠷᠢᠨ ᠲᠡᠭᠦᠯᠳᠡᠷ ᠪᠠᠶᠢᠵᠣ᠂ ᠪᠣᠭᠤᠮᠳᠠ ᠥᠩᠬᠡᠷᠡᠭᠦ ᠴᠢᠳᠠᠪᠣᠷᠢ ᠶᠢ ᠮᠡᠳᠡᠭᠳᠡᠬᠦ᠋ᠢᠴᠡ | ᠳᠡᠭᠡᠭᠰᠢᠯᠡᠭᠦᠯᠭᠦ ᠶᠢ ᠪᠡᠶᠡᠯᠡᠭᠦᠯᠥᠨ᠎ᠡ︔ ᠪᠣᠭᠤᠮᠳᠠ ᠶᠢᠨ ᠪᠣᠭᠤᠮᠳᠠ ᠥᠩᠭᠡᠷᠡᠭᠦ ᠵᠠᠭᠪᠣᠷ ᠲᠤ ᠰᠢᠨ᠎ᠡ ᠶᠢ ᠡᠬᠦᠳᠴᠥ᠂ | ᠪᠣᠭᠤᠮᠳᠠ ᠥᠩᠭᠡᠷᠡᠭᠦ ᠭᠠᠷᠳᠠᠮ ᠢ ᠳᠥᠭᠦᠮᠴᠢᠯᠡᠨ᠂ ᠪᠣᠭᠤᠮᠳᠠ ᠥᠩᠭᠡᠷᠡᠭᠦ ᠬᠠᠮᠵᠢᠯᠴᠠᠭ᠎ᠠ ᠶᠢ ᠰᠢᠯᠣᠭᠤᠳᠬᠠᠵᠣ᠂ | ᠪᠣᠭᠤᠮᠳᠠ ᠥᠩᠭᠡᠷᠡᠭᠦ ᠥᠷ᠎ᠡ ᠪᠥᠳᠥᠮᠵᠢ ᠶᠢ ᠮᠡᠳᠡᠭᠳᠡᠬᠦ᠋ᠢᠴᠡ ᠳᠡᠭᠡᠭᠰᠢᠯᠡᠬᠦᠯᠭᠦ ᠶᠢ ᠪᠡᠶᠡᠯᠡᠭᠦᠯᠥᠨ᠎ᠡ︔ ᠪᠦᠬᠦ | ᠣᠷᠣᠨ ᠤ ᠪᠣᠢ ᠪᠦᠬᠦᠢ ᠪᠣᠭᠤᠮᠳᠠ ᠶᠢ ᠬᠠᠮᠣᠷᠣᠭᠰᠠᠨ᠂ ᠪᠣᠭᠤᠮᠳᠠ ᠶᠢᠨ ᠨᠢᠬᠡᠳᠥᠯᠳᠠᠢ ᠡᠯᠤᠺᠲᠷᠣᠨ ᠳᠠᠪᠴᠠᠩ ᠪᠣᠯᠣᠨ | ᠪᠣᠭᠤᠮᠳᠠ ᠶᠢᠨ ᠬᠢᠨᠠᠨ ᠡᠵᠡᠮᠳᠡᠵᠥ ᠵᠢᠯᠣᠭᠤᠳᠬᠤ ᠰᠢᠰᠲ᠋ᠧᠮ ᠢ ᠪᠠᠶᠢᠭᠤᠯᠵᠣ᠂ ᠪᠣᠭᠤᠮᠳᠠ ᠶᠢᠨ ᠣᠳᠣᠬᠢᠴᠢᠯᠠᠯᠳᠠ᠂ | ᠮᠡᠳᠡᠭᠡ ᠵᠠᠩᠬᠢᠵᠢᠯᠠᠯᠳᠠ᠂ ᠣᠶᠣᠨᠵᠢᠯᠠᠯᠳᠠ ᠶᠢᠨ ᠬᠢᠷᠢ ᠬᠡᠮᠵᠢᠶ᠎ᠡ ᠶᠢ ᠮᠡᠳᠡᠭᠳᠡᠬᠦ᠋ᠢᠴᠡ ᠳᠡᠭᠡᠭᠰᠢᠯᠡᠬᠦᠯᠭᠦ ᠶᠢ | ᠪᠡᠶᠡᠯᠡᠭᠦᠯᠥᠨ᠎ᠡ︔ ᠪᠣᠭᠤᠮᠳᠠ ᠶᠢᠨ ᠬᠠᠮᠢᠶᠠᠷᠣᠯᠳᠠ ᠶᠢᠨ ᠵᠠᠭᠪᠣᠷ ᠲᠤ ᠰᠢᠨ᠎ᠡ ᠶᠢ ᠡᠬᠦᠳᠴᠥ᠂ ᠦᠢᠯᠡᠴᠢᠯᠡᠬᠡᠨ ᠤ | ᠪᠡᠯᠡᠳᠬᠡᠮᠵᠢ ᠶᠢ ᠪᠦᠷᠢᠨ ᠳᠡᠬᠦᠯᠳᠡᠷ ᠪᠣᠯᠭᠠᠵᠣ᠂ ᠪᠣᠭᠤᠮᠳᠠ ᠶᠢᠨ ᠬᠠᠮᠢᠶᠠᠷᠣᠯᠳᠠ ᠪᠠ ᠦᠢᠯᠡᠴᠢᠯᠡᠬᠡᠨ ᠤ ᠬᠢᠷᠢ | ᠬᠡᠮᠵᠢᠶ᠎ᠡ ᠶᠢ ᠮᠡᠳᠡᠭᠳᠡᠬᠦ᠋ᠢᠴᠡ ᠳᠡᠭᠡᠭᠰᠢᠯᠡᠬᠦᠯᠭᠦ ᠶᠢ ᠪᠡᠶᠡᠯᠡᠭᠦᠯᠥᠨ᠎ᠡ᠃ 2020 ᠣᠨ ᠪᠣᠯᠬᠤ ᠳᠤ᠂ ᠪᠦᠬᠦ ᠣᠷᠣᠨ ᠢ | ᠬᠠᠮᠣᠷᠣᠭᠰᠠᠨ᠂ ᠳᠠᠯᠠᠢ ᠳᠠᠭᠠᠥ ᠣᠷᠣᠨ᠂ ᠳᠣᠳᠣᠷ ᠭᠠᠵᠠᠷ ᠪᠠ ᠣᠷᠣᠰ ᠮᠣᠩᠭᠤᠯ ᠡᠸᠥ᠋ᠷᠥᠫᠠ ᠶᠢ ᠪᠥᠳᠥᠮᠵᠢᠳᠠᠢ | ᠵᠣᠯᠭᠠᠭᠤᠯᠣᠭᠰᠠᠨ ᠨᠡᠬᠡᠬᠡᠯᠳᠡᠳᠥ ᠠᠵᠣ ᠠᠬᠤᠢ ᠶᠢᠨ ᠰᠢᠨ᠎ᠡ ᠪᠠᠶᠢᠭᠤᠯᠣᠯ ᠢ ᠠᠩᠬ᠎ᠠ ᠠᠯᠬᠤᠮ ᠪᠠᠶᠢᠭᠤᠯᠣᠨ᠎ᠠ᠃ | ᠬᠢᠯᠢ ᠶᠢᠨ ᠪᠣᠭᠤᠮᠳᠠ ᠶᠢᠨ ᠠᠵᠣ ᠠᠬᠤᠢ᠂ ᠠᠭᠠᠷ ᠤᠨ ᠭᠠᠷᠠᠮ ᠤᠨ ᠠᠵᠣ ᠠᠬᠤᠢ᠂ ᠡᠬᠡ ᠬᠠᠭᠤᠷᠠᠢ ᠶᠢᠨ ᠭᠠᠷᠠᠮ ᠤᠨ | ᠠᠵᠣ ᠠᠬᠤᠢ ᠶᠢ ᠵᠣᠬᠢᠴᠠᠩᠭᠤᠢ ᠬᠦᠭᠵᠢᠭᠦᠯᠥᠨ᠂ ᠬᠦᠷᠰᠢ ᠵᠡᠷᠬᠡᠯᠡᠳᠡᠭᠡ ᠮᠣᠵᠢ ︵ᠣᠷᠣᠨ᠂ ᠬᠤᠳᠠ︶ ᠪᠠ | ᠣᠯᠣᠰ ᠯᠤᠭ᠎ᠠ ᠨᠢᠭᠳᠠ ᠬᠠᠷᠢᠯᠴᠠᠵᠣ᠂ ᠬᠠᠷᠢᠯᠴᠠᠨ ᠳᠥᠰᠢᠭᠯᠡᠯᠴᠡᠨ᠂ ᠪᠥᠳᠥᠮᠵᠢᠳᠠᠢ ᠵᠣᠯᠭᠠᠭᠤᠯᠵᠣ᠂ ᠰᠠᠶᠢᠨ | ᠰᠠᠶᠢᠬᠠᠨ ᠨᠥᠭᠦᠴᠡᠯᠳᠥᠭᠰᠡᠨ ᠪᠠᠶᠢᠳᠠᠯ ᠢ ᠠᠩᠬ᠎ᠠ ᠠᠯᠬᠤᠮ ᠪᠥᠷᠢᠯᠳᠥᠭᠦᠯᠥᠨ᠎ᠡ︔ ᠴᠡᠪᠡᠷ ᠡᠨᠤᠷᠬᠢ ᠭᠠᠳᠠᠭᠰᠢ | ᠭᠠᠷᠭᠠᠬᠤ ᠰᠠᠭᠤᠷᠢᠨ ᠭᠠᠵᠠᠷ᠂ ᠮᠠᠯ ᠲᠠᠷᠢᠶᠠᠯᠠᠩ ᠤᠨ ᠪᠣᠬᠢᠷᠳᠣᠯ ᠥᠬᠡᠢ ᠠᠰᠢᠭ ᠰᠢᠮ᠎ᠡ ᠶᠢ ᠦᠢᠯᠡᠳᠪᠥᠷᠢᠯᠡᠨ | ᠡᠳ᠋ᠰᠢᠭᠦᠯᠵᠥ ᠭᠠᠳᠠᠭᠰᠢ ᠭᠠᠷᠭᠠᠬᠤ ᠰᠠᠭᠤᠷᠢᠨ ᠭᠠᠵᠠᠷ᠂ ᠳᠠᠯ᠎ᠠ ᠨᠣᠳᠤᠭ ᠤᠨ ᠰᠣᠶᠣᠯ ᠢ ᠢᠯᠡᠷᠡᠭᠦᠯᠥᠭᠰᠡᠨ᠂ | ᠣᠮᠠᠷᠠᠳᠣ ᠬᠢᠵᠠᠭᠠᠷ ᠤᠨ ᠣᠨᠴᠠᠯᠢᠭ ᠲᠠᠢ ᠵᠢᠭᠤᠯᠴᠢᠯᠠᠨ ᠳᠣᠭᠤᠷᠢᠬᠤ᠂ ᠰᠡᠯᠡᠭᠦᠴᠡᠨ ᠠᠮᠠᠷᠠᠬᠤ ᠰᠠᠭᠤᠷᠢᠨ ᠭᠠᠵᠠᠷ᠂ | ᠣᠳᠣ ᠥᠶ᠎ᠡ ᠶᠢᠨ ᠨᠡᠭᠦᠷᠡᠰᠥ ᠬᠢᠮᠢ ᠶᠢᠨ ᠠᠵᠣ ᠦᠢᠯᠡᠳᠪᠥᠷᠢ ᠶᠢᠨ ᠦᠢᠯᠡᠳᠪᠥᠷᠢᠯᠡᠯ ᠤᠨ ᠵᠢᠱᠢᠶ᠎ᠡ ᠥᠵᠡᠭᠦᠯᠭᠦ | ᠰᠠᠭᠤᠷᠢᠨ ᠭᠠᠵᠠᠷ ᠪᠠ ᠣᠳᠣ ᠥᠶ᠎ᠡ ᠶᠢᠨ ᠳᠣᠨᠤᠭ ᠳᠥᠭᠦᠭᠡᠷᠣᠮᠵᠢ ᠦᠢᠯᠡᠳᠬᠦ ᠰᠢᠨ᠎ᠡ ᠪᠠᠷ ᠮᠠᠨᠳᠣᠭᠰᠠᠨ ᠠᠵᠣ | ᠦᠢᠯᠡᠰ ᠤᠨ ᠰᠠᠭᠤᠷᠢᠨ ᠭᠠᠵᠠᠷ ᠵᠡᠷᠬᠡ ᠳᠠᠪᠣᠨ ᠳᠣᠮᠣ ᠰᠠᠭᠤᠷᠢᠨ ᠭᠠᠵᠠᠷ ᠤᠨ ᠳᠣᠭᠤᠷᠢᠨ ᠳᠤ ᠪᠠᠶᠢᠭᠤᠯᠣᠭᠰᠠᠨ | ᠭᠠᠳᠠᠭᠠᠳᠣ ᠨᠡᠬᠡᠬᠡᠯᠳᠡᠳᠥ ᠠᠵᠣ ᠠᠬᠤᠢ ᠶᠢᠨ ᠠᠵᠣ ᠦᠢᠯᠡᠰ ᠤᠨ ᠪᠠᠶᠢᠷᠢᠰᠢᠭᠤᠯᠣᠯᠳᠠ ᠶᠢ ᠠᠩᠬ᠎ᠠ | ᠬᠡᠪᠴᠢᠶᠡᠵᠢᠭᠦᠯᠥᠨᠡ︔ ᠪᠣᠭᠤᠮᠳᠠ ᠪᠠ ᠪᠣᠭᠤᠮᠳᠠ ᠶᠢᠨ ᠪᠠᠶᠢᠭ᠎ᠠ ᠭᠠᠵᠠᠷ ᠤᠨ ᠣᠯᠠᠨ ᠣᠯᠣᠰ ᠤᠨ ᠪᠠᠷᠠᠭᠠᠨ ᠤ | ᠬᠦᠢᠯᠬᠡᠬᠡ᠂ ᠠᠷᠠᠯᠵᠢᠶ᠎ᠠ ᠬᠤᠳᠠᠯᠳᠤᠭ᠎ᠠ᠂ ᠮᠥᠩᠭᠦᠨ ᠬᠦᠢᠯᠬᠡᠬᠡ᠂ ᠵᠢᠭᠤᠯᠴᠢᠯᠠᠯ᠂ ᠵᠠᠭᠤᠴᠢ ᠵᠡᠷᠬᠡ ᠣᠳᠣ ᠥᠶ᠎ᠡ ᠶᠢᠨ | ᠦᠢᠯᠡᠴᠢᠯᠡᠬᠡᠨ ᠤ ᠦᠢᠯᠡᠰ ᠤᠨ ᠰᠢᠰᠲ᠋ᠧᠮᠵᠢ ᠶᠢ ᠠᠩᠬ᠎ᠠ ᠠᠯᠬᠤᠮ ᠪᠠᠶᠢᠭᠤᠯᠣᠨ᠎ᠠ᠃ | ᠬᠤᠶᠠᠷ᠂ ᠪᠣᠭᠤᠮᠳᠠ ᠶᠢᠨ ᠠᠵᠣ ᠠᠬᠤᠢ ᠶᠢᠨ ᠠᠵᠣ ᠦᠢᠯᠡᠰ ᠤᠨ ᠪᠠᠶᠢᠷᠢᠯᠠᠭᠤᠯᠣᠯᠳᠠ ᠶᠢ | ᠳᠡᠭᠦᠯᠳᠡᠷᠵᠢᠭᠦᠯᠥᠨ᠎ᠡ | ︵ᠳᠥᠷᠪᠡ︶ ᠬᠢᠯᠢ ᠳᠠᠭᠠᠥ ᠣᠷᠣᠨ ᠤ ᠨᠡᠬᠡᠬᠡᠨ ᠬᠦᠭᠵᠢᠭᠦᠯᠵᠦ ᠴᠢᠯᠦᠭᠡᠲᠠᠢ ᠲᠠᠯᠪᠢᠬᠤ ᠠᠵᠣ | ᠠᠬᠤᠢ ᠶᠢᠨ ᠪᠥᠰᠡ ᠶᠢᠨ ᠪᠦᠳᠦᠬᠡᠨ ᠪᠠᠶᠢᠭᠤᠯᠣᠯᠳᠠ ᠶᠢ ᠠᠬᠢᠭᠤᠯᠣᠨ᠎ᠠ᠃ ᠬᠢᠯᠢ ᠳᠠᠭᠠᠥ ᠣᠷᠣᠨ ᠤ ᠬᠠᠭᠤᠷᠠᠢ | ᠵᠠᠮ ᠤᠨ ᠳᠡᠭᠡᠭᠡᠪᠥᠷᠢ ᠶᠢᠨ ᠪᠣᠭᠤᠮᠳᠠ ᠳᠤ ᠳᠥᠰᠢᠭᠯᠡᠵᠣ᠂ ᠬᠢᠯᠢ ᠶᠢᠨ ᠠᠵᠣ ᠠᠬᠤᠢ ᠠᠷᠠᠯᠵᠢᠶᠠᠨ ᠤ | ᠬᠠᠮᠳᠣᠷᠠᠯᠴᠠᠭ᠎ᠠ ᠶᠢᠨ ᠳᠡᠭᠡᠳᠥ ᠳᠡᠰ ᠤᠨ ᠳᠠᠪᠴᠠᠩ ᠢ ᠪᠠᠶᠢᠭᠤᠯᠣᠨ᠎ᠠ᠃ ᠪᠠᠷᠠᠭᠤᠨ ᠬᠡᠰᠡᠭ ᠲᠤ ᠴᠡᠭᠡ᠂ ᠥᠯᠵᠠᠢ᠂ | ᠭᠠᠭᠴᠠᠮᠣᠳᠣ᠂ ᠮᠠᠨᠳᠣᠯ᠎ᠠ ᠪᠣᠭᠤᠮᠳᠠ ᠪᠠᠷ ᠭᠤᠣᠯᠳᠠᠯᠭ᠎ᠠ ᠪᠣᠯᠭᠠᠵᠣ᠂ ᠮᠣᠩᠭᠤᠯ ᠳᠤ ᠬᠠᠨᠳᠤᠭᠤᠯᠣᠭᠰᠠᠨ ᠡᠨᠤᠷᠬᠢ ᠶᠢᠨ | ᠡᠬᠢ ᠰᠣᠷᠪᠣᠯᠵᠢ ᠶᠢᠨ ᠪᠠᠶᠢᠯᠳᠣᠬᠤ ᠪᠣᠳᠣᠯᠭ᠎ᠠ ᠶᠢᠨ ᠨᠡᠪᠳᠡᠷᠡᠭᠦ ᠵᠠᠮ᠂ ᠡᠳ᠋ᠰᠢᠭᠦᠯᠭᠦ ᠪᠠ ᠬᠠᠳᠠᠭᠠᠯᠠᠬᠤ ᠰᠠᠭᠤᠷᠢᠨ | ᠭᠠᠵᠠᠷ ᠢ ᠪᠠᠶᠢᠭᠤᠯᠣᠨ᠎ᠠ︔ ᠳᠣᠮᠳᠠ ᠬᠡᠰᠡᠭ ᠲᠤ ᠡᠷᠢᠶᠡᠨ ᠬᠤᠳᠠ᠂ ᠵᠡᠬᠦᠨ ᠬᠠᠳᠠᠪᠴᠢ ᠪᠣᠭᠤᠮᠳᠠ ᠪᠠᠷ ᠭᠤᠣᠯᠳᠠᠯᠭ᠎ᠠ | ᠪᠤᠯᠭᠠᠵᠦ᠂ ᠠᠷᠠᠯᠵᠢᠶ᠎ᠠ ᠬᠤᠳᠠᠯᠳᠤᠭ᠎ᠠ ᠬᠦᠢᠯᠬᠡᠬᠡ᠂ ᠶᠡᠷᠥᠩᠬᠡᠶᠢᠯᠡᠨ ᠡᠳ᠋ᠰᠢᠭᠦᠯᠭᠦ᠂ ᠣᠯᠠᠨ ᠣᠯᠣᠰ ᠤᠨ ᠪᠠᠷᠠᠭᠠᠨ ᠤ | ᠬᠦᠢᠯᠬᠡᠬᠡ᠂ ᠬᠦᠮᠥᠨ ᠨᠡᠶᠢᠭᠡᠮ ᠤᠨ ᠬᠠᠷᠢᠯᠴᠠᠭ᠎ᠠ ᠶᠠᠪᠣᠯᠴᠠᠭ᠎ᠠ ᠵᠡᠷᠬᠡ ᠶᠢ ᠨᠢᠬᠡ ᠴᠣᠭᠴᠠᠵᠢᠭᠤᠯᠣᠭᠰᠠᠨ ᠮᠣᠩᠭᠤᠯ ᠳᠤ | ᠬᠠᠨᠳᠤᠭᠤᠯᠣᠭᠰᠠᠨ ᠠᠵᠣ ᠠᠬᠤᠢ ᠶᠢᠨ ᠬᠠᠮᠳᠣᠷᠠᠯᠴᠠᠭ᠎ᠠ ᠶᠢᠨ ᠭᠤᠣᠯ ᠵᠢᠱᠢᠶ᠎ᠡ ᠥᠵᠡᠭᠦᠯᠭᠦ ᠳᠣᠭᠤᠷᠢᠭ ᠢ | ᠪᠠᠶᠢᠭᠤᠯᠣᠨ᠎ᠠ︔ ᠵᠡᠬᠦᠨ ᠬᠡᠰᠡᠭ ᠲᠤ ᠷᠠᠰᠢᠶᠠᠨ᠂ ᠡᠪᠥᠳᠥᠭ᠂ ᠠᠷᠤ ᠬᠠᠰᠢᠶᠠᠳᠤ ᠪᠣᠭᠤᠮᠳᠠ ᠪᠠᠷ ᠭᠤᠣᠯᠳᠠᠯᠭ᠎ᠠ | ᠪᠣᠯᠭᠠᠵᠣ᠂ ᠮᠣᠩᠭᠤᠯ ᠳᠤ ᠬᠠᠨᠳᠤᠭᠤᠯᠣᠭᠰᠠᠨ ᠬᠢᠯᠢ ᠠᠯᠣᠰᠯᠠᠭᠰᠠᠨ ᠵᠢᠭᠤᠯᠴᠢᠯᠠᠯ ᠪᠠ ᠠᠮᠢ ᠠᠬᠤᠢ ᠶᠢᠨ ᠠᠵᠣ | ᠦᠢᠯᠡᠰ ᠤᠨ ᠬᠠᠮᠳᠣᠷᠠᠯᠴᠠᠭ᠎ᠠ ᠶᠢᠨ ᠳᠣᠭᠤᠷᠢᠭ ᠢ ᠪᠠᠶᠢᠭᠤᠯᠣᠨ᠎ᠠ᠂ ᠵᠡᠬᠦᠨ ᠬᠤᠶᠢᠳᠣ ᠬᠡᠰᠡᠭ ᠲᠤ ᠮᠠᠨᠵᠣᠣᠷ᠂ ᠾᠸᠢ | ᠱᠠᠨ ᠲᠸᠥ᠂ ᠰᠢᠪᠡᠭᠡ ᠪᠣᠭᠤᠮᠳᠠ ᠪᠠᠷ ᠭᠤᠣᠯᠳᠠᠯᠭ᠎ᠠ ᠪᠣᠯᠭᠠᠵᠣ᠂ ᠠᠷᠠᠯᠵᠢᠶ᠎ᠠ ᠬᠤᠳᠠᠯᠳᠤᠭ᠎ᠠ ᠬᠦᠢᠯᠬᠡᠬᠡ᠂ | ᠶᠡᠷᠥᠩᠬᠡᠶᠢᠯᠡᠨ ᠡᠳ᠋ᠰᠢᠭᠦᠯᠭᠦ᠂ ᠣᠯᠠᠨ ᠣᠯᠣᠰ ᠤᠨ ᠪᠠᠷᠠᠭᠠᠨ ᠤ ᠬᠦᠢᠯᠬᠡᠬᠡ᠂ ᠬᠢᠯᠢ ᠠᠯᠣᠰᠯᠠᠨ ᠵᠢᠭᠤᠯᠴᠢᠯᠠᠬᠤ᠂ | ᠬᠦᠮᠦᠨ ᠨᠡᠶᠢᠭᠡᠮ ᠤᠨ ᠬᠠᠷᠢᠯᠴᠠᠭ᠎ᠠ ᠶᠠᠪᠣᠯᠴᠠᠭ᠎ᠠ ᠵᠡᠷᠬᠡ ᠶᠢ ᠨᠢᠬᠡ ᠴᠣᠭᠴᠠᠵᠢᠭᠤᠯᠣᠭᠰᠠᠨ ᠣᠷᠣᠰ ᠲᠤ | ᠬᠠᠨᠳᠤᠭᠤᠯᠤᠭᠰᠠᠨ ᠠᠵᠣ ᠠᠬᠤᠢ ᠶᠢᠨ ᠬᠠᠮᠳᠣᠷᠠᠯᠴᠠᠭ᠎ᠠ ᠶᠢᠨ ᠭᠤᠣᠯ ᠵᠢᠱᠢᠶ᠎ᠡ ᠥᠵᠡᠭᠦᠯᠭᠦ ᠳᠣᠭᠤᠷᠢᠭ ᠢ | ᠪᠠᠶᠢᠭᠤᠯᠣᠨ᠎ᠠ᠃ ᠬᠢᠯᠢ ᠳᠠᠭᠠᠥ ᠠᠵᠣ ᠠᠬᠤᠢ ᠶᠢᠨ ᠪᠥᠰᠡ ᠶᠢᠨ ᠬᠠᠷᠢᠴᠠᠭᠤᠯᠣᠭᠰᠠᠨ ᠳᠠᠪᠠᠭᠤᠯᠢᠭ ᠢᠶᠠᠨ ᠬᠦᠢᠴᠡᠳ | ᠪᠠᠳᠠᠷᠠᠭᠤᠯᠣᠨ᠂ ᠬᠠᠳᠣᠨ ᠭᠤᠣᠯ ᠪᠠ ᠵᠠᠮ ᠳᠠᠭᠠᠥ ᠠᠵᠣ ᠠᠬᠤᠢ ᠶᠢᠨ ᠪᠥᠰᠡ ᠵᠡᠷᠬᠡ ᠣᠷᠣᠨ ᠪᠥᠰᠡ ᠶᠢᠨ ᠠᠵᠣ | ᠠᠬᠤᠢ ᠨᠡᠯᠢᠶᠡᠳ ᠬᠦᠭᠵᠢᠭᠰᠡᠨ᠂ ᠬᠦᠴᠦᠨ ᠵᠦᠢᠯ ᠲᠦᠪᠯᠡᠷᠡᠭᠰᠡᠨ ᠬᠡᠮᠵᠢᠶ᠎ᠡ ᠪᠠᠷ ᠨᠡᠯᠢᠶᠡᠳ ᠶᠡᠭᠡ ᠵᠡᠷᠬᠡ | ᠳᠠᠪᠠᠭᠤᠯᠢᠭ ᠢ ᠪᠥᠳᠥᠮᠵᠢᠳᠠᠢ ᠠᠰᠢᠭᠯᠠᠨ᠂ ᠬᠢᠯᠢ ᠳᠠᠭᠠᠥ ᠣᠷᠣᠨ ᠪᠠ ᠳᠣᠳᠣᠷ ᠭᠠᠵᠠᠷ ᠯᠤᠭ᠎ᠠ ᠶᠢᠨ ᠣᠯᠠᠨ | ᠳᠠᠯ᠎ᠠ ᠶᠢᠨ᠂ ᠣᠯᠠᠨ ᠬᠦᠷᠢᠶ᠎ᠡ ᠬᠡᠪᠴᠢᠶ᠎ᠡ ᠶᠢᠨ ᠨᠢᠭᠳᠠ ᠬᠠᠮᠳᠣᠷᠠᠯᠴᠠᠭ᠎ᠠ ᠪᠠᠨ ᠴᠢᠩᠭᠠᠳᠬᠠᠵᠣ᠂ ᠪᠦᠬᠦ ᠣᠷᠣᠨ ᠤ | ᠬᠦᠷᠥᠩᠬᠡ᠂ ᠮᠡᠷᠬᠡᠵᠢᠯ᠂ ᠮᠡᠳᠡᠭᠡ ᠵᠠᠩᠬᠢ ᠵᠡᠷᠬᠡ ᠦᠢᠯᠡᠳᠪᠥᠷᠢᠯᠡᠯ ᠤᠨ ᠬᠦᠴᠦᠨ ᠵᠦᠢᠯ ᠢᠶᠠᠨ ᠬᠢᠯᠢ ᠳᠠᠭᠠᠥ ᠣᠷᠣᠨ | ᠵᠥᠭ ᠤᠷᠳᠤᠳᠬᠠᠬᠤ ᠶᠢ ᠠᠬᠢᠭᠤᠯᠵᠣ᠂ ᠳᠠᠪᠠᠭᠤᠯᠢᠭ ᠢᠶᠠᠨ ᠬᠠᠷᠢᠯᠴᠠᠨ ᠨᠥᠭᠦᠪᠥᠷᠢᠯᠡᠬᠦ᠂ ᠥᠷ᠎ᠡ ᠪᠥᠳᠥᠮᠵᠢᠳᠠᠢ ᠪᠠᠷ | ᠵᠣᠯᠭᠠᠭᠤᠯᠬᠤ᠂ ᠬᠠᠷᠢᠯᠴᠠᠨ ᠳᠣᠯᠭᠠᠭᠤᠷᠢᠯᠠᠬᠤ᠂ ᠰᠠᠶᠢᠨ ᠰᠠᠶᠢᠬᠠᠨ ᠨᠥᠭᠦᠴᠡᠯᠳᠥᠭᠦ ᠶᠢ ᠨᠢᠬᠡ ᠴᠣᠭᠴᠠᠵᠢᠭᠤᠯᠣᠭᠰᠠᠨ | ᠬᠦᠭᠵᠢᠯᠳᠡ ᠶᠢᠨ ᠰᠢᠨ᠎ᠡ ᠪᠠᠶᠢᠷᠢᠰᠢᠯ ᠢᠶᠠᠨ ᠪᠥᠷᠢᠯᠳᠥᠭᠦᠯᠭᠦ ᠶᠢ ᠳᠥᠷᠬᠡᠳᠬᠡᠨ᠎ᠡ᠃ | ︵ᠳᠠᠪᠤ︶ ᠣᠳᠣ ᠥᠶ᠎ᠡ ᠶᠢᠨ ᠪᠠᠷᠠᠭᠠᠨ ᠤ ᠬᠦᠯᠬᠡᠬᠡ ᠶᠢᠨ ᠰᠢᠰᠲ᠋ᠧᠮᠵᠢ ᠶᠢ ᠳᠥᠷᠭᠡᠳᠬᠡᠨ | ᠪᠠᠶᠢᠭᠤᠯᠤᠨ᠎ᠠ᠃ ᠠᠭᠠᠷ ᠤᠨ ᠳᠡᠭᠡᠭᠡᠪᠥᠷᠢ ᠶᠢᠨ ᠪᠣᠭᠤᠮᠳᠠ ᠳᠤ ᠳᠥᠰᠢᠭᠯᠡᠨ᠂ ᠠᠭᠠᠷ ᠤᠨ ᠪᠠᠷᠠᠭᠠᠨ ᠤ ᠬᠦᠢᠯᠬᠡᠬᠡ ᠶᠢ | ᠶᠡᠬᠡᠪᠡᠷ ᠬᠦᠭᠵᠢᠭᠦᠯᠵᠥ᠂ ᠭᠠᠶᠢᠯᠢ ᠪᠠᠳᠣᠯᠠᠨ ᠨᠥᠭᠡᠴᠡᠯᠡᠬᠦ᠂ ᠪᠠᠷᠠᠭᠠᠨ ᠤ ᠬᠦᠢᠯᠬᠡᠬᠡ ᠶᠢ ᠳᠠᠮᠵᠢᠭᠤᠯᠬᠤ᠂ ᠣᠯᠠᠨ | ᠣᠯᠣᠰ ᠠᠴᠠ ᠬᠤᠳᠠᠯᠳᠣᠨ ᠠᠪᠬᠤ᠂ ᠥᠵᠡᠰᠭᠦᠯᠡᠩ ᠥᠵᠡᠭᠦᠯᠥᠯᠬᠡ ᠵᠡᠷᠬᠡ ᠠᠭᠠᠷ ᠤᠨ ᠣᠳᠣ ᠥᠶ᠎ᠡ ᠶᠢᠨ | ᠦᠢᠯᠡᠴᠢᠯᠡᠬᠡᠨ ᠤ ᠦᠢᠯᠡᠰ ᠢ ᠥᠷᠨᠢᠭᠦᠯᠥᠨ᠎ᠡ᠃ ᠳᠡᠭᠡᠭᠡᠪᠥᠷᠢᠯᠡᠨ ᠡᠵᠡᠩᠨᠡᠬᠦ ᠬᠢᠷᠢ ᠬᠡᠮ ᠲᠠᠢ ᠠᠵᠣ ᠠᠬᠤᠶᠢᠯᠠᠯ ᠪᠣᠶᠣ | ᠳᠣᠮᠣ ᠬᠡᠯᠪᠡᠷᠢ ᠶᠢᠨ ᠳᠥᠷᠬᠡᠨ ᠬᠦᠷᠬᠡᠬᠦ ᠺᠣᠮᠫᠠᠨᠢ ᠶᠢ ᠣᠷᠣᠭᠤᠯᠣᠨ ᠠᠪᠴᠢᠷᠠᠵᠣ᠂ ᠳᠥᠷᠬᠡᠨ ᠬᠦᠷᠬᠡᠬᠦ ᠪᠠ | ᠰᠢᠣᠳᠠᠨ ᠤ ᠭᠤᠪᠢᠭᠤᠯᠬᠤ ᠠᠵᠢᠯ ᠢ ᠡᠷᠬᠢᠯᠡᠵᠥ᠂ ᠬᠢᠯᠢ ᠠᠯᠣᠰᠯᠠᠭᠰᠠᠨ ᠣᠯᠠᠨ ᠣᠯᠣᠰ ᠤᠨ ᠳᠥᠷᠭᠡᠨ ᠬᠦᠷᠬᠡᠬᠦ | ᠲᠤᠬᠠᠢᠢᠯᠠᠭᠰᠠᠨ ᠠᠵᠢᠯ ᠢ ᠳᠡᠳᠭᠦᠨ᠎ᠡ᠃ ᠳᠣᠮᠣ ᠬᠡᠯᠪᠡᠷᠢ ᠶᠢᠨ ᠡᠯᠤᠺᠲ᠋ᠤᠷᠥᠨ ᠬᠤᠳᠠᠯᠳᠣᠭᠠᠨ ᠤ ᠺᠣᠮᠫᠠᠨᠢ ᠶᠢ | ᠣᠷᠣᠭᠤᠯᠣᠨ ᠠᠪᠴᠢᠷᠠᠵᠣ᠂ ᠠᠭᠠᠷ ᠤᠨ ᠲᠡᠬᠡᠳᠤ ᠥᠷ᠎ᠡ ᠪᠥᠳᠥᠮᠵᠢᠳᠠᠢ ᠳᠡᠭᠡᠭᠡᠪᠥᠷᠢ ᠶᠢᠨ ᠠᠷᠭ᠎ᠠ ᠬᠡᠯᠪᠡᠷᠢ ᠳᠤ | ᠳᠥᠰᠢᠭᠯᠡᠨ᠂ ᠪᠦᠬᠦ ᠣᠷᠣᠨ ᠤ ᠡᠯᠧᠺᠲᠷᠣᠨ ᠬᠤᠳᠠᠯᠳᠣᠭᠠᠨ ᠤ ᠬᠦᠭᠵᠢᠯᠳᠡ ᠶᠢ ᠠᠬᠢᠭᠤᠯᠣᠨ᠎ᠠ᠃ ᠠᠭᠠᠷ ᠤᠨ | ᠠᠶᠠᠯᠠᠯ ᠤᠨ ᠺᠣᠮᠫᠠᠨᠢ ᠪᠠ ᠳᠣᠮᠣ ᠬᠡᠯᠪᠡᠷᠢ ᠶᠢᠨ ᠪᠠᠷᠠᠭᠠᠨ ᠤ ᠬᠦᠢᠯᠬᠡᠬᠡ ᠶᠢᠨ ᠠᠵᠣ ᠠᠬᠤᠶᠢᠯᠠᠯ ᠢ ᠣᠷᠣᠭᠤᠯᠣᠨ | ᠠᠪᠴᠢᠷᠠᠵᠣ᠂ ᠣᠯᠠᠨ ᠣᠯᠣᠰ ᠤᠨ ᠡᠬᠡᠯᠵᠢ ᠶᠢᠨ ᠨᠢᠰᠬᠡᠯ ᠤᠨ ᠠᠴᠢᠶ᠎ᠠ ᠳᠡᠭᠡᠭᠡᠪᠥᠷᠢ ᠶᠢᠨ ᠲᠤᠬᠠᠢᠢᠯᠠᠭᠰᠠᠨ ᠠᠵᠢᠯ ᠢ | ᠬᠦᠭᠵᠢᠭᠦᠯᠥᠨ᠂ ᠪᠦᠬᠦ ᠣᠷᠣᠨ ᠪᠠ ᠬᠦᠷᠰᠢ ᠵᠡᠷᠬᠡᠯᠡᠳᠡᠭᠡ ᠮᠣᠵᠢ ︵ᠣᠷᠣᠨ᠂ ᠬᠤᠳᠠ︶ ᠶᠢ ᠨᠦᠯᠦᠭᠡᠯᠡᠭᠰᠡᠨ | ᠠᠭᠠᠷ ᠤᠨ ᠪᠠᠷᠠᠭ᠎ᠠ ᠳᠡᠭᠡᠭᠡᠪᠥᠷᠢ ᠶᠢᠨ ᠣᠯᠠᠨ ᠣᠯᠣᠰ ᠤᠨ ᠪᠠᠷᠠᠭ᠎ᠠ ᠳᠡᠭᠡᠭᠡᠪᠥᠷᠢ ᠪᠠᠷ ᠣᠷᠣᠯᠠᠨ ᠦᠢᠯᠡᠴᠢᠯᠡᠬᠦ | ᠪᠠᠶᠢᠷᠢᠰᠢᠯ ᠢ ᠪᠥᠷᠢᠯᠳᠥᠭᠦᠯᠥᠨ᠎ᠡ᠃ ᠡᠬᠡ ᠬᠠᠭᠤᠷᠠᠢ ᠶᠢᠨ ᠭᠠᠷᠠᠮ ᠳᠤ ᠳᠥᠰᠢᠭᠯᠡᠨ ᠡᠳ᠋ ᠪᠠᠷᠠᠭ᠎ᠠ ᠶᠢ ᠳᠥᠪᠯᠡᠷᠡᠭᠦᠯᠵᠥ | ᠳᠠᠷᠬᠠᠭᠠᠬᠤ᠂ ᠳᠠᠮᠵᠢᠭᠤᠯᠬᠤ᠂ ᠬᠤᠪᠢᠶᠠᠷᠢᠯᠠᠬᠤ᠂ ᠳᠣᠬᠢᠷᠠᠭᠤᠯᠤᠨ ᠬᠦᠷᠭᠡᠬᠦ᠂ ᠣᠯᠠᠨ ᠣᠯᠣᠰ ᠤᠨ ᠴᠢᠩᠭᠡᠯᠢᠭ ᠤᠨ | ᠣᠯᠠᠨ ᠬᠡᠯᠪᠡᠷᠢ ᠶᠢᠨ ᠬᠤᠯᠪᠣᠭᠠᠯᠠᠭᠰᠠᠨ ᠳᠡᠭᠡᠭᠡᠪᠥᠷᠢ᠂ ᠭᠠᠶᠢᠯᠢ ᠪᠠᠳᠣᠯᠠᠬᠤ ᠪᠠᠷᠠᠭᠠᠨ ᠤ ᠬᠦᠢᠯᠬᠡᠬᠡ ᠶᠢ ᠬᠦᠭᠵᠢᠭᠦᠯᠣᠨ | ᠂ ᠬᠢᠯᠢ ᠶᠢᠨ ᠳᠣᠳᠣᠷ᠎ᠠ ᠭᠠᠳᠠᠨᠠᠬᠢ ᠶᠢ ᠬᠤᠯᠪᠣᠭᠠᠯᠠᠨ ᠨᠡᠪᠳᠡᠷᠡᠭᠦᠯᠥᠭᠰᠡᠨ ᠣᠯᠠᠨ ᠣᠯᠣᠰ ᠤᠨ ᠪᠠᠷᠠᠭᠠᠨ ᠤ | ᠬᠦᠢᠯᠬᠡᠬᠡ ᠶᠢᠨ ᠴᠢᠬᠤᠯᠠ ᠵᠠᠩᠭᠢᠯᠠᠭ᠎ᠠ ᠶᠢᠨ ᠴᠢᠬ᠂ ᠣᠯᠠᠨ ᠬᠡᠯᠪᠡᠷᠢ ᠶᠢᠨ ᠬᠤᠯᠪᠣᠭᠠᠯᠠᠭᠰᠠᠨ ᠳᠡᠭᠡᠭᠡᠪᠥᠷᠢ ᠶᠢᠨ ᠣᠳᠣ | ᠥᠶ᠎ᠡ ᠶᠢᠨ ᠪᠠᠷᠠᠭᠠᠨ ᠤ ᠬᠦᠢᠯᠬᠡᠬᠡ ᠶᠢᠨ ᠳᠥᠪ ᠪᠠ ᠪᠣᠭᠤᠮᠳᠠ ᠪᠠᠷ ᠣᠷᠣᠵᠣ ᠭᠠᠷᠬᠤ ᠲᠠᠸᠠᠷ ᠢ ᠳᠥᠪᠯᠡᠷᠡᠭᠦᠯᠵᠥ | ᠳᠠᠷᠬᠠᠭᠠᠬᠤ ᠭᠠᠵᠠᠷ ᠢ ᠪᠠᠶᠢᠭᠤᠯᠣᠨ᠎ᠠ᠃ ᠮᠠᠨ ᠤ ᠣᠷᠣᠨ ᠤ ᠣᠮᠠᠷᠠᠰᠢ ᠨᠡᠬᠡᠬᠡᠯᠳᠡ ᠬᠢᠬᠦ ᠴᠢᠬᠤᠯᠠ ᠬᠦᠬᠦᠷᠬᠡᠨ | ᠪᠠᠬᠢᠯᠡᠯᠳᠡ ᠪᠠ ᠳᠣᠷᠭᠠᠨ ᠵᠠᠮ ᠤᠨ ᠠᠵᠣ ᠠᠬᠤᠢ ᠶᠢᠨ ᠪᠥᠰᠡ ᠶᠢᠨ ᠴᠢᠬᠤᠯᠠ ᠬᠦᠢᠰᠥ ᠶᠢᠨ ᠦᠢᠯᠡᠳᠥᠯ ᠢ | ᠪᠠᠳᠠᠷᠠᠭᠤᠯᠵᠣ᠂ ᠪᠣᠭᠤᠮᠳᠠ ᠶᠢᠨ ᠣᠷᠣᠨ ᠪᠦᠰᠡ ᠶᠢᠨ ᠪᠠᠷᠠᠭᠠᠨ ᠤ ᠬᠦᠢᠯᠬᠡᠬᠡ ᠶᠢᠨ ᠬᠠᠮᠳᠣᠷᠠᠯᠴᠠᠭ᠎ᠠ ᠶᠢ | ᠴᠢᠩᠭᠠᠳᠬᠠᠵᠣ᠂ ᠮᠠᠨ ᠤ ᠣᠷᠣᠨ ᠤ ᠬᠠᠭᠤᠷᠠᠢ ᠵᠠᠮ ᠤᠨ ᠳᠡᠭᠡᠭᠡᠪᠥᠷᠢ ᠶᠢᠨ ᠪᠣᠭᠤᠮᠳᠠ᠂ ᠠᠭᠠᠷ ᠤᠨ ᠳᠡᠭᠡᠭᠡᠪᠥᠷᠢ ᠶᠢᠨ | ᠪᠣᠭᠤᠮᠳᠠ᠂ ᠡᠬᠡ ᠬᠠᠭᠤᠷᠠᠢ ᠶᠢᠨ ᠭᠠᠷᠠᠮ ᠤᠨ ᠬᠤᠭᠤᠷᠣᠨᠳᠣᠬᠢ ᠵᠢᠴᠢ ᠳᠠᠯᠠᠢ ᠳᠠᠭᠠᠥ ᠣᠷᠣᠨ ᠪᠠ ᠳᠣᠳᠣᠷ | ᠭᠠᠵᠠᠷ ᠤᠨ ᠮᠣᠵᠢ ︵ᠣᠷᠣᠨ᠂ ᠬᠤᠳᠠ︶ ᠶᠢᠨ ᠪᠣᠭᠤᠮᠳᠠ ᠯᠤᠭ᠎ᠠ ᠶᠢᠨ ᠬᠤᠭᠤᠷᠣᠨᠳᠣᠬᠢ ᠬᠤᠯᠪᠣᠭᠠᠯᠠᠨ | ᠬᠦᠭᠵᠢᠭᠦ ᠶᠢ ᠠᠬᠢᠭᠤᠯᠵᠣ᠂ ᠪᠡᠯᠡᠳᠬᠡᠮᠵᠢ ᠨᠢ ᠳᠡᠷᠢᠭᠦᠨ ᠤ ᠬᠢ᠂ ᠳᠣᠣᠷ ᠰᠥᠯᠵᠢᠶ᠎ᠡ ᠨᠢ ᠳᠡᠭᠦᠯᠳᠡᠷ᠂ | ᠳᠣᠯᠭᠠᠭᠤᠷᠢᠯᠠᠬᠤ ᠬᠦᠴᠦᠨ ᠨᠢ ᠬᠦᠢᠴᠡᠳ᠂ ᠠᠵᠢᠯᠯᠠᠭᠠᠨ ᠨᠢ ᠥᠷ᠎ᠡ ᠪᠥᠳᠥᠮᠵᠢᠳᠠᠢ ᠠᠴᠢᠶ᠎ᠠ ᠳᠡᠭᠡᠭᠡᠪᠥᠷᠢ ᠶᠢᠨ | ᠳᠥᠪᠯᠡᠷᠡᠭᠦᠯᠵᠥ ᠳᠠᠷᠬᠠᠭᠠᠬᠤ ᠰᠢᠰᠲ᠋ᠧᠮᠵᠢ ᠶᠢ ᠪᠠᠶᠢᠭᠤᠯᠣᠨ᠂ ᠣᠯᠠᠨ ᠣᠯᠣᠰ ᠤᠨ ᠪᠠᠷᠠᠭᠠᠨ ᠤ ᠬᠦᠢᠯᠬᠡᠬᠡ᠂ | ᠠᠭᠠᠷ ᠤᠨ ᠪᠠᠷᠠᠭᠠᠨ ᠤ ᠬᠦᠢᠯᠬᠡᠬᠡ᠂ ᠭᠠᠶᠢᠯᠢ ᠪᠠᠳᠣᠯᠠᠬᠤ ᠪᠠᠷᠠᠭᠠᠨ ᠤ ᠬᠦᠢᠯᠬᠡᠬᠡ᠂ ᠣᠨᠴᠠᠯᠢᠭᠳᠣ ᠦᠢᠯᠡᠳᠬᠦᠨ ᠤ | ᠪᠠᠷᠠᠭᠠᠨ ᠤ ᠬᠦᠢᠯᠬᠡᠬᠡ᠂ ᠬᠤᠳᠠ ᠶᠢᠨ ᠠᠷᠠᠯᠵᠢᠶ᠎ᠠ ᠬᠤᠳᠠᠯᠳᠤᠭ᠎ᠠ ᠶᠢᠨ ᠪᠠᠷᠠᠭᠠᠨ ᠤ ᠬᠦᠢᠯᠬᠡᠬᠡ ᠵᠡᠷᠬᠡ ᠡᠯ᠎ᠡ | ᠳᠥᠷᠥᠯ ᠤᠨ ᠪᠠᠷᠠᠭᠠᠨ ᠤ ᠬᠦᠢᠯᠬᠡᠬᠡ ᠶᠢᠨ ᠡᠵᠡᠩᠨᠡᠯᠳᠡ ᠶᠢᠨ ᠳᠥᠯᠥᠪ ᠪᠠᠶᠢᠳᠠᠯ ᠪᠠ ᠳᠥᠷᠥᠯ ᠵᠦᠢᠯ ᠢᠶᠠᠷ ᠪᠥᠷᠢᠨ | ᠬᠦᠢᠴᠡᠳ᠂ ᠨᠢᠬᠡ ᠴᠣᠭᠴᠠᠳᠣ ᠪᠠᠷ ᠬᠤᠯᠪᠣᠭᠠᠯᠠᠨ ᠬᠦᠭᠵᠢᠭᠰᠡᠨ ᠣᠯᠠᠨ ᠬᠡᠯᠪᠡᠷᠢ ᠶᠢᠨ ᠬᠤᠯᠪᠣᠭᠠᠯᠠᠨ ᠳᠡᠭᠡᠭᠡᠪᠥᠷᠢᠯᠡᠬᠦ | ᠪᠠᠶᠢᠷᠢᠰᠢᠯ ᠢ ᠪᠥᠷᠢᠯᠳᠥᠭᠦᠯᠥᠨ᠎ᠡ᠃ | ︵ᠵᠢᠷᠭᠤᠭ᠎ᠠ︶ ᠪᠣᠭᠤᠮᠳᠠ ᠶᠢᠨ ᠣᠨᠴᠣᠭᠤᠢ ᠬᠢᠨᠠᠨ ᠬᠠᠮᠢᠶᠠᠷᠬᠤ ᠣᠷᠣᠨ ᠪᠥᠰᠡ ᠶᠢᠨ | ᠪᠠᠶᠢᠭᠤᠯᠣᠯᠳᠠ ᠶᠢ ᠠᠬᠢᠭᠤᠯᠣᠨ᠎ᠠ᠃ ᠭᠤᠣᠯᠳᠠᠯᠭ᠎ᠠ ᠲᠠᠢ ᠪᠣᠭᠤᠮᠳᠠ᠂ ᠣᠷᠣᠨ ᠪᠥᠰᠡ ᠶᠢᠨ ᠳᠥᠪ ᠬᠤᠳᠠ ᠶᠢᠨ | ᠭᠤᠣᠯᠳᠠᠯᠭ᠎ᠠ ᠲᠠᠢ ᠨᠡᠬᠡᠬᠡᠨ ᠬᠦᠭᠵᠢᠭᠦᠯᠵᠥ ᠴᠢᠯᠦᠭᠡᠲᠠᠢ ᠲᠠᠯᠪᠢᠬᠤ ᠳᠣᠷᠰᠢᠯᠳᠠ ᠶᠢᠨ ᠳᠣᠭᠤᠷᠢᠭ᠂ ᠶᠡᠷᠥᠩᠬᠡᠶᠢᠯᠡᠭᠰᠡᠨ | ᠭᠠᠶᠢᠯᠢ ᠪᠠᠳᠣᠯᠠᠬᠤ ᠳᠣᠭᠤᠷᠢᠭ᠂ ᠬᠢᠯᠢ ᠠᠯᠣᠰᠯᠠᠭᠰᠠᠨ ᠠᠵᠣ ᠠᠬᠤᠢ ᠶᠢᠨ ᠬᠠᠮᠳᠣᠷᠠᠯᠴᠠᠭ᠎ᠠ ᠶᠢᠨ ᠳᠣᠭᠤᠷᠢᠭ᠂ | ᠬᠢᠯᠢ ᠶᠢᠨ ᠠᠵᠣ ᠠᠬᠤᠢ ᠶᠢᠨ ᠬᠠᠮᠳᠣᠷᠠᠯᠴᠠᠭ᠎ᠠ ᠶᠢᠨ ᠳᠣᠭᠤᠷᠢᠭ ᠤᠨ ᠪᠠᠶᠢᠭᠤᠯᠣᠯᠳᠠ ᠶᠢ ᠠᠬᠢᠭᠤᠯᠵᠣ᠂ | ᠪᠣᠭᠤᠮᠳᠠ ᠶᠢᠨ ᠣᠨᠴᠣᠭᠤᠢ ᠬᠢᠨᠠᠨ ᠬᠠᠮᠢᠶᠠᠷᠬᠤ ᠣᠷᠣᠨ ᠪᠥᠰᠡ ᠶᠢᠨ ᠨᠦᠯᠦᠭᠡᠯᠡᠬᠦ ᠴᠢᠳᠠᠮᠵᠢ ᠶᠢ ᠪᠠᠳᠠᠷᠠᠭᠤᠯᠣᠨ᠂ | ᠣᠷᠣᠨ ᠪᠦᠰᠡ ᠶᠢᠨ ᠭᠠᠳᠠᠨᠠᠬᠢ ᠠᠵᠣ ᠦᠢᠯᠡᠰ ᠤᠨ ᠳᠥᠭᠦᠷᠵᠢᠭᠦᠯᠭᠦ ᠴᠢᠳᠠᠪᠣᠷᠢ ᠶᠢ ᠪᠤᠶᠢᠵᠢᠭᠤᠯᠵᠣ᠂ | ᠨᠥᠭᠦᠴᠡᠯ ᠲᠠᠢ ᠠᠵᠣ ᠠᠬᠤᠶᠢᠯᠠᠯ ᠢ ᠲᠠᠶᠢᠴᠢᠯᠠᠨ ᠡᠳ᠋ᠰᠢᠭᠦᠯᠥᠨ ᠠᠷᠠᠯᠵᠢᠶᠠᠯᠠᠬᠤ ᠠᠵᠣ ᠦᠢᠯᠡᠰ ᠤᠨ ᠬᠡᠯᠬᠢᠶ᠎ᠡ ᠳᠤ | ᠣᠷᠣᠯᠴᠠᠭᠤᠯᠵᠤ᠂ ᠣᠷᠣᠨ ᠪᠦᠰᠡ ᠶᠢᠨ ᠳᠣᠳᠣᠷ᠎ᠠ ᠭᠠᠳᠠᠨᠠᠬᠢ ᠦᠢᠯᠡᠳᠪᠥᠷᠢᠯᠡᠨ ᠡᠳ᠋ᠰᠢᠭᠦᠯᠭᠦ᠂ ᠪᠠᠷᠠᠭᠠᠨ ᠤ | ᠬᠦᠢᠯᠬᠡᠬᠡ ᠪᠣᠯᠣᠨ ᠦᠢᠯᠡᠴᠢᠯᠡᠬᠡᠨ ᠤ ᠦᠢᠯᠡᠰ ᠤᠨ ᠬᠦᠨᠵᠡᠬᠡᠢ ᠠᠭᠤᠰᠣᠯᠴᠠᠬᠤ ᠶᠢ ᠠᠬᠢᠭᠤᠯᠣᠨ᠂ ᠳᠡᠭᠡᠳᠥ | ᠳᠡᠰ ᠤᠨ ᠬᠢ ᠶᠢ ᠳᠣᠭᠤᠷᠢᠭ ᠲᠤ ᠣᠷᠣᠭᠤᠯᠬᠤ᠂ ᠬᠦᠷᠰᠢ ᠵᠡᠷᠬᠡᠯᠡᠳᠡᠭᠡ ᠳᠡᠭᠡᠨ ᠳᠥᠭᠦᠷᠵᠢᠭᠦᠯᠬᠦ᠂ ᠨᠦᠯᠦᠭᠡᠯᠡᠨ | ᠳᠠᠶᠢᠴᠢᠯᠠᠬᠤ᠂ ᠳᠥᠪᠯᠡᠷᠡᠭᠦᠯᠥᠨ ᠬᠦᠭᠵᠢᠭᠦᠯᠭᠦ ᠪᠠᠶᠢᠷᠢᠰᠢᠯ ᠢ ᠪᠥᠷᠢᠯᠳᠥᠭᠦᠯᠥᠨ᠎ᠡ᠃ ᠬᠢᠯᠢ ᠶᠢᠨ ᠬᠠᠭᠤᠷᠠᠢ ᠵᠠᠮ ᠤᠨ | ᠳᠡᠭᠡᠭᠡᠪᠥᠷᠢ ᠶᠢᠨ ᠪᠣᠭᠤᠮᠳᠠ ᠳᠠᠬᠢ ᠳᠣᠮᠳᠠᠳᠣ ᠣᠷᠣᠰ᠂ ᠳᠣᠮᠳᠠᠳᠣ ᠮᠣᠩᠭᠤᠯ ᠤᠨ ᠬᠢᠯᠢ ᠶᠢᠨ ᠠᠷᠠᠳ ᠤᠨ ᠵᠠᠬ᠎ᠠ | ᠳᠡᠯᠭᠡᠭᠦᠷ ᠤᠨ ᠠᠷᠠᠯᠵᠢᠶ᠎ᠠ ᠶᠢᠨ ᠳᠣᠭᠤᠷᠢᠭ ᠤᠨ ᠪᠠᠶᠢᠭᠤᠯᠣᠯᠳᠠ ᠶᠢ ᠠᠬᠢᠭᠤᠯᠵᠣ᠂ ᠪᠣᠭᠤᠮᠳᠠ ᠶᠢᠨ ᠶᠡᠷᠥᠩᠬᠡᠶᠢᠯᠡᠭᠰᠡᠨ | ᠠᠷᠠᠯᠵᠢᠶ᠎ᠠ ᠶᠢ ᠥᠷᠭᠡᠳᠬᠡᠨ᠂ ᠭᠠᠳᠠᠭᠠᠳᠣ ᠠᠴᠠ ᠣᠷᠣᠭᠤᠯᠵᠣ ᠭᠠᠳᠠᠭᠠᠳᠣ ᠳᠤ ᠭᠠᠷᠭᠠᠵᠤ ᠡᠳ᠋ᠰᠢᠭᠦᠯᠭᠦ ᠠᠵᠣ | ᠦᠢᠯᠡᠰ ᠢ ᠬᠦᠭᠵᠢᠭᠦᠯᠵᠥ᠂ ᠬᠢᠯᠢ ᠶᠢᠨ ᠠᠷᠠᠯᠵᠢᠶ᠎ᠠ ᠶᠢᠨ ᠡᠳ᠋ᠰᠢᠭᠦᠯᠭᠦ᠂ ᠪᠡᠯᠡ ᠣᠷᠣᠭᠤᠯᠬᠤ᠂ ᠠᠷᠠᠯᠵᠢᠶᠠᠯᠠᠬᠤ ᠶᠢ | ᠨᠢᠬᠡ ᠴᠣᠭᠴᠠᠵᠢᠭᠤᠯᠤᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠣᠨ᠎ᠠ᠃ ᠣᠷᠣᠰ᠂ ᠮᠣᠩᠭᠤᠯ ᠣᠯᠣᠰ ᠬᠢᠬᠡᠳ | ᠮᠠᠨ ᠤ ᠣᠷᠣᠨ ᠤ ᠬᠦᠷᠰᠢ ᠵᠡᠷᠬᠡᠯᠡᠳᠡᠭᠡ ᠭᠠᠵᠠᠷ ᠣᠷᠣᠨ ᠳᠤ ᠠᠵᠣ ᠦᠢᠯᠡᠳᠪᠥᠷᠢ ᠶᠢᠨ ᠬᠦᠷᠢᠶᠡᠯᠡᠩ ᠳᠣᠭᠤᠷᠢᠭ ᠪᠠ | ᠴᠢᠯᠥᠬᠡᠳᠥ ᠠᠵᠣ ᠠᠬᠤᠢ ᠶᠢᠨ ᠳᠣᠭᠤᠷᠢᠭ ᠪᠠᠶᠢᠭᠤᠯᠬᠤ ᠶᠢ ᠬᠠᠷᠢᠯᠴᠠᠨ ᠵᠣᠯᠭᠠᠭᠤᠯᠵᠣ᠂ ᠳᠣᠮᠳᠠᠳᠣ ᠣᠷᠣᠰ᠂ | ᠳᠣᠮᠳᠠᠳᠣ ᠮᠣᠩᠭᠤᠯ ᠤᠨ ᠴᠢᠯᠥᠬᠡᠳᠥ ᠠᠷᠠᠯᠵᠢᠶᠠᠨ ᠤ ᠬᠦᠷᠢᠶᠡᠯᠡᠩ ᠳᠣᠭᠤᠷᠢᠭ ᠪᠠᠶᠢᠭᠤᠯᠬᠤ ᠶᠢ ᠢᠳᠡᠪᠬᠢᠳᠠᠢ | ᠰᠥᠪᠡᠭᠴᠢᠯᠡᠵᠥ᠂ ᠭᠠᠳᠠᠭᠠᠳᠣ ᠯᠤᠭ᠎ᠠ ᠶᠢᠨ ᠠᠵᠣ ᠠᠬᠤᠢ᠂ ᠰᠢᠨᠵᠢᠯᠡᠬᠦ ᠣᠬᠠᠭᠠᠨ ᠮᠡᠷᠬᠡᠵᠢᠯ᠂ ᠮᠥᠩᠭᠦᠨ ᠬᠦᠢᠯᠬᠡᠬᠡ᠂ | ᠠᠷᠠᠯᠵᠢᠶ᠎ᠠ᠂ ᠡᠳ᠋ᠰᠢᠭᠦᠯᠥᠯᠳᠡ᠂ ᠪᠠᠷᠠᠭᠠᠨ ᠤ ᠬᠦᠢᠯᠬᠡᠬᠡ ᠵᠡᠷᠬᠡ ᠴᠢᠳᠠᠮᠵᠢ ᠶᠢ ᠨᠡᠶᠢᠯᠡᠭᠦᠯᠦᠨ ᠲᠡᠭᠡᠭᠰᠢᠯᠡᠬᠦᠯᠥᠨ᠎ᠡ᠃ | ︵ᠳᠣᠯᠤᠭ᠎ᠠ︶ ᠪᠣᠭᠤᠮᠳᠠ ᠶᠢᠨ ᠣᠳᠣ ᠥᠶ᠎ᠡ ᠶᠢᠨ ᠦᠢᠯᠡᠴᠢᠯᠡᠬᠡᠨ ᠤ ᠦᠢᠯᠡᠰ ᠢ ᠶᠡᠬᠡᠪᠡᠷ | ᠬᠦᠭᠵᠢᠭᠦᠯᠥᠨ᠎ᠡ᠃ ᠪᠣᠭᠤᠮᠳᠠ ᠶᠢᠨ ᠪᠠᠷᠠᠭᠠᠨ ᠤ ᠬᠦᠢᠯᠬᠡᠬᠡ ᠶᠢᠨ ᠦᠢᠯᠡᠰ ᠤᠨ ᠬᠦᠭᠵᠢᠯᠳᠡ ᠶᠢ ᠠᠬᠢᠭᠤᠯᠵᠣ᠂ ᠳᠡᠰ | ᠳᠡᠪᠰᠢᠭᠦᠯᠥᠨ ᠥᠭᠡᠷᠡᠴᠢᠯᠡᠬᠦ ᠪᠠ ᠨᠢᠬᠡ ᠪᠥᠯᠥᠭ ᠳᠣᠮᠣ ᠬᠡᠯᠪᠡᠷᠢ ᠶᠢᠨ ᠪᠠᠷᠠᠭᠠᠨ ᠤ ᠬᠦᠢᠯᠬᠡᠬᠡ ᠶᠢᠨ ᠬᠦᠷᠢᠶᠡᠯᠡᠩ | ᠳᠣᠭᠤᠷᠢᠭ ᠢ ᠰᠢᠨ᠎ᠡ ᠪᠠᠷ ᠪᠠᠶᠢᠭᠤᠯᠬᠤ ᠪᠠᠨ ᠲᠦᠷᠭᠡᠳᠭᠡᠵᠤ᠂ ᠣᠯᠠᠨ ᠣᠯᠣᠰ ᠤᠨ ᠪᠠᠷᠠᠭᠠᠨ ᠤ ᠬᠦᠢᠯᠬᠡᠬᠡ ᠶᠢ | ᠬᠦᠭᠵᠢᠭᠦᠯᠥᠨ᠂ ᠨᠥᠬᠡᠴᠡᠯᠡᠬᠦ᠂ ᠳᠡᠭᠡᠭᠡᠪᠥᠷᠢᠯᠡᠬᠦ ᠪᠠ ᠡᠳ᠋ᠰᠢᠭᠦᠯᠭᠦ ᠶᠢ ᠨᠢᠬᠡ ᠴᠣᠭᠴᠠᠵᠢᠭᠤᠯᠣᠭᠰᠠᠨ ᠣᠳᠣ ᠥᠶ᠎ᠡ ᠶᠢᠨ | ᠪᠠᠷᠠᠭᠠᠨ ᠤ ᠬᠦᠢᠯᠬᠡᠬᠡ ᠶᠢᠨ ᠰᠢᠰᠲ᠋ᠧᠮᠵᠢ ᠶᠢ ᠪᠦᠳᠦᠬᠡᠨ ᠪᠠᠶᠢᠭᠤᠯᠣᠨ᠎ᠠ᠃ ᠠᠷᠠᠯᠵᠢᠶ᠎ᠠ ᠬᠤᠳᠠᠯᠳᠤᠭ᠎ᠠ ᠬᠦᠢᠯᠬᠡᠬᠡᠨ ᠤ | ᠦᠢᠯᠡᠰ ᠤᠨ ᠬᠦᠭᠵᠢᠯᠳᠡ ᠶᠢ ᠠᠬᠢᠭᠤᠯᠵᠣ᠂ ᠬᠤᠯᠪᠣᠭᠠᠯᠠᠨ ᠡᠵᠡᠩᠨᠡᠬᠦ᠂ ᠨᠥᠬᠡᠴᠡᠯᠡᠬᠦ ᠮᠠᠶ᠋ᠢᠭ ᠤᠨ ᠬᠡᠳᠥ ᠳᠡᠯᠬᠡᠬᠦᠷ᠂ | ᠡᠯᠧᠺᠲᠷᠣᠨ ᠬᠤᠳᠠᠯᠳᠤᠭ᠎ᠠ ᠵᠡᠷᠬᠡ ᠰᠢᠨ᠎ᠡ ᠪᠠᠷ ᠬᠦᠭᠵᠢᠭᠰᠡᠨ ᠬᠦᠢᠯᠬᠡᠬᠡᠨ ᠤ ᠦᠢᠯᠡᠰ ᠢ ᠬᠦᠭᠵᠢᠭᠦᠯᠵᠥ᠂ ᠪᠠᠷᠠᠭ᠎ᠠ | ᠬᠤᠳᠠᠯᠳᠤᠨ ᠠᠪᠬᠤ᠂ ᠢᠳᠡᠬᠡᠨ ᠣᠮᠳᠠᠭᠠᠨ᠂ ᠰᠡᠯᠡᠭᠦᠴᠡᠯ᠂ ᠵᠤᠭ᠎ᠠ ᠴᠡᠩᠬᠡᠯ ᠢ ᠨᠢᠬᠡ ᠴᠣᠭᠴᠠᠵᠢᠭᠤᠯᠣᠭᠰᠠᠨ ᠪᠠᠷᠠᠭ᠎ᠠ | ᠬᠤᠳᠠᠯᠳᠤᠨ ᠠᠪᠬᠤ ᠳᠥᠪ ᠢ ᠪᠠᠶᠢᠭᠤᠯᠵᠣ᠂ ᠨᠢᠬᠡ ᠪᠥᠯᠥᠭ ᠣᠳᠣᠬᠢᠴᠢᠯᠠᠭᠰᠠᠨ ᠳᠣᠮᠣ ᠳᠣᠮᠳᠠ ᠬᠡᠯᠪᠡᠷᠢ ᠶᠢᠨ | ᠳᠣᠰᠬᠠᠶᠢᠵᠢᠭᠰᠠᠨ ᠵᠠᠬ᠎ᠠ ᠳᠡᠯᠬᠡᠬᠦᠷ ᠢ ᠪᠥᠷᠢᠯᠳᠥᠭᠦᠯᠥᠨ᠎ᠡ᠃ ᠥᠪᠥᠷ ᠮᠣᠩᠭᠤᠯ ᠤᠨ ᠡᠯᠧᠺᠲᠷᠣᠨ ᠪᠣᠭᠤᠮᠳᠠ ᠶᠢᠨ | ᠳᠠᠪᠴᠠᠩ ᠳᠤ ᠳᠥᠰᠢᠭᠯᠡᠨ᠂ ᠬᠢᠯᠢ ᠠᠯᠣᠰᠯᠠᠭᠰᠠᠨ ᠡᠯᠧᠺᠲᠷᠣᠨ ᠬᠤᠳᠠᠯᠳᠣᠭᠠᠨ ᠤ ᠬᠦᠭᠵᠢᠯᠳᠡ ᠶᠢ ᠠᠬᠢᠭᠤᠯᠣᠨ᠎ᠠ᠃ | ᠪᠣᠭᠤᠮᠳᠠ ᠶᠢᠨ ᠮᠥᠩᠭᠦᠨ ᠬᠦᠢᠯᠬᠡᠬᠡᠨ ᠤ ᠦᠢᠯᠡᠰ ᠤᠨ ᠬᠦᠭᠵᠢᠯᠳᠡ ᠶᠢ ᠳᠥᠯᠬᠢᠨ ᠠᠬᠢᠭᠤᠯᠵᠣ᠂ ᠪᠣᠭᠤᠮᠳᠠ ᠬᠤᠳᠠ | ︵ᠪᠠᠯᠭᠠᠰᠣ︶ ᠳᠤ ᠣᠯᠣᠰ ᠤᠨ ᠳᠣᠳᠣᠭᠠᠳᠣ ᠭᠠᠳᠠᠭᠠᠳᠣ ᠶᠢᠨ ᠮᠥᠩᠭᠦᠨ ᠬᠦᠢᠯᠬᠡᠬᠡᠨ ᠤ ᠪᠠᠶᠢᠭᠤᠯᠣᠮᠵᠢ ᠶᠢᠨ | ᠬᠤᠪᠢᠶᠠᠷᠢ ᠰᠠᠯᠪᠣᠷᠢ ᠪᠠᠶᠢᠭᠤᠯᠣᠮᠵᠢ ᠶᠢ ᠪᠠᠶᠢᠭᠤᠯᠣᠭᠤᠯᠬᠤ ᠪᠠᠷ ᠴᠢᠷᠮᠠᠶᠢᠨ᠎ᠠ᠃ ᠪᠣᠭᠤᠮᠳᠠ ᠶᠢᠨ ᠵᠢᠭᠤᠯᠴᠢᠯᠠᠯ ᠤᠨ | ᠦᠢᠯᠡᠰ ᠤᠨ ᠬᠦᠭᠵᠢᠯᠳᠡ ᠶᠢ ᠠᠬᠢᠭᠤᠯᠵᠣ᠂ ᠵᠠᠮ ᠳᠠᠭᠠᠥ ᠪᠠ ᠬᠦᠷᠰᠢ ᠵᠡᠷᠬᠡᠯᠡᠳᠡᠭᠡ ᠭᠠᠵᠠᠷ ᠣᠷᠣᠨ ᠤ | ᠵᠢᠭᠤᠯᠴᠢᠯᠠᠯ ᠤᠨ ᠡᠬᠢ ᠪᠠᠶᠠᠯᠢᠭ ᠢ ᠨᠡᠶᠢᠯᠡᠭᠦᠯᠬᠦ ᠪᠠ ᠨᠡᠬᠡᠬᠡᠨ ᠬᠦᠭᠵᠢᠭᠦᠯᠭᠦ ᠡᠷᠴᠢᠮ ᠢ ᠴᠢᠩᠭᠠᠷᠠᠭᠤᠯᠣᠨ᠂ | ᠣᠨᠴᠠᠯᠢᠭᠳᠣ ᠵᠢᠭᠤᠯᠴᠢᠯᠠᠯ ᠤᠨ ᠨᠡᠷᠡᠮᠵᠢᠬᠦᠨ ᠢ ᠨᠡᠬᠡᠬᠡᠨ ᠬᠦᠭᠵᠢᠭᠦᠯᠵᠥ᠂ ᠣᠷᠣᠰ ᠮᠣᠩᠭᠤᠯ ᠯᠤᠭ᠎ᠠ ᠬᠠᠮᠳᠣᠷᠠᠯᠴᠠᠨ | ᠬᠢᠯᠢ ᠠᠯᠣᠰᠯᠠᠭᠰᠠᠨ ᠵᠢᠭᠤᠯᠴᠢᠯᠠᠯ ᠢ ᠥᠷᠨᠢᠭᠦᠯᠥᠨ᠎ᠡ᠃ ᠪᠣᠭᠤᠮᠳᠠ ᠶᠢᠨ ᠵᠠᠭᠤᠴᠢᠯᠠᠬᠤ ᠦᠢᠯᠡᠴᠢᠯᠡᠬᠡᠨ ᠤ | ᠦᠢᠯᠡᠰ ᠤᠨ ᠬᠦᠭᠵᠢᠯᠳᠡ ᠶᠢ ᠠᠬᠢᠭᠤᠯᠵᠣ᠂ ᠣᠯᠣᠰ ᠤᠨ ᠳᠣᠳᠣᠭᠠᠳᠣ ᠭᠠᠳᠠᠭᠠᠳᠣ ᠶᠢᠨ ᠨᠡᠷᠡᠳᠥ ᠰᠢᠨᠵᠢᠯᠡᠬᠦ | ᠣᠬᠠᠭᠠᠨ ᠮᠡᠷᠬᠡᠵᠢᠯ᠂ ᠨᠢᠭᠳᠠᠯᠠᠨ ᠪᠣᠳᠣᠬᠤ᠂ ᠬᠠᠥᠯᠢ ᠴᠠᠭᠠᠵᠠ᠂ ᠯᠠᠪᠯᠠᠯᠭ᠎ᠠ᠂ ᠥᠨᠡᠯᠡᠨ ᠵᠢᠱᠢᠬᠦ᠂ ᠵᠢᠷᠣᠵᠣ | ᠳᠥᠯᠥᠪᠯᠡᠬᠦ ᠵᠡᠷᠬᠡ ᠵᠠᠭᠤᠴᠢᠯᠠᠬᠤ ᠦᠢᠯᠡᠴᠢᠯᠡᠭᠡ ᠶᠢ ᠢᠳᠡᠪᠬᠢᠳᠠᠢ ᠣᠷᠣᠭᠤᠯᠣᠨ ᠠᠪᠴᠢᠷᠠᠵᠣ᠂ ᠵᠠᠭᠤᠴᠢᠯᠠᠬᠤ | ᠦᠢᠯᠡᠴᠢᠯᠡᠬᠡᠨ ᠤ ᠬᠢᠷᠢ ᠬᠡᠮᠵᠢᠶ᠎ᠡ ᠶᠢ ᠳᠡᠭᠡᠭᠰᠢᠯᠡᠬᠦᠯᠥᠨ᠎ᠡ᠃ | ᠭᠤᠷᠪᠠ᠂ ᠣᠷᠣᠰ ᠮᠣᠩᠭᠤᠯ ᠯᠤᠭ᠎ᠠ ᠶᠢᠨ ᠠᠵᠣ ᠠᠬᠤᠢ ᠠᠷᠠᠯᠵᠢᠶ᠎ᠠ ᠶᠢᠨ ᠬᠠᠮᠳᠣᠷᠠᠯᠴᠠᠭ᠎ᠠ ᠪᠠᠨ | ᠬᠦᠨᠵᠡᠬᠡᠶᠢᠷᠡᠭᠦᠯᠥᠨᠡ | ︵ᠨᠠᠢᠮᠠ︶ ᠬᠤᠶᠠᠷ ᠡᠳᠡᠬᠡᠳ ᠤᠨ ᠠᠷᠠᠯᠵᠢᠶ᠎ᠠ ᠶᠢᠨ ᠪᠥᠳᠥᠴᠡ ᠶᠢ ᠰᠢᠯᠢᠳᠡᠭᠵᠢᠭᠦᠯᠥᠨ᠎ᠡ᠃ | ᠠᠷᠠᠯᠵᠢᠶ᠎ᠠ ᠶᠢᠨ ᠠᠷᠭ᠎ᠠ ᠬᠡᠯᠪᠡᠷᠢ ᠪᠠᠨ ᠰᠢᠯᠢᠳᠡᠭᠵᠢᠭᠦᠯᠵᠥ᠂ ᠬᠢᠯᠢ ᠶᠢᠨ ᠠᠷᠠᠯᠵᠢᠶ᠎ᠠ᠂ ᠡᠩ ᠤᠨ ᠠᠷᠠᠯᠵᠢᠶ᠎ᠠ᠂ | ᠡᠳ᠋ᠰᠢᠭᠦᠯᠭᠦ ᠠᠷᠠᠯᠵᠢᠶ᠎ᠠ ᠪᠣᠯᠣᠨ ᠵᠢᠭᠤᠯᠴᠢᠯᠠᠯ ᠤᠨ ᠠᠷᠠᠯᠵᠢᠶ᠎ᠠ ᠶᠢᠨ ᠵᠣᠬᠢᠴᠠᠩᠭᠤᠢ ᠬᠦᠭᠵᠢᠯᠳᠡ ᠶᠢ ᠪᠡᠶᠡᠯᠡᠭᠦᠯᠥᠨ᠂ | ᠪᠠᠷᠠᠭ᠎ᠠ ᠶᠢᠨ ᠠᠷᠠᠯᠵᠢᠶ᠎ᠠ ᠪᠣᠯᠣᠨ ᠦᠢᠯᠡᠴᠢᠯᠡᠬᠡᠨ ᠤ ᠠᠷᠠᠯᠵᠢᠶ᠎ᠠ ᠶᠢ ᠬᠠᠷᠢᠯᠴᠠᠨ ᠠᠬᠢᠭᠤᠯᠵᠣ᠂ ᠣᠷᠣᠰ | ᠮᠣᠩᠭᠤᠯ ᠯᠤᠭ᠎ᠠ ᠶᠢᠨ ᠬᠢᠯᠢ ᠠᠯᠣᠰᠯᠠᠭᠰᠠᠨ ᠡᠯᠧᠺᠲᠷᠣᠨ ᠬᠤᠳᠠᠯᠳᠤᠭ᠎ᠠ ᠶᠢ ᠥᠷᠨᠢᠭᠦᠯᠥᠨ᠂ ᠬᠤᠶᠠᠷ ᠡᠳᠡᠬᠡᠳ ᠤᠨ | ᠠᠷᠠᠯᠵᠢᠶ᠎ᠠ ᠶᠢᠨ ᠥᠷᠭᠦᠯᠵᠢᠯᠡᠡ ᠬᠦᠭᠵᠢᠭᠦ ᠶᠢ ᠠᠬᠢᠭᠤᠯᠣᠨ᠎ᠠ᠃ ᠲᠠᠸᠠᠷ ᠤᠨ ᠪᠥᠳᠥᠴᠡ ᠶᠢ ᠰᠢᠯᠢᠳᠡᠭᠵᠢᠭᠦᠯᠥᠨ᠂ | ᠬᠤᠶᠠᠷ ᠡᠳᠡᠬᠡᠳ ᠤᠨ ᠭᠠᠳᠠᠭᠠᠳᠣ ᠠᠴᠠ ᠣᠷᠣᠭᠤᠯᠵᠣ ᠭᠠᠳᠠᠭᠠᠳᠣ ᠳᠤ ᠭᠠᠷᠭᠠᠬᠤ ᠳᠠᠪᠠᠭᠤᠯᠢᠭ ᠦᠢᠯᠡᠳᠬᠦᠨ ᠤ | ᠳᠣᠭᠤᠷᠢᠨ ᠳᠤ ᠭᠠᠳᠠᠭᠠᠳᠣ ᠠᠴᠠ ᠣᠷᠣᠭᠤᠯᠵᠣ ᠭᠠᠳᠠᠭᠠᠳᠣ ᠳᠤ ᠭᠠᠷᠭᠠᠬᠤ ᠰᠠᠭᠤᠷᠢᠨ ᠭᠠᠵᠠᠷ ᠤᠨ | ᠪᠠᠶᠢᠭᠤᠯᠣᠯᠳᠠ ᠶᠢ ᠳᠥᠷᠭᠡᠳᠬᠡᠵᠥ᠂ ᠭᠠᠳᠠᠭᠠᠳᠣ ᠠᠴᠠ ᠣᠷᠣᠭᠤᠯᠵᠣ ᠭᠠᠳᠠᠭᠠᠳᠣ ᠳᠤ ᠭᠠᠷᠭᠠᠬᠤ ᠡᠬᠢ ᠪᠠᠶᠠᠯᠢᠭ ᠤᠨ | ᠭᠤᠣᠯᠯᠠᠬᠤ ᠠᠵᠣ ᠦᠢᠯᠡᠰ ᠢ ᠪᠤᠶᠢᠵᠢᠭᠤᠯᠣᠨ᠎ᠠ᠃ ᠠᠷᠠᠯᠵᠢᠶᠠᠨ ᠤ ᠬᠦᠳᠦᠴᠢ ᠠᠵᠣ ᠠᠬᠤᠶᠢᠯᠠᠯ ᠢ ᠪᠤᠶᠢᠵᠢᠭᠤᠯᠬᠤ | ᠪᠠ ᠣᠷᠣᠭᠤᠯᠣᠨ ᠠᠪᠴᠢᠷᠠᠵᠣ᠂ ᠬᠢᠯᠢ ᠶᠢᠨ ᠠᠷᠠᠯᠵᠢᠶ᠎ᠠ ᠶᠢᠨ ᠠᠵᠣ ᠠᠬᠤᠶᠢᠯᠠᠯ ᠤᠨ ᠠᠷᠠᠯᠵᠢᠶ᠎ᠠ ᠠᠵᠣ | ᠦᠢᠯᠡᠳᠪᠥᠷᠢ ᠶᠢ ᠨᠢᠬᠡ ᠴᠣᠭᠴᠠᠵᠢᠭᠤᠯᠬᠤ ᠬᠦᠭᠵᠢᠯᠳᠡ ᠶᠢ ᠠᠬᠢᠭᠤᠯᠣᠨ᠂ ᠠᠵᠣ ᠠᠬᠤᠶᠢᠯᠠᠯ ᠤᠨ ᠭᠠᠳᠠᠭᠠᠳᠣ ᠠᠴᠠ | ᠣᠷᠣᠭᠤᠯᠵᠣ ᠭᠠᠳᠠᠭᠠᠳᠣ ᠳᠤ ᠭᠠᠷᠭᠠᠬᠤ ᠡᠳ᠋ᠰᠢᠭᠦᠯᠭᠦ ᠵᠦᠢᠯ ᠤᠨ ᠥᠷᠳᠡᠭ ᠨᠡᠮᠡᠭᠳᠡᠭᠦᠯᠭᠦ ᠴᠢᠳᠠᠪᠣᠷᠢ ᠶᠢ | ᠳᠡᠭᠡᠭᠰᠢᠯᠡᠬᠦᠯᠵᠥ᠂ ︽ᠠᠷᠠᠯᠵᠢᠶ᠎ᠠ ᠪᠠᠷ ᠠᠵᠣ ᠦᠢᠯᠡᠳᠪᠥᠷᠢ ᠶᠢ ᠳᠠᠶᠢᠴᠢᠯᠠᠵᠣ᠂ ᠠᠵᠣ ᠦᠢᠯᠡᠳᠪᠥᠷᠢ ᠪᠠᠷ | ᠠᠷᠠᠯᠵᠢᠶ᠎ᠠ ᠶᠢ ᠠᠬᠢᠭᠤᠯᠬᠤ︾ ᠬᠦᠭᠵᠢᠯᠳᠡ ᠶᠢᠨ ᠪᠠᠶᠢᠷᠢᠰᠢᠯ ᠢ ᠪᠥᠷᠢᠯᠳᠥᠭᠦᠯᠥᠨ᠎ᠡ᠃ ᠴᠡᠪᠡᠷ ᠡᠨᠤᠷᠬᠢ ᠶᠢ ᠭᠠᠳᠠᠭᠰᠢ | ᠭᠠᠷᠭᠠᠬᠤ ᠰᠠᠭᠤᠷᠢᠨ ᠭᠠᠵᠠᠷ᠂ ᠮᠠᠯ ᠲᠠᠷᠢᠶᠠᠯᠠᠩ ᠤᠨ ᠪᠣᠬᠢᠷᠳᠣᠯ ᠥᠬᠡᠢ ᠠᠰᠢᠭ ᠰᠢᠮ᠎ᠡ ᠶᠢ ᠦᠢᠯᠡᠳᠪᠥᠷᠢᠯᠡᠨ | ᠡᠳ᠋ᠰᠢᠭᠦᠯᠭᠦ ᠪᠠ ᠭᠠᠳᠠᠭᠰᠢ ᠭᠠᠷᠭᠠᠬᠤ ᠰᠠᠭᠤᠷᠢᠨ ᠭᠠᠵᠠᠷ᠂ ᠳᠠᠯ᠎ᠠ ᠨᠣᠳᠤᠭ ᠤᠨ ᠰᠣᠶᠣᠯ ᠢ ᠢᠯᠡᠷᠡᠭᠦᠯᠥᠭᠰᠡᠨ᠂ | ᠣᠮᠠᠷᠠᠳᠣ ᠬᠢᠵᠠᠭᠠᠷ ᠤᠨ ᠥᠪᠡᠷᠮᠢᠴᠡ ᠣᠨᠴᠠᠯᠢᠭᠳᠣ ᠵᠢᠭᠤᠯᠴᠢᠯᠠᠨ ᠳᠣᠭᠤᠷᠢᠬᠤ᠂ ᠰᠡᠯᠡᠭᠦᠴᠡᠨ ᠠᠮᠠᠷᠠᠬᠤ ᠰᠠᠭᠤᠷᠢᠨ | ᠭᠠᠵᠠᠷ᠂ ᠣᠳᠣ ᠥᠶ᠎ᠡ ᠶᠢᠨ ᠨᠡᠬᠦᠷᠡᠰᠥ ᠬᠢᠮᠢ ᠶᠢᠨ ᠠᠵᠣ ᠦᠢᠯᠡᠳᠪᠥᠷᠢ ᠶᠢᠨ ᠦᠢᠯᠡᠳᠪᠥᠷᠢᠯᠡᠯ ᠤᠨ ᠵᠢᠱᠢᠶ᠎ᠡ | ᠥᠵᠡᠭᠦᠯᠭᠦ ᠰᠠᠭᠤᠷᠢᠨ ᠭᠠᠵᠠᠷ ᠪᠣᠯᠣᠨ ᠣᠳᠣ ᠥᠶ᠎ᠡ ᠶᠢᠨ ᠳᠣᠨᠤᠭ ᠳᠥᠭᠦᠭᠡᠷᠣᠮᠵᠢ ᠦᠢᠯᠡᠳᠬᠦ ᠰᠢᠨ᠎ᠡ ᠪᠠᠷ ᠪᠤᠢ | ᠪᠤᠯᠤᠭᠰᠠᠨ ᠠᠵᠣ ᠦᠢᠯᠡᠰ ᠤᠨ ᠰᠠᠭᠤᠷᠢᠨ ᠭᠠᠵᠠᠷ ᠵᠡᠷᠬᠡ ᠳᠠᠪᠣᠨ ᠶᠡᠭᠡ ᠰᠠᠭᠤᠷᠢᠨ ᠭᠠᠵᠠᠷ ᠤᠨ ᠪᠦᠳᠦᠬᠡᠨ | ᠪᠠᠶᠢᠭᠤᠯᠣᠯᠳᠠ ᠶᠢᠨ ᠳᠣᠭᠤᠷᠢᠨ ᠳᠤ᠂ ᠭᠠᠳᠠᠭᠠᠳᠣ ᠨᠡᠬᠡᠬᠡᠯᠳᠡᠳᠣ ᠠᠵᠣ ᠠᠬᠤᠢ ᠶᠢᠨ ᠠᠵᠣ ᠦᠢᠯᠡᠰ ᠪᠠ ᠳᠡᠭᠡᠳᠥ | ᠰᠢᠨ᠎ᠡ ᠮᠡᠷᠬᠡᠵᠢᠯ ᠤᠨ ᠠᠵᠣ ᠦᠢᠯᠡᠰ ᠢ ᠶᠡᠬᠡᠪᠡᠷ ᠬᠦᠭᠵᠢᠭᠦᠯᠥᠨ᠂ ᠭᠠᠳᠠᠭᠠᠳᠣ ᠳᠤ ᠭᠠᠷᠭᠠᠬᠤ ᠦᠢᠯᠡᠳᠬᠦᠨ ᠤ | ᠨᠡᠮᠡᠯᠳᠡ ᠥᠷᠳᠡᠭ ᠪᠠ ᠥᠷᠢᠰᠥᠯᠳᠥᠭᠦ ᠴᠢᠳᠠᠪᠣᠷᠢ ᠶᠢ ᠳᠡᠭᠡᠭᠰᠢᠯᠡᠬᠦᠯᠥᠨ᠎ᠡ᠃ ᠵᠠᠬ᠎ᠠ ᠳᠡᠯᠬᠡᠬᠦᠷ ᠤᠨ ᠪᠦᠳᠦᠴᠡ ᠶᠢ | ᠰᠢᠯᠢᠳᠡᠭᠵᠢᠭᠦᠯᠵᠥ᠂ ᠮᠠᠨ ᠤ ᠣᠷᠣᠨ ᠤ ᠨᠦᠬᠦᠴᠡᠯ ᠲᠠᠢ ᠢᠮᠠᠭᠠᠨ ᠨᠣᠯᠣᠣᠷ ᠤᠨ ᠨᠡᠬᠡᠮᠡᠯ᠂ ᠥᠨᠳᠥᠰᠥᠳᠡᠨ ᠤ | ᠢᠳᠡᠬᠡᠨ ᠣᠮᠳᠠᠭᠠᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠳᠦᠭᠡᠭᠳᠡᠭᠦᠨ᠂ ᠮᠠᠰᠢᠨ ᠴᠠᠬᠢᠯᠭᠠᠨ᠂ ᠳᠡᠭᠡᠳᠥ | ᠰᠢᠨ᠎ᠡ ᠮᠡᠷᠭᠡᠵᠢᠯ᠂ ᠰᠣᠶᠣᠯ ᠤᠨ ᠠᠷᠠᠯᠵᠢᠶ᠎ᠠ ᠵᠡᠷᠬᠡ ᠠᠵᠣ ᠠᠬᠤᠶᠢᠯᠠᠯ ᠤᠨ ᠭᠠᠳᠠᠭᠠᠳᠣ ᠳᠤ ᠭᠠᠷᠭᠠᠬᠤ ᠥᠪᠡᠷ ᠤᠨ | ᠨᠡᠷᠡᠳᠥ ᠲᠦᠷᠦᠯ ᠲᠡᠮᠳᠡᠭᠲᠦ ᠪᠤᠶᠢᠵᠢᠭᠤᠯᠬᠤ ᠶᠢ ᠠᠬᠢᠭᠤᠯᠵᠣ᠂ ᠬᠢᠯᠢ ᠶᠢᠨ ᠭᠠᠳᠠᠨᠠᠬᠢ ᠡᠵᠡᠩᠨᠡᠨ ᠪᠣᠷᠣᠯᠠᠭᠤᠯᠬᠤ | ᠳᠣᠣᠷ ᠰᠥᠯᠵᠢᠶ᠎ᠡ ᠪᠠ ᠪᠣᠷᠣᠯᠠᠭᠤᠯᠣᠭᠰᠠᠨ ᠤ ᠬᠤᠶᠢᠨᠠᠬᠢ ᠦᠢᠯᠡᠴᠢᠯᠡᠬᠡᠨ ᠤ ᠰᠢᠰᠲ᠋ᠧᠮᠵᠢ ᠶᠢ ᠪᠠᠶᠢᠭᠤᠯᠣᠨ | ᠪᠥᠷᠢᠨᠰᠢᠭᠦᠯᠵᠥ᠂ ᠵᠠᠬ᠎ᠠ ᠳᠡᠯᠬᠡᠬᠦᠷ ᠤᠨ ᠨᠥᠯᠥᠬᠡᠯᠡᠭᠦ ᠬᠦᠴᠦᠨ ᠪᠠ ᠥᠷᠢᠰᠥᠯᠳᠥᠭᠦ ᠬᠦᠴᠦᠨ ᠢ ᠥᠷᠭᠡᠳᠬᠡᠨ᠂ | ᠥᠪᠡᠷ ᠤᠨ ᠨᠡᠷᠡᠳᠥ ᠲᠦᠷᠦᠯ ᠳᠡᠮᠳᠡᠭᠳᠥ ᠲᠠᠸᠠᠷ ᠢᠶᠠᠨ ᠭᠠᠳᠠᠭᠠᠳᠣ ᠳᠤ ᠭᠠᠷᠭᠠᠬᠤ ᠶᠢ ᠠᠬᠢᠭᠤᠯᠣᠨ᠎ᠠ᠃ ᠮᠠᠨ ᠤ | ᠣᠷᠣᠨ ᠤ ᠬᠢᠯᠢ ᠶᠢᠨ ᠭᠠᠳᠠᠨᠠᠬᠢ ᠨᠡᠷᠡᠳᠥ ᠰᠢᠯᠢᠳᠡᠭ ᠣᠨᠴᠠᠯᠢᠭᠳᠣ ᠦᠢᠯᠡᠳᠬᠦᠨ ᠤ ᠥᠵᠡᠰᠭᠦᠯᠡᠩ ᠤᠨ ᠳᠥᠪ ᠤᠨ | ᠳᠥᠷᠥᠯ ᠵᠦᠢᠯ ᠢ ᠪᠠᠶᠢᠭᠤᠯᠬᠤ ᠲᠠᠢ ᠣᠶᠠᠯᠳᠣᠭᠤᠯᠣᠨ᠂ ᠮᠠᠨ ᠤ ᠣᠷᠣᠨ ᠤ ᠦᠢᠯᠡᠳᠬᠦᠨ ᠤ ᠥᠵᠡᠭᠦᠯᠥᠯᠬᠡ ᠶᠢᠨ | ᠳᠠᠪᠴᠠᠩ ᠢ ᠡᠭᠦᠳᠦᠨ᠎ᠡ᠃ | ︵ᠶᠢᠰᠥ︶ ᠬᠤᠶᠠᠷ ᠡᠳᠡᠬᠡᠳ ᠤᠨ ᠪᠡᠯᠡ ᠣᠷᠣᠭᠤᠯᠵᠣ ᠬᠠᠮᠳᠣᠷᠠᠯᠴᠠᠬᠤ ᠶᠢ ᠬᠦᠨᠵᠡᠬᠡᠶᠢᠷᠡᠭᠦᠯᠥᠨᠡ᠃ | ᠮᠠᠨ ᠤ ᠣᠷᠣᠨ ᠤ ᠡᠨᠤᠷᠬᠢ᠂ ᠬᠢᠮᠢ ᠶᠢᠨ ᠠᠵᠣ ᠦᠢᠯᠡᠳᠪᠥᠷᠢ᠂ ᠲᠡᠮᠦᠷᠯᠢᠭ ᠪᠤᠯᠪᠠᠰᠤᠷᠠᠭᠤᠯᠬᠤ᠂ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠳᠦᠬᠡᠭᠳᠡᠬᠦᠨ ᠢ ᠡᠳ᠋ᠰᠢᠭᠦᠯᠭᠦ ᠵᠡᠷᠬᠡ ᠣᠨᠴᠠᠯᠢᠭᠳᠣ ᠳᠠᠪᠠᠭᠤᠯᠢᠭ ᠢᠶᠠᠨ ᠪᠠᠳᠠᠷᠠᠭᠤᠯᠵᠣ᠂ | ᠣᠷᠣᠰ ᠮᠣᠩᠭᠤᠯ ᠣᠯᠣᠰ ᠤᠨ ᠡᠨᠤᠷᠬᠢ ᠶᠢᠨ ᠡᠬᠢ ᠪᠠᠶᠠᠯᠢᠭ ᠤᠨ ᠬᠦᠷᠢᠶ᠎ᠡ ᠯᠦᠭᠡ ᠶᠢᠨ ᠬᠠᠮᠳᠣᠷᠠᠯᠴᠠᠭ᠎ᠠ ᠪᠠᠨ | ᠴᠢᠩᠭᠠᠳᠬᠠᠨ᠂ ᠮᠣᠳᠣᠨ ᠮᠠᠲ᠋ᠤᠷᠢᠶᠠᠯ ᠡᠳ᠋ᠰᠢᠭᠦᠯᠭᠦ᠂ ᠲᠠᠷᠢᠶᠠᠯᠠᠩ ᠤᠨ ᠲᠠᠷᠢᠮᠠᠯ᠂ ᠡᠨᠤᠷᠬᠢ ᠬᠢᠮᠢ ᠶᠢᠨ ᠠᠵᠣ | ᠦᠢᠯᠡᠳᠪᠥᠷᠢ᠂ ᠢᠳᠡᠬᠡᠨ ᠤ ᠵᠦᠢᠯ ᠢ ᠡᠳ᠋ᠰᠢᠭᠦᠯᠭᠦ᠂ ᠰᠠᠭᠤᠷᠢ ᠪᠡᠯᠡᠳᠬᠡᠮᠵᠢ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ | ᠬᠦᠢᠯᠬᠡᠬᠡ ᠵᠡᠷᠬᠡ ᠬᠦᠷᠢᠶᠡᠨ ᠳᠠᠬᠢ ᠬᠠᠮᠳᠣᠷᠠᠯᠴᠠᠬᠤ ᠬᠢᠷᠢ ᠬᠡᠮᠵᠢᠶ᠎ᠡ ᠪᠠᠨ ᠢᠳᠡᠪᠬᠢᠳᠠᠢ ᠳᠡᠭᠡᠭᠰᠢᠯᠡᠭᠦᠯᠥᠨ᠎ᠡ᠃ ᠠᠵᠣ | ᠠᠬᠤᠶᠢᠯᠠᠯ ᠤᠨ ︽ᠭᠠᠷᠴᠥ ᠶᠠᠪᠤᠬᠤ︾ ᠶᠢ ᠬᠦᠳᠦᠯᠥᠨ ᠵᠢᠯᠣᠭᠤᠳᠴᠥ ᠪᠠᠶᠢᠭᠠᠳ ᠣᠷᠣᠰ ᠮᠣᠩᠭᠤᠯ ᠳᠤ ᠮᠠᠨ ᠤ | ᠣᠷᠣᠨ ᠤ ᠣᠨᠴᠠᠯᠢᠭᠳᠣ ᠠᠵᠣ ᠦᠢᠯᠡᠰ ᠢᠶᠠᠷ ᠭᠤᠣᠯᠯᠠᠭᠤᠯᠣᠭᠰᠠᠨ ᠠᠵᠣ ᠦᠢᠯᠡᠳᠪᠥᠷᠢ ᠶᠢᠨ ᠬᠦᠷᠢᠶᠡᠯᠡᠩ | ᠳᠣᠭᠤᠷᠢᠭ ᠢ ᠪᠡᠯᠡ ᠣᠷᠣᠭᠤᠯᠣᠨ ᠪᠠᠶᠢᠭᠤᠯᠵᠣ᠂ ᠣᠷᠣᠰ ᠮᠣᠩᠭᠤᠯ ᠣᠯᠣᠰ ᠯᠤᠭ᠎ᠠ ᠶᠢᠨ ᠠᠵᠣ ᠠᠬᠤᠢ ᠶᠢᠨ | ᠬᠦᠭᠵᠢᠯᠳᠡ ᠶᠢᠨ ᠬᠠᠮᠳᠣᠷᠠᠯᠴᠠᠬᠤ ᠬᠦᠷᠢᠶ᠎ᠡ ᠪᠠᠨ ᠥᠷᠭᠡᠳᠬᠡᠨ᠎ᠡ᠃ ᠣᠷᠣᠨ ᠤ ᠳᠣᠳᠣᠷ᠎ᠠ ᠭᠠᠳᠠᠨᠠᠬᠢ ᠪᠣᠳᠠᠳᠣ | ᠬᠦᠴᠦᠨ ᠲᠠᠢ ᠠᠵᠣ ᠠᠬᠤᠶᠢᠯᠠᠯ ᠢ ᠵᠣᠬᠢᠶᠠᠨ ᠪᠠᠶᠢᠭᠤᠯᠵᠣ ᠪᠠᠶᠢᠭᠠᠳ ᠮᠣᠩᠭᠤᠯ ᠣᠯᠣᠰ ᠤᠨ ᠵᠠᠮ ᠤᠨ ᠡᠬᠦᠳᠡ᠂ | ᠣᠷᠣᠰ ᠣᠯᠣᠰ ᠤᠨ ᠠᠷᠣ ᠪᠠᠶᠢᠭᠠᠯᠰᠺᠤ ᠵᠡᠷᠬᠡ ᠡᠯ᠎ᠡ ᠳᠥᠷᠥᠯ ᠤᠨ ᠬᠦᠷᠢᠶᠡᠯᠡᠩ ᠳᠣᠭᠤᠷᠢᠭ ᠤᠨ ᠪᠦᠳᠦᠬᠡᠨ | ᠪᠠᠶᠢᠭᠤᠯᠣᠯᠳᠠ ᠪᠠ ᠬᠦᠭᠵᠢᠯᠳᠡ ᠳᠤ ᠣᠷᠣᠯᠴᠠᠭᠤᠯᠵᠣ᠂ ︽ᠭᠠᠷᠴᠥ ᠶᠠᠪᠣᠬᠤ︾ ᠶᠢᠨ ᠵᠣᠬᠢᠶᠠᠨ | ᠪᠠᠶᠢᠭᠤᠯᠤᠯᠳᠠᠵᠢᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠥᠨ᠂ ᠮᠠᠨ ᠤ ᠣᠷᠣᠨ ᠬᠢᠬᠡᠳ ᠣᠷᠣᠰ ᠮᠣᠩᠭᠤᠯ | ᠣᠯᠣᠰ ᠯᠤᠭ᠎ᠠ ᠶᠢᠨ ᠠᠵᠣ ᠠᠬᠤᠢ ᠠᠷᠠᠯᠵᠢᠶ᠎ᠠ ᠶᠢᠨ ᠬᠠᠮᠳᠣᠷᠠᠯᠴᠠᠭ᠎ᠠ ᠶᠢ ᠬᠦᠨᠵᠡᠬᠡᠶᠢᠷᠡᠭᠦᠯᠭᠦ ᠴᠢᠬᠤᠯᠠ | ᠠᠴᠢᠶᠠᠯᠠᠪᠣᠷᠢ ᠶᠢ ᠪᠠᠶᠢᠭᠤᠯᠣᠨ᠎ᠠ᠃ ᠣᠷᠣᠰ ᠮᠣᠩᠭᠤᠯ ᠣᠯᠣᠰ ᠯᠤᠭ᠎ᠠ ᠶᠢᠨ ᠳᠥᠷᠥᠯ ᠵᠦᠢᠯ ᠢ ᠵᠣᠯᠭᠠᠭᠤᠯᠬᠤ ᠬᠤᠷᠠᠯ | ᠂ ᠥᠵᠡᠰᠭᠦᠯᠡᠩ ᠵᠥᠪᠳᠡᠯᠴᠡᠭᠡ ᠶᠢᠨ ᠬᠤᠷᠠᠯ᠂ ᠰᠣᠳᠣᠯᠣᠨ ᠶᠠᠷᠢᠯᠴᠠᠬᠤ ᠬᠤᠷᠠᠯ᠂ ᠥᠵᠡᠰᠭᠦᠯᠡᠩ ᠵᠡᠷᠬᠡ | ᠠᠵᠢᠯᠯᠠᠭ᠎ᠠ ᠶᠢ ᠡᠷᠬᠢᠯᠡᠬᠦ ᠪᠠ ᠣᠷᠣᠯᠴᠠᠵᠣ᠂ ᠮᠠᠨ ᠤ ᠣᠷᠣᠨ ᠪᠠ ᠣᠷᠣᠰ ᠮᠣᠩᠭᠤᠯ ᠣᠯᠣᠰ ᠯᠤᠭ᠎ᠠ ᠶᠢᠨ | ᠬᠤᠭᠤᠷᠣᠨᠳᠣᠬᠢ ᠠᠵᠣ ᠠᠬᠤᠢ ᠠᠷᠠᠯᠵᠢᠶ᠎ᠠ ᠶᠢᠨ ᠳᠣᠭᠳᠠᠭᠤᠨ ᠰᠣᠯᠢᠯᠴᠠᠭᠠᠨ ᠤ ᠳᠠᠪᠴᠠᠩ ᠢ ᠪᠠᠶᠢᠭᠤᠯᠣᠨ᠂ ᠮᠠᠨ ᠤ | ᠣᠷᠣᠨ ᠤ ᠠᠵᠣ ᠠᠬᠤᠶᠢᠯᠠᠯ ᠪᠠ ᠣᠷᠣᠰ ᠮᠣᠩᠭᠤᠯ ᠣᠯᠣᠰ ᠯᠤᠭ᠎ᠠ ᠶᠢᠨ ᠠᠵᠣ ᠠᠬᠤᠢ ᠠᠷᠠᠯᠵᠢᠶ᠎ᠠ ᠶᠢᠨ | ᠬᠠᠮᠳᠣᠷᠠᠯᠴᠠᠭ᠎ᠠ ᠶᠠᠪᠣᠯᠴᠠᠭ᠎ᠠ ᠶᠢᠨ ᠪᠥᠳᠥᠮᠵᠢᠳᠠᠢ ᠥᠷᠨᠢᠭᠦ ᠶᠢ ᠳᠥᠯᠬᠢᠨ ᠠᠬᠢᠭᠤᠯᠣᠨ᠎ᠠ᠃ | ︵ᠠᠷᠪᠠ︶ ᠬᠢᠯᠢ ᠶᠢᠨ ᠭᠠᠳᠠᠨᠠᠬᠢ ᠡᠬᠢ ᠪᠠᠶᠠᠯᠢᠭ ᠢ ᠬᠠᠮᠳᠣᠷᠠᠨ ᠨᠡᠬᠡᠬᠡᠨ ᠬᠦᠭᠵᠢᠭᠦᠯᠬᠦ ᠶᠢ | ᠠᠬᠢᠭᠤᠯᠣᠨ᠎ᠠ᠃ ᠮᠣᠩᠭᠤᠯ ᠣᠯᠣᠰ ᠤᠨ ᠬᠡᠷᠡᠭᠵᠢᠭᠦᠯᠵᠥ ᠪᠦᠬᠦᠢ ︽ᠠᠭᠤᠷᠬᠠᠢ ᠶᠢᠨ ᠦᠢᠯᠡᠰ ᠢᠶᠠᠷ ᠣᠯᠣᠰ ᠢᠶᠠᠨ | ᠮᠠᠨᠳᠣᠭᠤᠯᠬᠤ︾ ᠪᠠᠶᠢᠯᠳᠣᠬᠤ ᠪᠣᠳᠣᠯᠭ᠎ᠠ ᠪᠣᠯᠣᠨ ᠣᠷᠣᠰ ᠬᠢᠬᠡᠳ ᠮᠠᠨ ᠤ ᠳᠠᠯ᠎ᠠ ᠶᠢᠨ ᠡᠬᠢ ᠪᠠᠶᠠᠯᠢᠭ ᠢᠶᠠᠨ | ᠬᠠᠮᠳᠣᠷᠠᠨ ᠨᠡᠬᠡᠬᠡᠨ ᠬᠦᠭᠵᠢᠭᠦᠯᠬᠦ ᠠᠵᠠ ᠳᠣᠬᠢᠶᠠᠯ ᠢ ᠡᠵᠡᠮᠳᠡᠨ᠂ ᠬᠠᠷᠢᠯᠴᠠᠨ ᠬᠠᠷᠠᠭᠠᠯᠵᠠᠨ ᠬᠠᠷᠢᠯᠴᠠᠨ ᠠᠰᠢᠭ | ᠬᠦᠷᠳᠡᠬᠦ ᠰᠠᠭᠤᠷᠢᠨ ᠳᠡᠭᠡᠷ᠎ᠡ ᠣᠷᠣᠰ ᠮᠣᠩᠭᠤᠯ ᠯᠤᠭ᠎ᠠ ᠶᠢᠨ ᠡᠬᠢ ᠪᠠᠶᠠᠯᠢᠭ ᠤᠨ ᠬᠦᠷᠢᠶᠡᠨ ᠳᠠᠬᠢ | ᠬᠠᠮᠳᠣᠷᠠᠯᠴᠠᠭ᠎ᠠ ᠪᠠᠨ ᠴᠢᠩᠭᠠᠳᠬᠠᠨ᠎ᠠ᠃ ᠨᠡᠬᠦᠷᠡᠰᠥ᠂ ᠴᠢᠯᠠᠭᠤᠨ ᠳᠣᠰᠣ᠂ ᠳᠡᠮᠥᠷ ᠤᠨ ᠠᠭᠤᠷᠬᠠᠢ᠂ ᠥᠩᠭᠡᠳᠥ | ᠳᠡᠮᠦᠷᠯᠢᠭ ᠵᠡᠷᠬᠡ ᠠᠭᠤᠷᠬᠠᠢ ᠶᠢᠨ ᠭᠠᠷᠣᠯᠳᠠ ᠶᠢᠨ ᠡᠨᠤᠷᠬᠢ ᠶᠢᠨ ᠬᠦᠷᠢᠶ᠎ᠡ ᠳᠤ ᠪᠡᠯᠡ ᠣᠷᠣᠭᠤᠯᠣᠨ | ᠬᠠᠮᠳᠣᠷᠠᠯᠴᠠᠬᠤ ᠶᠢ ᠭᠤᠣᠯᠴᠢᠯᠠᠨ ᠴᠢᠩᠭᠠᠳᠬᠠᠵᠣ᠂ ᠣᠢ ᠮᠤᠳᠤ ᠣᠭᠳᠣᠯᠬᠤ ᠪᠠ ᠮᠣᠳᠣᠨ ᠮᠠᠲ᠋ᠤᠷᠢᠶᠠᠯ ᠢ ᠭᠦᠨ | ᠡᠳ᠋ᠰᠢᠭᠦᠯᠭᠦ ᠬᠠᠮᠳᠣᠷᠠᠯᠴᠠᠭ᠎ᠠ ᠪᠠᠨ ᠬᠦᠨᠵᠡᠬᠡᠶᠢᠷᠡᠭᠦᠯᠵᠥ᠂ ᠳᠠᠷᠢᠶᠠᠯᠠᠩ ᠮᠠᠯ ᠠᠵᠣ ᠠᠬᠤᠢ ᠶᠢᠨ ᠠᠵᠣ | ᠦᠢᠯᠡᠰᠵᠢᠯᠳᠡ ᠶᠢ ᠬᠠᠮᠳᠣᠷᠠᠨ ᠨᠡᠬᠡᠬᠡᠨ ᠬᠦᠭᠵᠢᠭᠦᠯᠭᠦ ᠬᠡᠪᠴᠢᠶ᠎ᠡ ᠪᠠᠨ ᠥᠷᠭᠡᠳᠬᠡᠨ᠎ᠡ᠃ ᠣᠯᠠᠨ ᠡᠰᠢᠳᠥ᠂ | ᠳᠣᠭᠳᠠᠭᠤᠨ᠂ ᠨᠠᠶᠢᠳᠠᠪᠤᠷᠢᠲᠠᠢ ᠪᠠᠷ ᠡᠬᠢ ᠪᠠᠶᠠᠯᠢᠭ ᠢ ᠬᠢᠯᠢ ᠶᠢᠨ ᠭᠠᠳᠠᠨ᠎ᠠ ᠠᠴᠠ ᠬᠠᠩᠭᠠᠬᠤ ᠵᠠᠮ ᠮᠥᠷ ᠢ | ᠪᠠᠶᠢᠭᠤᠯᠵᠣ᠂ ᠮᠠᠨ ᠤ ᠣᠯᠣᠰ ᠪᠠ ᠣᠷᠣᠰ ᠮᠣᠩᠭᠤᠯ ᠯᠤᠭ᠎ᠠ ᠶᠢᠨ ᠠᠵᠣ ᠠᠬᠤᠢ ᠶᠢᠨ ᠬᠠᠮᠳᠣᠷᠠᠯᠴᠠᠭ᠎ᠠ ᠶᠢᠨ | ᠳᠠᠯ᠎ᠠ ᠪᠠᠷ ᠬᠢ ᠮᠠᠨ ᠤ ᠣᠷᠣᠨ ᠤ ᠪᠠᠶᠢᠯᠳᠣᠬᠤ ᠪᠣᠳᠣᠯᠭ᠎ᠠ ᠶᠢᠨ ᠪᠠᠶᠢᠷᠢ ᠰᠠᠭᠤᠷᠢ ᠪᠠᠨ ᠳᠡᠭᠡᠭᠰᠢᠯᠡᠭᠦᠯᠥᠨ᠎ᠡ᠃ | ᠨᠥᠭᠦᠴᠡᠯ ᠲᠠᠢ ᠠᠵᠣ ᠠᠬᠤᠶᠢᠯᠠᠯ ᠤᠳ ᠬᠢᠯᠢ ᠶᠢᠨ ᠭᠠᠳᠠᠨ᠎ᠠ ᠡᠬᠢ ᠪᠠᠶᠠᠯᠢᠭ ᠤᠨ ᠬᠠᠮᠳᠣᠷᠠᠯᠴᠠᠬᠤ ᠳᠥᠷᠥᠯ ᠵᠦᠢᠯ ᠢ | ᠥᠷᠨᠢᠭᠦᠯᠭᠦ ᠪᠣᠶᠣ ᠬᠢᠯᠢ ᠶᠢᠨ ᠭᠠᠳᠠᠨ᠎ᠠ ᠡᠬᠢ ᠪᠠᠶᠠᠯᠢᠭ ᠢ ᠳᠣᠬᠠᠢ ᠶᠢᠨ ᠭᠠᠵᠠᠷ ᠲᠤᠨᠢ ᠡᠳ᠋ᠰᠢᠭᠦᠯᠥᠨ | ᠬᠤᠪᠢᠷᠠᠭᠤᠯᠬᠤ ᠶᠢ ᠵᠣᠷᠢᠬᠵᠢᠭᠤᠯᠣᠨ᠂ ᠬᠢᠯᠢ ᠶᠢᠨ ᠭᠠᠳᠠᠨᠠᠬᠢ ᠡᠬᠢ ᠪᠠᠶᠠᠯᠢᠭ ᠢ ᠨᠡᠬᠡᠬᠡᠨ ᠠᠰᠢᠭᠯᠠᠵᠣ ᠡᠳ᠋ᠰᠢᠭᠦᠯᠭᠦ | ᠰᠠᠭᠤᠷᠢᠨ ᠭᠠᠵᠠᠷ ᠢ ᠪᠠᠶᠢᠭᠤᠯᠣᠨ᠎ᠠ᠃ ᠣᠯᠣᠰ ᠤᠨ ᠴᠢᠬᠤᠯᠠ ᠪᠦᠬᠡᠳ ᠴᠣᠬᠠᠭ ᠡᠬᠢ ᠪᠠᠶᠠᠯᠢᠭ ᠲᠠᠢ ᠬᠤᠯᠪᠣᠭᠳᠠᠬᠤ | ᠬᠠᠮᠳᠣᠷᠠᠯᠴᠠᠭ᠎ᠠ ᠶᠢᠨ ᠳᠥᠷᠥᠯ ᠵᠦᠢᠯ ᠢ ᠳᠡᠳᠬᠦᠵᠥ᠂ ᠬᠢᠯᠢ ᠶᠢᠨ ᠭᠠᠳᠠᠨᠠᠬᠢ ᠡᠬᠢ ᠪᠠᠶᠠᠯᠢᠭ ᠣᠨᠴᠣᠭᠤᠶᠢᠯᠠᠨ ᠣᠷᠣᠰ | ᠮᠣᠩᠭᠤᠯ ᠤᠨ ᠡᠬᠢ ᠪᠠᠶᠠᠯᠢᠭ ᠢ ᠪᠥᠳᠥᠮᠵᠢᠳᠠᠢ ᠠᠰᠢᠭᠯᠠᠬᠤ ᠪᠠᠷ ᠳᠠᠮᠵᠢᠭᠤᠯᠣᠨ᠂ ᠮᠠᠨ ᠤ ᠣᠷᠣᠨ ᠢᠶᠠᠨ ᠣᠯᠣᠰ ᠤᠨ | ᠡᠨᠤᠷᠬᠢ ᠶᠢᠨ ᠡᠬᠢ ᠪᠠᠶᠠᠯᠢᠭ ᠤᠨ ᠬᠠᠩᠭᠠᠯᠭ᠎ᠠ ᠶᠢᠨ ᠰᠠᠭᠤᠷᠢᠨ ᠭᠠᠵᠠᠷ ᠪᠣᠯᠭᠠᠨ ᠪᠦᠳᠦᠬᠡᠨ ᠪᠠᠶᠢᠭᠤᠯᠣᠨ᠎ᠠ᠃ | ︵ᠠᠷᠪᠠᠨ ᠨᠢᠬᠡ︶ ᠬᠦᠳᠡᠯᠮᠥᠷᠢ ᠬᠦᠴᠥᠨ ᠤ ᠳᠠᠭᠠᠭᠠᠴᠢᠯᠠᠯᠳᠠ ᠶᠢᠨ ᠬᠠᠮᠳᠣᠷᠠᠯᠴᠠᠭ᠎ᠠ ᠶᠢ | ᠥᠷᠭᠡᠳᠬᠡᠨ᠎ᠡ᠃ ᠳᠠᠭᠠᠭᠠᠴᠢᠯᠠᠯᠳᠠ ᠬᠢᠬᠦ ᠬᠢᠷᠢ ᠬᠡᠮ ᠲᠠᠢ᠂ ᠰᠣᠳᠣᠯᠣᠨ ᠬᠦᠭᠵᠢᠭᠦᠯᠭᠦ ᠴᠢᠳᠠᠪᠣᠷᠢ ᠲᠠᠢ | ᠭᠠᠳᠠᠭᠠᠳᠣ ᠳᠤ ᠪᠠᠷᠢᠯᠭ᠎ᠠ ᠶᠢᠨ ᠠᠵᠢᠯ ᠳᠠᠭᠠᠭᠠᠴᠢᠯᠠᠬᠤ ᠠᠵᠣ ᠠᠬᠤᠶᠢᠯᠠᠯ ᠤᠨ ᠬᠢᠯᠢ ᠶᠢᠨ ᠳᠣᠳᠣᠷ᠎ᠠ ᠭᠠᠳᠠᠨᠠᠬᠢ | ᠳᠣᠮᠣ ᠺᠣᠮᠫᠠᠨᠢ ᠯᠤᠭ᠎ᠠ ᠬᠠᠮᠳᠣᠷᠠᠯᠴᠠᠬᠤ ᠶᠢ ᠳᠡᠮᠵᠢᠵᠣ᠂ ᠨᠡᠩ ᠣᠯᠠᠨ ᠬᠠᠮᠳᠣᠷᠠᠯᠴᠠᠨ ᠰᠣᠯᠢᠯᠴᠠᠭ᠎ᠠ ᠬᠢᠬᠦ ᠳᠠᠪᠴᠠᠩ ᠢ | ᠣᠯᠠᠨ ᠵᠠᠮ ᠮᠥᠷ᠂ ᠣᠯᠠᠨ ᠠᠷᠭ᠎ᠠ ᠬᠡᠯᠪᠡᠷᠢ ᠪᠠᠷ ᠪᠠᠶᠢᠭᠤᠯᠵᠣ᠂ ᠣᠷᠣᠰ ᠮᠣᠩᠭᠤᠯ ᠣᠯᠣᠰ ᠲᠤ ᠪᠠᠷᠢᠯᠭ᠎ᠠ᠂ ᠳᠡᠮᠥᠷ | ᠵᠠᠮ᠂ ᠵᠠᠰᠠᠮᠠᠯ ᠵᠠᠮ᠂ ᠴᠠᠬᠢᠯᠭᠠᠨ ᠬᠦᠴᠦᠨ ᠵᠡᠷᠬᠡ ᠪᠠᠷᠢᠯᠭ᠎ᠠ ᠶᠢᠨ ᠠᠵᠢᠯ ᠤᠨ ᠬᠦᠷᠢᠶᠡᠨ ᠳᠤ ᠬᠠᠮᠳᠣᠷᠠᠯᠴᠠᠭ᠎ᠠ ᠬᠢᠵᠦ | ᠂ ᠠᠵᠣ ᠠᠬᠤᠶᠢᠯᠠᠯ ᠤᠨ ᠪᠠᠷᠢᠯᠭ᠎ᠠ ᠶᠢᠨ ᠠᠵᠢᠯ ᠤᠨ ᠳᠠᠭᠠᠭᠠᠴᠢᠯᠠᠯᠳᠠ ᠳᠤ ᠣᠷᠣᠯᠴᠠᠬᠤ ᠥᠷᠢᠰᠥᠯᠳᠥᠭᠦ ᠬᠦᠴᠦᠨ ᠢ | ᠳᠡᠭᠡᠭᠰᠢᠯᠡᠬᠦᠯᠥᠨ᠎ᠡ᠃ ᠣᠷᠣᠰ ᠮᠣᠩᠭᠤᠯ ᠣᠯᠣᠰ ᠯᠤᠭ᠎ᠠ ᠭᠠᠳᠠᠭᠠᠳᠣ ᠲᠤᠮᠢᠯᠠᠯᠳᠠ ᠶᠢᠨ ᠬᠦᠳᠡᠯᠮᠥᠷᠢ ᠬᠦᠴᠦᠨ ᠤ | ᠣᠯᠠᠨ ᠳᠠᠯ᠎ᠠ ᠪᠠᠷ ᠬᠢ ᠵᠥᠪᠳᠡᠯᠴᠡᠭᠡ ᠬᠢᠬᠦ ᠪᠠᠨ ᠴᠢᠩᠭᠠᠳᠬᠠᠨ᠂ ᠭᠠᠳᠠᠭᠠᠳᠣ ᠲᠤᠮᠢᠯᠠᠯᠳᠠ ᠶᠢᠨ ᠬᠦᠳᠡᠯᠮᠥᠷᠢ | ᠬᠦᠴᠦᠨ ᠤ ᠬᠠᠮᠳᠣᠷᠠᠯᠴᠠᠭ᠎ᠠ ᠶᠢᠨ ᠬᠠᠥᠯᠢ ᠴᠠᠭᠠᠵᠠ ᠪᠠ ᠪᠣᠳᠠᠳᠠᠢ ᠠᠵᠢᠯᠯᠠᠭᠠᠨ ᠤ ᠣᠷᠴᠢᠨ ᠳᠣᠭᠤᠷᠢᠨ ᠢ ᠨᠢ | ᠰᠠᠶᠢᠵᠢᠷᠠᠭᠤᠯᠵᠣ᠂ ᠣᠷᠣᠰ ᠮᠣᠩᠭᠤᠯ ᠣᠯᠣᠰ ᠯᠤᠭ᠎ᠠ ᠶᠢᠨ ᠬᠦᠳᠡᠯᠮᠥᠷᠢ ᠬᠦᠴᠦᠨ ᠤ ᠬᠠᠮᠳᠣᠷᠠᠯᠴᠠᠭ᠎ᠠ ᠶᠢᠨ ᠣᠷᠣᠨ | ᠵᠠᠢ ᠶᠢ ᠳᠡᠭᠡᠭᠰᠢᠯᠡᠬᠦᠯᠥᠨ᠎ᠡ᠃ ᠭᠠᠳᠠᠭᠠᠳᠣ ᠳᠤ ᠳᠣᠮᠢᠯᠠᠬᠤ ᠬᠦᠳᠡᠯᠮᠥᠷᠢ ᠬᠦᠴᠦᠨ ᠤ ᠬᠡᠪᠴᠢᠶ᠎ᠡ ᠶᠢ ᠡᠮᠬᠢ | ᠵᠢᠷᠣᠮ ᠲᠠᠢ ᠪᠠᠷ ᠥᠷᠭᠡᠳᠬᠡᠨ᠂ ᠠᠵᠢᠯ ᠣᠯᠭᠤᠬᠤ ᠵᠠᠮ ᠮᠥᠷ ᠢ ᠥᠷᠭᠡᠳᠬᠡᠵᠥ᠂ ᠭᠠᠳᠠᠭᠠᠳᠣ ᠳᠤ ᠳᠣᠮᠢᠯᠠᠭᠰᠠᠨ | ᠬᠦᠳᠡᠯᠮᠥᠷᠢ ᠬᠦᠴᠦᠨ ᠤ ᠠᠵᠢᠯᠳᠠᠨ ᠤ ᠣᠷᠣᠯᠭ᠎ᠠ ᠶᠢ ᠨᠡᠮᠡᠭᠳᠡᠭᠦᠯᠥᠨ᠎ᠡ᠃ ᠥᠪᠡᠷᠳᠡᠭᠡᠨ ᠵᠠᠰᠠᠬᠤ ᠣᠷᠣᠨ ᠤ | ᠭᠠᠳᠠᠭᠠᠳᠣ ᠯᠤᠭ᠎ᠠ ᠶᠢᠨ ᠬᠦᠳᠡᠯᠮᠥᠷᠢ ᠬᠦᠴᠦᠨ ᠤ ᠬᠠᠮᠳᠣᠷᠠᠯᠴᠠᠭᠠᠨ ᠤ ᠬᠡᠨᠡᠳᠳᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠵᠣ ᠵᠣᠬᠢᠴᠠᠭᠤᠯᠬᠤ ᠳᠣᠭᠳᠠᠴᠠ ᠪᠠᠨ ᠪᠠᠶᠢᠭᠤᠯᠣᠨ ᠪᠥᠷᠢᠨᠰᠢᠭᠦᠯᠵᠥ᠂ ᠮᠡᠳᠡᠭᠡ ᠵᠠᠩᠬᠢ ᠶᠢᠨ ᠦᠢᠯᠡᠴᠢᠯᠡᠭᠡ | ᠪᠠ ᠳᠥᠭᠰᠢᠭᠦᠷᠢ ᠶᠢᠨ ᠬᠠᠮᠢᠶᠠᠷᠣᠨ ᠡᠵᠡᠮᠳᠡᠬᠦ ᠶᠢ ᠰᠠᠶᠢᠳᠣᠷ ᠬᠢᠵᠣ᠂ ᠬᠢᠯᠢ ᠶᠢᠨ ᠭᠠᠳᠠᠨᠠᠬᠢ ᠠᠵᠣ ᠠᠬᠤᠶᠢᠯᠠᠯ᠂ | ᠪᠠᠶᠢᠭᠤᠯᠣᠮᠵᠢ᠂ ᠠᠵᠢᠯᠳᠠᠨ ᠤ ᠠᠮᠣᠷ ᠳᠥᠪᠰᠢᠨ ᠪᠠ ᠬᠠᠥᠯᠢ ᠶᠣᠰᠣᠨ ᠤ ᠡᠷᠬᠡ ᠠᠰᠢᠭ ᠢ ᠪᠠᠳᠣᠯᠠᠨ᠎ᠠ᠃ ᠣᠷᠣᠰ | ᠮᠣᠩᠭᠤᠯ ᠣᠯᠣᠰ ᠤᠨ ᠪᠠᠷᠢᠯᠭ᠎ᠠ ᠶᠢᠨ ᠵᠠᠬ᠎ᠠ ᠳᠡᠯᠬᠡᠬᠦᠷ ᠢ ᠥᠷᠭᠡᠳᠬᠡᠨ᠂ ᠪᠠᠷᠢᠯᠭ᠎ᠠ ᠪᠠᠷᠢᠬᠤ᠂ ᠬᠦᠳᠡᠯᠮᠥᠷᠢ | ᠬᠦᠴᠦᠨ ᠤ ᠳᠠᠭᠠᠭᠠᠴᠢᠯᠠᠯᠳᠠ ᠬᠢᠬᠦ ᠪᠠ ᠬᠡᠷ ᠪᠠᠶᠢᠰᠢᠩ ᠭᠠᠵᠠᠷ ᠬᠦᠷᠥᠩᠬᠡ ᠶᠢ ᠨᠡᠬᠡᠬᠡᠨ ᠬᠦᠭᠵᠢᠭᠦᠯᠭᠦ ᠪᠠᠨ ᠮᠠᠨ ᠤ | ᠣᠷᠣᠨ ᠠᠴᠠ ᠣᠷᠣᠰ ᠮᠣᠩᠭᠤᠯ ᠣᠯᠣᠰ ᠯᠤᠭ᠎ᠠ ᠬᠠᠮᠳᠣᠷᠠᠯᠴᠠᠬᠤ ᠨᠡᠮᠡᠭᠳᠡᠯ ᠤᠨ ᠴᠢᠬ ᠪᠣᠯᠭᠠᠵᠣ᠂ ᠪᠠᠷᠢᠯᠭ᠎ᠠ ᠶᠢᠨ | ᠮᠠᠰᠢᠨ ᠮᠤᠬᠠᠨᠢᠭ᠂ ᠪᠠᠷᠢᠯᠭ᠎ᠠ ᠶᠢᠨ ᠮᠠᠲ᠋ᠤᠷᠢᠶᠠᠯ ᠤᠨ ᠭᠠᠳᠠᠭᠠᠳᠣ ᠳᠤ ᠭᠠᠷᠭᠠᠬᠤ ᠶᠢ ᠳᠠᠶᠢᠴᠢᠯᠠᠨ᠎ᠠ᠃ | ᠳᠥᠷᠪᠡ᠂ ᠪᠣᠭᠤᠮᠳᠠ ᠶᠢᠨ ᠬᠦᠭᠵᠢᠯᠳᠡ ᠶᠢᠨ ᠬᠢᠷᠢ ᠬᠡᠮᠵᠢᠶ᠎ᠡ ᠶᠢ ᠳᠡᠭᠡᠭᠰᠢᠯᠡᠬᠦᠯᠥᠨ᠎ᠡ | ︵ᠠᠷᠪᠠᠨ ᠬᠤᠶᠠᠷ︶ ᠪᠣᠭᠤᠮᠳᠠ ᠶᠢᠨ ᠨᠡᠬᠡᠬᠡᠯᠳᠡ ᠬᠢᠬᠦ ᠪᠠᠶᠢᠷᠢᠯᠠᠭᠤᠯᠣᠯᠳᠠ ᠶᠢ ᠰᠢᠯᠢᠳᠡᠭᠵᠢᠭᠦᠯᠥᠨ᠎ᠡ᠃ | ᠬᠢᠯᠢ ᠳᠠᠭᠠᠥ ᠬᠠᠭᠤᠷᠠᠢ ᠵᠠᠮ ᠤᠨ ᠳᠡᠭᠡᠭᠡᠪᠥᠷᠢ ᠶᠢᠨ ᠪᠣᠭᠤᠮᠳᠠ ᠶᠢᠨ ᠨᠡᠬᠡᠬᠡᠯᠳᠡ ᠬᠢᠬᠦ ᠶᠢ ᠳᠣᠭᠳᠠᠭᠤᠨ ᠢᠶᠠᠷ | ᠠᠬᠢᠭᠤᠯᠵᠣ᠂ ᠵᠠᠷᠴᠢᠮ ᠳᠡᠭᠡᠷ᠎ᠡ ᠪᠠᠨ ᠬᠠᠭᠤᠷᠠᠢ ᠵᠠᠮ ᠤᠨ ᠳᠡᠭᠡᠭᠡᠪᠥᠷᠢ ᠶᠢᠨ ᠪᠣᠭᠤᠮᠳᠠ ᠶᠢ ᠳᠠᠬᠢᠵᠣ ᠰᠢᠨ᠎ᠡ ᠪᠠᠷ | ᠨᠡᠬᠡᠬᠡᠬᠦ ᠥᠬᠡᠢ᠂ ᠬᠡᠷᠪᠡ ᠦᠨᠡᠨᠬᠦ ᠴᠢᠬᠤᠯᠠ ᠲᠠᠢ ᠪᠣᠯ ᠡᠷᠬᠡᠪᠰᠢ ᠬᠦᠢᠴᠡᠳ ᠪᠣᠯᠣᠮᠵᠢᠳᠠᠢ ᠰᠣᠳᠣᠯᠭᠠᠨ ᠨᠤᠳᠠᠯᠠᠯᠳᠠ | ᠬᠢᠬᠦ ᠪᠠᠷ ᠳᠠᠮᠵᠢᠭᠤᠯᠣᠨ᠂ ᠰᠢᠨ᠎ᠡ ᠪᠠᠷ ᠨᠡᠬᠡᠬᠡᠭᠰᠡᠨ ᠪᠣᠭᠤᠮᠳᠠ ᠨᠢ ᠮᠠᠨ ᠤ ᠣᠷᠣᠨ ᠤ ᠣᠮᠠᠷᠠᠰᠢ ᠨᠡᠬᠡᠬᠡᠯᠳᠠ ᠬᠢᠬᠦ ᠪᠠ | ᠣᠷᠣᠰ ᠮᠣᠩᠭᠤᠯ ᠯᠤᠭ᠎ᠠ ᠪᠣᠳᠠᠳᠠᠢ ᠠᠵᠢᠯᠯᠠᠨ ᠬᠠᠮᠳᠣᠷᠠᠯᠴᠠᠬᠤ ᠠᠬᠤᠶᠢᠴᠢ ᠬᠡᠷᠡᠭᠴᠡᠭᠡ ᠯᠦᠭᠡ ᠨᠡᠶᠢᠴᠡᠬᠦ ᠶᠢ ᠦᠨᠡᠨᠬᠦ | ᠪᠠᠳᠣᠯᠠᠬᠤ ᠬᠡᠷᠡᠭᠳᠠᠢ᠃ ᠣᠳᠣᠬᠠᠨ ᠪᠠ ᠬᠤᠶᠢᠰᠢᠳᠠ ᠶᠢᠨ ᠨᠢᠬᠡ ᠬᠤᠭᠤᠴᠠᠭᠠᠨ ᠤ ᠪᠣᠭᠤᠮᠳᠠ ᠶᠢᠨ ᠠᠵᠢᠯ ᠤᠨ | ᠭᠤᠣᠯᠳᠠᠯᠭ᠎ᠠ ᠪᠣᠯ ᠳᠡᠮᠥᠷ ᠵᠠᠮ ᠤᠨ ᠪᠣᠭᠤᠮᠳᠠ ᠳᠤ ᠨᠡᠬᠡᠬᠡᠯᠳᠡ ᠬᠢᠬᠦ ᠪᠠ ᠣᠳᠣ ᠶᠢᠨ ᠪᠠᠶᠢᠭ᠎ᠠ ᠪᠣᠭᠤᠮᠳᠠ ᠶᠢᠨ | ᠨᠡᠬᠡᠬᠡᠯᠳᠡ ᠪᠠᠨ ᠥᠷᠭᠡᠳᠬᠡᠬᠦ ᠶᠢ ᠠᠬᠢᠭᠤᠯᠵᠣ᠂ ︽ᠨᠢᠬᠡ ᠪᠣᠭᠤᠮᠳᠠ᠂ ᠣᠯᠠᠨ ᠵᠠᠮ︾ ᠤᠨ ᠪᠣᠭᠤᠮᠳᠠ ᠥᠩᠭᠡᠷᠡᠭᠦ | ᠵᠠᠭᠪᠣᠷ ᠢ ᠬᠡᠷᠡᠭᠵᠢᠭᠦᠯᠭᠦ ᠶᠢ ᠢᠳᠡᠪᠬᠢᠳᠠᠢ ᠪᠠᠷ ᠰᠥᠪᠡᠭᠴᠢᠯᠡᠬᠦ ᠶᠠᠪᠣᠳᠠᠯ ᠪᠣᠯᠣᠨ᠎ᠠ᠃ ᠮᠠᠨ ᠤ ᠣᠷᠣᠨ ᠤ ᠠᠭᠠᠷ ᠤᠨ | ᠳᠡᠭᠡᠭᠡᠪᠥᠷᠢ ᠶᠢᠨ ᠪᠣᠭᠤᠮᠳᠠ ᠴᠥᠬᠡᠨ ᠪᠦᠭᠡᠳ ᠳᠡᠩᠴᠡᠬᠦᠷᠢ ᠦᠭᠡᠢ ᠪᠠᠶᠢᠬᠤ ᠣᠳᠣᠬᠢ ᠪᠠᠶᠢᠳᠠᠯ ᠢ ᠥᠭᠡᠷᠡᠴᠢᠯᠡᠵᠣ᠂ | ᠨᠥᠭᠦᠴᠡᠯ ᠪᠥᠷᠢᠳᠥᠭᠰᠡᠨ ᠨᠢᠰᠬᠡᠯ ᠤᠨ ᠪᠠᠭᠤᠳᠠᠯ ᠤᠨ ᠭᠠᠳᠠᠭᠰᠢ ᠨᠡᠬᠡᠬᠡᠯᠳᠡ ᠬᠢᠬᠦ ᠶᠢ ᠢᠳᠡᠪᠬᠢᠳᠠᠢ ᠪᠠᠷ ᠠᠬᠢᠭᠤᠯᠣᠨ᠎ᠠ | ᠃ ᠮᠠᠨ ᠤ ᠣᠷᠣᠨ ᠤ ᠭᠠᠵᠠᠷ ᠨᠣᠳᠤᠭ ᠥᠷᠭᠡᠨ ᠠᠭᠤᠳᠠᠮ᠂ ᠵᠡᠬᠦᠨᠰᠢ ᠪᠠᠷᠠᠭᠤᠨᠰᠢ ᠢᠪᠴᠣᠣ ᠣᠷᠳᠣ ᠪᠠᠶᠢᠬᠤ | ᠪᠣᠳᠠᠳᠣ ᠪᠠᠶᠢᠳᠠᠯ ᠢ ᠥᠨᠳᠥᠰᠥᠯᠡᠨ᠂ ᠣᠷᠣᠨ ᠤ ᠪᠠᠶᠢᠷᠢᠰᠢᠯ ᠤᠨ ᠳᠠᠪᠠᠭᠤᠯᠢᠭ ᠢᠶᠠᠨ ᠪᠠᠳᠠᠷᠠᠭᠤᠯᠵᠣ᠂ ᠡᠬᠡ | ᠬᠠᠭᠤᠷᠠᠢ ᠶᠢᠨ ᠭᠠᠷᠠᠮ ᠤᠨ ᠪᠦᠳᠦᠬᠡᠨ ᠪᠠᠶᠢᠭᠤᠯᠣᠯᠳᠠ ᠶᠢ ᠢᠳᠡᠪᠬᠢᠳᠠᠢ ᠠᠬᠢᠭᠤᠯᠵᠣ᠂ ᠳᠠᠯᠠᠢ ᠳᠠᠭᠠᠥ | ᠭᠠᠷᠠᠮ ᠯᠤᠭ᠎ᠠ ᠶᠢᠨ ᠣᠷᠣᠨ ᠪᠦᠰᠡ ᠶᠢᠨ ᠪᠣᠭᠤᠮᠳᠠ ᠥᠩᠭᠡᠷᠡᠭᠦ ᠬᠠᠮᠳᠣᠷᠠᠯᠴᠠᠭ᠎ᠠ ᠪᠠᠨ ᠴᠢᠩᠭᠠᠳᠬᠠᠨ᠂ ᠳᠠᠯᠠᠢ ᠳᠤ | ᠭᠠᠷᠬᠤ ᠵᠠᠮ ᠢ ᠨᠡᠪᠳᠡᠷᠡᠭᠦᠯᠥᠨ᠎ᠡ᠃ | ︵ᠠᠷᠪᠠᠨ ᠭᠤᠷᠪᠠ︶ ᠪᠣᠭᠤᠮᠳᠠ ᠶᠢᠨ ᠬᠦᠭᠵᠢᠯᠳᠡ ᠶᠢᠨ ᠪᠠᠶᠢᠷᠢ ᠳᠣᠭᠳᠠᠭᠠᠯᠳᠠ ᠶᠢ ᠳᠣᠳᠣᠷᠬᠠᠶᠢᠯᠠᠨ᠎ᠠ | ᠃ ᠬᠢᠯᠢ ᠳᠠᠭᠠᠥ ᠬᠠᠭᠤᠷᠠᠢ ᠵᠠᠮ ᠤᠨ ᠳᠡᠭᠡᠭᠡᠪᠥᠷᠢ ᠶᠢᠨ ᠪᠣᠭᠤᠮᠳᠠ ᠳᠤ ᠳᠥᠰᠢᠭᠯᠡᠨ᠂ ᠣᠷᠣᠰ ᠮᠣᠩᠭᠤᠯ ᠯᠤᠭ᠎ᠠ ᠶᠢᠨ | ᠬᠠᠷᠢᠯᠴᠠᠨ ᠬᠤᠯᠪᠣᠭᠠᠯᠠᠨ ᠨᠡᠪᠳᠡᠷᠡᠯᠴᠡᠬᠦ ᠶᠢ ᠴᠢᠩᠭᠠᠳᠬᠠᠵᠣ᠂ ᠣᠷᠣᠰ ᠮᠣᠩᠭᠤᠯ ᠯᠤᠭ᠎ᠠ ᠶᠢᠨ ᠬᠠᠷᠢᠯᠴᠠᠨ ᠠᠰᠢᠭ | ᠬᠦᠷᠳᠡᠵᠥ ᠪᠣᠳᠠᠳᠠᠢ ᠠᠵᠢᠯᠯᠠᠨ ᠬᠠᠮᠳᠣᠷᠠᠯᠴᠠᠬᠤ ᠶᠢ ᠬᠦᠨᠵᠡᠬᠡᠶᠢᠷᠡᠭᠦᠯᠥᠨ᠂ ᠳᠣᠰ ᠳᠣᠰ ᠤᠨ ᠥᠪᠡᠷᠮᠢᠴᠡ | ᠣᠨᠴᠠᠯᠢᠭ ᠲᠠᠢ᠂ ᠳᠠᠪᠠᠭᠤᠯᠢᠭ ᠳᠠᠯ᠎ᠠ ᠪᠠᠷ ᠢᠶᠠᠨ ᠬᠠᠷᠢᠯᠴᠠᠨ ᠨᠥᠭᠦᠪᠥᠷᠢᠯᠡᠭᠰᠡᠨ ᠬᠢᠯᠢ ᠳᠠᠭᠠᠥ ᠶᠢᠨ ᠠᠵᠣ ᠠᠬᠤᠢ ᠶᠢᠨ | ᠪᠥᠰᠡ ᠶᠢ ᠳᠥᠯᠥᠪᠵᠢᠭᠦᠯᠣᠨ ᠪᠠᠶᠢᠭᠤᠯᠣᠨ᠎ᠠ᠃ ᠠᠭᠠᠷ ᠤᠨ ᠳᠡᠭᠡᠭᠡᠪᠥᠷᠢ ᠶᠢᠨ ᠪᠣᠭᠤᠮᠳᠠ ᠳᠤ ᠳᠥᠰᠢᠭᠯᠡᠨ ᠭᠠᠶᠢᠯᠢ | ᠪᠠᠳᠣᠯᠠᠵᠣ ᠨᠥᠭᠡᠴᠡᠯᠡᠬᠦ᠂ ᠪᠠᠷᠠᠭᠠᠨ ᠤ ᠬᠦᠢᠯᠬᠡᠬᠡ ᠶᠢᠨ ᠳᠠᠮᠵᠢᠭᠤᠯᠬᠤ᠂ ᠣᠯᠠᠨ ᠣᠯᠣᠰ ᠤᠨ ᠬᠤᠳᠠᠯᠳᠤᠨ ᠠᠪᠬᠤ᠂ | ᠥᠵᠡᠰᠭᠦᠯᠡᠩ ᠥᠵᠡᠭᠦᠯᠥᠯᠬᠡ ᠵᠡᠷᠬᠡ ᠠᠭᠠᠷ ᠤᠨ ᠣᠳᠣ ᠥᠶ᠎ᠡ ᠶᠢᠨ ᠦᠢᠯᠡᠴᠢᠯᠡᠬᠡᠨ ᠤ ᠦᠢᠯᠡᠰ ᠢ ᠬᠦᠭᠵᠢᠭᠦᠯᠵᠥ᠂ | ᠡᠯᠧᠺᠲᠷᠣᠨ ᠮᠡᠳᠡᠭᠡ ᠵᠠᠩᠬᠢ ᠶᠢᠨ ᠦᠢᠯᠡᠳᠬᠦᠨ᠂ ᠴᠢᠮᠡᠭᠡ ᠬᠤᠯᠪᠣᠭ᠎ᠠ ᠶᠢᠨ ᠳᠥᠭᠦᠭᠡᠷᠣᠮᠵᠢ᠂ ᠪᠢᠴᠢᠯ ᠡᠯᠧᠺᠲᠷᠣᠨ | ᠵᠡᠷᠬᠡ ᠳᠡᠭᠡᠳᠥ ᠰᠢᠨ᠎ᠡ ᠮᠡᠷᠬᠡᠵᠢᠯ ᠤᠨ ᠬᠦᠷᠢᠶᠡᠨ ᠳᠤ ᠳᠡᠭᠡᠳᠥ ᠳᠡᠰ ᠤᠨ ᠦᠢᠯᠡᠳᠬᠦ ᠦᠢᠯᠡᠰ ᠢ ᠬᠦᠭᠵᠢᠭᠦᠯᠥᠨ᠎ᠡ᠃ | ᠡᠬᠡ ᠬᠠᠭᠤᠷᠠᠢ ᠶᠢᠨ ᠭᠠᠷᠠᠮ ᠤᠨ ᠡᠳ᠋ ᠪᠠᠷᠠᠭ᠎ᠠ ᠶᠢᠨ ᠳᠥᠪᠯᠡᠷᠡᠭᠦᠯᠵᠥ ᠳᠠᠷᠬᠠᠭᠠᠬᠤ᠂ ᠳᠠᠮᠵᠢᠭᠤᠯᠬᠤ᠂ ᠬᠤᠪᠢᠶᠠᠷᠢᠯᠠᠬᠤ | ᠂ ᠬᠦᠷᠬᠡᠬᠦ᠂ ᠣᠯᠠᠨ ᠣᠯᠣᠰ ᠤᠨ ᠴᠢᠩᠬᠡᠯᠢᠭ ᠵᠡᠷᠬᠡ ᠣᠯᠠᠨ ᠬᠡᠯᠪᠡᠷᠢ ᠶᠢᠨ ᠬᠤᠯᠪᠣᠭᠠᠯᠠᠨ ᠳᠡᠭᠡᠭᠡᠪᠦᠷᠢᠯᠡᠬᠦ᠂ ᠭᠠᠶᠢᠯᠢ | ᠪᠠᠳᠣᠯᠠᠬᠤ ᠵᠡᠷᠬᠡ ᠪᠠᠷᠠᠭᠠᠨ ᠤ ᠬᠦᠢᠯᠬᠡᠬᠡ ᠶᠢᠨ ᠴᠢᠳᠠᠮᠵᠢ ᠳᠤ ᠳᠥᠰᠢᠭᠯᠡᠨ᠂ ︽ᠬᠠᠭᠤᠷᠠᠢ ᠵᠠᠮ ᠪᠠ ᠳᠠᠯᠠᠢ ᠪᠠᠷ | ᠬᠤᠯᠪᠣᠭᠠᠯᠠᠨ ᠳᠡᠭᠡᠭᠡᠪᠥᠷᠢᠯᠡᠬᠦ︾ ᠣᠯᠠᠨ ᠣᠯᠣᠰ ᠤᠨ ᠴᠢᠩᠬᠡᠯᠢᠭ ᠢᠶᠠᠷ ᠳᠡᠭᠡᠭᠡᠪᠥᠷᠢᠯᠡᠬᠦ ᠲᠣᠬᠠᠶᠢᠯᠠᠭᠰᠠᠨ ᠠᠵᠢᠯ ᠢ | ᠬᠦᠭᠵᠢᠭᠦᠯᠥᠨ᠎ᠡ᠃ | ︵ᠠᠷᠪᠠᠨ ᠳᠥᠷᠪᠡ︶ ᠪᠣᠭᠤᠮᠳᠠ ᠶᠢᠨ ᠴᠢᠳᠠᠮᠵᠢ ᠶᠢᠨ ᠪᠠᠶᠢᠷᠢᠯᠠᠭᠤᠯᠣᠯᠳᠠ ᠶᠢ ᠳᠡᠬᠦᠯᠳᠡᠷᠵᠢᠭᠦᠯᠥᠨᠡ᠃ | ᠣᠳᠣ ᠶᠢᠨ ᠪᠠᠶᠢᠭ᠎ᠠ ᠪᠣᠭᠤᠮᠳᠠ ᠶᠢᠨ ᠴᠢᠳᠠᠮᠵᠢ ᠪᠠᠷ ᠨᠡᠯᠢᠶᠡᠳ ᠲᠠᠩ ᠴᠣᠯᠭᠤᠢ ᠪᠠᠶᠢᠬᠤ ᠪᠠᠶᠢᠳᠠᠯ ᠢ ᠥᠭᠡᠷᠡᠴᠢᠯᠡᠨ᠂ | ᠭᠠᠳᠠᠭᠠᠳᠣ ᠠᠴᠠ ᠣᠷᠣᠭᠤᠯᠵᠣ ᠭᠠᠳᠠᠭᠠᠳᠣ ᠳᠤ ᠭᠠᠷᠭᠠᠬᠤ ᠠᠷᠠᠯᠵᠢᠶ᠎ᠠ᠂ ᠭᠠᠳᠠᠭᠠᠳᠣ ᠠᠴᠠ ᠣᠷᠣᠭᠤᠯᠵᠣ | ᠭᠠᠳᠠᠭᠠᠳᠣ ᠳᠤ ᠭᠠᠷᠭᠠᠬᠤ ᠵᠦᠢᠯ ᠢ ᠡᠳ᠋ᠰᠢᠭᠦᠯᠭᠦ᠂ ᠣᠯᠠᠨ ᠣᠯᠣᠰ ᠤᠨ ᠪᠠᠷᠠᠭᠠᠨ ᠤ ᠬᠦᠢᠯᠬᠡᠬᠡ᠂ ᠭᠠᠶᠢᠯᠢ ᠪᠠᠳᠣᠯᠠᠨ | ᠨᠥᠭᠡᠴᠡᠯᠡᠬᠦ᠂ ᠬᠢᠯᠢ ᠠᠯᠣᠰᠯᠠᠭᠰᠠᠨ ᠵᠢᠭᠤᠯᠴᠢᠯᠠᠬᠤ᠂ ᠬᠦᠮᠥᠨ ᠨᠡᠶᠢᠬᠡᠮ ᠤᠨ ᠬᠠᠷᠢᠯᠴᠠᠭ᠎ᠠ ᠶᠠᠪᠣᠯᠴᠠᠭ᠎ᠠ᠂ ᠣᠳᠣ | ᠦᠶ᠎ᠡ ᠶᠢᠨ ᠦᠢᠯᠡᠴᠢᠯᠡᠬᠡᠨ ᠤ ᠦᠢᠯᠡᠰ ᠵᠡᠷᠬᠡ ᠶᠡᠷᠥᠩᠬᠡᠶᠢᠯᠡᠭᠰᠡᠨ ᠴᠢᠳᠠᠮᠵᠢ ᠶᠢ ᠶᠡᠬᠡᠪᠡᠷ ᠬᠦᠭᠵᠢᠭᠦᠯᠥᠨ᠂ | ᠪᠣᠭᠤᠮᠳᠠ ᠶᠢᠨ ᠴᠢᠳᠠᠮᠵᠢ ᠶᠢ ᠣᠯᠠᠮ ᠨᠢᠬᠡ ᠠᠯᠬᠤᠮ ᠳᠡᠭᠦᠯᠳᠡᠷᠵᠢᠭᠦᠯᠭᠦ ᠶᠢ ᠪᠡᠶᠡᠯᠡᠭᠦᠯᠥᠨ᠎ᠡ᠃ ᠣᠳᠣ ᠶᠢᠨ ᠪᠠᠶᠢᠭ᠎ᠠ | ᠪᠣᠭᠤᠮᠳᠠ ᠶᠢᠨ ᠪᠠᠶᠢᠷᠢᠯᠠᠭᠤᠯᠣᠯᠳᠠ ᠵᠣᠬᠢᠰ ᠥᠬᠡᠢ ᠪᠠᠶᠢᠬᠤ ᠪᠠᠶᠢᠳᠠᠯ ᠢ ᠥᠭᠡᠷᠡᠴᠢᠯᠡᠨ᠂ ᠪᠣᠭᠤᠮᠳᠠ ᠶᠢᠨ ᠥᠩᠭᠡᠷᠡᠭᠦ | ᠵᠠᠮ ᠤᠨ ᠪᠦᠳᠦᠬᠡᠨ ᠪᠠᠶᠢᠭᠤᠯᠣᠯᠳᠠ᠂ ᠪᠠᠶᠢᠴᠠᠭᠠᠨ ᠰᠢᠯᠭᠠᠬᠤ ᠶᠢᠨ ᠳᠥᠭᠦᠷᠵᠢᠭᠰᠡᠨ ᠪᠡᠯᠡᠳᠬᠡᠮᠵᠢ᠂ ᠬᠤᠳᠠ | ᠪᠠᠯᠭᠠᠰᠣ ᠶᠢᠨ ᠪᠦᠳᠦᠬᠡᠨ ᠪᠠᠶᠢᠭᠤᠯᠣᠯᠳᠠ᠂ ᠡᠯ᠎ᠡ ᠳᠥᠷᠥᠯ ᠤᠨ ᠠᠵᠣ ᠦᠢᠯᠡᠰ ᠤᠨ ᠬᠦᠷᠢᠶᠡᠯᠡᠩ ᠳᠣᠭᠤᠷᠢᠭ᠂ | ᠪᠠᠷᠠᠭᠠᠨ ᠤ ᠬᠦᠢᠯᠬᠡᠬᠡ ᠶᠢᠨ ᠬᠦᠷᠢᠶᠡᠯᠡᠩ ᠳᠣᠭᠤᠷᠢᠭ ᠵᠡᠷᠬᠡ ᠬᠦᠴᠦᠨ ᠵᠦᠢᠯ ᠢ ᠶᠡᠷᠥᠩᠬᠡᠶᠢᠯᠡᠨ ᠪᠣᠳᠣᠯᠬᠢᠯᠠᠵᠣ | ᠪᠠᠶᠢᠭᠠᠳ ᠪᠣᠭᠤᠮᠳᠠ ᠶᠢᠨ ᠡᠯ᠎ᠡ ᠴᠢᠳᠠᠮᠵᠢᠳᠤ ᠳᠣᠭᠤᠷᠢᠭ ᠢ ᠰᠢᠨᠵᠢᠯᠡᠬᠦ ᠣᠬᠠᠭᠠᠨᠴᠢ ᠵᠦᠢ ᠵᠣᠬᠢᠰᠳᠠᠢ ᠪᠠᠷ | ᠪᠠᠶᠢᠷᠢᠯᠠᠭᠤᠯᠵᠣ᠂ ᠪᠣᠭᠤᠮᠳᠠ ᠶᠢᠨ ᠡᠮᠬᠢ ᠵᠢᠷᠣᠮ ᠲᠠᠢ ᠬᠦᠭᠵᠢᠭᠦ ᠶᠢ ᠪᠡᠶᠡᠯᠡᠭᠦᠯᠥᠨ᠎ᠡ᠃ ᠮᠠᠨ ᠤ ᠣᠷᠣᠨ ᠤ ᠬᠠᠭᠤᠷᠠᠢ | ᠵᠠᠮ ᠤᠨ ᠳᠡᠭᠡᠭᠡᠪᠥᠷᠢ ᠶᠢᠨ ᠪᠣᠭᠤᠮᠳᠠ᠂ ᠠᠭᠠᠷ ᠤᠨ ᠳᠡᠭᠡᠭᠡᠪᠥᠷᠢ ᠶᠢᠨ ᠪᠣᠭᠤᠮᠳᠠ ᠪᠠ ᠡᠬᠡ ᠬᠠᠭᠤᠷᠠᠢ ᠶᠢᠨ ᠭᠠᠷᠠᠮ ᠤᠨ | ᠬᠤᠭᠤᠷᠣᠨᠳᠣᠬᠢ ᠨᠢᠭᠳᠠ ᠬᠠᠷᠢᠯᠴᠠᠭ᠎ᠠ ᠪᠠ ᠪᠥᠳᠥᠮᠵᠢᠳᠠᠢ ᠵᠣᠯᠭᠠᠭᠤᠯᠴᠠᠭᠠ ᠶᠢ ᠴᠢᠩᠭᠠᠳᠬᠠᠨ᠂ ᠳᠠᠪᠠᠭᠤᠯᠢᠭ | ᠳᠠᠯ᠎ᠠ ᠪᠠᠷ ᠢᠶᠠᠨ ᠬᠠᠷᠢᠯᠴᠠᠨ ᠨᠥᠭᠦᠪᠥᠷᠢᠯᠡᠬᠦ᠂ ᠰᠠᠶᠢᠨ ᠰᠠᠶᠢᠬᠠᠨ ᠨᠥᠭᠦᠴᠡᠯᠳᠥᠭᠦ᠂ ᠵᠣᠬᠢᠴᠠᠩᠭᠤᠢ ᠪᠠᠷ ᠬᠦᠭᠵᠢᠭᠦᠯᠭᠦ | ᠪᠠᠶᠢᠳᠠᠯ ᠢ ᠪᠥᠷᠢᠯᠳᠥᠭᠦᠯᠥᠨ᠎ᠡ᠃ | ᠳᠠᠪᠤ᠂ ᠪᠣᠭᠤᠮᠳᠠ ᠶᠢᠨ ᠪᠠᠳᠣᠯᠠᠬᠤ ᠴᠢᠳᠠᠪᠣᠷᠢ ᠶᠢᠨ ᠪᠠᠶᠢᠭᠤᠯᠣᠯᠳᠠ ᠶᠢ ᠴᠢᠩᠭᠠᠳᠬᠠᠨ᠎ᠠ | ︵ᠠᠷᠪᠠᠨ ᠳᠠᠪᠤ︶ ᠪᠣᠭᠤᠮᠳᠠ ᠶᠢᠨ ᠰᠠᠭᠤᠷᠢ ᠪᠡᠯᠡᠳᠬᠡᠮᠵᠢ ᠶᠢ ᠳᠡᠭᠦᠯᠳᠡᠷᠵᠢᠭᠦᠯᠥᠨ᠎ᠡ᠃ ᠪᠣᠭᠤᠮᠳᠠ ᠶᠢᠨ | ᠰᠠᠭᠤᠷᠢ ᠪᠡᠯᠡᠳᠬᠡᠮᠵᠢ ᠪᠠ ᠪᠠᠶᠢᠴᠠᠭᠠᠨ ᠰᠢᠯᠭᠠᠬᠤ ᠶᠢᠨ ᠳᠥᠭᠦᠷᠵᠢᠭᠰᠡᠨ ᠪᠡᠯᠡᠳᠬᠡᠮᠵᠢ ᠶᠢᠨ ᠪᠠᠶᠢᠭᠤᠯᠣᠯᠳᠠ ᠨᠢ ︽ | ᠣᠷᠢᠳᠴᠢᠯᠠᠨ ᠳᠥᠯᠥᠪᠵᠢᠭᠦᠯᠵᠥ᠂ ᠠᠯᠬᠤᠮ ᠬᠤᠪᠢᠶᠠᠨ ᠬᠡᠷᠡᠭᠵᠢᠭᠦᠯᠭᠦ︾ ᠵᠠᠷᠴᠢᠮ ᠢ ᠪᠠᠷᠢᠮᠳᠠᠯᠠᠵᠣ᠂ ᠪᠣᠭᠤᠮᠳᠠ ᠶᠢᠨ | ᠬᠦᠭᠵᠢᠯᠳᠡ ᠶᠢᠨ ᠬᠡᠷᠡᠭᠴᠡᠭᠡ ᠶᠢ ᠥᠨᠳᠥᠰᠥᠯᠡᠨ ᠠᠯᠬᠤᠮ ᠠᠯᠬᠤᠮ ᠢᠶᠠᠷ ᠪᠠᠶᠢᠭᠤᠯᠬᠤ ᠪᠠ ᠳᠡᠭᠦᠯᠳᠡᠷᠵᠢᠭᠦᠯᠥᠨ᠎ᠡ᠃ | ᠪᠣᠭᠤᠮᠳᠠ ᠶᠢᠨ ᠪᠠᠶᠢᠭᠤᠯᠣᠯᠳᠠ ᠳᠤ ᠪᠡᠯᠡ ᠣᠷᠣᠭᠤᠯᠬᠤ ᠡᠷᠴᠢᠮ ᠢᠶᠠᠨ ᠣᠯᠠᠮ ᠨᠢᠬᠡ ᠠᠯᠬᠤᠮ ᠴᠢᠩᠭᠠᠷᠠᠭᠤᠯᠣᠨ᠂ | ᠪᠣᠭᠤᠮᠳᠠ ᠶᠢᠨ ᠰᠠᠭᠤᠷᠢ ᠪᠡᠯᠡᠳᠬᠡᠮᠵᠢ ᠪᠠ ᠪᠠᠶᠢᠴᠠᠭᠠᠨ ᠰᠢᠯᠭᠠᠬᠤ ᠶᠢᠨ ᠳᠥᠭᠦᠷᠵᠢᠭᠰᠡᠨ ᠪᠡᠯᠡᠳᠬᠡᠮᠵᠢ ᠶᠢ | ᠳᠡᠭᠦᠯᠳᠡᠷᠵᠢᠭᠦᠯᠵᠥ᠂ ᠪᠣᠭᠤᠮᠳᠠ ᠪᠠᠷ ᠥᠩᠭᠡᠷᠡᠭᠦ ᠴᠢᠳᠠᠪᠣᠷᠢ ᠪᠠ ᠬᠢᠷᠢ ᠬᠡᠮᠵᠢᠶ᠎ᠡ ᠶᠢ ᠪᠦᠬᠦ ᠳᠠᠯ᠎ᠠ ᠪᠠᠷ | ᠳᠡᠭᠡᠭᠰᠢᠯᠡᠬᠦᠯᠥᠨ᠎ᠡ᠃ ᠵᠠᠰᠠᠭ ᠤᠨ ᠣᠷᠳᠣᠨ ᠬᠦᠳᠥᠯᠥᠨ ᠵᠢᠯᠣᠭᠤᠳᠬᠤ᠂ ᠠᠵᠣ ᠠᠬᠤᠶᠢᠯᠠᠯ ᠠᠵᠢᠯᠯᠠᠭᠠᠨ ᠬᠢᠬᠦ᠂ | ᠡᠳ᠋ ᠤᠨ ᠵᠠᠰᠠᠭ ᠵᠣᠬᠢᠬᠤ ᠨᠥᠭᠦᠪᠥᠷᠢ ᠥᠭᠭᠦ ᠪᠣᠭᠤᠮᠳᠠ ᠶᠢᠨ ᠪᠠᠶᠢᠭᠤᠯᠣᠯᠳᠠ ᠶᠢᠨ ᠣᠯᠠᠨ ᠡᠰᠢᠳᠥ ᠪᠡᠯᠡ | ᠣᠷᠣᠭᠤᠯᠬᠤ ᠳᠣᠭᠳᠠᠴᠠ ᠶᠢ ᠬᠡᠷᠡᠭᠵᠢᠭᠦᠯᠵᠥ᠂ ︽ᠬᠡᠨ ᠪᠠᠶᠢᠭᠤᠯᠪᠠᠯ᠂ ᠬᠡᠨ ᠡᠵᠡᠩᠨᠡᠵᠥ᠂ ᠬᠡᠨ ᠠᠰᠢᠭ ᠬᠦᠷᠳᠡᠬᠦ︾ | ᠵᠠᠷᠴᠢᠮ ᠶᠣᠰᠣᠭᠠᠷ᠂ ᠣᠯᠣᠰ ᠤᠨ ᠳᠣᠳᠣᠭᠠᠳᠣ ᠭᠠᠳᠠᠭᠠᠳᠣ ᠶᠢᠨ ᠪᠠᠶᠢᠯᠳᠣᠬᠤ ᠪᠣᠳᠣᠯᠭ᠎ᠠ ᠶᠢᠨ ᠪᠡᠯᠡ | ᠣᠷᠣᠭᠤᠯᠣᠭᠴᠢᠳ ᠪᠠ ᠠᠷᠠᠳ ᠤᠨ ᠲᠤᠮᠳᠠᠬᠢ ᠬᠦᠷᠥᠩᠬᠡ ᠪᠠᠷ ᠢᠶᠠᠨ ᠪᠣᠭᠤᠮᠳᠠ ᠶᠢᠨ ᠡᠯ᠎ᠡ ᠳᠥᠷᠥᠯ ᠤᠨ ᠠᠵᠣ | ᠦᠢᠯᠡᠰ ᠤᠨ ᠬᠦᠷᠢᠶᠡᠯᠡᠩ ᠳᠣᠭᠤᠷᠢᠭ᠂ ᠪᠠᠷᠠᠭᠠᠨ ᠤ ᠬᠦᠢᠯᠬᠡᠬᠡ ᠶᠢᠨ ᠬᠦᠷᠢᠶᠡᠯᠡᠩ ᠳᠣᠭᠤᠷᠢᠭ ᠪᠠ ᠪᠣᠭᠤᠮᠳᠠ ᠶᠢᠨ | ᠬᠤᠳᠠ ᠪᠠᠯᠭᠠᠰᠣ ᠶᠢᠨ ᠰᠠᠭᠤᠷᠢ ᠪᠡᠯᠡᠳᠬᠡᠮᠵᠢ ᠶᠢᠨ ᠪᠦᠳᠦᠬᠡᠨ ᠪᠠᠶᠢᠭᠤᠯᠣᠯᠳᠠ ᠳᠤ ᠪᠡᠯᠡ ᠣᠷᠣᠭᠤᠯᠣᠨ ᠪᠦᠳᠦᠬᠡᠨ | ᠪᠠᠶᠢᠭᠤᠯᠬᠤ ᠶᠢ ᠵᠣᠷᠢᠬᠵᠢᠭᠤᠯᠣᠨ᠂ ᠪᠣᠭᠤᠮᠳᠠ ᠶᠢᠨ ᠠᠵᠣ ᠠᠬᠤᠢ ᠶᠢᠨ ᠬᠦᠭᠵᠢᠯᠳᠡ ᠶᠢ ᠪᠠᠳᠣᠯᠠᠬᠤ ᠪᠣᠭᠤᠮᠳᠠ ᠶᠢᠨ | ᠰᠠᠭᠤᠷᠢ ᠪᠡᠯᠡᠳᠬᠡᠮᠵᠢ ᠶᠢᠨ ᠴᠢᠳᠠᠪᠣᠷᠢ ᠶᠢ ᠳᠡᠭᠡᠭᠰᠢᠯᠡᠬᠦᠯᠥᠨ᠎ᠡ᠃ ᠳᠠᠯᠠᠢ ᠳᠠᠭᠠᠥ ᠪᠠ ᠳᠣᠳᠣᠷ᠎ᠠ ᠭᠠᠵᠠᠷ ᠤᠨ ᠮᠣᠵᠢ ︵ | ᠣᠷᠣᠨ᠂ ᠬᠤᠳᠠ︶ ᠶᠢᠨ ᠳᠡᠮᠥᠷ ᠵᠠᠮ᠂ ᠳᠠᠯᠠᠢ ᠶᠢᠨ ᠳᠡᠭᠡᠭᠡᠪᠥᠷᠢ ᠪᠣᠯᠣᠨ ᠭᠠᠷᠠᠮ ᠵᠡᠷᠬᠡ ᠶᠢ ᠡᠵᠡᠩᠨᠡᠵᠥ ᠪᠠᠶᠢᠭ᠎ᠠ | ᠠᠵᠣ ᠠᠬᠤᠶᠢᠯᠠᠯ ᠯᠤᠭ᠎ᠠ ᠬᠦᠨᠵᠡᠬᠡᠢ ᠬᠠᠮᠳᠣᠷᠠᠯᠴᠠᠬᠤ ᠶᠢ ᠢᠳᠡᠪᠬᠢᠳᠠᠢ ᠰᠥᠪᠡᠭᠴᠢᠯᠡᠵᠥ᠂ ᠬᠠᠮᠢᠶ᠎ᠠ ᠪᠦᠬᠦᠢ ᠠᠵᠣ | ᠠᠬᠤᠶᠢᠯᠠᠯ ᠤᠳ ᠤᠨ ᠣᠯᠠᠨ ᠵᠦᠢᠯ ᠤᠨ ᠬᠡᠯᠪᠡᠷᠢ ᠪᠠᠷ ᠮᠠᠨ ᠤ ᠣᠷᠣᠨ ᠤ ᠪᠣᠭᠤᠮᠳᠠ ᠶᠢᠨ ᠪᠡᠯᠡᠳᠬᠡᠮᠵᠢ᠂ ᠪᠠᠷᠠᠭᠠᠨ ᠤ | ᠬᠦᠢᠯᠬᠡᠬᠡ ᠶᠢᠨ ᠪᠡᠯᠡᠳᠬᠡᠮᠵᠢ᠂ ᠡᠬᠡ ᠬᠠᠭᠤᠷᠠᠢ ᠶᠢᠨ ᠭᠠᠷᠠᠮ ᠤᠨ ᠪᠦᠳᠦᠬᠡᠨ ᠪᠠᠶᠢᠭᠤᠯᠣᠯᠳᠠ ᠳᠤ ᠣᠷᠣᠯᠴᠠᠬᠤ ᠶᠢ | ᠳᠡᠮᠵᠢᠬᠦ᠂ ᠭᠠᠷᠠᠮ ᠤᠨ ᠴᠢᠳᠠᠮᠵᠢ ᠶᠢᠨ ᠣᠷᠣᠭᠰᠢᠯᠠᠯᠳᠠ ᠶᠢ ᠠᠬᠢᠭᠤᠯᠵᠣ᠂ ᠬᠠᠷᠢᠯᠴᠠᠨ ᠠᠰᠢᠭ ᠬᠦᠷᠳᠡᠵᠤ ᠠᠮᠵᠢᠯᠳᠠ | ᠣᠯᠬᠤ ᠶᠢ ᠪᠡᠶᠡᠯᠡᠭᠦᠯᠥᠨ᠎ᠡ᠃ | ︵ᠠᠷᠪᠠᠨ ᠵᠢᠷᠭᠤᠭ᠎ᠠ︶ ᠪᠣᠭᠤᠮᠳᠠ ᠶᠢᠨ ᠮᠡᠳᠡᠭᠡ ᠵᠠᠩᠬᠢᠵᠢᠯᠳᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠬᠦᠯᠥᠨ᠎ᠡ᠃ ︽ᠵᠠᠰᠠᠭ ᠤᠨ ᠣᠷᠳᠣᠨ ᠢᠶᠠᠷ ᠭᠤᠣᠯᠯᠠᠭᠤᠯᠵᠣ᠂ ᠬᠤᠯᠪᠣᠭᠠᠯᠠᠨ ᠬᠠᠮᠳᠣᠪᠠᠷ ᠪᠠᠶᠢᠭᠤᠯᠵᠣ᠂ | ᠪᠣᠳᠠᠳᠣ ᠴᠣᠭᠴᠠᠵᠢᠭᠤᠯᠣᠨ ᠠᠵᠢᠯᠯᠠᠭᠤᠯᠬᠤ︾ ᠵᠠᠷᠴᠢᠮ ᠶᠣᠰᠣᠭᠠᠷ᠂ ᠰᠢᠨᠵᠢᠯᠡᠬᠦ ᠣᠬᠠᠭᠠᠨ ᠮᠡᠷᠬᠡᠵᠢᠯ ᠤᠨ ᠰᠢᠨ᠎ᠡ | ᠡᠬᠦᠳᠦᠯᠳᠡ ᠳᠤ ᠳᠥᠰᠢᠭᠯᠡᠨ ᠥᠪᠥᠷ ᠮᠣᠩᠭᠤᠯ ᠤᠨ ᠡᠯᠧᠺᠲᠷᠣᠨ ᠪᠣᠭᠤᠮᠳᠠ ᠶᠢᠨ ᠪᠠᠶᠢᠭᠤᠯᠣᠯᠳᠠ ᠶᠢ ᠳᠥᠷᠭᠡᠳᠬᠡᠵᠥ | ᠂ ᠪᠣᠭᠤᠮᠳᠠ ᠪᠠᠷ ᠥᠩᠭᠡᠷᠡᠭᠦ ᠥᠷ᠎ᠡ ᠪᠥᠳᠥᠮᠵᠢ ᠶᠢ ᠳᠡᠭᠡᠭᠰᠢᠯᠡᠭᠦᠯᠥᠨ᠂ ᠪᠣᠭᠤᠮᠳᠠ ᠪᠠᠷ ᠥᠩᠭᠡᠷᠡᠭᠦ ᠥᠪᠡᠷ ᠤᠨ | ᠥᠷᠳᠡᠭ ᠢ ᠳᠣᠷᠣᠭᠰᠢᠯᠠᠭᠤᠯᠣᠨ᠎ᠠ᠃ ᠥᠪᠥᠷ ᠮᠣᠩᠭᠤᠯ ᠤᠨ ᠪᠣᠭᠤᠮᠳᠠ ᠶᠢᠨ ᠬᠢᠨᠠᠨ ᠡᠵᠡᠮᠳᠡᠵᠥ ᠵᠢᠯᠣᠭᠤᠳᠬᠤ | ᠳᠥᠪ ᠤᠨ ᠪᠠᠶᠢᠭᠤᠯᠣᠯᠳᠠ ᠶᠢ ᠳᠥᠷᠬᠡᠳᠬᠡᠵᠥ᠂ ᠬᠠᠥᠯᠢ ᠶᠢ ᠢᠯᠡ ᠪᠠᠷ ᠬᠡᠷᠡᠭᠵᠢᠭᠦᠯᠭᠦ ᠶᠢ ᠴᠢᠩᠭᠠᠳᠬᠠᠨ᠂ | ᠪᠣᠭᠤᠮᠳᠠ ᠶᠢᠨ ᠬᠡᠨᠡᠳᠳᠡ ᠶᠢᠨ ᠬᠡᠷᠡᠭ ᠢ ᠪᠥᠳᠥᠮᠵᠢᠳᠠᠢ ᠠᠷᠭᠠᠴᠠᠬᠤ ᠪᠠ ᠰᠢᠢᠳᠪᠥᠷᠢᠯᠡᠨ᠎ᠡ᠃ ᠥᠪᠥᠷ ᠮᠣᠩᠭᠤᠯ ᠤᠨ | ᠡᠯᠧᠺᠲᠷᠣᠨ ᠪᠣᠭᠤᠮᠳᠠ ᠶᠢᠨ ᠮᠡᠳᠡᠭᠡ ᠵᠠᠩᠬᠢ ᠶᠢᠨ ᠳᠠᠪᠴᠠᠩ ᠢ ᠪᠠᠶᠢᠭᠤᠯᠵᠣ᠂ ᠡᠯᠧᠺᠲᠷᠣᠨ ᠪᠣᠭᠤᠮᠳᠠ ᠪᠠᠷ | ᠥᠩᠭᠡᠷᠡᠭᠦ ᠪᠠᠷᠠᠭᠠᠨ ᠤ ᠬᠦᠢᠯᠬᠡᠬᠡ ᠶᠢᠨ ᠮᠡᠳᠡᠭᠡ ᠵᠠᠩᠬᠢ ᠶᠢᠨ ᠳᠥᠪ᠂ ᠪᠣᠭᠤᠮᠳᠠ ᠪᠠᠷ ᠥᠩᠭᠡᠷᠡᠭᠦ ᠳᠣᠬᠠᠶᠢᠯᠠᠭᠰᠠᠨ | ᠠᠵᠢᠯ ᠤᠨ ᠦᠢᠯᠡᠴᠢᠯᠡᠬᠡᠨ ᠤ ᠳᠥᠪ᠂ ᠪᠣᠭᠤᠮᠳᠠ ᠪᠠᠷ ᠥᠩᠭᠡᠷᠡᠭᠦ ᠶᠢ ᠬᠠᠪᠰᠣᠷᠣᠨ ᠬᠢᠨᠠᠨ ᠬᠠᠮᠢᠶᠠᠷᠬᠤ ᠳᠥᠪ | ᠪᠠᠶᠢᠭᠤᠯᠣᠨ᠂ ᠬᠢᠯᠢ ᠠᠯᠣᠰᠯᠠᠭᠰᠠᠨ ᠡᠯᠧᠺᠲᠷᠣᠨ ᠬᠤᠳᠠᠯᠳᠣᠭᠠᠨ ᠤ ᠶᠠᠪᠣᠳᠠᠯ᠂ ᠡᠯᠧᠺᠲᠷᠣᠨ ᠪᠠᠷᠠᠭᠠᠨ ᠤ ᠬᠦᠢᠯᠬᠡᠬᠡ | ᠂ ᠡᠯᠧᠺᠲᠷᠣᠨ ᠮᠥᠩᠭᠦᠨ ᠬᠦᠢᠯᠬᠡᠬᠡ ᠵᠡᠷᠬᠡ ᠬᠡᠷᠡᠭᠯᠡᠬᠡᠨ ᠤ ᠳᠥᠷᠥᠯ ᠵᠦᠢᠯ ᠢ ᠰᠣᠳᠣᠯᠣᠨ ᠬᠦᠭᠵᠢᠭᠦᠯᠵᠥ᠂ | ᠡᠯᠧᠺᠲᠷᠣᠨ ᠪᠣᠭᠤᠮᠳᠠ ᠶᠢᠨ ᠮᠡᠳᠡᠭᠡ ᠵᠠᠩᠬᠢ ᠶᠢᠨ ᠳᠠᠪᠴᠠᠩ ᠢᠶᠠᠨ ᠪᠣᠭᠤᠮᠳᠠ ᠪᠠᠷ ᠥᠩᠭᠡᠷᠡᠭᠦ ᠶᠢᠨ ᠬᠠᠥᠯᠢ | ᠬᠡᠷᠡᠭᠵᠢᠭᠦᠯᠵᠥ ᠬᠠᠮᠢᠶᠠᠷᠬᠤ᠂ ᠮᠡᠳᠡᠭᠡ ᠵᠠᠩᠬᠢ ᠶᠢᠨ ᠦᠢᠯᠡᠴᠢᠯᠡᠭᠡ ᠪᠠ ᠬᠠᠮᠢᠶ᠎ᠠ ᠪᠦᠬᠦᠢ ᠪᠠᠷᠠᠭᠠᠨ ᠤ ᠬᠦᠢᠯᠬᠡᠬᠡ ᠶᠢᠨ | ᠬᠤᠳᠠᠯᠳᠣᠭᠠᠨ ᠤ ᠶᠠᠪᠣᠳᠠᠯ ᠤᠨ ᠦᠢᠯᠡᠴᠢᠯᠡᠭᠡ ᠶᠢ ᠨᠢᠬᠡ ᠴᠣᠭᠴᠠᠵᠢᠭᠤᠯᠣᠭᠰᠠᠨ ᠪᠣᠭᠤᠮᠳᠠ ᠪᠠᠷ ᠥᠩᠭᠡᠷᠡᠭᠦ᠂ ᠬᠠᠮ | ᠪᠠᠷᠠᠭᠠᠨ ᠤ ᠬᠦᠢᠯᠬᠡᠬᠡ᠂ ᠬᠠᠮ ᠭᠠᠳᠠᠭᠠᠳᠣ ᠠᠷᠠᠯᠵᠢᠶ᠎ᠠ ᠶᠢᠨ ᠮᠡᠳᠡᠭᠡ ᠵᠠᠩᠬᠢ ᠶᠢᠨ ᠳᠠᠪᠴᠠᠩ ᠪᠣᠯᠭᠠᠨ ᠪᠠᠶᠢᠭᠤᠯᠵᠣ᠂ | ᠭᠠᠳᠠᠭᠠᠳᠣ ᠠᠴᠠ ᠣᠷᠣᠭᠤᠯᠵᠣ ᠭᠠᠳᠠᠭᠠᠳᠣ ᠳᠤ ᠭᠠᠷᠭᠠᠬᠤ ᠠᠵᠣ ᠠᠬᠤᠶᠢᠯᠠᠯ ᠳᠤ ᠡᠷᠬᠡ ᠳᠡᠭᠰᠢ᠂ ᠳᠥᠪ ᠭᠤᠣᠯᠴᠢ᠂ | ᠨᠢᠬᠡᠳᠥᠯᠳᠠᠢ ᠡᠵᠡᠩᠨᠡᠬᠦ ᠣᠷᠴᠢᠨ ᠨᠦᠬᠦᠴᠡᠯ ᠢ ᠡᠬᠦᠳᠴᠥ ᠥᠭᠭᠦᠨ᠎ᠡ᠃ | ︵ᠠᠷᠪᠠᠨ ᠳᠣᠯᠤᠭ᠎ᠠ︶ ᠪᠣᠭᠤᠮᠳᠠ ᠪᠠᠷ ᠥᠩᠭᠡᠷᠡᠭᠦ ᠬᠢᠨᠠᠨ ᠬᠠᠮᠢᠶᠠᠷᠤᠯᠳᠠ ᠶᠢᠨ ᠵᠠᠭᠪᠣᠷ ᠲᠤ | ᠰᠢᠨ᠎ᠡ ᠶᠢ ᠡᠬᠦᠳᠥᠨ᠎ᠡ᠃ ᠪᠣᠭᠤᠮᠳᠠ ᠪᠠᠷ ᠥᠩᠭᠡᠷᠡᠭᠦ ᠬᠢᠨᠠᠨ ᠬᠠᠮᠢᠶᠠᠷᠤᠯᠳᠠ ᠶᠢᠨ ᠵᠠᠭᠪᠣᠷ ᠲᠤ ᠣᠯᠠᠮ ᠨᠢᠬᠡ ᠠᠯᠬᠤᠮ | ᠰᠢᠨ᠎ᠡ ᠶᠢ ᠡᠭᠦᠳᠴᠦ᠂ ᠪᠣᠭᠤᠮᠳᠠ ᠪᠠᠷ ᠥᠩᠭᠡᠷᠡᠭᠦ ᠭᠠᠷᠳᠠᠮ ᠢ ᠳᠥᠭᠦᠮᠴᠢᠯᠡᠵᠥ᠂ ᠪᠣᠭᠤᠮᠳᠠ ᠪᠠᠷ ᠥᠩᠭᠡᠷᠡᠭᠦ ᠥᠷ᠎ᠡ | ᠪᠥᠳᠥᠮᠵᠢ ᠶᠢ ᠳᠡᠭᠡᠭᠰᠢᠯᠡᠬᠦᠯᠥᠨ᠎ᠡ᠃ ᠳᠠᠩᠰᠠ ᠶᠢ ᠳᠥᠪᠯᠡᠷᠡᠭᠦᠯᠥᠨ ᠬᠢᠨᠠᠬᠤ ᠪᠠᠷ ᠰᠠᠭᠤᠷᠢ ᠪᠣᠯᠭᠠᠵᠣ᠂ ᠪᠣᠭᠤᠮᠳᠠ ᠪᠠᠷ | ᠥᠩᠭᠡᠷᠡᠭᠦ ᠳᠤ ᠬᠤᠯᠪᠣᠯᠳᠣᠭᠰᠠᠨ ᠮᠡᠳᠡᠭᠡ ᠵᠠᠩᠬᠢᠵᠢᠯᠳᠠ ᠶᠢᠨ ᠰᠢᠰᠲ᠋ᠧᠮ ᠢᠶᠠᠷ ᠳᠣᠯᠭᠠᠭᠤᠷᠢᠯᠠᠭᠤᠯᠣᠨ᠂ | ᠪᠣᠭᠤᠮᠳᠠ ᠶᠢᠨ ᠳᠣᠭᠤᠷᠢᠭ ᠳᠣᠳᠣᠷ᠎ᠠ ᠣᠯᠠᠨ ᠴᠢᠬ ᠢᠶᠠᠷ ᠪᠣᠭᠤᠮᠳᠠ ᠳᠤ ᠮᠡᠳᠡᠭᠦᠯᠭᠦ᠂ ᠪᠣᠭᠤᠮᠳᠠ ᠠᠴᠠ ᠰᠢᠯᠭᠠᠨ | ᠪᠠᠶᠢᠴᠠᠭᠠᠵᠣ ᠶᠠᠪᠣᠭᠤᠯᠬᠤ ᠵᠡᠷᠬᠡ ᠪᠣᠭᠤᠮᠳᠠ ᠪᠠᠷ ᠥᠩᠭᠡᠷᠡᠭᠦ ᠠᠷᠭ᠎ᠠ ᠬᠡᠯᠪᠡᠷᠢ ᠶᠢ ᠣᠯᠠᠮ ᠨᠢᠬᠡ ᠠᠯᠬᠤᠮ | ᠪᠡᠶᠡᠯᠡᠭᠦᠯᠥᠨ᠎ᠡ᠃ ᠣᠷᠣᠨ ᠪᠥᠰᠡ ᠶᠢᠨ ᠪᠣᠭᠤᠮᠳᠠ ᠪᠠᠷ ᠥᠩᠭᠡᠷᠡᠭᠦ ᠠᠵᠢᠯ ᠤᠨ ᠥᠭᠡᠷᠡᠴᠢᠯᠡᠯᠳᠡ ᠶᠢ | ᠬᠦᠨᠵᠡᠬᠡᠶᠢᠷᠡᠭᠦᠯᠥᠨ᠂ ᠮᠠᠨ ᠤ ᠣᠷᠣᠨ ᠤ ᠨᠥᠭᠦᠴᠡᠯ ᠳᠤ ᠨᠡᠶᠢᠴᠡᠬᠦ ᠠᠵᠣ ᠠᠬᠤᠶᠢᠯᠠᠯ ᠤᠨ ᠪᠠᠷᠠᠭ᠎ᠠ ᠳᠤ ︽ | ᠬᠠᠷᠢᠶᠠᠯᠠᠭᠳᠠᠬᠤ ᠭᠠᠵᠠᠷ ᠲᠠᠭᠠᠨ ᠭᠤᠶᠤᠴᠢᠯᠠᠨ ᠮᠡᠳᠡᠭᠦᠯᠬᠦ᠂ ᠬᠠᠷᠢᠶᠠᠯᠠᠭᠳᠠᠬᠤ ᠭᠠᠵᠠᠷ ᠠᠴᠠ ᠶᠠᠪᠣᠭᠤᠯᠬᠤ︾ ᠪᠣᠶᠣ | ︽ᠬᠠᠷᠢᠶᠠᠯᠠᠭᠳᠠᠬᠤ ᠭᠠᠵᠠᠷ ᠲᠠᠭᠠᠨ ᠭᠤᠶᠤᠴᠢᠯᠠᠨ ᠮᠡᠳᠡᠭᠦᠯᠬᠦ᠂ ᠪᠣᠭᠤᠮᠳᠠ ᠠᠴᠠ ᠰᠢᠯᠭᠠᠨ ᠪᠠᠶᠢᠴᠠᠭᠠᠵᠣ ᠶᠠᠪᠣᠭᠤᠯᠬᠤ | ︾ ᠪᠣᠭᠤᠮᠳᠠ ᠪᠠᠷ ᠥᠩᠭᠡᠷᠡᠭᠦ ᠵᠠᠭᠪᠣᠷ ᠢ ᠬᠡᠷᠡᠭᠵᠢᠭᠦᠯᠥᠨ᠎ᠡ᠃ ᠪᠣᠭᠤᠮᠳᠠ ᠪᠠᠷ ᠥᠩᠭᠡᠷᠡᠭᠦ ᠠᠵᠢᠯ ᠤᠨ | ᠺᠣᠮᠫᠢᠦᠲ᠋ᠧᠷᠴᠢᠯᠠᠬᠤ ᠥᠭᠡᠷᠡᠴᠢᠯᠡᠯᠳᠡ ᠶᠢ ᠠᠬᠢᠭᠤᠯᠵᠣ᠂ ᠪᠣᠢ ᠪᠦᠬᠦᠢ ᠪᠣᠭᠤᠮᠳᠠ ᠶᠢᠨ ᠳᠣᠭᠤᠷᠢᠭ ᠤᠨ ᠳᠣᠬᠠᠢ ᠶᠢᠨ | ᠳᠠᠯᠠᠪᠣᠷ ᠲᠠᠬᠢ ᠪᠣᠭᠤᠮᠳᠠ ᠪᠠᠷ ᠥᠩᠭᠡᠷᠡᠭᠦ ᠠᠵᠢᠯ ᠢᠶᠠᠨ ᠪᠦᠬᠦᠨ ᠢ ᠺᠣᠮᠫᠢᠦᠲ᠋ᠧᠷᠴᠢᠯᠠᠬᠤ ᠲᠤᠬᠠᠢᠢᠯᠠᠭᠰᠠᠨ ᠠᠵᠢᠯ ᠢᠶᠠᠷ | ᠬᠠᠮᠤᠷᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠥᠨ᠎ᠡ᠃ ᠪᠣᠭᠤᠮᠳᠠ ᠶᠢᠨ ᠰᠢᠯᠭᠠᠨ ᠪᠠᠶᠢᠴᠠᠠᠭᠠᠬᠤ | ᠬᠠᠮᠳᠤᠷᠠᠯᠴᠠᠭ᠎ᠠ ᠳᠠᠭᠠᠨ ︽ᠨᠢᠬᠡᠯᠡ ᠣᠳᠠᠭ᠎ᠠ ᠭᠤᠶᠣᠴᠢᠯᠠᠬᠤ᠂ ᠨᠢᠬᠡᠯᠡ ᠣᠳᠠᠭ᠎ᠠ ᠰᠢᠯᠭᠠᠨ ᠪᠠᠶᠢᠴᠠᠭᠠᠬᠤ᠂ ᠨᠢᠬᠡᠯᠡ | ᠳᠣᠣᠷ᠎ᠠ ᠶᠠᠪᠣᠭᠤᠯᠬᠤ︾ ᠪᠣᠭᠤᠮᠳᠠ ᠪᠠᠷ ᠥᠩᠭᠡᠷᠡᠭᠦ ᠵᠠᠭᠪᠣᠷ ᠤᠨ ᠥᠭᠡᠷᠡᠴᠢᠯᠡᠯᠳᠡ ᠶᠢ ᠲᠦᠷᠭᠡᠳᠭᠡᠨ ᠠᠬᠢᠭᠤᠯᠵᠣ᠂ | ᠥᠪᠡᠷᠳᠡᠭᠡᠨ ᠵᠠᠰᠠᠬᠤ ᠣᠷᠣᠨ ᠤ ᠳᠣᠳᠣᠷᠠᠬᠢ ᠡᠯ᠎ᠡ ᠪᠣᠭᠤᠮᠳᠠ᠂ ᠬᠢᠯᠢ ᠶᠢᠨ ᠪᠣᠭᠤᠮᠳᠠ ᠶᠢᠨ ᠣᠨᠴᠣᠭᠤᠢ ᠬᠢᠨᠠᠨ | ᠬᠠᠮᠢᠶᠠᠷᠬᠤ ᠣᠷᠣᠨ ᠪᠥᠰᠡ᠂ ᠭᠠᠳᠠᠭᠠᠳᠣ ᠠᠴᠠ ᠣᠷᠣᠭᠤᠯᠵᠣ ᠭᠠᠳᠠᠭᠠᠳᠣ ᠳᠤ ᠭᠠᠷᠭᠠᠬᠤ ᠠᠵᠣ ᠠᠬᠤᠶᠢᠯᠠᠯ᠂ | ᠦᠢᠯᠡᠳᠪᠥᠷᠢᠯᠡᠨ ᠦᠢᠯᠡᠳᠬᠦ ᠬᠦᠷᠢᠶᠡᠯᠡᠩ ᠳᠣᠭᠤᠷᠢᠭ᠂ ᠪᠠᠷᠠᠭᠠᠨ ᠤ ᠬᠦᠢᠯᠬᠡᠬᠡ ᠶᠢᠨ ᠰᠠᠭᠤᠷᠢᠨ ᠭᠠᠵᠠᠷ ᠤᠨ | ᠬᠤᠭᠤᠷᠣᠨᠳᠣᠬᠢ ᠪᠣᠭᠤᠮᠳᠠ ᠪᠠᠷ ᠥᠩᠭᠡᠷᠡᠭᠦ ᠴᠣᠪᠣᠷᠠᠯ ᠳᠤ ᠪᠦᠬᠦᠨ ᠢ ᠬᠠᠮᠣᠷᠬᠤ ᠪᠠ ᠬᠠᠷᠢᠯᠴᠠᠨ ᠬᠤᠯᠪᠣᠭᠠᠯᠠᠵᠣ | ᠬᠠᠷᠢᠯᠴᠠᠨ ᠨᠡᠪᠳᠡᠷᠡᠯᠴᠡᠬᠦ ᠶᠢ ᠪᠠᠶᠡᠯᠡᠭᠦᠯᠥᠨ᠎ᠡ᠃ ᠰᠢᠯᠭᠠᠨ ᠪᠠᠶᠢᠴᠭᠠᠬᠤ ᠰᠠᠯᠠᠭ᠎ᠠ ᠮᠥᠴᠢᠷ ᠤᠨ ᠬᠤᠭᠤᠷᠣᠨᠳᠣ ᠪᠠᠨ ︽ | ᠮᠡᠳᠡᠭᠡ ᠵᠠᠩᠬᠢ ᠪᠠᠨ ᠬᠠᠷᠢᠯᠴᠠᠨ ᠰᠣᠯᠢᠯᠴᠠᠬᠤ᠂ ᠬᠢᠨᠠᠯᠳᠠ ᠬᠠᠮᠢᠶᠠᠷᠣᠯᠳᠠ ᠪᠠᠨ ᠬᠠᠷᠢᠯᠴᠠᠨ ᠮᠡᠳᠡᠷᠡᠬᠦ᠂ ᠬᠠᠥᠯᠢ | ᠬᠡᠷᠡᠭᠵᠢᠭᠦᠯᠭᠦ ᠳᠡᠭᠡᠨ ᠬᠠᠷᠢᠯᠴᠠᠨ ᠬᠠᠪᠰᠣᠷᠣᠯᠴᠠᠬᠤ︾ ᠶᠢ ᠳᠥᠷᠭᠡᠳᠬᠡᠨ ᠠᠬᠢᠭᠤᠯᠵᠣ᠂ ︽ᠭᠠᠭᠴᠠ ᠴᠣᠩᠬᠤᠪᠴᠢ︾ | ᠶᠢᠨ ᠪᠠᠶᠢᠭᠤᠯᠣᠯᠳᠠ ᠶᠢ ᠢᠳᠡᠪᠬᠢᠳᠠᠢ ᠠᠬᠢᠭᠤᠯᠣᠨ᠎ᠠ᠃ ᠣᠷᠣᠨ ᠪᠥᠰᠡ ᠶᠢᠨ ᠬᠤᠭᠤᠷᠣᠨᠳᠣᠬᠢ ᠪᠣᠭᠤᠮᠳᠠ ᠪᠠᠷ | ᠥᠩᠭᠡᠷᠡᠭᠦ ᠬᠠᠮᠳᠣᠷᠠᠯᠴᠠᠭ᠎ᠠ ᠪᠠᠨ ᠴᠢᠩᠭᠠᠳᠬᠠᠵᠦ᠂ ᠳᠠᠯᠠᠢ ᠳᠠᠭᠠᠥ ᠪᠠ ᠳᠣᠳᠣᠷ ᠭᠠᠵᠠᠷ ᠤᠨ ᠭᠤᠣᠯ ᠪᠣᠯᠬᠤ | ᠪᠣᠭᠤᠮᠳᠠ ᠯᠤᠭ᠎ᠠ ᠶᠢᠨ ᠬᠠᠷᠢᠯᠴᠠᠨ ᠬᠤᠯᠪᠣᠭᠠᠯᠠᠵᠣ ᠬᠠᠷᠢᠯᠴᠠᠨ ᠨᠡᠪᠳᠡᠷᠡᠯᠴᠡᠬᠦ ᠶᠢ ᠪᠡᠶᠡᠯᠡᠭᠦᠯᠵᠥ᠂ ᠲᠣᠣᠷ | ᠰᠥᠯᠵᠢᠶᠡᠵᠢᠭᠦᠯᠥᠨ ᠬᠠᠮᠵᠢᠯᠴᠠᠨ ᠬᠢᠨᠠᠨ ᠬᠠᠮᠢᠶᠠᠷᠬᠤ ᠵᠠᠭᠪᠣᠷ ᠪᠠ ᠦᠢᠯᠡᠴᠢᠯᠡᠬᠡᠨ ᠤ ᠰᠢᠰᠲ᠋ᠧᠮᠵᠢ ᠶᠢ ᠪᠠᠶᠢᠭᠤᠯᠣᠨ᠎ᠠ᠃ | ᠣᠷᠣᠰ ᠮᠣᠩᠭᠤᠯ ᠣᠯᠣᠰ ᠤᠨ ᠪᠣᠭᠤᠮᠳᠠ ᠶᠢᠨ ᠰᠢᠯᠭᠠᠨ ᠪᠠᠶᠢᠴᠠᠭᠠᠬᠤ ᠰᠠᠯᠠᠭ᠎ᠠ ᠮᠥᠴᠢᠷ ᠯᠦᠭᠡ ᠶᠢᠨ | ᠬᠠᠮᠳᠣᠷᠠᠯᠴᠠᠭ᠎ᠠ ᠪᠠᠨ ᠬᠦᠨᠵᠡᠬᠡᠶᠢᠷᠡᠭᠦᠯᠵᠥ᠂ ᠬᠤᠶᠠᠷ ᠡᠳᠡᠬᠡᠳ ᠤᠨ ᠰᠢᠯᠭᠠᠨ ᠪᠠᠶᠢᠴᠠᠭᠠᠬᠤ ᠰᠠᠯᠠᠭ᠎ᠠ ᠮᠥᠴᠢᠷ ᠨᠢ | ᠬᠤᠭᠤᠴᠠᠭ᠎ᠠ ᠳᠣᠭᠳᠠᠨ ᠠᠭᠤᠯᠵᠠᠬᠤ ᠳᠣᠭᠳᠠᠴᠠ ᠶᠢ ᠳᠡᠭᠦᠯᠳᠡᠷᠵᠢᠭᠦᠯᠵᠥ᠂ ᠬᠤᠯᠪᠣᠭᠠᠯᠠᠨ ᠬᠠᠥᠯᠢ ᠬᠡᠷᠡᠭᠵᠢᠭᠦᠯᠭᠦ | ᠬᠠᠮᠳᠣᠷᠠᠯᠴᠠᠭ᠎ᠠ ᠪᠠᠨ ᠴᠢᠩᠭᠠᠳᠬᠠᠨ᠎ᠠ᠃ | ︵ᠠᠷᠪᠠᠨ ᠨᠠᠢᠮᠠ︶ ᠪᠣᠭᠤᠮᠳᠠ ᠶᠢᠨ ᠳᠡᠭᠡᠭᠡᠪᠥᠷᠢ ᠶᠢᠨ ᠳᠥᠪᠯᠡᠷᠡᠭᠦᠯᠥᠨ ᠲᠠᠷᠬᠠᠭᠠᠬᠤ ᠰᠢᠰᠲ᠋ᠧᠮᠵᠢ ᠶᠢᠨ | ᠪᠠᠶᠢᠭᠤᠯᠣᠯᠳᠠ ᠶᠢ ᠴᠢᠩᠭᠠᠳᠬᠠᠨ᠎ᠠ᠃ ᠵᠠᠮ ᠤᠨ ᠳᠣᠣᠷ ᠤᠨ ᠪᠦᠳᠦᠴᠡ ᠶᠢ ᠰᠢᠯᠢᠳᠡᠭᠵᠢᠭᠦᠯᠥᠨ᠂ ᠪᠣᠭᠤᠮᠳᠠ ᠶᠢᠨ | ᠳᠣᠬᠠᠢ ᠶᠢᠨ ᠳᠠᠯᠠᠪᠣᠷ ᠪᠣᠯᠣᠨ ᠭᠠᠳᠠᠭᠤᠷᠬᠢ ᠲᠣᠭᠤᠷᠢᠯ ᠵᠠᠮ ᠱᠣᠭᠤᠮ ᠤᠨ ᠵᠠᠮ ᠬᠠᠷᠢᠯᠴᠠᠭᠠᠨ ᠤ ᠪᠦᠳᠦᠬᠡᠨ | ᠪᠠᠶᠢᠭᠤᠯᠣᠯᠳᠠ ᠶᠢᠨ ᠳᠥᠯᠥᠪᠵᠢᠭᠦᠯᠬᠡ ᠶᠢ ᠣᠷᠢᠳᠴᠢᠯᠠᠨ ᠳᠣᠭᠳᠠᠭᠠᠨ᠎ᠠ᠃ ᠠᠶᠠᠨᠴᠢᠳ ᠪᠣᠯᠣᠨ ᠪᠠᠷᠠᠭ᠎ᠠ ᠲᠠᠸᠠᠷ ᠢ | ᠰᠠᠯᠭᠠᠬᠤ ᠵᠠᠷᠴᠢᠮ ᠶᠣᠰᠣᠭᠠᠷ᠂ ᠠᠶᠠᠨᠴᠢᠳ ᠤᠨ ᠳᠡᠭᠡᠭᠡᠪᠥᠷᠢ ᠪᠠ ᠪᠠᠷᠠᠭ᠎ᠠ ᠲᠠᠸᠠᠷ ᠤᠨ ᠳᠡᠭᠡᠭᠡᠪᠥᠷᠢ ᠶᠢᠨ ᠨᠡᠪᠳᠡᠷᠡᠭᠦ | ᠵᠠᠮ ᠱᠣᠭᠤᠮ ᠤᠨ ᠪᠠᠶᠢᠭᠤᠯᠣᠯᠳᠠ ᠶᠢ ᠳᠥᠷᠬᠡᠳᠬᠡᠨ᠂ ᠣᠷᠣᠰ ᠮᠣᠩᠭᠤᠯ ᠯᠤᠭ᠎ᠠ ᠶᠢᠨ ᠬᠠᠷᠢᠯᠴᠠᠨ ᠬᠤᠯᠪᠣᠭᠠᠯᠠᠵᠣ | ᠬᠠᠷᠢᠯᠴᠠᠨ ᠨᠡᠪᠳᠡᠷᠡᠯᠴᠡᠬᠦ ᠰᠠᠭᠤᠷᠢ ᠪᠡᠯᠡᠳᠭᠡᠮᠵᠢ ᠶᠢᠨ ᠪᠦᠳᠦᠬᠡᠨ ᠪᠠᠶᠢᠭᠤᠯᠣᠯᠳᠠ ᠶᠢ ᠴᠢᠩᠭᠠᠳᠬᠠᠵᠣ᠂ | ᠪᠣᠭᠤᠮᠳᠠ ᠶᠢᠨ ︽ᠳᠣᠳᠣᠭᠠᠳᠣ ᠶᠢᠨ ᠬᠢ ᠶᠢ ᠲᠠᠷᠬᠠᠭᠠᠵᠣ ᠭᠠᠳᠠᠨᠠᠬᠢ ᠶᠢᠨ ᠬᠢ ᠶᠢ ᠨᠡᠪᠳᠡᠷᠡᠭᠦᠯᠭᠦ︾ ᠠᠶᠠᠨᠴᠢᠳ ᠪᠠ | ᠪᠠᠷᠠᠭ᠎ᠠ ᠲᠠᠸᠠᠷ ᠤᠨ ᠳᠡᠭᠡᠭᠡᠪᠥᠷᠢ ᠶᠢᠨ ᠨᠡᠪᠳᠡᠷᠡᠭᠦ ᠵᠠᠮ ᠱᠣᠭᠤᠮ ᠤᠨ ᠪᠡᠯᠡᠳᠬᠡᠮᠵᠢ ᠶᠢ ᠳᠡᠭᠦᠯᠳᠡᠷᠵᠢᠭᠦᠯᠥᠨ᠂ | ᠪᠣᠭᠤᠮᠳᠠ ᠶᠢᠨ ᠳᠡᠭᠡᠭᠡᠪᠥᠷᠢ ᠶᠢᠨ ᠳᠥᠪᠯᠡᠷᠡᠭᠦᠯᠥᠨ ᠳᠠᠷᠬᠠᠭᠠᠬᠤ ᠴᠢᠳᠠᠪᠣᠷᠢ ᠶᠢ ᠨᠡᠮᠡᠭᠳᠡᠭᠦᠯᠥᠨ᠎ᠡ᠃ ᠬᠢᠯᠢ ᠶᠢᠨ | ᠪᠣᠭᠤᠮᠳᠠ ᠪᠠ ᠣᠷᠣᠨ ᠤ ᠳᠣᠳᠣᠷ᠎ᠠ ᠭᠠᠳᠠᠨᠠᠬᠢ ᠨᠡᠪᠳᠡᠷᠡᠭᠦ ᠵᠠᠮ ᠱᠣᠭᠤᠮ ᠤᠨ ᠪᠠᠶᠢᠭᠤᠯᠣᠯᠳᠠ ᠶᠢ ᠴᠢᠩᠭᠠᠳᠬᠠᠵᠣ᠂ | ᠡᠯ᠎ᠡ ᠬᠢᠯᠢ ᠶᠢᠨ ᠪᠣᠭᠤᠮᠳᠠ ᠶᠢᠨ ᠪᠠᠶᠢᠭ᠎ᠠ ᠬᠤᠳᠠ ᠪᠠᠯᠭᠠᠰᠣ ᠪᠣᠯᠣᠨ ᠣᠷᠣᠨ ᠤ ᠳᠣᠳᠣᠷ᠎ᠠ ᠭᠠᠳᠠᠨᠠᠬᠢ ᠣᠷᠣᠨ | ᠪᠥᠰᠡ ᠶᠢᠨ ᠳᠥᠪ ᠬᠤᠳᠠ ᠬᠢᠬᠡᠳ ᠠᠵᠣ ᠦᠢᠯᠡᠰ ᠳᠥᠪᠯᠡᠷᠡᠭᠰᠡᠨ ᠳᠣᠭᠤᠷᠢᠭ ᠤᠨ ᠵᠠᠰᠠᠮᠠᠯ ᠵᠠᠮ᠂ ᠳᠡᠮᠥᠷ ᠵᠠᠮ ᠤᠨ | ᠵᠠᠯᠭᠠᠯᠲᠠ ᠶᠢ ᠪᠡᠶᠡᠯᠡᠭᠦᠯᠥᠨ᠎ᠡ᠃ | ︵ᠠᠷᠪᠠ ᠶᠢᠰᠥ︶ ᠪᠣᠭᠤᠮᠳᠠ ᠶᠢᠨ ᠬᠤᠳᠠ ᠪᠠᠯᠭᠠᠰᠣ ᠶᠢᠨ ᠶᠡᠷᠥᠩᠬᠡᠶᠢᠯᠡᠭᠰᠡᠨ ᠳᠠᠭᠠᠭᠠᠴᠠ ᠶᠢᠨ | ᠴᠢᠳᠠᠪᠤᠷᠢ ᠶᠢᠨ ᠪᠠᠶᠢᠭᠤᠯᠣᠯᠳᠠ ᠶᠢ ᠠᠬᠢᠭᠤᠯᠣᠨ᠎ᠠ᠃ ᠪᠣᠭᠤᠮᠳᠠ ᠶᠢᠨ ᠬᠤᠳᠠ ᠪᠠᠯᠭᠠᠰᠣᠵᠢᠯ ᠤᠨ ᠪᠠᠶᠢᠭᠤᠯᠣᠯᠳᠠ ᠶᠢ | ᠳᠥᠷᠭᠡᠳᠬᠡᠨ ᠠᠬᠢᠭᠤᠯᠵᠣ᠂ ᠬᠤᠳᠠ ᠪᠠᠯᠭᠠᠰᠣ᠂ ᠠᠵᠣ ᠦᠢᠯᠡᠰ ᠪᠣᠯᠣᠨ ᠪᠣᠭᠤᠮᠳᠠ ᠶᠢᠨ ᠠᠵᠣ ᠠᠬᠤᠢ ᠶᠢᠨ | ᠬᠠᠮᠳᠤᠷᠠᠨ ᠵᠤᠬᠢᠴᠠᠯᠳᠤᠵᠤ ᠥᠷᠭᠦᠯᠵᠢᠯᠡᠨ ᠬᠦᠭᠵᠢᠭᠦ ᠶᠢ ᠠᠬᠢᠭᠤᠯᠣᠨ᠎ᠠ᠃ ᠬᠤᠳᠠ ᠪᠠᠯᠭᠠᠰᠣ ᠶᠢᠨ ᠰᠠᠭᠤᠬᠤ᠂ | ᠠᠵᠢᠯᠯᠠᠬᠤ᠂ ᠵᠢᠭᠤᠯᠴᠢᠯᠠᠬᠤ ᠳᠤ ᠳᠣᠬᠢᠷᠠᠮᠵᠢᠳᠠᠢ ᠪᠠᠶᠢᠯᠭᠠᠬᠤ ᠴᠢᠳᠠᠮᠵᠢ ᠶᠢ ᠳᠡᠭᠦᠯᠳᠡᠷᠵᠢᠭᠦᠯᠥᠨ᠂ ᠪᠣᠭᠤᠮᠳᠠ ᠶᠢᠨ | ᠬᠤᠳᠠ ᠪᠠᠯᠭᠠᠰᠣ ᠶᠢᠨ ᠶᠡᠷᠥᠩᠬᠡᠶᠢᠯᠡᠭᠰᠡᠨ ᠳᠠᠭᠠᠭᠠᠴᠠ ᠶᠢᠨ ᠴᠢᠳᠠᠪᠤᠷᠢ ᠶᠢ ᠳᠡᠭᠡᠭᠰᠢᠯᠡᠬᠦᠯᠥᠨ᠎ᠡ᠃ ᠪᠣᠭᠤᠮᠳᠠ ᠶᠢᠨ | ᠬᠤᠳᠠ ᠪᠠᠯᠭᠠᠰᠣ ᠶᠢᠨ ᠰᠠᠭᠤᠷᠢ ᠪᠡᠯᠡᠳᠬᠡᠮᠵᠢ ᠶᠢᠨ ᠪᠦᠳᠦᠬᠡᠨ ᠪᠠᠶᠢᠭᠤᠯᠣᠯᠳᠠ ᠶᠢ ᠨᠢᠬᠡᠳᠥᠯᠳᠠᠢ ᠳᠥᠯᠥᠪᠯᠡᠨ | ᠠᠬᠢᠭᠤᠯᠵᠣ᠂ ᠪᠣᠭᠤᠮᠳᠠ ᠶᠢᠨ ᠠᠵᠣ ᠠᠬᠤᠢ ᠶᠢᠨ ᠠᠵᠢᠯᠯᠠᠭᠠᠨ ᠪᠠ ᠬᠦᠭᠵᠢᠯᠳᠡ ᠶᠢᠨ ᠬᠡᠷᠡᠭᠴᠡᠭᠡ ᠶᠢ ᠪᠠᠳᠣᠯᠠᠨ᠎ᠠ᠃ | ᠠᠷᠢᠭᠤᠨ ᠴᠡᠪᠡᠷ ᠭᠤᠶᠣ ᠰᠠᠶᠢᠬᠠᠨ᠂ ᠪᠣᠯᠪᠠᠰᠣᠨ ᠡᠮᠬᠢ ᠵᠢᠷᠣᠮ ᠲᠠᠢ ᠬᠤᠳᠠ ᠶᠢᠨ ᠣᠷᠴᠢᠨ ᠳᠣᠭᠤᠷᠢᠨ ᠢ ᠪᠣᠢ | ᠪᠣᠯᠭᠠᠵᠣ᠂ ︽ᠪᠣᠭᠤᠮᠳᠠ ᠶᠢᠨ ᠬᠤᠳᠠ ᠪᠠᠯᠭᠠᠰᠣ︾ ᠶᠢᠨ ᠣᠨᠴᠠᠯᠢᠭ᠂ ᠥᠪᠡᠷᠮᠢᠴᠡ ᠬᠡᠪ ᠨᠠᠮᠪᠠ ᠶᠢ ᠳᠣᠪᠤᠶᠢᠯᠭᠠᠨ᠎ᠠ᠃ | ᠪᠣᠭᠤᠮᠳᠠ ᠶᠢᠨ ᠬᠤᠳᠠ ᠪᠠᠯᠭᠠᠰᠣ ᠶᠢᠨ ᠣᠯᠠᠨ ᠨᠡᠶᠢᠳᠡ ᠶᠢᠨ ᠦᠢᠯᠡᠴᠢᠯᠡᠬᠡᠨ ᠤ ᠴᠢᠳᠠᠪᠣᠷᠢ ᠶᠢᠨ ᠪᠠᠶᠢᠭᠤᠯᠣᠯᠳᠠ ᠶᠢ | ᠥᠷᠨᠢᠭᠦᠯᠥᠨ᠂ ᠨᠡᠶᠢᠬᠡᠮ ᠤᠨ ᠪᠠᠳᠣᠯᠠᠭ᠎ᠠ᠂ ᠨᠡᠶᠢᠬᠡᠮ ᠤᠨ ᠠᠪᠣᠷᠠᠨ ᠳᠡᠳᠬᠦᠬᠦ᠂ ᠰᠣᠷᠭᠠᠨ ᠬᠦᠮᠥᠵᠢᠯ᠂ ᠡᠷᠡᠭᠦᠯ | ᠬᠠᠮᠠᠭᠠᠯᠠᠯ᠂ ᠰᠣᠶᠣᠯ ᠢᠶᠠᠷ ᠭᠤᠣᠯᠳᠠᠯᠭ᠎ᠠ ᠪᠣᠯᠭᠠᠨ᠂ ᠳᠣᠳᠣᠷ᠎ᠠ ᠭᠠᠳᠠᠨᠠᠬᠢ ᠶᠢ ᠨᠢᠬᠡᠳᠥᠯᠳᠠᠢ ᠳᠥᠯᠥᠪᠯᠡᠭᠦ᠂ ᠡᠷᠬᠡ | ᠳᠡᠭᠰᠢ ᠪᠠᠷ ᠨᠡᠶᠢᠳᠡᠮ ᠠᠰᠢᠭ ᠬᠦᠷᠳᠡᠭᠡᠬᠦ ᠣᠯᠠᠨ ᠨᠡᠶᠢᠳᠡ ᠶᠢᠨ ᠦᠢᠯᠡᠴᠢᠯᠡᠬᠡᠨ ᠤ ᠰᠢᠰᠲ᠋ᠧᠮᠵᠢ ᠶᠢ | ᠳᠡᠭᠦᠯᠳᠡᠷᠵᠢᠭᠦᠯᠥᠨ᠂ ᠵᠢᠭᠤᠯᠴᠢᠯᠠᠭᠴᠢᠳ ᠤᠨ ᠪᠠᠳᠣᠯᠠᠭ᠎ᠠ ᠪᠠ ᠣᠯᠠᠨ ᠨᠡᠶᠢᠳᠡ ᠶᠢᠨ ᠦᠢᠯᠡᠴᠢᠯᠡᠬᠡᠨ ᠤ ᠬᠢᠷᠢ | ᠬᠡᠮᠵᠢᠶ᠎ᠡ ᠶᠢ ᠳᠡᠭᠡᠭᠰᠢᠯᠡᠭᠦᠯᠥᠨ᠎ᠡ᠃ | ︵ᠬᠤᠷᠢ︶ ᠪᠣᠭᠤᠮᠳᠠ ᠶᠢᠨ ᠠᠵᠣ ᠠᠬᠤᠢ ᠶᠢᠨ ᠬᠦᠭᠵᠢᠯᠳᠡ ᠶᠢᠨ ᠣᠷᠴᠢᠨ ᠳᠣᠭᠤᠷᠢᠨ ᠢ | ᠰᠢᠯᠢᠳᠡᠭᠵᠢᠭᠦᠯᠥᠨ᠎ᠡ᠃ ᠪᠣᠭᠤᠮᠳᠠ ᠶᠢᠨ ᠰᠦᠢᠳᠬᠡᠯ ᠬᠤᠷᠢᠶᠠᠬᠤ ᠳᠥᠷᠥᠯ ᠵᠦᠢᠯ ᠪᠣᠯᠣᠨ ᠪᠠᠷᠢᠮᠵᠢᠶ᠎ᠠ ᠶᠢ | ᠨᠢᠬᠡᠳᠥᠯᠳᠠᠢ ᠪᠦᠬᠡᠳ ᠢᠯᠡ ᠪᠣᠯᠭᠠᠵᠣ᠂ ᠪᠣᠭᠤᠮᠳᠠ ᠶᠢᠨ ᠬᠠᠮᠢᠶᠠᠷᠣᠯᠳᠠ ᠶᠢᠨ ᠰᠠᠯᠠᠭ᠎ᠠ ᠮᠥᠴᠢᠷ᠂ ᠰᠢᠯᠭᠠᠨ | ᠪᠠᠶᠢᠴᠠᠭᠠᠬᠤ ᠰᠠᠯᠠᠭ᠎ᠠ ᠮᠥᠴᠢᠷ᠂ ᠡᠵᠡᠩᠨᠡᠯᠳᠡ ᠶᠢᠨ ᠭᠤᠣᠯ ᠴᠣᠭᠴᠠᠳᠣ ᠨᠢᠬᠡᠴᠡ ᠨᠦᠭᠦᠳ ᠨᠢ ᠬᠠᠰᠣᠵᠥ | ᠬᠡᠯᠳᠥᠷᠢᠭᠦᠯᠥᠭᠰᠡᠨ ᠪᠠ ᠳᠣᠬᠢᠷᠠᠭᠤᠯᠣᠯᠳᠠ ᠬᠢᠭᠰᠡᠨ ᠰᠦᠢᠳᠬᠡᠯ ᠬᠤᠷᠢᠶᠠᠬᠤ ᠳᠥᠷᠥᠯ ᠵᠦᠢᠯ ᠢᠶᠠᠨ ᠴᠠᠭ | ᠳᠣᠬᠠᠢ ᠳᠤᠨᠢ ᠨᠡᠶᠢᠬᠡᠮ ᠳᠤ ᠨᠡᠶᠢᠳᠡᠯᠡᠬᠦ ᠬᠡᠷᠡᠭᠳᠠᠢ᠃ ᠵᠠᠰᠠᠭ ᠤᠨ ᠣᠷᠳᠣᠨ ᠠᠴᠠ ᠥᠨ᠎ᠡ ᠳᠣᠭᠳᠠᠭᠠᠭᠰᠠᠨ | ᠡᠵᠡᠩᠨᠡᠯᠳᠡ ᠦᠢᠯᠡᠴᠢᠯᠡᠬᠡᠨ ᠤ ᠴᠢᠨᠠᠷᠳᠠᠢ ᠳᠥᠷᠥᠯ ᠵᠦᠢᠯ ᠢ ᠥᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠨ ᠬᠢᠨᠠᠨ ᠳᠣᠭᠳᠠᠭᠠᠭᠰᠠᠨ ᠪᠠᠷᠢᠮᠵᠢᠶ᠎ᠠ ᠶᠣᠰᠣᠭᠠᠷ ᠴᠢᠩᠭ᠎ᠠ ᠬᠡᠷᠡᠭᠵᠢᠭᠦᠯᠭᠦ ᠬᠡᠷᠡᠭᠳᠠᠢ︔ ᠵᠠᠬ᠎ᠠ | ᠳᠡᠯᠬᠡᠬᠦᠷ ᠢᠶᠠᠷ ᠥᠨ᠎ᠡ ᠳᠣᠬᠢᠷᠠᠭᠤᠯᠣᠭᠰᠠᠨ ᠡᠵᠡᠩᠨᠡᠯᠳᠡ ᠦᠢᠯᠡᠴᠢᠯᠡᠬᠡᠨ ᠤ ᠴᠢᠨᠠᠷᠳᠠᠢ ᠳᠥᠷᠥᠯ ᠵᠦᠢᠯ ᠳᠤ ᠥᠨ᠎ᠡ | ᠬᠠᠩᠰᠢ ᠶᠢ ᠢᠯᠡ ᠬᠠᠳᠠᠵᠦ᠂ ᠰᠦᠢᠳᠬᠡᠯ ᠬᠤᠷᠢᠶᠠᠬᠤ ᠳᠥᠷᠥᠯ ᠵᠦᠢᠯ᠂ ᠪᠠᠷᠢᠮᠵᠢᠶ᠎ᠠ ᠪᠠ ᠬᠠᠷᠠᠭᠠᠯᠵᠠᠯ ᠤᠨ | ᠳᠥᠷᠥ ᠶᠢᠨ ᠪᠣᠳᠣᠯᠭ᠎ᠠ ᠶᠢ ᠨᠡᠶᠢᠳᠡᠯᠡᠵᠥ᠂ ᠨᠡᠶᠢᠬᠡᠮ ᠤᠨ ᠬᠢᠨᠠᠯᠳᠠ ᠳᠠᠯᠪᠢᠯᠳᠠ ᠶᠢ ᠬᠦᠯᠢᠶᠡᠬᠦ ᠬᠡᠷᠡᠭᠳᠠᠢ᠃ | ᠥᠪᠡᠷᠳᠡᠭᠡᠨ ᠵᠠᠰᠠᠬᠤ ᠣᠷᠣᠨ ᠤ ᠪᠣᠭᠤᠮᠳᠠ ᠵᠢᠴᠢ ᠥᠨ᠎ᠡ ᠬᠠᠩᠰᠢ ᠶᠢᠨ ᠬᠠᠮᠢᠶᠠᠷᠣᠯᠳᠠ ᠶᠢᠨ ᠰᠠᠯᠠᠭ᠎ᠠ ᠮᠥᠴᠢᠷ ᠨᠢ | ᠰᠦᠢᠳᠬᠡᠯ ᠬᠤᠷᠢᠶᠠᠬᠤ ᠶᠢ ᠬᠠᠮᠢᠶᠠᠷᠬᠤ ᠡᠷᠬᠡ ᠮᠡᠳᠡᠯ ᠶᠣᠰᠣᠭᠠᠷ᠂ ᠭᠠᠳᠠᠭᠠᠳᠣ ᠠᠴᠠ ᠣᠷᠣᠭᠤᠯᠵᠣ ᠭᠠᠳᠠᠭᠠᠳᠣ ᠳᠤ | ᠭᠠᠷᠭᠠᠬᠤ ᠭᠤᠭᠴᠤᠭ᠎ᠠ ᠶᠢᠨ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠳᠠᠢ ᠪᠠ ᠡᠵᠡᠩᠨᠡᠯᠳᠡ ᠦᠢᠯᠡᠴᠢᠯᠡᠬᠡᠨ ᠤ | ᠴᠢᠨᠠᠷᠳᠠᠢ ᠰᠦᠢᠳᠬᠡᠯ ᠬᠤᠷᠢᠶᠠᠬᠤ ᠶᠠᠪᠣᠳᠠᠯ ᠢ ᠢᠯᠭᠠᠷᠠᠭᠤᠯᠬᠤ ᠪᠠ ᠵᠢᠷᠣᠮᠵᠢᠭᠤᠯᠵᠣ᠂ ᠵᠦᠢ ᠵᠣᠬᠢᠰ ᠥᠬᠡᠢ | ᠰᠦᠢᠳᠬᠡᠯ ᠬᠤᠷᠢᠶᠠᠬᠤ ᠳᠥᠷᠥᠯ ᠵᠦᠢᠯ ᠢ ᠡᠷᠡᠰ ᠬᠦᠴᠦᠨ ᠥᠬᠡᠢ ᠪᠣᠯᠭᠠᠵᠣ᠂ ᠬᠦᠷᠢᠶ᠎ᠡ ᠬᠡᠪᠴᠢᠶ᠎ᠡ ᠪᠣᠯᠣᠨ | ᠪᠠᠷᠢᠮᠵᠢᠶ᠎ᠠ ᠠᠴᠠ ᠬᠡᠳᠥᠷᠡᠭᠦᠯᠥᠨ ᠰᠦᠢᠳᠬᠡᠯ ᠬᠤᠷᠢᠶᠠᠬᠤ ᠶᠠᠪᠣᠳᠠᠯ ᠢ ᠴᠠᠭᠠᠵᠠᠯᠠᠵᠣ᠂ ᠠᠵᠣ ᠠᠬᠤᠶᠢᠯᠠᠯ ᠤᠨ | ᠳᠠᠷᠣᠭᠠᠰᠣ ᠶᠢ ᠦᠨᠡᠨᠬᠦ ᠬᠦᠩᠭᠡᠷᠡᠭᠦᠯᠭᠦ ᠬᠡᠷᠡᠭᠳᠠᠢ᠃ ᠠᠵᠣ ᠠᠬᠤᠶᠢᠯᠠᠯ ᠤᠨ ᠭᠠᠳᠠᠭᠠᠳᠣ ᠠᠴᠠ ᠣᠷᠣᠭᠤᠯᠵᠣ | ᠭᠠᠳᠠᠭᠠᠳᠤ ᠳᠤ ᠭᠠᠷᠭᠠᠬᠤ ᠡᠵᠡᠩᠨᠡᠯᠳᠡ ᠶᠢᠨ ᠠᠵᠢᠯᠯᠠᠭ᠎ᠠ ᠶᠢ ᠵᠢᠷᠣᠮᠵᠢᠭᠤᠯᠣᠨ᠂ ᠡᠯ᠎ᠡ ᠱᠠᠳᠣᠨ ᠤ ᠪᠣᠭᠤᠮᠳᠠ ᠶᠢᠨ | ᠬᠠᠮᠢᠶᠠᠷᠣᠯᠳᠠ᠂ ᠬᠠᠥᠯᠢ ᠬᠡᠷᠡᠭᠵᠢᠭᠦᠯᠭᠦ ᠰᠠᠯᠠᠭ᠎ᠠ ᠮᠥᠴᠢᠷ ᠤᠳ ᠠᠵᠣ ᠠᠬᠤᠶᠢᠯᠠᠯ ᠤᠨ ᠥᠨᠡᠨᠴᠢ ᠢᠳᠡᠬᠡᠮᠵᠢ ᠪᠠ | ᠢᠳᠡᠬᠡᠯ ᠬᠦᠨᠳᠥ ᠶᠢ ᠦᠨᠡᠯᠡᠨ ᠵᠢᠱᠢᠬᠦ ᠰᠢᠰᠲ᠋ᠧᠮᠵᠢ ᠶᠢ ᠪᠠᠶᠢᠭᠤᠯᠵᠣ᠂ ᠭᠠᠳᠠᠭᠠᠳᠣ ᠠᠴᠠ ᠣᠷᠣᠭᠤᠯᠵᠣ | ᠭᠠᠳᠠᠭᠠᠳᠣ ᠳᠤ ᠭᠠᠷᠭᠠᠬᠤ ᠠᠵᠣ ᠠᠬᠤᠶᠢᠯᠠᠯ ᠳᠤ ᠳᠥᠭᠰᠢᠭᠦᠷᠢ ᠶᠢᠨ ᠬᠠᠮᠢᠶᠠᠷᠣᠯᠳᠠ ᠶᠢ ᠬᠡᠷᠡᠭᠵᠢᠭᠦᠯᠥᠨ᠂ ᠠᠳᠠᠯᠢ | ᠪᠣᠰᠣ ᠠᠵᠣ ᠠᠬᠤᠶᠢᠯᠠᠯ ᠤᠨ ᠬᠢᠷᠢ ᠬᠡᠮ ᠢᠳᠡᠭᠡᠮᠵᠢ ᠶᠢᠨ ᠳᠡᠰ ᠢ ᠥᠨᠳᠥᠰᠥᠯᠡᠵᠥ ᠪᠠᠶᠢᠭᠠᠳ ᠪᠣᠭᠤᠮᠳᠠ ᠪᠠᠷ | ᠥᠩᠭᠡᠷᠡᠭᠦ ᠠᠳᠠᠯᠢ ᠪᠣᠰᠣ ᠬᠠᠮᠢᠶᠠᠷᠣᠯᠳᠠ ᠶᠢᠨ ᠠᠷᠭ᠎ᠠ ᠬᠡᠯᠪᠡᠷᠢ ᠶᠢ ᠠᠪᠴᠥ᠂ ᠠᠵᠣ ᠠᠬᠤᠶᠢᠯᠠᠯ ᠢ ᠬᠦᠳᠦᠯᠥᠨ | ᠵᠢᠯᠣᠭᠤᠳᠴᠥ ᠪᠠᠶᠢᠭᠠᠳ ᠥᠨᠡᠨᠴᠢ ᠢᠳᠡᠬᠡᠮᠵᠢᠳᠠᠢ ᠪᠦᠬᠡᠳ ᠬᠠᠥᠯᠢ ᠶᠢ ᠵᠢᠷᠣᠮᠯᠠᠨ ᠡᠵᠡᠩᠨᠡᠬᠦᠯᠬᠦ ᠬᠡᠷᠡᠭᠳᠡᠢ᠃ | ᠪᠣᠭᠤᠮᠳᠠ ᠶᠢᠨ ᠡᠯ᠎ᠡ ᠰᠢᠯᠭᠠᠨ ᠪᠠᠶᠢᠴᠠᠭᠠᠬᠤ ᠨᠢᠬᠡᠴᠡ ᠶᠢᠨ ᠵᠠᠰᠠᠭ ᠵᠠᠬᠢᠷᠭᠠᠨ ᠤ ᠬᠦᠴᠦᠨ ᠴᠢᠳᠠᠪᠣᠷᠢ ᠶᠢᠨ | ᠪᠠᠶᠢᠭᠤᠯᠣᠯᠳᠠ ᠪᠠ ᠠᠷᠢᠭᠤᠨ ᠴᠢᠬᠡᠴᠢ᠂ ᠠᠵᠢᠯᠴᠢ ᠬᠢᠴᠢᠶᠡᠩᠬᠦᠢ ᠪᠠᠷ ᠵᠠᠰᠠᠭ ᠪᠠᠷᠢᠬᠤ ᠪᠠᠶᠢᠭᠤᠯᠣᠯᠳᠠ ᠶᠢ | ᠴᠢᠩᠭᠠᠳᠬᠠᠨ᠂ ᠳᠠᠷᠤᠭ᠎ᠠ ᠠᠴᠠ ᠤᠷᠢᠳᠠᠪᠠᠷ ᠬᠠᠷᠢᠭᠤᠴᠠᠯᠭ᠎ᠠ ᠨᠡᠬᠡᠮᠵᠢᠯᠡᠬᠦ ᠳᠥᠷᠢᠮ᠂ ᠦᠢᠯᠡᠴᠢᠯᠡᠬᠡᠨ ᠤ | ᠠᠮᠠᠯᠠᠯᠳᠠ ᠶᠢᠨ ᠳᠥᠷᠢᠮ ᠢ ᠬᠡᠷᠡᠭᠵᠢᠭᠦᠯᠵᠥ᠂ ᠵᠠᠰᠠᠭ ᠵᠠᠬᠢᠷᠭᠠᠨ ᠤ ᠬᠠᠥᠯᠢ ᠬᠡᠷᠡᠭᠵᠢᠭᠦᠯᠭᠦ ᠠᠵᠢᠯᠯᠠᠭ᠎ᠠ ᠶᠢ | ᠵᠢᠷᠣᠮᠵᠢᠭᠤᠯᠣᠨ᠎ᠠ᠃ ᠠᠵᠢᠯ ᠳᠥᠷᠥᠯ ᠤᠨ ᠬᠢᠨ ᠤ ᠨᠡᠶᠢᠬᠡᠮᠯᠢᠭ ᠤᠨ ᠦᠢᠯᠡᠳᠥᠯ ᠢ ᠬᠦᠢᠴᠡᠳ ᠪᠠᠳᠠᠷᠠᠭᠤᠯᠣᠨ᠂ | ᠬᠢᠨᠠᠯᠳᠠ ᠳᠠᠯᠪᠢᠵᠣ ᠪᠡᠶ᠎ᠡ ᠪᠠᠨ ᠪᠠᠷᠢᠬᠤ ᠳᠥᠷᠢᠮ᠂ ᠬᠠᠷᠢᠭᠤᠴᠠᠯᠭ᠎ᠠ ᠨᠡᠬᠡᠮᠵᠢᠯᠡᠬᠦ ᠳᠥᠷᠢᠮ ᠪᠠ ᠵᠣᠷᠢᠬᠵᠢᠭᠤᠯᠬᠤ | ᠳᠣᠭᠳᠠᠴᠠ ᠶᠢ ᠪᠠᠶᠢᠭᠤᠯᠵᠣ᠂ ᠥᠨᠡᠨᠴᠢ ᠢᠳᠡᠬᠡᠮᠵᠢᠳᠥ ᠪᠣᠭᠤᠮᠳᠠ ᠶᠢ ᠪᠣᠢ ᠪᠣᠯᠭᠠᠨ᠎ᠠ᠃ ᠪᠣᠭᠤᠮᠳᠠ ᠶᠢᠨ | ᠵᠠᠭᠤᠴᠢᠯᠠᠬᠤ ᠠᠵᠢᠯ ᠳᠥᠷᠥᠯ ᠤᠨ ᠬᠠᠮᠢᠶᠠᠷᠣᠯᠳᠠ ᠪᠠ ᠬᠢᠨᠠᠯᠳᠠ ᠳᠠᠯᠪᠢᠬᠤ ᠳᠣᠭᠳᠠᠴᠠ ᠶᠢ ᠪᠠᠶᠢᠭᠤᠯᠣᠨ᠂ | ᠪᠣᠭᠤᠮᠳᠠ ᠶᠢᠨ ᠵᠠᠭᠤᠴᠢᠯᠠᠬᠤ ᠠᠵᠢᠯ ᠳᠥᠷᠥᠯ ᠤᠨ ᠬᠠᠮᠢᠶᠠᠷᠣᠯᠳᠠ ᠪᠠ ᠬᠢᠨᠠᠯᠳᠠ ᠳᠠᠯᠪᠢᠨ ᠪᠠᠶᠢᠴᠠᠭᠠᠬᠤ ᠶᠠᠪᠣᠳᠠᠯ ᠢ | ᠴᠢᠩᠭᠠᠳᠬᠠᠵᠣ᠂ ᠵᠠᠭᠤᠴᠢᠯᠠᠬᠤ ᠠᠵᠢᠯ ᠳᠥᠷᠥᠯ ᠤᠨ ᠠᠵᠢᠯ ᠡᠷᠬᠢᠯᠡᠬᠦ ᠠᠵᠢᠯᠠᠯᠭ᠎ᠠ ᠶᠢ ᠵᠢᠷᠣᠮᠵᠢᠭᠤᠯᠣᠨ᠎ᠠ᠃ | ᠵᠢᠷᠭᠤᠭ᠎ᠠ᠂ ᠪᠠᠳᠣᠯᠠᠭ᠎ᠠ ᠶᠢᠨ ᠠᠷᠭ᠎ᠠ ᠬᠡᠮᠵᠢᠶ᠎ᠡ ᠪᠠᠨ ᠴᠢᠩᠭᠠᠷᠠᠭᠤᠯᠣᠨ᠎ᠠ | ︵ᠬᠤᠷᠢᠨ ᠨᠢᠬᠡ︶ ᠵᠣᠬᠢᠶᠠᠨ ᠪᠠᠶᠢᠭᠤᠯᠤᠯᠳᠠ ᠪᠠ ᠠᠵᠢᠯ ᠤᠨ ᠪᠠᠳᠣᠯᠠᠭ᠎ᠠ ᠪᠠᠨ ᠴᠢᠩᠭᠠᠷᠠᠭᠤᠯᠣᠨ᠎ᠠ᠃ | ᠨᠠᠮ ᠤᠨ ᠬᠤᠷᠢᠶ᠎ᠠ ᠨᠢᠬᠡᠳᠥᠯᠳᠠᠢ ᠣᠳᠣᠷᠢᠳᠣᠭᠰᠠᠨ᠂ ᠵᠠᠰᠠᠭ ᠤᠨ ᠣᠷᠳᠣᠨ ᠵᠣᠬᠢᠶᠠᠨ ᠪᠠᠶᠢᠭᠤᠯᠣᠨ ᠬᠡᠷᠡᠭᠵᠢᠭᠦᠯᠥᠭᠰᠡᠨ | ᠂ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠳᠠᠳᠠᠢ ᠨᠠᠶᠢᠳᠠᠪᠣᠷᠢᠵᠢᠭᠤᠯᠣᠭᠰᠠᠨ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠠᠶᠢᠮᠠᠭ ᠬᠤᠳᠠ ᠨᠢᠭᠳᠠ ᠬᠠᠮᠵᠢᠯᠴᠠᠬᠤ ᠠᠵᠢᠯ ᠤᠨ ᠳᠣᠭᠳᠠᠴᠠ ᠶᠢ | ᠪᠠᠶᠢᠭᠤᠯᠣᠨ ᠪᠥᠷᠢᠨᠰᠢᠭᠦᠯᠵᠥ᠂ ᠪᠣᠭᠤᠮᠳᠠ ᠶᠢᠨ ᠠᠵᠣ ᠠᠬᠤᠢ ᠶᠢᠨ ᠬᠦᠭᠵᠢᠯᠳᠡ ᠶᠢ ᠠᠬᠢᠭᠤᠯᠬᠤ ᠨᠡᠶᠢᠯᠡᠯ ᠬᠦᠴᠦᠨ ᠢ | ᠪᠥᠷᠢᠯᠳᠥᠭᠦᠯᠥᠨ᠎ᠡ᠃ ᠥᠪᠡᠷᠳᠡᠭᠡᠨ ᠵᠠᠰᠠᠬᠤ ᠣᠷᠣᠨ ᠤ ᠣᠮᠠᠷᠠᠰᠢ ᠨᠡᠬᠡᠬᠡᠯᠳᠡ ᠬᠢᠬᠦ ᠠᠵᠢᠯ ᠤᠨ ᠣᠳᠣᠷᠢᠳᠬᠤ | ᠳᠣᠭᠤᠶᠢᠯᠠᠩ ᠨᠢ ᠪᠣᠭᠤᠮᠳᠠ ᠶᠢᠨ ᠠᠵᠣ ᠠᠬᠤᠢ ᠶᠢ ᠬᠦᠭᠵᠢᠭᠦᠯᠭᠦ ᠠᠵᠢᠯ ᠤᠨ ᠨᠢᠬᠡᠳᠥᠯᠳᠠᠢ ᠳᠥᠯᠥᠪᠯᠡᠬᠦ ᠪᠠᠨ | ᠴᠢᠩᠭᠠᠳᠬᠠᠵᠣ᠂ ᠪᠣᠭᠤᠮᠳᠠ ᠶᠢᠨ ᠠᠵᠣ ᠠᠬᠤᠢ ᠶᠢᠨ ᠬᠦᠭᠵᠢᠯᠳᠡ ᠶᠢᠨ ᠪᠠᠶᠢᠳᠠᠯ ᠪᠠ ᠴᠠᠭ ᠤᠨ ᠪᠠᠶᠢᠳᠠᠯ ᠢ | ᠲᠣᠭᠳᠠᠮᠠᠯ ᠬᠤᠭᠤᠴᠠᠭ᠎ᠠ ᠲᠠᠢ ᠪᠠᠷ ᠵᠠᠳᠠᠯᠣᠨ ᠰᠢᠨᠵᠢᠯᠡᠵᠥ᠂ ᠪᠣᠭᠤᠮᠳᠠ ᠶᠢᠨ ᠪᠦᠳᠦᠬᠡᠨ ᠪᠠᠶᠢᠭᠤᠯᠣᠯᠳᠠ ᠶᠢᠨ | ᠠᠵᠢᠯᠯᠠᠭᠠᠨ ᠳᠣᠮᠳᠠ ᠪᠠ ᠪᠣᠭᠤᠮᠳᠠ ᠶᠢᠨ ᠠᠵᠣ ᠠᠬᠤᠢ ᠶᠢᠨ ᠬᠦᠭᠵᠢᠯᠳᠡ ᠳᠣᠮᠳᠠᠬᠢ ᠡᠯ᠎ᠡ ᠳᠥᠷᠥᠯ ᠤᠨ ᠰᠢᠨ᠎ᠡ | ᠪᠠᠶᠢᠳᠠᠯ᠂ ᠰᠢᠨ᠎ᠡ ᠠᠰᠠᠭᠤᠳᠠᠯ ᠢ ᠴᠠᠭ ᠳᠣᠬᠠᠢ ᠳᠤᠨᠢ ᠰᠣᠳᠣᠯᠣᠨ ᠰᠢᠢᠳᠪᠥᠷᠢᠯᠡᠵᠥ᠂ ᠪᠣᠭᠤᠮᠳᠠ ᠶᠢᠨ ᠪᠦᠳᠦᠬᠡᠨ | ᠪᠠᠶᠢᠭᠤᠯᠣᠯᠳᠠ ᠶᠢᠨ ᠠᠵᠢᠯᠯᠠᠭᠠᠨ ᠳᠣᠮᠳᠠ ᠪᠠ ᠪᠣᠭᠤᠮᠳᠠ ᠶᠢᠨ ᠠᠵᠣ ᠠᠬᠤᠢ ᠶᠢᠨ ᠬᠦᠭᠵᠢᠯᠳᠡ ᠯᠦᠭᠡ | ᠬᠤᠯᠪᠣᠭᠳᠠᠭᠰᠠᠨ ᠴᠢᠬᠤᠯᠠ ᠭᠡᠷᠡᠭ ᠶᠠᠪᠣᠳᠠᠯ ᠪᠠ ᠭᠤᠣᠯᠳᠠᠯᠭ᠎ᠠ ᠲᠠᠢ ᠠᠵᠢᠯ ᠢ ᠵᠣᠬᠢᠴᠠᠭᠤᠯᠣᠨ ᠰᠢᠢᠳᠪᠥᠷᠢᠯᠡᠬᠦ ᠪᠠ | ᠨᠢᠬᠡᠳᠥᠯᠳᠠᠢ ᠳᠥᠯᠥᠪᠯᠡᠨ ᠠᠬᠢᠭᠤᠯᠣᠨ᠎ᠠ᠃ ᠥᠪᠡᠷᠳᠡᠭᠡᠨ ᠵᠠᠰᠠᠬᠤ ᠣᠷᠣᠨ ᠤ ᠣᠮᠠᠷᠠᠰᠢ ᠨᠡᠬᠡᠬᠡᠯᠳᠡ ᠬᠢᠬᠦ ᠠᠵᠢᠯ ᠤᠨ | ᠣᠳᠣᠷᠢᠳᠬᠤ ᠳᠣᠭᠤᠶᠢᠯᠠᠩ ᠤᠨ ᠠᠯᠪᠠᠨ ᠬᠡᠷ ᠨᠢ ᠪᠣᠭᠤᠮᠳᠠ ᠶᠢᠨ ᠠᠵᠣ ᠠᠬᠤᠢ ᠶᠢ ᠬᠦᠭᠵᠢᠭᠦᠯᠭᠦ ᠡᠯ᠎ᠡ ᠵᠦᠢᠯ ᠤᠨ | ᠠᠵᠢᠯ ᠤᠨ ᠡᠬᠦᠷᠬᠡ ᠶᠢ ᠵᠣᠬᠢᠶᠠᠨ ᠪᠠᠶᠢᠭᠤᠯᠵᠣ ᠬᠡᠷᠡᠭᠵᠢᠭᠦᠯᠭᠦ ᠪᠠᠨ ᠴᠢᠩᠭᠠᠳᠬᠠᠬᠤ ᠬᠡᠷᠡᠭᠳᠠᠢ᠃ ᠡᠯ᠎ᠡ ᠭᠠᠵᠠᠷ | ᠣᠷᠣᠨ ᠤ ᠬᠢᠨ ᠪᠣᠭᠤᠮᠳᠠ ᠶᠢᠨ ᠠᠵᠣ ᠠᠬᠤᠢ ᠶᠢ ᠬᠦᠭᠵᠢᠭᠦᠯᠭᠦ ᠶᠠᠪᠣᠳᠠᠯ ᠢᠶᠠᠨ ᠡᠳᠥᠷ ᠳᠣᠳᠣᠮ ᠤᠨ ᠴᠢᠬᠤᠯᠠ | ᠵᠥᠪᠯᠡᠬᠦ ᠵᠦᠢᠯ ᠳᠡᠭᠡᠨ ᠣᠷᠣᠭᠤᠯᠵᠣ᠂ ᠪᠣᠭᠤᠮᠳᠠ ᠶᠢᠨ ᠠᠵᠣ ᠠᠬᠤᠢ ᠶᠢᠨ ᠬᠦᠭᠵᠢᠯᠳᠡ ᠶᠢᠨ ᠳᠥᠯᠥᠪᠵᠢᠭᠦᠯᠬᠡ ᠪᠠ | ᠠᠬᠢᠭᠤᠯᠬᠤ ᠠᠷᠭ᠎ᠠ ᠪᠠᠷᠢᠯ ᠢ ᠴᠠᠭ ᠲᠠᠷᠣᠢ ᠳᠤᠨᠢ ᠰᠣᠳᠣᠯᠣᠨ ᠳᠣᠭᠳᠠᠭᠠᠵᠣ᠂ ᠡᠬᠦᠷᠬᠡ ᠪᠠᠨ ᠪᠣᠳᠠᠳᠠᠶᠢᠵᠢᠭᠤᠯᠣᠨ | ᠵᠠᠳᠠᠯᠵᠣ᠂ ᠬᠠᠷᠢᠭᠤᠴᠠᠬᠤ ᠨᠢᠬᠡᠴᠡ ᠪᠠ ᠪᠡᠶᠡᠯᠡᠬᠦᠯᠵᠦ ᠳᠠᠭᠤᠰᠬᠠᠬᠤ ᠬᠤᠭᠤᠴᠠᠭ᠎ᠠ ᠬᠢᠵᠠᠭᠠᠷ ᠢ ᠳᠣᠳᠣᠷᠬᠠᠶᠢᠯᠠᠨ᠂ | ᠠᠷᠭ᠎ᠠ ᠬᠡᠮᠵᠢᠶ᠎ᠡ᠂ ᠬᠠᠷᠢᠭᠤᠴᠠᠯᠭ᠎ᠠ ᠪᠠ ᠨᠠᠶᠢᠳᠠᠪᠣᠷᠢᠵᠢᠭᠤᠯᠣᠯᠳᠠ ᠶᠢ ᠥᠨᠡᠨᠬᠦ ᠪᠣᠳᠠᠲᠠᠶᠢᠵᠢᠭᠤᠯᠬᠤ ᠬᠡᠷᠡᠭᠳᠠᠢ᠃ | ᠥᠪᠡᠷᠳᠡᠭᠡᠨ ᠵᠠᠰᠠᠬᠤ ᠣᠷᠣᠨ ᠤ ᠣᠮᠠᠷᠠᠰᠢ ᠨᠡᠬᠡᠬᠡᠯᠳᠡ ᠬᠢᠬᠦ ᠠᠵᠢᠯ ᠤᠨ ᠣᠳᠣᠷᠢᠳᠬᠤ ᠳᠣᠭᠤᠶᠢᠯᠠᠩ ᠤᠨ ᠠᠯᠪᠠᠨ | ᠬᠡᠷ ᠨᠢ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠣ᠂ ᠡᠯ᠎ᠡ ᠵᠦᠢᠯ ᠤᠨ ᠠᠵᠢᠯ ᠢᠶᠠᠨ ᠪᠣᠳᠠᠳᠠᠢ | ᠭᠠᠵᠠᠷ ᠲᠤᠨᠢ ᠨᠠᠶᠢᠳᠠᠪᠣᠷᠢᠵᠢᠭᠤᠯᠵᠣ ᠥᠷ᠎ᠡ ᠪᠥᠳᠥᠮᠵᠢ ᠣᠯᠬᠤ ᠶᠢ ᠥᠨᠡᠨᠬᠦ ᠪᠠᠳᠣᠯᠠᠬᠤ ᠬᠡᠷᠡᠭᠳᠠᠢ᠃ | ︵ᠬᠤᠷᠢᠨ ᠬᠤᠶᠠᠷ︶ ᠪᠡᠯᠡ ᠮᠥᠩᠭᠦ ᠶᠢᠨ ᠳᠡᠮᠵᠢᠯᠬᠡ ᠶᠢᠨ ᠡᠷᠴᠢᠮ ᠢᠶᠠᠨ ᠴᠢᠩᠭᠠᠷᠠᠭᠤᠯᠣᠨ᠎ᠠ᠃ | ᠥᠪᠡᠷᠳᠡᠭᠡᠨ ᠵᠠᠰᠠᠬᠤ ᠣᠷᠣᠨ ᠤ ᠬᠦᠭᠵᠢᠭᠦᠯᠥᠯᠳᠡ ᠥᠭᠡᠷᠡᠴᠢᠯᠡᠯᠳᠡ ᠶᠢᠨ ᠵᠥᠪᠯᠡᠯ᠂ ᠡᠳ᠋ ᠤᠨ ᠵᠠᠰᠠᠭ ᠤᠨ | ᠲᠢᠩᠬᠢᠮ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠢᠳᠡᠪᠬᠢᠳᠠᠢ ᠬᠠᠮᠵᠢᠯᠴᠠᠵᠣ ᠪᠠᠶᠢᠭᠠᠳ ᠳᠥᠪ ᠤᠨ ᠪᠡᠯᠡ | ᠮᠥᠩᠭᠦ ᠶᠢ ᠣᠯᠬᠤ ᠪᠠᠷ ᠴᠢᠷᠮᠠᠶᠢᠵᠣ᠂ ᠪᠣᠭᠤᠮᠳᠠ ᠶᠢᠨ ᠰᠠᠭᠤᠷᠢ ᠪᠡᠯᠡᠳᠬᠡᠮᠵᠢ ᠶᠢᠨ ᠪᠦᠳᠦᠬᠡᠨ ᠪᠠᠶᠢᠭᠤᠯᠣᠯᠳᠠ ᠳᠤ | ᠬᠡᠷᠡᠭᠯᠡᠬᠦ ᠶᠢᠨ ᠬᠠᠮᠳᠣ᠂ ᠪᠣᠭᠤᠮᠳᠠ ᠶᠢᠨ ᠪᠦᠳᠦᠬᠡᠨ ᠪᠠᠶᠢᠭᠤᠯᠣᠯᠳᠠ ᠪᠠ ᠪᠣᠭᠤᠮᠳᠠ ᠶᠢᠨ ᠠᠵᠣ ᠠᠬᠤᠢ ᠶᠢᠨ | ᠬᠦᠭᠵᠢᠯᠳᠡ ᠳᠤ ᠮᠠᠨ ᠤ ᠣᠷᠣᠨ ᠤ ᠡᠳ᠋ ᠤᠨ ᠵᠠᠰᠠᠭ ᠤᠨ ᠪᠡᠯᠡ ᠮᠥᠩᠭᠦ ᠣᠷᠣᠭᠤᠯᠬᠤ ᠡᠷᠴᠢᠮ ᠢᠶᠠᠨ | ᠴᠢᠩᠭᠠᠷᠠᠭᠤᠯᠬᠤ ᠬᠡᠷᠡᠭᠳᠠᠢ᠃ ᠡᠯ᠎ᠡ ᠠᠶᠢᠮᠠᠭ ᠬᠤᠳᠠ ᠶᠢᠨ ᠬᠢᠨ ᠵᠣᠬᠢᠬᠤ ᠲᠥᠭᠦᠷᠵᠢᠭᠰᠡᠨ ᠪᠡᠯᠡ ᠮᠥᠩᠭᠦ ᠶᠢᠨ | ᠳᠡᠮᠵᠢᠯᠬᠡ ᠶᠢᠨ ᠠᠷᠭ᠎ᠠ ᠬᠡᠮᠵᠢᠶ᠎ᠠ ᠶᠢ ᠳᠣᠭᠳᠠᠭᠠᠨ᠂ ᠪᠣᠭᠤᠮᠳᠠ ᠶᠢᠨ ᠣᠯᠠᠨ ᠡᠰᠢᠳᠥ ᠪᠡᠯᠡ ᠣᠷᠣᠭᠤᠯᠬᠤ | ᠳᠣᠭᠳᠠᠴᠠ ᠶᠢ ᠪᠠᠶᠢᠭᠤᠯᠵᠣ᠂ ᠪᠣᠭᠤᠮᠳᠠ ᠶᠢᠨ ᠪᠦᠳᠦᠬᠡᠨ ᠪᠠᠶᠢᠭᠤᠯᠣᠯᠳᠠ ᠪᠠ ᠪᠣᠭᠤᠮᠳᠠ ᠶᠢᠨ ᠠᠵᠣ ᠠᠬᠤᠢ ᠶᠢᠨ | ᠬᠦᠭᠵᠢᠯᠳᠡ ᠳᠤ ᠪᠡᠯᠡ ᠮᠥᠩᠭᠦ ᠶᠢᠨ ᠣᠷᠣᠭᠤᠯᠣᠯᠳᠠ ᠪᠠᠨ ᠨᠡᠮᠡᠭᠳᠡᠭᠦᠯᠵᠥ᠂ ᠪᠣᠭᠤᠮᠳᠠ ᠶᠢᠨ ᠶᠡᠷᠥᠩᠬᠡᠶᠢᠯᠡᠭᠰᠡᠨ | ᠳᠠᠭᠠᠭᠠᠴᠠ ᠶᠢ ᠳᠡᠭᠡᠭᠰᠢᠯᠡᠭᠦᠯᠥᠨ᠂ ᠠᠵᠣ ᠦᠢᠯᠡᠰ ᠢ ᠬᠦᠭᠵᠢᠭᠦᠯᠭᠦ ᠳᠣᠰᠬᠠᠢ ᠰᠠᠭᠤᠷᠢ ᠮᠥᠩᠭᠦ ᠶᠢᠨ ᠬᠠᠮᠣᠷᠬᠤ | ᠬᠡᠪᠴᠢᠶ᠎ᠡ ᠶᠢ ᠥᠷᠭᠡᠳᠬᠡᠵᠥ᠂ ᠥᠪᠡᠷᠮᠢᠴᠡ ᠣᠨᠴᠠᠯᠢᠭᠳᠣ ᠠᠵᠣ ᠦᠢᠯᠡᠰ ᠤᠨ ᠬᠡᠯᠪᠡᠷᠢ ᠪᠠᠨ ᠬᠤᠪᠢᠷᠠᠭᠤᠯᠣᠨ ᠳᠡᠰ | ᠳᠡᠪᠰᠢᠭᠦᠯᠭᠦ ᠶᠢ ᠠᠬᠢᠭᠤᠯᠵᠣ᠂ ᠳᠥᠪᠯᠡᠷᠡᠭᠦᠯᠥᠨ ᠬᠦᠭᠵᠢᠭᠦᠯᠭᠦ ᠳᠠᠪᠠᠭᠤᠯᠢᠭ ᠢ ᠪᠥᠷᠢᠯᠳᠥᠭᠦᠯᠥᠨ᠎ᠡ᠃ | ︵ᠬᠤᠷᠢᠨ ᠭᠤᠷᠪᠠ︶ ᠳᠥᠷᠥ ᠶᠢᠨ ᠪᠣᠳᠣᠯᠭ᠎ᠠ ᠶᠢᠨ ᠳᠡᠮᠵᠢᠯᠬᠡ ᠶᠢᠨ ᠡᠷᠴᠢᠮ ᠢ ᠴᠢᠩᠭᠠᠷᠠᠭᠤᠯᠣᠨ᠎ᠠ᠃ | ᠪᠣᠭᠤᠮᠳᠠ ᠶᠢᠨ ᠪᠦᠳᠦᠬᠡᠨ ᠪᠠᠶᠢᠭᠤᠯᠣᠯᠳᠠ ᠪᠠ ᠪᠣᠭᠤᠮᠳᠠ ᠶᠢᠨ ᠠᠵᠣ ᠠᠬᠤᠢ ᠶᠢᠨ ᠬᠦᠭᠵᠢᠯᠳᠡ ᠶᠢ ᠴᠢᠩᠭᠠᠳᠬᠠᠬᠤ | ᠳᠣᠬᠠᠢ ᠣᠯᠣᠰ ᠪᠠ ᠥᠪᠡᠷᠳᠡᠭᠡᠨ ᠵᠠᠰᠠᠬᠤ ᠣᠷᠣᠨ ᠤ ᠶᠡᠷᠥᠩᠬᠡᠢ ᠰᠡᠳᠬᠢᠮᠵᠢ ᠪᠣᠯᠣᠨ ᠭᠤᠣᠯ ᠡᠬᠦᠷᠬᠡ ᠶᠢᠨ | ᠶᠣᠰᠣᠭᠠᠷ᠂ ᠳᠥᠷᠥ ᠶᠢᠨ ᠪᠣᠳᠣᠯᠭ᠎ᠠ ᠪᠠᠷ ᠳᠡᠳᠭᠦᠭᠦ ᠳᠣᠭᠳᠠᠴᠠ ᠳᠤ ᠰᠢᠨ᠎ᠡ ᠶᠢ ᠡᠬᠦᠳᠴᠥ᠂ ᠪᠣᠭᠤᠮᠳᠠ ᠶᠢᠨ | ᠬᠦᠭᠵᠢᠯᠳᠡ ᠲᠠᠢ ᠬᠤᠯᠪᠣᠭᠳᠠᠬᠤ ᠠᠵᠣ ᠦᠢᠯᠡᠰ᠂ ᠡᠳ᠋ ᠤᠨ ᠵᠠᠰᠠᠭ ᠭᠠᠶᠢᠯᠢ ᠳᠠᠳᠠᠪᠣᠷᠢ᠂ ᠭᠠᠵᠠᠷ ᠰᠢᠷᠣᠢ᠂ | ᠮᠥᠩᠭᠦᠨ ᠬᠦᠢᠯᠬᠡᠬᠡ ᠪᠠ ᠴᠢᠳᠠᠪᠣᠷᠢᠳᠠᠨ ᠵᠡᠷᠬᠡ ᠶᠢ ᠳᠡᠳᠬᠦᠬᠦ ᠳᠥᠷᠥ ᠶᠢᠨ ᠪᠣᠳᠣᠯᠭ᠎ᠠ ᠶᠢᠨ ᠨᠠᠶᠢᠳᠠᠪᠣᠷᠢᠵᠢᠭᠤᠯᠬᠤ | ᠠᠵᠢᠯ ᠢ ᠦᠨᠡᠨᠬᠦ ᠰᠠᠶᠢᠳᠣᠷ ᠠᠳᠬᠤᠬᠤ ᠬᠡᠷᠡᠭᠳᠠᠢ᠃ ᠪᠣᠭᠤᠮᠳᠠ ᠶᠢᠨ ᠬᠦᠭᠵᠢᠯᠳᠡ ᠶᠢᠨ ᠪᠣᠳᠠᠳᠠᠢ ᠲᠠᠢ | ᠣᠶᠠᠯᠳᠣᠭᠤᠯᠣᠨ᠂ ᠥᠪᠡᠷᠮᠢᠴᠡ ᠣᠨᠴᠠᠯᠢᠭᠳᠣ ᠠᠵᠣ ᠦᠢᠯᠡᠰ ᠢ ᠳᠡᠳᠭᠦᠭᠦ ᠡᠷᠴᠢᠮ ᠢᠶᠠᠨ ᠵᠣᠬᠢᠬᠤ ᠬᠡᠮᠵᠢᠶ᠎ᠡ ᠪᠠᠷ | ᠴᠢᠩᠭᠠᠷᠠᠭᠤᠯᠵᠣ᠂ ᠴᠢᠨᠠᠷ ᠰᠠᠶᠢᠳᠠᠢ ᠬᠦᠷᠥᠩᠬᠡ ᠶᠢ ᠴᠣᠭᠯᠠᠭᠤᠯᠬᠤ ᠪᠠ ᠬᠦᠭᠵᠢᠭᠰᠡᠨ ᠭᠠᠵᠠᠷ ᠣᠷᠣᠨ ᠤ ᠠᠵᠣ | ᠦᠢᠯᠡᠰ ᠢ ᠰᠢᠯᠵᠢᠭᠦᠯᠥᠨ ᠳᠠᠳᠠᠨ ᠣᠷᠣᠭᠤᠯᠵᠣ᠂ ᠪᠣᠭᠤᠮᠳᠠ ᠶᠢᠨ ᠠᠵᠣ ᠠᠬᠤᠢ ᠶᠢᠨ ᠳᠥᠷᠬᠡᠨ ᠬᠦᠭᠵᠢᠯᠳᠡ ᠶᠢ | ᠠᠬᠢᠭᠤᠯᠬᠤ ᠬᠡᠷᠡᠭᠳᠡᠢ᠃ ᠣᠯᠣᠰ ᠪᠠ ᠥᠪᠡᠷᠳᠡᠭᠡᠨ ᠵᠠᠰᠠᠬᠤ ᠣᠷᠣᠨ ᠤ ᠨᠢᠬᠡᠨᠳᠡ ᠳᠣᠭᠳᠠᠭᠠᠨ ᠨᠡᠶᠢᠳᠡᠯᠡᠭᠰᠡᠨ ᠡᠯ᠎ᠡ | ᠵᠦᠢᠯ ᠤᠨ ᠳᠡᠳᠭᠦᠭᠦ ᠳᠥᠷᠥ ᠶᠢᠨ ᠪᠣᠳᠣᠯᠭ᠎ᠠ ᠶᠢ ᠬᠢᠨᠠᠮᠠᠭᠠᠢ ᠰᠠᠶᠢᠳᠣᠷ ᠨᠠᠶᠢᠳᠠᠪᠣᠷᠢᠵᠢᠭᠤᠯᠬᠤ ᠶᠢᠨ ᠬᠠᠮᠳᠣ᠂ | ᠴᠠᠭ ᠤᠨ ᠪᠠᠶᠢᠳᠠᠯ ᠤᠨ ᠬᠦᠭᠵᠢᠯᠳᠡ ᠪᠠ ᠪᠣᠳᠠᠳᠠᠢ ᠠᠵᠢᠯ ᠤᠨ ᠬᠡᠷᠡᠭᠴᠡᠭᠡ ᠪᠠᠨ ᠥᠨᠳᠥᠰᠥᠯᠡᠨ ᠳᠡᠳᠭᠦᠮᠵᠢ ᠶᠢᠨ | ᠳᠥᠷᠥ ᠶᠢᠨ ᠪᠣᠳᠣᠯᠭ᠎ᠠ ᠶᠢ ᠰᠢᠨ᠎ᠡ ᠪᠠᠷ ᠰᠣᠳᠣᠯᠣᠨ ᠳᠣᠭᠳᠠᠭᠠᠬᠤ ᠪᠠ ᠨᠡᠶᠢᠳᠡᠯᠡᠨ᠎ᠡ᠃ ᠡᠬᠦᠨ ᠤ ᠬᠠᠮᠳᠣ ᠮᠠᠨ ᠤ | ᠣᠷᠣᠨ ᠤ ᠪᠣᠭᠤᠮᠳᠠ ᠶᠢᠨ ᠪᠦᠳᠦᠬᠡᠨ ᠪᠠᠶᠢᠭᠤᠯᠣᠯᠳᠠ ᠪᠠ ᠪᠣᠭᠤᠮᠳᠠ ᠶᠢᠨ ᠠᠵᠣ ᠠᠬᠤᠢ ᠶᠢᠨ ᠬᠦᠭᠵᠢᠯᠳᠡ ᠶᠢᠨ | ᠬᠡᠷᠡᠭᠴᠡᠭᠡ ᠶᠢ ᠥᠨᠳᠥᠰᠥᠯᠡᠨ᠂ ᠣᠯᠣᠰ ᠤᠨ ᠨᠡᠩ ᠣᠯᠠᠨ ᠳᠥᠷᠥ ᠶᠢᠨ ᠪᠣᠳᠣᠯᠭ᠎ᠠ ᠶᠢᠨ ᠳᠡᠮᠵᠢᠯᠬᠡ ᠶᠢ ᠣᠯᠬᠤ ᠪᠠᠷ | ᠢᠳᠡᠪᠬᠢᠳᠠᠢ ᠴᠢᠷᠮᠠᠶᠢᠬᠤ ᠬᠡᠷᠡᠭᠳᠡᠢ᠃ | | |