ᠥᠪᠥᠷ ᠮᠣᠩᠭᠤᠯ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠬᠢᠨ ︽ᠵᠢᠷᠭᠤᠭ᠎ᠠ ᠶᠢ ᠨᠢᠭᠡ ᠴᠤᠭᠴᠠᠵᠢᠭᠤᠯᠬᠤ︾ ᠦᠢᠯᠡᠴᠢᠯᠡᠭᠡ ᠨᠢ ᠣᠯᠠᠨ ᠲᠦᠮᠡᠨ ᠳᠤ ᠣᠨᠴᠠ ᠳᠥᠭᠦᠮ ᠦᠵᠡᠭᠦᠯᠵᠤ ᠪᠠᠶᠢᠨ᠎ᠠ
ᠨᠡᠶᠢᠲᠡᠯᠡᠭᠰᠡᠨ ᠴᠠᠭ᠄
2015/6/29
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠤ᠂ ᠥᠷᠭᠡᠨ ᠣᠯᠠᠨ ᠲᠦᠮᠡᠨ ᠤ ᠦᠨᠳᠦᠰᠦᠨ ᠡᠮ ᠡᠮᠨᠡᠯᠭᠡ ᠶᠢᠨ ᠦᠢᠯᠡᠴᠢᠯᠡᠭᠡᠨ ᠤ ᠬᠡᠷᠡᠭᠴᠡᠭᠡ ᠶᠢ ᠪᠠᠲᠤᠯᠠᠬᠤ ᠶᠠᠪᠤᠳᠠᠯ ᠢ᠂ ᠥᠭᠡᠷᠡᠴᠢᠯᠡᠯᠲᠡ ᠶᠢᠨ ᠠᠰᠢᠭ ᠲᠤᠰᠠ ᠶᠢ᠂ ᠠᠷᠠᠳ ᠣᠯᠠᠨ ᠳᠤ ᠬᠦᠷᠲᠡᠭᠡᠬᠦ ᠰᠠᠭᠤᠷᠢ ᠠᠵᠢᠯ ᠪᠤᠯᠭᠠᠵᠤ᠂ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ ᠪᠠᠶᠢᠨ᠎ᠠ᠃ ᠣᠳᠣᠬᠠᠨ ᠳᠤ᠂ ᠪᠦᠬᠦ ᠣᠷᠣᠨ ᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠨᠢ ᠡᠷᠡᠭᠦᠯ ᠮᠡᠨᠳᠦ ᠶᠢ ᠤᠷᠢᠳᠴᠢᠯᠠᠨ ᠰᠡᠷᠭᠡᠶᠢᠯᠡᠬᠦ᠂ ᠦᠷᠭᠦᠯᠵᠢ ᠲᠤᠬᠢᠶᠠᠯᠳᠤᠳᠠᠭ ᠡᠪᠡᠳᠴᠢᠨ ᠢ ᠣᠨᠣᠰᠢᠯᠠᠨ ᠡᠮᠨᠡᠬᠦ᠂ ᠤᠵᠢᠭ ᠡᠪᠡᠳᠴᠢᠨ ᠢ ᠬᠠᠮᠢᠶᠠᠷᠬᠤ᠂ ᠡᠮᠴᠢᠯᠡᠨ ᠡᠷᠡᠭᠦᠯᠵᠢᠭᠦᠯᠬᠦ ᠂ ᠡᠷᠡᠭᠦᠯ ᠮᠡᠨᠳᠦ ᠶᠢᠨ ᠬᠥᠮᠦᠵᠢᠯ ᠬᠢᠬᠦ ᠪᠠ ᠲᠥᠯᠥᠪᠯᠡᠭᠡ ᠲᠠᠢ ᠪᠠᠷ ᠬᠡᠦᠬᠡᠳ ᠠᠪᠬᠤ ᠮᠡᠷᠭᠡᠵᠢᠯ ᠤᠨ ᠦᠢᠯᠡᠴᠢᠯᠡᠭᠡ ᠵᠡᠷᠭᠡ ︽ᠵᠢᠷᠭᠤᠭ᠎ᠠ ᠶᠢ ᠨᠢᠭᠡ ᠴᠤᠭᠴᠠᠵᠢᠭᠤᠯᠬᠤ︾ ᠦᠢᠯᠡᠴᠢᠯᠡᠭᠡᠨ ᠤ ᠴᠢᠳᠠᠮᠵᠢ ᠶᠢ ᠬᠡᠷᠡᠭᠵᠢᠬᠦᠯᠦᠭᠡᠳ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠪᠠᠶᠢᠬᠤ ᠶᠠᠪᠤᠳᠠᠯ ᠳᠤ ᠤᠨᠴᠠ ᠳᠥᠭᠦᠮ ᠦᠵᠡᠬᠦᠯᠪᠡ᠃      ᠥᠪᠥᠷ ᠮᠣᠩᠭᠤᠯ ᠤᠨ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠵᠦᠪᠯᠡᠯ ᠡᠯ᠎ᠡ ᠭᠠᠵᠠᠷ ᠤᠨ ᠨᠡᠶᠢᠭᠡᠮ ᠲᠣᠭᠤᠷᠢᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠲᠠᠰᠤᠷᠠᠯᠲᠠ ᠦᠭᠡᠶ ᠲᠤᠬᠢᠷᠠᠭᠤᠯᠵᠤ᠂ ᠨᠡᠶᠢᠭᠡᠮ ᠲᠣᠭᠤᠷᠢᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠠᠷᠢᠮ ᠭᠠᠵᠠᠷ ᠣᠷᠣᠨ ᠳᠤ ᠨᠢᠭᠡᠨᠲᠡ ᠶᠡᠭᠡ ᠡᠮᠨᠡᠯᠭᠡ ᠶᠢᠨ ᠬᠤᠷᠢᠶ᠎ᠠ ᠪᠠᠷ ᠲᠤᠯᠤᠭᠠᠶᠢᠯᠠᠭᠤᠯᠤᠭᠰᠠᠨ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢᠶᠠᠷ ᠵᠠᠩᠬᠢᠯᠠᠭ᠎ᠠ ᠪᠤᠯᠭᠠᠭᠰᠠᠨ᠂ ᠦᠢᠯᠡᠴᠢᠯᠡᠭᠡᠨ ᠤ ᠴᠢᠭ᠋ ᠢᠶᠠᠷ ᠰᠦᠯᠵᠢᠶ᠎ᠡ ᠶᠢᠨ ᠰᠠᠭᠤᠷᠢ ᠪᠤᠯᠭᠠᠭᠰᠠᠨ ᠬᠤᠲᠠ ᠶᠢᠨ ᠦᠨᠳᠦᠰᠦᠨ ᠡᠮ ᠡᠮᠨᠡᠯᠭᠡ ᠶᠢᠨ ᠦᠢᠯᠡᠴᠢᠯᠡᠭᠡᠨ ᠤ ᠰᠦᠯᠵᠢᠶ᠎ᠡ ᠪᠤᠢ ᠪᠤᠯᠤᠭᠰᠠᠨ ᠪᠠᠶᠢᠨ᠎ᠠ᠃ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠨᠢ ᠬᠥᠮᠦᠨ ᠢᠶᠠᠷ ᠦᠨᠳᠦᠰᠦ ᠪᠣᠯᠭᠠᠬᠤ᠂ ᠡᠷᠡᠭᠦᠯ ᠮᠡᠨᠳᠦ ᠶᠢᠨ ᠦᠢᠯᠡᠴᠢᠯᠡᠭᠡ ᠪᠠᠷ ᠭᠤᠣᠯ ᠪᠣᠯᠭᠠᠬᠤ᠂ ᠲᠣᠬᠢᠷᠠᠮᠵᠢᠲᠠᠶ ᠡᠮ ᠡᠮᠨᠡᠯᠭᠡ ᠶᠢᠨ ᠦᠨᠳᠦᠰᠦᠨ ᠦᠢᠯᠡᠴᠢᠯᠡᠭᠡ ᠥᠷᠨᠢᠭᠦᠯᠬᠦ ᠪᠠᠷ ᠠᠷᠭ᠎ᠠ ᠪᠠᠷᠢᠯ ᠪᠤᠯᠭᠠᠬᠤ ᠶᠢ ᠪᠠᠷᠢᠮᠲᠠᠯᠠᠵᠤ᠂ ᠪᠦᠲᠦᠮᠵᠢᠲᠡᠶ ᠭᠠᠷ ᠲᠦᠷᠦᠭᠦ ᠠᠷᠭ᠎ᠠ ᠬᠡᠮᠵᠢᠶ᠎ᠡ ᠠᠪᠴᠤ ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠡᠷᠡᠭᠦᠯ ᠮᠡᠨᠳᠦ ᠶᠢ ᠤᠷᠢᠳᠴᠢᠯᠠᠨ ᠰᠡᠷᠭᠡᠶᠢᠯᠡᠬᠦ ᠂ ᠦᠷᠭᠦᠯᠵᠢ ᠲᠣᠬᠢᠶᠠᠯᠳᠤᠳᠠᠭ ᠡᠪᠡᠳᠴᠢᠨ ᠢ ᠣᠨᠣᠰᠢᠯᠠᠨ ᠡᠮᠨᠡᠬᠦ᠂ ᠤᠵᠢᠭ ᠡᠪᠡᠳᠴᠢᠨ ᠢ ᠬᠠᠮᠢᠶᠠᠷᠬᠤ ᠵᠡᠷᠭᠡ ᠲᠠᠯ᠎ᠠ ᠪᠠᠷ ᠡᠭᠦᠷᠭᠡ ᠴᠢᠳᠠᠮᠵᠢ ᠪᠠᠨ ᠪᠠᠳᠠᠷᠠᠭᠤᠯᠵᠠᠢ᠂ ᠡᠬᠦᠨ ᠤ ᠬᠠᠮᠲᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠶᠡᠭᠡ ᠡᠮᠨᠡᠯᠭᠡ ᠶᠢᠨ ᠬᠤᠷᠢᠶ᠎ᠠ ᠯᠤᠭ᠎ᠠ ᠣᠯᠠᠨ ᠵᠦᠢᠯ ᠤᠨ ᠬᠡᠯᠪᠡᠷᠢ ᠶᠢᠨ ᠲᠤᠬᠠᠶᠢᠯᠠᠭᠰᠠᠨ ᠠᠵᠢᠯ ᠤᠨ ᠬᠠᠷᠢᠯᠴᠠᠭ᠎ᠠ ᠪᠠ ᠬᠠᠮᠲᠤᠷᠠᠯᠴᠠᠭ᠎ᠠ ᠶᠢ ᠥᠷᠨᠢᠭᠦᠯᠵᠦ᠂ ︽ᠣᠲᠠᠴᠢ ᠡᠮᠴᠢ ᠶᠢᠨ ᠠᠵᠢᠯ ᠤᠨ ᠦᠷᠦᠭᠡ︾᠎ ᠶᠢ ᠡᠭᠦᠳᠦᠨ ᠪᠠᠶᠢᠭᠤᠯᠬᠤ ᠵᠡᠷᠭᠡ ᠬᠡᠯᠪᠡᠷᠢ ᠪᠠᠷ ᠴᠢᠨᠠᠷ ᠰᠠᠶᠢᠲᠠᠢ ᠡᠮ ᠡᠮᠨᠡᠯᠭᠡ ᠶᠢᠨ ᠡᠬᠢ ᠪᠠᠶᠠᠯᠢᠭ ᠢ ᠭᠤᠯᠳᠤ ᠪᠠᠷ ᠪᠠᠭᠤᠯᠭᠠᠵᠤ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠦᠨᠳᠦᠰᠦᠨ ᠱᠠᠲᠤᠨ ᠳᠤ ᠠᠩᠬ᠎ᠠ ᠡᠮᠴᠢᠯᠡᠬᠦ ᠂ ᠬᠤᠣᠰ ᠴᠢᠭᠯᠡᠯ ᠢᠶᠠᠷ ᠰᠢᠯᠵᠢᠭᠦᠯᠦᠨ ᠡᠮᠨᠡᠬᠦ᠂ ᠶᠡᠭᠡ ᠡᠮᠴᠢ ᠣᠯᠠᠨ ᠴᠢᠭ᠋ ᠲᠤ ᠠᠵᠢᠯ ᠡᠷᠬᠢᠯᠡᠬᠦ ᠵᠡᠷᠭᠡ ᠥᠭᠡᠷᠡᠴᠢᠯᠡᠯᠲᠡ ᠶᠢᠨ ᠲᠠᠯ᠎ᠠ ᠪᠠᠷ ᠠᠰᠢᠭᠲᠠᠶ ᠰᠥᠪᠡᠭᠴᠢᠯᠡᠯᠲᠡ ᠬᠢᠵᠠᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠡᠭᠡᠵᠢᠩ ᠤᠨ 40 ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠎ ᠲᠠᠢ ᠦᠷᠨᠢᠭᠦᠯᠦᠭᠰᠡᠨ ᠪᠡᠭᠡᠵᠢᠩ ᠦᠪᠦᠷ ᠮᠣᠩᠭᠤᠯ ᠤᠨ ︽ᠭᠠᠷ ᠭᠠᠷ ᠢᠶᠠᠨ  ᠬᠦᠲᠦᠯᠦᠯᠴᠡᠬᠦ︾ ᠬᠠᠷᠢᠯᠴᠠᠨ ᠬᠠᠪᠰᠤᠷᠤᠯᠴᠠᠬᠤ ᠠᠵᠢᠯᠯᠠᠭ᠎ᠠ ᠶᠡᠬᠡᠳᠡ ᠬᠦᠭᠵᠢᠵᠤ᠂ ᠨᠡᠶᠢᠭᠡᠮ ᠲᠣᠭᠤᠷᠢᠭ ᠤᠨ ᠬᠤᠭᠤᠷᠤᠨᠳᠤ ᠪᠠᠨ ᠵᠢᠱᠢᠶ᠎ᠡ ᠦᠵᠡᠭᠦᠯᠦᠨ ᠳᠠᠭᠠᠭᠤᠯᠤᠨ ᠰᠤᠷᠭᠠᠬᠤ᠂ ᠲᠤᠬᠠᠶ ᠶᠢᠨ ᠭᠠᠵᠠᠷ ᠲᠤᠨᠢ ᠰᠤᠷᠤᠯᠴᠠᠬᠤ ᠵᠡᠷᠭᠡ ᠠᠷᠭ᠎ᠠ ᠪᠠᠷ ᠳᠠᠮᠵᠢᠭᠤᠯᠤᠨ ᠂ ᠬᠠᠪᠰᠤᠷᠤᠯᠴᠠᠬᠤ ᠬᠠᠷᠢᠯᠴᠠᠨ ᠠᠵᠢᠯ ᠢ ᠴᠢᠭᠯᠡᠬᠦᠯᠬᠦ ᠴᠢᠨᠠᠷᠲᠠᠢ ᠦᠷᠨᠢᠭᠦᠯᠦᠨ᠂ ᠪᠦᠬᠦ ᠣᠷᠣᠨ ᠤ ᠨᠡᠶᠢᠭᠡᠮ ᠲᠣᠭᠤᠷᠢᠭ ᠤᠨ ᠡᠮ ᠡᠮᠨᠡᠯᠭᠡ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠠᠵᠢᠯ ᠤᠨ ᠬᠢᠷᠢ ᠲᠦᠪᠰᠢᠨ ᠢ ᠲᠡᠭᠡᠭᠰᠢᠯᠡᠭᠦᠯᠦᠭᠰᠡᠨ ᠪᠠᠶᠢᠨ᠎ᠠ᠃      ᠡᠭᠦᠨ ᠤ ᠬᠠᠮᠲᠤ᠂ ᠪᠦᠬᠦ ᠣᠷᠣᠨ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠬᠢᠭᠡᠳ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠬᠤᠭᠤᠷᠣᠨᠳᠣᠬᠢ ᠤᠷᠲᠤ ᠬᠤᠭᠤᠴᠠᠭᠠᠨ ᠤ᠂ ᠲᠣᠭᠲᠠᠭᠤᠨ ᠪᠦᠭᠡᠳ ᠳᠦᠷᠢᠮᠵᠢᠭᠦᠯᠦᠭᠰᠡᠨ ᠠᠵᠢᠯ ᠬᠤᠪᠢᠶᠠᠷᠢᠯᠠᠨ ᠬᠠᠮᠵᠢᠯᠴᠠᠬᠤ ᠲᠣᠭᠲᠠᠴᠠ ᠶᠢ ᠲᠦᠷᠭᠡᠨ ᠪᠠᠶᠢᠭᠤᠯᠵᠠᠢ᠃ ᠰᠢᠶᠠᠨ ᠰᠢᠶᠠᠩ ᠲᠣᠰᠬᠤᠨ ᠤ ᠨᠢᠭᠡ ᠴᠤᠭᠴᠠᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮᠵᠢ ᠶᠢ ᠢᠳᠡᠪᠬᠢᠲᠡᠶ ᠰᠦᠪᠡᠭᠴᠢᠯᠡᠨ ᠪᠠᠶᠢᠭᠤᠯᠵᠤ᠂  ᠰᠢᠶᠠᠨ ᠤ ᠬᠡᠪᠴᠢᠶᠡᠨ ᠳᠤ᠂ ᠬᠤᠰᠢᠭᠤ ᠰᠢᠶᠠᠨ ᠤ ᠡᠮᠨᠡᠯᠭᠡ ᠶᠢᠨ ᠬᠤᠷᠢᠶ᠎ᠠ ᠪᠠᠷ ᠲᠣᠯᠣᠭᠠᠶᠢᠯᠠᠭᠤᠯᠵᠤ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠣᠯᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠲᠦᠪ ᠢᠶᠠᠷ ᠭᠤᠣᠯ ᠴᠣᠭᠴᠠ ᠪᠤᠯᠭᠠᠵᠤ᠂ ᠡᠷᠡᠭᠦᠯ ᠬᠠᠮᠠᠭᠠᠯᠠᠯ ᠤᠨ ᠥᠷᠥᠭᠡ ᠪᠤᠯᠤᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠴᠢᠭ᠋ ᠢᠶᠠᠷ ᠰᠠᠭᠤᠷᠢ ᠪᠤᠯᠭᠠᠭᠰᠠᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ︽ᠰᠢᠨᠵᠢᠯᠡᠬᠦ ᠤᠬᠠᠭᠠᠨᠴᠢ ᠬᠠᠮᠢᠶᠠᠷᠤᠯᠲᠠ ᠲᠠᠢ᠂ ᠡᠬᠢ ᠪᠠᠶᠠᠯᠢᠭ ᠢ ᠬᠠᠮᠲᠤ ᠪᠠᠷ ᠬᠦᠷᠲᠡᠭᠦ ᠂ ᠦᠨᠳᠦᠰᠦᠨ ᠱᠠᠲᠤᠨ ᠳᠤ ᠠᠩᠬ᠎ᠠ ᠡᠮᠴᠢᠯᠡᠬᠦ᠂ ᠱᠠᠲᠤ ᠬᠤᠪᠢᠶᠠᠨ ᠣᠨᠣᠰᠢᠯᠠᠨ ᠡᠮᠨᠡᠬᠦ᠂ ᠬᠤᠣᠰ ᠴᠢᠭᠯᠡᠯ ᠢᠶᠠᠷ ᠰᠢᠯᠵᠢᠭᠦᠯᠦᠨ ᠡᠮᠨᠡᠬᠦ︾᠎ ᠶᠢ ᠨᠢᠭᠡ ᠴᠤᠭᠴᠠᠵᠢᠭᠤᠯᠤᠭᠰᠠᠨ ᠬᠠᠮᠢᠶᠠᠷᠤᠯᠲᠠ ᠶᠢᠨ ᠰᠢᠨ᠎ᠡ ᠪᠠᠶᠢᠷᠢᠰᠢᠯ ᠢ ᠪᠤᠶ ᠪᠤᠯᠭᠠᠵᠠᠢ᠃ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠨᠡᠷᠡᠲᠦ ᠰᠠᠯᠠᠭ᠎ᠠ ᠲᠠᠰᠤᠭ᠂ ᠤᠲᠠᠴᠢ ᠡᠮᠴᠢ ᠨᠠᠷ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠳᠡᠮᠵᠢᠬᠦ ᠡᠷᠴᠢᠮ ᠢ ᠴᠢᠩᠭᠠᠷᠠᠭᠤᠯᠵᠤ᠂ ᠨᠡᠶᠢᠭᠡᠮ ᠲᠣᠭᠤᠷᠢᠭ ᠤᠨ ᠲᠥᠪ᠂ ᠡᠷᠡᠭᠦᠯ ᠬᠠᠮᠠᠭᠠᠯᠠᠯ ᠤᠨ ᠬᠤᠷᠢᠶ᠎ᠠ ᠳᠤ ︽ᠣᠲᠠᠴᠢ ᠡᠮᠴᠢ ᠶᠢᠨ ᠠᠵᠢᠯ ᠤᠨ ᠦᠷᠦᠭᠡ︾᠂ ︽ᠲᠣᠭᠤᠷᠢᠨ ᠡᠮᠴᠢᠯᠡᠬᠦ︾ ᠵᠡᠷᠭᠡ ᠬᠡᠯᠪᠡᠷᠢ ᠶᠢ ᠠᠪᠴᠤ᠂ ᠦᠨᠳᠦᠰᠦᠨ ᠱᠠᠲᠤᠨ ᠳᠤ ᠠᠩᠬ᠎ᠠ ᠡᠮᠴᠢᠯᠡᠬᠦ ᠳᠤ ᠲᠧᠭᠨᠢᠭ ᠮᠡᠷᠭᠡᠵᠢᠯ ᠤᠨ ᠲᠦᠰᠢᠭ ᠲᠤᠯᠭᠠᠭᠤᠷᠢ ᠲᠠᠢ᠂ ᠬᠤᠣᠰ ᠴᠢᠭᠯᠡᠯ ᠢᠶᠠᠷ ᠰᠢᠯᠵᠢᠭᠦᠯᠦᠨ ᠡᠮᠨᠡᠬᠦ ᠳᠤ ᠰᠢᠰᠲ᠋ᠧᠮ ᠤᠨ ᠪᠠᠲᠤᠯᠠᠭ᠎ᠠ ᠲᠠᠢ᠂ ᠱᠠᠲᠤ ᠬᠤᠪᠢᠶᠠᠨ ᠣᠨᠣᠰᠢᠯᠠᠨ ᠡᠮᠨᠡᠬᠦ ᠳᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠲᠠᠢ᠂ ᠴᠢᠳᠠᠪᠤᠷᠢᠲᠠᠨ ᠪᠤᠯᠤᠨ ᠮᠡᠳᠡᠭᠡ ᠵᠠᠩᠭᠢᠵᠢᠯᠳᠡ ᠶᠢᠨ ᠪᠦᠲᠦᠭᠡᠨ ᠪᠠᠶᠢᠭᠤᠯᠤᠯᠲᠠ ᠳᠤ ᠳᠦᠷᠢᠮ ᠤᠨ ᠬᠢᠵᠠᠭᠠᠷᠯᠠᠯ ᠲᠠᠢ ᠪᠤᠯᠭᠠᠪᠠ᠃ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠪᠠᠶᠢᠭᠤᠯᠬᠤ ᠪᠦᠲᠦᠭᠡᠨ ᠪᠠᠶᠢᠭᠤᠯᠤᠯᠲᠠ ᠪᠠᠷ ᠳᠠᠮᠵᠢᠭᠤᠯᠤᠨ᠂ ᠬᠠᠲᠠᠭᠤ ᠵᠥᠭᠡᠯᠡᠨ ᠲᠤᠨᠤᠭ ᠤᠨ ᠲᠦᠰᠢᠭ ᠲᠤᠯᠭᠠᠭᠤᠷᠢ ᠨᠡᠩ ᠬᠦᠴᠦᠲᠡᠶ ᠪᠤᠯᠭᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ 2015 ᠣᠨ ᠳᠤ ᠂ 15 %᠎ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠬᠦ ᠪᠠᠷ ᠬᠦᠴᠦᠯᠡᠨ ᠴᠢᠷᠮᠠᠶᠢᠵᠤ᠂ 2016 ᠤᠨ ᠳᠤ᠂ 40 %᠎ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠵᠤ᠂ 2020 ᠣᠨ ᠪᠤᠯᠬᠤ ᠳᠤ᠂ ᠪᠦᠬᠦ ᠣᠷᠣᠨ ᠤ 1332  ᠡᠷᠡᠭᠦᠯ ᠬᠠᠮᠠᠭᠠᠯᠠᠯ ᠤᠨ ᠬᠤᠷᠢᠶ᠎ᠠ ᠶᠢ ᠦᠨᠳᠦᠰᠦᠨ ᠳᠡᠭᠡᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号