2015 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠣᠯᠠᠨ | ᠲᠦᠮᠡᠨ ᠤ ᠪᠠᠶᠢᠭᠤᠯᠭ᠎ᠠ ᠪᠠ ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠦᠬᠦᠢ ᠨᠢᠭᠡᠴᠡ ᠶᠢᠨ | ᠠᠯᠪᠠᠲᠠᠨ ᠪᠠ ᠠᠵᠢᠯᠲᠠᠨ ᠰᠢᠯᠭᠠᠵᠤ ᠡᠯᠰᠡᠬᠦ ᠶᠢᠨ ᠨᠢᠭᠤᠷᠳᠠᠮᠠᠯ ᠰᠢᠯᠭᠠᠯᠲᠠ 6 ᠳ᠋ᠤᠭᠠᠷ ᠰᠠᠷ᠎ᠠ ᠶᠢᠨ 22 ᠤᠨ ᠡᠳᠦᠷ | ᠡᠬᠢᠯᠡᠵᠦ᠂ 7 ᠳ᠋ᠤᠭᠠᠷ ᠰᠠᠷ᠎ᠠ ᠶᠢᠨ 11 ᠤ ᠡᠳᠦᠷ ᠳᠠᠭᠤᠰᠤᠨ᠎ᠠ᠃ ᠲᠤᠰ ᠤᠳᠠᠭᠠᠨ ᠤ ᠨᠢᠭᠤᠷᠳᠠᠮᠠᠯ | ᠰᠢᠯᠭᠠᠯᠲᠠ ᠶᠢ ᠨᠠᠮ ᠪᠠ ᠣᠯᠠᠨ ᠲᠦᠮᠡᠨ ᠤ ᠰᠠᠯᠠᠭ᠎ᠠ ᠮᠥᠴᠢᠷ ᠤᠨ ᠨᠢᠭᠤᠷᠳᠠᠮᠠᠯ ᠰᠢᠯᠭᠠᠯᠲᠠ ᠭᠡᠵᠦ ᠬᠤᠪᠢᠶᠠᠵᠤ᠂ | ᠡᠳᠦᠷ ᠬᠤᠭᠤᠴᠠᠭ᠎ᠠ ᠨᠢ 6 ᠳ᠋ᠤᠭᠠᠷ ᠰᠠᠷ᠎ᠠ ᠶᠢᠨ 22 ᠤᠨ ᠡᠳᠦᠷ ᠠᠴᠠ 6 ᠳ᠋ᠤᠭᠠᠷ ᠰᠠᠷ᠎ᠠ ᠶᠢᠨ 29 ᠤ ᠡᠳᠦᠷ | ᠬᠦᠷᠲᠡᠯ᠎ᠡ ᠪᠤᠯᠤᠨ᠎ᠠ᠂ ᠪᠦᠬᠦ ᠣᠷᠣᠨ ᠤ ᠨᠠᠮ ᠪᠠ ᠣᠯᠠᠨ ᠲᠦᠮᠡᠨ ᠤ ᠪᠠᠶᠢᠭᠤᠯᠭ᠎ᠠ ︵ᠠᠶᠢᠮᠠᠭ ᠬᠤᠲᠠ ᠶᠢᠨ ᠨᠠᠮ ᠪᠠ | ᠣᠯᠠᠨ ᠲᠦᠮᠡᠨ ᠤ ᠪᠠᠶᠢᠭᠤᠯᠭ᠎ᠠ ᠪᠠᠭᠲᠠᠨ᠎ᠠ︶᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠰᠢᠰᠲ᠋ᠧᠮ ᠳᠤ | ᠮᠡᠳᠡᠭᠦᠯᠦᠨ ᠰᠢᠯᠭᠠᠭᠤᠯᠤᠭᠰᠠᠳ ᠤᠨ ᠨᠢᠭᠤᠷᠳᠠᠨ ᠰᠢᠯᠭᠠᠬᠤ ᠭᠠᠵᠠᠷ ᠢ ᠨᠢᠭᠡᠳᠦᠯᠲᠡᠶ ᠬᠥᠬᠡᠬᠤᠲᠠ ᠳᠤ | ᠲᠣᠬᠢᠷᠠᠭᠤᠯᠵᠤ᠂ ᠭᠠᠵᠠᠷ ᠨᠢ ᠬᠥᠬᠡᠬᠤᠲᠠ ᠶᠢᠨ ᠸᠠᠨ ᠳ᠋ᠠᠶ ᠣᠯᠠᠨ ᠤᠯᠤᠰ ᠤᠨ ᠪᠠᠭᠤᠳᠠᠯ ︵ᠬᠥᠬᠡᠬᠤᠲᠠ ᠶᠢᠨ | ᠤᠯᠠᠭᠠᠨᠴᠠᠪ ᠵᠡᠭᠦᠨ ᠵᠡᠭᠡᠯᠢ ᠶᠢᠨ 80 ᠳ᠋ᠤᠭᠠᠷ ᠨᠣᠮᠧᠷ︶ ᠪᠣᠯᠣᠨ᠎ᠠ᠃ ᠵᠠᠰᠠᠭ ᠤᠨ ᠣᠷᠳᠣᠨ ᠤ ᠰᠠᠯᠠᠭ᠎ᠠ | ᠮᠥᠴᠢᠷ ᠤᠨ ᠨᠢᠭᠤᠷᠳᠠᠮᠠᠯ ᠰᠢᠯᠭᠠᠯᠲᠠ ᠶᠢ ᠬᠤᠶᠠᠷ ᠪᠦᠯᠦᠭ ᠬᠤᠪᠢᠶᠠᠨ ᠶᠠᠪᠤᠭᠳᠠᠭᠤᠯᠵᠤ᠂ ᠰᠢᠯᠭᠠᠯᠲᠠ ᠶᠢᠨ | ᠭᠠᠵᠠᠷ ᠢ ᠬᠥᠬᠡᠬᠤᠲᠠ ᠳᠤ ᠨᠢᠭᠡᠳᠦᠯᠲᠡᠢ ᠲᠣᠬᠢᠷᠠᠭᠤᠯᠪᠠ᠃ ᠨᠢᠭᠡᠳᠦᠭᠡᠷ ᠪᠦᠯᠦᠭ ᠤᠨ ᠨᠢᠭᠤᠷᠳᠠᠮᠠᠯ ᠰᠢᠯᠭᠠᠯᠲᠠ ᠳᠤ | ᠬᠦᠴᠦ ᠲᠠᠮᠢᠷ ᠰᠢᠯᠭᠠᠨ ᠦᠨᠡᠯᠡᠬᠦ ᠳᠤ ᠣᠷᠣᠯᠴᠠᠬᠤ ᠰᠢᠯᠭᠠᠭᠤᠯᠤᠭᠰᠠᠳ ᠵᠢᠴᠢ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠰᠢᠯᠭᠠᠭᠤᠯᠤᠭᠰᠠᠳ ᠣᠷᠣᠯᠴᠠᠨ᠎ᠠ︔ | ᠬᠤᠶᠠᠳᠤᠭᠠᠷ ᠪᠦᠯᠦᠭ ᠤᠨ ᠨᠢᠭᠤᠷᠳᠠᠮᠠᠯ ᠰᠢᠯᠭᠠᠯᠲᠠ ᠳᠤ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ | ᠭᠠᠶᠢᠯᠢ ᠶᠢᠨ ᠶᠠᠪᠤᠳᠠᠯ ᠤᠨ ᠰᠢᠰᠲ᠋ᠧᠮ ᠬᠢᠭᠡᠳ ᠠᠶᠢᠮᠠᠭ ᠬᠤᠲᠠ ᠠᠴᠠ ᠳᠣᠷᠣᠭᠰᠢᠬᠢ ᠵᠠᠰᠠᠭ ᠤᠨ ᠣᠷᠳᠣᠨ ᠤ | ᠰᠠᠯᠠᠭ᠎ᠠ ᠮᠥᠴᠢᠷ ᠤᠨ ᠰᠢᠯᠭᠠᠭᠤᠯᠤᠭᠰᠠᠳ ᠣᠷᠣᠯᠴᠠᠨ᠎ᠠ᠃ ᠨᠢᠭᠡᠳᠦᠭᠡᠷ ᠪᠦᠯᠦᠭ ᠤᠨ ᠨᠢᠭᠤᠷᠲᠠᠨ ᠰᠢᠯᠭᠠᠬᠤ ᠴᠠᠭ ᠨᠢ | 6 ᠳ᠋ᠤᠭᠠᠷ ᠰᠠᠷ᠎ᠠ ᠶᠢᠨ 22 ᠤᠨ ᠡᠳᠦᠷ ᠠᠴᠠ6 ᠳ᠋ᠤᠭᠠᠷ ᠰᠠᠷ᠎ᠠ ᠶᠢᠨ 29 ᠤ ᠡᠳᠦᠷ ᠬᠦᠷᠲᠡᠯ᠎ᠡ᠂ ᠭᠠᠵᠠᠷ ᠨᠢ ᠲᠤᠰ | ᠲᠤᠰ ᠳᠣᠲᠣᠭᠠᠳᠤ ᠶᠢ ᠬᠠᠮᠠᠭᠠᠯᠠᠬᠤ ᠰᠢᠰᠲ᠋ᠧᠮ ᠳᠤ ᠮᠡᠳᠡᠭᠦᠯᠦᠨ ᠰᠢᠯᠭᠠᠭᠤᠯᠤᠭᠰᠠᠳ ᠤᠨ ᠨᠢᠭᠤᠷᠳᠠᠮᠠᠯ | ᠰᠢᠯᠭᠠᠯᠲᠠ ᠶᠢ ᠥᠪᠥᠷ ᠮᠣᠩᠭᠤᠯ ᠤᠨ ᠤᠯᠠᠭᠠᠨ ᠶᠡᠭᠡ ᠪᠠᠭᠤᠳᠠᠯ ︵ᠬᠦᠬᠡᠬᠤᠲᠠ ᠶᠢᠨ ᠷᠦ ᠢ ᠨᠡᠭᠡᠭᠡᠯᠲᠡ ᠶᠢᠨ | ᠲᠣᠭᠤᠷᠢᠭ ᠤᠨ ᠣᠯᠠᠨ ᠤᠯᠤᠰ ᠤᠨ ᠦᠵᠡᠰᠬᠦᠯᠡᠩ ᠤᠨ ᠲᠥᠪ ᠤᠨ ᠠᠷᠤ ᠳᠤ᠂ ᠰᠧ ᠸᠧᠢ ᠵᠠᠮ ᠤᠨ ᠡᠮᠦᠨ᠎ᠡ︶ | ᠳᠤ ᠶᠠᠪᠣᠭᠳᠠᠭᠤᠯᠤᠨ᠎ᠠ᠃ ᠭᠢᠨᠳᠠᠨ ᠤ ᠬᠤᠣᠷ ᠲᠠᠲᠠᠬᠤ ᠶᠢ ᠵᠣᠭᠰᠣᠭᠠᠬᠤ ᠰᠢᠰᠲ᠋ᠧᠮ᠂ ᠣᠶ ᠰᠢᠭᠤᠶ ᠶᠢᠨ | ᠳᠣᠲᠣᠭᠠᠳᠤ ᠶᠢ ᠬᠠᠮᠠᠭᠠᠯᠠᠬᠤ ᠰᠢᠰᠲ᠋ᠧᠮ ᠵᠢᠴᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠢᠭᠤᠳ | ᠬᠠᠷᠢᠶ᠎ᠠ ᠪᠠᠶᠢᠭᠤᠯᠭ᠎ᠠ ᠳᠤ ᠮᠡᠳᠡᠭᠦᠯᠦᠨ ᠰᠢᠯᠭᠠᠭᠤᠯᠤᠭᠰᠠᠳ ᠤᠨ ᠨᠢᠭᠤᠷᠳᠠᠮᠠᠯ ᠰᠢᠯᠭᠠᠯᠲᠠ ᠶᠢ ᠵᠢᠶᠦ᠋ᠨ ᠭᠠᠩ | ᠪᠠᠭᠤᠳᠠᠯ ︵ᠬᠦᠬᠡᠬᠤᠲᠠ ᠶᠢᠨ ᠶᠢᠨ ᠴᠢᠶᠣᠤ ᠨᠡᠭᠡᠭᠡᠯᠲᠡ ᠶᠢᠨ ᠲᠣᠭᠤᠷᠢᠭ ᠤᠨ ᠱᠢ ᠵᠢᠢ ᠳᠦᠷᠪᠡᠳᠦᠭᠡᠷ ᠵᠠᠮ ᠠᠴᠠ | ᠵᠡᠭᠦᠨᠰᠢ 100 ᠮᠧᠲᠷ︶ ᠳᠤ ᠶᠠᠪᠣᠭᠳᠠᠭᠤᠯᠤᠨ᠎ᠠ᠃ ᠬᠤᠶᠠᠳᠤᠭᠠᠷ ᠪᠦᠯᠦᠭ ᠤᠨ ᠨᠢᠭᠤᠷᠲᠠᠨ ᠰᠢᠯᠭᠠᠬᠤ ᠴᠠᠭ ᠨᠢ 7 | ᠳ᠋ᠤᠭᠠᠷ ᠰᠠᠷ᠎ᠠ ᠶᠢᠨ 6 ᠤ ᠡᠳᠦᠷ ᠠᠴᠠ 11 ᠤ ᠡᠳᠦᠷ ᠬᠦᠷᠲᠡᠯ᠎ᠡ᠂ ᠭᠠᠵᠠᠷ ᠶᠢ ᠲᠤᠰ ᠲᠤᠰ ᠥᠪᠡᠷᠲᠡᠭᠡᠨ ᠵᠠᠰᠠᠬᠤ | ᠣᠷᠣᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ᠂ ᠪᠤᠭᠤᠲᠤ ᠬᠤᠲᠠ᠂ ᠣᠷᠳᠣᠰ ᠬᠤᠲᠠ | ᠂ ᠪᠠᠶᠠᠨᠨᠠᠭᠤᠷ ᠬᠤᠲᠠ᠂ ᠦᠬᠠᠶ ᠬᠤᠲᠠ᠂ ᠤᠯᠠᠭᠠᠨᠬᠠᠳᠠ ᠬᠤᠲᠠ᠂ ᠠᠯᠠᠱᠠ ᠠᠶᠢᠮᠠᠭ ᠲᠤ ᠮᠡᠳᠡᠭᠦᠯᠦᠨ | ᠰᠢᠯᠭᠠᠭᠤᠯᠤᠭᠰᠠᠳ ᠤᠨ ᠨᠢᠭᠤᠷᠳᠠᠮᠠᠯ ᠰᠢᠯᠭᠠᠯᠲᠠ ᠶᠢ ᠥᠪᠥᠷ ᠮᠣᠩᠭᠤᠯ ᠤᠨ ᠤᠯᠠᠭᠠᠨ ᠶᠡᠭᠡ ᠪᠠᠭᠤᠳᠠᠯ ᠳᠤ | ᠶᠠᠪᠤᠭᠳᠠᠭᠤᠯᠤᠨ᠎ᠠ᠃ ᠬᠥᠬᠡᠬᠤᠲᠠ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠤ ᠬᠤᠲᠠ ᠂ | ᠰᠢᠯᠢ ᠶᠢᠨ ᠭᠤᠣᠯ ᠠᠶᠢᠮᠠᠭ᠂ ᠤᠯᠠᠭᠠᠨᠴᠠᠪ ᠬᠤᠲᠠ ᠳᠤ ᠮᠡᠳᠡᠭᠦᠯᠦᠨ ᠰᠢᠯᠭᠠᠭᠤᠯᠤᠭᠰᠠᠳ ᠤᠨ ᠨᠢᠭᠤᠷᠳᠠᠨ ᠰᠢᠯᠭᠠᠬᠤ | ᠭᠠᠵᠠᠷ ᠨᠢ ᠵᠢᠶᠦ᠋ᠨ ᠭᠠᠩ ᠪᠠᠭᠤᠳᠠᠯ ᠪᠣᠯᠣᠨ᠎ᠠ᠃ ᠡᠭᠦᠨ ᠤ ᠬᠠᠮᠲᠤ 6 ᠳ᠋ᠤᠭᠠᠷ ᠰᠠᠷ᠎ᠠ ᠶᠢᠨ 9 ᠤ ᠡᠳᠦᠷ ᠠᠴᠠ6 | ᠳ᠋ᠤᠭᠠᠷ ᠰᠠᠷ᠎ᠠ ᠶᠢᠨ15 ᠤ ᠡᠳᠦᠷ ᠬᠦᠷᠲᠡᠯ᠎ᠡ ᠬᠢᠷᠢ ᠬᠡᠮ ᠢ ᠳᠠᠬᠢᠨ ᠬᠢᠨᠠᠵᠤ᠂ 6 ᠳ᠋ᠤᠭᠠᠷ ᠰᠠᠷ᠎ᠠ ᠶᠢᠨ 15 ᠤ | ᠡᠳᠦᠷ ᠠᠴᠠ 6 ᠳ᠋ᠤᠭᠠᠷ ᠰᠠᠷ᠎ᠠ ᠶᠢᠨ 19 ᠤ ᠡᠳᠦᠷ ᠬᠦᠷᠲᠡᠯ᠎ᠡ ᠳᠣᠲᠣᠭᠠᠳᠤ ᠶᠢ ᠬᠠᠮᠠᠭᠠᠯᠠᠬᠤ᠂ ᠣᠶ | ᠰᠢᠭᠤᠶ ᠶᠢᠨ ᠳᠣᠲᠣᠭᠠᠳᠤ ᠶᠢ ᠬᠠᠮᠠᠭᠠᠯᠠᠬᠤ᠂ ᠭᠢᠨᠳᠠᠨ ᠤ ᠬᠤᠣᠷ ᠲᠠᠲᠠᠬᠤ ᠶᠢ ᠵᠣᠭᠰᠣᠭᠠᠬᠤ᠂ ᠰᠢᠭᠦᠬᠦ ᠬᠤᠷᠢᠶ᠎ᠠ | ᠪᠠᠶᠢᠴᠠᠭᠠᠬᠤ ᠬᠤᠷᠢᠶ᠎ᠠ ᠶᠢᠨ ᠰᠢᠰᠲ᠋ᠧᠮ ᠤᠨ ᠬᠠᠤᠯᠢ ᠴᠠᠭᠠᠵᠠ ᠶᠢᠨ ᠴᠠᠭᠳᠠᠭ᠎ᠠ ᠶᠢᠨ ᠲᠤᠰᠢᠶᠠᠯ ᠤᠨ ᠪᠠᠶᠢᠷᠢ ᠳᠤ | ᠮᠡᠳᠡᠭᠦᠯᠦᠨ ᠰᠢᠯᠭᠠᠭᠤᠯᠤᠭᠰᠠᠳ ᠲᠤ ᠬᠦᠴᠦ ᠲᠠᠮᠢᠷ ᠤᠨ ᠰᠢᠯᠭᠠᠨ ᠦᠨᠡᠯᠡᠬᠦ ᠶᠢ ᠶᠠᠪᠣᠭᠳᠠᠭᠤᠯᠤᠨ᠎ᠠ᠃ ᠬᠦᠴᠦ ᠲᠠᠮᠢᠷ | ᠰᠢᠯᠭᠠᠨ ᠦᠨᠡᠯᠡᠬᠦ ᠳᠤ ᠣᠷᠣᠭᠰᠠᠨ ᠰᠢᠯᠭᠠᠭᠤᠯᠤᠭᠰᠠᠳ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ ︵ᠫᠠᠰᠫᠣᠷᠲ | ︶᠂ ᠬᠢᠷᠢ ᠭᠡᠮ ᠢ ᠳᠠᠬᠢᠨ ᠬᠢᠨᠠᠬᠤ ᠳᠤ ᠬᠢᠷᠢ ᠲᠡᠩᠴᠡᠭᠰᠡᠨ ᠲᠠᠮᠠᠭ᠎ᠠ ᠳᠠᠷᠣᠭᠰᠠᠨ ︽ᠬᠢᠷᠢ ᠭᠡᠮ ᠤᠨ ᠳᠠᠬᠢᠨ ᠬᠢᠨᠠᠬᠤ | ᠪᠠ ᠨᠢᠭᠤᠷᠲᠠᠨ ᠰᠢᠯᠭᠠᠬᠤ ᠮᠡᠳᠡᠭᠳᠡᠯ ᠤᠨ ᠪᠢᠴᠢᠭ︾ ᠢᠶᠠᠨ ᠠᠪᠴᠤ ᠬᠦᠴᠦ ᠲᠠᠮᠢᠷ ᠰᠢᠯᠭᠠᠨ ᠦᠨᠡᠯᠡᠬᠦ ᠳᠤ | ᠣᠷᠣᠯᠴᠠᠬᠤ ᠬᠡᠷᠡᠭᠲᠡᠢ᠃ ᠬᠦᠴᠦ ᠲᠠᠮᠢᠷ ᠰᠢᠯᠭᠠᠨ ᠦᠨᠡᠯᠡᠬᠦ ᠳᠤ ᠣᠷᠣᠯᠴᠠᠬᠤ ᠰᠢᠯᠭᠠᠭᠤᠯᠤᠭᠰᠠᠳ ᠡᠯ᠎ᠡ | ᠵᠦᠢᠯ ᠤᠨ ᠳᠦᠷᠢᠮ ᠲᠣᠭᠲᠠᠭᠠᠯ ᠢ ᠵᠢᠷᠤᠮᠯᠠᠨ᠂ ᠵᠢᠭᠠᠨ ᠲᠣᠭᠲᠠᠭᠠᠭᠰᠠᠨ ᠴᠠᠭ ᠪᠠ ᠭᠠᠵᠠᠷ ᠬᠢᠭᠡᠳ ᠬᠤᠯᠪᠣᠭᠳᠠᠯ | ᠪᠦᠬᠦᠢ ᠱᠠᠭᠠᠷᠳᠠᠯᠭ᠎ᠠ ᠶᠣᠰᠣᠭᠠᠷ ᠬᠦᠴᠦ ᠲᠠᠮᠢᠷ ᠰᠢᠯᠭᠠᠨ ᠦᠨᠡᠯᠡᠬᠦ ᠳᠤ ᠣᠷᠣᠯᠴᠠᠬᠤ ᠬᠡᠷᠡᠭᠲᠡᠢ᠂ ᠵᠢᠷᠮᠦᠰᠦᠯᠡᠭᠰᠡᠨ᠂ | ᠰᠢᠷᠬᠠᠲᠤᠵᠤ ᠡᠪᠡᠳᠴᠢᠯᠡᠭᠰᠡᠨ ᠵᠡᠷᠭᠡ ᠬᠤᠪᠢ ᠬᠥᠮᠦᠨ ᠤ ᠰᠢᠯᠲᠠᠭᠠᠨ ᠠᠴᠠ ᠪᠣᠯᠵᠤ ᠬᠦᠴᠦ ᠲᠠᠮᠢᠷ ᠰᠢᠯᠭᠠᠨ | ᠦᠨᠡᠯᠡᠬᠦ ᠳᠤ ᠣᠷᠣᠯᠴᠠᠵᠤ ᠳᠡᠶᠢᠯᠬᠦ ᠦᠭᠡᠶ ᠪᠤᠶᠤ ᠬᠦᠴᠦ ᠲᠠᠮᠢᠷ ᠰᠢᠯᠭᠠᠨ ᠦᠨᠡᠯᠡᠬᠦ ᠳᠤ ᠬᠢᠷᠢ ᠲᠡᠩᠴᠡᠭᠰᠡᠨ | ᠦᠭᠡᠶ ᠪᠣᠯ ᠨᠢᠭᠤᠷᠲᠠᠨ ᠰᠢᠯᠭᠠᠬᠤ ᠬᠢᠷᠢ ᠬᠡᠮ ᠢ ᠬᠠᠰᠤᠨ᠎ᠠ᠃ |