︽ᠦᠨᠳᠦᠰᠦᠲᠡᠨ ᠤ ᠭᠠᠵᠠᠷ ᠣᠷᠣᠨ ᠤ ᠦᠨᠳᠦᠰᠦᠲᠡᠨ ᠤ ᠪᠠ ᠬᠢᠲᠠᠳ ᠬᠡᠯᠡᠨ ᠤ ᠬᠠᠤᠯᠢ ᠶᠢᠨ | ᠲᠤᠰᠢᠶᠠᠯᠲᠠᠨ ᠢ ᠬᠥᠮᠦᠵᠢᠭᠦᠯᠦᠨ ᠪᠣᠯᠪᠠᠰᠤᠷᠠᠭᠤᠯᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠪᠠ | ᠰᠠᠶᠢᠵᠢᠷᠠᠭᠤᠯᠬᠤ ᠲᠤᠬᠠᠶ ᠠᠷᠠᠳ ᠤᠨ ᠳᠡᠭᠡᠳᠦ ᠰᠢᠭᠦᠬᠦ ᠬᠤᠷᠢᠶ᠎ᠠ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ | ᠵᠦᠪᠯᠡᠯ ᠤᠨ ᠰᠠᠨᠠᠯ︾ ᠢ ᠲᠣᠭᠲᠠᠭᠠᠨ ᠬᠡᠷᠡᠭᠵᠢᠭᠦᠯᠦᠭᠰᠡᠨ ᠠᠴᠠ ᠨᠠᠰᠢ᠂ ᠮᠠᠨ ᠤ ᠣᠷᠣᠨ ︽ᠦᠨᠳᠦᠰᠦᠨ ᠬᠠᠤᠯᠢ︾᠂ | ︽ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ | ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠵᠤ᠂ ᠣᠷᠣᠨ ᠨᠤᠲᠤᠭ ᠤᠨ ᠲᠥᠷᠥ ᠶᠢᠨ ᠪᠣᠳᠣᠯᠭ᠎ᠠ ᠬᠠᠤᠯᠢ | ᠲᠣᠭᠲᠠᠭᠠᠯ ᠤᠨ ᠰᠢᠰᠲ᠋ᠧᠮ ᠢ ᠲᠠᠰᠤᠷᠠᠯᠲᠠ ᠦᠭᠡᠶ ᠪᠠᠶᠢᠭᠤᠯᠤᠨ ᠲᠡᠭᠦᠯᠳᠡᠷᠵᠢᠭᠦᠯᠪᠡ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠳᠦᠷᠢᠮ︾ ᠳᠤ | ᠲᠤᠭᠲᠠᠭᠠᠭᠰᠠᠨ ︽ᠡᠯ᠎ᠡ ᠱᠠᠲᠤᠨ ᠤ ᠬᠠᠤᠯᠢ ᠴᠠᠭᠠᠵᠠ ᠶᠢᠨ ᠪᠠᠶᠢᠭᠤᠯᠭ᠎ᠠ ᠬᠠᠤᠯᠢ ᠴᠠᠭᠠᠵᠠ ᠶᠢᠨ ᠠᠵᠢᠯᠯᠠᠭ᠎ᠠ ᠳᠤᠮᠳᠠ | ᠂ ᠡᠯ᠎ᠡ ᠦᠨᠳᠦᠰᠦᠲᠡᠨ ᠤ ᠠᠷᠠᠳ ᠢᠷᠭᠡᠨ ᠮᠣᠩᠭᠤᠯ ᠦᠭᠡ ᠬᠡᠯᠡ ᠦᠰᠦᠭ ᠪᠢᠴᠢᠭ ᠢᠶᠠᠷ ᠵᠠᠭᠠᠯᠳᠤᠯᠭ᠎ᠠ ᠬᠢᠬᠦ ᠡᠷᠬᠡ | ᠲᠠᠢ ᠪᠠᠶᠢᠬᠤ ᠶᠢ ᠪᠠᠲᠤᠯᠠᠬᠤ ᠬᠡᠷᠡᠭᠲᠠᠢ︾︔ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ | ᠤᠷᠲᠤ ᠬᠤᠭᠤᠴᠠᠭᠠᠨ ᠤ ᠦᠭᠡ ᠬᠡᠯᠡ ᠦᠰᠦᠭ ᠪᠢᠴᠢᠭ ᠤᠨ ᠦᠢᠯᠡᠰ ᠤᠨ ᠥᠭᠡᠷᠡᠴᠢᠯᠡᠯᠲᠡ ᠪᠠ | ᠬᠦᠭᠵᠢᠬᠦᠯᠦᠯᠲᠡ ᠶᠢᠨ ᠲᠥᠯᠥᠪᠵᠢᠭᠦᠯᠭᠡ ᠶᠢᠨ ᠲᠣᠪᠴᠢ ︵2014 — 2020 ᠣᠨ︶︾ ᠳᠤ ᠲᠤᠭᠲᠠᠭᠠᠭᠰᠠᠨ | ︽ᠮᠣᠩᠭᠤᠯ ᠬᠢᠲᠠᠳ ᠬᠤᠶᠠᠷ ᠬᠡᠯᠡᠨ ᠳᠤ ᠨᠡᠪᠲᠡᠷᠡᠭᠰᠡᠨ ᠬᠠᠤᠯᠢ ᠶᠢᠨ ᠲᠤᠰᠢᠶᠠᠯᠲᠠᠨ ᠤ ᠡᠩᠨᠡᠭᠡ ᠶᠢᠨ | ᠪᠠᠶᠢᠭᠤᠯᠤᠯᠲᠠ ᠶᠢ ᠳᠡᠮᠵᠢᠵᠤ᠂ ᠬᠢᠲᠠᠳ ᠦᠭᠡ ᠬᠡᠯᠡ ᠦᠰᠦᠭ ᠪᠢᠴᠢᠭ ᠢ ᠰᠠᠶᠢᠨ ᠮᠡᠳᠡᠬᠦ ᠦᠭᠡᠶ ᠵᠠᠷᠭᠤ ᠳᠤ | ᠤᠷᠤᠯᠴᠠᠬᠤ ᠬᠥᠮᠦᠨ ᠳᠤ ᠣᠷᠴᠢᠭᠤᠯᠭ᠎ᠠ ᠬᠠᠩᠭᠠᠬᠤ ᠬᠡᠷᠡᠭᠲᠡᠶ︾ ᠪᠠ ︽ᠰᠢᠨ᠎ᠡ ᠪᠠᠶᠢᠳᠠᠯ ᠳᠤᠤᠷ᠎ᠠ | ᠦᠨᠳᠦᠰᠦᠲᠡᠨ ᠤ ᠠᠵᠢᠯ ᠢ ᠴᠢᠩᠭᠠᠳᠬᠠᠬᠤ ᠪᠠ ᠰᠠᠶᠢᠵᠢᠷᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠡᠷᠡᠭᠵᠢᠬᠦᠯᠬᠦ ᠰᠠᠨᠠᠯ︾ ᠳᠤ ᠲᠤᠭᠲᠠᠭᠠᠭᠰᠠᠨ | ᠮᠣᠩᠭᠤᠯ ᠦᠭᠡ ᠬᠡᠯᠡ ᠦᠰᠦᠭ ᠪᠢᠴᠢᠭ ᠤᠨ ᠣᠷᠴᠢᠭᠤᠯᠭ᠎ᠠ ᠶᠢᠨ ᠪᠠᠶᠢᠭᠤᠯᠤᠮᠵᠢ ᠪᠠ ᠡᠩᠨᠡᠭᠡᠨ ᠤ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠴᠢᠬᠤᠯᠠ ᠶᠡᠭᠡ ᠠᠯᠪᠠᠨ ᠶᠠᠪᠤᠳᠠᠯ ᠤᠨ ᠠᠵᠢᠯᠯᠠᠭ᠎ᠠ ᠳᠤ ᠮᠣᠩᠭᠤᠯ ᠬᠢᠲᠠᠳ | ᠬᠤᠶᠠᠷ ᠵᠦᠢᠯ ᠤᠨ ᠦᠭᠡ ᠬᠡᠯᠡ ᠦᠰᠦᠭ ᠪᠢᠴᠢᠭ ᠢ ᠬᠡᠷᠡᠭᠯᠡᠬᠦ ᠬᠡᠷᠡᠭᠲᠠᠢ᠃ ᠬᠠᠤᠯᠢ ᠴᠠᠭᠠᠵᠠ ᠶᠢᠨ ᠪᠠᠶᠢᠭᠤᠯᠭ᠎ᠠ | ᠴᠥᠭᠡᠨ ᠲᠤᠭᠠᠳᠤ ᠦᠨᠳᠦᠰᠦᠲᠡᠨ ᠤ ᠠᠷᠠᠳ ᠢᠷᠭᠡᠨ ᠤ ᠲᠤᠰ ᠦᠨᠳᠦᠰᠦᠲᠡᠨ ᠤ ᠪᠠᠨ ᠦᠭᠡ ᠬᠡᠯᠡ ᠦᠰᠦᠭ | ᠪᠢᠴᠢᠭ ᠢᠶᠠᠷ ᠢᠶᠠᠨ ᠵᠠᠷᠭᠤᠯᠳᠤᠬᠤ ᠡᠷᠬᠡ ᠶᠢ ᠨᠢ ᠭᠦᠢᠴᠡᠳ ᠪᠠᠲᠤᠯᠠᠬᠤ ᠬᠡᠷᠡᠭᠲᠠᠢ ᠬᠡᠰᠡᠨ ᠲᠤᠭᠲᠠᠭᠠᠯ ᠤᠳ ᠨᠢ | ᠮᠣᠩᠭᠤᠯ ᠬᠢᠲᠠᠳ ᠬᠤᠣᠰ ᠬᠡᠯᠡᠨ ᠤ ᠬᠠᠤᠯᠢ ᠶᠢᠨ ᠬᠥᠮᠦᠵᠢᠭᠦᠯᠦᠨ ᠪᠣᠯᠪᠠᠰᠤᠷᠠᠭᠤᠯᠬᠤ ᠠᠵᠢᠯ ᠢ ᠴᠢᠩᠭᠠᠳᠬᠠᠬᠤ ᠳᠤ | ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠬᠦᠴᠦᠨ ᠲᠡᠭᠦᠯᠳᠡᠷ ᠪᠠᠲᠤᠯᠠᠭ᠎ᠠ ᠬᠠᠨᠭ᠍ᠭᠠᠭᠠᠳ᠂ ᠮᠣᠩᠭᠤᠯ ᠬᠢᠲᠠᠳ | ᠬᠤᠣᠰ ᠬᠡᠯᠡᠨ ᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠲᠠᠰᠤᠷᠠᠯᠲᠠ ᠦᠭᠡᠶ ᠲᠡᠭᠦᠯᠳᠡᠷᠵᠢᠭᠦᠯᠦᠨ | ᠰᠠᠶᠢᠵᠢᠷᠠᠭᠤᠯᠪᠠ᠃ ᠦᠨᠦ ᠪᠤᠯᠬᠤ ᠳᠤ᠂ ᠪᠦᠬᠦ ᠣᠷᠣᠨ ᠤ ᠨᠠᠮ ᠵᠠᠰᠠᠭ ᠤᠨ ᠪᠠᠶᠢᠭᠤᠯᠭ᠎ᠠ᠂ ᠠᠵᠢᠯ ᠦᠢᠯᠡᠰ ᠤᠨ | ᠨᠢᠭᠡᠴᠡ ᠳᠤ ᠮᠣᠩᠭᠤᠯ ᠬᠢᠲᠠᠳ ᠬᠤᠶᠠᠷ ᠬᠡᠯᠡᠨ ᠳᠤ ᠨᠡᠪᠲᠡᠷᠡᠭᠰᠡᠨ ᠡᠯ᠎ᠡ ᠦᠨᠳᠦᠰᠦᠲᠡᠨ ᠤ ᠺᠠᠳ᠋ᠷ 64996 ᠪᠤᠢ᠂ | ᠡᠭᠦᠨ ᠳᠤ ᠪᠦᠬᠦ ᠣᠷᠣᠨ ᠤ ᠰᠢᠭᠦᠬᠦ ᠬᠤᠷᠢᠶᠠᠨ ᠤ ᠰᠢᠰᠲ᠋ᠧᠮ ᠳᠤ ᠮᠣᠩᠭᠤᠯ ᠬᠢᠲᠠᠳ ᠬᠤᠣᠰ ᠬᠡᠯᠡᠨ ᠤ ᠬᠠᠤᠯᠢ ᠶᠢᠨ | ᠲᠤᠰᠢᠶᠠᠯᠲᠠᠨ 734 ᠪᠠᠶᠢᠵᠤ᠂ ᠪᠠᠶᠢᠴᠠᠭᠠᠬᠤ ᠬᠤᠷᠢᠶᠠᠨ ᠤ ᠰᠢᠰᠲ᠋ᠧᠮ ᠳᠤ ᠮᠣᠩᠭᠤᠯ ᠬᠢᠲᠠᠳ ᠬᠤᠶᠠᠷ ᠬᠡᠯᠡᠨ ᠳᠤ | ᠨᠡᠪᠲᠡᠷᠡᠭᠰᠡᠨ ᠠᠵᠢᠯᠲᠠᠨ 501 ᠪᠤᠢ︔ ᠪᠦᠬᠦ ᠣᠷᠣᠨ ᠳᠤ ᠮᠣᠩᠭᠤᠯ ᠬᠡᠯᠡᠨ ᠤ ᠲᠤᠰᠬᠠᠶ ᠣᠷᠴᠢᠭᠤᠯᠤᠭᠴᠢ | 1067 ᠪᠤᠢ᠃ | ᠮᠣᠩᠭᠤᠯ ᠬᠢᠲᠠᠳ ᠬᠤᠣᠰ ᠬᠡᠯᠡᠨ ᠤ ᠬᠠᠤᠯᠢ ᠶᠢᠨ ᠲᠤᠰᠢᠶᠠᠯᠲᠠᠨ ᠤ ᠡᠩᠨᠡᠭᠡ ᠶᠢᠨ ᠬᠡᠪ ᠴᠢᠨᠠᠷ ᠢ | ᠦᠨᠡᠨ ᠬᠦ ᠳᠡᠭᠡᠭᠰᠢᠯᠡᠭᠦᠯᠬᠦ ᠶᠢᠨ ᠲᠤᠰᠠᠳᠠ᠂ ᠮᠠᠨ ᠤ ᠣᠷᠣᠨ ᠮᠣᠩᠭᠤᠯ ᠬᠢᠲᠠᠳ ᠬᠤᠣᠰ ᠬᠡᠯᠡᠨ ᠤ ᠬᠠᠤᠯᠢ ᠶᠢᠨ | ᠲᠤᠰᠢᠶᠠᠯᠲᠠᠨ ᠢ ᠪᠣᠯᠪᠠᠰᠤᠷᠠᠭᠤᠯᠬᠤ ᠡᠷᠴᠢᠮ ᠢ ᠤᠯᠠᠮ ᠴᠢᠩᠭᠠᠳᠬᠠᠵᠤ᠂ ᠺᠠᠳ᠋ᠷ ᠤᠨ ᠲᠥᠷᠥ ᠶᠢᠨ ᠪᠣᠳᠣᠯᠭ᠎ᠠ ᠶᠢᠨ | ᠣᠨᠣᠯ ᠤᠨ ᠬᠢᠷᠢ ᠬᠡᠮᠵᠢᠶ᠎ᠡ ᠪᠠ ᠲᠤᠬᠠᠶᠢᠯᠠᠭᠰᠠᠨ ᠠᠵᠢᠯ ᠤᠨ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠵᠦ᠂ | ᠪᠣᠯᠪᠠᠰᠤᠷᠠᠯ ᠤᠨ ᠭᠤᠣᠯᠳᠠᠯᠭ᠎ᠠ ᠪᠠᠨ ᠴᠥᠭᠡᠨ ᠲᠤᠭᠠᠳᠤ ᠦᠨᠳᠦᠰᠦᠲᠡᠨ ᠤ ᠲᠥᠪᠯᠡᠷᠡᠨ ᠰᠠᠭᠤᠭ᠎ᠠ ᠭᠠᠵᠠᠷ ᠣᠷᠣᠨ | ᠪᠠ ᠬᠢᠯᠢ ᠬᠢᠵᠠᠭᠠᠷ ᠣᠷᠣᠨ ᠤ ᠮᠣᠩᠭᠤᠯ ᠬᠢᠲᠠᠳ ᠬᠤᠣᠰ ᠬᠡᠯᠡᠨ ᠤ ᠬᠠᠤᠯᠢ ᠶᠢᠨ ᠲᠤᠰᠢᠶᠠᠯᠲᠠᠨ ᠪᠠ ᠪᠠᠶᠢᠴᠠᠭᠠᠬᠤ | ᠬᠤᠷᠢᠶᠠᠨ ᠤ ᠰᠢᠰᠲ᠋ᠧᠮ ᠤᠨ ᠺᠠᠳ᠋ᠷ ᠲᠤ ᠲᠠᠯᠪᠢᠵᠤ᠂ ᠪᠤᠯᠪᠠᠰᠤᠷᠠᠭᠤᠯᠤᠯ ᠬᠦᠷᠲᠡᠭᠰᠡᠳ ᠤᠨ ᠮᠡᠳᠡᠯᠭᠡ ᠶᠢᠨ | ᠪᠦᠲᠦᠴᠡ᠂ ᠨᠠᠰᠤᠨ ᠤ ᠪᠦᠲᠦᠴᠡ ᠪᠠ ᠬᠦᠢᠰᠦ ᠢᠯᠭᠠᠯ ᠤᠨ ᠪᠦᠲᠦᠴᠡ ᠵᠡᠷᠭᠡ ᠡᠯᠧᠮᠧᠨ᠋ᠲ ᠢ ᠬᠠᠮᠲᠤ ᠳᠤᠨᠢ | ᠬᠠᠷᠠᠭᠠᠯᠵᠠᠨ᠂ ᠮᠣᠩᠭᠤᠯ ᠬᠢᠲᠠᠳ ᠬᠤᠣᠰ ᠬᠡᠯᠡᠨ ᠤ ᠺᠠᠳ᠋ᠷ ᠤᠨ ᠪᠦᠬᠦᠯᠢ ᠴᠣᠭᠴᠠ ᠶᠢᠨ ᠬᠡᠪ ᠴᠢᠨᠠᠷ ᠢ | ᠳᠡᠭᠡᠭᠰᠢᠯᠡᠭᠦᠯᠦᠭᠰᠡᠨ ᠪᠠᠶᠢᠨ᠎ᠠ᠃ ᠥᠪᠥᠷ ᠮᠣᠩᠭᠤᠯ ᠤᠨ ᠬᠠᠤᠯᠢ ᠶᠢᠨ ᠲᠤᠰᠢᠶᠠᠯᠲᠠᠨ ᠤ ᠳᠡᠭᠡᠳᠦ ᠰᠤᠷᠭᠠᠭᠤᠯᠢ ᠵᠢᠴᠢ | ᠪᠤᠰᠤᠳ ᠬᠤᠯᠪᠣᠭᠳᠠᠯ ᠪᠦᠬᠦᠢ ᠶᠡᠭᠡ ᠰᠤᠷᠭᠠᠭᠤᠯᠢ ᠳᠡᠭᠡᠳᠦ ᠰᠤᠷᠭᠠᠭᠤᠯᠢ ᠶᠢᠨ ᠡᠬᠢ ᠪᠠᠶᠠᠯᠢᠭ ᠤᠨ ᠳᠠᠪᠠᠭᠤᠯᠢᠭ | ᠲᠠᠯ᠎ᠠ ᠶᠢ ᠭᠦᠢᠴᠡᠳ ᠠᠰᠢᠭᠯᠠᠵᠤ᠂ ᠡᠭᠦᠨ ᠤ ᠬᠠᠮᠲᠤ ᠥᠪᠡᠷᠲᠡᠭᠡᠨ ᠵᠠᠰᠠᠬᠤ ᠣᠷᠣᠨ ᠤ ᠮᠣᠩᠭᠤᠯ ᠬᠡᠯᠡ ᠪᠢᠴᠢᠭ ᠤᠨ | ᠣᠷᠴᠢᠭᠤᠯᠭ᠎ᠠ ᠶᠢᠨ ᠲᠤᠰᠬᠠᠶ ᠮᠡᠷᠭᠡᠵᠢᠯ ᠤᠨ ᠠᠵᠢᠯᠲᠠᠨ ᠢ ᠦᠷᠭᠦᠯᠵᠢᠯᠡᠨ ᠬᠥᠮᠦᠵᠢᠭᠦᠯᠬᠦ ᠰᠠᠭᠤᠷᠢᠨ ᠭᠠᠵᠠᠷ ᠤᠨ | ᠦᠢᠯᠡᠳᠦᠯ ᠢ ᠪᠠᠳᠠᠷᠠᠭᠤᠯᠵᠤ᠂ ᠵᠢᠯ ᠪᠦᠷᠢ 2 ᠠᠴᠠ 3 ᠤᠳᠠᠭ᠎ᠠ ᠪᠤᠯᠪᠠᠰᠤᠷᠠᠭᠤᠯᠤᠯ ᠤᠨ ᠠᠩᠭᠢ ᠡᠷᠬᠢᠯᠡᠵᠦ᠂ | ᠲᠤᠰᠬᠠᠶ ᠲᠤᠰᠢᠶᠠᠯᠲᠤ ᠪᠠ ᠲᠤᠰᠢᠶᠠᠯ ᠬᠠᠪᠰᠤᠷᠭᠠᠭᠰᠠᠨ ᠣᠷᠴᠢᠭᠤᠯᠭ᠎ᠠ ᠶᠢᠨ ᠠᠵᠢᠯᠲᠠᠨ ᠢ ᠨᠡᠶᠢᠲᠡ 5000 ᠭᠠᠷᠤᠶ | ᠬᠦᠮᠦᠨ ᠤᠳᠠᠭ᠎ᠠ ᠪᠤᠯᠪᠠᠰᠤᠷᠠᠭᠤᠯᠵᠤ᠂ ᠪᠦᠬᠦ ᠣᠷᠣᠨ ᠤ ᠮᠣᠩᠭᠤᠯ ᠬᠢᠲᠠᠳ ᠬᠤᠣᠰ ᠬᠡᠯᠡᠨ ᠤ ᠬᠠᠤᠯᠢ ᠶᠢᠨ | ᠲᠤᠰᠢᠶᠠᠯᠲᠠᠨ ᠢ ᠪᠣᠯᠪᠠᠰᠤᠷᠠᠭᠤᠯᠬᠤ ᠰᠤᠷᠭᠠᠨ ᠬᠥᠮᠦᠵᠢᠯ ᠮᠠᠰᠢ ᠰᠠᠶᠢᠨ ᠦᠷ᠎ᠡ ᠪᠦᠲᠦᠮᠵᠢ ᠤᠯᠵᠤ᠂ | ᠣᠷᠴᠢᠭᠤᠯᠭ᠎ᠠ ᠶᠢᠨ ᠡᠩᠨᠡᠭᠡ ᠶᠢᠨ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠦᠭᠰᠡᠨ ᠪᠠᠶᠢᠨ᠎ᠠ᠃ |