ᠥᠪᠥᠷ ᠵᠠᠰᠠᠭ ᠲᠠᠷᠬᠠᠭᠠᠭᠰᠠᠨ ﹇2015﹈ 29 ᠳ᠋ᠤᠭᠡᠷ ᠲᠤᠭᠠᠳᠤ | 2015 ᠣᠨ ᠤ 3 ᠳ᠋ᠤᠭᠠᠷ ᠰᠠᠷ᠎ᠠ ᠶᠢᠨ 5 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ | ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠣᠯ ᠴᠤᠭᠴᠠ ᠶᠢ | ᠲᠦᠷᠭᠡᠳᠭᠡᠨ ᠪᠤᠶᠢᠵᠢᠭᠤᠯᠬᠤ ᠪᠠ ᠬᠥᠭᠵᠢᠭᠦᠯᠵᠦ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ | ᠲᠠᠷᠢᠶᠠᠯᠠᠬᠤ ᠣᠷᠣᠨ ᠤ ᠦᠢᠯᠡᠳᠪᠦᠷᠢᠯᠡᠯ ᠡᠵᠡᠩᠨᠡᠯᠲᠡ ᠶᠢᠨ ᠵᠤᠬᠢᠶᠠᠨ ᠪᠠᠶᠢᠭᠤᠯᠤᠯᠲᠠᠵᠢᠭᠰᠠᠨ᠂ ᠬᠡᠪᠴᠢᠶᠡᠵᠢᠭᠰᠡᠨ | ᠬᠢᠷᠢ ᠬᠡᠮᠵᠢᠶ᠎ᠠ ᠶᠢ ᠳᠡᠭᠡᠭᠰᠢᠯᠡᠭᠦᠯᠦᠨ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠪᠠ | ᠮᠠᠯᠴᠢᠨ ᠲᠠᠷᠢᠶᠠᠴᠢᠳ ᠤᠨ ᠣᠷᠤᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠬᠤ ᠶᠢᠨ ᠲᠤᠰᠠᠳᠠ᠂ ᠡᠳᠦᠭᠡ | ᠮᠠᠯᠴᠢᠨ ᠲᠠᠷᠢᠶᠠᠴᠢᠳ ᠤᠨ ᠬᠤᠷᠰᠢᠶ᠎ᠠ ᠶᠢ ᠦᠷᠭᠦᠯᠵᠢᠯᠡᠨ ᠵᠢᠷᠤᠮᠵᠢᠭᠤᠯᠤᠨ ᠬᠥᠭᠵᠢᠭᠦᠯᠬᠦ ᠶᠢ ᠠᠬᠢᠭᠤᠯᠬᠤ ᠲᠣᠬᠠᠢ | ᠳᠤᠤᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠮᠠᠯᠴᠢᠨ ᠲᠠᠷᠢᠶᠠᠴᠢᠳ ᠤᠨ ᠬᠤᠷᠰᠢᠶ᠎ᠠ ᠶᠢ ᠦᠷᠭᠦᠯᠵᠢᠯᠡᠨ ᠵᠢᠷᠤᠮᠵᠢᠭᠤᠯᠤᠨ ᠬᠥᠭᠵᠢᠭᠦᠯᠬᠦ ᠶᠢ | ᠲᠦᠷᠭᠡᠳᠭᠡᠨ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠭᠦᠢᠴᠡᠳ | ᠳᠡᠭᠡᠭᠰᠢᠯᠡᠭᠦᠯᠬᠦ ᠬᠡᠷᠡᠭᠲᠡᠢ | ᠲᠠᠷᠢᠶᠠᠴᠢᠳ ᠤᠨ ᠲᠤᠰᠬᠠᠢ ᠬᠤᠷᠰᠢᠶ᠎ᠠ ᠶᠢ ᠬᠥᠭᠵᠢᠭᠦᠯᠬᠦ ᠪᠠ ᠬᠦᠳᠡᠭᠡ ᠲᠤᠰᠬᠤᠨ ᠤ ᠰᠢᠨ᠎ᠡ ᠮᠠᠶ᠋ᠢᠭ ᠤᠨ | ᠡᠵᠡᠩᠨᠡᠯᠲᠡ ᠶᠢᠨ ᠭᠤᠣᠯ ᠴᠤᠭᠴᠠ ᠶᠢ ᠪᠤᠶᠢᠵᠢᠭᠤᠯᠬᠤ ᠪᠠᠷ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ | ᠰᠢᠨ᠎ᠡ ᠪᠠᠷ ᠳᠤᠲᠤᠷᠬᠠᠢ ᠱᠠᠭᠠᠷᠳᠠᠯᠭ᠎ᠠ ᠳᠤᠷᠠᠳᠴᠠᠢ᠃ ᠣᠶᠢᠷ᠎ᠠ ᠶᠢᠨ ᠵᠢᠯ ᠤᠨ ᠲᠣᠷᠰᠢ᠂ ᠮᠠᠨ ᠤ ᠣᠷᠣᠨ ᠤ ᠮᠠᠯᠴᠢᠨ | ᠲᠠᠷᠢᠶᠠᠴᠢᠳ ᠤᠨ ᠬᠤᠷᠰᠢᠶ᠎ᠠ ᠨᠢᠭᠡᠨᠲᠡ ᠢᠳᠡᠭ ᠢᠳᠡᠭ ᠢᠶᠠᠷ ᠲᠤᠭ᠎ᠠ ᠬᠡᠮᠵᠢᠶᠠᠨ ᠤ ᠥᠷᠭᠡᠵᠢᠯ ᠠᠴᠠ ᠶᠠᠰᠤ ᠴᠢᠨᠠᠷ ᠤᠨ | ᠳᠡᠭᠡᠭᠰᠢᠯᠡᠯᠲᠡ ᠲᠡᠰᠢ ᠬᠥᠭᠵᠢᠬᠦ ᠰᠢᠨ᠎ᠡ ᠱᠠᠲᠤᠨ ᠳᠤ ᠣᠷᠤᠵᠤ᠂ ᠮᠠᠯᠴᠢᠨ ᠲᠠᠷᠢᠶᠠᠴᠢᠳ ᠤᠨ ᠬᠤᠷᠰᠢᠶ᠎ᠠ ᠶᠢᠨ ᠲᠤᠭ᠎ᠠ | ᠂ ᠬᠤᠷᠰᠢᠭᠰᠠᠨ ᠬᠡᠪᠴᠢᠶ᠎ᠠ ᠪᠠ ᠬᠦᠷᠢᠶ᠎ᠠ ᠲᠠᠰᠤᠷᠠᠯᠲᠠ ᠦᠭᠡᠢ ᠥᠷᠭᠡᠳᠴᠦ᠂ ᠮᠠᠯᠵᠢᠬᠤ ᠲᠠᠷᠢᠶᠠᠯᠠᠬᠤ ᠡᠷᠦᠬᠡ ᠶᠢ | ᠳᠠᠶᠢᠴᠢᠯᠠᠬᠤ ᠴᠢᠳᠠᠪᠤᠷᠢ ᠨᠢ ᠲᠠᠰᠤᠷᠠᠯᠲᠠ ᠦᠭᠡᠢ ᠴᠢᠩᠭᠠᠷᠠᠨ᠂ ᠨᠢᠭᠡᠨᠲᠡ ᠢᠳᠡᠭ ᠢᠳᠡᠭ ᠢᠶᠠᠷ ᠮᠠᠯᠴᠢᠨ | ᠲᠠᠷᠢᠶᠠᠴᠢᠳ ᠤᠨ ᠵᠠᠬ᠎ᠠ ᠳᠡᠯᠭᠡᠭᠦᠷ ᠲᠤ ᠣᠷᠣᠬᠤ ᠶᠢ ᠳᠠᠶᠢᠴᠢᠯᠠᠬᠤ ᠦᠨᠳᠦᠰᠦᠨ ᠭᠤᠣᠯ ᠴᠤᠭᠴᠠ ᠪᠣᠯᠵᠤ᠂ | ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢ ᠬᠥᠭᠵᠢᠭᠦᠯᠬᠦ ᠰᠢᠨ᠎ᠡ ᠮᠠᠶ᠋ᠢᠭ ᠤᠨ ᠪᠤᠳᠠᠳᠤ ᠴᠤᠭᠴᠠ ᠪᠠ | ᠮᠠᠯᠵᠢᠬᠤ ᠲᠠᠷᠢᠶᠠᠯᠠᠬᠤ ᠣᠷᠣᠨ ᠤ ᠡᠵᠡᠩᠨᠡᠯᠲᠡ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠪᠦᠲᠦᠮᠵᠢᠲᠡᠢ | ᠠᠴᠢᠶᠠᠯᠠᠪᠤᠷᠢ ᠪᠣᠯᠣᠭᠰᠠᠨ ᠪᠠᠶᠢᠨ᠎ᠠ᠃ ᠭᠡᠪᠡᠴᠦ ᠮᠠᠨ ᠤ ᠣᠷᠣᠨ ᠤ ᠮᠠᠯᠴᠢᠨ ᠲᠠᠷᠢᠶᠠᠴᠢᠳ ᠤᠨ ᠬᠤᠷᠰᠢᠶ᠎ᠠ ᠶᠢᠨ | ᠬᠥᠭᠵᠢᠯᠲᠡ ᠳᠤ ᠪᠠᠰᠠ ᠮᠠᠰᠢ ᠣᠯᠠᠨ ᠪᠠᠭᠤᠷᠠᠢ ᠲᠠᠯ᠎ᠠ ᠣᠷᠣᠰᠢᠵᠤ ᠪᠣᠢ᠂ ᠭᠤᠣᠯᠳᠠᠭᠤ ᠬᠡᠪᠴᠢᠶ᠎ᠡ ᠨᠢ ᠨᠡᠯᠢᠶᠡᠳ | ᠪᠠᠭ᠎ᠠ᠂ ᠬᠠᠮᠤᠷᠬᠤ ᠬᠡᠪᠴᠢᠶ᠎ᠡ ᠨᠢ ᠨᠡᠯᠢᠶᠡᠳ ᠢᠪᠴᠤᠤ᠂ ᠠᠵᠢᠯᠯᠠᠭᠠᠨ ᠤ ᠶᠠᠰᠤ ᠴᠢᠨᠠᠷ ᠳᠣᠣᠷ᠎ᠠ᠂ ᠡᠳ᠋ ᠤᠨ | ᠶᠠᠪᠤᠳᠠᠯ ᠤᠨ ᠳᠦᠷᠢᠮ᠂ ᠠᠷᠠᠳᠴᠢᠯᠠᠭᠰᠠᠨ ᠬᠠᠮᠢᠶᠠᠷᠤᠯᠲᠠ ᠶᠢᠨ ᠳᠦᠷᠢᠮ ᠲᠡᠭᠦᠯᠳᠡᠷ ᠪᠤᠰᠤ᠂ ᠨᠡᠶᠢᠭᠡᠮᠴᠢᠯᠡᠭᠰᠡᠨ | ᠦᠢᠯᠡᠴᠢᠯᠡᠭᠡᠨ ᠤ ᠬᠢᠷᠢ ᠲᠦᠪᠰᠢᠨ ᠦᠨᠳᠦᠷ ᠪᠢᠰᠢ᠂ ᠵᠢᠯᠤᠭᠤᠳᠤᠯᠭ᠎ᠠ ᠪᠣᠯᠣᠨ ᠦᠢᠯᠡᠴᠢᠯᠡᠭᠡ ᠬᠦᠷᠦᠯᠴᠡᠬᠦ ᠦᠭᠡᠢ | ᠵᠡᠷᠭᠡ ᠲᠠᠯ᠎ᠠ ᠪᠠᠶᠢᠬᠤ ᠮᠦᠷᠳᠡᠬᠡᠨ ᠮᠠᠨ ᠤ ᠣᠷᠣᠨ ᠤ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ | ᠬᠥᠭᠵᠢᠯᠲᠡ ᠶᠢᠨ ᠱᠠᠭᠠᠷᠳᠠᠯᠭ᠎ᠠ ᠪᠣᠯᠣᠨ ᠥᠷᠭᠡᠨ ᠣᠯᠠᠨ ᠮᠠᠯᠴᠢᠨ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠬᠦ | ᠬᠡᠷᠡᠭᠴᠡᠭᠡ ᠶᠢ ᠪᠠᠰᠠ ᠬᠠᠩᠭᠠᠵᠤ ᠳᠡᠶᠢᠯᠬᠦ ᠦᠭᠡᠢ ᠪᠠᠶᠢᠭᠰᠠᠭᠠᠷ ᠪᠣᠢ᠃ ᠡᠯ᠎ᠡ ᠠᠶᠢᠮᠠᠭ ᠬᠤᠲᠠ᠂ ᠡᠯ᠎ᠡ ᠬᠤᠯᠪᠤᠭᠳᠠᠯ | ᠪᠦᠬᠦᠢ ᠰᠠᠯᠠᠭ᠎ᠠ ᠮᠦᠴᠢᠷ ᠤᠳ ᠨᠢ ᠰᠢᠨ᠎ᠡ ᠪᠠᠶᠢᠳᠠᠯ ᠳᠣᠣᠷᠠᠬᠢ ᠮᠠᠯᠴᠢᠨ ᠲᠠᠷᠢᠶᠠᠴᠢᠳ ᠤᠨ ᠬᠤᠷᠰᠢᠶ᠎ᠠ ᠶᠢ | ᠦᠷᠭᠦᠯᠵᠢᠯᠡᠨ ᠵᠢᠷᠤᠮᠵᠢᠭᠤᠯᠤᠨ ᠬᠥᠭᠵᠢᠭᠦᠯᠬᠦ ᠶᠢ ᠠᠬᠢᠭᠤᠯᠬᠤ ᠶᠢᠨ ᠴᠢᠬᠤᠯᠠ ᠠᠴᠢ ᠬᠤᠯᠪᠤᠭᠳᠠᠯ ᠢ ᠭᠦᠨᠵᠡᠭᠡᠢ | ᠲᠠᠨᠢᠵᠤ᠂ ᠮᠠᠯᠴᠢᠨ ᠲᠠᠷᠢᠶᠠᠴᠢᠳ ᠤᠨ ᠬᠤᠷᠰᠢᠶ᠎ᠠ ᠶᠢᠨ ᠬᠥᠭᠵᠢᠯᠲᠡ ᠪᠠ ᠪᠦᠲᠦᠭᠡᠨ ᠪᠠᠶᠢᠭᠤᠯᠤᠯᠲᠠ ᠶᠢ ᠭᠦᠨᠵᠡᠭᠡᠢ | ᠲᠦᠯᠬᠢᠨ ᠠᠬᠢᠭᠤᠯᠬᠤ ᠪᠠᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠮᠠᠶ᠋ᠢᠭ ᠢᠶᠠᠨ | ᠬᠤᠪᠢᠷᠠᠭᠤᠯᠬᠤ᠂ ᠲᠠᠷᠢᠶᠠᠯᠠᠩ ᠮᠠᠯ ᠠᠵᠤ ᠠᠬᠤᠢ ᠶᠢᠨ ᠤᠳᠤᠬᠢᠴᠢᠯᠠᠬᠤ ᠪᠦᠲᠦᠭᠡᠨ ᠪᠠᠶᠢᠭᠤᠯᠤᠯᠲᠠ ᠶᠢ ᠲᠦᠷᠭᠡᠳᠭᠡᠬᠦ | ᠴᠢᠬᠤᠯᠠ ᠠᠷᠭ᠎ᠠ ᠬᠡᠮᠵᠢᠶ᠎ᠠ ᠪᠠ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠲᠣᠭᠲᠠᠴᠠ ᠳᠤ ᠰᠢᠨ᠎ᠡ ᠶᠢ | ᠡᠭᠦᠳᠬᠦ᠂ ᠮᠠᠯᠴᠢᠨ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ ᠶᠢ ᠠᠬᠢᠭᠤᠯᠬᠤ ᠶᠢᠨ ᠪᠦᠲᠦᠮᠵᠢᠲᠡᠢ | ᠠᠷᠭ᠎ᠠ ᠵᠠᠮ ᠪᠣᠯᠭᠠᠵᠤ᠂ ᠮᠠᠯᠴᠢᠨ ᠲᠠᠷᠢᠶᠠᠴᠢᠳ ᠤᠨ ᠬᠤᠷᠰᠢᠶ᠎ᠠ ᠶᠢᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢ | ᠪᠦᠬᠦ ᠲᠠᠯ᠎ᠠ ᠪᠠᠷ ᠲᠦᠷᠭᠡᠳᠭᠡᠨ᠂ ᠮᠠᠨ ᠤ ᠣᠷᠣᠨ ᠤ ᠮᠠᠯᠴᠢᠨ ᠲᠠᠷᠢᠶᠠᠴᠢᠳ ᠤᠨ ᠬᠤᠷᠰᠢᠶ᠎ᠠ ᠶᠢᠨ ᠠᠵᠢᠯᠯᠠᠭᠠᠨ ᠤ | ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ ᠪᠠᠶᠢᠭᠠᠳ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ | ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ | ᠡᠵᠡᠩᠨᠡᠯᠲᠡ ᠳᠤ ᠰᠢᠨ᠎ᠡ ᠶᠢ ᠡᠭᠦᠳᠬᠦ ᠪᠠ ᠮᠠᠯᠴᠢᠨ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ ᠶᠢ | ᠳᠠᠶᠢᠴᠢᠯᠠᠬᠤ ᠲᠠᠯ᠎ᠠ ᠪᠠᠷ ᠬᠢ ᠦᠢᠯᠡᠳᠦᠯ ᠢ ᠨᠢ ᠨᠡᠩ ᠶᠡᠭᠡ ᠪᠠᠷ ᠪᠠᠳᠠᠷᠠᠭᠤᠯᠬᠤ ᠬᠡᠷᠡᠭᠲᠡᠢ᠃ | ᠬᠤᠶᠠᠷ᠂ ᠮᠠᠯᠴᠢᠨ ᠲᠠᠷᠢᠶᠠᠴᠢᠳ ᠤᠨ ᠬᠤᠷᠰᠢᠶ᠎ᠠ ᠶᠢ ᠦᠷᠭᠦᠯᠵᠢᠯᠡᠨ ᠵᠢᠷᠤᠮᠵᠢᠭᠤᠯᠤᠨ ᠬᠥᠭᠵᠢᠭᠦᠯᠬᠦ ᠶᠢ | ᠠᠬᠢᠭᠤᠯᠬᠤ ᠶᠡᠷᠦᠩᠬᠡᠢ ᠱᠠᠭᠠᠷᠳᠠᠯᠭ᠎ᠠ ᠪᠠ ᠬᠠᠷᠠᠯᠲᠠ ᠶᠢᠨ ᠡᠭᠦᠷᠭᠡ | ︵ᠨᠢᠭᠡ︶ ᠶᠡᠷᠦᠩᠬᠡᠢ ᠱᠠᠭᠠᠷᠳᠠᠯᠭ᠎ᠠ᠃ | ᠮᠠᠯᠵᠢᠬᠤ ᠲᠠᠷᠢᠶᠠᠯᠠᠬᠤ ᠡᠷᠦᠬᠡ ᠶᠢᠨ ᠦᠢᠯᠡᠳᠪᠦᠷᠢᠯᠡᠯ ᠡᠵᠡᠩᠨᠡᠯᠲᠡ ᠶᠢᠨ ᠭᠤᠣᠯᠯᠠᠬᠤ ᠪᠠᠶᠢᠷᠢ ᠰᠠᠭᠤᠷᠢ ᠶᠢ | ᠬᠦᠨᠳᠦᠳᠭᠡᠬᠦ ᠪᠠ ᠪᠠᠲᠤᠯᠠᠭᠰᠠᠨ ᠰᠠᠭᠤᠷᠢᠨ ᠳᠡᠭᠡᠷ᠎ᠡ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ | ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠳᠤ ᠰᠢᠨ᠎ᠡ ᠶᠢ ᠡᠭᠦᠳᠬᠦ ᠪᠠᠷ ᠭᠤᠣᠯ ᠪᠣᠯᠭᠠᠵᠤ᠂ ᠮᠠᠯᠴᠢᠨ | ᠲᠠᠷᠢᠶᠠᠴᠢᠳ ᠤᠨ ᠬᠤᠷᠰᠢᠨ ᠡᠵᠡᠩᠨᠡᠬᠦ ᠪᠠᠷ ᠲᠦᠯᠦᠭᠡᠯᠡᠭᠦᠯᠦᠭᠰᠡᠨ ᠲᠠᠷᠢᠶᠠᠯᠠᠩ ᠮᠠᠯ ᠠᠵᠤ ᠠᠬᠤᠢ ᠶᠢᠨ | ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠶᠢ ᠶᠡᠬᠡᠪᠡᠷ ᠪᠤᠶᠢᠵᠢᠭᠤᠯᠤᠨ ᠪᠣᠵᠠᠭᠠᠶᠢᠷᠠᠭᠤᠯᠵᠤ᠂ | ᠮᠠᠯᠴᠢᠨ ᠲᠠᠷᠢᠶᠠᠴᠢᠳ ᠢ ᠵᠣᠷᠢᠬᠵᠢᠭᠤᠯᠤᠨ ᠬᠦᠲᠦᠯᠦᠨ ᠵᠢᠯᠤᠭᠤᠳᠴᠤ ᠪᠠᠶᠢᠭᠠᠳ ᠲᠤᠰᠬᠠᠢ ᠠᠵᠢᠯ ᠢᠶᠠᠷ ᠬᠤᠷᠰᠢᠬᠤ᠂ | ᠬᠤᠪᠢ ᠣᠷᠤᠭᠤᠯᠵᠤ ᠬᠤᠷᠰᠢᠬᠤ ᠵᠡᠷᠭᠡ ᠣᠯᠠᠨ ᠡᠰᠢᠲᠦ᠂ ᠣᠯᠠᠨ ᠲᠦᠷᠦᠯ ᠮᠠᠶ᠋ᠢᠭ ᠤᠨ ᠬᠤᠷᠰᠢᠶ᠎ᠠ ᠶᠢ ᠡᠵᠡᠨ | ᠮᠡᠳᠡᠨ ᠡᠷᠬᠢᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠭᠤᠯᠤᠯ | ᠲᠣᠭᠲᠠᠴᠠ ᠳᠤ ᠰᠢᠨ᠎ᠡ ᠶᠢ ᠡᠭᠦᠳᠦᠨ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ | ᠵᠣᠬᠢᠶᠠᠨ ᠪᠠᠶᠢᠭᠤᠯᠤᠯᠲᠠᠵᠢᠭᠰᠠᠨ ᠬᠡᠮᠵᠢᠶ᠎ᠡ ᠶᠢ ᠯᠠᠪᠳᠠᠭᠤᠨ ᠢᠶᠠᠷ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ | ᠦᠢᠯᠡᠳᠪᠦᠷᠢᠯᠡᠯ ᠤᠨ ᠬᠦᠴᠦᠨ ᠵᠦᠢᠯ ᠤᠨ ᠳᠠᠯᠳᠠ ᠬᠦᠴᠦᠨ ᠢ ᠭᠦᠢᠴᠡᠳ ᠬᠥᠭᠵᠢᠭᠡᠨ᠂ ᠵᠣᠬᠢᠬᠤ ᠬᠡᠪᠴᠢᠶᠡᠵᠢᠭᠰᠡᠨ | ᠦᠢᠯᠡᠳᠪᠦᠷᠢᠯᠡᠯ ᠡᠵᠡᠩᠨᠡᠯᠲᠡ ᠶᠢ ᠬᠥᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠪᠦᠲᠦᠭᠡᠨ | ᠪᠠᠶᠢᠭᠤᠯᠤᠯᠲᠠ ᠪᠣᠯᠣᠨ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ | ᠬᠡᠷᠡᠭᠲᠡᠢ᠃ | ︵ᠬᠤᠶᠠᠷ︶ ᠬᠠᠷᠠᠯᠲᠠ ᠶᠢᠨ ᠡᠭᠦᠷᠭᠡ᠃ | ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ︽ | ᠠᠷᠠᠳ ᠠᠴᠠ ᠡᠷᠬᠢᠯᠡᠬᠦ᠂ ᠠᠷᠠᠳ ᠠᠴᠠ ᠬᠠᠮᠢᠶᠠᠷᠬᠤ᠂ ᠠᠷᠠᠳ ᠲᠤ ᠠᠰᠢᠭ ᠬᠦᠷᠲᠡᠭᠡᠬᠦ︾ ᠶᠢ ᠭᠦᠢᠴᠡᠳᠭᠡᠨ᠂ ︽ | ᠢᠳᠡᠪᠬᠢᠲᠡᠢ ᠬᠥᠭᠵᠢᠭᠦᠯᠬᠦ᠂ ᠠᠯᠬᠤᠮ ᠠᠯᠬᠤᠮ ᠢᠶᠠᠷ ᠵᠢᠷᠤᠮᠵᠢᠭᠤᠯᠬᠤ᠂ ᠲᠡᠳᠭᠦᠬᠦ ᠪᠠᠨ ᠴᠢᠩᠭᠠᠷᠠᠭᠤᠯᠬᠤ᠂ ᠬᠡᠪ | ᠴᠢᠨᠠᠷ ᠢ ᠳᠡᠭᠡᠭᠰᠢᠯᠡᠭᠦᠯᠬᠦ︾ ᠪᠠᠷ ᠱᠠᠭᠠᠷᠳᠠᠯᠭ᠎ᠠ ᠪᠣᠯᠭᠠᠨ᠂ ᠦᠢᠯᠡᠳᠪᠦᠷᠢᠯᠡᠯ᠂ ᠡᠳ᠋ᠰᠢᠭᠦᠯᠭᠡ᠂ ᠪᠣᠷᠤᠯᠠᠭᠤᠯᠭ᠎ᠠ᠂ | ᠦᠢᠯᠡᠴᠢᠯᠡᠭᠡ ᠵᠡᠷᠭᠡ ᠡᠯ᠎ᠡ ᠭᠤᠭᠴᠤᠭᠠᠨ ᠳᠠᠬᠢ ᠮᠠᠯᠴᠢᠨ ᠲᠠᠷᠢᠶᠠᠴᠢᠳ ᠤᠨ ᠬᠤᠷᠰᠢᠶ᠎ᠠ ᠶᠢ ᠶᠡᠬᠡᠪᠡᠷ ᠬᠥᠭᠵᠢᠭᠦᠯᠵᠦ᠂ | ᠬᠤᠷᠰᠢᠶ᠎ᠠ ᠶᠢ ᠵᠢᠷᠤᠮᠵᠢᠭᠤᠯᠬᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠤᠨ᠂ ᠳᠦᠷᠢᠮ | ᠲᠣᠭᠲᠠᠭᠠᠯ ᠢ ᠪᠦᠷᠢᠨᠰᠢᠭᠦᠯᠵᠦ᠂ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠦᠨ᠂ ᠠᠰᠢᠭ ᠲᠤᠰᠠ ᠶᠢᠨ | ᠬᠤᠪᠢᠶᠠᠷᠢᠯᠠᠯ ᠢ ᠵᠢᠷᠤᠮᠵᠢᠭᠤᠯᠵᠤ᠂ ᠦᠢᠯᠡᠴᠢᠯᠡᠭᠡᠨ ᠤ ᠴᠢᠳᠠᠮᠵᠢ ᠶᠢ ᠨᠡᠮᠡᠭᠳᠡᠭᠦᠯᠦᠨ᠂ ᠬᠤᠷᠰᠢᠶ᠎ᠠ ᠶᠢᠨ ᠬᠥᠭᠵᠢᠯᠲᠡ | ᠪᠠ ᠠᠵᠢᠯᠯᠠᠭᠠᠨ ᠤ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ︽13 · 5︾ ᠶᠢᠨ | ᠲᠦᠯᠦᠪᠵᠢᠭᠦᠯᠭᠡ ᠶᠢᠨ ᠬᠤᠭᠤᠴᠠᠭᠠᠨ ᠤ ᠰᠡᠭᠦᠯᠴᠢ ᠪᠣᠯᠬᠤ ᠳᠤ᠂ ᠦᠪᠡᠷᠲᠡᠭᠡᠨ ᠵᠠᠰᠠᠬᠤ ᠣᠷᠣᠨ ᠤ ᠵᠢᠷᠤᠮᠵᠢᠭᠰᠠᠨ | ᠠᠵᠢᠯᠯᠠᠭᠠᠨ ᠲᠠᠢ ᠮᠠᠯᠴᠢᠨ ᠲᠠᠷᠢᠶᠠᠴᠢᠳ ᠤᠨ ᠬᠤᠷᠰᠢᠶ᠎ᠠ ᠶᠢ 35 ᠲᠦᠮᠡ ᠳᠤ ᠬᠦᠷᠦᠭᠦᠯᠬᠦ ᠪᠠᠷ ᠴᠢᠷᠮᠠᠶᠢᠨ᠎ᠠ︔ | ᠦᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠮᠠᠯᠴᠢᠨ | ᠲᠠᠷᠢᠶᠠᠴᠢᠳ ᠤᠨ ᠬᠤᠷᠰᠢᠶ᠎ᠠ ᠶᠢᠨ ᠵᠢᠱᠢᠶ᠎ᠡ ᠦᠵᠡᠭᠦᠯᠬᠦ ᠬᠤᠷᠰᠢᠶ᠎ᠠ ᠶᠢᠨ ᠲᠤᠭ᠎ᠠ ᠬᠡᠮᠵᠢᠶ᠎ᠡ ᠶᠢ 5000 ᠳᠤ | ᠬᠦᠷᠦᠭᠦᠯᠦᠨ᠎ᠡ︔ ᠮᠠᠯᠴᠢᠨ ᠲᠠᠷᠢᠶᠠᠴᠢᠳ ᠤᠨ ᠬᠤᠷᠰᠢᠶ᠎ᠠ ᠶᠢᠨ ᠪᠦᠷᠢᠯᠳᠦᠭᠦᠨ ︵ᠲᠦᠯᠦᠭᠡᠯᠡᠭᠴᠢ︶ ᠤ ᠶᠡᠭᠡ ᠬᠤᠷᠠᠯ | ᠂ ᠬᠡᠷᠡᠭ ᠡᠷᠬᠢᠯᠡᠭᠴᠢᠳ ᠤᠨ ᠬᠤᠷᠠᠯ᠂ ᠬᠢᠨᠠᠯᠲᠠ ᠲᠠᠯᠪᠢᠭᠴᠢ ᠶᠢᠨ ᠬᠤᠷᠠᠯ ︽ᠭᠤᠷᠪᠠᠨ ᠬᠤᠷᠠᠯ︾ ᠢ | ᠪᠦᠷᠢᠨᠰᠢᠭᠦᠯᠦᠭᠰᠡᠨ ᠨᠤᠷᠮ᠎ᠠ ᠶᠢ 90% ᠠᠴᠠ ᠳᠡᠭᠡᠭᠰᠢ ᠬᠦᠷᠲᠡᠯ᠎ᠡ ᠳᠡᠭᠡᠭᠰᠢᠯᠡᠭᠦᠯᠵᠦ᠂ ᠠᠷᠠᠳᠴᠢᠯᠠᠭᠰᠠᠨ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠮᠡᠳᠡᠭᠳᠡᠭᠦ᠋ᠢᠴᠡ ᠳᠡᠭᠡᠭᠰᠢᠯᠡᠭᠦᠯᠦᠨ᠎ᠡ︔ ᠮᠠᠯᠴᠢᠨ ᠲᠠᠷᠢᠶᠠᠴᠢᠳ ᠤᠨ | ᠬᠤᠷᠰᠢᠶ᠎ᠠ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠦᠨᠳᠦᠰᠦᠨ ᠳᠡᠭᠡᠨ ᠵᠢᠷᠤᠮᠵᠢᠭᠤᠯᠵᠤ᠂ ᠡᠯ᠎ᠡ ᠱᠠᠲᠤᠨ ᠤ | ᠵᠢᠱᠢᠶ᠎ᠡ ᠦᠵᠡᠭᠦᠯᠬᠦ ᠬᠤᠷᠰᠢᠶ᠎ᠠ ᠶᠢᠨ ᠭᠡᠰᠢᠭᠦᠳ ᠤᠨ ᠬᠤᠪᠢ ᠬᠦᠮᠦᠨ ᠤ ᠳᠠᠩᠰᠠᠠ ᠡᠷᠦᠬᠡ ᠪᠠᠶᠢᠭᠤᠯᠬᠤ ᠨᠣᠷᠮ᠎ᠠ ᠶᠢ | 100% ᠳᠤ ᠬᠦᠷᠦᠭᠦᠯᠦᠨ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠠᠯᠬᠤᠮ ᠠᠯᠬᠤᠮ ᠢᠶᠠᠷ ᠮᠡᠳᠡᠭᠡ | ᠵᠠᠩᠬᠢᠵᠢᠭᠰᠠᠨ᠂ ᠵᠢᠷᠤᠮᠵᠢᠭᠰᠠᠨ ᠬᠡᠮᠵᠢᠶᠡᠨ ᠳᠤ ᠬᠦᠷᠦᠭᠦᠯᠦᠨ᠎ᠡ᠃ | ︵ᠭᠤᠷᠪᠠ︶ ᠦᠨᠳᠦᠰᠦᠨ ᠵᠠᠷᠴᠢᠮ᠃ | ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠲᠣᠭᠲᠠᠭᠤᠨ ᠪᠠᠶᠢᠯᠭᠠᠬᠤ ᠪᠠ | ᠲᠡᠭᠦᠯᠳᠡᠷᠵᠢᠭᠦᠯᠬᠦ᠂ ᠮᠠᠯᠵᠢᠬᠤ ᠲᠠᠷᠢᠶᠠᠯᠠᠬᠤ ᠣᠷᠣᠨ ᠤ ᠡᠵᠡᠩᠨᠡᠯᠲᠡ ᠶᠢᠨ ᠪᠠᠶᠢᠭᠤᠯᠤᠯ ᠲᠣᠭᠲᠠᠴᠠ ᠳᠤ ᠰᠢᠨ᠎ᠡ ᠶᠢ | ᠡᠭᠦᠳᠬᠦ ᠪᠠᠷ ᠵᠣᠷᠢᠯᠲᠠ ᠪᠣᠯᠭᠠᠬᠤ ᠶᠢ ᠪᠠᠷᠢᠮᠲᠠᠯᠠᠵᠤ᠂ ᠭᠡᠷ ᠪᠦᠯᠢ ᠶᠢᠨ ᠳᠠᠭᠠᠭᠠᠴᠢᠯᠠᠨ ᠡᠵᠡᠩᠨᠡᠬᠦ ᠪᠠ ᠮᠠᠯᠴᠢᠨ | ᠲᠠᠷᠢᠶᠠᠴᠢᠳ ᠤᠨ ᠬᠤᠷᠰᠢᠶ᠎ᠠ ᠶᠢ ᠬᠥᠭᠵᠢᠭᠦᠯᠬᠦ ᠪᠠᠨ ᠨᠢᠭᠲᠠ ᠤᠶᠠᠯᠳᠤᠭᠤᠯᠤᠨ᠂ ᠡᠯ᠎ᠡ ᠵᠦᠢᠯ ᠤᠨ ᠬᠡᠯᠪᠡᠷᠢ ᠶᠢᠨ | ᠬᠤᠷᠰᠢᠨ ᠠᠵᠢᠯᠯᠠᠬᠤ ᠪᠠᠷ ᠳᠠᠮᠵᠢᠭᠤᠯᠵᠤ᠂ ᠭᠡᠷ ᠪᠦᠯᠢ ᠶᠢᠨ ᠡᠵᠡᠩᠨᠡᠯᠲᠡ ᠳᠤ ᠪᠦᠬᠦ ᠲᠠᠯ᠎ᠠ ᠶᠢᠨ᠂ ᠨᠡᠩ ᠦᠷ᠎ᠡ | ᠪᠦᠲᠦᠮᠵᠢᠲᠡᠢ ᠪᠡᠶᠡᠯᠡᠭᠳᠡᠬᠦ ᠬᠡᠯᠪᠡᠷᠢ ᠶᠢ ᠬᠠᠩᠭᠠᠬᠤ ᠬᠡᠷᠡᠭᠲᠡᠢ︔ ᠮᠠᠯᠴᠢᠨ ᠲᠠᠷᠢᠶᠠᠴᠢᠳ ᠤᠨ ᠭᠤᠣᠯ ᠴᠤᠭᠴᠠᠲᠤ | ᠪᠠᠶᠢᠷᠢ ᠰᠠᠭᠤᠷᠢ ᠶᠢ ᠪᠠᠷᠢᠮᠲᠠᠯᠠᠵᠤ᠂ ᠠᠷᠠᠳᠴᠢᠯᠠᠭᠰᠠᠨ ᠬᠠᠮᠢᠶᠠᠷᠤᠯᠲᠠ᠂ ᠡᠵᠡᠨ ᠮᠡᠳᠡᠨ ᠡᠵᠡᠩᠨᠡᠬᠦ ᠶᠢ ᠬᠡᠷᠡᠭᠵᠢᠭᠦᠯᠦᠨ | ᠂ ᠮᠠᠯᠴᠢᠨ ᠲᠠᠷᠢᠶᠠᠴᠢᠳ ᠢ ᠢᠳᠡᠪᠬᠢᠳᠡᠢ ᠬᠦᠲᠦᠯᠦᠨ ᠵᠢᠯᠤᠭᠤᠳᠴᠤ ᠪᠠᠶᠢᠭᠠᠳ ᠳᠠᠭᠠᠭᠠᠴᠢᠯᠠᠭᠰᠠᠨ ᠭᠠᠵᠠᠷ ᠲᠠᠷᠢᠶ᠎ᠠ᠂ | ᠨᠤᠲᠤᠭ ᠪᠡᠯᠴᠢᠭᠡᠷ᠂ ᠣᠶᠢᠲᠦ ᠭᠠᠵᠠᠷ ᠢᠶᠠᠷ ᠬᠤᠪᠢ ᠣᠷᠣᠵᠣ ᠬᠤᠷᠰᠢᠨ ᠡᠵᠡᠩᠨᠡᠭᠦᠯᠵᠦ᠂ ᠦᠪᠡᠷ ᠢᠶᠠᠨ ᠡᠵᠡᠩᠨᠡᠬᠦ | ᠪᠣᠶᠣ ᠨᠠᠶᠢᠳᠠᠨ ᠡᠵᠡᠩᠨᠡᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ ᠲᠠᠷᠢᠶᠠᠯᠠᠩ ᠮᠠᠯ ᠠᠵᠤ ᠠᠬᠤᠢ ᠶᠢᠨ | ᠬᠡᠪᠴᠢᠶᠡᠲᠦ ᠡᠵᠡᠩᠨᠡᠯᠲᠡ ᠶᠢ ᠬᠥᠭᠵᠢᠭᠦᠯᠦᠨ᠂ ᠮᠠᠯᠴᠢᠨ ᠲᠠᠷᠢᠶᠠᠴᠢᠳ ᠤᠨ ᠳᠠᠭᠠᠭᠠᠴᠢᠯᠠᠨ ᠡᠵᠡᠩᠨᠡᠭᠰᠡᠨ | ᠡᠷᠬᠡ ᠪᠠᠷ ᠢᠶᠠᠨ ᠬᠤᠪᠢ ᠣᠷᠤᠵᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠡᠭᠰᠡᠨ ᠡᠵᠡᠩᠨᠡᠯᠲᠡ | ᠬᠢᠬᠦ ᠶᠢ ᠵᠥᠪᠰᠢᠶᠡᠷᠡᠨ᠎ᠡ︔ ᠦᠢᠯᠡᠳᠪᠦᠷᠢᠯᠡᠯ ᠢᠶᠠᠷ ᠭᠤᠣᠯᠯᠠᠭᠤᠯᠬᠤ ᠪᠠ ᠵᠠᠰᠠᠭ ᠤᠨ ᠣᠷᠳᠤᠨ ᠠᠴᠠ | ᠵᠢᠯᠤᠭᠤᠳᠬᠤ ᠶᠢ ᠪᠠᠷᠢᠮᠲᠠᠯᠠᠵᠤ᠂ ᠬᠥᠭᠵᠢᠭᠦᠯᠬᠦ ᠶᠢ ᠲᠡᠷᠢᠭᠦᠨ ᠳᠤ ᠲᠠᠯᠪᠢᠨ᠂ ᠵᠢᠷᠤᠮᠵᠢᠭᠤᠯᠬᠤ ᠶᠢ ᠵᠡᠷᠭᠡᠴᠡᠪᠡᠷ | ᠴᠢᠬᠤᠯᠠᠴᠢᠯᠠᠵᠤ᠂ ᠬᠠᠮᠤᠷᠬᠤ ᠬᠡᠪᠴᠢᠶ᠎ᠡ ᠶᠢ ᠭᠤᠣᠯᠳᠠᠯᠭ᠎ᠠ ᠲᠠᠢ ᠪᠠᠷ ᠥᠷᠭᠡᠳᠭᠡᠨ᠂ ᠳᠠᠶᠢᠴᠢᠯᠠᠬᠤ ᠬᠦᠴᠦᠨ ᠪᠠ | ᠦᠷᠢᠰᠦᠯᠳᠦᠬᠦ ᠬᠦᠴᠦᠨ ᠢ ᠨᠢ ᠨᠡᠮᠡᠭᠳᠡᠭᠦᠯᠦᠨ᠎ᠡ︔ ᠬᠠᠤᠯᠢ ᠶᠤᠰᠤᠭᠠᠷ ᠬᠠᠮᠢᠶᠠᠷᠬᠤ ᠶᠢ ᠪᠠᠷᠢᠮᠲᠠᠯᠠᠵᠤ᠂ | ᠦᠢᠯᠡᠴᠢᠯᠡᠭᠡᠨ ᠤ ᠵᠢᠯᠤᠭᠤᠳᠤᠯᠭ᠎ᠠ ᠶᠢ ᠴᠢᠩᠭᠠᠷᠠᠭᠤᠯᠤᠨ᠂ ᠦᠢᠯᠡᠳᠪᠦᠷᠢᠯᠡᠯ ᠡᠵᠡᠩᠨᠡᠯᠲᠡ ᠪᠠ ᠬᠤᠷᠰᠢᠶ᠎ᠠ ᠶᠢᠨ | ᠲᠤᠳᠤᠭᠠᠳᠤᠬᠢ ᠠᠵᠢᠯᠯᠠᠭᠠᠨ ᠢ ᠵᠢᠷᠤᠮᠵᠢᠭᠤᠯᠤᠨ᠎ᠠ᠃ | ︵ᠳᠥᠷᠪᠡ︶ ᠠᠵᠢᠯ ᠤᠨ ᠭᠤᠣᠯᠳᠠᠯᠭ᠎ᠠ᠃ | 1. ᠣᠯᠠᠨ ᠵᠦᠢᠯ ᠤᠨ ᠬᠡᠯᠪᠡᠷᠢ ᠶᠢᠨ ᠬᠤᠯᠪᠤᠭᠠᠯᠠᠯ ᠪᠣᠯᠣᠨ ᠬᠤᠷᠰᠢᠶᠠᠵᠢᠯ ᠢ ᠲᠦᠯᠬᠢᠨ ᠠᠬᠢᠭᠤᠯᠤᠨ᠎ᠠ᠃ | ᠮᠠᠯᠴᠢᠨ ᠲᠠᠷᠢᠶᠠᠴᠢᠳ ᠤᠨ ᠲᠠᠷᠢᠶᠠᠨ ᠭᠠᠵᠠᠷ᠂ ᠨᠤᠲᠤᠭ ᠪᠡᠯᠴᠢᠭᠡᠷ᠂ ᠣᠶᠢᠲᠤ ᠭᠠᠵᠠᠷ᠂ ᠲᠠᠷᠢᠶᠠᠯᠠᠩ ᠤᠨ ᠮᠠᠰᠢᠨ᠂ | ᠣᠰᠣᠨ ᠤ ᠭᠠᠳᠠᠷᠭᠤ ᠪᠣᠯᠣᠨ ᠵᠢᠵᠢᠭ ᠬᠡᠯᠪᠡᠷᠢ ᠶᠢᠨ ᠤᠰᠤᠨ ᠠᠰᠢᠭᠯᠠᠯᠲᠠ ᠶᠢᠨ ᠪᠠᠷᠢᠯᠭ᠎ᠠ ᠵᠡᠷᠭᠡ | ᠦᠢᠯᠡᠳᠪᠦᠷᠢᠯᠡᠯ ᠤᠨ ᠬᠦᠴᠦᠨ ᠵᠦᠢᠯ ᠢᠶᠠᠷ ᠬᠤᠷᠰᠢᠨ ᠡᠵᠡᠩᠨᠡᠬᠦ ᠶᠢ ᠳᠡᠮᠵᠢᠬᠦ ᠪᠠ ᠵᠣᠷᠢᠬᠵᠢᠭᠤᠯᠵᠤ᠂ ᠬᠤᠯᠪᠣᠭᠠᠯᠠᠨ | ᠡᠵᠡᠩᠨᠡᠬᠦ᠂ ᠬᠠᠮᠲᠤ ᠪᠠᠷ ᠡᠵᠡᠩᠨᠡᠬᠦ᠂ ᠠᠵᠤ ᠠᠬᠤᠶᠢᠯᠠᠯ ᠡᠵᠡᠩᠨᠡᠬᠦ᠂ ᠭᠡᠷ ᠪᠦᠯᠢ ᠪᠠᠷ ᠡᠵᠡᠩᠨᠡᠬᠦ ᠵᠡᠷᠭᠡ ᠵᠣᠬᠢᠬᠤ | ᠬᠡᠪᠴᠢᠶᠡᠲᠦ ᠡᠵᠡᠩᠨᠡᠯᠲᠡ ᠶᠢ ᠲᠦᠯᠬᠢᠨ ᠠᠬᠢᠭᠤᠯᠤᠨ᠎ᠠ᠃ ᠮᠠᠯᠴᠢᠨ ᠲᠠᠷᠢᠶᠠᠴᠢᠳ ᠢ ᠬᠦᠲᠦᠯᠦᠨ ᠵᠢᠯᠤᠭᠤᠳᠴᠤ | ᠪᠠᠶᠢᠭᠠᠳ ᠬᠤᠷᠰᠢᠶ᠎ᠠ ᠶᠢᠨ ᠬᠤᠭᠤᠷᠤᠨᠲᠤ ᠪᠠᠨ ᠪᠦᠳᠦᠬᠡᠭᠳᠡᠬᠦᠨ ᠪᠣᠯᠣᠨ ᠠᠵᠤ ᠦᠢᠯᠡᠰ ᠢᠶᠠᠷ ᠢᠶᠠᠨ ᠭᠦᠢᠰᠦ ᠪᠣᠯᠭᠠᠨ | ᠬᠤᠷᠰᠢᠵᠤ ᠬᠤᠯᠪᠣᠭᠠᠯᠠᠬᠤ ᠶᠢ ᠤᠯᠠᠮ ᠨᠢᠭᠡ ᠠᠯᠬᠤᠮ ᠥᠷᠨᠢᠭᠦᠯᠵᠦ᠂ ᠮᠠᠯᠴᠢᠨ ᠲᠠᠷᠢᠶᠠᠴᠢᠳ ᠤᠨ ᠬᠤᠷᠰᠢᠶ᠎ᠠ ᠶᠢᠨ | ᠨᠡᠩ ᠦᠨᠳᠦᠷ ᠱᠠᠳᠤ ᠳᠡᠰ᠂ ᠨᠡᠩ ᠥᠷᠭᠡᠨ ᠬᠦᠷᠢᠶᠡᠨ ᠳᠤ ᠬᠤᠯᠪᠣᠭᠠᠯᠠᠨ ᠡᠵᠡᠩᠨᠡᠬᠦ ᠶᠢ ᠲᠦᠯᠬᠢᠨ ᠠᠬᠢᠭᠤᠯᠤᠨ᠎ᠠ᠃ | 2. ᠡᠯ᠎ᠡ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠤᠭᠴᠠ ᠶᠢᠨ ᠬᠤᠭᠤᠷᠤᠨᠳᠤᠬᠢ ᠠᠰᠢᠭ ᠲᠤᠰᠠ ᠶᠢᠨ | ᠬᠤᠯᠪᠣᠬᠤ ᠲᠣᠭᠲᠠᠴᠠ ᠶᠢ ᠨᠢᠭᠲᠠᠷᠠᠭᠤᠯᠤᠨ᠎ᠠ᠃ ᠦᠪᠡᠷᠲᠡᠭᠡᠨ ᠵᠠᠰᠬᠠᠤ ᠣᠷᠣᠨ ᠤ ᠨᠠᠮ ᠤᠨ ᠬᠤᠷᠢᠶ᠎ᠠ ᠶᠢᠨ ᠠᠯᠪᠠᠨ | ᠲᠢᠩᠬᠢᠮ᠂ ᠵᠠᠰᠠᠭ ᠤᠨ ᠣᠷᠳᠤᠨ ᠤ ᠠᠯᠪᠠᠨ ᠲᠢᠩᠬᠢᠮ ᠤᠨ ᠳᠠᠷᠤᠮᠠᠯᠯᠠᠨ ᠶᠠᠪᠤᠭᠤᠯᠤᠭᠰᠠᠨ ︽ᠮᠠᠯᠵᠢᠬᠤ ᠲᠠᠷᠢᠶᠠᠯᠠᠬᠤ | ᠣᠷᠣᠨ ᠤ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠦᠲᠦᠴᠢ ᠠᠵᠤ ᠠᠬᠤᠶᠢᠯᠠᠯ ᠪᠠ ᠮᠠᠯᠴᠢᠨ ᠲᠠᠷᠢᠶᠠᠴᠢᠳ ᠤᠨ | ᠠᠰᠢᠭ ᠲᠤᠰᠠ ᠶᠢᠨ ᠬᠤᠯᠪᠣᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠣᠬᠠᠢ ᠰᠠᠨᠠᠯ︾ ︵ᠦᠪᠦᠷ ᠨᠠᠮ | ᠠᠯᠪᠠᠨ ᠲᠠᠷᠬᠠᠭᠠᠭᠰᠠᠨ ﹇2014﹈ 30 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠤᠰᠤᠭᠠᠷ᠂ ᠮᠠᠯᠴᠢᠨ | ᠲᠠᠷᠢᠶᠠᠴᠢᠳ ᠤᠨ ᠬᠤᠷᠰᠢᠶ᠎ᠠ ᠪᠣᠯᠣᠨ ᠮᠠᠯᠴᠢᠨ ᠲᠠᠷᠢᠶᠠᠴᠢᠳ ᠤᠨ ᠬᠤᠭᠤᠷᠤᠨᠲᠤ᠂ ᠬᠤᠷᠰᠢᠶ᠎ᠠ ᠪᠣᠯᠣᠨ ᠬᠦᠲᠦᠴᠢ | ᠠᠵᠤ ᠠᠬᠤᠶᠢᠯᠠᠯ ᠤᠨ ᠬᠤᠭᠤᠷᠤᠨᠲᠤ᠂ ᠬᠤᠷᠰᠢᠶ᠎ᠠ ᠪᠣᠯᠣᠨ ᠵᠠᠬ᠎ᠠ ᠳᠡᠯᠭᠡᠭᠦᠷ ᠤᠨ ᠬᠤᠭᠤᠷᠤᠨᠲᠤ ᠨᠢᠭᠲᠠᠷᠠᠭᠰᠠᠨ | ᠬᠡᠯᠪᠡᠷᠢ ᠶᠢᠨ ᠠᠰᠢᠭ ᠲᠤᠰᠠ ᠶᠢᠨ ᠬᠤᠯᠪᠣᠬᠤ ᠲᠣᠭᠲᠠᠴᠠ ᠪᠠᠶᠢᠭᠤᠯᠬᠤ ᠶᠢ ᠲᠦᠯᠬᠢᠨ ᠠᠬᠢᠭᠤᠯᠵᠤ᠂ ᠨᠢᠭᠡ | ᠴᠤᠭᠴᠠᠵᠢᠭᠰᠠᠨ᠂ ᠠᠵᠤ ᠦᠢᠯᠡᠰᠵᠢᠭᠰᠡᠨ ᠡᠵᠡᠩᠨᠡᠯᠲᠡ ᠶᠢ ᠠᠬᠢᠭᠤᠯᠤᠨ᠂ ᠮᠠᠯᠵᠢᠬᠤ ᠲᠠᠷᠢᠶᠠᠯᠠᠬᠤ ᠡᠷᠦᠬᠡ᠂ ᠮᠠᠯᠴᠢᠨ | ᠲᠠᠷᠢᠶᠠᠴᠢᠳ ᠤᠨ ᠬᠤᠷᠰᠢᠶ᠎ᠠ ᠳᠤ ᠦᠢᠯᠡᠳᠪᠦᠷᠢᠯᠡᠯ᠂ ᠡᠳ᠋ᠰᠢᠭᠦᠯᠭᠡ᠂ ᠪᠤᠷᠤᠯᠠᠭᠤᠯᠭ᠎ᠠ ᠶᠢᠨ ᠠᠰᠢᠭ ᠣᠷᠤᠯᠭ᠎ᠠ ᠶᠢ ᠨᠡᠩ | ᠣᠯᠠᠨ ᠬᠦᠷᠲᠡᠭᠦᠯᠦᠨ᠎ᠡ᠃ | 3. ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠳᠡ ᠶᠢ ᠲᠦᠯᠬᠢᠨ | ᠠᠬᠢᠭᠤᠯᠤᠨ᠎ᠠ᠃ ᠬᠡᠪᠴᠢᠶᠡᠵᠢᠭᠦᠯᠬᠦ᠂ ᠲᠤᠰᠬᠠᠶᠢᠵᠢᠭᠤᠯᠬᠤ᠂ ᠪᠠᠷᠢᠮᠵᠢᠶᠠᠵᠢᠭᠤᠯᠬᠤ ᠱᠠᠭᠠᠷᠳᠠᠯᠭ᠎ᠠ ᠶᠤᠰᠤᠭᠠᠷ᠂ | ᠮᠠᠯᠴᠢᠨ ᠲᠠᠷᠢᠶᠠᠴᠢᠳ ᠤᠨ ᠬᠤᠷᠰᠢᠶ᠎ᠠ ᠶᠢ ᠬᠦᠲᠦᠯᠦᠨ ᠵᠢᠯᠤᠭᠤᠳᠴᠤ ᠪᠠᠶᠢᠭᠠᠳ ᠲᠡᠷᠢᠭᠦᠨ ᠤ ᠲᠤᠬᠢᠷᠠᠬᠤ ᠮᠡᠷᠭᠡᠵᠢᠯ | ᠪᠣᠯᠣᠨ ᠣᠳᠣ ᠦᠶ᠎ᠡ ᠶᠢᠨ ᠦᠢᠯᠡᠳᠪᠦᠷᠢᠯᠡᠯ ᠤᠨ ᠬᠦᠴᠦᠨ ᠵᠦᠢᠯ ᠢ ᠬᠡᠷᠡᠭᠯᠡᠭᠦᠯᠵᠦ᠂ ᠲᠠᠷᠢᠶᠠᠯᠠᠩ ᠮᠠᠯ ᠠᠵᠤ | ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢ ᠲᠦᠷᠭᠡᠳᠭᠡᠨ ᠬᠤᠪᠢᠷᠠᠭᠤᠯᠬᠤ ᠬᠡᠷᠡᠭᠲᠡᠢ᠃ | ᠮᠠᠯᠴᠢᠨ ᠲᠠᠷᠢᠶᠠᠴᠢᠳ ᠤᠨ ᠬᠤᠷᠰᠢᠶ᠎ᠠ ᠵᠡᠷᠭᠡ ᠰᠢᠨ᠎ᠡ ᠮᠠᠶ᠋ᠢᠭ ᠤᠨ ᠭᠤᠣᠯ ᠴᠤᠭᠴᠠ ᠶᠢᠨ ᠬᠢᠨ ᠢ ᠵᠣᠷᠢᠬᠵᠢᠭᠤᠯᠵᠤ | ᠪᠠᠶᠢᠭᠠᠳ ᠣᠯᠠᠨ ᠨᠡᠶᠢᠲᠡ ᠳᠤ ᠬᠤᠣᠷᠳᠠᠭᠳᠠᠯ ᠦᠭᠡᠢ᠂ ᠪᠣᠬᠢᠷᠳᠤᠯ ᠦᠭᠡᠢ᠂ ᠣᠷᠭᠠᠨᠢᠭ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠭᠦᠨ ᠤ ᠭᠡᠷᠡᠴᠢᠯᠡᠯ ᠬᠢᠯᠭᠡᠵᠦ᠂ ᠨᠡᠷ᠎ᠠ ᠠᠯᠳᠠᠷᠰᠢᠭᠰᠠᠨ ᠲᠠᠸᠠᠷ ᠤᠨ ᠲᠡᠮᠲᠡᠭ ᠪᠣᠯᠣᠨ | ᠨᠡᠷᠡᠲᠡᠢ ᠪᠦᠳᠦᠬᠡᠭᠳᠡᠬᠦᠨ ᠢ ᠪᠤᠶᠢᠵᠢᠭᠤᠯᠬᠤ ᠬᠡᠷᠡᠭᠲᠡᠢ᠃ | 4. ᠮᠠᠯᠴᠢᠨ ᠲᠠᠷᠢᠶᠠᠴᠢᠳ ᠤᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠪᠤᠶᠢᠵᠢᠭᠤᠯᠤᠨ | ᠬᠥᠭᠵᠢᠭᠦᠯᠦᠨ᠎ᠡ᠃ ᠵᠠᠰᠠᠭ ᠤᠨ ᠣᠷᠳᠤᠨ ᠬᠤᠳᠠᠯᠳᠤᠨ ᠠᠪᠬᠤ᠂ ᠴᠢᠭᠯᠡᠯ ᠲᠣᠭᠲᠠᠭᠠᠨ ᠨᠠᠶᠢᠳᠠᠬᠤ᠂ ᠱᠠᠩᠨᠠᠵᠤ | ᠨᠦᠬᠦᠪᠦᠷᠢ ᠣᠯᠭᠤᠬᠤ᠂ ᠳᠠᠭᠠᠭᠠᠴᠢᠯᠠᠯᠲᠠ ᠵᠠᠷᠯᠠᠵᠦ ᠳᠠᠭᠠᠭᠠᠴᠢᠯᠠᠯᠲᠠ ᠬᠥᠯᠢᠶᠡᠬᠦ ᠵᠡᠷᠭᠡ ᠠᠷᠭ᠎ᠠ ᠬᠡᠯᠪᠡᠷᠢ ᠶᠢ ᠠᠪᠴᠤ | ᠂ ᠡᠵᠡᠩᠨᠡᠯᠳᠡ ᠶᠢᠨ ᠴᠢᠨᠠᠷᠲᠠᠢ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠬᠦᠲᠦᠯᠦᠨ ᠵᠢᠯᠤᠭᠤᠳᠴᠤ ᠪᠠᠶᠢᠭᠠᠳ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠦᠢᠯᠡᠴᠢᠯᠡᠭᠡ ᠳᠤ ᠣᠷᠤᠯᠴᠠᠭᠤᠯᠤᠨ᠎ᠠ᠃ ᠮᠠᠯᠴᠢᠨ ᠲᠠᠷᠢᠶᠠᠴᠢᠳ ᠤᠨ | ᠬᠤᠷᠰᠢᠶ᠎ᠠ᠂ ᠮᠠᠯᠴᠢᠨ ᠲᠠᠷᠢᠶᠠᠴᠢᠳ ᠤᠨ ᠦᠨ᠎ᠡ ᠵᠠᠰᠠᠭᠴᠢ᠂ ᠲᠤᠰᠬᠠᠢ ᠠᠵᠢᠯ ᠤᠨ ᠦᠢᠯᠡᠴᠢᠯᠡᠭᠡᠨ ᠤ ᠪᠠᠶᠢᠭᠤᠯᠤᠮᠵᠢ | ᠂ ᠲᠠᠷᠢᠶᠠᠯᠠᠩ ᠳᠤ ᠬᠤᠯᠪᠤᠭᠳᠠᠭᠰᠠᠨ ᠠᠵᠤ ᠠᠬᠤᠶᠢᠯᠠᠯ ᠵᠡᠷᠭᠡ ᠶᠢ ᠵᠣᠷᠢᠬᠵᠢᠭᠤᠯᠤᠨ ᠬᠦᠲᠦᠯᠦᠨ ᠵᠢᠯᠤᠭᠤᠳᠴᠤ | ᠪᠠᠶᠢᠭᠠᠳ ᠣᠷᠣᠨ ᠪᠦᠰᠡ ᠶᠢᠨ ᠮᠠᠶ᠋ᠢᠭ ᠤᠨ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ | ᠶᠡᠷᠦᠩᠬᠡᠶᠢᠯᠡᠭᠰᠡᠨ ᠲᠡᠪᠴᠡᠩ ᠢ ᠪᠠᠶᠢᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠳᠦ ᠳᠡᠯᠭᠡᠭᠦᠷ᠂ ᠲᠠᠷᠢᠵᠤ | ᠲᠡᠵᠢᠭᠡᠬᠦ ᠡᠮᠨᠡᠯᠭᠡ ᠶᠢᠨ ᠬᠤᠷᠢᠶ᠎ᠠ᠂ ᠮᠡᠷᠭᠡᠵᠢᠯ ᠤᠨ ᠳᠠᠭᠠᠭᠠᠴᠢᠯᠠᠯᠲᠠ᠂ ᠪᠦᠬᠦ ᠶᠠᠪᠤᠴᠠ ᠳᠤ ᠨᠠᠶᠢᠳᠠᠵᠤ | ᠬᠠᠮᠢᠶᠠᠷᠤᠭᠤᠯᠬᠤ᠂ ᠴᠢᠬ ᠲᠣᠭᠲᠠᠭᠠᠨ ᠵᠢᠯᠤᠭᠤᠳᠬᠤ᠂ ᠲᠤᠰᠬᠤᠨ ᠬᠤᠷᠰᠢᠶ᠎ᠠ ᠶᠢ ᠳᠠᠭᠠᠭᠠᠴᠢᠯᠠᠬᠤ ᠵᠡᠷᠭᠡ | ᠦᠢᠯᠡᠴᠢᠯᠡᠭᠡᠨ ᠤ ᠵᠠᠭᠪᠤᠷ ᠤᠨ ᠰᠢᠨ᠎ᠡ ᠡᠬᠦᠳᠦᠯᠳᠡ ᠶᠢ ᠲᠦᠯᠬᠢᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ | ᠡᠯ᠎ᠡ ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠣᠯ ᠴᠤᠭᠴᠠ ᠶᠢᠨ ᠦᠢᠯᠡᠳᠪᠦᠷᠢᠯᠡᠯ ᠡᠵᠡᠩᠨᠡᠯᠲᠡ ᠳᠤ ᠳᠣᠣᠷ᠎ᠠ | ᠥᠪᠡᠷ ᠤᠨ ᠥᠷᠳᠡᠭ ᠪᠦᠬᠦᠢ᠂ ᠲᠦᠬᠦᠮᠴᠢᠯᠡᠭᠰᠡᠨ ᠦᠵᠡᠭᠦᠯᠦᠭᠰᠡᠨ᠂ ᠪᠦᠬᠦ ᠲᠠᠯ᠎ᠠ ᠶᠢᠨ ᠦᠢᠯᠡᠴᠢᠯᠡᠭᠡ ᠬᠠᠩᠭᠠᠨ᠎ᠠ᠃ | ᠭᠤᠷᠪᠠ᠂ ᠮᠠᠯᠴᠢᠨ ᠲᠠᠷᠢᠶᠠᠴᠢᠳ ᠤᠨ ᠬᠤᠷᠰᠢᠶ᠎ᠠ ᠶᠢ ᠲᠥᠷᠥ ᠶᠢᠨ ᠪᠣᠳᠣᠯᠭ᠎ᠠ ᠪᠠᠷ ᠲᠡᠳᠭᠦᠬᠦ ᠪᠠᠨ | ᠴᠢᠩᠭᠠᠳᠬᠠᠬᠤ ᠬᠡᠷᠡᠭᠲᠡᠢ | ︵ᠨᠢᠭᠡ︶ ᠪᠡᠯᠡ ᠮᠦᠩᠭᠦ ᠪᠠᠷ ᠲᠡᠳᠭᠦᠬᠦ ᠪᠠᠨ ᠴᠢᠩᠭᠠᠷᠠᠭᠤᠯᠤᠨ᠎ᠠ᠃ | ᠡᠯ᠎ᠡ ᠱᠠᠲᠤᠨ ᠤ ᠡᠳ᠋ ᠤᠨ ᠵᠠᠰᠠᠭ ᠨᠢ ᠵᠢᠯ ᠪᠦᠷᠢ ᠵᠣᠬᠢᠬᠤ ᠲᠤᠰᠬᠠᠢ ᠪᠡᠯᠡ ᠮᠦᠩᠭᠦ ᠶᠢ ᠲᠣᠬᠢᠷᠠᠭᠤᠯᠤᠨ | ᠮᠠᠯᠴᠢᠨ ᠲᠠᠷᠢᠶᠠᠴᠢᠳ ᠤᠨ ᠬᠤᠷᠰᠢᠶ᠎ᠠ ᠶᠢᠨ ᠬᠥᠭᠵᠢᠯᠲᠡ ᠶᠢ ᠳᠡᠮᠵᠢᠵᠦ᠂ ᠬᠤᠷᠰᠢᠶ᠎ᠠ ᠶᠢᠨ ᠬᠥᠭᠵᠢᠯᠲᠡ ᠶᠢᠨ | ᠴᠢᠳᠠᠪᠤᠷᠢ ᠶᠢᠨ ᠪᠠᠶᠢᠭᠤᠯᠤᠯᠲᠠ ᠶᠢ ᠭᠤᠣᠯᠳᠠᠯᠭ᠎ᠠ ᠲᠠᠢ ᠳᠡᠮᠵᠢᠨ᠂ ᠮᠠᠯᠴᠢᠨ ᠲᠠᠷᠢᠶᠠᠴᠢᠳ ᠤᠨ ᠬᠤᠷᠰᠢᠶ᠎ᠠ ᠶᠢ | ᠬᠦᠲᠦᠯᠦᠨ ᠵᠢᠯᠤᠭᠤᠳᠴᠤ ᠪᠠᠶᠢᠭᠠᠳ ᠬᠠᠮᠢᠶᠠᠷᠤᠯᠲᠠ ᠪᠠᠨ ᠴᠢᠩᠭᠠᠳᠬᠠᠬᠤ ᠪᠠ ᠵᠢᠷᠤᠮᠵᠢᠭᠤᠯᠬᠤ ᠬᠡᠷᠡᠭᠲᠡᠢ᠃ | ᠬᠤᠷᠰᠢᠶ᠎ᠠ ᠶᠢᠨ ᠪᠠᠭᠤᠷᠠᠢ ᠲᠠᠯ᠎ᠠ ᠪᠠ ᠵᠠᠩᠬᠢᠯᠠᠭ᠎ᠠ ᠶᠢᠨ ᠵᠦᠢᠯ ᠢ ᠳᠤᠪᠤᠶᠢᠮ᠎ᠠ ᠳᠡᠭᠡᠭᠰᠢᠯᠡᠭᠦᠯᠵᠦ᠂ ᠮᠠᠯᠴᠢᠨ | ᠲᠠᠷᠢᠶᠠᠴᠢᠳ ᠤᠨ ᠬᠤᠷᠰᠢᠶ᠎ᠠ ᠶᠢᠨ ᠲᠠᠷᠢᠶᠠᠨ ᠭᠠᠵᠠᠷ᠂ ᠨᠤᠲᠤᠭ ᠪᠡᠯᠴᠢᠭᠡᠷ᠂ ᠣᠶᠢᠲᠤ ᠭᠠᠵᠠᠷ ᠢ ᠬᠤᠷᠰᠢᠨ ᠡᠵᠡᠩᠨᠡᠬᠦ | ᠂ ᠵᠢᠷᠤᠮᠵᠢᠭᠤᠯᠤᠨ ᠠᠵᠢᠯᠯᠠᠭᠤᠯᠬᠤ᠂ ᠳᠤᠲᠤᠭᠠᠲᠤ ᠶᠢᠨ ᠪᠡᠯᠡ ᠮᠦᠩᠭᠦ ᠪᠠᠷ ᠬᠠᠷᠢᠯᠴᠠᠨ ᠬᠠᠪᠰᠤᠷᠬᠤ ᠵᠡᠷᠭᠡ ᠠᠵᠢᠯ | ᠥᠷᠨᠢᠭᠦᠯᠬᠦ ᠶᠢ ᠭᠤᠣᠯᠳᠠᠯᠭ᠎ᠠ ᠲᠠᠢ ᠳᠡᠮᠵᠢᠬᠦ ᠬᠡᠷᠡᠭᠲᠡᠢ᠃ ᠵᠠᠮ ᠮᠥᠷ ᠢ ᠵᠠᠮᠪᠠᠷᠠᠭ᠎ᠠ ᠲᠠᠢ ᠪᠠᠶᠢᠯᠭᠠᠬᠤ᠂ ᠬᠡᠷᠡᠭᠯᠡᠭᠡ ᠶᠢ | ᠬᠤᠪᠢᠷᠠᠭᠤᠯᠬᠤ ᠦᠭᠡᠢ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠭᠡᠬᠦ᠂ ᠲᠤᠰ ᠲᠤᠰ ᠤᠨ ᠵᠢᠳᠭᠦᠯ ᠢ ᠨᠢ | ᠲᠡᠮᠲᠡᠭᠯᠡᠬᠦ ᠵᠠᠷᠴᠢᠮ ᠶᠤᠰᠤᠭᠠᠷ᠂ ᠡᠯ᠎ᠡ ᠰᠠᠯᠠᠭ᠎ᠠ ᠮᠦᠴᠢᠷ᠂ ᠡᠯ᠎ᠡ ᠵᠠᠮ ᠮᠥᠷ ᠢᠶᠠᠷ ᠲᠠᠷᠢᠶᠠᠯᠠᠩ ᠮᠠᠯ ᠠᠵᠤ ᠠᠬᠤᠢ ᠶᠢ | ᠳᠡᠮᠵᠢᠬᠦ ᠪᠡᠯᠡ ᠮᠦᠩᠭᠦ ᠶᠢ ᠬᠦᠲᠦᠯᠦᠨ ᠵᠢᠯᠤᠭᠤᠳᠴᠤ ᠪᠠᠶᠢᠭᠠᠳ ᠮᠠᠯᠴᠢᠨ ᠲᠠᠷᠢᠶᠠᠴᠢᠳ ᠤᠨ ᠬᠤᠷᠰᠢᠶ᠎ᠠ ᠶᠢᠨ | ᠪᠦᠲᠦᠭᠡᠨ ᠪᠠᠶᠢᠭᠤᠯᠤᠯᠲᠠ ᠪᠣᠯᠣᠨ ᠬᠥᠭᠵᠢᠯᠲᠡ ᠲᠡᠰᠢ ᠢᠯᠡᠬᠦᠬᠡᠨ ᠬᠦᠢᠯᠬᠡᠬᠡᠵᠦ᠂ ᠮᠠᠯᠴᠢᠨ ᠲᠠᠷᠢᠶᠠᠴᠢᠳ ᠤᠨ | ᠬᠤᠷᠰᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠦᠨᠳᠦᠰᠦᠨ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠬᠢᠬᠦ | ᠂ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠦᠷᠨᠢᠭᠦᠯᠬᠦ᠂ ᠮᠠᠯ ᠲᠠᠷᠢᠶᠠᠯᠠᠩ ᠤᠨ ᠠᠰᠢᠭ ᠰᠢᠮ᠎ᠡ ᠶᠢᠨ | ᠪᠦᠲᠦᠭᠡᠭᠳᠡᠭᠦᠨ ᠤ ᠡᠳ᠋ᠰᠢᠭᠦᠯᠭᠡ ᠶᠢ ᠡᠷᠬᠢᠯᠡᠬᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠡᠪᠴᠡᠩ ᠢ ᠪᠠᠶᠢᠭᠤᠯᠬᠤ | ᠵᠢᠴᠢ ᠲᠦᠷᠦᠯ ᠲᠡᠮᠳᠡᠭᠳᠤ ᠪᠦᠳᠦᠬᠡᠭᠳᠡᠬᠦᠨ ᠢ ᠪᠣᠢ ᠪᠣᠯᠭᠠᠬᠤ ᠵᠡᠷᠭᠡ ᠶᠢ ᠳᠡᠮᠵᠢᠬᠦ ᠬᠡᠷᠡᠭᠲᠡᠢ᠃ ᠬᠦᠲᠦᠴᠢ ᠠᠵᠤ | ᠠᠬᠤᠶᠢᠯᠠᠯ᠂ ᠨᠡᠶᠢᠭᠡᠮ ᠤᠨ ᠪᠦᠯᠬᠦᠮ ᠪᠠ ᠬᠤᠪᠢ ᠬᠦᠮᠦᠰ ᠨᠢ ᠮᠠᠯᠴᠢᠨ ᠲᠠᠷᠢᠶᠠᠴᠢᠳ ᠯᠤᠭ᠎ᠠ ᠨᠢᠭᠲᠠᠷᠠᠭᠰᠠᠨ | ᠬᠡᠯᠪᠡᠷᠢ ᠶᠢᠨ ᠠᠰᠢᠭ ᠲᠤᠰᠠ ᠪᠠᠨ ᠬᠤᠯᠪᠣᠬᠤ ᠲᠣᠭᠲᠠᠴᠠ ᠪᠠᠷ ᠮᠠᠯᠴᠢᠨ ᠲᠠᠷᠢᠶᠠᠴᠢᠳ ᠤᠨ ᠬᠤᠷᠰᠢᠶ᠎ᠠ ᠳᠤ ᠪᠡᠯᠡ | ᠣᠷᠣᠭᠤᠯᠬᠤ ᠪᠣᠶᠣ ᠬᠤᠪᠢ ᠣᠷᠤᠭᠤᠯᠬᠤ ᠶᠢ ᠵᠣᠷᠢᠬᠵᠢᠭᠤᠯᠤᠨ᠎ᠠ᠃ | ︵ᠬᠤᠶᠠᠷ︶ ᠲᠠᠷᠢᠶᠠᠯᠠᠩ ᠮᠠᠯ ᠠᠵᠤ ᠠᠬᠤᠢ ᠶᠢᠨ ᠲᠦᠷᠦᠯ ᠵᠦᠢᠯ ᠤᠨ ᠬᠡᠷᠡᠭᠵᠢᠭᠦᠯᠦᠯᠲᠡ ᠳᠤ ᠮᠠᠯᠴᠢᠨ | ᠲᠠᠷᠢᠶᠠᠴᠢᠳ ᠤᠨ ᠬᠤᠷᠰᠢᠶ᠎ᠠ ᠶᠢᠨ ᠣᠷᠣᠯᠴᠠᠬᠤ ᠶᠢ ᠳᠡᠮᠵᠢᠨ᠎ᠡ᠃ | ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠨᠢ ᠮᠠᠯᠴᠢᠨ ᠲᠠᠷᠢᠶᠠᠴᠢᠳ ᠤᠨ ᠬᠤᠷᠰᠢᠶ᠎ᠠ ᠶᠢ ᠪᠦᠲᠦᠭᠡᠨ | ᠪᠠᠶᠢᠭᠤᠯᠬᠤ ᠲᠦᠷᠦᠯ ᠵᠦᠢᠯ ᠤᠨ ᠰᠢᠨ᠎ᠡ ᠮᠠᠶ᠋ᠢᠭ ᠤᠨ ᠬᠡᠷᠡᠭᠵᠢᠭᠦᠯᠬᠦ ᠭᠤᠣᠯ ᠴᠤᠭᠴᠠ ᠪᠣᠯᠭᠠᠵᠤ᠂ ᠲᠠᠷᠢᠶᠠᠯᠠᠩ ᠮᠠᠯ | ᠠᠵᠤ ᠠᠬᠤᠢ ᠶᠢ ᠠᠵᠤ ᠦᠢᠯᠡᠰᠵᠢᠭᠦᠯᠬᠦ᠂ ᠲᠠᠷᠢᠶᠠᠯᠠᠩ ᠢ ᠶᠡᠷᠦᠩᠬᠡᠶᠢᠯᠡᠨ ᠨᠡᠭᠡᠭᠡᠨ ᠬᠥᠭᠵᠢᠭᠦᠯᠬᠦ᠂ ᠶᠠᠳᠠᠭᠤ ᠶᠢ | ᠲᠡᠳᠭᠦᠵᠦ ᠨᠡᠭᠡᠭᠡᠨ ᠬᠥᠭᠵᠢᠭᠦᠯᠬᠦ᠂ ᠣᠢ ᠮᠤᠳᠤ ᠲᠠᠷᠢᠵᠦ ᠬᠠᠮᠠᠭᠠᠯᠠᠬᠤ᠂ ᠣᠢ ᠰᠢᠭᠤᠢ ᠶᠢᠨ ᠬᠤᠷᠮᠣᠢ ᠠᠵᠤ | ᠠᠬᠤᠢ ᠶᠢ ᠬᠥᠭᠵᠢᠭᠦᠯᠬᠦ᠂ ᠤᠰᠤᠨ ᠠᠰᠢᠭᠯᠠᠯᠲᠠ ᠶᠢ ᠪᠦᠲᠦᠭᠡᠨ ᠪᠠᠶᠢᠭᠤᠯᠬᠤ᠂ ᠭᠠᠵᠠᠷ ᠰᠢᠷᠤᠢ ᠶᠢ ᠨᠡᠭᠡᠭᠡᠨ | ᠬᠥᠭᠵᠢᠭᠦᠯᠵᠦ ᠡᠮᠬᠢᠯᠡᠨ ᠲᠢᠭᠯᠡᠬᠦ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠢ ᠡᠷᠦᠬᠡ ᠳᠤ ᠬᠦᠷᠭᠡᠬᠦ | ᠢᠨᠵᠧᠨᠧᠷᠢᠩ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ᠂ ᠲᠠᠷᠢᠶᠠᠯᠠᠩ ᠢ ᠪᠠᠷᠢᠮᠵᠢᠶᠠᠵᠢᠭᠤᠯᠬᠤ᠂ ᠮᠠᠯᠵᠢᠬᠤ | ᠲᠠᠷᠢᠶᠠᠯᠠᠬᠤ ᠣᠷᠣᠨ ᠤ ᠮᠡᠳᠡᠭᠡ ᠵᠠᠩᠬᠢᠴᠢᠯᠠᠬᠤ ᠵᠡᠷᠭᠡ ᠣᠯᠣᠰ ᠪᠠ ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠪᠣᠯᠣᠨ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ | ᠲᠦᠷᠦᠯ ᠵᠦᠢᠯ ᠤᠨ ᠲᠠᠯ᠎ᠠ ᠳᠤ᠂ ᠨᠦᠬᠦᠴᠡᠯ ᠲᠠᠢ ᠮᠠᠯᠴᠢᠨ ᠲᠠᠷᠢᠶᠠᠴᠢᠳ ᠤᠨ ᠬᠤᠷᠰᠢᠶ᠎ᠠ ᠶᠢ ᠤᠷᠢᠳ ᠢᠶᠠᠷ | ᠲᠣᠬᠢᠷᠠᠭᠤᠯᠵᠤ ᠬᠡᠷᠡᠭᠵᠢᠭᠦᠯᠬᠦ ᠬᠡᠷᠡᠭᠲᠡᠢ᠃ ᠮᠠᠯᠴᠢᠨ ᠲᠠᠷᠢᠶᠠᠴᠢᠳ ᠤᠨ ᠬᠤᠷᠰᠢᠶ᠎ᠠ ᠨᠢ ᠬᠠᠮᠢᠶ᠎ᠠ ᠪᠦᠬᠦᠢ ᠲᠣᠭᠲᠠᠭᠠᠯ | ᠶᠤᠰᠤᠭᠠᠷ᠂ ᠲᠦᠷᠦᠯ ᠵᠦᠢᠯ ᠤᠨ ᠪᠡᠯᠡ ᠮᠦᠩᠭᠦ ᠶᠢ ᠴᠢᠩᠭ᠎ᠠ ᠪᠦᠭᠡᠳ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠬᠦ | ᠬᠡᠷᠡᠭᠲᠡᠢ᠃ ᠤᠯᠤᠰ ᠠᠴᠠ ᠲᠦᠷᠦᠯ ᠵᠦᠢᠯ ᠢ ᠨᠦᠬᠦᠪᠦᠷᠢᠯᠡᠬᠦ ᠪᠠᠷ ᠪᠦᠷᠢᠯᠳᠦᠭᠰᠡᠨ ᠡᠳ᠋ ᠬᠦᠷᠦᠩᠭᠡ ᠶᠢ ᠬᠤᠷᠰᠢᠶ᠎ᠠ ᠳᠤ | ᠠᠯᠬᠤᠮ ᠠᠯᠬᠤᠮ ᠢᠶᠠᠷ ᠰᠢᠯᠵᠢᠭᠦᠯᠦᠨ ᠥᠭᠴᠦ ᠲᠠᠳᠠᠨ ᠢᠶᠠᠷ ᠬᠠᠮᠢᠶᠠᠷᠴᠤ ᠬᠠᠮᠠᠭᠠᠯᠠᠨ ᠬᠡᠷᠡᠭᠯᠡᠭᠦᠯᠬᠦ ᠬᠡᠷᠡᠭᠳᠡᠢ᠂ | ᠵᠠᠰᠠᠭ ᠤᠨ ᠣᠷᠳᠤᠨ ᠤ ᠰᠠᠯᠠᠭ᠎ᠠ ᠮᠦᠴᠢᠷ ᠤᠨ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ᠂ ᠭᠤᠷᠪᠠᠳᠠᠬᠢ | ᠡᠲᠡᠭᠡᠳ ᠠᠴᠠ ᠪᠦᠲᠦᠭᠡᠨ ᠪᠠᠶᠢᠭᠤᠯᠵᠤ ᠪᠦᠷᠢᠯᠳᠦᠭᠦᠯᠦᠭᠰᠡᠨ ᠬᠦᠷᠦᠩᠭᠡ ᠪᠠ ᠮᠠᠯᠴᠢᠨ ᠲᠠᠷᠢᠶᠠᠴᠢᠳ ᠤᠨ | ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭᠳᠠᠭᠰᠠᠨ ᠬᠠᠮᠢᠶ᠎ᠠ ᠪᠦᠬᠦᠢ ᠲᠦᠷᠦᠯ ᠵᠦᠢᠯ ᠢ ᠰᠢᠯᠭᠠᠨ | ᠬᠤᠷᠢᠶᠠᠵᠣ ᠠᠪᠤᠭᠠᠳ ᠬᠢᠷᠢ ᠲᠡᠩᠴᠡᠭᠰᠡᠨ ᠤ ᠳᠠᠷᠠᠭ᠎ᠠ᠂ ᠲᠦᠷᠦᠯ ᠵᠦᠢᠯ ᠤᠨ ᠡᠳ᠋ ᠬᠦᠷᠦᠩᠭᠡ ᠶᠢ ᠨᠢ ᠲᠦᠷᠦᠯ | ᠵᠦᠢᠯ ᠤᠨ ᠣᠷᠣᠨ ᠤ ᠳᠤᠲᠤᠷᠠᠬᠢ ᠨᠦᠬᠦᠴᠡᠯ ᠲᠠᠢ ᠮᠠᠯᠴᠢᠨ ᠲᠠᠷᠢᠶᠠᠴᠢᠳ ᠤᠨ ᠬᠤᠷᠰᠢᠶ᠎ᠠ ᠳᠤ ᠰᠢᠯᠵᠢᠭᠦᠯᠦᠨ | ᠥᠭᠬᠦ ᠶᠢᠨ ᠬᠠᠮᠲᠤ᠂ ᠲᠣᠭᠲᠠᠭᠠᠯ ᠶᠤᠰᠤᠭᠠᠷ ᠴᠢᠩᠭ᠎ᠠ ᠵᠢᠷᠤᠮᠯᠡᠨ ᠬᠠᠮᠢᠶᠠᠷᠬᠤ ᠬᠡᠷᠡᠭᠲᠡᠢ᠃ ᠮᠠᠯᠴᠢᠨ | ᠲᠠᠷᠢᠶᠠᠴᠢᠳ ᠤᠨ ᠬᠤᠷᠰᠢᠶ᠎ᠠ ᠨᠢ ᠬᠠᠮᠢᠶᠠᠷᠴᠤ ᠬᠠᠮᠠᠭᠠᠯᠠᠨ ᠬᠡᠷᠡᠭᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ | ᠲᠤᠰᠬᠠᠢ ᠬᠦᠮᠦᠨ ᠢᠶᠠᠷ ᠬᠠᠷᠢᠭᠤᠴᠠᠭᠤᠯᠬᠤ ᠪᠠᠨ ᠲᠤᠳᠤᠷᠬᠠᠶᠢᠯᠠᠨ᠂ ᠡᠳ᠋ ᠬᠦᠷᠦᠩᠭᠡ ᠶᠢ ᠬᠠᠮᠢᠶᠠᠷᠬᠤ ᠪᠠ | ᠬᠠᠮᠠᠭᠠᠯᠠᠬᠤ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠬᠦ ᠬᠡᠷᠡᠭᠲᠡᠢ᠃ | ︵ᠭᠤᠷᠪᠠ︶ ᠮᠦᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢ ᠴᠢᠩᠭᠠᠷᠠᠭᠤᠯᠤᠨ᠎ᠠ᠃ | ᠵᠣᠭᠤᠰᠤᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠢᠳᠡᠪᠬᠢᠲᠡᠢ ᠪᠠᠷ ᠠᠰᠢᠭᠯᠠᠨ ᠮᠠᠯᠴᠢᠨ | ᠲᠠᠷᠢᠶᠠᠴᠢᠳ ᠤᠨ ᠬᠤᠷᠰᠢᠶ᠎ᠠ ᠶᠢ ᠳᠡᠮᠵᠢᠬᠦ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠷᠴᠢᠮ ᠢ ᠴᠢᠩᠭᠠᠷᠠᠭᠤᠯᠵᠤ᠂ | ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠣᠯ ᠴᠤᠭᠴᠠ ᠠᠴᠠ ᠭᠤᠣᠯᠴᠢᠯᠠᠨ | ᠡᠷᠬᠢᠯᠡᠬᠦ ᠳᠦᠷᠢᠮ ᠢ ᠬᠡᠷᠡᠭᠵᠢᠭᠦᠯᠬᠦ ᠬᠡᠷᠡᠭᠲᠡᠢ᠃ ᠲᠠᠷᠢᠶᠠᠯᠠᠩ ᠳᠤ ᠬᠤᠯᠪᠤᠭᠳᠠᠭᠰᠠᠨ ᠡᠯ᠎ᠡ ᠮᠦᠩᠭᠦᠨ ᠭᠦᠢᠯᠭᠡᠭᠡᠨ ᠤ | ᠪᠠᠶᠢᠭᠤᠯᠤᠮᠵᠢ ᠨᠢ ᠮᠠᠯᠴᠢᠨ ᠲᠠᠷᠢᠶᠠᠴᠢᠳ ᠤᠨ ᠬᠤᠷᠰᠢᠶ᠎ᠠ ᠳᠤ ᠵᠣᠬᠢᠬᠤ ᠢᠲᠡᠭᠡᠮᠵᠢ ᠶᠢᠨ ᠲᠤᠭ᠎ᠠ ᠨᠤᠷᠮ᠎ᠠ ᠣᠯᠭᠤᠵᠤ᠂ | ᠬᠤᠷᠰᠢᠶ᠎ᠠ ᠵᠢᠴᠢ ᠬᠤᠷᠰᠢᠶᠠᠨ ᠤ ᠭᠡᠰᠢᠭᠦᠳ ᠨᠢ ᠮᠦᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠬᠠᠮᠲᠤᠷᠠᠨ | ᠪᠠᠲᠤᠯᠠᠭᠰᠠᠨ ᠢᠲᠡᠭᠡᠮᠵᠢ ᠣᠯᠬᠤ ᠪᠠ ᠬᠠᠮᠲᠤᠷᠠᠨ ᠪᠠᠲᠤᠯᠠᠭᠰᠠᠨ ᠵᠢᠭᠡᠯᠡᠯᠭᠡ ᠭᠤᠶᠤᠴᠢᠯᠠᠵᠤ ᠪᠣᠯᠣᠨ᠎ᠠ᠃ | ᠢᠲᠡᠭᠡᠮᠵᠢ ᠶᠢᠨ ᠳᠡᠰ ᠢᠶᠠᠷ ᠨᠡᠯᠢᠶᠡᠳ ᠦᠨᠳᠦᠷ ᠪᠠᠶᠢᠭ᠎ᠠ ᠮᠠᠯᠴᠢᠨ ᠲᠠᠷᠢᠶᠠᠴᠢᠳ ᠤᠨ ᠬᠤᠷᠰᠢᠶ᠎ᠠ ᠪᠣᠶᠣ ᠡᠯ᠎ᠡ | ᠱᠠᠲᠤᠨ ᠤ ᠵᠢᠱᠢᠶ᠎ᠠ ᠦᠵᠡᠭᠦᠯᠬᠦ ᠬᠤᠷᠰᠢᠶ᠎ᠠ ᠳᠤ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠭᠡᠯᠡᠯᠭᠡ ᠶᠢ | ᠤᠷᠢᠳ ᠢᠶᠠᠷ ᠣᠯᠭᠤᠵᠣ᠂ ᠬᠦᠦ ᠶᠢᠨ ᠨᠤᠷᠮ᠎ᠠ ᠳᠤᠨᠢ ᠵᠣᠬᠢᠰᠲᠠᠢ ᠬᠠᠷᠠᠭᠠᠯᠵᠠᠯ ᠦᠵᠡᠭᠦᠯᠵᠦ᠂ ᠲᠤᠭ᠎ᠠ | ᠨᠤᠷᠮ᠎ᠠ ᠶᠢ ᠨᠢ ᠵᠣᠬᠢᠰᠲᠠᠢ ᠪᠠᠷ ᠠᠭᠤᠵᠢᠭᠤ ᠲᠠᠯᠪᠢᠵᠤ᠂ ᠴᠠᠭ ᠬᠤᠭᠤᠴᠠᠭ᠎ᠠ ᠶᠢ ᠨᠢ ᠵᠣᠬᠢᠰᠲᠠᠢ ᠪᠠᠷ ᠣᠷᠲᠤᠳᠬᠠᠨᠠ᠃ | ᠲᠥᠭᠰᠢᠭᠦᠷᠢ ᠶᠢ ᠡᠵᠡᠮᠳᠡᠵᠦ ᠪᠣᠯᠬᠤ᠂ ᠥᠪᠡᠷ ᠤᠨ ᠥᠷᠲᠡᠭ ᠢ ᠪᠤᠳᠤᠵᠤ ᠪᠣᠯᠬᠤ᠂ ᠠᠰᠢᠭ ᠤᠯᠵᠠᠪᠤᠷᠢ ᠣᠯᠵᠣ | ᠪᠣᠯᠬᠤ ᠶᠢ ᠪᠠᠷᠢᠮᠲᠠᠯᠠᠭᠰᠠᠨ ᠣᠷᠢᠳᠠᠯ ᠳᠣᠣᠷ᠎ᠠ᠂ ᠮᠦᠩᠭᠦᠨ ᠭᠦᠢᠯᠭᠡᠭᠡᠨ ᠤ ᠨᠠᠷᠠᠮᠵᠢᠬᠦᠨ ᠳᠤ ᠰᠢᠨ᠎ᠡ ᠶᠢ ᠡᠭᠦᠳᠬᠦ ᠪᠠᠨ | ᠴᠢᠩᠭᠠᠳᠬᠠᠵᠤ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠮᠠᠯᠴᠢᠨ ᠲᠠᠷᠢᠶᠠᠴᠢᠳ ᠤᠨ ᠬᠤᠷᠰᠢᠶ᠎ᠠ ᠳᠤ | ᠬᠠᠨᠳᠤᠭᠤᠯᠤᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠡᠯᠡᠳᠭᠡᠮᠵᠢ᠂ ᠲᠠᠷᠢᠶᠠᠯᠠᠩ ᠮᠠᠯ ᠠᠵᠤ | ᠠᠬᠤᠢ ᠶᠢᠨ ᠮᠠᠰᠢᠨ ᠮᠧᠬᠠᠨᠢᠭ ᠵᠡᠷᠭᠡ ᠡᠳ᠋ ᠬᠦᠷᠦᠩᠭᠡ ᠶᠢᠨ ᠡᠷᠬᠡ ᠪᠠᠨ ᠪᠠᠷᠢᠴᠠᠭᠠᠯᠠᠬᠤ ᠵᠢᠭᠡᠯᠡᠯᠭᠡ ᠶᠢᠨ | ᠲᠣᠬᠠᠶᠢᠯᠠᠭᠰᠠᠨ ᠠᠵᠢᠯ ᠢ ᠥᠷᠨᠢᠭᠦᠯᠬᠦ ᠪᠠ ᠭᠠᠵᠠᠷ ᠰᠢᠷᠤᠢ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ᠂ | ᠣᠢ ᠶᠢᠨ ᠡᠷᠬᠡ᠂ ᠤᠰᠤᠨ ᠤ ᠴᠠᠷᠠᠭ᠎ᠠ ᠭᠤᠣᠯ ᠤᠨ ᠰᠠᠶᠢᠷᠭᠠᠯ ᠤᠨ ᠬᠡᠷᠡᠭᠯᠡᠬᠦ ᠡᠷᠬᠡ ᠵᠡᠷᠭᠡ ᠪᠠᠨ ᠳᠠᠨᠵᠢᠯᠠᠬᠤ | ᠵᠢᠭᠡᠯᠡᠯᠭᠡ ᠶᠢᠨ ᠲᠣᠬᠠᠶᠢᠯᠠᠭᠰᠠᠨ ᠠᠵᠢᠯ ᠦᠷᠨᠢᠭᠦᠯᠬᠦ ᠶᠢ ᠵᠣᠷᠢᠬᠵᠢᠭᠤᠯᠤᠨ ᠳᠡᠮᠵᠢᠨ᠎ᠡ᠃ ᠡᠳ᠋ ᠤᠨ ᠵᠠᠰᠠᠭ ᠤᠨ | ᠣᠷᠣᠭᠤᠯᠤᠯᠲᠠ ᠪᠠᠷ ᠤᠳᠤᠷᠢᠳᠤᠮᠵᠢ ᠪᠣᠯᠭᠠᠬᠤ᠂ ᠢᠲᠡᠭᠡᠮᠵᠢᠲᠦ ᠵᠢᠭᠡᠯᠡᠯᠭᠡ ᠶᠢᠨ ᠣᠷᠣᠭᠤᠯᠤᠯᠲᠠ ᠪᠠᠷ ᠲᠦᠰᠢᠭ | ᠪᠣᠯᠭᠠᠬᠤ᠂ ᠮᠠᠯᠴᠢᠨ ᠲᠠᠷᠢᠶᠠᠴᠢᠳ ᠪᠣᠯᠣᠨ ᠬᠠᠮᠲᠤ ᠶᠢᠨ ᠣᠷᠣᠭᠤᠯᠤᠯᠲᠠ ᠪᠠᠷ ᠭᠤᠣᠯ ᠴᠤᠭᠴᠠ ᠪᠣᠯᠭᠠᠬᠤ᠂ | ᠨᠡᠶᠢᠭᠡᠮ ᠤᠨ ᠪᠡᠯᠡ ᠮᠦᠩᠭᠦ ᠪᠣᠯᠣᠨ ᠣᠷᠣᠨ ᠤ ᠭᠠᠳᠠᠨᠠᠬᠢ ᠪᠡᠯᠡ ᠮᠦᠩᠭᠦ ᠪᠠᠷ ᠨᠦᠬᠦᠪᠦᠷᠢ ᠪᠣᠯᠭᠠᠭᠰᠠᠨ ᠣᠯᠠᠨ | ᠡᠰᠢᠲᠦ᠂ ᠣᠯᠠᠨ ᠵᠠᠮ ᠮᠥᠷ ᠪᠦᠬᠦᠢ ᠪᠡᠯᠡ ᠲᠣᠬᠢᠷᠠᠭᠤᠯᠬᠤ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ | ᠪᠦᠷᠢᠨᠰᠢᠭᠦᠯᠦᠨ᠎ᠡ᠃ ᠣᠷᠣᠨ ᠨᠣᠲᠤᠭ ᠤᠨ ᠵᠠᠰᠠᠭ ᠤᠨ ᠣᠷᠳᠤᠨ ᠤ ᠬᠢᠨ ᠳᠡᠭᠡᠷ᠎ᠡ ᠱᠠᠳᠤᠨ ᠠᠴᠠ ᠲᠤᠤᠷ᠎ᠠ ᠱᠠᠳᠤ | ᠬᠦᠷᠳᠡᠯᠡᠬᠢ ᠬᠤᠷᠰᠢᠶ᠎ᠠ ᠶᠢᠨ ᠵᠢᠭᠡᠯᠡᠯᠭᠡ ᠪᠠᠲᠤᠯᠠᠬᠤ ᠲᠡᠪᠴᠡᠩ ᠪᠠᠶᠢᠭᠤᠯᠬᠤ ᠶᠢ ᠬᠦᠲᠦᠯᠦᠨ ᠵᠢᠯᠤᠭᠤᠳᠴᠤ᠂ | ᠨᠦᠬᠦᠴᠡᠯ ᠳᠤ ᠨᠡᠶᠢᠴᠡᠬᠦ ᠬᠤᠷᠰᠢᠶ᠎ᠠ ᠳᠤ ᠵᠢᠭᠡᠯᠡᠯᠭᠡ ᠶᠢᠨ ᠪᠠᠲᠤᠯᠠᠭᠠᠳᠤ ᠦᠢᠯᠡᠴᠢᠯᠡᠭᠡ ᠶᠢ ᠬᠠᠩᠭᠠᠨ᠂ ᠨᠦᠬᠦᠴᠡᠯ ᠲᠠᠢ | ᠭᠠᠵᠠᠷ ᠣᠷᠣᠨ ᠤ ᠬᠢᠨ ᠵᠢᠭᠡᠯᠡᠯᠭᠡ ᠶᠢᠨ ᠳᠠᠮ ᠬᠦᠦ ᠶᠢ ᠨᠢ ᠤᠷᠤᠯᠠᠨ ᠥᠭᠴᠦ ᠪᠣᠯᠣᠨ᠎ᠠ᠃ ᠳᠠᠭᠠᠳᠬᠠᠯ ᠤᠨ | ᠪᠠᠶᠢᠭᠤᠯᠤᠮᠵᠢ ᠨᠤᠭᠤᠳ ᠬᠤᠷᠰᠢᠶ᠎ᠠ ᠶᠢᠨ ᠦᠢᠯᠡᠳᠪᠦᠷᠢᠯᠡᠯ ᠤᠨ ᠣᠨᠴᠠᠯᠢᠭ ᠲᠤ ᠲᠣᠬᠢᠷᠠᠭᠰᠠᠨ ᠳᠠᠭᠠᠳᠬᠠᠯ ᠤᠨ | ᠵᠦᠢᠯ ᠢ ᠰᠦᠪᠡᠭᠴᠢᠯᠡᠨ ᠨᠡᠭᠡᠭᠡᠵᠦ ᠬᠥᠭᠵᠢᠭᠦᠯᠦᠨ᠂ ᠡᠯ᠎ᠡ ᠱᠠᠲᠤᠨ ᠤ ᠮᠠᠯᠴᠢᠨ ᠲᠠᠷᠢᠶᠠᠴᠢᠳ ᠤᠨ ᠬᠤᠷᠰᠢᠶ᠎ᠠ ᠶᠢᠨ | ᠵᠢᠱᠢᠶ᠎ᠡ ᠦᠵᠡᠭᠦᠯᠬᠦ ᠬᠤᠷᠰᠢᠶ᠎ᠠ ᠳᠤ ᠦᠢᠯᠡᠳᠪᠦᠷᠢᠯᠡᠯ ᠤᠨ ᠳᠠᠭᠠᠳᠬᠠᠯ ᠢ ᠤᠷᠢᠳ ᠢᠶᠠᠷ ᠬᠦᠢᠴᠡᠳᠬᠡᠵᠦ ᠥᠭᠬᠦ ᠶᠢᠨ | ᠬᠠᠮᠲᠤ ᠳᠠᠭᠠᠳᠬᠠᠯ ᠤᠨ ᠰᠦᠢᠳᠭᠡᠯ ᠤᠨ ᠨᠤᠷᠮ᠎ᠡ ᠶᠢ ᠨᠢ ᠵᠣᠬᠢᠰᠲᠠᠢ ᠪᠠᠷ ᠪᠠᠭᠤᠷᠠᠭᠤᠯᠬᠤ ᠬᠡᠷᠡᠭᠲᠡᠢ᠃ | ︵ᠳᠥᠷᠪᠡ︶ ᠭᠠᠶᠢᠯᠢ ᠰᠦᠢᠳᠭᠡᠯ᠂ ᠤᠰᠤ ᠴᠠᠬᠢᠯᠭᠠᠨ ᠭᠠᠵᠠᠷ ᠬᠡᠷᠡᠭᠯᠡᠬᠦ ᠵᠡᠷᠭᠡ ᠳᠤ ᠬᠠᠷᠠᠭᠠᠯᠵᠠᠯ | ᠦᠵᠡᠭᠦᠯᠬᠦ ᠶᠢ ᠨᠠᠶᠢᠳᠠᠪᠤᠷᠢᠵᠢᠭᠤᠯᠤᠨ᠎ᠠ᠃ | ᠲᠥᠷᠥ ᠶᠢᠨ ᠪᠣᠳᠣᠯᠭ᠎ᠠ ᠶᠢᠨ ᠬᠦᠲᠦᠯᠦᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠶᠢᠯᠢ | ᠲᠠᠲᠠᠪᠤᠷᠢ᠂ ᠤᠰᠤ ᠴᠠᠬᠢᠯᠭᠠᠨ ᠬᠡᠷᠡᠭᠯᠡᠬᠦ ᠪᠠ ᠭᠠᠵᠠᠷ ᠬᠡᠷᠡᠭᠯᠡᠬᠦ ᠵᠡᠷᠭᠡ ᠲᠡᠳᠭᠦᠮᠵᠢ ᠶᠢᠨ ᠲᠥᠷᠥ ᠶᠢᠨ ᠪᠣᠳᠣᠯᠭ᠎ᠠ ᠶᠢ | ᠡᠯ᠎ᠡ ᠱᠠᠲᠤᠨ ᠤ ᠮᠠᠯᠴᠢᠨ ᠲᠠᠷᠢᠶᠠᠴᠢᠳ ᠤᠨ ᠬᠤᠷᠰᠢᠶ᠎ᠠ ᠶᠢᠨ ᠵᠢᠱᠢᠶ᠎ᠡ ᠦᠵᠡᠭᠦᠯᠬᠦ ᠬᠤᠷᠰᠢᠶ᠎ᠠ ᠲᠡᠰᠢ ᠬᠡᠯᠪᠠᠶᠢᠯᠭᠡᠨ᠎ᠡ᠃ | ᠮᠠᠯᠴᠢᠨ ᠲᠠᠷᠢᠶᠠᠴᠢᠳ ᠤᠨ ᠬᠤᠷᠰᠢᠶ᠎ᠠ ᠶᠢᠨ ᠰᠢᠨ᠎ᠡ ᠰᠤᠷᠭᠤᠭ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠭᠦᠨ ᠢ ᠨᠦᠬᠡᠴᠡᠯᠡᠬᠦ ᠪᠠᠷᠠᠭᠠᠨ ᠤ ᠭᠦᠢᠯᠭᠡᠭᠡ᠂ ᠬᠦᠯᠳᠡᠭᠡᠬᠦ ᠬᠡᠯᠬᠢᠶᠡᠵᠢᠭᠰᠡᠨ ᠪᠡᠯᠡᠳᠭᠡᠮᠵᠢ᠂ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠡᠳ᠋ᠰᠢᠭᠦᠯᠬᠦ ᠦᠢᠯᠡᠰ ᠢ ᠡᠷᠬᠢᠯᠡᠨ ᠬᠥᠭᠵᠢᠭᠦᠯᠬᠦ ᠳᠤ ᠨᠦᠬᠦᠪᠦᠷᠢ | ᠣᠯᠭᠤᠬᠤ ᠬᠡᠷᠡᠭᠳᠡᠢ︔ ︽ᠮᠠᠯ ᠲᠠᠷᠢᠶᠠᠯᠠᠩ ᠪᠠ ᠨᠡᠶᠢᠭᠡᠮ ᠲᠣᠭᠤᠷᠢᠭ ᠢ ᠵᠤᠯᠭᠠᠭᠤᠯᠬᠤ︾ ᠬᠡᠯᠪᠡᠷᠢ ᠪᠠᠷ ᠨᠡᠶᠢᠭᠡᠮ | ᠲᠣᠭᠤᠷᠢᠭ ᠲᠤ ᠣᠴᠢᠵᠣ ᠰᠢᠭᠤᠳ ᠡᠵᠡᠩᠨᠡᠬᠦ ᠳᠡᠯᠭᠡᠭᠦᠷ ᠪᠠᠶᠢᠭᠤᠯᠵᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠭᠦᠨ ᠢ ᠪᠤᠷᠤᠯᠠᠭᠤᠯᠵᠤ ᠪᠠᠶᠢᠪᠠᠯ᠂ ᠤᠰᠤ ᠴᠠᠬᠢᠯᠭᠠᠨ ᠬᠡᠷᠡᠭᠯᠡᠬᠦ᠂ ᠳᠡᠯᠭᠡᠭᠦᠷ ᠤᠨ ᠳᠥᠷᠢᠶᠡᠰᠦ ᠵᠡᠷᠭᠡ | ᠲᠠᠯ᠎ᠠ ᠪᠠᠷ ᠵᠣᠬᠢᠬᠤ ᠨᠦᠬᠦᠪᠦᠷᠢ ᠣᠯᠭᠤᠨ᠎ᠠ︔ ᠮᠠᠯᠴᠢᠨ ᠲᠠᠷᠢᠶᠠᠴᠢᠳ ᠤᠨ ᠬᠤᠷᠰᠢᠶ᠎ᠠ ᠨᠤᠭᠤᠳ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠠᠩᠬ᠎ᠠ ᠡᠳ᠋ᠰᠢᠭᠦᠯᠬᠦ ᠳᠤ ᠴᠠᠬᠢᠯᠭᠠᠨ ᠬᠡᠷᠡᠭᠯᠡᠪᠡᠯ ᠬᠤᠯᠪᠤᠭᠳᠠᠯ | ᠪᠦᠬᠦᠢ ᠲᠣᠭᠲᠠᠭᠠᠯ ᠶᠤᠰᠤᠭᠠᠷ ᠲᠠᠷᠢᠶᠠᠯᠠᠩ ᠳᠤ ᠬᠡᠷᠡᠭᠯᠡᠬᠦ ᠴᠠᠬᠢᠯᠭᠠᠨ ᠤ ᠪᠠᠷᠢᠮᠵᠢᠶ᠎ᠠ ᠪᠠᠷ ᠬᠡᠷᠡᠭᠯᠡᠭᠦᠯᠦᠨ᠎ᠡ︔ | ᠬᠤᠷᠰᠢᠶ᠎ᠠ ᠶᠢᠨ ᠦᠢᠯᠡᠳᠪᠦᠷᠢᠯᠡᠯ ᠤᠨ ᠪᠡᠯᠡᠳᠭᠡᠮᠵᠢ ᠳᠤ ᠭᠠᠵᠠᠷ ᠬᠡᠷᠡᠭᠯᠡᠬᠦ ᠪᠠ ᠲᠠᠭᠠᠯᠳᠠ ᠪᠡᠯᠡᠳᠭᠡᠮᠵᠢ ᠪᠠᠶᠢᠭᠤᠯᠬᠤ | ᠵᠡᠷᠭᠡ ᠳᠤ ᠬᠡᠷᠡᠭᠰᠡᠬᠦ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠶᠢᠨ ᠬᠡᠷᠡᠭᠯᠡᠬᠦ ᠭᠠᠵᠠᠷ ᠨᠢ᠂ ᠭᠠᠵᠠᠷ | ᠰᠢᠷᠤᠢ ᠶᠢᠨ ᠠᠰᠢᠭᠯᠠᠯᠲᠠ ᠶᠢᠨ ᠶᠡᠷᠦᠩᠬᠡᠢ ᠲᠦᠯᠦᠪᠵᠢᠭᠦᠯᠭᠡ᠂ ᠬᠤᠲᠠ ᠬᠦᠳᠡᠭᠡ ᠶᠢᠨ ᠲᠦᠯᠦᠪᠵᠢᠭᠦᠯᠭᠡ ᠪᠣᠯᠣᠨ | ᠲᠠᠷᠢᠶᠠᠯᠠᠩ ᠮᠠᠯ ᠠᠵᠤ ᠠᠬᠤᠢ ᠶᠢᠨ ᠬᠠᠮᠢᠶ᠎ᠠ ᠪᠦᠬᠦᠢ ᠲᠦᠯᠦᠪᠵᠢᠭᠦᠯᠭᠡ ᠳᠤ ᠨᠡᠶᠢᠴᠡᠭᠰᠡᠨ ᠤᠷᠢᠳᠠᠯ ᠳᠣᠣᠷ᠎ᠠ᠂ | ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠤᠭᠤᠷᠢᠭ︶ ᠠᠴᠠ ᠭᠠᠵᠠᠷ ᠬᠡᠷᠡᠭᠯᠡᠬᠦ ᠲᠦᠯᠦᠪᠯᠡᠭᠡ ᠶᠢ | ᠤᠷᠢᠳ ᠢᠶᠠᠷ ᠲᠣᠬᠢᠷᠠᠭᠤᠯᠵᠤ᠂ ᠭᠠᠵᠠᠷ ᠬᠡᠷᠡᠭᠯᠡᠬᠦ ᠭᠠᠷᠳᠠᠮ ᠢ ᠴᠠᠭ ᠲᠤᠬᠠᠢ ᠳᠤᠨᠢ ᠭᠦᠢᠴᠡᠳᠭᠡᠬᠦ ᠬᠡᠷᠡᠭᠲᠡᠢ᠃ | ︵ᠲᠠᠪᠤ︶ ᠮᠠᠯᠴᠢᠨ ᠲᠠᠷᠢᠶᠠᠴᠢᠳ ᠤᠨ ᠬᠤᠷᠰᠢᠶ᠎ᠠ ᠶᠢᠨ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠨ᠎ᠠ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠪᠣᠯᠣᠨ ᠡᠯ᠎ᠡ ᠬᠤᠯᠪᠤᠭᠳᠠᠯ ᠪᠦᠬᠦᠢ ᠰᠠᠯᠠᠭ᠎ᠠ | ᠮᠦᠴᠢᠷ ᠤᠳ ᠨᠢ ᠣᠯᠠᠨ ᠵᠦᠢᠯ ᠤᠨ ᠬᠡᠯᠪᠡᠷᠢ ᠪᠠᠷ ᠮᠠᠯᠴᠢᠨ ᠲᠠᠷᠢᠶᠠᠴᠢᠳ ᠤᠨ ᠬᠤᠷᠰᠢᠶ᠎ᠠ ᠶᠢᠨ ᠳᠠᠭᠠᠭᠭᠤᠯᠤᠭᠴᠢ᠂ | ᠡᠵᠡᠩᠨᠡᠯᠲᠡ ᠬᠠᠮᠢᠶᠠᠷᠤᠯᠲᠠ ᠶᠢᠨ ᠠᠵᠢᠯᠲᠠᠨ᠂ ᠮᠡᠷᠭᠡᠵᠢᠯ ᠤᠨ ᠠᠵᠢᠯᠲᠠᠨ ᠪᠣᠯᠣᠨ ᠠᠵᠢᠯ ᠮᠡᠷᠭᠡᠵᠢᠯ ᠤᠨ ᠮᠠᠯᠴᠢᠨ | ᠲᠠᠷᠢᠶᠠᠴᠢᠳ ᠢ ᠬᠦᠴᠦᠯᠡᠨ ᠬᠦᠮᠦᠵᠢᠭᠦᠯᠬᠦ ᠬᠡᠷᠡᠭᠲᠡᠢ᠃ ᠮᠠᠯᠴᠢᠨ ᠲᠠᠷᠢᠶᠠᠴᠢᠳ ᠤᠨ ᠬᠤᠷᠰᠢᠶ᠎ᠠ ᠳᠤ ᠶᠡᠭᠡ ᠳᠡᠭᠡᠳᠦ | ᠰᠤᠷᠭᠠᠭᠤᠯᠢ᠂ ᠰᠢᠨᠵᠢᠯᠡᠬᠦ ᠤᠬᠠᠭᠠᠨ ᠮᠡᠷᠬᠡᠵᠢᠯ ᠤᠨ ᠰᠤᠳᠤᠯᠬᠤ ᠪᠠᠶᠢᠭᠤᠯᠤᠮᠵᠢ ᠨᠤᠭᠤᠳ ᠮᠡᠷᠭᠡᠵᠢᠯ ᠤᠨ | ᠦᠢᠯᠡᠴᠢᠯᠡᠭᠡ ᠦᠷᠨᠢᠬᠦᠯᠬᠦ ᠶᠢ ᠳᠡᠮᠵᠢᠬᠦ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ | ᠮᠡᠷᠭᠡᠵᠢᠯ ᠳᠤ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠬᠤ᠂ ᠲᠠᠷᠢᠶᠠᠯᠠᠩ ᠮᠠᠯ ᠠᠵᠤ ᠠᠬᠤᠢ ᠶᠢᠨ | ᠨᠡᠶᠢᠭᠡᠮᠴᠢᠯᠡᠭᠰᠡᠨ ᠦᠢᠯᠡᠴᠢᠯᠡᠭᠡ ᠶᠢᠨ ᠰᠢᠰᠲ᠋ᠧᠮᠵᠢ ᠶᠢ ᠪᠦᠷᠢᠨᠰᠢᠭᠦᠯᠬᠦ ᠶᠠᠪᠤᠳᠠᠯ ᠲᠠᠢ ᠤᠶᠠᠯᠳᠤᠭᠤᠯᠤᠨ᠂ ᠨᠡᠩ ᠣᠯᠠᠨ | ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠢ ᠬᠦᠲᠦᠯᠦᠨ ᠵᠢᠯᠤᠭᠤᠳᠴᠤ ᠪᠠᠶᠢᠭᠠᠳ ᠲᠤᠰᠬᠠᠢ ᠮᠡᠷᠭᠡᠵᠢᠯ ᠤᠨ | ᠣᠨᠴᠤᠭᠤᠢ ᠴᠢᠳᠠᠪᠤᠷᠢ ᠶᠢ ᠨᠢ ᠪᠠᠳᠠᠷᠠᠭᠤᠯᠤᠨ ᠮᠠᠯᠴᠢᠨ ᠲᠠᠷᠢᠶᠠᠴᠢᠳ ᠤᠨ ᠬᠤᠷᠰᠢᠶ᠎ᠠ ᠳᠤ ᠣᠴᠢᠵᠤ | ᠠᠵᠢᠯᠯᠠᠭᠤᠯᠬᠤ ᠶᠢᠨ ᠬᠠᠮᠲᠤ᠂ ᠦᠨᠳᠦᠰᠦᠨ ᠱᠠᠲᠤᠨ ᠳᠤ ᠦᠢᠯᠡᠴᠢᠯᠡᠬᠦ ᠳᠡᠭᠡᠳᠦ ᠰᠤᠷᠭᠠᠭᠤᠯᠢ ᠲᠡᠭᠦᠰᠦᠭᠰᠡᠨ | ᠰᠤᠷᠤᠭᠴᠢᠳ ᠤᠨ ᠬᠠᠮᠢᠶ᠎ᠠ ᠪᠦᠬᠦᠢ ᠲᠣᠭᠲᠠᠭᠠᠯ ᠢᠶᠠᠷ ᠯᠠᠪᠯᠠᠯᠲᠠ ᠪᠣᠯᠭᠠᠵᠤ ᠲᠡᠳᠡᠨ ᠳᠤ ᠠᠮᠢᠳᠤᠷᠠᠯ ᠤᠨ ᠨᠦᠬᠦᠪᠦᠷᠢ | ᠪᠣᠯᠣᠨ ᠨᠡᠶᠢᠭᠡᠮ ᠤᠨ ᠳᠠᠭᠠᠳᠬᠠᠯ ᠤᠨ ᠨᠦᠬᠦᠪᠦᠷᠢ ᠣᠯᠭᠤᠬᠤ ᠬᠡᠷᠡᠭᠲᠡᠢ᠃ ᠤᠶᠤᠲᠠᠨ ᠲᠤᠰᠬᠤᠨ ᠤ ᠳᠠᠷᠤᠭ᠎ᠠ᠂ | ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠮᠠᠯᠴᠢᠨ ᠲᠠᠷᠢᠶᠠᠴᠢᠳ ᠤᠨ ᠬᠤᠷᠰᠢᠶ᠎ᠠ ᠡᠭᠦᠳᠦᠨ | ᠪᠠᠶᠢᠭᠤᠯᠬᠤ ᠶᠢ ᠵᠣᠷᠢᠬᠵᠢᠭᠤᠯᠵᠤ᠂ ᠨᠦᠬᠦᠴᠡᠯ ᠳᠤ ᠨᠡᠶᠢᠴᠡᠭᠰᠡᠨ ᠢ ᠨᠢ ᠤᠶᠤᠲᠠᠨ ᠤ ᠠᠳᠠᠯ ᠦᠢᠯᠡᠰ ᠴᠤᠭᠴᠠᠯᠠᠬᠤ | ᠬᠦᠷᠢᠶᠡᠯᠡᠩ ᠢᠶᠠᠷ ᠨᠤᠲᠠᠯᠠᠬᠤ ᠶᠢᠨ ᠬᠠᠮᠲᠤ᠂ ᠠᠳᠠᠯ ᠦᠢᠯᠡᠰ ᠴᠤᠭᠴᠠᠯᠠᠬᠤ ᠨᠦᠬᠦᠪᠦᠷᠢ ᠣᠯᠭᠤᠵᠤ᠂ ᠡᠯ᠎ᠡ | ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠨᠢ ᠲᠠᠷᠢᠶᠠᠯᠠᠩ ᠮᠠᠯ ᠠᠵᠤ ᠠᠬᠤᠢ ᠶᠢᠨ ᠲᠦᠷᠦᠯ ᠵᠦᠢᠯ᠂ ᠡᠳ᠋ ᠤᠨ | ᠵᠠᠰᠠᠭ ᠤᠨ ᠪᠡᠯᠡ ᠮᠦᠩᠭᠦ᠂ ᠭᠠᠶᠢᠯᠢ ᠲᠠᠲᠠᠪᠤᠷᠢ ᠶᠢᠨ ᠬᠠᠷᠠᠭᠠᠯᠵᠠᠯ᠂ ᠵᠢᠭᠡᠯᠡᠯᠭᠡ ᠶᠢᠨ ᠳᠠᠮ ᠬᠦᠦ ᠤᠷᠤᠯᠠᠨ ᠥᠭᠬᠦ | ᠵᠡᠷᠭᠡ ᠲᠠᠯ᠎ᠠ ᠪᠠᠷ ᠭᠤᠣᠯᠳᠠᠯᠭ᠎ᠠ ᠲᠠᠢ ᠳᠡᠮᠵᠢᠬᠦ ᠬᠡᠷᠡᠭᠲᠡᠢ᠃ | ᠳᠥᠷᠪᠠ᠂ ᠬᠦᠲᠦᠯᠦᠨ ᠵᠢᠯᠤᠭᠤᠳᠬᠤ ᠪᠠᠨ ᠴᠢᠩᠭᠠᠳᠬᠠᠵᠤ᠂ ᠮᠠᠯᠴᠢᠨ ᠲᠠᠷᠢᠶᠠᠴᠢᠳ ᠤᠨ ᠬᠤᠷᠰᠢᠶ᠎ᠠ ᠶᠢᠨ | ᠵᠢᠷᠤᠮᠵᠢᠭᠤᠯᠤᠨ ᠬᠥᠭᠵᠢᠭᠦᠯᠬᠦ ᠶᠢ ᠪᠦᠲᠦᠮᠵᠢᠲᠡᠢ ᠲᠦᠯᠬᠢᠨ ᠠᠬᠢᠭᠤᠯᠬᠤ ᠬᠡᠷᠡᠭᠲᠡᠢ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠣᠳᠣ ᠦᠶ᠎ᠡ ᠶᠢᠨ ᠲᠠᠷᠢᠶᠠᠯᠠᠩ ᠮᠠᠯ ᠠᠵᠤ | ᠠᠬᠤᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ᠂ ᠮᠠᠯᠴᠢᠨ ᠲᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠬᠦ ᠶᠢ ᠠᠬᠢᠭᠤᠯᠬᠤ ᠦᠨᠳᠦᠷᠴᠡ ᠠᠴᠠ ᠡᠭᠦᠰᠴᠦ᠂ ᠮᠠᠯᠴᠢᠨ ᠲᠠᠷᠢᠶᠠᠴᠢᠳ ᠤᠨ ᠬᠤᠷᠰᠢᠶ᠎ᠠ ᠶᠢᠨ | ᠬᠥᠭᠵᠢᠯᠲᠡ ᠶᠢ ᠡᠳᠦᠷ ᠲᠤᠳᠤᠮ ᠤᠨ ᠴᠢᠬᠤᠯᠠ ᠵᠦᠪᠯᠡᠬᠦ ᠵᠦᠢᠯ ᠳᠡᠭᠡᠨ ᠣᠷᠣᠭᠤᠯᠤᠨ᠂ ᠦᠢᠯᠡᠴᠢᠯᠡᠭᠡ ᠶᠢᠨ | ᠵᠢᠯᠤᠭᠤᠳᠤᠯᠭ᠎ᠠ᠂ ᠵᠢᠱᠢᠶ᠎ᠡ ᠦᠵᠡᠭᠦᠯᠬᠦ ᠪᠠᠷ ᠬᠦᠲᠦᠯᠦᠨ ᠵᠢᠯᠤᠭᠤᠳᠬᠤ ᠪᠠᠨ ᠴᠢᠩᠭᠠᠳᠬᠠᠵᠤ᠂ ᠮᠠᠯᠴᠢᠨ | ᠲᠠᠷᠢᠶᠠᠴᠢᠳ ᠤᠨ ᠬᠤᠷᠰᠢᠶ᠎ᠠ ᠶᠢᠨ ᠠᠵᠢᠯᠯᠠᠭᠠᠨ ᠪᠠ ᠬᠥᠭᠵᠢᠯᠲᠡ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ | ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠤ ᠨᠢᠭᠡᠲᠦᠯᠲᠡᠢ | ᠤᠳᠤᠷᠢᠳᠤᠯᠭ᠎ᠠ ᠶᠢᠨ ᠳᠣᠣᠷ᠎ᠠ᠂ ᠰᠠᠯᠠᠭ᠎ᠠ ᠮᠦᠴᠢᠷ ᠤᠳ ᠤᠨ ᠬᠤᠭᠤᠷᠤᠨᠲᠤ ᠪᠠᠨ ᠨᠢᠭᠲᠠ ᠬᠠᠮᠵᠢᠯᠴᠠᠬᠤ ᠶᠢ | ᠴᠢᠩᠭᠠᠳᠬᠠᠬᠤ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ᠂ ᠨᠢᠭᠡᠲᠦᠯᠲᠡᠢ ᠲᠦᠯᠦᠪᠯᠡᠨ ᠵᠣᠬᠢᠴᠠᠭᠤᠯᠬᠤ | ᠲᠣᠭᠲᠠᠴᠠ ᠶᠢ ᠪᠠᠶᠢᠭᠤᠯᠤᠨ᠂ ᠪᠡᠯᠡ ᠮᠦᠩᠭᠦ᠂ ᠲᠦᠷᠦᠯ ᠵᠦᠢᠯ᠂ ᠢᠲᠡᠭᠡᠮᠵᠢᠲᠦ ᠵᠢᠭᠡᠯᠡᠯᠭᠡ᠂ ᠭᠠᠶᠢᠯᠢ ᠲᠠᠲᠠᠪᠤᠷᠢ᠂ | ᠳᠠᠭᠠᠳᠬᠠᠯ᠂ ᠬᠠᠮᠢᠶᠠᠷᠤᠯᠲᠠ᠂ ᠦᠢᠯᠡᠴᠢᠯᠡᠭᠡ ᠵᠡᠷᠭᠡ ᠡᠯ᠎ᠡ ᠲᠠᠯ᠎ᠠ ᠪᠠᠷ ᠵᠡᠷᠬᠡ ᠳᠤᠨᠢ ᠠᠳᠬᠤᠵᠤ ᠬᠠᠮᠲᠤ ᠪᠠᠷ | ᠪᠠᠶᠢᠭᠤᠯᠬᠤ ᠨᠡᠶᠢᠯᠡᠯ ᠬᠦᠴᠦᠨ ᠢ ᠪᠣᠢ ᠪᠣᠯᠭᠠᠵᠤ᠂ ᠮᠠᠨ ᠤ ᠣᠷᠣᠨ ᠤ ᠮᠠᠯᠴᠢᠨ ᠲᠠᠷᠢᠶᠠᠴᠢᠳ ᠤᠨ ᠬᠤᠷᠰᠢᠶ᠎ᠠ ᠶᠢᠨ | ᠨᠡᠯᠢᠶᠡᠳ ᠲᠥᠷᠭᠡᠨ ᠬᠥᠭᠵᠢᠯᠲᠡ ᠲᠠᠢ ᠪᠣᠯᠬᠤ ᠶᠢ ᠲᠦᠯᠬᠢᠨ ᠠᠬᠢᠭᠤᠯᠬᠤ ᠬᠡᠷᠡᠭᠲᠡᠢ᠃ | ︵ᠬᠤᠶᠠᠷ︶ ᠵᠢᠱᠢᠶ᠎ᠡ ᠦᠵᠡᠭᠦᠯᠬᠦ ᠪᠠᠷ ᠬᠦᠲᠦᠯᠦᠨ ᠵᠢᠯᠤᠭᠤᠳᠬᠤ ᠶᠢ ᠭᠦᠨᠵᠡᠭᠡᠶᠢᠷᠡᠭᠦᠯᠦᠨ᠎ᠡ᠃ | ᠮᠠᠯᠴᠢᠨ ᠲᠠᠷᠢᠶᠠᠴᠢᠳ ᠤᠨ ᠬᠤᠷᠰᠢᠶ᠎ᠠ ᠶᠢᠨ ᠵᠢᠱᠢᠶ᠎ᠡ ᠦᠵᠡᠭᠦᠯᠬᠦ ᠬᠤᠷᠰᠢᠶ᠎ᠠ ᠪᠦᠲᠦᠭᠡᠨ ᠪᠠᠶᠢᠭᠤᠯᠬᠤ | ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠵᠤ᠂ ᠵᠢᠱᠢᠶ᠎ᠡ ᠦᠵᠡᠭᠦᠯᠬᠦ ᠬᠤᠷᠰᠢᠶ᠎ᠠ ᠶᠢ ᠬᠤᠶᠢᠰᠢᠲᠠ ᠶᠢᠨ | ᠬᠤᠷᠰᠢᠶ᠎ᠠ ᠶᠢᠨ ᠵᠢᠷᠤᠮᠵᠢᠭᠤᠯᠤᠨ ᠬᠥᠭᠵᠢᠭᠦᠯᠬᠦ ᠶᠢ ᠲᠦᠯᠬᠢᠨ ᠠᠬᠢᠭᠤᠯᠬᠤ ᠬᠦᠴᠦᠨ ᠲᠡᠭᠦᠯᠳᠡᠷ ᠭᠠᠷᠳᠠᠴᠠ ᠪᠣᠯᠭᠠᠬᠤ | ᠬᠡᠷᠡᠭᠲᠡᠢ᠃ ᠦᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠤᠭᠤᠷᠢᠭ︶ | ᠭᠤᠷᠪᠠᠨ ᠱᠠᠲᠤᠨ ᠤ ᠬᠠᠮᠲᠤᠷᠠᠨ ᠡᠭᠦᠳᠬᠦ ᠠᠵᠢᠯᠯᠠᠭ᠎ᠠ ᠶᠢ ᠭᠦᠨᠵᠡᠭᠡᠢ ᠦᠷᠨᠢᠭᠦᠯᠦᠨ᠂ ᠦᠢᠯᠡᠳᠪᠦᠷᠢᠯᠡᠯ ᠤᠨ | ᠳᠠᠪᠠᠭᠤᠯᠢᠭ ᠢᠯᠡᠷᠬᠡᠢ᠂ ᠣᠷᠣᠨ ᠨᠣᠲᠤᠭ ᠤᠨ ᠦᠪᠡᠷᠮᠢᠴᠡ ᠣᠨᠴᠠᠯᠢᠭ ᠲᠠᠢ᠂ ᠭᠤᠣᠯᠯᠠᠬᠤ ᠠᠵᠤ ᠦᠢᠯᠡᠰ ᠨᠢ | ᠳᠤᠪᠤᠶᠢᠮ᠎ᠠ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠳᠠᠶᠢᠴᠢᠯᠠᠬᠤ ᠦᠷ᠎ᠡ ᠪᠦᠲᠦᠮᠵᠢ ᠪᠠᠷ | ᠮᠡᠳᠡᠭᠳᠡᠭᠦ᠋ᠢᠴᠡ ᠨᠢᠭᠡ ᠪᠦᠯᠦᠭ ᠵᠢᠱᠢᠶ᠎ᠡ ᠦᠵᠡᠭᠦᠯᠬᠦ ᠬᠤᠷᠰᠢᠶ᠎ᠠ ᠶᠢ ᠱᠠᠲᠤ ᠬᠤᠪᠢᠶᠠᠨ ᠪᠤᠶᠢᠵᠢᠭᠤᠯᠵᠤ᠂ ᠵᠢᠯ ᠪᠦᠷᠢ | ᠦᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠬᠤᠷᠰᠢᠶ᠎ᠠ ᠶᠢ 200᠂ ᠠᠶᠢᠮᠠᠭ ᠬᠤᠲᠠ᠂ ᠬᠤᠰᠢᠭᠤ | ᠰᠢᠶᠠᠨ ᠤ ᠱᠠᠲᠤᠨ ᠤ ᠵᠢᠱᠢᠶ᠎ᠡ ᠦᠵᠡᠭᠦᠯᠬᠦ ᠬᠤᠷᠰᠢᠶ᠎ᠠ ᠶᠢ 800 ᠪᠤᠶᠢᠵᠢᠭᠤᠯᠬᠤ ᠬᠡᠷᠡᠭᠲᠡᠢ᠃ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠤᠨ ᠵᠢᠴᠢ ᠲᠠᠷᠢᠶᠠᠯᠠᠩ ᠮᠠᠯ ᠠᠵᠤ ᠠᠬᠤᠢ᠂ ᠬᠥᠭᠵᠢᠭᠦᠯᠦᠯᠲᠡ ᠦᠭᠡᠷᠡᠴᠢᠯᠡᠯᠲᠡ ᠶᠢᠨ | ᠵᠦᠪᠯᠡᠯ᠂ ᠡᠳ᠋ ᠤᠨ ᠵᠠᠰᠠᠭ᠂ ᠬᠠᠩᠭᠠᠨ ᠪᠣᠷᠤᠯᠠᠭᠤᠯᠬᠤ ᠬᠤᠷᠰᠢᠶ᠎ᠠ᠂ ᠤᠰᠤᠨ ᠠᠰᠢᠭᠯᠠᠯᠲᠠ᠂ ᠣᠢ ᠰᠢᠭᠤᠢ᠂ | ᠶᠠᠳᠠᠭᠤ ᠶᠢ ᠲᠡᠳᠭᠦᠬᠦ᠂ ᠰᠢᠨᠵᠢᠯᠡᠬᠦ ᠤᠬᠠᠭᠠᠨ ᠮᠡᠷᠭᠡᠵᠢᠯ᠂ ᠬᠦᠳᠡᠭᠡ ᠲᠤᠰᠬᠤᠨ ᠤ ᠢᠲᠡᠭᠡᠮᠵᠢ ᠶᠢᠨ ᠬᠤᠷᠰᠢᠶ᠎ᠠ ᠵᠡᠷᠭᠡ | ᠰᠠᠯᠠᠭ᠎ᠠ ᠮᠦᠴᠢᠷ ᠤᠳ ᠨᠢ ᠵᠢᠱᠢᠶ᠎ᠡ ᠦᠵᠡᠭᠦᠯᠬᠦ ᠬᠤᠷᠰᠢᠶ᠎ᠠ ᠶᠢ ᠲᠥᠷᠥ ᠶᠢᠨ ᠪᠣᠳᠣᠯᠭ᠎ᠠ ᠪᠠᠷ ᠲᠡᠳᠭᠦᠬᠦ | ᠭᠤᠣᠯᠳᠠᠯᠭ᠎ᠠ ᠪᠠᠨ ᠪᠣᠯᠭᠠᠵᠤ᠂ ᠲᠠᠷᠢᠶᠠᠯᠠᠩ ᠢ ᠳᠡᠮᠵᠢᠬᠦ ᠪᠡᠯᠡ ᠮᠦᠩᠭᠦ᠂ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠬᠡᠯᠪᠠᠶᠢᠯᠭᠡᠨ ᠲᠡᠳᠭᠦᠨ᠎ᠡ᠃ ᠮᠠᠯᠴᠢᠨ ᠲᠠᠷᠢᠶᠠᠴᠢᠳ ᠤᠨ | ᠬᠤᠷᠰᠢᠶ᠎ᠠ ᠶᠢᠨ ᠵᠢᠱᠢᠶ᠎ᠡ ᠦᠵᠡᠭᠦᠯᠬᠦ ᠬᠤᠷᠰᠢᠶ᠎ᠠ ᠶᠢ ᠰᠤᠭᠤᠯᠤᠨ ᠪᠠᠶᠢᠴᠠᠭᠠᠬᠤ ᠠᠷᠭ᠎ᠠ ᠶᠢ ᠲᠣᠭᠲᠠᠭᠠᠵᠤ᠂ ᠤᠷᠲᠤ | ᠬᠤᠭᠤᠴᠠᠭᠠᠨ ᠤ ᠬᠦᠴᠦᠨ ᠲᠠᠢ ᠬᠦᠳᠡᠯᠦᠩᠭᠦᠢ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠤᠨ᠂ ᠵᠢᠱᠢᠶ᠎ᠡ ᠦᠵᠡᠭᠦᠯᠬᠦ | ᠬᠤᠷᠰᠢᠶ᠎ᠠ ᠶᠢᠨ ᠠᠵᠢᠯᠯᠠᠭᠠᠨ ᠤ ᠪᠠᠶᠢᠳᠠᠯ ᠢ ᠬᠢᠨᠠᠨ ᠰᠢᠯᠭᠠᠬᠤ ᠪᠠᠨ ᠴᠢᠩᠭᠠᠳᠬᠠᠵᠤ᠂ ᠦᠢᠯᠡᠳᠪᠦᠷᠢ ᠬᠤᠳᠠᠯᠳᠤᠭ᠎ᠠ᠂ | ᠲᠠᠷᠢᠶᠠᠯᠠᠩ ᠮᠠᠯ ᠠᠵᠤ ᠠᠬᠤᠢ᠂ ᠣᠢ ᠰᠢᠭᠤᠢ ᠵᠡᠷᠭᠡ ᠰᠠᠯᠠᠭ᠎ᠠ ᠮᠦᠴᠢᠷ ᠤᠳ ᠲᠣᠭᠲᠠᠮᠠᠯ ᠬᠤᠭᠤᠴᠠᠭ᠎ᠠ ᠲᠠᠢ ᠪᠣᠶᠣ | ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ ᠰᠤᠭᠤᠯᠤᠨ ᠪᠠᠶᠢᠴᠠᠭᠠᠵᠤ᠂ ᠠᠵᠢᠯᠯᠠᠭᠠᠨ ᠤ | ᠪᠠᠶᠢᠳᠠᠯ ᠳᠤᠨᠢ ᠦᠨᠡᠯᠡᠯᠲᠡ ᠬᠢᠵᠦ᠂ ᠬᠢᠷᠢ ᠲᠡᠩᠴᠡᠬᠦ ᠦᠭᠡᠢ ᠵᠢᠱᠢᠶ᠎ᠡ ᠦᠵᠡᠭᠦᠯᠬᠦ ᠬᠤᠷᠰᠢᠶ᠎ᠠ ᠶᠢᠨ ᠵᠢᠱᠢᠶ᠎ᠡ | ᠦᠵᠡᠭᠦᠯᠬᠦ ᠴᠣᠯᠠ ᠶᠢ ᠨᠢ ᠬᠦᠴᠦᠨ ᠦᠭᠡᠢ ᠪᠣᠯᠭᠠᠬᠤ ᠶᠢᠨ ᠬᠠᠮᠲᠤ ᠨᠡᠶᠢᠭᠡᠮ ᠨᠡᠶᠢᠲᠡ ᠳᠤ ᠵᠠᠷᠯᠠᠬᠤ ᠬᠡᠷᠡᠭᠲᠡᠢ᠃ | ︵ᠭᠤᠷᠪᠠ︶ ᠬᠠᠪᠰᠤᠷᠤᠨ ᠵᠢᠯᠤᠭᠤᠳᠴᠤ ᠪᠣᠯᠪᠠᠰᠤᠷᠠᠭᠤᠯᠬᠤ ᠠᠵᠢᠯ ᠢ ᠰᠠᠶᠢᠲᠤᠷ ᠠᠳᠬᠤᠨ᠎ᠠ᠃ | ᠮᠠᠯᠴᠢᠨ ᠲᠠᠷᠢᠶᠠᠴᠢᠳ ᠤᠨ ᠬᠤᠷᠰᠢᠶ᠎ᠠ ᠶᠢᠨ ᠬᠠᠪᠰᠤᠷᠤᠨ ᠵᠢᠯᠤᠭᠤᠳᠤᠭᠴᠢ ᠶᠢᠨ ᠡᠩᠨᠡᠭᠡ ᠶᠢᠨ | ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠨᠦᠬᠦᠴᠡᠯ ᠲᠠᠢ ᠬᠤᠰᠢᠭᠤ ᠰᠢᠶᠠᠨ ︵ᠬᠤᠲᠠ᠂ ᠲᠤᠭᠤᠷᠢᠭ︶ | ᠨᠤᠭᠤᠳ ᠲᠣᠬᠠᠢ ᠶᠢᠨ ᠭᠠᠵᠠᠷ ᠤᠨ ᠢᠶᠠᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠬᠠᠮᠢᠶᠠᠷᠤᠯᠲᠠ ᠶᠢᠨ | ᠰᠠᠯᠠᠭ᠎ᠠ ᠮᠦᠴᠢᠷ ᠢᠶᠠᠷ ᠲᠦᠰᠢᠭ ᠪᠣᠯᠭᠠᠨ ᠮᠠᠯᠴᠢᠨ ᠲᠠᠷᠢᠶᠠᠴᠢᠳ ᠤᠨ ᠬᠤᠷᠰᠢᠶ᠎ᠠ ᠶᠢᠨ ᠵᠢᠯᠤᠭᠤᠳᠤᠨ ᠦᠢᠯᠡᠴᠢᠯᠡᠬᠦ | ᠲᠥᠪ ᠢ ᠲᠤᠰᠬᠠᠶᠢᠯᠠᠨ ᠪᠠᠶᠢᠭᠤᠯᠵᠤ᠂ ᠲᠤᠰᠬᠠᠢ ᠮᠡᠷᠭᠡᠵᠢᠯ ᠤᠨ ᠵᠢᠯᠤᠭᠤᠳᠬᠤ ᠦᠢᠯᠡᠴᠢᠯᠡᠭᠡ ᠶᠢ ᠬᠠᠩᠭᠠᠵᠤ ᠪᠣᠯᠣᠨ᠎ᠠ | ᠃ ᠡᠯ᠎ᠡ ᠭᠠᠵᠠᠷ ᠣᠷᠣᠨ ᠨᠢ ︽ᠲᠦᠷᠦᠯ ᠬᠤᠪᠢᠶᠠᠨ ᠵᠢᠯᠤᠭᠤᠳᠬᠤ᠂ ᠱᠠᠲᠤᠨ ᠬᠤᠪᠢᠶᠠᠨ ᠬᠠᠷᠢᠭᠤᠴᠠᠬᠤ᠂ ᠪᠤᠲᠠᠲᠠᠢ | ᠦᠷ᠎ᠡ ᠪᠦᠲᠦᠮᠵᠢ ᠶᠢ ᠴᠢᠬᠤᠯᠠᠴᠢᠯᠠᠬᠤ︾ ᠵᠠᠷᠴᠢᠮ ᠤᠨ ᠶᠤᠰᠤᠭᠠᠷ᠂ ᠪᠣᠯᠪᠠᠰᠤᠷᠠᠭᠤᠯᠬᠤ ᠲᠦᠯᠦᠪᠯᠡᠭᠡ ᠪᠠᠨ | ᠲᠣᠭᠲᠠᠭᠠᠨ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠳ ᠤᠨ ᠬᠤᠷᠰᠢᠶ᠎ᠠ ᠶᠢᠨ ᠬᠡᠷᠡᠭ ᠡᠷᠬᠢᠯᠡᠭᠴᠢ᠂ | ᠬᠠᠮᠢᠶᠠᠷᠤᠯᠲᠠ ᠶᠢᠨ ᠠᠵᠢᠯᠲᠠᠨ ᠪᠣᠯᠣᠨ ᠡᠩ ᠤᠨ ᠭᠡᠰᠢᠭᠦᠨ ᠳᠤ ᠬᠠᠤᠯᠢ ᠴᠠᠭᠠᠵᠠ ᠬᠠᠤᠯᠢ ᠲᠣᠭᠲᠠᠭᠠᠯ᠂ ᠬᠤᠷᠰᠢᠨ | ᠡᠵᠡᠩᠨᠡᠬᠦ᠂ ᠠᠷᠠᠳᠴᠢᠯᠠᠯ ᠢᠶᠠᠷ ᠬᠠᠮᠢᠶᠠᠷᠬᠤ᠂ ᠡᠳ᠋ ᠤᠨ ᠶᠠᠪᠤᠳᠠᠯ ᠤᠨ ᠨᠢᠭᠲᠠᠯᠠᠨ ᠪᠣᠳᠣᠬᠤ ᠵᠡᠷᠭᠡ ᠲᠤᠬᠠᠶᠢᠯᠠᠭᠰᠠᠨ | ᠠᠵᠢᠯ ᠤᠨ ᠪᠣᠯᠪᠠᠰᠤᠷᠠᠭᠤᠯᠤᠯ ᠢ ᠬᠠᠨᠳᠤᠯᠭ᠎ᠠ ᠲᠠᠢ ᠪᠠᠷ ᠦᠷᠨᠢᠭᠦᠯᠦᠨ᠂ ᠲᠠᠳᠠᠨ ᠤ ᠵᠢᠷᠤᠮᠵᠢᠭᠤᠯᠤᠨ ᠬᠠᠮᠢᠶᠠᠷᠬᠤ | ᠴᠢᠳᠠᠪᠤᠷᠢ ᠪᠣᠯᠣᠨ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠬᠦ ᠬᠡᠷᠡᠭᠲᠡᠢ᠃ | ︵ᠳᠥᠷᠪᠡ︶ ᠮᠡᠳᠡᠭᠡ ᠵᠠᠩᠭᠢᠵᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ᠮᠠᠯᠴᠢᠨ ᠲᠠᠷᠢᠶᠠᠴᠢᠳ ᠤᠨ ᠬᠤᠷᠰᠢᠶ᠎ᠠ ᠶᠢᠨ ᠦᠢᠯᠡᠳᠪᠦᠷᠢᠯᠡᠯ᠂ ᠡᠵᠡᠩᠨᠡᠯᠲᠡ ᠶᠢᠨ ᠮᠡᠳᠡᠭᠡ ᠵᠠᠩᠬᠢᠵᠢᠬᠰᠠᠨ | ᠦᠢᠯᠡᠴᠢᠯᠡᠭᠡ ᠶᠢ ᠴᠢᠩᠭᠠᠳᠬᠠᠵᠤ᠂ ᠢᠨᠲ᠋ᠧᠷᠨᠧᠲ ᠰᠦᠯᠵᠢᠶ᠎ᠡ ᠵᠡᠷᠭᠡ ᠣᠳᠣ ᠦᠶ᠎ᠡ ᠶᠢᠨ ᠮᠡᠳᠡᠭᠡ ᠵᠠᠩᠭᠢ ᠶᠢᠨ | ᠮᠡᠷᠭᠡᠵᠢᠯ ᠢ ᠭᠦᠢᠴᠡᠳ ᠠᠰᠢᠭᠯᠠᠨ᠂ ᠲᠠᠷᠢᠵᠤ ᠲᠡᠵᠢᠭᠡᠵᠦ ᠦᠷᠡᠵᠢᠭᠦᠯᠬᠦ ᠮᠡᠷᠭᠡᠵᠢᠯ ᠤᠨ ᠪᠣᠯᠪᠠᠰᠤᠷᠠᠭᠤᠯᠤᠯ᠂ | ᠪᠦᠳᠦᠬᠡᠭᠳᠡᠬᠦᠨ ᠤ ᠶᠠᠰᠤ ᠴᠢᠨᠠᠷ ᠤᠨ ᠪᠠᠷᠢᠮᠵᠢᠶ᠎ᠠ ᠪᠣᠯᠣᠨ ᠦᠢᠯᠡᠳᠪᠦᠷᠢᠯᠡᠬᠦ ᠬᠠᠩᠭᠠᠬᠤ ᠪᠣᠷᠤᠯᠠᠭᠤᠯᠬᠤ ᠵᠡᠷᠭᠡ | ᠲᠠᠯ᠎ᠠ ᠪᠠᠷ ᠬᠢ ᠮᠡᠳᠡᠭᠡ ᠵᠠᠩᠭᠢ ᠶᠢᠨ ᠦᠢᠯᠡᠴᠢᠯᠡᠭᠡ ᠶᠢ ᠦᠷᠨᠢᠭᠦᠯᠵᠦ᠂ ᠮᠠᠯᠴᠢᠨ ᠲᠠᠷᠢᠶᠠᠴᠢᠳ ᠤᠨ ᠬᠤᠷᠰᠢᠶ᠎ᠠ ᠶᠢ | ᠵᠢᠯᠤᠭᠤᠳᠴᠤ ᠪᠠᠶᠢᠭᠠᠳ ᠮᠡᠳᠡᠭᠡ ᠵᠠᠩᠭᠢ ᠶᠢᠨ ᠦᠢᠯᠡᠴᠢᠯᠡᠭᠡ ᠶᠢᠨ ᠲᠡᠪᠴᠡᠩ ᠢ ᠠᠰᠢᠭᠯᠠᠨ ᠵᠠᠬ᠎ᠠ ᠳᠡᠯᠭᠡᠭᠦᠷ ᠤᠨ | ᠮᠡᠳᠡᠭᠡ ᠵᠠᠩᠭᠢ ᠶᠢ ᠴᠠᠭ ᠲᠤᠬᠠᠢ ᠳᠤᠨᠢ ᠣᠶᠢᠯᠠᠭᠠᠨ ᠮᠡᠳᠡᠬᠦᠯᠵᠦ᠂ ᠲᠤᠰ ᠬᠤᠷᠰᠢᠶ᠎ᠠ ᠶᠢᠨ ᠪᠦᠳᠦᠬᠡᠭᠳᠡᠬᠦᠨ ᠪᠣᠯᠣᠨ | ᠦᠢᠯᠡᠴᠢᠯᠡᠭᠡᠨ ᠤ ᠮᠡᠳᠡᠭᠡ ᠵᠠᠩᠭᠢ ᠪᠠᠨ ᠨᠡᠶᠢᠲᠡᠯᠡᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠢ ᠶᠡᠬᠡᠪᠡᠷ ᠲᠦᠯᠬᠢᠨ | ᠠᠬᠢᠭᠤᠯᠵᠤ᠂ ᠰᠦᠯᠵᠢᠶ᠎ᠠ ᠪᠠᠷ ᠡᠵᠡᠩᠨᠡᠨ ᠪᠤᠷᠤᠯᠠᠭᠤᠯᠬᠤ ᠶᠢ ᠠᠬᠢᠭᠤᠯᠤᠨ᠂ ᠪᠦᠳᠦᠬᠡᠭᠳᠡᠬᠦᠨ ᠤ ᠡᠵᠡᠩᠨᠡᠨ | ᠪᠤᠷᠤᠯᠠᠭᠤᠯᠬᠤ ᠬᠡᠪᠴᠢᠶ᠎ᠡ ᠶᠢ ᠨᠢ ᠥᠷᠭᠡᠳᠭᠡᠵᠦ᠂ ᠮᠠᠯᠴᠢᠨ ᠲᠠᠷᠢᠶᠠᠴᠢᠳ ᠤᠨ ᠬᠤᠷᠰᠢᠶ᠎ᠠ ᠶᠢᠨ ᠮᠡᠳᠡᠭᠡ ᠵᠠᠩᠬᠢᠵᠢᠭ᠍ᠰᠡᠨ | ᠡᠵᠡᠩᠨᠡᠯᠳᠡ ᠬᠠᠮᠢᠶᠠᠷᠤᠯᠳᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ | ︵ᠲᠠᠪᠤ︶ ᠳᠠᠩᠰᠠᠯᠠᠨ ᠲᠡᠮᠲᠡᠭᠯᠡᠬᠦ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ | ᠮᠠᠯᠴᠢᠨ ᠲᠠᠷᠢᠶᠠᠴᠢᠳ ᠤᠨ ᠬᠤᠷᠰᠢᠶ᠎ᠠ ᠶᠢᠨ ᠳᠠᠩᠰᠠᠯᠠᠨ ᠲᠡᠮᠲᠡᠭᠯᠡᠬᠦ ᠶᠢᠨ ᠬᠠᠮᠢᠶᠠᠷᠤᠯᠲᠠ ᠶᠢ ᠤᠯᠠᠮ ᠨᠢᠭᠡ | ᠠᠯᠬᠤᠮ ᠴᠢᠩᠭᠠᠳᠬᠠᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠠᠵᠤ ᠠᠬᠤᠶᠢᠯᠠᠯ ᠤᠨ ᠮᠡᠳᠡᠭᠡ ᠵᠠᠩᠭᠢ ᠶᠢ | ᠢᠯᠡ ᠨᠡᠶᠢᠲᠡᠯᠡᠬᠦ ᠲᠣᠬᠠᠢ ᠲᠦᠷ ᠬᠡᠷᠡᠭᠵᠢᠭᠦᠯᠬᠦ ᠳᠦᠷᠢᠮ︾ ᠢ ᠦᠨᠳᠦᠰᠦᠯᠡᠨ᠂ ︽ᠲᠠᠷᠢᠶᠠᠴᠢᠳ ᠤᠨ ᠲᠤᠰᠬᠠᠢ | ᠬᠤᠷᠰᠢᠶ᠎ᠠ ᠶᠢᠨ ᠣᠨ ᠤ ᠮᠡᠳᠡᠭᠦᠯᠦᠯᠲᠡ ᠶᠢ ᠢᠯᠡ ᠨᠡᠶᠢᠲᠡᠯᠡᠬᠦ ᠲᠣᠬᠠᠢ ᠲᠦᠷ ᠬᠡᠷᠡᠭᠵᠢᠭᠦᠯᠬᠦ ᠠᠷᠭ᠎ᠠ︾ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ︽ᠲᠠᠷᠢᠶᠠᠴᠢᠳ ᠤᠨ ᠲᠤᠰᠬᠠᠢ ᠬᠤᠷᠰᠢᠶ᠎ᠠ ᠶᠢᠨ ᠣᠨ ᠤ ᠮᠡᠳᠡᠭᠦᠯᠦᠯᠲᠡ ᠶᠢ ᠢᠯᠡ ᠨᠡᠶᠢᠲᠡᠯᠡᠬᠦ | ᠲᠣᠬᠠᠢ ᠲᠦᠷ ᠬᠡᠷᠡᠭᠵᠢᠭᠦᠯᠬᠦ ᠠᠷᠭ᠎ᠠ︾ ᠶᠢᠨ ᠬᠤᠯᠪᠤᠭᠳᠠᠯ ᠪᠦᠬᠦᠢ ᠲᠣᠭᠲᠠᠭᠠᠯ ᠢ ᠵᠦᠷᠢᠴᠡᠭᠰᠡᠳ ᠢ ᠬᠠᠤᠯᠢ | ᠶᠣᠰᠣᠭᠠᠷ ᠬᠡᠪ ᠤᠨ ᠪᠣᠰᠤ ᠡᠵᠡᠩᠨᠡᠯᠲᠡ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠬᠤ ᠶᠢᠨ ᠬᠠᠮᠲᠤ ᠨᠡᠶᠢᠭᠡᠮ | ᠨᠡᠶᠢᠲᠡ ᠳᠤ ᠢᠯᠡ ᠨᠡᠶᠢᠲᠡᠯᠡᠨ᠎ᠡ᠃ ᠡᠯ᠎ᠡ ᠱᠠᠲᠤᠨ ᠤ ᠦᠢᠯᠡᠳᠪᠦᠷᠢ ᠬᠤᠳᠠᠯᠳᠤᠭ᠎ᠠ᠂ ᠲᠠᠷᠢᠶᠠᠯᠠᠩ ᠮᠠᠯ ᠠᠵᠤ ᠠᠬᠤᠢ | ᠂ ᠣᠢ ᠰᠢᠭᠤᠢ ᠵᠡᠷᠭᠡ ᠰᠠᠯᠠᠭ᠎ᠠ ᠮᠦᠴᠢᠷ ᠤᠳ ᠠᠵᠢᠯ ᠤᠨ ᠲᠣᠷᠰᠢᠯᠭ᠎ᠠ ᠰᠤᠯᠢᠯᠴᠠᠬᠤ ᠪᠠᠨ ᠴᠢᠩᠭᠠᠳᠬᠠᠵᠤ᠂ ᠮᠡᠳᠡᠭᠡ | ᠵᠠᠩᠭᠢ ᠪᠠᠨ ᠴᠠᠭ ᠲᠤᠬᠠᠢ ᠳᠤᠨᠢ ᠬᠠᠷᠢᠯᠴᠠᠨ ᠨᠡᠪᠲᠡᠷᠡᠯᠴᠡᠨ᠂ ᠮᠠᠯᠴᠢᠨ ᠲᠠᠷᠢᠶᠠᠴᠢᠳ ᠤᠨ ᠬᠤᠷᠰᠢᠶ᠎ᠠ ᠶᠢᠨ | ᠬᠦᠳᠡᠯᠦᠩᠭᠦᠢ ᠬᠠᠮᠢᠶᠠᠷᠤᠯᠲᠠ ᠶᠢ ᠴᠢᠩᠭᠠᠳᠬᠠᠵᠤ᠂ ᠨᠢᠭᠡ ᠲᠠᠯ᠎ᠠ ᠪᠠᠷ ᠲᠥᠷᠥ ᠶᠢᠨ ᠪᠣᠳᠣᠯᠭ᠎ᠠ᠂ ᠵᠠᠰᠠᠭ ᠵᠠᠬᠢᠷᠭᠠᠨ᠂ | ᠲᠤᠬᠠᠶᠢᠯᠠᠭᠰᠠᠨ ᠠᠵᠢᠯ ᠵᠡᠷᠭᠡ ᠲᠠᠯ᠎ᠠ ᠪᠠᠷ ᠬᠢ ᠵᠢᠯᠤᠭᠤᠳᠤᠯᠭ᠎ᠠ ᠪᠠᠨ ᠴᠢᠩᠭᠠᠳᠬᠠᠨ᠂ ᠮᠠᠯᠴᠢᠨ ᠲᠠᠷᠢᠶᠠᠴᠢᠳ ᠤᠨ | ᠬᠤᠷᠰᠢᠶ᠎ᠠ ᠶᠢ ᠬᠠᠪᠰᠤᠷᠴᠤ ᠪᠠᠶᠢᠭᠠᠳ ᠲᠠᠰᠤᠷᠠᠯᠲᠠ ᠦᠭᠡᠢ ᠵᠢᠷᠤᠮᠵᠢᠭᠤᠯᠤᠨ ᠳᠡᠭᠡᠭᠰᠢᠯᠡᠭᠦᠯᠵᠦ ᠬᠥᠭᠵᠢᠭᠦᠯᠦᠨ᠎ᠡ︔ | ᠨᠥᠭᠦᠭᠡ ᠲᠠᠯ᠎ᠠ ᠪᠠᠷ ᠮᠠᠯᠴᠢᠨ ᠲᠠᠷᠢᠶᠠᠴᠢᠳ ᠤᠨ ᠬᠤᠷᠰᠢᠶ᠎ᠠ ᠨᠢᠭᠡᠪᠦᠷᠢ ᠶᠢᠨ ᠦᠢᠯᠡᠳᠪᠦᠷᠢᠯᠡᠯ᠂ ᠡᠵᠡᠩᠨᠡᠯᠲᠡ ᠵᠢᠴᠢ | ᠢᠲᠡᠭᠡᠮᠵᠢ ᠶᠢᠨ ᠳᠡᠰ ᠵᠡᠷᠭᠡ ᠪᠠᠶᠢᠳᠠᠯ ᠢ ᠡᠵᠡᠮᠰᠢᠵᠦ᠂ ᠪᠡᠯᠡ ᠮᠦᠩᠭᠦ᠂ ᠲᠦᠷᠦᠯ ᠵᠦᠢᠯ ᠵᠡᠷᠭᠡ ᠲᠥᠷᠥ ᠶᠢᠨ | ᠪᠣᠳᠣᠯᠭ᠎ᠠ ᠪᠠᠷ ᠲᠡᠳᠭᠦᠬᠦ ᠳᠤ ᠵᠥᠪ ᠣᠨᠣᠪᠴᠢᠲᠠᠢ ᠦᠨᠳᠦᠰᠦ ᠪᠠᠷᠢᠮᠲᠠ ᠶᠢ ᠬᠠᠩᠭᠠᠵᠤ᠂ ᠮᠠᠨ ᠤ ᠣᠷᠣᠨ ᠤ | ᠮᠠᠯᠴᠢᠨ ᠲᠠᠷᠢᠶᠠᠴᠢᠳ ᠤᠨ ᠬᠤᠷᠰᠢᠶ᠎ᠠ ᠶᠢ ᠵᠢᠷᠤᠮᠵᠢᠭᠤᠯᠤᠨ ᠡᠮᠬᠢ ᠵᠢᠷᠤᠮ ᠲᠠᠢ ᠬᠥᠭᠵᠢᠭᠦᠯᠬᠦ ᠶᠢ ᠦᠨᠡᠨᠬᠦ ᠲᠦᠯᠬᠢᠨ | ᠠᠬᠢᠭᠤᠯᠬᠤ ᠬᠡᠷᠡᠭᠲᠡᠢ᠃ | |