|
ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠡᠷᠭᠡ ᠳᠤ ᠬᠢᠨᠠᠯᠳᠠ ᠲᠠᠯᠪᠢᠵᠣ ᠬᠠᠮᠢᠶᠠᠷᠬᠤ ᠠᠷᠭ᠎ᠠ |
|
|
ᠨᠡᠶᠢᠲᠡᠯᠡᠭᠰᠡᠨ ᠴᠠᠭ᠄
2015/6/29
|
|
ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 208 ᠳ᠋ᠤᠭᠠᠷ ᠲᠤᠭᠠᠳᠤ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠡᠷᠭᠡ ᠳᠤ ᠬᠢᠨᠠᠯᠳᠠ ᠲᠠᠯᠪᠢᠵᠣ ᠬᠠᠮᠢᠶᠠᠷᠬᠤ ᠠᠷᠭ᠎ᠠ︾ ᠶᠢ 2015 ᠤᠨ ᠤ 2 ᠳ᠋ᠤᠭᠠᠷ ᠰᠠᠷ᠎ᠠ ᠶᠢᠨ 27 ᠤ ᠡᠳᠦᠷ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ 41 ᠳ᠋ᠣᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠦᠪᠯᠡᠵᠤ ᠪᠠᠳᠤᠯᠠᠭᠠᠳ᠂ ᠡᠳᠦᠭᠡ ᠨᠡᠶᠢᠳᠡᠯᠡᠪᠡ᠂ 2015 ᠤᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
ᠥᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ ᠪᠠᠭᠠᠲᠤᠷ 2015 ᠣᠨ ᠤ 3 ᠳ᠋ᠤᠭᠠᠷ ᠰᠠᠷ᠎ᠠ ᠶᠢᠨ 16 ᠤ ᠡᠳᠦᠷ
ᠨᠢᠭᠡᠳᠦᠭᠡᠷ ᠵᠦᠢᠯ ᠵᠠᠰᠠᠭ ᠵᠠᠬᠢᠷᠭᠠᠨ ᠤ ᠠᠵᠢᠯᠯᠠᠭ᠎ᠠ ᠶᠢ ᠵᠢᠷᠣᠮᠵᠢᠭᠤᠯᠵᠣ᠂ ᠬᠠᠣᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠵᠣ᠂ ᠵᠠᠰᠠᠭ ᠵᠠᠬᠢᠷᠭᠠᠨ ᠤ ᠡᠷᠭᠡ ᠶᠢᠨ ᠪᠠᠶᠢᠷᠢᠯᠠᠭᠤᠯᠤᠯᠳᠠ ᠪᠠ ᠠᠵᠢᠯᠯᠠᠭᠠᠨ ᠳᠤ ᠬᠢᠨᠠᠯᠳᠠ ᠳᠠᠯᠪᠢᠬᠤ ᠰᠢᠰᠲ᠋ᠧᠮᠵᠢ ᠶᠢ ᠪᠠᠶᠢᠭᠤᠯᠬᠤ ᠪᠠ ᠳᠡᠭᠦᠯᠳᠡᠷᠵᠢᠭᠦᠯᠭᠦ ᠶᠢᠨ ᠲᠣᠰᠠᠳᠠ᠂ ᠣᠯᠣᠰ ᠤᠨ ᠬᠠᠮᠢᠶ᠎ᠠ ᠪᠦᠭᠦᠢ ᠬᠠᠣᠯᠢ ᠴᠠᠭᠠᠵᠨ ᠬᠠᠤᠯᠢ ᠲᠣᠭᠳᠠᠭᠠᠯ ᠢ ᠦᠨᠳᠣᠰᠣᠯᠡᠵᠣ᠂ ᠦᠪᠡᠷᠳᠡᠭᠡᠨ ᠵᠠᠰᠠᠬᠤ ᠤᠷᠤᠨ ᠤ ᠪᠤᠳᠠᠳᠠᠢ ᠲᠠᠢ ᠤᠶᠠᠯᠳᠤᠭᠤᠯᠣᠨ᠂ ᠳᠤᠰ ᠠᠷᠭ᠎ᠠ ᠶᠢ ᠳᠤᠭᠳᠠᠭᠠᠪᠠ᠃ ᠬᠤᠶᠠᠳᠤᠭᠠᠷ ᠵᠦᠢᠯ ᠳᠤᠰ ᠠᠷᠭ᠎ᠠ ᠳᠤ ᠬᠡᠯᠡᠵᠦ ᠪᠠᠶᠢᠭ᠎ᠠ ᠵᠠᠰᠠᠭ ᠵᠠᠬᠢᠷᠭᠠᠨ ᠤ ᠡᠷᠭᠡ ᠭᠡᠳᠡᠭ ᠨᠢ ᠵᠠᠰᠠᠭ ᠵᠠᠬᠢᠷᠭᠠᠨ ᠤ ᠪᠠᠶᠢᠭᠤᠯᠭ᠎ᠠ ᠪᠣᠶᠣ ᠬᠠᠣᠯᠢ ᠴᠠᠭᠠᠵᠨ᠂ ᠬᠠᠣᠯᠢ ᠲᠣᠭᠳᠠᠭᠠᠯ ᠠᠴᠠ ᠡᠷᠭᠡ ᠣᠯᠭᠤᠭᠰᠠᠨ ᠵᠣᠬᠢᠶᠠᠨ ᠪᠠᠶᠢᠭᠤᠯᠣᠯᠳᠠ ︵ᠲᠣᠣᠷ᠎ᠡ ᠨᠢᠭᠡᠳᠣᠯᠳᠠᠢ ᠪᠠᠷ ᠵᠠᠰᠠᠭ ᠵᠠᠬᠢᠷᠭᠠᠨ ᠤ ᠪᠠᠶᠢᠭᠤᠯᠭ᠎ᠠ ᠭᠡᠵᠣ ᠨᠡᠷᠡᠶᠢᠳᠣᠨᠠ︶ ᠶᠢᠨ ᠬᠠᠣᠯᠢ ᠶᠣᠰᠣᠭᠠᠷ ᠭᠠᠷᠭᠠᠭᠰᠠᠨ᠂ ᠠᠷᠠᠣᠨ ᠢᠷᠬᠡᠨ᠂ ᠬᠠᠣᠯᠢ ᠶᠢᠨ ᠡᠷᠬᠡᠳᠡᠨ ᠪᠣᠯᠣᠨ ᠪᠣᠰᠣᠣᠨ ᠵᠣᠬᠢᠶᠠᠨ ᠪᠠᠶᠢᠭᠤᠯᠣᠯᠳᠠ ᠶᠢᠨ ᠡᠷᠭᠡ ᠠᠰᠢᠭ᠂ ᠡᠭᠦᠷᠭᠡ ᠬᠠᠷᠢᠭᠤᠴᠠᠯᠭ᠎ᠠ ᠶᠢ ᠨᠦᠯᠣᠭᠡᠯᠡᠭᠦ ᠠᠵᠢᠯᠯᠠᠭ᠎ᠠ ᠶᠢ ᠵᠢᠭᠠᠨ᠎ᠠ᠂ ᠡᠭᠦᠨ ᠳᠤ ᠵᠠᠰᠠᠭ ᠵᠠᠬᠢᠷᠭᠠᠨ ᠤ ᠵᠦᠪᠰᠢᠶᠡᠷᠡᠯ᠂ ᠵᠠᠰᠠᠭ ᠵᠠᠬᠢᠷᠭᠠᠨ ᠤ ᠰᠢᠣᠡᠭᠡᠯ ᠲᠣᠷᠭᠠᠭᠤᠯᠢ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠭᠡᠮᠵᠢᠶ᠎ᠠ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠭᠡᠷᠩᠵᠢᠭᠦᠯᠣᠯᠳᠠ᠂ ᠵᠠᠰᠠᠭ ᠵᠠᠬᠢᠷᠭᠠᠨ ᠤ ᠨᠣᠳᠠᠯᠠᠨ ᠵᠦᠪᠰᠢᠶᠡᠷᠡᠯᠳᠠ᠂ ᠵᠠᠰᠠᠭ ᠵᠠᠬᠢᠷᠭᠠᠨ ᠤ ᠣᠯᠭᠤᠯᠳᠠ᠂ ᠵᠠᠰᠠᠭ ᠵᠠᠬᠢᠷᠭᠠᠨ ᠤ ᠱᠠᠩᠨᠠᠯ ᠬᠦᠭᠢᠬᠦᠯᠣᠯ᠂ ᠵᠠᠰᠠᠭ ᠵᠠᠬᠢᠷᠭᠠᠨ ᠤ ᠳᠠᠳᠠᠪᠣᠷᠢᠯᠠᠯᠳᠠ᠂ ᠵᠠᠰᠠᠭ ᠵᠠᠬᠢᠷᠭᠠᠨ ᠤ ᠬᠢᠨᠠᠯᠳᠠ ᠪᠠᠶᠢᠴᠠᠭᠠᠯᠳᠠ ᠵᠢᠴᠢ ᠪᠣᠰᠣᠣᠨ ᠵᠠᠰᠠᠭ ᠵᠠᠬᠢᠷᠭᠠᠨ ᠤ ᠡᠷᠭᠡ ᠶᠢ ᠪᠠᠭᠳᠠᠭᠠᠨ᠎ᠠ᠃ ᠭᠤᠷᠪᠠᠳᠤᠭᠠᠷ ᠵᠦᠢᠯ ᠦᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠪᠦᠰᠨ ᠶᠢᠨ ᠳᠤᠳᠤᠷ᠎ᠠ᠂ ᠡᠯ᠎ᠡ ᠱᠠᠳᠣᠨ ᠤ ᠠᠷᠠᠣᠨ ᠤ ᠵᠠᠰᠠᠭ ᠤᠨ ᠣᠷᠳᠣᠨ ᠠᠴᠠ ᠵᠠᠰᠠᠭ ᠵᠠᠬᠢᠷᠭᠠᠨ ᠤ ᠡᠷᠭᠡ ᠶᠢᠨ ᠪᠠᠶᠢᠷᠢᠯᠠᠭᠤᠯᠤᠯᠳᠠ ᠪᠠ ᠠᠵᠢᠯᠯᠠᠭᠠᠨ ᠢ ᠬᠢᠨᠠᠯᠳᠠ ᠳᠠᠯᠪᠢᠵᠣ ᠬᠠᠮᠢᠶᠠᠷᠬᠤ ᠳᠤ ᠲᠣᠰ ᠠᠷᠭ᠎ᠠ ᠶᠢ ᠲᠤᠬᠢᠷᠠᠭᠤᠯᠤᠨ ᠭᠡᠷᠩᠯᠡᠨᠠ᠃ ᠳᠦᠷᠪᠡᠳᠦᠭᠡᠷ ᠵᠦᠢᠯ ᠵᠠᠰᠠᠭ ᠵᠠᠬᠢᠷᠭᠠᠨ ᠤ ᠡᠷᠭᠡ ᠳᠤ ᠬᠢᠨᠠᠯᠳᠠ ᠳᠠᠯᠪᠢᠵᠣ ᠬᠠᠮᠢᠶᠠᠷᠬᠤ ᠠᠵᠢᠯ ᠢ ᠡᠯ᠎ᠡ ᠱᠠᠳᠣᠨ ᠤ ᠠᠷᠠᠣᠨ ᠤ ᠵᠠᠰᠠᠭ ᠤᠨ ᠣᠷᠳᠣᠨ ᠠᠴᠠ ᠱᠠᠳᠣ ᠬᠤᠪᠢᠶᠠᠨ ᠵᠣᠬᠢᠶᠠᠨ ᠪᠠᠶᠢᠭᠤᠯᠵᠣ ᠭᠡᠷᠩᠵᠢᠭᠦᠯᠣᠨᠠ᠂ ᠪᠣᠳᠠᠳᠠᠢ ᠠᠵᠢᠯ ᠢ ᠡᠯ᠎ᠡ ᠱᠠᠳᠣᠨ ᠤ ᠠᠷᠠᠣᠨ ᠤᠨ ᠵᠠᠰᠠᠭ ᠤᠨ ᠣᠷᠳᠣᠨ ᠤ ᠬᠠᠣᠯᠢ ᠲᠦᠷᠢᠮ ᠤᠨ ᠪᠠᠶᠢᠭᠤᠯᠣᠮᠵᠢ ᠠᠴᠠ ᠬᠠᠷᠢᠭᠤᠴᠠᠨ ᠭᠡᠷᠩᠵᠢᠭᠦᠯᠣᠨᠠ᠂ ᠡᠯ᠎ᠡ ᠱᠠᠳᠣᠨ ᠤ ᠵᠠᠰᠠᠭ ᠵᠠᠬᠢᠷᠭᠠᠨ ᠤ ᠪᠠᠶᠢᠭᠤᠯᠭ᠎ᠠ ᠨᠢ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠭᠡᠪᠴᠢᠶᠠᠨ ᠤ ᠲᠤᠳᠤᠷ᠎ᠠ ᠪᠠᠨ ᠵᠤᠬᠢᠴᠠᠩᠭᠤᠢ ᠪᠠᠷ ᠬᠠᠮᠵᠢᠯᠴᠠᠨ ᠬᠠᠪᠰᠣᠷᠬᠤ ᠠᠵᠢᠯ ᠢ ᠰᠠᠶᠢᠳᠣᠷ ᠬᠢᠬᠦ ᠬᠡᠷᠡᠭᠳᠡᠢ᠃ ᠳᠠᠪᠤᠳᠤᠭᠠᠷ ᠵᠦᠢᠯ ᠵᠠᠰᠠᠭ ᠵᠠᠬᠢᠷᠭᠠᠨ ᠤ ᠡᠷᠭᠡ ᠶᠢᠨ ᠪᠠᠶᠢᠷᠢᠯᠠᠭᠤᠯᠤᠯᠳᠠ ᠪᠠ ᠠᠵᠢᠯᠯᠠᠭᠠᠨ ᠳᠤ ᠭᠦᠳᠡᠯᠣᠩᠬᠦᠢ ᠬᠢᠨᠠᠯᠳᠠ ᠳᠠᠯᠪᠢᠵᠣ ᠬᠠᠮᠢᠶᠠᠷᠬᠤ ᠲᠦᠷᠢᠮ ᠢ ᠭᠡᠷᠩᠵᠢᠭᠦᠯᠭᠦ ᠶᠢᠨ ᠬᠠᠮᠳᠣ᠂ ᠣᠯᠠᠨ ᠲᠦᠮᠡᠨ ᠤ ᠰᠠᠨᠠᠭᠤᠯᠭ᠎ᠠ ᠲᠣᠷᠠᠣᠠᠬᠤ᠂ ᠵᠠᠭᠠᠯᠳᠣᠬᠤ ᠪᠠ ᠢᠯᠡᠴᠢᠯᠡᠨ ᠮᠡᠳᠡᠭᠦᠯᠭᠦ ᠲᠦᠷᠢᠮ ᠢ ᠪᠠᠶᠢᠭᠤᠯᠣᠨ᠎ᠠ᠃ ᠵᠢᠷᠭᠤᠳᠤᠭᠠᠷ ᠵᠦᠢᠯ ᠡᠯ᠎ᠡ ᠱᠠᠳᠣᠨ ᠤ ᠵᠠᠰᠠᠭ ᠵᠠᠬᠢᠷᠭᠠᠨ ᠤ ᠪᠠᠶᠢᠭᠤᠯᠭ᠎ᠠ ᠨᠢ ᠬᠠᠣᠯᠢ ᠴᠠᠭᠠᠵᠨ᠂ ᠬᠠᠣᠯᠢ ᠲᠣᠭᠳᠠᠭᠠᠯ᠂ ᠲᠦᠷᠢᠮ ᠲᠣᠭᠳᠠᠭᠠᠯ ᠤᠨ ᠲᠣᠭᠳᠠᠭᠠᠯ ᠶᠣᠰᠣᠭᠠᠷ ᠵᠠᠰᠠᠭ ᠵᠠᠬᠢᠷᠭᠠᠨ ᠤ ᠡᠷᠭᠡ ᠶᠢᠨ ᠨᠠᠷᠢᠨ ᠬᠠᠭᠤᠳᠠᠰᠤ ᠨᠠᠶᠢᠷᠠᠭᠤᠯᠤᠨ ᠵᠣᠬᠢᠶᠠᠬᠤ ᠪᠠ ᠢᠵᠢ ᠪᠦᠷᠢᠳᠣᠭ᠍ᠰᠡᠨ ᠪᠢᠴᠢᠭ ᠮᠠᠲ᠋ᠧᠷᠢᠶᠠᠯ ᠢ ᠲᠣᠭᠳᠠᠭᠠᠬᠤ ᠳᠤ᠂ ᠲᠣᠰ ᠱᠠᠳᠣᠨ ᠤ ᠠᠷᠠᠣᠨ ᠤᠨ ᠵᠠᠰᠠᠭ ᠤᠨ ᠣᠷᠳᠣᠨ ᠤ ᠬᠠᠣᠯᠢ ᠲᠦᠷᠢᠮ ᠤᠨ ᠪᠠᠶᠢᠭᠤᠯᠣᠮᠵᠢ ᠪᠠᠷ ᠬᠢᠨᠠᠨ ᠬᠠᠷᠭᠤᠭᠤᠯᠬᠤ ᠶᠢᠨ ᠳᠠᠠᠭᠤ ᠲᠣᠰ ᠱᠠᠳᠣᠨ ᠤ ᠠᠷᠠᠣᠨ ᠤ ᠵᠠᠰᠠᠭ ᠤᠨ ᠣᠷᠳᠣᠨ ᠳᠤ ᠮᠡᠳᠡᠭᠦᠯᠵᠣ ᠵᠦᠪᠰᠢᠶᠡᠷᠡᠭᠦᠯᠣᠭ᠍ᠰᠡᠨ ᠤ ᠰᠡᠭᠦᠯᠡᠷ᠂ ︽ᠪᠦᠭᠦᠳᠠ ᠨᠠᠶᠢᠷᠠᠮᠳᠠᠬᠤ ᠲᠣᠮᠳᠠᠳᠣ ᠠᠷᠠᠣᠨ ᠣᠯᠣᠰ ᠤᠨ ᠵᠠᠰᠠᠭ ᠤᠨ ᠣᠷᠳᠣᠨ ᠤ ᠮᠡᠳᠡᠭᠡ ᠵᠠᠩᠬᠢ ᠶᠢ ᠢᠯᠨ ᠨᠠᠶᠢᠳᠡᠯᠡᠭᠦ ᠲᠦᠷᠢᠮ︾ ᠤᠨ ᠲᠣᠭᠳᠠᠭᠠᠯ ᠶᠣᠰᠣᠭᠠᠷ᠂ ᠵᠠᠰᠠᠭ ᠤᠨ ᠣᠷᠳᠣᠨ ᠤ ᠫᠦᠷᠲ᠋ᠢᠯ ᠰᠦᠯᠵᠢᠶ᠎ᠠ ᠵᠢᠴᠢ ᠪᠣᠰᠣᠣᠨ ᠪᠦᠳᠣᠮᠵᠢᠳᠠᠢ ᠠᠴᠢᠶᠠᠯᠠᠪᠤᠷᠢ ᠪᠠᠷ ᠨᠠᠶᠢᠭᠡᠮ ᠳᠤ ᠨᠠᠶᠢᠳᠡᠯᠡᠨ᠎ᠠ᠃ ᠵᠠᠰᠠᠭ ᠵᠠᠬᠢᠷᠭᠠᠨ ᠤ ᠡᠷᠭᠡ ᠶᠢᠨ ᠨᠠᠷᠢᠨ ᠬᠠᠭᠤᠳᠠᠰᠤ ᠳᠤ ᠵᠠᠰᠠᠭ ᠵᠠᠬᠢᠷᠭᠠᠨ ᠤ ᠡᠷᠭᠡ ᠶᠢᠨ ᠲᠦᠷᠣᠯ ᠵᠦᠢᠯ ᠤᠨ ᠨᠡᠷᠠᠶᠢᠳᠣᠯ᠂ ᠪᠠᠶᠢᠷᠢᠯᠠᠭᠤᠯᠤᠭᠰᠠᠨ ᠦᠨᠳᠣᠰᠣ ᠪᠠᠷᠢᠮᠳᠠ᠂ ᠭᠡᠷᠩᠵᠢᠭᠦᠯᠭᠦ ᠪᠠᠶᠢᠭᠤᠯᠣᠮᠵᠢ ᠵᠡᠷᠭᠡ ᠠᠭᠤᠯᠭ᠎ᠠ ᠶᠢ ᠲᠣᠳᠣᠷᠬᠠᠶᠢᠯᠠᠬᠤ ᠭᠡᠷᠩᠳᠠᠢ᠃ ᠳᠤᠯᠤᠳᠤᠭᠠᠷ ᠵᠦᠢᠯ ᠵᠠᠰᠠᠭ ᠵᠠᠬᠢᠷᠭᠠᠨ ᠤ ᠡᠷᠭᠡ ᠶᠢᠨ ᠨᠠᠷᠢᠨ ᠬᠠᠭᠤᠳᠠᠰᠤᠨ ᠳᠠᠬᠢ ᠡᠯ᠎ᠡ ᠲᠦᠷᠣᠯ ᠤᠨ ᠵᠠᠰᠠᠭ ᠵᠠᠬᠢᠷᠭᠠᠨ ᠤ ᠡᠷᠭᠡ ᠶᠢᠨ ᠪᠠᠶᠢᠷᠢᠯᠠᠭᠤᠯᠤᠯᠳᠠ ᠨᠢ ᠵᠠᠪᠡᠯ ᠬᠠᠣᠯᠢ ᠴᠠᠭᠠᠵᠨ ᠬᠠᠤᠯᠢ ᠲᠣᠭᠳᠠᠭᠠᠯ ᠳᠤ ᠲᠣᠭᠳᠠᠭᠠᠭᠰᠠᠨ ᠲᠣᠭᠳᠠᠭᠠᠯ ᠲᠠᠢ ᠨᠠᠶᠢᠴᠡᠭᠰᠠᠨ ᠪᠠᠶᠢᠬᠤ ᠭᠡᠷᠩᠳᠠᠢ᠃ ᠠᠷᠠᠣᠨ ᠢᠷᠬᠡᠨ᠂ ᠬᠠᠣᠯᠢ ᠶᠢᠨ ᠡᠷᠬᠡᠳᠡᠨ ᠪᠠ ᠪᠣᠰᠣᠣᠨ ᠵᠣᠬᠢᠶᠠᠨ ᠪᠠᠶᠢᠭᠤᠯᠣᠯᠳᠠ ᠶᠢᠨ ᠬᠠᠣᠯᠢ ᠶᠣᠰᠣᠨ ᠤ ᠡᠷᠭᠡ ᠠᠰᠢᠭ ᠢ ᠦᠯᠣ ᠬᠠᠰᠣᠵᠣ ᠬᠤᠬᠢᠷᠠᠭᠤᠯᠬᠤ ᠪᠣᠶᠣ ᠳᠡᠭᠦᠨ ᠤ ᠡᠭᠦᠷᠭᠡ ᠶᠢ ᠨᠢ ᠨᠡᠮᠡᠭᠳᠡᠭᠦᠯᠭᠦ ᠵᠠᠰᠠᠭ ᠵᠠᠬᠢᠷᠭᠠᠨ ᠤ ᠡᠷᠭᠡ ᠶᠢ ᠵᠢᠷᠣᠮᠵᠢᠭᠰᠠᠨ ᠪᠢᠴᠢᠭ ᠮᠠᠲ᠋ᠧᠷᠢᠶᠠᠯ ᠢᠶᠠᠷ ᠪᠠᠶᠢᠷᠢᠯᠠᠭᠤᠯᠵᠦ ᠲᠣᠭᠳᠠᠭᠠᠬᠤ ᠠᠴᠠ ᠭᠠᠳᠠᠨ᠎ᠠ᠂ ᠪᠣᠰᠣᠣᠨ ᠵᠠᠰᠠᠭ ᠵᠠᠬᠢᠷᠭᠠᠨ ᠤ ᠡᠷᠭᠡ ᠶᠢ ᠨᠢ ᠪᠠᠶᠢᠷᠢᠯᠠᠭᠤᠯᠵᠦ ᠲᠣᠭᠳᠠᠭᠠᠬᠤ ᠳᠤ ᠵᠠᠪᠡᠯ ᠬᠠᠣᠯᠢ ᠴᠠᠭᠠᠵᠨ᠂ ᠬᠠᠣᠯᠢ ᠲᠣᠭᠳᠠᠭᠠᠯ ᠪᠣᠶᠣ ᠲᠦᠷᠢᠮ ᠲᠣᠭᠳᠠᠭᠠᠯ ᠢᠶᠠᠷ ᠦᠨᠳᠣᠰᠣ ᠪᠠᠷᠢᠮᠳᠠ ᠪᠣᠯᠭᠠᠬᠤ ᠭᠡᠷᠩᠳᠠᠢ᠃ ᠨᠠᠢᠮᠠᠳᠤᠭᠠᠷ ᠵᠦᠢᠯ ᠲᠣᠣᠷᠠᠬᠢ ᠪᠠᠶᠢᠳᠠᠯ ᠤᠨ ᠨᠢᠭᠡ ᠨᠢ ᠪᠠᠶᠢᠪᠡᠯ᠂ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠲᠣᠰ ᠪᠠᠶᠢᠭᠤᠯᠭ᠎ᠠ ᠶᠢᠨ ᠭᠡᠷᠩᠵᠢᠭᠦᠯᠵᠣ ᠪᠠᠶᠢᠭ᠎ᠠ ᠵᠠᠰᠠᠭ ᠵᠠᠬᠢᠷᠭᠠᠨ ᠤ ᠡᠷᠭᠡ ᠳᠤ ᠲᠣᠬᠢᠷᠠᠭᠤᠯᠣᠯᠳᠠ ᠬᠢᠬᠦ ᠬᠡᠷᠡᠭᠳᠡᠢ᠃ ︵ᠨᠢᠭᠡ︶ ᠰᠢᠨ᠎ᠠ ᠬᠠᠣᠯᠢ ᠴᠠᠭᠠᠵᠨ᠂ ᠬᠠᠣᠯᠢ ᠲᠤᠭᠳᠠᠭᠠᠯ᠂ ᠲᠦᠷᠢᠮ ᠲᠣᠭᠳᠠᠭᠠᠯ ᠢ ᠨᠠᠶᠢᠳᠠᠯᠡᠭᠡᠳ ᠲᠣᠬᠢᠷᠠᠭᠤᠯᠣᠯᠳᠠ ᠬᠢᠭᠦ ᠴᠢᠬᠤᠯᠳᠠᠢ ᠪᠠᠶᠢᠪᠡᠯ︔ ︵ᠬᠤᠶᠠᠷ︶ ᠦᠨᠳᠣᠰᠣ ᠪᠠᠷᠢᠮᠳᠠ ᠪᠣᠯᠭᠠᠵᠣ ᠪᠠᠶᠢᠭ᠎ᠠ ᠬᠠᠣᠯᠢ ᠴᠠᠭᠠᠵᠨ᠂ ᠬᠠᠣᠯᠢ ᠲᠤᠭᠳᠠᠭᠠᠯ᠂ ᠲᠦᠷᠢᠮ ᠲᠣᠭᠳᠠᠭᠠᠯ ᠵᠡᠷᠭᠡ ᠳᠤ ᠵᠠᠰᠠᠪᠣᠷᠢ ᠣᠷᠣᠭᠤᠯᠤᠭᠰᠠᠨ ᠪᠣᠶᠣ ᠭᠦᠴᠣᠨ ᠦᠭᠡᠢ ᠪᠣᠯᠭᠠᠬᠰᠠᠨ ᠪᠠᠶᠢᠪᠡᠯ︔ ︵ᠭᠤᠷᠪᠠ︶ ᠵᠠᠰᠠᠭ ᠵᠠᠬᠢᠷᠭᠠᠨ ᠤ ᠪᠠᠶᠢᠭᠤᠯᠭ᠎ᠠ ᠳᠤ ᠪᠠᠶᠢᠭᠤᠯᠣᠮᠵᠢ ᠶᠢᠨ ᠦᠭᠡᠷᠡᠴᠢᠯᠡᠯᠳᠠ ᠬᠢᠭᠰᠡᠨ ᠠᠴᠠ ᠪᠣᠯᠵᠣ ᠬᠠᠣᠯᠢ ᠭᠡᠷᠩᠵᠢᠭᠦᠯᠭᠦ ᠭᠤᠣᠯ ᠴᠣᠭᠴᠨ ᠪᠣᠶᠣ ᠬᠠᠣᠯᠢ ᠭᠡᠷᠩᠵᠢᠭᠦᠯᠭᠦ ᠡᠭᠦᠷᠭᠡ ᠴᠢᠳᠠᠪᠬᠢ ᠳᠤ ᠨᠢ ᠬᠤᠪᠢᠷᠠᠯᠳᠠ ᠭᠠᠷᠣᠭᠰᠠᠨ ᠪᠠᠶᠢᠪᠡᠯ︔ ︵ᠲᠦᠷᠪᠠ︶ ᠪᠣᠰᠣᠣᠨ ᠦᠨᠡᠨᠬᠦ ᠲᠣᠬᠢᠷᠠᠭᠤᠯᠣᠯᠳᠠ ᠬᠢᠭᠦ ᠴᠢᠬᠤᠯᠠᠳᠠᠢ ᠪᠠᠶᠢᠳᠠᠯ ᠪᠠᠶᠢᠪᠠᠯ᠃ ᠶᠢᠰᠦᠳᠦᠭᠡᠷ ᠵᠦᠢᠯ ᠵᠠᠰᠠᠭ ᠵᠠᠬᠢᠷᠭᠠᠨ ᠤ ᠡᠷᠭᠡ ᠳᠤ ᠦᠨᠡᠨᠬᠦ ᠲᠣᠬᠢᠷᠠᠭᠤᠯᠣᠯᠳᠠ ᠬᠢᠭᠦ ᠴᠢᠬᠤᠯᠳᠠᠢ ᠪᠠᠶᠢᠪᠡᠯ᠂ ᠵᠠᠰᠠᠭ ᠵᠠᠬᠢᠷᠭᠠᠨ ᠤ ᠪᠠᠶᠢᠭᠤᠯᠭ᠎ᠠ ᠨᠢ ᠲᠣᠰ ᠱᠠᠳᠣᠨ ᠤ ᠠᠷᠠᠣᠨ ᠤ ᠵᠠᠰᠠᠭ ᠤᠨ ᠣᠷᠳᠣᠨ ᠳᠤ ᠭᠤᠶᠣᠴᠢᠯᠠᠯ ᠭᠠᠷᠭᠠᠵᠣ᠂ ᠲᠣᠰ ᠱᠠᠳᠣᠨ ᠤ ᠠᠷᠠᠣᠨ ᠤᠨ ᠵᠠᠰᠠᠭ ᠤᠨ ᠣᠷᠳᠣᠨ ᠤ ᠬᠠᠣᠯᠢ ᠲᠦᠷᠢᠮ ᠤᠨ ᠪᠠᠶᠢᠭᠤᠯᠣᠮᠵᠢ ᠠᠴᠠ ᠬᠠᠣᠯᠢ ᠶᠣᠰᠣᠨ ᠤ ᠴᠢᠨᠠᠷᠳᠠᠢ ᠬᠢᠨᠠᠨ ᠪᠠᠶᠢᠴᠠᠭᠠᠯᠳᠠ ᠬᠢᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠨᠢ ᠵᠠᠰᠠᠭ ᠵᠠᠬᠢᠷᠭᠠᠨ ᠤ ᠡᠷᠭᠡ ᠳᠤ ᠲᠣᠬᠢᠷᠠᠭᠤᠯᠣᠯᠳᠠ ᠬᠢᠭᠦ ᠪᠠᠷ ᠭᠤᠶᠣᠴᠢᠯᠠᠭᠰᠠᠨ ᠦᠶ᠎ᠡ ᠳᠤ ᠲᠣᠬᠢᠷᠠᠭᠤᠯᠬᠤ ᠵᠠᠰᠠᠭ ᠵᠠᠬᠢᠷᠭᠠᠨ ᠤ ᠡᠷᠭᠡ ᠶᠢᠨ ᠠᠭᠤᠯᠭ᠎ᠠ᠂ ᠪᠠᠶᠢᠷᠢᠯᠠᠭᠤᠯᠤᠯᠳᠠ ᠶᠢᠨ ᠦᠨᠳᠣᠰᠣ ᠪᠠᠷᠢᠮᠳᠠ᠂ ᠭᠡᠷᠩᠵᠢᠭᠦᠯᠭᠦ ᠪᠠᠶᠢᠭᠤᠯᠣᠮᠵᠢ᠂ ᠠᠵᠢᠯᠯᠠᠭᠠᠨ ᠤ ᠠᠯᠬᠤᠮ ᠳᠠᠷᠠᠭ᠎ᠠ ᠵᠡᠷᠭᠡ ᠮᠠᠲ᠋ᠧᠷᠢᠶᠠᠯ ᠢᠶᠠᠨ ᠳᠡᠪᠰᠢᠭᠦᠯᠭᠦ ᠭᠡᠷᠩᠳᠠᠢ᠃ ᠵᠠᠰᠠᠭ ᠤᠨ ᠣᠷᠳᠣᠨ ᠤ ᠬᠠᠣᠯᠢ ᠲᠦᠷᠢᠮ ᠤᠨ ᠪᠠᠶᠢᠭᠤᠯᠣᠮᠵᠢ ᠨᠢ ᠲᠣᠬᠢᠷᠠᠭᠤᠯᠣᠯᠳᠠ ᠬᠢᠭᠦ ᠪᠠᠷ ᠭᠤᠶᠣᠴᠢᠯᠠᠭᠰᠠᠨ ᠵᠠᠰᠠᠭ ᠵᠠᠬᠢᠷᠭᠠᠨ ᠤ ᠡᠷᠭᠡ ᠳᠡᠭᠡᠨ ᠬᠠᠣᠯᠢ ᠶᠣᠰᠣᠨ ᠤ ᠴᠢᠨᠠᠷᠳᠠᠢ ᠬᠢᠨᠠᠨ ᠪᠠᠶᠢᠴᠠᠭᠠᠯᠳᠠ ᠬᠢᠭᠦ ᠶᠢᠨ ᠬᠠᠮᠳᠣ ᠲᠣᠰ ᠱᠠᠳᠣᠨ ᠤ ᠠᠷᠠᠣᠨ ᠤ ᠵᠠᠰᠠᠭ ᠤᠨ ᠣᠷᠳᠣᠨ ᠳᠤ ᠮᠡᠳᠡᠭᠦᠯᠵᠣ ᠵᠦᠪᠰᠢᠶᠡᠷᠡᠭᠦᠯᠣᠭ᠍ᠰᠡᠨ ᠤ ᠲᠠᠷᠠᠭ᠎ᠠ᠂ ᠴᠠᠭ ᠲᠣᠬᠠᠢ ᠳᠤᠨᠢ ᠵᠠᠰᠠᠭ ᠤᠨ ᠣᠷᠳᠣᠨ ᠤ ᠫᠦᠷᠲ᠋ᠢᠯ ᠰᠦᠯᠵᠢᠶ᠎ᠠ ᠵᠢᠴᠢ ᠪᠣᠰᠣᠣᠨ ᠪᠦᠳᠣᠮᠵᠢᠳᠠᠢ ᠠᠴᠢᠶᠠᠯᠠᠪᠤᠷᠢ ᠪᠠᠷ ᠲᠣᠬᠢᠷᠠᠭᠤᠯᠣᠭᠰᠠᠨ ᠤ ᠳᠠᠷᠠᠭᠠᠬᠢ ᠵᠠᠰᠠᠭ ᠵᠠᠬᠢᠷᠭᠠᠨ ᠤ ᠡᠷᠭᠡ ᠶᠢᠨ ᠨᠠᠷᠢᠨ ᠬᠠᠭᠤᠳᠠᠰᠤ ᠪᠠᠨ ᠨᠠᠶᠢᠭᠡᠮ ᠳᠤ ᠨᠠᠶᠢᠳᠡᠯᠡᠭᠦ ᠭᠡᠷᠩᠳᠠᠢ᠃ ᠠᠷᠪᠠᠳᠣᠭᠠᠡᠷ ᠵᠦᠢᠯ ᠡᠯ᠎ᠡ ᠱᠠᠳᠣᠨ ᠤ ᠠᠷᠠᠣᠨ ᠤᠨ ᠵᠠᠰᠠᠭ ᠤᠨ ᠣᠷᠳᠣᠨ ᠤ ᠬᠠᠣᠯᠢ ᠲᠦᠷᠢᠮ ᠤᠨ ᠪᠠᠶᠢᠭᠤᠯᠣᠮᠵᠢ ᠨᠢ ᠲᠣᠰ ᠱᠠᠳᠣᠨ ᠤ ᠵᠠᠰᠠᠭ ᠵᠠᠬᠢᠷᠭᠠᠨ ᠤ ᠪᠠᠶᠢᠭᠤᠯᠭ᠎ᠠ ᠯᠤᠭ᠎ᠠ ᠠᠵᠢᠯ ᠢᠶᠠᠨ ᠵᠤᠬᠢᠴᠠᠭᠤᠯᠵᠦ ᠴᠠᠭ ᠲᠣᠬᠠᠢ ᠳᠤᠨᠢ ᠵᠠᠰᠠᠭ ᠵᠠᠬᠢᠷᠭᠠᠨ ᠤ ᠡᠷᠭᠡ ᠶᠢᠨ ᠨᠠᠷᠢᠨ ᠬᠠᠭᠤᠳᠠᠰᠤ ᠪᠠᠨ ᠢᠯᠭᠠᠷᠠᠭᠤᠯᠬᠤ ᠶᠢᠨ ᠬᠠᠮᠳᠣ᠂ ᠬᠤᠶᠠᠷ ᠵᠢᠯ ᠳᠤ ᠨᠢᠭᠡ ᠣᠳᠠᠭ᠎ᠠ ᠲᠦᠪᠯᠡᠷᠡᠭᠦᠯᠣᠨ ᠢᠯᠭᠠᠷᠠᠭᠤᠯᠤᠨ᠎ᠠ᠃ ᠠᠷᠪᠠᠨ ᠨᠢᠭᠡᠳᠣᠭᠡᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠨᠢ ᠬᠠᠣᠯᠢ ᠶᠣᠰᠣᠭᠠᠷ ᠵᠠᠰᠠᠭ ᠵᠠᠬᠢᠷᠭᠠᠨ ᠤ ᠡᠷᠭᠡ ᠪᠠᠨ ᠭᠡᠷᠩᠵᠢᠭᠦᠯᠵᠣ᠂ ᠬᠠᠣᠯᠢ ᠳᠤ ᠲᠣᠭᠳᠠᠭᠠᠭᠰᠠᠨ ᠴᠠᠭ ᠤᠨ ᠬᠢᠵᠠᠭᠠᠷ ᠪᠣᠶᠣ ᠠᠮᠠᠯᠠᠯᠳᠠ ᠬᠢᠭᠰᠡᠨ ᠴᠠᠭ ᠤᠨ ᠬᠢᠵᠠᠭᠠᠷ ᠢ ᠵᠢᠷᠣᠮᠯᠡᠨ᠂ ᠠᠷᠠᠣᠨ ᠢᠷᠬᠡᠨ᠂ ᠬᠠᠣᠯᠢ ᠶᠢᠨ ᠡᠷᠬᠡᠳᠡᠨ ᠪᠠ ᠪᠣᠰᠣᠣᠨ ᠵᠣᠬᠢᠶᠠᠨ ᠪᠠᠶᠢᠭᠤᠯᠣᠯᠳᠠ ᠳᠤ ᠪᠦᠳᠣᠮᠵᠢ ᠰᠠᠶᠢᠳᠠᠢ ᠴᠢᠨᠠᠷᠵᠢᠭᠤᠨ ᠦᠢᠯᠡᠴᠢᠯᠡᠭᠡ ᠬᠠᠨᠭ᠍ᠭᠠᠬᠤ ᠬᠡᠷᠡᠭᠳᠡᠢ᠃ ᠠᠷᠪᠠᠨ ᠬᠤᠶᠠᠳᠣᠭᠠᠷ ᠵᠦᠢᠯ ᠬᠠᠣᠯᠢ ᠴᠠᠭᠠᠵᠨ ᠬᠠᠤᠯᠢ ᠲᠣᠭᠳᠠᠭᠠᠯ ᠳᠤ ᠪᠣᠰᠣᠣᠨ ᠲᠣᠭᠳᠠᠭᠠᠯ ᠲᠠᠢ ᠪᠠᠶᠢᠬᠤ ᠠᠴᠠ ᠭᠠᠳᠠᠨ᠎ᠠ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠣᠳᠣᠭᠠᠳᠣ ᠳᠤ ᠪᠠᠶᠢᠷᠢᠯᠠᠭᠤᠯᠤᠭᠰᠠᠨ ᠪᠠᠶᠢᠭᠤᠯᠣᠮᠵᠢ ᠪᠣᠶᠣ ᠲᠣᠮᠢᠯᠠᠭᠰᠠᠨ ᠪᠠᠶᠢᠭᠤᠯᠣᠮᠵᠢ ᠨᠢ ᠲᠡᠳᠡᠬᠡᠷ ᠤᠨ ᠬᠠᠷᠢᠶᠠᠯᠠᠭᠳᠠᠬᠤ ᠵᠠᠰᠠᠭ ᠵᠠᠬᠢᠷᠭᠠᠨ ᠤ ᠨᠠᠷ᠎ᠡ ᠪᠠᠷ ᠵᠠᠰᠠᠭ ᠵᠠᠬᠢᠷᠭᠠᠨ ᠤ ᠲᠣᠭᠳᠠᠭᠠᠯ ᠭᠠᠷᠭᠠᠬᠤ ᠶᠢᠨ ᠬᠠᠮᠳᠣ ᠲᠣᠰ ᠪᠠᠶᠢᠭᠤᠯᠭ᠎ᠠ ᠠᠴᠠ ᠬᠠᠣᠯᠢ ᠴᠠᠭᠠᠵᠨ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠳᠡᠢ᠃ ᠠᠷᠪᠠᠨ ᠭᠤᠷᠪᠠᠳᠣᠭᠠᠷ ᠵᠦᠢᠯ ᠬᠠᠣᠯᠢ ᠴᠠᠭᠠᠵᠨ᠂ ᠬᠠᠣᠯᠢ ᠲᠤᠭᠳᠠᠭᠠᠯ ᠠᠴᠠ ᠡᠷᠭᠡ ᠣᠯᠭᠤᠭᠰᠠᠨ ᠣᠯᠠᠨ ᠨᠠᠶᠢᠳᠠ ᠶᠢᠨ ᠭᠡᠷᠩ ᠶᠠᠪᠣᠳᠠᠯ ᠢ ᠬᠠᠮᠢᠶᠠᠷᠬᠤ ᠡᠭᠦᠷᠭᠡ ᠴᠢᠳᠠᠮᠵᠢᠳᠤ ᠵᠣᠬᠢᠶᠠᠨ ᠪᠠᠶᠢᠭᠤᠯᠣᠯᠳᠠ ᠨᠢ᠂ ᠬᠠᠣᠯᠢ ᠪᠠᠷ ᠲᠣᠭᠳᠠᠭᠠᠵᠤ ᠣᠯᠭᠤᠭᠰᠠᠨ ᠡᠷᠬᠡ ᠶᠢᠨ ᠭᠦᠷᠢᠶ᠎ᠡ ᠬᠡᠪᠴᠢᠶᠠᠨ ᠳᠤ᠂ ᠦᠪᠡᠷ ᠤᠨ ᠨᠡᠷ᠎ᠡ ᠪᠠᠷ ᠢᠶᠠᠨ ᠵᠠᠰᠠᠭ ᠵᠠᠬᠢᠷᠭᠠᠨ ᠤ ᠡᠷᠭᠡ ᠪᠠᠨ ᠭᠡᠷᠩᠵᠢᠭᠦᠯᠭᠦ ᠶᠢᠨ ᠬᠠᠮᠳᠣ ᠵᠣᠬᠢᠬᠤ ᠬᠠᠣᠯᠢ ᠴᠠᠭᠠᠵᠨ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠳᠡᠢ᠃ ᠠᠷᠪᠠᠨ ᠲᠦᠷᠪᠡᠳᠣᠭᠡᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠨᠢ ᠬᠠᠣᠯᠢ ᠴᠠᠭᠠᠵᠨ᠂ ᠬᠠᠣᠯᠢ ᠲᠤᠭᠳᠠᠭᠠᠯ᠂ ᠲᠦᠷᠢᠮ ᠲᠣᠭᠳᠠᠭᠠᠯ ᠤᠨ ᠲᠣᠭᠳᠠᠭᠠᠯ ᠢ ᠦᠨᠳᠣᠰᠣᠯᠡᠵᠣ᠂ ᠵᠠᠰᠠᠭ ᠵᠠᠬᠢᠷᠭᠠᠨ ᠤ ᠪᠠᠶᠢᠭᠤᠯᠭ᠎ᠠ ᠪᠣᠶᠣ ᠣᠯᠠᠨ ᠨᠠᠶᠢᠳᠠ ᠶᠢᠨ ᠭᠡᠷᠩ ᠶᠠᠪᠣᠳᠠᠯ ᠢ ᠬᠠᠮᠢᠶᠠᠷᠬᠤ ᠡᠭᠦᠷᠭᠡ ᠴᠢᠳᠠᠮᠵᠢᠳᠤ ᠵᠣᠬᠢᠶᠠᠨ ᠪᠠᠶᠢᠭᠤᠯᠣᠯᠳᠠ ᠳᠤ ᠨᠠᠶᠢᠳᠠᠨ ᠵᠠᠰᠠᠭ ᠵᠠᠬᠢᠷᠭᠠᠨ ᠤ ᠡᠷᠭᠡ ᠪᠠᠨ ᠭᠡᠷᠩᠵᠢᠭᠦᠯᠵᠣ ᠪᠣᠯᠣᠨ᠎ᠠ᠂ ᠡᠭᠦᠨ ᠠᠴᠠ ᠪᠣᠯᠣᠭᠰᠠᠨ ᠣᠷᠰᠢᠭ ᠢ ᠨᠠᠶᠢᠳᠠᠭᠰᠠᠨ ᠡᠷᠭᠡ ᠶᠢ ᠭᠡᠷᠩᠵᠢᠭᠦᠯᠵᠣ ᠪᠠᠶᠢᠭ᠎ᠠ ᠵᠠᠰᠠᠭ ᠵᠠᠬᠢᠷᠭᠠᠨ ᠤ ᠪᠠᠶᠢᠭᠤᠯᠭ᠎ᠠ ᠨᠢ ᠬᠠᠣᠯᠢ ᠴᠠᠭᠠᠵᠨ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠳᠡᠢ᠃ ᠨᠠᠶᠢᠳᠠᠭᠰᠠᠨ ᠡᠷᠭᠡ ᠶᠢ ᠭᠡᠷᠩᠵᠢᠭᠦᠯᠵᠣ ᠪᠠᠶᠢᠭ᠎ᠠ ᠵᠠᠰᠠᠭ ᠵᠠᠬᠢᠷᠭᠠᠨ ᠤ ᠪᠠᠶᠢᠭᠤᠯᠭ᠎ᠠ ᠨᠢ ᠨᠠᠶᠢᠳᠠᠭᠳᠠᠭᠰᠠᠨ ᠭᠤᠣᠯ ᠴᠣᠭᠴᠨ ᠪᠣᠯᠣᠨ ᠨᠠᠶᠢᠳᠠᠨ ᠭᠡᠷᠩᠵᠢᠭᠦᠯᠵᠣ ᠪᠠᠶᠢᠭ᠎ᠠ ᠵᠠᠰᠠᠭ ᠵᠠᠬᠢᠷᠭᠠᠨ ᠤ ᠡᠷᠭᠡ ᠶᠢᠨ ᠠᠭᠤᠯᠭ᠎ᠠ ᠪᠠᠨ ᠨᠠᠶᠢᠭᠡᠮ ᠳᠤ ᠮᠡᠳᠡᠭᠳᠡᠭᠦ ᠶᠢᠨ ᠳᠠᠠᠭᠤ᠂ ᠲᠣᠰ ᠱᠠᠳᠣᠨ ᠤ ᠠᠷᠠᠣᠨ ᠤᠨ ᠵᠠᠰᠠᠭ ᠤᠨ ᠣᠷᠳᠣᠨ ᠤ ᠬᠠᠣᠯᠢ ᠲᠦᠷᠢᠮ ᠤᠨ ᠪᠠᠶᠢᠭᠤᠯᠣᠮᠵᠢ ᠳᠤ ᠮᠡᠳᠡᠭᠦᠯᠵᠣ ᠳᠠᠩᠰᠠᠯᠠᠭᠤᠯᠬᠤ ᠶᠢᠨ ᠬᠠᠮᠳᠣ᠂ ᠨᠠᠶᠢᠳᠠᠭᠳᠠᠭᠰᠠᠨ ᠭᠤᠣᠯ ᠴᠣᠭᠴᠨ ᠶᠢᠨ ᠭᠡᠷᠩᠵᠢᠭᠦᠯᠵᠣ ᠪᠠᠶᠢᠭ᠎ᠠ ᠵᠠᠰᠠᠭ ᠵᠠᠬᠢᠷᠭᠠᠨ ᠤ ᠡᠷᠭᠡ ᠶᠢ ᠵᠢᠯᠣᠭᠤᠣᠠᠬᠤ ᠪᠠ ᠬᠢᠨᠠᠯᠳᠠ ᠲᠠᠯᠪᠢᠬᠤ ᠬᠡᠷᠡᠭᠳᠡᠢ᠃ ᠠᠷᠪᠠᠨ ᠲᠠᠪᠣᠳᠣᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠤᠭᠤᠷᠣᠨᠳᠣ ᠪᠠᠨ ᠵᠠᠰᠠᠭ ᠵᠠᠬᠢᠷᠭᠠᠨ ᠤ ᠡᠷᠭᠡ ᠶᠢᠨ ᠮᠠᠷᠭᠤᠯᠳᠣᠭᠠᠨ ᠡᠭᠦᠰᠪᠡᠯ᠂ ᠮᠠᠷᠭᠤᠯᠳᠣᠭᠠᠨ ᠤ ᠡᠯ᠎ᠡ ᠡᠳᠡᠭᠡᠣᠨ ᠨᠢ ᠵᠦᠪᠳᠡᠯᠴᠡᠨ ᠰᠢᠢᠣᠡᠪᠣᠷᠢᠯᠡᠨ᠎ᠠ᠂ ᠵᠦᠪᠳᠡᠯᠴᠡᠭᠡᠣᠨ ᠪᠦᠳᠣᠭ᠍ᠰᠡᠨ ᠦᠭᠡᠢ ᠪᠠᠶᠢᠪᠡᠯ᠂ ᠲᠣᠰ ᠱᠠᠳᠣᠨ ᠤ ᠠᠷᠠᠣᠨ ᠤᠨ ᠵᠠᠰᠠᠭ ᠤᠨ ᠣᠷᠳᠣᠨ ᠳᠤ ᠮᠡᠳᠡᠭᠦᠯᠵᠣ ᠰᠢᠢᠣᠡᠪᠣᠷᠢᠯᠡᠭᠦᠯᠣᠨᠠ᠃ ᠠᠷᠪᠠᠨ ᠵᠢᠷᠭᠤᠳᠣᠭᠠᠷ ᠵᠦᠢᠯ ᠣᠯᠠᠨ ᠵᠠᠰᠠᠭ ᠤᠨ ᠣᠷᠳᠣᠨ ᠤ ᠰᠠᠯᠠᠭ᠎ᠠ ᠮᠦᠴᠢᠷ ᠤᠨ ᠬᠡᠷᠡᠭᠵᠢᠬᠦᠯᠬᠦ ᠯᠦᠭᠡ ᠬᠤᠯᠪᠣᠭᠳᠠᠬᠰᠠᠨ ᠵᠠᠰᠠᠭ ᠵᠠᠬᠢᠷᠭᠠᠨ ᠤ ᠡᠷᠭᠡ ᠶᠢ ᠭᠤᠣᠯ ᠪᠤᠯᠬᠤ ᠰᠠᠯᠠᠭ᠎ᠠ ᠮᠦᠴᠢᠷ ᠠᠴᠠ ᠲᠦᠷᠣᠭᠦᠯᠡᠨ ᠬᠠᠷᠢᠭᠤᠴᠠᠵᠣ᠂ ᠪᠣᠰᠣᠣᠨ ᠬᠤᠯᠪᠣᠭᠳᠠᠯ ᠪᠦᠭᠦᠢ ᠰᠠᠯᠠᠭ᠎ᠠ ᠮᠦᠴᠢᠷ ᠣᠷᠣᠯᠴᠠᠨ ᠬᠡᠷᠩᠵᠢᠭᠦᠯᠣᠨ᠎ᠠ᠃ ᠬᠡᠷᠩᠵᠢᠭᠦᠯᠣᠭ᠍ᠰᠡᠨ ᠵᠠᠰᠠᠭ ᠵᠠᠬᠢᠷᠭᠠᠨ ᠤ ᠡᠷᠭᠡ ᠳᠤ ᠦᠬᠡᠷ᠎ᠠ ᠰᠠᠨᠠᠯ ᠲᠠᠢ ᠪᠠᠶᠢᠪᠡᠯ᠂ ᠡᠯ᠎ᠡ ᠰᠠᠯᠠᠭ᠎ᠠ ᠮᠦᠴᠢᠷ ᠠᠴᠠ ᠵᠦᠪᠳᠡᠯᠴᠡᠨ ᠰᠢᠢᠣᠡᠪᠣᠷᠢᠯᠡᠨ᠎ᠠ᠂ ᠵᠦᠪᠳᠡᠯᠴᠡᠭᠡᠣᠨ ᠪᠦᠳᠣᠭ᠍ᠰᠡᠨ ᠦᠭᠡᠢ ᠪᠠᠶᠢᠪᠡᠯ᠂ ᠲᠦᠷᠣᠭᠦᠯᠣᠭ᠍ᠰᠡᠨ ᠰᠠᠯᠠᠭ᠎ᠠ ᠮᠦᠴᠢᠷ ᠨᠢ ᠬᠤᠯᠪᠣᠭᠳᠠᠯ ᠪᠦᠭᠦᠢ ᠰᠠᠯᠠᠭ᠎ᠠ ᠮᠦᠴᠢᠷ ᠤᠨ ᠰᠠᠨᠠᠯ᠂ ᠰᠢᠯᠳᠠᠭᠠᠨ ᠪᠣᠯᠣᠨ ᠦᠨᠳᠣᠰᠣ ᠪᠠᠷᠢᠮᠳᠠ ᠶᠢ ᠵᠣᠷᠪᠣᠰᠯᠠᠨ ᠲᠣᠳᠣᠷᠬᠠᠶᠢᠯᠠᠬᠤ ᠶᠢᠨ ᠬᠠᠮᠳᠣ ᠰᠠᠨᠠᠭᠤᠯᠭ᠎ᠠ ᠲᠣᠷᠠᠳᠣᠨ᠂ ᠲᠣᠰ ᠱᠠᠳᠣᠨ ᠤ ᠠᠷᠠᠣᠨ ᠤᠨ ᠵᠠᠰᠠᠭ ᠤᠨ ᠣᠷᠳᠣᠨ ᠳᠤ ᠮᠡᠳᠡᠭᠦᠯᠵᠣ ᠰᠢᠢᠣᠡᠪᠣᠷᠢᠯᠡᠭᠦᠯᠣᠨᠠ᠃ ᠠᠷᠪᠠᠨ ᠲᠣᠯᠣᠳᠣᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯᠳᠠᠨ ᠨᠢ ᠵᠠᠰᠠᠭ ᠵᠠᠬᠢᠷᠭᠠᠨ ᠤ ᠡᠷᠭᠡ ᠶᠢ ᠭᠡᠷᠩᠵᠢᠭᠦᠯᠭᠦ ᠦᠶ᠎ᠠ ᠳᠤ᠂ ᠲᠣᠣᠷᠠᠬᠢ ᠪᠠᠶᠢᠳᠠᠯ ᠤᠨ ᠨᠢᠭᠡ ᠨᠢ ᠪᠠᠶᠢᠪᠡᠯ᠂ ᠲᠣᠰ ᠭᠦᠮᠣᠨ ᠨᠢ ᠭᠤᠶᠣᠴᠢᠯᠠᠯ ᠭᠠᠷᠭᠠᠵᠣ ᠵᠠᠶᠢᠯᠠᠬᠤ ᠭᠡᠷᠩᠳᠠᠢ︔ ᠲᠣᠰ ᠭᠦᠮᠣᠨ ᠨᠢ ᠵᠠᠶᠢᠯᠠᠬᠤ ᠪᠠᠷ ᠭᠤᠶᠣᠴᠢᠯᠠᠭᠰᠠᠨ ᠦᠭᠡᠢ ᠪᠠᠶᠢᠪᠡᠯ᠂ ᠵᠠᠰᠠᠭ ᠵᠠᠬᠢᠷᠭᠠᠨ ᠤ ᠪᠠᠶᠢᠭᠤᠯᠭ᠎ᠠ ᠨᠢ ᠳᠡᠭᠦᠨ ᠢ ᠵᠠᠶᠢᠯᠠᠭᠤᠯᠬᠤ ᠪᠠᠷ ᠵᠠᠷᠯᠢᠭᠳᠠᠬᠤ ᠬᠡᠷᠡᠭᠳᠡᠢ᠃ ︵ᠨᠢᠭᠡ︶ ᠲᠣᠰ ᠭᠦᠮᠣᠨ ᠤ ᠠᠰᠢᠭ ᠬᠤᠣᠷ ᠤᠨ ᠬᠠᠷᠢᠴᠠᠭ᠎ᠠ ᠲᠠᠢ ᠬᠤᠯᠪᠣᠭᠳᠠᠭᠰᠠᠨ ᠪᠠᠶᠢᠪᠡᠯ︔ ︵ᠬᠤᠶᠠᠷ︶ ᠲᠣᠰ ᠭᠦᠮᠣᠨ ᠤ ᠲᠦᠷᠣᠯ ᠰᠠᠳᠣᠨ ᠤ ᠠᠰᠢᠭ ᠬᠤᠣᠷ ᠤᠨ ᠬᠠᠷᠢᠴᠠᠭ᠎ᠠ ᠲᠠᠢ ᠬᠤᠯᠪᠣᠭᠳᠠᠭᠰᠠᠨ ᠪᠠᠶᠢᠪᠡᠯ︔ ︵ᠭᠤᠷᠪᠠ︶ ᠪᠣᠰᠣᠣᠨ ᠵᠠᠰᠠᠭ ᠵᠠᠬᠢᠷᠭᠠᠨ ᠤ ᠡᠷᠭᠡ ᠶᠢ ᠲᠦᠪ ᠭᠤᠣᠯᠴᠢ ᠪᠠᠷ ᠬᠡᠷᠩᠵᠢᠭᠦᠯᠭᠦ ᠶᠢ ᠨᠦᠯᠣᠭᠡᠯᠡᠭᠦ ᠪᠣᠯᠣᠮᠵᠢ ᠲᠠᠢ ᠪᠠᠶᠢᠪᠡᠯ᠃ ᠠᠷᠪᠠᠨ ᠨᠠᠢᠮᠠᠳᠣᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠨᠢ ᠵᠠᠰᠠᠭ ᠵᠠᠬᠢᠷᠭᠠᠨ ᠤ ᠡᠷᠭᠡ ᠶᠢ ᠬᠡᠷᠩᠵᠢᠭᠦᠯᠭᠦ ᠶᠠᠪᠣᠴᠨ ᠳᠤ ᠳᠡᠩᠰᠨ ᠡᠪᠬᠡᠮᠡᠯ ᠤᠨ ᠮᠠᠲ᠋ᠧᠷᠢᠶᠠᠯ ᠢᠶᠠᠨ ᠳᠡᠭᠦᠯᠳᠡᠷᠵᠢᠭᠦᠯᠣᠨ᠂ ᠡᠯᠧᠺᠲᠷᠣᠨ ᠳᠠᠩᠰᠨ ᠡᠪᠬᠡᠮᠡᠯ ᠢ ᠪᠠᠶᠢᠭᠤᠯᠬᠤ ᠭᠡᠷᠩᠳᠠᠢ᠃ ᠠᠷᠪᠠ ᠶᠢᠰᠣᠳᠣᠭᠡᠷ ᠵᠦᠢᠯ ᠡᠯ᠎ᠡ ᠱᠠᠳᠣᠨ ᠤ ᠠᠷᠠᠣᠨ ᠤᠨ ᠵᠠᠰᠠᠭ ᠤᠨ ᠣᠷᠳᠣᠨ ᠨᠢ ᠲᠣᠰ ᠱᠠᠳᠣᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠬᠠᠣᠯᠢ ᠠᠴᠠ ᠵᠦᠷᠢᠴᠡᠭᠰᠠᠨ ᠠᠵᠢᠯᠯᠠᠭ᠎ᠠ ᠶᠢ ᠳᠠᠩᠰᠠᠯᠠᠬᠤ ᠶᠢᠨ ᠬᠠᠮᠳᠣ᠂ ᠵᠣᠬᠢᠬᠤ ᠠᠷᠭ᠎ᠠ ᠭᠡᠯᠪᠡᠷᠢ ᠪᠠᠷ ᠢᠯᠨ ᠪᠣᠯᠭᠠᠬᠤ ᠭᠡᠷᠩᠳᠠᠢ᠃ ᠬᠤᠷᠢᠳᠣᠭᠠᠷ ᠵᠦᠢᠯ ᠵᠠᠰᠠᠭ ᠵᠠᠬᠢᠷᠭᠠᠨ ᠤ ᠬᠠᠷᠢᠴᠠᠩᠭᠤᠢ ᠭᠦᠮᠣᠨ ᠨᠢ ᠦᠪᠡᠷ ᠤᠨ ᠢᠶᠠᠨ ᠠᠰᠢᠭ ᠲᠣᠰᠨ ᠲᠠᠢ ᠬᠤᠯᠪᠣᠭᠳᠠᠭᠰᠠᠨ ᠵᠠᠰᠠᠭ ᠵᠠᠬᠢᠷᠭᠠᠨ ᠤ ᠡᠷᠭᠡ ᠶᠢᠨ ᠳᠠᠩᠰᠠ ᠡᠪᠬᠡᠮᠡᠯ ᠢ ᠪᠠᠶᠢᠴᠠᠭᠠᠨ ᠦᠵᠡᠭᠦ ᠡᠷᠭᠡ ᠲᠠᠢ᠃ ᠵᠠᠰᠠᠭ ᠵᠠᠬᠢᠷᠭᠠᠨ ᠤ ᠪᠠᠶᠢᠭᠤᠯᠭ᠎ᠠ ᠨᠢ ᠴᠢᠬᠤᠯᠨ ᠪᠦᠭᠦᠢ ᠨᠦᠭᠦᠴᠡᠯ ᠢ ᠬᠠᠩᠭᠠᠬᠤ ᠭᠡᠷᠩᠳᠠᠢ᠂ ᠣᠯᠣᠰ ᠤᠨ ᠨᠢᠭᠤᠴᠨ᠂ ᠬᠤᠳᠠᠯᠳᠣᠭᠠᠨ ᠤ ᠨᠢᠭᠤᠴᠨ᠂ ᠬᠤᠪᠢ ᠭᠦᠮᠣᠨ ᠤ ᠨᠢᠭᠤᠴᠨ ᠲᠠᠢ ᠬᠤᠯᠪᠣᠭᠳᠠᠬᠤ ᠵᠦᠢᠯ ᠠᠴᠠ ᠭᠠᠳᠠᠨ᠎ᠠ᠂ ᠶᠠᠮᠠᠷᠪᠠ ᠰᠢᠯᠳᠠᠭᠠᠨ ᠢᠶᠠᠷ ᠲᠠᠪᠴᠢᠵᠣ ᠪᠣᠯᠬᠤ ᠦᠭᠡᠢ᠃ ᠬᠤᠷᠢᠨ ᠨᠢᠭᠡᠳᠣᠭᠡᠷ ᠵᠦᠢᠯ ᠠᠷᠠᠣᠨ ᠢᠷᠬᠡᠨ᠂ ᠬᠠᠣᠯᠢ ᠶᠢᠨ ᠡᠷᠬᠡᠳᠡᠨ ᠪᠠ ᠪᠣᠰᠣᠣᠨ ᠵᠣᠬᠢᠶᠠᠨ ᠪᠠᠶᠢᠭᠤᠯᠣᠯᠳᠠ ᠠᠴᠠ ᠵᠠᠰᠠᠭ ᠵᠠᠬᠢᠷᠭᠠᠨ ᠤ ᠪᠠᠶᠢᠭᠤᠯᠭ᠎ᠠ ᠨᠢ ᠬᠠᠣᠯᠢ ᠠᠴᠠ ᠵᠦᠷᠢᠴᠡᠨ ᠵᠠᠰᠠᠭ ᠵᠠᠬᠢᠷᠭᠠᠨ ᠤ ᠡᠷᠭᠡ ᠪᠠᠨ ᠭᠡᠷᠩᠵᠢᠭᠦᠯᠵᠣ᠂ ᠵᠠᠰᠠᠭ ᠵᠠᠬᠢᠷᠭᠠᠨ ᠤ ᠬᠠᠷᠢᠴᠠᠩᠭᠤᠢ ᠭᠦᠮᠣᠨ ᠤ ᠠᠰᠢᠭ ᠲᠣᠰᠨ ᠳᠤ ᠬᠠᠯᠳᠠᠭᠰᠠᠨ ᠭᠡᠵᠣ ᠦᠵᠡᠪᠡᠯ᠂ ᠬᠢᠨᠠᠯᠳᠠ ᠳᠠᠯᠪᠢᠵᠣ ᠬᠠᠮᠢᠶᠠᠷᠬᠤ ᠪᠠᠶᠢᠭᠤᠯᠭ᠎ᠠ ᠳᠤ ᠵᠠᠭᠠᠯᠳᠣᠬᠤ ᠪᠠ ᠢᠯᠡᠴᠢᠯᠡᠨ ᠮᠡᠳᠡᠭᠦᠯᠵᠣ ᠪᠣᠯᠣᠨ᠎ᠠ᠃ ᠬᠢᠨᠠᠯᠳᠠ ᠳᠠᠯᠪᠢᠵᠣ ᠬᠠᠮᠢᠶᠠᠷᠬᠤ ᠪᠠᠶᠢᠭᠤᠯᠭ᠎ᠠ ᠨᠢ ᠵᠠᠭᠠᠯᠳᠣᠬᠤ᠂ ᠢᠯᠡᠴᠢᠯᠡᠨ ᠮᠡᠳᠡᠭᠦᠯᠭᠦ ᠶᠢ ᠭᠦᠯᠢᠶᠠᠨ ᠠᠪᠴᠣ ᠰᠢᠢᠳᠪᠦᠷᠢᠯᠡᠬᠦ ᠶᠢᠨ ᠲᠠᠭᠠᠭᠠᠨ ᠬᠦᠢᠴᠡᠳᠬᠡᠬᠦ ᠪᠠᠶᠢᠭᠤᠯᠣᠮᠵᠢ ᠪᠠ ᠬᠠᠷᠢᠯᠴᠠᠬᠤ ᠠᠷᠭ᠎ᠠ ᠪᠠᠨ ᠨᠠᠶᠢᠳᠡᠯᠡᠭᠦ ᠭᠡᠷᠩᠳᠠᠢ᠃ ᠬᠢᠨᠠᠯᠳᠠ ᠳᠠᠯᠪᠢᠵᠣ ᠬᠠᠮᠢᠶᠠᠷᠬᠤ ᠪᠠᠶᠢᠭᠤᠯᠭ᠎ᠠ ᠨᠢ ᠣᠯᠠᠨ ᠲᠦᠮᠡᠨ ᠤ ᠵᠠᠭᠠᠯᠳᠣᠬᠤ᠂ ᠢᠯᠡᠴᠢᠯᠡᠨ ᠮᠡᠳᠡᠭᠦᠯᠭᠦ ᠵᠢᠴᠢ ᠰᠣᠨᠢᠨ ᠮᠡᠳᠡᠭᠡᠨ ᠤ ᠵᠠᠭᠤᠴᠢᠯᠠᠭᠤᠷ ᠤᠨ ᠢᠯᠡᠴᠢᠯᠡᠭᠰᠠᠨ ᠵᠠᠰᠠᠭ ᠵᠠᠬᠢᠷᠭᠠᠨ ᠤ ᠬᠠᠣᠯᠢ ᠠᠴᠠ ᠵᠦᠷᠢᠴᠡᠭᠰᠠᠨ ᠠᠵᠢᠯᠯᠠᠭ᠎ᠠ ᠶᠢ ᠬᠠᠷᠢᠭᠤᠴᠠᠨ ᠪᠠᠶᠢᠴᠠᠭᠠᠵᠤ᠂ ᠬᠠᠣᠯᠢ ᠶᠣᠰᠣᠭᠠᠷ 60 ᠡᠳᠣᠷ ᠤᠨ ᠲᠣᠳᠣᠷ᠎ᠡ ᠰᠢᠢᠣᠡᠪᠣᠷᠢᠯᠡᠭᠦ ᠲᠣᠭᠳᠠᠭᠠᠯ ᠭᠠᠷᠭᠠᠬᠤ ᠶᠢᠨ ᠬᠠᠮᠳᠣ᠂ ᠰᠢᠢᠣᠡᠪᠣᠷᠢᠯᠡᠭᠰᠠᠨ ᠦᠷ᠎ᠡ ᠳ᠋ᠦᠩ ᠢᠶᠠᠨ ᠵᠠᠭᠠᠯᠳᠣᠬᠴᠢ᠂ ᠢᠯᠡᠴᠢᠯᠡᠨ ᠮᠡᠳᠡᠭᠦᠯᠣᠭ᠍ᠴᠢ ᠳᠤ ᠮᠡᠳᠡᠭᠳᠡᠨ᠎ᠠ᠃ ᠬᠤᠷᠢᠨ ᠬᠤᠶᠠᠳᠣᠭᠠᠷ ᠵᠦᠢᠯ ᠡᠯ᠎ᠡ ᠱᠠᠳᠣᠨ ᠤ ᠵᠠᠰᠠᠭ ᠵᠠᠬᠢᠷᠭᠠᠨ ᠤ ᠪᠠᠶᠢᠭᠤᠯᠭ᠎ᠠ ᠨᠢ ᠦᠪᠡᠷ ᠤᠨ ᠬᠢᠨᠢ ᠠᠵᠢᠯᠳᠠᠳ ᠵᠣᠷᠢᠭᠤᠳᠠ ᠪᠣᠶᠣ ᠬᠦᠨᠳᠤ ᠶᠡᠭᠡ ᠣᠰᠣᠯ ᠠᠴᠠ ᠪᠣᠯᠵᠣ ᠲᠣᠰ ᠠᠷᠭ᠎ᠠ ᠶᠢᠨ ᠲᠣᠭᠳᠠᠭᠠᠯ ᠢ ᠵᠦᠷᠢᠴᠡᠭᠰᠡᠨ᠂ ᠲᠣᠣᠷᠠᠬᠢ ᠪᠠᠶᠢᠳᠠᠯ ᠤᠨ ᠨᠢᠭᠡ ᠨᠢ ᠪᠠᠶᠢᠪᠡᠯ᠂ ᠬᠢᠨᠠᠯᠳᠠ ᠳᠠᠯᠪᠢᠵᠣ ᠬᠠᠮᠢᠶᠠᠷᠬᠤ ᠪᠠᠶᠢᠭᠤᠯᠭ᠎ᠠ ᠠᠴᠠ ᠵᠠᠯᠠᠷᠠᠭᠤᠯᠬᠤ ᠪᠠᠷ ᠵᠠᠷᠯᠢᠭᠳᠠᠨ᠎ᠠ᠂ ᠵᠠᠯᠠᠷᠠᠭᠤᠯᠬᠤ ᠶᠢ ᠳᠡᠪᠴᠢᠭᠰᠡᠨ ᠪᠠᠶᠢᠪᠡᠯ᠂ ᠲᠣᠰ ᠵᠠᠰᠠᠭ ᠵᠠᠬᠢᠷᠭᠠᠨ ᠤ ᠪᠠᠶᠢᠭᠤᠯᠭ᠎ᠠ ᠶᠢ ᠮᠡᠳᠡᠬᠡᠯᠡᠨ ᠰᠢᠭᠦᠮᠵᠢᠯᠡᠨ᠎ᠠ᠂ ᠦᠢᠯᠡ ᠪᠠᠶᠢᠳᠠᠯ ᠨᠢ ᠭᠦᠨᠳᠣ ᠨᠣᠴᠢᠳᠠᠢ ᠪᠠᠶᠢᠪᠡᠯ᠂ ᠰᠢᠭᠤᠣᠨ ᠬᠠᠷᠢᠭᠤᠴᠠᠯᠭ᠎ᠠ ᠲᠠᠢ ᠭᠤᠤᠯᠴᠢᠯᠠᠨ ᠬᠠᠮᠢᠶᠠᠷᠬᠤ ᠬᠦᠮᠦᠨ ᠪᠣᠯᠣᠨ ᠪᠣᠰᠣᠣᠨ ᠰᠢᠭᠤᠣᠨ ᠬᠠᠷᠢᠭᠤᠴᠠᠯᠭ᠎ᠠ ᠲᠠᠢ ᠭᠦᠮᠣᠨ ᠳᠤ ᠬᠠᠣᠯᠢ ᠶᠣᠰᠣᠭᠠᠷ ᠵᠠᠰᠠᠭ ᠵᠠᠬᠢᠷᠭᠠᠨ ᠤ ᠰᠢᠣᠡᠭᠡᠯ ᠣᠯᠭᠤᠬᠤ ᠭᠡᠷᠩᠳᠠᠢ᠃ ︵ᠨᠢᠭᠡ︶ ᠵᠠᠰᠠᠭ ᠵᠠᠬᠢᠷᠭᠠᠨ ᠤ ᠡᠷᠭᠡ ᠶᠢᠨ ᠨᠠᠷᠢᠨ ᠬᠠᠭᠤᠳᠠᠰᠤ ᠶᠢ ᠲᠣᠰ ᠱᠠᠳᠣᠨ ᠤ ᠠᠷᠠᠣᠨ ᠤᠨ ᠵᠠᠰᠠᠭ ᠤᠨ ᠣᠷᠳᠣᠨ ᠤ ᠬᠠᠣᠯᠢ ᠲᠦᠷᠢᠮ ᠤᠨ ᠪᠠᠶᠢᠭᠤᠯᠣᠮᠵᠢ ᠳᠤ ᠲᠣᠭᠳᠠᠭᠠᠯ ᠶᠣᠰᠣᠭᠠᠷ ᠴᠠᠭ ᠲᠣᠬᠠᠢ ᠳᠤᠨᠢ ᠮᠡᠳᠡᠭᠦᠯᠣᠨ ᠭᠦᠷᠭᠡᠭᠰᠡᠨ ᠦᠭᠡᠢ ᠪᠠᠶᠢᠪᠡᠯ︔ ︵ᠬᠤᠶᠠᠷ︶ ᠵᠠᠰᠠᠭ ᠵᠠᠬᠢᠷᠭᠠᠨ ᠤ ᠡᠷᠭᠡ ᠶᠢ ᠪᠠᠶᠢᠷᠢᠯᠠᠭᠤᠯᠤᠭᠰᠠᠨ ᠦᠨᠳᠣᠰᠣ ᠪᠠᠷᠢᠮᠳᠠ ᠨᠢ ᠨᠢᠭᠡᠨᠳᠡ ᠬᠤᠪᠢᠷᠠᠯᠳᠠ ᠭᠠᠷᠴᠣ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠣᠬᠢᠷᠠᠭᠤᠯᠣᠯᠳᠠ ᠬᠢᠭᠦ ᠭᠤᠶᠣᠴᠢᠯᠠᠯ ᠢᠶᠠᠨ ᠬᠤᠶᠢᠷᠭᠤᠰᠢᠷᠠᠭᠤᠯᠵᠣ᠂ ᠠᠷᠠᠣᠨ ᠢᠷᠬᠡᠨ᠂ ᠬᠠᠣᠯᠢ ᠶᠢᠨ ᠡᠷᠬᠡᠳᠡᠨ ᠪᠠ ᠪᠣᠰᠣᠣᠨ ᠵᠣᠬᠢᠶᠠᠨ ᠪᠠᠶᠢᠭᠤᠯᠣᠯᠳᠠ ᠠᠴᠠ ᠲᠣᠷᠠᠳᠣᠭᠰᠠᠨ ᠭᠠᠷᠭᠠᠭᠰᠠᠨ ᠪᠣᠶᠣ ᠬᠢᠨᠠᠯᠳᠠ ᠳᠠᠯᠪᠢᠵᠣ ᠬᠠᠮᠢᠶᠠᠷᠬᠤ ᠪᠠᠶᠢᠭᠤᠯᠭ᠎ᠠ ᠠᠴᠠ ᠬᠢᠨᠠᠨ ᠪᠠᠶᠢᠴᠠᠭᠠᠣᠨ ᠲᠣᠷᠠᠳᠣᠭᠰᠡᠨ ᠪᠠᠶᠢᠪᠡᠯ︔ ︵ᠭᠤᠷᠪᠠ︶ ᠵᠠᠰᠠᠭ ᠵᠠᠬᠢᠷᠭᠠᠨ ᠤ ᠪᠠᠶᠢᠭᠤᠯᠭ᠎ᠠ ᠨᠢ ᠵᠠᠰᠠᠭ ᠵᠠᠬᠢᠷᠭᠠᠨ ᠤ ᠡᠷᠭᠡ ᠪᠠᠨ ᠲᠣᠷ᠎ᠡ ᠳᠠᠪᠠ ᠪᠠᠷ ᠢᠶᠠᠨ ᠦᠷᠬᠡᠳᠬᠡᠬᠦ᠂ ᠪᠠᠭᠠᠰᠬᠠᠬᠤ᠂ ᠬᠡᠷᠡᠭᠵᠢᠬᠦᠯᠬᠦ ᠦᠬᠡᠢ ᠪᠠᠶᠢᠪᠡᠯ︔ ︵ᠲᠦᠷᠪᠠ︶ ᠬᠠᠣᠯᠢ ᠳᠤ ᠲᠣᠭᠳᠠᠭᠠᠭᠰᠠᠨ ᠵᠠᠰᠠᠭ ᠵᠠᠬᠢᠷᠭᠠᠨ ᠤ ᠭᠤᠣᠯ ᠴᠣᠭᠴᠨ ᠶᠢᠨ ᠬᠢᠷᠢ ᠭᠡᠮ ᠦᠭᠡᠢ ᠪᠠᠷ ᠵᠠᠰᠠᠭ ᠵᠠᠬᠢᠷᠭᠠᠨ ᠤ ᠡᠷᠭᠡ ᠶᠢ ᠭᠡᠷᠩᠵᠢᠭᠦᠯᠣᠭ᠍ᠰᠡᠨ ᠪᠠᠶᠢᠪᠡᠯ︔ ︵ᠳᠠᠪᠤ︶ ᠬᠠᠣᠯᠢ ᠠᠴᠠ ᠵᠦᠷᠢᠴᠠᠵᠣ ᠵᠠᠰᠠᠭ ᠵᠠᠬᠢᠷᠭᠠᠨ ᠤ ᠨᠠᠶᠢᠳᠠᠯᠭ᠎ᠠ᠂ ᠵᠠᠰᠠᠭ ᠵᠠᠬᠢᠷᠭᠠᠨ ᠤ ᠡᠷᠭᠡ ᠣᠯᠭᠤᠭᠰᠡᠨ ᠪᠠᠶᠢᠪᠡᠯ︔ ︵ᠵᠢᠷᠭᠤᠭ᠎ᠠ︶ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯᠳᠠᠨ ᠨᠢ ᠵᠠᠶᠢᠯᠠᠬᠤ ᠴᠢᠬᠤᠯᠳᠠᠢ ᠪᠠᠶᠢᠳᠠᠯ᠎ᠠ ᠦᠯᠣ ᠵᠠᠶᠢᠯᠠᠵᠣ ᠵᠠᠰᠠᠭ ᠵᠠᠬᠢᠷᠭᠠᠨ ᠤ ᠡᠷᠭᠡ ᠭᠡᠷᠩᠵᠢᠭᠦᠯᠣᠭ᠍ᠰᠡᠨ ᠪᠠᠶᠢᠪᠡᠯ︔ ︵ᠲᠣᠯᠤᠭ᠎ᠠ︶ ᠵᠠᠰᠠᠭ ᠵᠠᠬᠢᠷᠭᠠᠨ ᠤ ᠪᠠᠶᠢᠭᠤᠯᠭ᠎ᠠ ᠨᠢ ᠵᠠᠰᠠᠭ ᠵᠠᠬᠢᠷᠭᠠᠨ ᠤ ᠡᠷᠭᠡ ᠪᠠᠨ ᠭᠡᠷᠩᠵᠢᠭᠦᠯᠭᠦ ᠶᠠᠪᠣᠴᠨ ᠳᠤ ᠳᠠᠩᠰᠠ ᠡᠪᠬᠡᠮᠡᠯ ᠤᠨ ᠮᠠᠲ᠋ᠧᠷᠢᠶᠠᠯ ᠢᠶᠠᠨ ᠳᠡᠭᠦᠯᠳᠡᠷᠵᠢᠭᠦᠯᠣᠭ᠍ᠰᠡᠨ ᠦᠭᠡᠢ ᠪᠣᠶᠣ ᠵᠠᠰᠠᠭ ᠵᠠᠬᠢᠷᠭᠠᠨ ᠤ ᠬᠠᠷᠢᠴᠨᠩᠭᠤᠢ ᠭᠦᠮᠣᠨ ᠳᠤ ᠳᠠᠩᠰᠠ ᠡᠪᠬᠡᠮᠡᠯ ᠤᠨ ᠮᠠᠲ᠋ᠧᠷᠢᠶᠠᠯ ᠢᠶᠠᠨ ᠬᠠᠩᠭᠠᠬᠤ ᠶᠢ ᠳᠡᠪᠴᠢᠭᠰᠡᠨ ᠪᠠᠶᠢᠪᠡᠯ︔ ︵ᠨᠠᠢᠮᠨ︶ ᠲᠣᠰ ᠠᠷᠭ᠎ᠠ ᠠᠴᠠ ᠵᠦᠷᠢᠴᠡᠭᠰᠠᠨ ᠪᠤᠰᠤᠳ ᠠᠵᠢᠯᠯᠠᠭ᠎ᠠ ᠪᠠᠶᠢᠪᠠᠯ᠃ ᠬᠤᠷᠢᠨ ᠭᠤᠷᠪᠠᠳᠣᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠨᠢ ᠳᠡᠭᠡᠷᠡᠬᠢ ᠠᠵᠢᠯᠯᠠᠭ᠎ᠠ ᠶᠢ ᠭᠡᠷᠩᠵᠢᠭᠦᠯᠵᠣ᠂ ᠠᠷᠠᠣᠨ ᠢᠷᠬᠡᠨ᠂ ᠬᠠᠣᠯᠢ ᠶᠢᠨ ᠡᠷᠬᠡᠳᠡᠨ ᠪᠠ ᠪᠣᠰᠣᠣᠨ ᠵᠣᠬᠢᠶᠠᠨ ᠪᠠᠶᠢᠭᠤᠯᠣᠯᠳᠠ ᠶᠢᠨ ᠬᠠᠣᠯᠢ ᠶᠣᠰᠣᠨ ᠤ ᠡᠷᠭᠡ ᠠᠰᠢᠭ ᠳᠤ ᠬᠠᠯᠳᠠᠭᠠᠣᠨ ᠬᠤᠬᠢᠷᠠᠯ ᠣᠴᠠᠷᠠᠭᠤᠯᠣᠭᠰᠠᠨ ᠪᠠᠶᠢᠪᠡᠯ᠂ ᠬᠠᠣᠯᠢ ᠶᠣᠰᠣᠭᠠᠷ ᠵᠠᠰᠠᠭ ᠵᠠᠬᠢᠷᠭᠠᠨ ᠤ ᠲᠦᠯᠣᠪᠣᠷᠢ ᠦᠭᠭᠦ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠳᠡᠢ᠃ ᠵᠠᠰᠠᠭ ᠵᠠᠬᠢᠷᠭᠠᠨ ᠤ ᠪᠠᠶᠢᠭᠤᠯᠭ᠎ᠠ ᠲᠦᠯᠣᠭᠦ ᠡᠭᠦᠷᠭᠡ ᠪᠠᠨ ᠭᠦᠢᠴᠡᠣᠡᠭᠡᠭᠰᠡᠨ ᠤ ᠰᠡᠭᠦᠯᠡᠷ᠂ ᠵᠣᠷᠢᠭᠤᠳᠠ ᠪᠣᠶᠣ ᠭᠦᠨᠳᠣ ᠶᠡᠭᠡ ᠣᠰᠣᠯ ᠲᠠᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯᠳᠠᠨ᠂ ᠨᠠᠶᠢᠳᠠᠭᠳᠠᠭᠰᠠᠨ ᠵᠣᠬᠢᠶᠠᠨ ᠪᠠᠶᠢᠭᠤᠯᠣᠯᠳᠠ ᠳᠤ ᠵᠣᠬᠢᠬᠤ ᠲᠦᠯᠣᠭᠦ ᠵᠠᠷᠣᠳᠠᠯ ᠢ ᠡᠭᠦᠷᠭᠡᠯᠡᠭᠦᠯᠭᠦ ᠪᠠᠷ ᠵᠠᠷᠯᠢᠭᠳᠠᠬᠤ ᠬᠡᠷᠡᠭᠳᠡᠢ᠃ ᠬᠤᠷᠢᠨ ᠲᠦᠷᠪᠡᠳᠣᠭᠡᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠨᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠷᠭᠡ ᠶᠢᠨ ᠨᠠᠷᠢᠨ ᠬᠠᠭᠤᠳᠠᠰᠤ ᠠᠴᠠ ᠪᠤᠰᠤᠳ ᠵᠠᠰᠠᠭ ᠵᠠᠬᠢᠷᠭᠠᠨ ᠤ ᠡᠷᠭᠡ ᠶᠢ ᠭᠡᠷᠩᠵᠢᠭᠦᠯᠪᠡᠯ᠂ ᠬᠢᠨᠠᠯᠳᠠ ᠳᠠᠯᠪᠢᠵᠣ ᠬᠠᠮᠢᠶᠠᠷᠬᠤ ᠪᠠᠶᠢᠭᠤᠯᠭ᠎ᠠ ᠨᠢ ᠬᠠᠣᠯᠢ ᠶᠣᠰᠣᠭᠠᠷ ᠲᠣᠰ ᠵᠠᠰᠠᠭ ᠵᠠᠬᠢᠷᠭᠠᠨ ᠤ ᠠᠵᠢᠯᠯᠠᠭ᠎ᠠ ᠶᠢ ᠬᠠᠣᠯᠢ ᠠᠴᠠ ᠵᠦᠷᠢᠴᠡᠭᠰᠠᠨ ᠢᠶᠠᠷ ᠲᠣᠭᠳᠠᠭᠠᠬᠤ ᠶᠢᠨ ᠬᠠᠮᠳᠣ᠂ ᠵᠠᠰᠠᠭ ᠵᠠᠬᠢᠷᠭᠠᠨ ᠤ ᠪᠠᠶᠢᠭᠤᠯᠭ᠎ᠠ ᠳᠤ ᠲᠣᠰ ᠵᠠᠰᠠᠭ ᠵᠠᠬᠢᠷᠭᠠᠨ ᠤ ᠠᠵᠢᠯᠯᠠᠭ᠎ᠠ ᠪᠠᠨ ᠭᠦᠴᠣᠨ ᠦᠭᠡᠢ ᠪᠣᠯᠭᠠᠬᠤ ᠪᠠᠷ ᠵᠠᠷᠯᠢᠭᠳᠠᠬᠤ ᠬᠡᠷᠡᠭᠳᠡᠢ︔ ᠠᠷᠠᠣᠨ ᠢᠷᠬᠡᠨ᠂ ᠬᠠᠣᠯᠢ ᠶᠢᠨ ᠡᠷᠬᠡᠳᠡᠨ ᠪᠠ ᠪᠣᠰᠣᠣᠨ ᠵᠣᠬᠢᠶᠠᠨ ᠪᠠᠶᠢᠭᠤᠯᠣᠯᠳᠠ ᠶᠢᠨ ᠬᠠᠣᠯᠢ ᠶᠣᠰᠣᠨ ᠤ ᠡᠷᠭᠡ ᠠᠰᠢᠭ ᠲᠤ ᠬᠠᠯᠳᠠᠵᠦ ᠬᠤᠬᠢᠷᠠᠯ ᠤᠴᠠᠷᠠᠭᠤᠯᠤᠭᠰᠠᠨ ᠪᠠᠶᠢᠪᠡᠯ᠂ ᠲᠣᠰ ᠵᠠᠰᠠᠭ ᠵᠠᠬᠢᠷᠭᠠᠨ ᠤ ᠪᠠᠶᠢᠭᠤᠯᠭ᠎ᠠ ᠨᠢ ᠬᠠᠣᠯᠢ ᠶᠣᠰᠣᠭᠠᠷ ᠲᠦᠯᠣᠭᠦ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠳᠡᠢ᠃ ᠬᠢᠨᠠᠯᠳᠠ ᠳᠠᠯᠪᠢᠵᠣ ᠬᠠᠮᠢᠶᠠᠷᠬᠤ ᠪᠠᠶᠢᠭᠤᠯᠭ᠎ᠠ ᠠᠴᠠ ᠡᠮᠣᠨᠠᠬᠢ ᠵᠦᠢᠯ ᠤᠨ ᠪᠠᠶᠢᠳᠠᠯ ᠲᠠᠢ ᠵᠠᠰᠠᠭ ᠵᠠᠬᠢᠷᠭᠠᠨ ᠤ ᠪᠠᠶᠢᠭᠤᠯᠭ᠎ᠠ ᠶᠢ ᠮᠡᠳᠡᠬᠡᠯᠡᠨ ᠰᠢᠭᠦᠮᠵᠢᠯᠡᠵᠣ᠂ ᠰᠢᠭᠤᠣᠨ ᠬᠠᠷᠢᠭᠤᠴᠠᠯᠭ᠎ᠠ ᠲᠠᠢ ᠭᠤᠣᠯᠴᠢᠯᠠᠨ ᠬᠠᠮᠢᠶᠠᠷᠬᠤ ᠬᠦᠮᠦᠨ ᠪᠣᠯᠣᠨ ᠪᠣᠰᠣᠣᠨ ᠰᠢᠭᠤᠣᠨ ᠬᠠᠷᠢᠭᠤᠴᠠᠯᠭ᠎ᠠ ᠲᠠᠢ ᠬᠦᠮᠦᠨ ᠳᠤ ᠬᠠᠣᠯᠢ ᠶᠣᠰᠣᠭᠠᠷ ᠵᠠᠰᠠᠭ ᠵᠠᠬᠢᠷᠭᠠᠨ ᠤ ᠰᠢᠣᠡᠭᠡᠯ ᠣᠯᠭᠤᠬᠤ ᠬᠡᠷᠡᠭᠳᠡᠢ᠃ ᠬᠤᠷᠢᠨ ᠲᠠᠪᠣᠳᠣᠭᠠᠷ ᠵᠦᠢᠯ ᠳᠤᠰ ᠠᠷᠭ᠎ᠠ ᠶᠢ 2015 ᠤᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
|
|
ᠢᠷᠡᠯᠲᠡ᠄
ᠦᠪᠦᠷ ᠮᠣᠩᠭᠤᠯ ᠤᠨ ᠵᠠᠰᠠᠭ ᠤᠨ ᠣᠷᠳᠤᠨ
|