ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠠᠨᠳᠢᠩᠨᠠᠵᠤ᠂ ᠠᠰᠢᠭᠯᠠᠬᠤ ᠦᠷ᠎ᠡ ᠠᠰᠢᠭ ᠢ ᠳᠡᠭᠡᠭᠰᠢᠯᠡᠭᠦᠯᠦᠶ᠎ᠡ
ᠨᠡᠶᠢᠲᠡᠯᠡᠭᠰᠡᠨ ᠴᠠᠭ᠄
2015/6/4
     ᠰᠤᠷᠪᠤᠯᠵᠢᠯᠠᠨ ᠶᠠᠷᠢᠯᠴᠠᠭᠰᠠᠨ ᠭᠤᠤᠯ ᠰᠡᠳᠦᠪ᠄  ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠠᠨᠳᠢᠩᠨᠠᠵᠤ᠂ ᠠᠰᠢᠭᠯᠠᠬᠤ ᠦᠷ᠎ᠡ ᠠᠰᠢᠭ ᠢ ᠳᠡᠭᠡᠭᠰᠢᠯᠡᠭᠦᠯᠦᠶ᠎ᠡ      ᠰᠤᠷᠪᠤᠯᠵᠢᠯᠠᠭᠰᠠᠨ ᠴᠠᠭ᠄ 2015 ᠤᠨ ᠤ 5 ᠳ᠋ᠤᠭᠠᠷ ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ ᠶᠢᠨ 10 ᠴᠠᠭ      ᠰᠤᠷᠪᠤᠯᠵᠢᠯᠠᠭᠰᠠᠨ ᠵᠤᠴᠢᠨ᠄      ᠦᠪᠡᠷᠲᠡᠭᠡᠨ ᠵᠠᠰᠠᠬᠤ ᠤᠷᠤᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠭᠢᠮ ᠤᠨ ᠳᠡᠳ᠋ ᠲᠤᠭᠤᠷᠢᠨ ᠪᠠᠶᠢᠴᠠᠭᠠᠭᠴᠢ   ᠸᠠᠩ ᠵᠢᠶᠠᠨ ᠮᠢᠨ
     ᠰᠤᠷᠪᠤᠯᠵᠢᠯᠠᠨ ᠶᠠᠷᠢᠯᠴᠠᠭᠰᠠᠨ ᠲᠤᠪᠴᠢ᠄ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠪᠤᠯ ᠬᠦᠮᠦᠨ ᠲᠦᠷᠦᠯᠬᠢᠲᠡᠨ ᠤ ᠦᠢᠯᠡᠳᠪᠦᠷᠢᠯᠡᠯ ᠪᠠ ᠠᠮᠢᠳᠤᠷᠠᠯ ᠤᠨ ᠮᠠᠲ᠋ᠧᠷᠢᠶᠠᠯ ᠤᠨ ᠦᠨᠳᠦᠰᠦᠨ ᠡᠬᠢ ᠪᠤᠯᠠᠭ ᠪᠤᠯᠬᠤ ᠪᠦᠭᠡᠳ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠦᠷᠭᠦᠯᠵᠢᠯᠡᠨ ᠬᠦᠭᠵᠢᠬᠦ ᠶᠢᠨ ᠪᠤᠳᠠᠰ ᠤᠨ ᠪᠠᠲᠤᠯᠠᠭ᠎ᠠ ᠪᠤᠯᠤᠨ᠎ᠠ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠶᠡᠷᠦᠩᠭᠡᠶᠢᠯᠡᠨ ᠠᠰᠢᠭᠯᠠᠬᠤ ᠶᠢ ᠴᠢᠩᠭᠠᠳᠬᠠᠬᠤ ᠨᠢ᠂ ᠮᠠᠨ ᠤ ᠤᠯᠤᠰ ᠤᠨ ᠡᠬᠢ ᠪᠠᠶᠠᠯᠢᠭ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠳᠤ ᠠᠰᠢᠭᠲᠠᠢ ᠪᠠᠶᠢᠬᠤ ᠪᠠᠷ ᠪᠠᠷᠠᠬᠤ ᠦᠭᠡᠢ ᠪᠠᠰᠠ ᠠᠮᠢ ᠠᠬᠤᠢ ᠶᠢᠨ ᠪᠤᠯᠪᠠᠰᠤᠨ ᠤ  ᠪᠠᠶᠢᠭᠤᠯᠤᠯᠲᠠ ᠶᠢ ᠠᠬᠢᠭᠤᠯᠬᠤ ᠶᠢᠨ  ᠴᠢᠬᠤᠯᠠ ᠠᠴᠢᠶᠠᠯᠠᠭᠴᠢ ᠪᠠ ᠠᠷᠭ᠎ᠠ ᠬᠡᠮᠵᠢᠶ᠎ᠡ ᠪᠤᠯᠬᠤ ᠶᠤᠮ᠃ ᠤᠶᠢᠷ᠎ᠠ ᠶᠢᠨ ᠵᠢᠯ ᠳᠤ᠂ ᠮᠠᠨ ᠤ ᠤᠷᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠤᠨᠴᠠᠯᠢᠭ ᠲᠠᠢ ᠤᠶᠠᠯᠳᠤᠭᠤᠯᠤᠨ᠂ ᠦᠪᠡᠷᠲᠡᠭᠡᠨ ᠵᠠᠰᠠᠬᠤ ᠤᠷᠤᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠨᠦᠭᠦᠳ ᠢ ᠲᠤᠭᠲᠠᠭᠠᠨ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠠᠷᠪᠢᠯᠠᠬᠤ ᠪᠠ ᠶᠡᠷᠦᠩᠭᠡᠶᠢᠯᠡᠨ ᠠᠰᠢᠭᠯᠡᠬᠤ ᠲᠠᠯ᠎ᠠ ᠪᠠᠷ ᠨᠡᠯᠢᠶᠡᠳ ᠰᠠᠶᠢᠨ ᠠᠮᠵᠢᠯᠲᠠ ᠤᠯᠪᠠ᠃ ᠬᠤᠯᠪᠤᠭᠳᠠᠯ ᠪᠦᠬᠦᠢ ᠪᠠᠶᠢᠳᠠᠯ ᠢ ᠬᠦᠨᠵᠡᠭᠡᠢ ᠤᠶᠢᠯᠠᠭᠠᠬᠤ ᠶᠢᠨ ᠲᠤᠰᠠᠳᠠ᠂ ᠤᠶᠢᠷ᠎ᠠ ᠳᠤ᠂ ᠪᠢᠳᠡ ᠦᠪᠡᠷᠲᠡᠭᠡᠨ ᠵᠠᠰᠠᠬᠤ ᠤᠷᠤᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ ᠤᠨ ᠳᠡᠳ᠋ ᠲᠤᠭᠤᠷᠢᠨ ᠪᠠᠶᠢᠴᠠᠭᠠᠭᠴᠢ ᠸᠠᠩ ᠵᠢᠶᠠᠨ ᠮᠢᠨ ᠢ ︽ᠳᠤᠮᠳᠠᠲᠤ ᠤᠯᠤᠰ᠂ ᠦᠪᠦᠷ ᠮᠤᠩᠭᠤᠯ︾ ᠰᠦᠯᠵᠢᠶ᠎ᠡ ᠳᠤ ᠤᠷᠢᠵᠤ᠂ ᠲᠠ ᠪᠦᠬᠦᠨ ᠲᠠᠢ ᠰᠦᠯᠵᠢᠶᠠᠨ ᠳᠡᠭᠡᠷ᠎ᠡ ᠵᠤᠭᠤᠭᠳᠠᠭᠤᠯᠬᠤ ᠪᠠᠷ ᠪᠤᠯᠪᠠ᠂ ᠦᠷᠭᠡᠨ ᠤᠯᠠᠨ ᠰᠦᠯᠵᠢᠶᠠᠨ ᠠᠨᠳᠠ ᠨᠠᠷ ᠤᠨ ᠲᠤᠬᠠᠢ ᠶᠢᠨ ᠴᠠᠭ ᠲᠤᠨᠢ ᠢᠳᠡᠪᠬᠢᠲᠠᠢ ᠤᠷᠤᠯᠴᠠᠬᠤ ᠶᠢ ᠪᠠᠶᠠᠷᠯᠠᠨ ᠤᠭᠲᠤᠶ᠎ᠠ︕      ﹇ᠬᠦᠲᠦᠯᠦᠭᠴᠢ﹈  ᠰᠦᠯᠵᠢᠶᠡᠨ ᠠᠨᠳᠠ ᠨᠠᠷ ᠡ᠂ ᠦᠳᠡ ᠶᠢᠨ ᠡᠮᠦᠨ᠎ᠡ ᠶᠢᠨ ᠮᠡᠨᠳᠦ ᠬᠦᠷᠭᠡᠶ᠎ᠡ︕ ᠲᠤᠰ ᠬᠤᠭᠤᠴᠠᠭᠠᠨ ᠤ ︽ᠳᠤᠮᠳᠠᠲᠤ ᠤᠯᠤᠰ· ᠦᠪᠦᠷ ᠮᠤᠩᠭᠤᠯ︾ ᠰᠦᠯᠵᠢᠶᠡᠨ ᠳᠡᠭᠡᠷ᠎ᠡ ᠰᠤᠷᠪᠤᠯᠵᠢᠯᠠᠨ ᠶᠠᠷᠢᠯᠴᠠᠬᠤ ᠫᠷᠤᠭ᠍ᠷᠠᠮ ᠳᠤ ᠲᠠ ᠪᠦᠬᠦᠨ ᠢ ᠪᠠᠶᠠᠷᠯᠠᠨ ᠤᠭᠲᠤᠶ᠎ᠠ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠪᠤᠯ ᠬᠦᠮᠦᠨ ᠲᠦᠷᠦᠯᠬᠢᠲᠠᠨ ᠤ ᠦᠢᠯᠡᠳᠪᠦᠷᠢᠯᠡᠯ ᠪᠠ ᠠᠮᠢᠳᠤᠷᠠᠯ ᠤᠨ ᠮᠠᠲ᠋ᠧᠷᠢᠶᠠᠯ ᠤᠨ ᠦᠨᠳᠦᠰᠦᠨ ᠡᠬᠢ ᠪᠤᠯᠠᠭ ᠪᠤᠯᠬᠤ ᠪᠦᠭᠡᠳ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠦᠷᠭᠦᠯᠵᠢᠯᠡᠨ ᠬᠦᠭᠵᠢᠬᠦ ᠶᠢᠨ ᠪᠤᠳᠠᠰ ᠤᠨ ᠪᠠᠲᠤᠯᠠᠭ᠎ᠠ ᠪᠤᠯᠤᠨ᠎ᠠ᠃ ᠤᠶᠢᠷ᠎ᠠ ᠶᠢᠨ ᠵᠢᠯ ᠳᠤ᠂ ᠮᠠᠨ ᠤ ᠤᠷᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠤᠨᠴᠠᠯᠢᠭ ᠲᠠᠢ ᠤᠶᠠᠯᠳᠤᠭᠤᠯᠤᠨ᠂ ᠦᠪᠡᠷᠲᠡᠭᠡᠨ ᠵᠠᠰᠠᠬᠤ ᠤᠷᠤᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠨᠦᠭᠦᠳ ᠢ ᠲᠤᠭᠲᠠᠭᠠᠨ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠠᠷᠪᠢᠯᠠᠬᠤ ᠪᠠ ᠶᠡᠷᠦᠩᠭᠡᠶᠢᠯᠡᠨ ᠠᠰᠢᠭᠯᠡᠬᠤ ᠲᠠᠯ᠎ᠠ ᠪᠠᠷ ᠨᠡᠯᠢᠶᠡᠳ ᠰᠠᠶᠢᠨ ᠠᠮᠵᠢᠯᠲᠠ ᠤᠯᠪᠠ᠃ ᠬᠤᠯᠪᠤᠭᠳᠠᠯ ᠪᠦᠬᠦᠢ ᠪᠠᠶᠢᠳᠠᠯ ᠢ ᠬᠦᠨᠵᠡᠭᠡᠢ ᠤᠶᠢᠯᠠᠭᠠᠬᠤ ᠶᠢᠨ ᠲᠤᠰᠠᠳᠠ᠂ ᠪᠢᠳᠡ ᠦᠨᠦᠳᠦᠷ ᠠᠵᠠ ᠪᠠᠷ ᠦᠪᠡᠷᠲᠡᠭᠡᠨ ᠵᠠᠰᠠᠬᠤ ᠤᠷᠤᠨ ᠤ ᠤᠯᠤᠰ ᠤᠨ ᠭᠠᠵᠠᠷ ᠰᠢᠷᠤᠭ ᠡᠬᠢ ᠪᠠᠶᠠᠯᠢᠭ ᠤᠨ ᠲᠢᠩᠬᠢᠮ ᠤᠨ ᠳᠡᠳ᠋ ᠲᠤᠭᠤᠷᠢᠨ ᠪᠠᠶᠢᠴᠠᠭᠠᠭᠴᠢ ᠸᠠᠩ ᠵᠢᠶᠠᠨ ᠮᠢᠨ ᠢ ᠤᠷᠢᠵᠤ ᠲᠡᠭᠦᠨ ᠢᠶᠠᠷ ᠨᠠᠷᠢᠨ ᠲᠤᠲᠤᠷᠬᠠᠢ ᠲᠠᠶᠢᠯᠪᠤᠷᠢᠯᠠᠯᠲᠠ ᠬᠢᠯᠬᠡᠬᠦ ᠪᠤᠯᠤᠨ᠎ᠠ᠂ ᠰᠦᠯᠵᠢᠶᠠᠨ ᠠᠨᠳᠠ ᠨᠠᠷ ᠮᠠᠨ ᠤ ᠰᠤᠷᠪᠤᠯᠵᠢᠯᠠᠨ ᠶᠠᠷᠢᠯᠴᠠᠬᠤ ᠪᠤᠯᠤᠩ ᠳᠤ ᠢᠳᠡᠪᠬᠢᠲᠠᠢ ᠤᠷᠤᠯᠴᠠᠬᠤ ᠪᠤᠯᠪᠠᠤ᠃ ᠸᠠᠩ ᠲᠢᠩᠬᠢᠮ ᠤᠨ ᠳᠠᠷᠤᠭ᠎ᠠ ᠶᠢ ᠪᠠᠶᠠᠷᠯᠠᠨ ᠤᠭᠲᠤᠶ᠎ᠠ︕      ﹇ᠸᠠᠩ ᠵᠢᠶᠠᠨ ᠮᠢᠨ﹈ ᠬᠦᠲᠦᠯᠦᠭᠴᠢ ᠰᠠᠶᠢᠨ ᠤᠤ᠂ ᠰᠦᠯᠵᠢᠶᠠᠨ ᠠᠨᠳᠠ ᠨᠠᠷ ᠲᠤ ᠦᠳᠡ ᠶᠢᠨ ᠡᠮᠦᠨ᠎ᠡ ᠶᠢᠨ ᠮᠡᠨᠳᠦ ᠬᠦᠷᠭᠡᠶ᠎ᠡ︕ ︽ᠰᠦᠯᠵᠢᠶᠠᠨ ᠳᠡᠭᠡᠷᠡᠬᠢ ᠰᠤᠷᠪᠤᠯᠵᠢᠯᠠᠭ᠎ᠠ︾ ᠲᠠᠪᠴᠠᠩ ᠢᠶᠠᠷ ᠲᠠ ᠪᠦᠬᠦᠨ  ᠲᠠᠢ ᠶᠠᠷᠢᠯᠴᠠᠬᠤ ᠪᠤᠯᠤᠭᠰᠠᠨ ᠳᠠᠭᠠᠨ ᠰᠡᠳᠬᠢᠯ ᠮᠠᠰᠢ ᠦᠨᠳᠦᠷ ᠪᠠᠶᠢᠨ᠎ᠠ᠃ ᠦᠷᠭᠡᠨ ᠤᠯᠠᠨ ᠰᠦᠯᠵᠢᠶᠠᠨ ᠠᠨᠳᠠ ᠨᠠᠷ ᠮᠠᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠰᠠᠯᠠᠭ᠎ᠠ ᠮᠦᠴᠢᠷ ᠤᠨ ᠡᠯ᠎ᠡ ᠵᠦᠢᠯ ᠤᠨ ᠠᠵᠢᠯ ᠢ ᠠᠩᠬᠠᠷᠤᠯ ᠳᠠᠭᠠᠨ ᠠᠪᠴᠤ ᠳᠡᠮᠵᠢᠵᠤ ᠢᠷᠡᠭᠰᠡᠨ ᠳᠤ ᠲᠠᠯᠠᠷᠬᠠᠯ ᠢᠶᠠᠨ ᠳᠡᠪᠰᠢᠬᠦᠯᠦᠶ᠎ᠡ︕      ﹇ᠬᠦᠲᠦᠯᠦᠭᠴᠢ﹈ ᠸᠠᠩ ᠲᠢᠩᠬᠢᠮ ᠤᠨ ᠳᠠᠷᠤᠭ᠎ᠠ ᠡ᠂ ᠲᠠ ᠶᠠᠭᠤᠨ ᠤ ᠡᠮᠦᠨ᠎ᠡ ᠪᠢᠳᠡᠨ ᠳᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠭᠡᠳᠡᠭ ᠨᠢ ᠶᠠᠭᠤ ᠪᠤᠯᠬᠤ ᠶᠢ ᠨᠠᠷᠢᠨ ᠲᠠᠶᠢᠯᠪᠤᠷᠢᠯᠠᠭᠠᠳ ᠦᠭᠭᠦᠨ᠎ᠡ ᠤᠤ︖       ﹇ᠸᠠᠩ ᠵᠢᠶᠠᠨ ᠮᠢᠨ﹈ ᠵᠠ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠭᠡᠳᠡᠭ ᠨᠢ ᠳᠡᠯᠡᠭᠡᠢ ᠶᠢᠨ ᠴᠠᠷᠴᠠᠳᠠᠰᠤ ᠶᠢᠨ  ᠳᠤᠲᠤᠭᠠᠲᠤ ᠪᠤᠶᠤ ᠦᠡᠭᠭᠡᠨ ᠲᠠᠯ᠎ᠠ ᠳᠤ ᠬᠠᠳᠠᠭᠠᠯᠠᠭᠳᠠᠭᠰᠠᠨ᠂ ᠭᠠᠵᠠᠷ ᠤᠨ ᠦᠢᠯᠡᠳᠦᠯ ᠢᠶᠠᠷ ᠪᠦᠷᠢᠯᠳᠦᠭᠰᠡᠨ ᠬᠠᠳᠠᠭᠤ ᠲᠦᠯᠦᠪᠲᠦ᠂ ᠰᠢᠩᠭᠡᠨ ᠲᠦᠯᠦᠪᠲᠦ ᠪᠤᠶᠤ ᠬᠡᠢ ᠲᠦᠯᠦᠪᠲᠦ ᠠᠵᠤ ᠠᠬᠤᠢ ᠶᠢᠨ ᠪᠤᠳᠠᠲᠤ ᠪᠠ ᠨᠢᠭᠤᠭᠳᠠᠮᠠᠯ ᠠᠴᠢ ᠬᠤᠯᠪᠤᠭᠳᠠᠯ ᠲᠠᠢ ᠡᠳ᠋ ᠠᠶᠠᠨᠳᠠᠭᠠᠨ ᠬᠤᠷᠠᠵᠤ ᠡᠯᠪᠡᠭᠵᠢᠭᠰᠡᠨ ᠢ ᠵᠢᠭᠠᠵᠤ ᠪᠤᠢ᠃      ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠪᠤᠯ ᠬᠦᠮᠦᠨ ᠲᠦᠷᠦᠯᠬᠢᠲᠠᠨ ᠤ ᠦᠢᠯᠡᠳᠪᠦᠷᠢᠯᠡᠯ ᠪᠠ ᠠᠮᠢᠳᠤᠷᠠᠯ ᠤᠨ ᠮᠠᠲ᠋ᠧᠷᠢᠶᠠᠯ ᠤᠨ ᠦᠨᠳᠦᠰᠦᠨ ᠡᠬᠢ ᠪᠤᠯᠠᠭ ᠪᠤᠯᠬᠤ ᠪᠦᠭᠡᠳ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠦᠷᠭᠦᠯᠵᠢᠯᠡᠨ ᠬᠦᠭᠵᠢᠬᠦ ᠶᠢᠨ ᠪᠤᠳᠠᠰ ᠤᠨ ᠪᠠᠲᠤᠯᠠᠭ᠎ᠠ ᠪᠤᠯᠤᠨ᠎ᠠ᠃ ᠦᠨᠦᠳᠦᠷ ᠤᠨ ᠨᠡᠶᠢᠭᠡᠮ ᠳᠤ 92% ᠠᠴᠠ ᠳᠡᠭᠡᠭᠰᠢᠬᠢ ᠨᠢᠭᠡ ᠤᠳᠠᠭ᠎ᠠ ᠶᠢᠨ ᠡᠨᠧᠷᠬᠢ᠂ 80% ᠶᠢᠨ ᠠᠵᠤ ᠦᠢᠯᠡᠳᠪᠦᠷᠢ ᠶᠢᠨ ᠲᠦᠭᠦᠭᠡᠢ ᠮᠠᠲ᠋ᠧᠷᠢᠶᠠᠯ᠂ 70% ᠠᠴᠠ ᠳᠡᠭᠡᠭᠰᠢᠬᠢ ᠲᠡᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠨᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠠᠴᠠ ᠢᠷᠡᠯᠲᠡ ᠲᠠᠢ᠃      ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠪᠤᠯ ᠳᠡᠯᠡᠭᠡᠢ ᠶᠢᠨ ᠪᠦᠮᠪᠦᠷᠴᠡᠭ ᠠᠴᠠ ᠬᠦᠮᠦᠨ ᠲᠦᠷᠦᠯᠬᠢᠲᠡᠨ ᠳᠤ  ᠤᠯᠭᠤᠵᠤ ᠪᠠᠶᠢᠭ᠎ᠠ ᠬᠠᠮᠤᠭ ᠤᠨ ᠬᠤᠪᠤᠷ ᠨᠠᠨᠳᠢᠨ ᠡᠳ᠋ ᠪᠠᠶᠠᠯᠢᠭ ᠪᠤᠯᠬᠤ ᠪᠦᠭᠡᠳ ᠲᠡᠷᠡ ᠨᠢ ᠨᠡᠶᠢᠭᠡᠮ ᠤᠨ ᠬᠦᠭᠵᠢᠯᠲᠡ ᠶᠢᠨ ᠶᠠᠪᠤᠴᠠ ᠳᠤ ᠲᠤᠶᠢᠯ ᠤᠨ ᠴᠢᠬᠤᠯᠠ ᠦᠢᠯᠡᠳᠦᠯ ᠦᠵᠡᠭᠦᠯᠵᠤ᠂ ᠬᠦᠮᠦᠰ ᠤᠨ ᠤᠳᠤ ᠦᠶ᠎ᠡ ᠶᠢᠨ ᠠᠮᠢᠳᠤᠷᠠᠯ ᠤᠨ ᠴᠢᠬᠤᠯᠠ ᠪᠦᠬᠦᠢ ᠨᠦᠬᠦᠴᠡᠯ ᠪᠤᠯᠬᠤ ᠶᠤᠮ᠃ ᠨᠡᠶᠢᠭᠡᠮ ᠤᠨ ᠠᠳᠠᠯᠢ ᠪᠤᠰᠤ ᠱᠠᠲᠤ ᠦᠶ᠎ᠡ ᠳᠤ ᠠᠵᠤ ᠠᠬᠤᠢ ᠶᠢᠨ ᠬᠢᠷᠢ ᠬᠡᠮᠵᠢᠶ᠎ᠡ ᠶᠢᠨ ᠠᠳᠠᠯᠢ ᠪᠤᠰᠤ ᠪᠠᠶᠢᠳᠠᠭ ᠤᠨ ᠴᠢᠬᠤᠯᠠ ᠰᠢᠯᠲᠠᠭᠠᠨ ᠨᠢ ᠪᠤᠯ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠠᠰᠢᠭᠯᠠᠵᠤ ᠪᠠᠶᠢᠭ᠎ᠠ ᠶᠢᠨ ᠦᠷᠭᠡᠵᠢᠯ ᠪᠠ ᠬᠦᠨᠵᠡᠭᠡᠶᠢᠷᠡᠯ ᠤᠨ ᠠᠳᠠᠯᠢ ᠪᠤᠰᠤ ᠪᠠᠶᠢᠭ᠎ᠠ ᠠᠴᠠ ᠪᠤᠯᠤᠭᠰᠠᠨ ᠶᠤᠮ᠃      ﹇ᠬᠦᠲᠦᠯᠦᠭᠴᠢ﹈ ᠮᠠᠨ ᠤ ᠤᠷᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠲᠤ ᠶᠠᠮᠠᠷ ᠶᠠᠮᠠᠷ ᠤᠨᠴᠠᠯᠢᠭ ᠲᠠᠢ ᠪᠤᠢ︖ ᠨᠡᠭᠡᠭᠡᠨ  ᠠᠰᠢᠭᠯᠠᠵᠤ ᠪᠠᠶᠢᠭ᠎ᠠ ᠪᠠᠶᠢᠳᠠᠯ ᠨᠢ ᠶᠠᠮᠠᠷ ᠪᠤᠢ︖      ﹇ᠸᠠᠩ ᠵᠢᠶᠠᠨ ᠮᠢᠨ﹈ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠭᠠᠵᠠᠷ ᠨᠤᠲᠤᠭ ᠦᠷᠭᠡᠨ ᠠᠭᠤᠳᠠᠮ᠂ ᠳᠡᠯᠡᠭᠡᠢ ᠶᠢᠨ ᠭᠤᠷᠪᠠᠨ ᠲᠤᠮᠤ ᠡᠷᠦᠳᠡᠰᠦ ᠶᠢᠨ ᠤᠷᠤᠨ ᠤ ᠳᠤᠲᠤᠷᠠᠬᠢ ᠡᠷᠲᠡᠨ ᠤ ᠠᠽᠢᠶ᠎ᠠ ᠲᠢᠪ ᠤᠨ ᠡᠷᠦᠳᠡᠰᠦ ᠶᠢᠨ ᠤᠷᠤᠨ ᠪᠤᠯᠤᠨ ᠨᠤᠮᠤᠬᠠᠨ ᠳᠠᠯᠠᠢ ᠶᠢᠨ ᠡᠷᠬᠢᠨ ᠲᠤᠭᠤᠷᠢᠨ ᠤ ᠡᠷᠦᠳᠡᠰᠦ ᠶᠢᠨ ᠤᠷᠤᠨ ᠳᠤ ᠪᠠᠶᠢᠷᠢᠯᠠᠵᠤ᠂ ᠤᠮᠠᠷᠠᠲᠤ ᠤᠷᠤᠨ ᠤ ᠭᠠᠵᠠᠷ ᠤᠨ ᠳᠡᠨᠵᠢ ᠬᠢᠭᠡᠳ ᠲᠡᠭᠷᠢ ᠠᠭᠤᠯᠠ — ᠦᠪᠦᠷ ᠮᠤᠩᠭᠤᠯ ~ ᠬᠢᠨᠭ᠍ᠭᠠᠨ ᠤ ᠭᠠᠵᠠᠷ ᠤᠨ ᠬᠤᠨᠭ᠍ᠬᠢᠯ ᠤᠨ ᠠᠲᠤᠷᠢᠶᠠᠲᠤ ᠤᠷᠤᠨ ᠤ ᠬᠤᠶᠠᠷ ᠲᠤᠮᠤ ᠡᠬᠡ ᠭᠠᠵᠠᠷ ᠤᠨ ᠲᠤᠭᠲᠠᠴᠠ ᠶᠢᠨ ᠨᠢᠭᠡᠴᠢ ᠶᠢ ᠰᠤᠨᠳᠠᠯᠠᠨ᠂ ᠡᠯ᠎ᠡ ᠴᠠᠭ ᠦᠶ᠎ᠡ ᠶᠢᠨ ᠭᠠᠵᠠᠷ ᠤᠨ ᠳᠠᠪᠬᠤᠷᠭ᠎ᠠ ᠶᠢᠨ ᠪᠤᠶᠢᠵᠢᠯᠲᠠ ᠪᠦᠷᠢᠨ᠂ ᠮᠠᠭᠮᠠ ᠶᠢᠨ ᠬᠦᠳᠡᠯᠭᠡᠭᠡᠨ ᠰᠢᠷᠦᠭᠦᠨ᠂ ᠡᠷᠦᠳᠡᠰᠦᠵᠢᠬᠦᠯᠬᠦ ᠭᠠᠵᠠᠷ ᠤᠨ ᠨᠦᠬᠦᠴᠡᠯ ᠳᠠᠪᠠᠭᠤᠯᠢᠭ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠢᠯᠡᠷᠡᠭᠦᠯᠦᠭᠰᠡᠨ ᠠᠭᠤᠷᠬᠠᠢ ᠶᠢᠨ ᠭᠠᠷᠤᠯᠲᠠ ᠶᠢᠨ ᠲᠦᠷᠦᠯ ᠵᠦᠢᠯ ᠤᠯᠠᠨ ᠂ ᠲᠠᠷᠬᠠᠵᠤ ᠪᠠᠶᠢᠭ᠎ᠠ ᠤᠷᠤᠨ ᠨᠢ ᠦᠷᠭᠡᠨ᠂ ᠡᠨᠧᠷᠬᠢ ᠬᠢᠭᠡᠳ ᠴᠢᠬᠤᠯᠠ ᠠᠭᠤᠷᠬᠠᠢ ᠶᠢᠨ ᠭᠠᠷᠤᠯᠲᠠ ᠶᠢᠨ ᠳᠠᠪᠠᠭᠤᠯᠢᠭ ᠲᠤᠲᠤᠷᠬᠠᠢ ᠵᠡᠷᠭᠡ ᠤᠨᠴᠠᠯᠢᠭ ᠲᠠᠢ ᠪᠤᠯᠬᠤᠷ᠂ ᠮᠠᠨ ᠤ ᠤᠯᠤᠰ ᠤᠨ ᠴᠢᠬᠤᠯᠠ ᠡᠨᠧᠷᠬᠢ ᠶᠢᠨ  ᠬᠢᠭᠡᠳ ᠲᠦᠭᠦᠬᠡᠢ ᠮᠠᠲ᠋ᠧᠷᠢᠶᠠᠯ ᠤᠨ ᠪᠠᠶᠢᠯᠳᠤᠬᠤ ᠪᠤᠳᠤᠯᠭ᠎ᠠ ᠶᠢᠨ ᠰᠠᠭᠤᠷᠢᠨ ᠭᠠᠵᠠᠷ ᠪᠤᠯᠪᠠ᠃ 2013 ᠤᠨ ᠤ ᠡᠴᠦᠰ ᠪᠤᠯᠲᠠᠯ᠎ᠠ᠂ ᠪᠦᠬᠦ ᠤᠷᠤᠨ ᠳᠤ ᠨᠢᠭᠡᠨᠲᠡ 143 ᠵᠦᠢᠯ ᠤᠨ ᠠᠭᠤᠷᠬᠠᠢ ᠶᠢᠨ ᠭᠠᠷᠤᠯᠲᠠ ᠶᠢ ᠢᠯᠡᠷᠡᠭᠦᠯᠪᠡ᠃ ᠡᠭᠦᠨ ᠳᠤ ᠴᠢᠯᠠᠭᠤᠨ ᠲᠤᠰᠤ᠂ ᠪᠠᠶᠢᠭᠠᠯᠢ ᠶᠢᠨ ᠰᠢᠲᠠᠭᠴᠢ ᠬᠡᠢ᠂ ᠦᠷᠡᠨ ᠤ ᠠᠭᠤᠷᠬᠠᠢ ᠪᠠ ᠭᠠᠵᠠᠷ ᠤᠨ ᠢᠯᠴᠢ ᠶᠢ ᠪᠠᠭᠲᠠᠭᠠᠭᠠᠳ᠂ ᠪᠦᠬᠦ ᠤᠷᠤᠨ ᠳᠤ ᠪᠠᠶᠢᠴᠠᠭᠠᠨ ᠲᠤᠳᠤᠯᠠᠭᠰᠠᠨ ᠡᠬᠢ ᠪᠠᠶᠠᠯᠢᠭ ᠤᠨ ᠬᠠᠳᠠᠭᠠᠯᠠᠭᠳᠠᠴᠠ ᠲᠠᠢ ᠠᠭᠤᠷᠬᠠᠢ ᠶᠢᠨ ᠭᠠᠷᠤᠯᠲᠠ 91 ᠵᠦᠢᠯ ︵106 ᠳᠡᠳ᠋ ᠬᠦᠳᠡᠷ ᠤᠨ ᠲᠦᠷᠦᠯ︶ ᠪᠠᠶᠢᠵᠤ᠂ ᠡᠭᠦᠨ ᠳᠤ ᠡᠨᠧᠷᠬᠢ ᠶᠢᠨ ᠠᠭᠤᠷᠬᠠᠢ ᠶᠢᠨ ᠭᠠᠷᠤᠯᠲᠠ 6 ᠵᠦᠢᠯ᠂ ᠲᠠᠮᠦᠷᠯᠢᠭ ᠠᠭᠤᠷᠬᠠᠢ ᠶᠢᠨ ᠭᠠᠷᠤᠯᠲᠠ 37 ᠵᠦᠢᠯ᠂ ᠲᠡᠮᠦᠷᠯᠢᠭ ᠪᠤᠰᠤ ᠠᠭᠤᠷᠬᠠᠢ ᠶᠢᠨ ᠭᠠᠷᠤᠯᠲᠠ 48 ᠵᠦᠢᠯ  ︵63 ᠳᠡᠳ᠋ ᠬᠦᠳᠡᠷ ᠤᠨ ᠲᠦᠷᠦᠯ︶ ᠪᠠᠭᠲᠠᠵᠤ ᠪᠤᠢ᠃ ᠪᠦᠬᠦ ᠤᠷᠤᠨ ᠳᠤ ᠠᠭᠤᠷᠬᠠᠢ ᠶᠢᠨ ᠭᠠᠷᠤᠯᠲᠠ ᠶᠢᠨ ᠭᠠᠵᠠᠷ 4000 ᠭᠠᠷᠤᠢ ᠶᠢ ᠢᠯᠡᠷᠡᠭᠦᠯᠵᠤ᠂ ᠡᠭᠦᠨ ᠳᠤ ᠡᠬᠢ ᠪᠠᠶᠠᠯᠢᠭ ᠤᠨ ᠬᠠᠳᠠᠭᠠᠯᠠᠭᠳᠠᠴᠠ ᠲᠠᠢ ᠠᠭᠤᠷᠬᠠᠢ ᠶᠢᠨ ᠭᠠᠷᠤᠯᠲᠠ ᠶᠢᠨ ᠭᠠᠵᠠᠷ 1782 ᠢ ᠪᠠᠶᠢᠴᠠᠭᠠᠨ ᠢᠯᠡᠷᠡᠭᠦᠯᠵᠤ᠂ ᠪᠠᠶᠢᠴᠠᠭᠠᠨ ᠢᠯᠡᠷᠡᠭᠦᠯᠦᠭᠰᠡᠨ ᠡᠬᠢ ᠪᠠᠶᠠᠯᠢᠭ ᠤᠨ ᠬᠠᠳᠠᠭᠠᠯᠠᠭᠳᠠᠴᠠ ᠶᠢᠨ ᠬᠡᠪᠴᠢᠶ᠎ᠡ ᠶᠤᠰᠤᠭᠠᠷ᠂ ᠲᠤᠮᠤ ᠬᠡᠯᠪᠡᠷᠢ ᠶᠢᠨ ᠬᠢᠨᠢ 265 ᠭᠠᠵᠠᠷ᠂ ᠳᠤᠮᠳᠠ ᠬᠡᠯᠪᠡᠷᠢ ᠶᠢᠨ ᠬᠢᠨᠢ 323 ᠭᠠᠵᠠᠷ᠂ ᠪᠠᠭ᠎ᠠ ᠬᠡᠯᠪᠡᠷᠢ ᠶᠢᠨ ᠬᠢᠨᠢ 1194 ᠭᠠᠵᠠᠷ ᠪᠤᠢ᠃      ᠤᠳᠤᠬᠠᠨ ᠳᠤ ᠪᠦᠬᠦ ᠤᠷᠤᠨ ᠳᠤ ᠨᠡᠭᠡᠭᠡᠨ ᠠᠰᠢᠭᠯᠠᠭᠰᠠᠨ ᠲᠤᠰᠤ ᠬᠡᠢ ᠶᠢᠨ ᠲᠦᠷᠦᠯ ᠤᠨ ᠪᠤᠰᠤ ᠠᠭᠤᠷᠬᠠᠢ ᠶᠢᠨ ᠭᠠᠷᠤᠯᠲᠠ ᠨᠡᠶᠢᠲᠡ 121 ᠵᠦᠢᠯ ᠪᠤᠢ᠃ 2013 ᠤᠨ ᠳᠤ᠂ ᠪᠦᠬᠦ ᠤᠷᠤᠨ ᠳᠤ ᠲᠤᠰᠤ ᠬᠡᠢ ᠶᠢᠨ ᠲᠦᠷᠦᠯ ᠤᠨ ᠪᠤᠰᠤ ᠠᠭᠤᠷᠬᠠᠢ ᠶᠢᠨ ᠠᠵᠤ ᠠᠬᠤᠶᠢᠯᠠᠯ ᠨᠡᠶᠢᠲᠡ 4870 ᠪᠠᠶᠢᠵᠤ᠂ ᠡᠭᠦᠨ ᠳᠤ ᠲᠤᠮᠤ ᠬᠡᠯᠪᠡᠷᠢ ᠶᠢᠨ ᠠᠭᠤᠷᠬᠠᠢ ᠶᠢᠨ ᠠᠵᠤ ᠠᠬᠤᠶᠢᠯᠠᠯ 171᠂ ᠳᠤᠮᠳᠠ ᠬᠡᠯᠪᠡᠷᠢ ᠶᠢᠨ 342᠂ ᠪᠠᠭ᠎ᠠ ᠬᠡᠯᠪᠡᠷᠢ ᠶᠢᠨ 2358᠂ ᠵᠢᠵᠢᠭ ᠠᠭᠤᠷᠬᠠᠢ 1999 ᠪᠤᠢ︔ ᠠᠭᠤᠷᠬᠠᠢ ᠳᠤ ᠠᠵᠢᠯᠯᠠᠵᠤ ᠪᠠᠶᠢᠭ᠎ᠠ ᠬᠦᠮᠦᠰ 28.92 ᠲᠦᠮᠡ ᠪᠤᠢ︔ ᠬᠦᠳᠡᠷ ᠭᠠᠷᠭᠠᠬᠤ ᠪᠤᠳᠠᠲᠠᠢ ᠴᠢᠳᠠᠪᠤᠷᠢ ᠵᠢᠯ ᠳᠤ 10.79 ᠳ᠋ᠦᠡᠭᠰᠢᠭᠤᠷ ᠳᠤᠨ ᠪᠠᠶᠢᠵᠤ᠂ ᠵᠢᠯ ᠤᠨ ᠠᠭᠤᠷᠬᠠᠢ ᠶᠢᠨ ᠭᠠᠷᠤᠯᠲᠠ 10.41 ᠳ᠋ᠦᠡᠭᠰᠢᠭᠤᠷ ᠳᠤᠨ ᠪᠤᠢ︔ ᠠᠵᠤ ᠦᠢᠯᠡᠳᠪᠦᠷᠢ ᠶᠢᠨ ᠦᠢᠯᠡᠳᠭᠦᠨ ᠤ ᠶᠡᠷᠦᠩᠭᠡᠢ ᠦᠷᠲᠡᠭ ᠢ 1910.40 ᠳ᠋ᠦᠡᠭᠰᠢᠭᠤᠷ ᠲᠦᠬᠦᠷᠢᠭ ᠪᠡᠶᠡᠯᠡᠭᠦᠯᠵᠤ ᠪᠤᠢ︔ ᠠᠭᠤᠷᠬᠠᠢ ᠶᠢᠨ ᠪᠦᠲᠦᠭᠡᠭᠳᠡᠬᠦᠨ ᠤ ᠪᠤᠷᠤᠯᠠᠭᠤᠯᠭ᠎ᠠ ᠶᠢᠨ ᠤᠷᠤᠯᠭ᠎ᠠ 1806.48 ᠳ᠋ᠦᠡᠭᠰᠢᠭᠤᠷ ᠲᠦᠭᠦᠷᠢᠭ︔ ᠠᠰᠢᠭ ᠬᠤᠨᠵᠢᠪᠤᠷᠢ ᠶᠢᠨ ᠶᠡᠷᠦᠩᠭᠡᠢ ᠬᠡᠮᠵᠢᠶ᠎ᠡ 248.60 ᠳ᠋ᠦᠡᠭᠰᠢᠭᠤᠷ ᠲᠦᠭᠦᠷᠢᠭ︔ ᠶᠡᠷᠦᠩᠭᠡᠶᠢᠯᠡᠨ ᠠᠰᠢᠭᠯᠠᠵᠤ ᠪᠠᠶᠢᠭ᠎ᠠ ᠦᠢᠯᠡᠳᠭᠦᠨ ᠤ ᠦᠷᠲᠡᠭ 161.27 ᠳ᠋ᠦᠡᠭᠰᠢᠭᠤᠷ ᠲᠦᠭᠦᠷᠢᠭ ᠪᠤᠯᠤᠨ᠎ᠠ᠃     ﹇ᠬᠦᠲᠦᠯᠦᠭᠴᠢ﹈  ᠶᠠᠭᠤᠨ ᠳᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠠᠷᠪᠢᠯᠠᠬᠤ ᠪᠠ ᠶᠡᠷᠦᠩᠭᠡᠶᠢᠯᠡᠨ ᠠᠰᠢᠭᠯᠠᠬᠤ ᠪᠤᠢ︖     ﹇ᠸᠠᠩ ᠵᠢᠶᠠᠨ ᠮᠢᠨ﹈ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠦᠷᠭᠦᠯᠵᠢᠯᠡᠭᠰᠡᠨ ᠬᠠᠨᠭ᠍ᠭᠠᠯᠭ᠎ᠠ ᠪᠤᠯ ᠨᠡᠶᠢᠭᠡᠮ ᠤᠨ ᠠᠵᠤ ᠠᠬᠤᠢ ᠶᠢᠨ ᠲᠤᠭᠲᠠᠭᠤᠨ ᠢᠶᠠᠷ ᠬᠦᠭᠵᠢᠬᠦ ᠶᠢᠨ ᠦᠨᠳᠦᠰᠦᠨ ᠪᠠᠲᠤᠯᠠᠭ᠎ᠠ ᠪᠤᠯᠤᠨ᠎ᠠ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠨᠭ᠍ᠭᠠᠯᠭ᠎ᠠ ᠶᠢ ᠪᠠᠲᠤᠯᠠᠬᠤ ᠳᠤ᠂ ᠨᠢᠭᠡ ᠳᠤ ᠡᠬᠢ ᠪᠠᠶᠠᠯᠢᠭ ᠢ ᠨᠡᠬᠡᠬᠡᠵᠤ᠂ ᠬᠤᠶᠠᠷ ᠲᠤ ᠵᠠᠷᠤᠴᠠᠭᠤᠯᠭ᠎ᠠ ᠶᠢ ᠠᠷᠪᠢᠯᠠᠨ᠎ᠠ᠃ ᠡᠬᠢ ᠪᠠᠶᠠᠯᠢᠭ ᠢ ᠨᠡᠭᠡᠭᠡᠬᠦ ᠳᠤ ᠭᠠᠵᠠᠷ ᠰᠢᠨᠵᠢᠯᠡᠭᠡᠨ ᠤ ᠠᠭᠤᠷᠬᠠᠢ ᠡᠷᠢᠬᠦ ᠡᠷᠴᠢᠮ ᠢ ᠨᠡᠮᠡᠭᠳᠡᠭᠦᠯᠦᠨ᠂ ᠨᠡᠩ ᠠᠷᠪᠢᠨ ᠰᠢᠨ᠎ᠡ ᠡᠬᠢ ᠪᠠᠶᠠᠯᠢᠭ ᠢ ᠬᠠᠶᠢᠨ᠎ᠠ︔ ᠵᠠᠷᠤᠴᠠᠭᠤᠯᠭ᠎ᠠ ᠶᠢ ᠠᠷᠪᠢᠯᠠᠬᠤ ᠪᠤᠯ ᠤᠳᠤ ᠪᠠᠶᠢᠭ᠎ᠠ ᠡᠬᠢ ᠪᠠᠶᠠᠯᠢᠭ ᠢᠶᠠᠨ ᠬᠠᠮᠤᠭ ᠤᠨ ᠶᠡᠭᠡ ᠬᠡᠪᠴᠢᠶ᠎ᠡ ᠪᠠᠷ ᠰᠠᠶᠢᠲᠤᠷ ᠠᠰᠢᠭᠯᠠᠨ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠶᠡᠷᠦᠩᠭᠡᠶᠢᠯᠡᠨ ᠠᠰᠢᠭᠯᠠᠬᠤ ᠶᠢ ᠴᠢᠩᠭᠠᠳᠬᠠᠨ᠎ᠠ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠶᠡᠷᠦᠩᠭᠡᠶᠢᠯᠡᠨ ᠠᠰᠢᠭᠯᠠᠬᠤ ᠨᠢ ᠮᠠᠨ ᠤ ᠤᠯᠤᠰ ᠤᠨ ᠡᠬᠢ ᠪᠠᠶᠠᠯᠢᠭ ᠤᠨ ᠪᠠᠲᠤᠯᠠᠭ᠎ᠠ ᠶᠢᠨ ᠬᠡᠮᠵᠢᠶ᠎ᠡ ᠶᠢ ᠳᠡᠭᠡᠭᠰᠢᠯᠡᠬᠦᠯᠬᠦ ᠳᠤ ᠠᠰᠢᠭᠲᠠᠢ ᠪᠠᠷ ᠪᠠᠷᠠᠬᠤ ᠦᠭᠡᠢ ᠪᠠᠰᠠ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠴᠢᠬᠤᠯᠠ ᠠᠴᠢᠶᠠᠯᠠᠭᠴᠢ ᠪᠠ ᠠᠷᠭ᠎ᠠ ᠪᠠᠷᠢᠯ ᠪᠤᠯᠤᠨ᠎ᠠ᠃ ᠶᠠᠭ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠵᠢᠭᠠᠵᠤ ᠭᠠᠷᠭᠠᠰᠠᠨᠴᠢᠯᠠᠨ᠂ ᠡᠬᠢ ᠪᠠᠶᠠᠯᠢᠭ ᠢ ᠠᠷᠪᠢᠯᠠᠬᠤ ᠪᠤᠯ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠶᠢᠨ ᠦᠨᠳᠦᠰᠦᠨ ᠬᠠᠷᠢᠭᠤᠴᠠᠬᠤ ᠪᠤᠳᠤᠯᠭ᠎ᠠ ᠪᠤᠯᠤᠨ᠎ᠠ᠃      ᠬᠡᠳᠦᠶᠢᠪᠡᠷ ᠮᠠᠨ ᠤ ᠤᠷᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠡᠯᠪᠡᠭ ᠪᠠᠶᠠᠯᠢᠭ᠂ ᠲᠦᠷᠦᠯ ᠵᠦᠢᠯ ᠨᠢ ᠪᠦᠷᠢᠨ ᠬᠦᠢᠴᠡᠳ ᠪᠤᠯᠪᠠᠴᠤ ᠨᠡᠶᠢᠭᠡᠮ ᠤᠨ ᠬᠦᠭᠵᠢᠯᠲᠡ ᠶᠢᠨ ᠶᠠᠪᠤᠴᠠ ᠳᠤ ᠶᠡᠭᠡ ᠬᠡᠮᠵᠢᠶ᠎ᠡ ᠪᠠᠷ ᠬᠤᠷᠤᠭᠳᠠᠭᠤᠯᠬᠤ ᠶᠢ ᠳᠠᠭᠠᠯᠳᠤᠨ᠂ ᠮᠠᠨ ᠤ ᠤᠷᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠦᠷᠭᠦᠯᠵᠢᠯᠡᠭᠰᠡᠨ ᠬᠠᠨᠭ᠍ᠭᠠᠯᠭ᠎ᠠ ᠶᠢᠨ ᠪᠠᠶᠢᠳᠠᠯ ᠮᠦᠨᠬᠦ ᠲᠤᠶᠢᠯ ᠤᠨ ᠬᠠᠲᠠᠭᠤ ᠴᠢᠩᠭ᠎ᠠ ᠪᠤᠢ᠃ ᠶᠡᠷᠦᠩᠭᠡᠢ  ᠳᠤᠨᠢ ᠠᠪᠴᠤ ᠬᠡᠯᠡᠪᠡᠯ᠂ ᠮᠠᠨ ᠤ ᠤᠷᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠲᠤ ᠪᠠᠶᠠᠯᠢᠭ ᠬᠦᠳᠡᠷ᠂ ᠲᠤᠮᠤ ᠬᠡᠯᠪᠡᠷᠢ ᠶᠢᠨ᠂ ᠤᠨᠴᠠ ᠲᠤᠮᠤ ᠬᠡᠯᠪᠡᠷᠢ ᠶᠢᠨ ᠬᠦᠳᠡᠷ ᠤᠨ ᠬᠡᠪᠲᠡᠰᠢ ᠴᠦᠬᠡᠨ᠂ ᠵᠢᠵᠢᠭ ᠬᠦᠳᠡᠷ᠂ ᠮᠠᠭᠤ ᠬᠦᠳᠡᠷ᠂ ᠰᠢᠯᠢᠬᠦ ᠳᠤ ᠬᠦᠴᠢᠷ ᠬᠦᠳᠡᠷ ᠠᠷᠪᠢᠨ᠂  ᠡᠬᠢ ᠪᠠᠶᠠᠯᠢᠭ ᠤᠤᠯ ᠠᠴᠠ ᠪᠠᠨ ᠪᠠᠷᠤᠭᠲᠠᠢ ᠪᠠᠶᠢᠭᠰᠠᠨ ᠤᠨᠴᠠᠯᠢᠭ ᠲᠠᠢ ᠶᠤᠮ᠃ ᠠᠭᠤᠷᠬᠠᠢ ᠶᠢᠨ ᠭᠠᠷᠤᠯᠲᠠ ᠶᠢ ᠰᠢᠯᠢᠬᠦ ᠳᠤ ᠬᠦᠴᠢᠷ ᠪᠠᠶᠢᠬᠤ ᠶᠢᠨ ᠭᠤᠤᠯ ᠰᠢᠯᠲᠠᠭᠠᠨ ᠨᠢ ᠡᠩ ᠲᠡᠷᠢᠬᠦᠨ ᠳᠤ ᠴᠢᠨᠠᠷ ᠳᠡᠰ ᠨᠢ ᠳᠤᠤᠷ᠎ᠠ᠂ ᠨᠢᠭᠡᠨᠲᠡ ᠪᠠᠶᠢᠴᠠᠭᠠᠨ ᠢᠯᠡᠷᠡᠭᠦᠯᠦᠭᠰᠡᠨ ᠡᠬᠢ ᠪᠠᠶᠠᠯᠢᠭ ᠤᠨ ᠬᠠᠳᠠᠭᠠᠯᠠᠭᠳᠠᠴᠠ ᠳᠤ 99.6% ᠶᠢᠨ ᠲᠡᠮᠤᠷ ᠤᠨ ᠬᠦᠳᠡᠷ᠂ 28.72% ᠤᠨ ᠭᠠᠤᠯᠢ ᠶᠢᠨ ᠬᠦᠳᠡᠷ᠂ 98% ᠶᠢᠨ ᠹᠤᠰᠹᠤᠷ ᠬᠦᠳᠡᠷ ᠪᠤᠯᠤᠨ ᠪᠦᠬᠦ ᠬᠦᠬᠦᠷᠲᠦ ᠲᠡᠮᠦᠷ ᠤᠨ ᠬᠦᠳᠡᠷ ᠨᠢ ᠴᠦᠮ ᠮᠠᠭᠤ ᠬᠦᠳᠡᠷ ᠪᠤᠯᠤᠨ᠎ᠠ᠃ ᠳᠠᠷᠠᠭᠠᠯᠠᠪᠠᠯ ᠲᠡᠮᠦᠷᠯᠢᠭ ᠤᠨ ᠬᠦᠳᠡᠷ ᠤᠨ ᠬᠡᠪᠲᠡᠰᠢ ᠳᠤ ᠬᠠᠮᠲᠤ ᠤᠷᠤᠰᠢᠬᠤ ᠡᠯᠧᠮᠧᠨ᠋ᠲ ᠠᠷᠪᠢᠨ ᠪᠠᠶᠢᠵᠤ᠂ ᠲᠡᠮᠦᠷ᠂ ᠭᠠᠤᠯᠢ᠂ ᠲᠤᠭᠤᠯᠭ᠎ᠠ᠂ ᠴᠠᠶᠢᠷ᠂ ᠠᠯᠲᠠ᠂ ᠮᠦᠡᠭᠭᠦ᠂ ᠬᠤᠪᠤᠷ ᠰᠢᠷᠤᠢ᠂ ᠨᠢᠶᠤᠪᠢ᠂ ᠲᠠᠨᠲ᠋ᠠᠯ ᠵᠡᠷᠭᠡ 10 ᠵᠦᠢᠯ ᠤᠨ ᠠᠭᠤᠷᠬᠠᠢ ᠶᠢᠨ ᠭᠠᠷᠤᠯᠲᠠ ᠶᠢᠨ ᠪᠦᠷᠢᠳᠭᠡᠭᠰᠡᠨ ᠢ ᠦᠨᠳᠦᠰᠦᠯᠡᠪᠡᠯ᠂ ᠲᠤᠮᠤ᠂ ᠳᠤᠮᠳᠠ᠂ ᠪᠠᠭ᠎ᠠ ᠬᠡᠯᠪᠡᠷᠢ ᠶᠢᠨ ᠠᠭᠤᠷᠬᠠᠢ ᠶᠢᠨ ᠭᠠᠷᠤᠯᠲᠠ ᠶᠢᠨ ᠭᠠᠵᠠᠷ ᠲᠤ ᠬᠠᠮᠲᠤ ᠤᠷᠤᠰᠢᠬᠤ᠂ ᠳᠠᠭᠠᠯᠳᠤᠵᠤ ᠤᠷᠤᠰᠢᠬᠤ ᠬᠦᠳᠡᠷ ᠤᠨ ᠬᠠᠷᠢᠴᠠᠯ ᠲᠤᠰ ᠲᠤᠰ 51.8%᠂31.43% ᠪᠠ 34.43% ᠪᠠᠶᠢᠬᠤ ᠲᠤᠯᠠ᠂ ᠡᠳᠡᠭᠡᠷ ᠠᠭᠤᠷᠬᠠᠢ ᠶᠢᠨ ᠭᠠᠷᠤᠯᠲᠠ ᠶᠢ ᠨᠡᠭᠡᠭᠡᠭᠡᠳ ᠬᠡᠷᠪᠡ ᠬᠦᠢᠴᠡᠳ ᠶᠡᠷᠦᠩᠭᠡᠶᠢᠯᠡᠨ ᠠᠰᠢᠭᠯᠠᠬᠤ ᠦᠭᠡᠢ ᠪᠤᠯ ᠠᠵᠤ ᠠᠬᠤᠢ ᠶᠢᠨ ᠲᠠᠯ᠎ᠠ ᠪᠠᠷ ᠠᠰᠢᠭ ᠬᠤᠨᠵᠢᠪᠤᠷᠢ ᠤᠯᠬᠤ ᠶᠢ ᠪᠡᠶᠡᠯᠡᠭᠦᠯᠬᠦ ᠳᠤ ᠪᠡᠷᠭᠡ ᠶᠤᠮ᠃ ᠭᠤᠷᠪᠠ ᠳᠤ ᠬᠦᠳᠡᠷ ᠤᠨ ᠪᠦᠷᠢᠯᠳᠦᠬᠦᠨ ᠨᠢ ᠪᠤᠳᠤᠯᠢᠶᠠᠨ ᠲᠠᠢ᠂ ᠬᠡᠷᠡᠭᠴᠡᠭᠡ ᠲᠠᠢ  ᠡᠷᠦᠳᠡᠰᠦ ᠶᠢ ᠰᠠᠯᠭᠠᠬᠤ ᠳᠤ ᠬᠢᠯᠪᠡᠷ ᠪᠤᠰᠤ ᠵᠡᠷᠭᠡ ᠰᠢᠯᠲᠠᠭᠠᠨ ᠠᠴᠠ ᠪᠤᠯᠤᠭᠠᠳ᠂ ᠰᠢᠯᠢᠵᠤ ᠪᠤᠯᠪᠠᠰᠤᠷᠠᠭᠤᠯᠬᠤ ᠬᠦᠴᠢᠷ ᠢ ᠨᠡᠮᠡᠭᠳᠡᠭᠦᠯᠦᠨ᠂ ᠶᠡᠷᠦᠩᠭᠡᠶᠢᠯᠡᠨ ᠠᠰᠢᠭᠯᠠᠭᠰᠠᠨ ᠦᠷ᠎ᠡ ᠪᠦᠲᠦᠮᠵᠢ ᠶᠢ ᠢᠯᠡᠷᠭᠡᠢ ᠪᠤᠰᠤ ᠪᠤᠯᠭᠠᠵᠤ ᠪᠠᠶᠢᠨ᠎ᠠ᠃      ᠮᠠᠨ ᠤ ᠤᠷᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠤᠨᠴᠠᠯᠢᠭ ᠨᠢ᠂ ᠪᠢᠳᠡᠨ ᠤ ᠡᠬᠢ ᠪᠠᠶᠠᠯᠢᠭ ᠢ ᠡᠷᠬᠡᠪᠰᠢ ᠠᠷᠪᠢᠯᠠᠵᠤ ᠡᠷᠴᠢᠮᠯᠢᠭ ᠠᠰᠢᠭᠯᠠᠬᠤ ᠠᠵᠢᠯ ᠢ ᠴᠢᠩᠭᠠᠳᠬᠠᠬᠤ ᠬᠡᠷᠡᠭᠲᠠᠢ ᠬᠡᠰᠡᠨ ᠢ ᠰᠢᠭᠤᠳ ᠲᠤᠭᠲᠠᠭᠠᠭᠰᠠᠨ ᠢᠶᠠᠷ ᠪᠠᠷᠠᠬᠤ ᠦᠭᠡᠢ ᠪᠠᠰᠠ ᠮᠠᠨ ᠤ ᠤᠷᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠶᠡᠷᠦᠩᠭᠡᠶᠢᠯᠡᠨ ᠠᠰᠢᠭᠯᠠᠬᠤ ᠳᠤ ᠲᠤᠶᠢᠯ ᠤᠨ ᠶᠡᠭᠡ ᠬᠦᠭᠵᠢᠯᠲᠡ ᠶᠢᠨ ᠤᠷᠤᠨ ᠵᠠᠢ ᠪᠠ ᠳᠠᠯᠳᠠ ᠬᠦᠴᠦᠨ  ᠲᠠᠢ ᠬᠡᠰᠡᠨ ᠢ ᠬᠠᠷᠠᠭᠤᠯᠵᠤ ᠪᠠᠶᠢᠭ᠎ᠠ ᠶᠤᠮ᠃      ﹇ᠬᠦᠲᠦᠯᠦᠭᠴᠢ﹈ ᠸᠠᠩ ᠲᠢᠩᠬᠢᠮ ᠤᠨ ᠳᠠᠷᠤᠭ᠎ᠠ ᠡ᠂ ᠮᠠᠨ ᠤ ᠣᠷᠣᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠬᠦ ᠳᠤ ᠠᠷᠪᠢᠯᠠᠬᠤ ᠪᠠ ᠶᠡᠷᠦᠩᠭᠡᠶᠢᠯᠡᠨ ᠠᠰᠢᠭᠯᠠᠬᠤ ᠲᠠᠯ᠎ᠠ ᠪᠠᠷ ᠶᠠᠮᠠᠷ ᠶᠠᠮᠠᠷ ᠠᠵᠢᠯ ᠦᠷᠨᠢᠭᠦᠯᠦᠭᠰᠡᠨ ᠪᠤᠢ︖       ﹇ᠸᠠᠩ ᠵᠢᠶᠠᠨ ᠮᠢᠨ﹈ ︵ᠨᠢᠭᠡ︶ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ︽ᠭᠤᠷᠪᠠᠨ ᠨᠣᠷᠮ᠎ᠠ︾ ᠶᠢᠨ ᠬᠠᠮᠢᠶᠠᠷᠤᠯᠲᠠ ᠶᠢ ᠴᠢᠩᠭᠠᠳᠬᠠᠪᠠ᠃      ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ︽ᠭᠤᠷᠪᠠᠨ ᠨᠣᠷᠮ᠎ᠠ︾ ᠭᠡᠳᠡᠭ ᠨᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢᠨ ᠨᠡᠭᠡᠭᠡᠨ ᠮᠠᠯᠲᠠᠬᠤ ᠲᠠᠬᠢᠵᠤ ᠮᠠᠯᠲᠠᠬᠤ ᠨᠣᠷᠮ᠎ᠠ᠂ ᠬᠦᠳᠡᠷ ᠰᠢᠯᠢᠵᠦ ᠡᠭᠡᠭᠦᠯᠦᠨ ᠠᠪᠬᠤ ᠨᠣᠷᠮ᠎ᠠ ᠪᠣᠯᠣᠨ ᠶᠡᠷᠦᠩᠭᠡᠶᠢᠯᠡᠨ ᠠᠰᠢᠭᠯᠠᠬᠤ ᠨᠣᠷᠮ᠎ᠠ ᠵᠡᠷᠭᠡ ᠭᠤᠷᠪᠠᠨ ᠵᠦᠢᠯ ᠤᠨ ᠭᠦᠢᠴᠡᠳᠬᠡᠬᠦ ᠲᠤᠭ᠎ᠠ ︵ᠳᠣᠷᠣᠭᠰᠢ ︽ᠭᠤᠷᠪᠠᠨ ᠨᠣᠷᠮ᠎ᠠ︾ ᠭᠡᠵᠦ ᠲᠣᠪᠴᠢᠯᠠᠨ᠎ᠠ︶ ᠶᠢ ᠵᠢᠭᠠᠵᠤ ᠪᠠᠶᠢᠭ᠎ᠠ ᠪᠦᠭᠡᠳ ᠠᠭᠤᠷᠬᠠᠢ ᠶᠢᠨ ᠭᠠᠷᠣᠯᠲᠠ ᠶᠢᠨ ᠡᠬᠢ ᠪᠠᠶᠠᠯᠢᠭ ᠢ ᠨᠡᠭᠡᠭᠡᠨ  ᠠᠰᠢᠭᠯᠠᠵᠤ ᠪᠠᠶᠢᠭ᠎ᠠ ᠬᠢᠷᠢ ᠬᠡᠮᠵᠢᠶ᠎ᠡ ᠶᠢ ᠦᠨᠡᠯᠡᠬᠦ ᠭᠤᠣᠯ ᠪᠤᠯᠬᠤ ᠭᠦᠢᠴᠡᠳᠬᠡᠬᠦ ᠲᠤᠭ᠎ᠠ ᠪᠠᠶᠢᠵᠤ᠂ ᠠᠭᠤᠷᠬᠠᠢ ᠶᠢᠨ ᠠᠵᠤ ᠠᠬᠤᠶᠢᠯᠠᠯ ᠤᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠬᠠᠮᠤᠭ ᠤᠨ ᠳᠣᠣᠷ᠎ᠠ ᠪᠠᠷᠢᠮᠵᠢᠶ᠎ᠠ ᠪᠣᠯᠣᠨ᠎ᠠ᠃ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠶᠠᠮᠣᠨ ᠤ ᠠᠷᠪᠢᠯᠠᠬᠤ ᠶᠢ ᠡᠩ ᠲᠡᠷᠢᠭᠦᠨ ᠳᠤ ᠪᠠᠶᠢᠯᠭᠠᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠠᠷᠪᠢᠲᠠᠢ ᠡᠷᠴᠢᠮᠯᠢᠭ ᠠᠰᠢᠭᠯᠠᠬᠤ ᠲᠣᠭᠲᠠᠴᠠ ᠪᠠ ᠠᠮᠢ ᠠᠬᠤᠢ ᠶᠢᠨ ᠪᠣᠯᠪᠠᠰᠣᠨ ᠤ ᠪᠠᠶᠢᠭᠤᠯᠤᠯᠲᠠ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠬᠤ ᠪᠦᠭᠡᠳ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠵᠤ ᠠᠰᠢᠭᠯᠠᠬᠤ ᠶᠢᠨ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠷᠠᠭᠤᠯᠤᠨ᠂ ᠠᠭᠤᠷᠬᠠᠢ ᠶᠢᠨ ᠠᠵᠤ ᠠᠬᠤᠶᠢᠯᠠᠯ ᠤᠨ ᠠᠷᠪᠢᠯᠠᠬᠤ ᠪᠠ ᠶᠡᠷᠦᠩᠭᠡᠶᠢᠯᠡᠨ ᠠᠰᠢᠭᠯᠠᠬᠤ ᠶᠢ ᠠᠬᠢᠭᠤᠯᠬᠤ ᠪᠦᠲᠦᠮᠵᠢᠲᠠᠢ ᠠᠷᠭ᠎ᠠ ᠪᠠᠷᠢᠯ ᠪᠣᠯᠣᠨ᠎ᠠ᠃      ᠣᠳᠣᠬᠠᠨ ᠳᠤ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠶᠠᠮᠣᠨ ᠭᠤᠷᠪᠠᠨ ᠪᠦᠯᠦᠭ ᠨᠡᠶᠢᠲᠡ 20 ᠬᠦᠳᠡᠷ ᠤᠨ ᠵᠦᠢᠯ ᠤᠨ ︽ᠭᠤᠷᠪᠠᠨ ᠨᠣᠷᠮ᠎ᠠ︾ ᠶᠢᠨ ᠬᠠᠮᠤᠭ ᠤᠨ ᠳᠣᠣᠷ᠎ᠠ ᠭᠦᠢᠴᠳᠬᠡᠬᠦ ᠲᠤᠭ᠎ᠠ ᠶᠢᠨ ᠪᠠᠷᠢᠮᠵᠢᠶ᠎ᠠ ᠶᠢ ᠨᠡᠶᠢᠲᠡᠯᠡᠵᠦ᠂ ᠡᠨᠧᠷᠬᠢ ᠪᠣᠯᠬᠤ ᠠᠭᠤᠷᠬᠠᠢ ᠶᠢᠨ ᠭᠠᠷᠤᠯᠲᠠ᠂ ᠥᠩᠭᠡᠲᠦ ᠲᠡᠮᠦᠷᠯᠢᠭ ᠤᠨ ᠠᠭᠤᠷᠬᠠᠢ ᠶᠢᠨ ᠭᠠᠷᠤᠯᠲᠠ᠂ ᠬᠠᠷ᠎ᠠ ᠲᠡᠮᠦᠷᠯᠢᠭ ᠤᠨ ᠠᠭᠤᠷᠬᠠᠢ ᠶᠢᠨ ᠭᠠᠷᠤᠯᠲᠠ᠂ ᠲᠡᠮᠦᠷᠯᠢᠭ ᠤᠨ ᠪᠤᠰᠤ ᠠᠭᠤᠷᠬᠠᠢ ᠶᠢᠨ ᠭᠠᠷᠤᠯᠲᠠ ᠵᠡᠷᠭᠡ ᠶᠢ ᠬᠠᠮᠤᠷᠤᠨ᠂ ᠴᠢᠬᠤᠯᠠ ᠪᠦᠬᠦᠢ ᠬᠦᠳᠡᠷ ᠤᠨ ᠵᠦᠢᠯ ᠤᠨ ︽ᠭᠤᠷᠪᠠᠨ ᠨᠣᠷᠮ᠎ᠠ︾ ᠶᠢᠨ ᠭᠦᠢᠴᠡᠳᠬᠡᠬᠦ ᠲᠤᠭ᠎ᠠ ᠶᠢᠨ ᠰᠢᠰᠲ᠋ᠧᠮᠵᠢ ᠶᠢ ᠦᠨᠳᠦᠰᠦᠨ ᠳᠡᠭᠡᠨ ᠪᠣᠢ ᠪᠣᠯᠭᠠᠪᠠ᠃ ᠠᠭᠤᠷᠬᠠᠢ ᠶᠢᠨ ᠭᠠᠷᠤᠯᠲᠠ ᠶᠢᠨ ︽ᠭᠤᠷᠪᠠᠨ ᠨᠣᠷᠮ᠎ᠠ︾ ᠶᠢᠨ ᠭᠦᠢᠴᠡᠳᠬᠡᠬᠦ ᠲᠤᠭ᠎ᠠ ᠶᠢᠨ ᠱᠠᠭᠠᠷᠳᠠᠯᠭ᠎ᠠ ᠪᠣᠯ ᠠᠭᠤᠷᠬᠠᠢ ᠶᠢᠨ ᠠᠵᠤ ᠠᠬᠤᠶᠢᠯᠠᠯ ᠤᠨ ᠠᠭᠤᠷᠬᠠᠢ ᠶᠢᠨ ᠭᠠᠷᠤᠯᠲᠠ ᠶᠢ ᠨᠡᠭᠡᠭᠡᠵᠦ ᠠᠰᠢᠭᠯᠠᠬᠤ ︽ᠬᠠᠮᠤᠭ ᠤᠨ ᠳᠣᠣᠷ᠎ᠠ ᠱᠠᠭᠠᠷᠳᠠᠯᠭ᠎ᠠ︾ ᠪᠠ ᠠᠷᠪᠢᠯᠠᠬᠤ ᠬᠢᠭᠡᠳ ᠶᠡᠷᠦᠩᠭᠡᠶᠢᠯᠡᠨ  ᠠᠰᠢᠭᠯᠠᠬᠤ ᠶᠢᠨ ︽ᠤᠯᠠᠭᠠᠨ ᠱᠤᠭᠤᠮ︾ ᠪᠣᠯᠬᠤ ᠪᠦᠭᠡᠳ ᠲᠡᠭᠦᠨ ᠢ ᠠᠭᠤᠷᠬᠠᠢ ᠶᠢᠨ ᠠᠵᠤ ᠠᠬᠤᠶᠢᠯᠠᠯ ᠤᠨ ᠠᠭᠤᠷᠬᠠᠢ ᠶᠢᠨ ᠭᠠᠷᠤᠯᠲᠠ ᠶᠢ ᠨᠡᠭᠡᠭᠡᠵᠦ ᠠᠰᠢᠭᠯᠠᠬᠤ ᠲᠦᠷᠦᠯ ᠪᠠ ᠠᠭᠤᠷᠬᠠᠢ ᠵᠢᠷᠤᠭᠯᠠᠨ ᠲᠦᠯᠦᠪᠯᠡᠬᠦ ᠦᠨᠳᠦᠰᠦᠯᠡᠯ ᠪᠣᠯᠭᠠᠭᠰᠠᠨ ᠶᠤᠮ᠃ ᠰᠢᠨ᠎ᠡ ᠪᠠᠷ ᠪᠠᠶᠢᠭᠤᠯᠬᠤ ᠪᠤᠶᠤ ᠦᠭᠡᠷᠡᠴᠢᠯᠡᠵᠦ ᠦᠷᠭᠡᠳᠬᠡᠨ  ᠪᠠᠶᠢᠭᠤᠯᠬᠤ ᠠᠭᠤᠷᠬᠠᠢ ᠶᠢᠨ ᠠᠵᠤ ᠠᠬᠤᠶᠢᠯᠠᠯ ᠤᠳ ︽ᠭᠤᠷᠪᠠᠨ ᠨᠣᠷᠮ᠎ᠠ︾ ᠶᠢᠨ ᠭᠦᠢᠴᠡᠳᠬᠡᠬᠦ ᠲᠤᠭ᠎ᠠ ᠶᠢ  ᠵᠣᠬᠢᠴᠠᠩᠭᠤᠢ ᠭᠦᠢᠴᠡᠳᠬᠡᠬᠦ ᠲᠤᠭ᠎ᠠ ᠶᠢᠨ ᠱᠠᠭᠠᠷᠳᠠᠯᠭ᠎ᠠ ᠳᠤ ᠬᠦᠷᠦᠭᠦᠯᠵᠦ᠂ ᠦᠢᠯᠡᠳᠪᠦᠷᠢᠯᠡᠵᠦ ᠪᠠᠶᠢᠭ᠎ᠠ ᠠᠭᠤᠷᠬᠠᠢ ᠨᠤᠭᠤᠳ ᠭᠦᠢᠴᠡᠳᠬᠡᠬᠦ ᠲᠤᠭ᠎ᠠ ᠶᠢ ᠨᠡᠶᠢᠲᠡᠯᠡᠭᠰᠡᠨ ᠡᠳᠦᠷ ᠠᠴᠠ ᠬᠤᠶᠢᠰᠢᠬᠢ ᠬᠤᠶᠠᠷ ᠵᠢᠯ ᠤᠨ ᠳᠣᠲᠤᠷ᠎ᠠ ᠲᠣᠭᠲᠠᠭᠠᠭᠰᠠᠨ ᠭᠦᠢᠴᠡᠳᠬᠡᠬᠦ ᠲᠤᠭ᠎ᠠ ᠶᠢᠨ ᠱᠠᠭᠠᠷᠳᠠᠯᠭ᠎ᠠ ᠳᠤ ᠬᠦᠷᠦᠭᠦᠯᠦᠭᠰᠡᠨ ᠪᠠᠶᠢᠬᠤ ᠬᠡᠷᠡᠭᠲᠡᠢ᠃ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ  ᠤᠳ ᠡᠬᠢ ᠡᠭᠦᠰᠦᠯ ᠠᠴᠠ ᠨᠢ ᠬᠠᠮᠠᠭᠠᠯᠠᠬᠤ᠂ ᠶᠠᠪᠤᠴᠠ ᠳᠤᠨᠢ ᠬᠢᠨᠠᠨ ᠬᠠᠮᠢᠶᠠᠷᠬᠤ᠂ ᠦᠷ᠎ᠡ ᠳ᠋ᠦᠩ ᠢ ᠴᠢᠩᠭ᠎ᠠ ᠡᠵᠡᠮᠳᠡᠬᠦ ᠪᠠᠷ ᠳᠠᠮᠵᠢᠭᠤᠯᠤᠨ ᠪᠦᠬᠦ ᠴᠣᠪᠤᠷᠠᠯ ᠳᠤᠨᠢ ᠬᠠᠮᠢᠶᠠᠷᠤᠨ᠎ᠠ᠃ ᠭᠦᠢᠴᠡᠳᠬᠡᠬᠦ ᠲᠤᠭ᠎ᠠ ᠶᠢᠨ ᠦᠨᠡᠯᠡᠨ ᠵᠢᠱᠢᠬᠦ ᠠᠵᠢᠯ ᠦᠷᠨᠢᠭᠦᠯᠵᠦ᠂ ᠭᠦᠢᠴᠡᠳᠬᠡᠬᠦ ᠲᠤᠭ᠎ᠠ ᠪᠠᠷ ᠰᠢᠯᠭᠠᠨ ᠬᠢᠨᠠᠬᠤ ᠶᠢ ᠴᠢᠩᠭᠠᠳᠬᠠᠨ᠂ ᠠᠭᠤᠷᠬᠠᠢ ᠶᠢᠨ ᠠᠵᠤ ᠠᠬᠤᠶᠢᠯᠠᠯ ᠤᠨ ᠠᠭᠤᠷᠬᠠᠢ ᠶᠢᠨ ᠭᠠᠷᠤᠯᠲᠠ ᠶᠢᠨ ︽ᠭᠤᠷᠪᠠᠨ ᠨᠣᠷᠮ᠎ᠠ︾ ᠶᠢᠨ  ᠬᠢᠷᠢ ᠬᠡᠮᠵᠢᠶ᠎ᠡ ᠶᠢ ᠳᠡᠭᠡᠭᠰᠢᠯᠡᠬᠦᠯᠬᠦ ᠶᠢ ᠬᠦᠲᠦᠯᠦᠨ ᠵᠢᠯᠣᠭᠤᠳᠬᠤ ᠶᠢᠨ ᠬᠠᠮᠲᠤ ᠠᠬᠢᠭᠤᠯᠤᠨ᠎ᠠ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ︽ᠭᠤᠷᠪᠠᠨ ᠨᠣᠷᠮ᠎ᠠ︾ ᠶᠢᠨ ᠭᠦᠢᠴᠡᠳᠬᠡᠬᠦ ᠲᠤᠭ᠎ᠠ ᠶᠢᠨ ᠰᠢᠰᠲ᠋ᠧᠮᠵᠢ ᠶᠢ  ᠪᠠᠶᠢᠭᠤᠯᠤᠭᠰᠠᠨ ᠶᠠᠪᠤᠳᠠᠯ ᠨᠢ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠬᠦ ᠪᠠ ᠦᠷ᠎ᠡ ᠪᠦᠲᠦᠮᠵᠢᠲᠠᠢ ᠬᠠᠮᠢᠶᠠᠷᠬᠤ ᠶᠢ ᠲᠦᠯᠬᠢᠨ ᠠᠬᠢᠭᠤᠯᠬᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠤ ᠢᠳᠡᠪᠬᠢᠲᠠᠢ ᠨᠦᠯᠦᠭᠡ ᠦᠵᠡᠭᠦᠯᠬᠦ ᠪᠣᠯᠣᠨ᠎ᠠ᠃ ᠳᠠᠷᠠᠭᠠᠴᠢ  ᠶᠢᠨ ᠠᠯᠬᠤᠮ ᠳᠤ ᠭᠦᠢᠴᠡᠳᠬᠡᠬᠦ ᠲᠤᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠮᠥᠷᠳᠡᠨ ᠦᠨᠡᠯᠡᠬᠦ ᠠᠵᠢᠯ ᠢ ᠦᠷᠨᠢᠭᠦᠯᠬᠦ ᠶᠢᠨ ᠬᠠᠮᠲᠤ ᠤᠯᠤᠰ ᠤᠨ ᠪᠠᠷᠢᠮᠵᠢᠶ᠎ᠠ ᠶᠢ ᠪᠣᠢ ᠪᠣᠯᠭᠠᠨ᠂ ᠮᠠᠨ ᠤ ᠤᠯᠤᠰ ᠤᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠠᠷᠪᠢᠯᠠᠬᠤ ᠪᠠ ᠶᠡᠷᠦᠩᠭᠡᠶᠢᠯᠡᠨ ᠠᠰᠢᠭᠯᠠᠬᠤ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃      2012 ᠣᠨ ᠳᠤ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ︿ᠭᠤᠷᠪᠠᠨ ᠨᠣᠷᠮ᠎ᠠ﹀ ᠶᠢᠨ ᠪᠠᠶᠢᠴᠠᠭᠠᠯᠲᠠ ᠬᠢᠭᠡᠳ ᠦᠨᠡᠯᠡᠯᠲᠡ︾ ᠶᠢᠨ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠬᠤ ᠶᠢ ᠬᠠᠷᠢᠭᠤᠴᠠᠪᠠ᠃ ᠪᠦᠬᠦ ᠣᠷᠣᠨ ᠳᠤ ᠨᠡᠶᠢᠲᠡ1524 ᠠᠭᠤᠷᠬᠠᠢ ᠶᠢᠨ ᠠᠵᠤ ᠠᠬᠤᠶᠢᠯᠠᠯ ᠢ ᠪᠠᠶᠢᠴᠠᠭᠠᠵᠤ᠂ ᠨᠡᠭᠦᠷᠡᠰᠦ᠂ ᠲᠡᠮᠦᠷ᠂ ᠮᠠᠩᠭᠠᠨ᠂ ᠵᠡᠰ᠂ ᠬᠠᠷ᠎ᠠ ᠲᠤᠭᠤᠯᠭ᠎ᠠ᠂ ᠴᠠᠶᠢᠷ᠂ ᠨᠢᠺᠧᠯ᠂ ᠸᠣᠯᠹᠷᠠᠮ᠂ ᠴᠠᠭᠠᠨ ᠲᠤᠭᠤᠯᠭ᠎ᠠ᠂ ᠮᠣᠯᠢᠪᠳ᠋ᠸᠠ᠂ ᠬᠤᠪᠤᠷ ᠰᠢᠷᠤᠢ᠂ ᠠᠯᠲᠠ᠂ ᠮᠥᠩᠭᠦ᠂ ᠬᠦᠬᠦᠷᠲᠦ ᠲᠡᠮᠦᠷ᠂ ᠪᠠᠯ ᠴᠢᠯᠠᠭᠤ ᠪᠤᠯᠤᠨ ᠡᠩ ᠤᠨ ᠬᠠᠶᠢᠯᠤᠭᠤᠷ ᠵᠣᠩᠰᠢ ᠵᠡᠷᠭᠡ 16 ᠬᠦᠳᠡᠷ ᠤᠨ ᠵᠦᠢᠯ ᠢ ᠬᠠᠮᠤᠷᠪᠠ᠃ ᠠᠭᠤᠷᠬᠠᠢ ᠨᠢᠭᠡᠪᠦᠷᠢ ᠶᠢᠨ ᠴᠤᠭᠯᠠᠭᠤᠯᠤᠭᠰᠠᠨ ᠲᠤᠭ᠎ᠠ ᠪᠠᠷᠢᠮᠲᠠ ᠨᠢ 70 ᠲᠦᠷᠦᠯ ᠰᠢᠬᠠᠮ ᠪᠠᠶᠢᠵᠤ᠂ ᠠᠭᠤᠷᠬᠠᠢ ᠶᠢᠨ ᠠᠵᠤ ᠠᠬᠤᠶᠢᠯᠠᠯ ᠤᠨ ᠦᠨᠳᠦᠰᠦᠨ ᠪᠠᠶᠢᠳᠠᠯ᠂ ᠠᠭᠤᠷᠬᠠᠢ ᠶᠢᠨ ᠡᠬᠢ ᠪᠠᠶᠠᠯᠢᠭ ᠤᠨ ᠬᠠᠳᠠᠭᠠᠯᠠᠭᠳᠠᠴᠠ᠂ ᠠᠭᠤᠷᠬᠠᠢ ᠶᠢᠨ ᠮᠠᠯᠲᠠᠵᠤ ᠰᠢᠯᠢᠵᠦ ᠪᠠᠶᠢᠭ᠎ᠠ ᠪᠠᠶᠢᠳᠠᠯ᠂ ᠠᠭᠤᠷᠬᠠᠢ ᠶᠢᠨ ᠪᠦᠲᠦᠭᠡᠭᠳᠡᠭᠦᠨ ᠤ ᠪᠤᠷᠤᠯᠠᠭᠤᠯᠭ᠎ᠠ ᠵᠡᠷᠭᠡ ᠠᠵᠤ ᠠᠬᠤᠢ ᠶᠢᠨ ᠭᠦᠢᠴᠡᠳᠬᠡᠬᠦ ᠲᠤᠭ᠎ᠠ︔ ᠬᠠᠮᠲᠤ ᠭᠠᠷᠬᠤ ᠪᠠ ᠳᠠᠭᠠᠯᠳᠤᠨ ᠭᠠᠷᠬᠤ᠂ ᠴᠢᠨᠠᠷ ᠳᠡᠰ ᠳᠣᠣᠷ᠎ᠠ᠂ ᠰᠢᠯᠢᠵᠦ ᠪᠣᠯᠪᠠᠰᠤᠷᠠᠭᠤᠯᠬᠤ ᠳᠤ ᠬᠦᠴᠢᠷᠲᠠᠢ ᠡᠬᠢ ᠪᠠᠶᠠᠯᠢᠭ ᠢ  ᠠᠰᠢᠭᠯᠠᠵᠤ ᠪᠠᠶᠢᠭ᠎ᠠ ᠪᠠᠶᠢᠳᠠᠯ︔ ᠦᠯᠡᠳᠡᠭᠳᠡᠯ ᠬᠦᠳᠡᠷ ᠵᠡᠷᠭᠡ ᠠᠭᠤᠷᠬᠠᠢ ᠶᠢᠨ ᠬᠠᠶᠠᠭᠳᠠᠮᠠᠯ ᠡᠳ᠋ ᠢ  ᠠᠰᠢᠭᠯᠠᠵᠤ ᠪᠠᠶᠢᠭ᠎ᠠ ᠪᠠᠶᠢᠳᠠᠯ︔ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠮᠡᠷᠭᠡᠵᠢᠯ ᠤᠨ ᠪᠠᠶᠢᠳᠠᠯ ᠵᠡᠷᠭᠡ ᠠᠭᠤᠯᠭ᠎ᠠ ᠶᠢ ᠪᠠᠭᠲᠠᠭᠠᠪᠠ᠃ ᠪᠠᠶᠢᠴᠠᠭᠠᠬᠤ ᠪᠠᠷ ᠳᠠᠮᠵᠢᠭᠠᠳ᠂ ᠮᠠᠨ ᠤ ᠣᠷᠣᠨ ᠤ ᠬᠦᠳᠡᠷ ᠤᠨ ᠵᠦᠢᠯ ᠠᠭᠤᠷᠬᠠᠢ ᠶᠢᠨ ᠠᠵᠤ ᠠᠬᠤᠶᠢᠯᠠᠯ ᠤᠨ ︽ᠭᠤᠷᠪᠠᠨ ᠨᠣᠷᠮ᠎ᠠ︾ ᠶᠢᠨ ᠪᠠᠶᠢᠳᠠᠯ ᠢ ᠦᠨᠳᠦᠰᠦᠨ ᠳᠤᠨᠢ ᠪᠠᠶᠢᠴᠠᠭᠠᠨ ᠲᠤᠲᠤᠷᠬᠠᠶᠢᠯᠠᠵᠤ᠂ ᠨᠡᠯᠢᠶᠡᠳ ᠣᠨᠣᠪᠴᠢᠲᠠᠢ᠂ ᠨᠠᠷᠢᠨ ᠲᠤᠳᠣ ᠪᠤᠳᠠᠳᠠᠢ ᠦᠢᠯᠡᠳᠪᠦᠷᠢᠯᠡᠵᠦ ᠪᠠᠶᠢᠭ᠎ᠠ ᠲᠤᠭ᠎ᠠ ᠪᠠᠷᠢᠮᠲᠠ ᠶᠢ ᠣᠯᠣᠭᠰᠠᠨ ᠤ ᠬᠠᠮᠲᠤ᠂ ᠤᠯᠤᠰ ᠤᠨ ᠭᠠᠵᠠᠷ ᠰᠢᠷᠣᠢ ᠶᠢᠨ ᠡᠬᠢ ᠪᠠᠶᠠᠯᠢᠭ ᠤᠨ ᠶᠠᠮᠣᠨ ᠤ ᠨᠡᠶᠢᠲᠡᠯᠡᠭᠰᠡᠨ ︽ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠵᠦ ᠠᠰᠢᠭᠯᠠᠬᠤ ︿ᠭᠤᠷᠪᠠᠨ ᠨᠣᠷᠮ᠎ᠠ  ﹀ ᠶᠢᠨ ᠭᠦᠢᠴᠡᠳᠬᠡᠬᠦ ᠲᠤᠭ᠎ᠠ ᠶᠢᠨ ᠱᠠᠭᠠᠷᠳᠠᠯᠭ᠎ᠠ ︵ᠲᠤᠷᠰᠢᠨ ᠬᠡᠷᠡᠭᠵᠢᠭᠦᠯᠬᠦ︶ ᠶᠢᠨ ᠠᠯᠪᠠᠨ ᠵᠠᠷ︾ ᠲᠠᠢ ᠬᠠᠷᠢᠴᠠᠭᠤᠯᠤᠨ ᠶᠡᠷᠦᠩᠭᠡᠶᠢᠯᠡᠭᠰᠡᠨ ᠦᠨᠡᠯᠡᠯᠲᠡ ᠬᠢᠵᠦ᠂ ᠪᠠᠶᠢᠴᠠᠭᠠᠭᠰᠠᠨ ᠠᠭᠤᠷᠬᠠᠢ ᠶᠢᠨ ︽ᠭᠤᠷᠪᠠᠨ ᠨᠣᠷᠮ᠎ᠠ︾ ᠶᠢᠨ ᠭᠦᠢᠴᠡᠳᠬᠡᠬᠦ ᠲᠤᠭ᠎ᠠ ᠶᠡᠷᠦᠩᠭᠡᠢ ᠳᠡᠭᠡᠨ ︽ᠠᠯᠪᠠᠨ ᠵᠠᠷ︾ ᠤᠨ ᠬᠠᠮᠢᠶ᠎ᠠ ᠪᠦᠬᠦᠢ ᠱᠠᠭᠠᠷᠳᠠᠯᠭ᠎ᠠ ᠠᠴᠠ ᠳᠡᠭᠡᠭᠦᠷ ᠪᠠᠶᠢᠬᠤ ᠪᠤᠶᠤ ᠨᠡᠶᠢᠴᠡᠵᠦ ᠪᠠᠶᠢᠪᠠ᠃ ᠵᠢᠱᠢᠶᠡᠯᠡᠪᠡᠯ ᠮᠠᠨ ᠤ ᠣᠷᠣᠨ ᠤ ᠵᠠᠳᠠᠭᠠᠢ ᠨᠡᠭᠦᠷᠡᠰᠦᠨ ᠠᠭᠤᠷᠬᠠᠢ ᠶᠢᠨ ᠮᠠᠯᠲᠠᠬᠤ ᠣᠷᠣᠨ ᠤ ᠲᠠᠬᠢᠵᠤ ᠮᠠᠯᠲᠠᠬᠤ ᠨᠣᠷᠮ᠎ᠠ ᠳᠤᠮᠳᠠᠴᠢ ᠪᠠᠷ 95.90% ᠪᠠᠶᠢᠵᠤ᠂ ᠭᠠᠵᠠᠷ ᠳᠣᠣᠷᠠᠬᠢ ᠨᠡᠭᠦᠷᠡᠰᠦᠨ ᠠᠭᠤᠷᠬᠠᠢ ᠶᠢᠨ ᠮᠠᠯᠲᠠᠬᠤ ᠣᠷᠣᠨ ᠤ ᠲᠠᠬᠢᠵᠤ ᠮᠠᠯᠲᠠᠬᠤ ᠨᠣᠷᠮ᠎ᠠ ᠳᠤᠮᠳᠠᠴᠢ ᠪᠠᠷ 80.99% ᠪᠠᠶᠢᠵᠤ᠂ ᠴᠦᠮ ︽ᠠᠯᠪᠠᠨ ᠵᠠᠷ︾ ᠤᠨ ᠭᠦᠢᠴᠡᠳᠬᠡᠬᠦ ᠲᠤᠭ᠎ᠠ ᠶᠢᠨ ᠱᠠᠭᠠᠷᠳᠠᠯᠭ᠎ᠠ ᠠᠴᠠ ᠳᠡᠭᠡᠭᠦᠷ ᠪᠠᠶᠢᠪᠠ᠃ ᠥᠪᠥᠷ ᠮᠣᠩᠭᠤᠯ ᠤᠨ ᠳ᠋ᠦᠩᠨᠡᠭᠰᠡᠨ ᠮᠡᠳᠡᠭᠦᠯᠦᠯᠲᠡ ᠨᠢ ᠭᠤᠷᠪᠠᠳᠡᠬᠢ ᠪᠦᠯᠦᠭ ᠮᠤᠵᠢ ᠶᠢᠨ ᠱᠠᠲᠤᠨ ᠤ ᠴᠢᠬᠤᠯᠠ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ︽ᠭᠤᠷᠪᠠᠨ ᠨᠣᠷᠮ᠎ᠠ ︾ ᠶᠢᠨ  ᠪᠠᠶᠢᠴᠠᠭᠠᠭᠰᠠᠨ ᠦᠨᠡᠯᠡᠯᠲᠡ ᠶᠢᠨ ᠦᠷ᠎ᠡ ᠪᠦᠲᠦᠭᠡᠯ ᠪᠣᠯᠣᠭᠰᠠᠨ ᠤ ᠬᠤᠪᠢ ᠳᠤ ᠶᠠᠮᠣᠨ ᠤ ᠰᠢᠯᠭᠠᠨ  ᠠᠪᠬᠤ ᠳᠤ ᠣᠷᠣᠯᠴᠠᠨ᠂ ᠲᠤᠰᠬᠠᠢ ᠮᠡᠷᠭᠡᠵᠢᠯᠲᠡᠳ ᠤᠨ ᠬᠤᠷᠠᠯ ᠤᠨ ᠰᠢᠯᠭᠠᠨ ᠠᠪᠬᠤ ᠪᠠᠷ ᠳᠠᠮᠵᠢᠭᠠᠳ ᠰᠢᠯᠢᠳᠡᠭ ᠢᠶᠠᠷ ᠰᠢᠯᠭᠠᠷᠠᠭᠤᠯᠤᠭᠳᠠᠵᠤ᠂ ᠪᠦᠬᠦ ᠣᠷᠣᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠠᠵᠢᠯ ᠳᠤ ᠴᠢᠬᠤᠯᠠ  ᠰᠠᠭᠤᠷᠢ ᠲᠠᠯᠪᠢᠪᠠ᠃      ﹇ᠸᠠᠩ ᠵᠢᠶᠠᠨ ᠮᠢᠨ﹈ ︵ᠬᠤᠶᠠᠷ︶ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ  ᠠᠷᠪᠢᠯᠠᠬᠤ ᠪᠠ ᠶᠡᠷᠦᠩᠭᠡᠶᠢᠯᠡᠨ ᠠᠰᠢᠭᠯᠠᠬᠤ ᠲᠤᠰᠬᠠᠢ ᠵᠦᠢᠯ ᠤᠨ ᠠᠵᠢᠯ ᠦᠷᠨᠢᠭᠦᠯᠪᠡ      2010 ᠣᠨ ᠠᠴᠠ ᠨᠠᠰᠢ᠂ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠶᠠᠮᠣᠨ ︽ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠠᠷᠪᠢᠯᠠᠬᠤ ᠪᠠ ᠶᠡᠷᠦᠩᠭᠡᠶᠢᠯᠡᠨ ᠠᠰᠢᠭᠯᠠᠬᠤ ᠲᠤᠰᠬᠠᠢ  ᠵᠦᠢᠯ ᠤᠨ ᠠᠵᠢᠯ ᠤᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠵᠤ᠂ ︽ᠱᠠᠩᠨᠠᠬᠤ ᠪᠠᠷ ᠲᠤᠰᠠᠯᠠᠬᠤ ᠶᠢ ᠣᠷᠣᠯᠠᠭᠤᠯᠬᠤ︾ ᠪᠠ ᠵᠢᠱᠢᠶ᠎ᠡ ᠦᠵᠡᠭᠦᠯᠬᠦ ᠢᠨᠵᠧᠨᠧᠷᠢᠩ ᠵᠡᠷᠭᠡ ᠬᠤᠶᠠᠷ ᠵᠦᠢᠯ ᠤᠨ ᠠᠷᠭ᠎ᠠ ᠬᠡᠯᠪᠡᠷᠢ ᠶᠢ ᠠᠪᠴᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠵᠣᠷᠢᠭᠵᠢᠭᠤᠯᠤᠨ  ᠳᠡᠮᠵᠢᠵᠦ᠂ ᠪᠦᠬᠦ ᠤᠯᠤᠰ ᠤᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠠᠷᠪᠢᠯᠠᠬᠤ ᠪᠠ ᠶᠡᠷᠦᠩᠭᠡᠶᠢᠯᠡᠨ ᠠᠰᠢᠭᠯᠠᠬᠤ ᠲᠤᠰᠬᠠᠢ ᠵᠦᠢᠯ ᠤᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠪᠠ᠃ 2011 ᠣᠨ ᠳᠤ ᠥᠪᠡᠷᠲᠡᠭᠡᠨ ᠵᠠᠰᠠᠬᠤ ᠣᠷᠣᠨ ᠤᠯᠤᠰ ᠤᠨ ᠳᠡᠰ ᠤᠨ ᠠᠷᠪᠢᠯᠠᠬᠤ ᠪᠠ ᠶᠡᠷᠦᠩᠭᠡᠶᠢᠯᠡᠨ ᠠᠰᠢᠭᠯᠠᠬᠤ ᠲᠦᠷᠦᠯ ᠵᠦᠢᠯ ᠤᠨ 21 ᠵᠦᠢᠯ ᠢ ᠣᠯᠵᠤ᠂ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠢᠨᠵᠧᠨᠧᠷᠢᠩ ᠤᠨ ᠲᠦᠷᠦᠯ ᠵᠦᠢᠯ ᠤᠨ 4 ᠵᠦᠢᠯ ᠢ ᠣᠯᠪᠠ᠃ ᠡᠭᠦᠨ ᠤ ᠬᠠᠮᠲᠤ ᠥᠪᠡᠷᠲᠡᠭᠡᠨ ᠵᠠᠰᠠᠬᠤ ᠣᠷᠣᠨ ᠤ ᠳᠡᠰ ᠤᠨ ᠶᠡᠷᠦᠩᠬᠡᠶᠢᠯᠡᠨ ᠠᠰᠢᠭᠯᠠᠬᠤ ᠲᠤᠰᠬᠠᠢ ᠵᠦᠢᠯ ᠢ ᠭᠤᠶᠤᠴᠢᠯᠠᠬᠤ ᠠᠵᠢᠯ ᠦᠷᠨᠢᠭᠦᠯᠵᠦ᠂ ᠱᠠᠩᠨᠠᠬᠤ ᠲᠦᠷᠦᠯ ᠵᠦᠢᠯ 85᠂ ᠳᠡᠮᠵᠢᠬᠦ ᠪᠡᠯᠡ ᠮᠥᠩᠭᠦ ᠶᠢ 0.8 ᠳ᠋ᠦᠩᠰᠢᠭᠤᠷ ᠲᠥᠬᠦᠷᠢᠭ  ᠢᠶᠠᠷ ᠲᠣᠭᠲᠠᠭᠠᠪᠠ᠃ ᠣᠳᠣᠬᠠᠨ ᠪᠣᠯᠲᠠᠯ᠎ᠠ ᠮᠠᠨ ᠤ ᠣᠷᠣᠨ  ᠤ 38 ᠠᠭᠤᠷᠬᠠᠢ ᠶᠢᠨ ᠠᠵᠤ ᠠᠬᠤᠶᠢᠯᠠᠯ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠶᠠᠮᠣᠨ ᠳᠤ ᠤᠯᠤᠰ ᠤᠨ ᠳᠡᠰ ᠤᠨ ᠪᠣᠬᠢᠷᠳᠣᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠢᠭ᠋ ᠢᠶᠠᠷ ᠲᠣᠭᠲᠠᠭᠠᠭᠳᠠᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠠᠷᠪᠢᠯᠠᠬᠤ ᠪᠠ ᠶᠡᠷᠦᠩᠭᠡᠶᠢᠯᠡᠨ ᠠᠰᠢᠭᠯᠠᠬᠤ ᠲᠤᠰᠬᠠᠢ ᠵᠦᠢᠯ ᠨᠡᠯᠢᠶᠡᠳ ᠰᠠᠶᠢᠨ ᠦᠷ᠎ᠡ ᠠᠰᠢᠭ ᠣᠯᠪᠠ᠃      ᠣᠶᠢᠷ᠎ᠡ ᠶᠢᠨ ᠵᠢᠯ ᠤᠳ ᠲᠤ᠂ ᠠᠭᠤᠷᠬᠠᠢ ᠶᠢᠨ ᠠᠵᠤ ᠠᠬᠤᠶᠢᠯᠠᠯ ᠤᠳ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠦᠵᠡᠯ ᠤᠬᠠᠮᠰᠠᠷ ᠢᠶᠠᠨ ᠲᠠᠰᠤᠷᠠᠯᠲᠠ ᠦᠭᠡᠢ ᠨᠡᠮᠡᠭᠳᠡᠭᠦᠯᠦᠨ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠠᠯᠬᠤᠮ ᠠᠯᠬᠤᠮ ᠢᠶᠠᠷ ᠨᠠᠶᠢᠳᠠᠪᠤᠷᠢᠵᠢᠭᠤᠯᠤᠭᠰᠠᠨ ᠢᠶᠠᠷ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠠᠷᠪᠢᠯᠠᠬᠤ ᠬᠢᠭᠡᠳ ᠶᠡᠷᠦᠩᠭᠡᠶᠢᠯᠡᠨ ᠠᠰᠢᠭᠯᠠᠬᠤ ᠶᠠᠪᠤᠳᠠᠯ ᠣᠯᠠᠩᠬᠢ ᠠᠭᠤᠷᠬᠠᠢ ᠶᠢᠨ ᠠᠵᠤ ᠠᠬᠤᠶᠢᠯᠠᠯ ᠤᠨ ᠤᠬᠠᠮᠰᠠᠷᠲᠤ ᠠᠵᠢᠯᠯᠠᠭ᠎ᠠ ᠪᠣᠯᠪᠠ᠃ ᠮᠠᠰᠢ ᠣᠯᠠᠨ ᠠᠭᠤᠷᠬᠠᠢ ᠶᠢᠨ ᠠᠵᠤ ᠠᠬᠤᠶᠢᠯᠠᠯ ᠪᠡᠯᠡ ᠮᠥᠩᠭᠦ ᠶᠢᠨ ᠣᠷᠣᠭᠤᠯᠤᠯᠲᠠ ᠪᠠᠨ ᠰᠠᠨᠠᠭᠠᠴᠢᠯᠠᠭ᠎ᠠ ᠠᠴᠠ ᠪᠠᠨ ᠨᠡᠮᠡᠭᠳᠡᠭᠦᠯᠵᠦ᠂ ᠠᠺᠠᠳᠧᠮᠢᠴᠢ᠂ ᠲᠤᠰᠬᠠᠢ ᠮᠡᠷᠭᠡᠵᠢᠯᠲᠡᠨ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠨᠢᠭᠡᠴᠡ ᠯᠦᠭᠡ ᠶᠢᠨ ᠬᠠᠷᠢᠯᠴᠠᠭ᠎ᠠ ᠬᠢᠭᠡᠳ ᠬᠤᠷᠰᠢᠯᠴᠠᠭ᠎ᠠ ᠪᠠᠨ ᠴᠢᠩᠭᠠᠷᠠᠭᠤᠯᠤᠨ᠂ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠰᠤᠳᠣᠯᠣᠨ ᠨᠡᠭᠡᠭᠡᠬᠦ ᠶᠠᠪᠤᠳᠠᠯ ᠢ ᠴᠢᠩᠭᠠᠳᠬᠠᠪᠠ᠃ ᠵᠠᠷᠢᠮ ᠠᠵᠤ ᠠᠬᠤᠶᠢᠯᠠᠯ ᠤᠳ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠠᠷᠪᠢᠯᠠᠭᠰᠠᠨ ᠪᠠ ᠶᠡᠷᠦᠩᠭᠡᠶᠢᠯᠡᠨ ᠠᠰᠢᠭᠯᠠᠭᠰᠠᠨ ᠢ ᠱᠠᠩᠨᠠᠵᠤ ᠰᠢᠳᠭᠡᠬᠦ ᠳᠦᠷᠢᠮ ᠢ ᠬᠡᠷᠡᠭᠵᠢᠭᠦᠯᠦᠨ᠂ ᠤᠯᠤᠰ ᠪᠤᠶᠤ ᠠᠵᠢᠯ ᠲᠥᠷᠥᠯ ᠤᠨ ᠬᠢ ᠠᠴᠠ ᠦᠨᠳᠦᠷ ᠠᠵᠤ ᠠᠬᠤᠶᠢᠯᠠᠯ ᠤᠨ ᠪᠠᠷᠢᠮᠵᠢᠶ᠎ᠠ ᠲᠣᠭᠲᠠᠭᠠᠵᠤ᠂ ᠠᠭᠤᠷᠬᠠᠢ ᠶᠢᠨ ᠭᠠᠷᠤᠯᠲᠠ ᠶᠢᠨ ᠠᠵᠤ ᠠᠬᠤᠶᠢᠯᠠᠯ ᠤᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠨ ᠠᠰᠢᠭᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠠᠭ ᠠᠯᠬᠤᠮ ᠠᠯᠬᠤᠮ ᠢᠶᠠᠷ ᠨᠠᠶᠢᠳᠠᠪᠤᠷᠢᠵᠢᠭᠤᠯᠤᠭᠳᠠᠭᠰᠠᠨ ᠪᠠ ᠲᠠᠰᠤᠷᠠᠯᠲᠠ ᠦᠭᠡᠢ ᠴᠢᠩᠭᠠᠳᠬᠠᠭᠳᠠᠪᠠ᠃      ﹇ᠸᠠᠩ ᠵᠢᠶᠠᠨ ᠮᠢᠨ﹈ ︵ᠭᠤᠷᠪᠠ︶ ︽3+2︾ ᠤᠨ ᠵᠠᠭᠪᠤᠷ ᠤᠨ ᠲᠣᠭᠤᠷᠢᠨ ᠳᠤ ᠠᠵᠤ ᠦᠢᠯᠡᠰ ᠤᠨ ᠬᠡᠯᠬᠢᠶ᠎ᠡ ᠶᠢ  ᠤᠷᠲᠤᠳᠬᠠᠬᠤ ᠶᠢ ᠲᠥᠯᠬᠢᠨ ᠠᠬᠢᠭᠤᠯᠪᠠ      ︽3+2︾ ᠤᠨ ᠵᠠᠭᠪᠤᠷ ᠭᠡᠳᠡᠭ ᠨᠢ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠡᠬᠢ ᠪᠠᠶᠠᠯᠢᠭ ᠤᠨ ︽ᠮᠠᠯᠲᠠᠬᠤ ᠰᠢᠯᠢᠬᠦ  ᠪᠣᠯᠪᠠᠰᠣᠷᠠᠭᠤᠯᠬᠤ ᠡᠳ᠋ᠰᠢᠭᠦᠯᠬᠦ︾ ᠪᠠ ᠨᠢᠭᠡ ᠴᠣᠭᠴᠠᠵᠢᠭᠤᠯᠤᠨ ᠨᠡᠭᠡᠭᠡᠬᠦ ᠴᠢᠳᠠᠪᠤᠷᠢ ᠲᠠᠢ ᠠᠵᠤ ᠠᠬᠤᠶᠢᠯᠠᠯ ᠲᠡᠰᠢ ᠲᠥᠪᠯᠡᠷᠡᠬᠦ ᠶᠢ ᠠᠬᠢᠭᠤᠯᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠲᠥᠪᠯᠡᠷᠡᠯ ᠤᠨ ᠬᠡᠮᠵᠢᠶ᠎ᠡ ᠶᠢ ᠳᠡᠭᠡᠭᠰᠢᠯᠡᠭᠦᠯᠬᠦ ᠶᠢ ᠵᠢᠭᠠᠵᠤ ᠪᠣᠢ᠃ ᠲᠣᠰᠬᠠᠶᠢᠵᠢᠭᠰᠠᠨ ᠰᠡᠭᠦᠯᠴᠢ ᠶᠢᠨ ᠭᠦᠨᠵᠡᠭᠡᠢ ᠡᠳ᠋ᠰᠢᠭᠦᠯᠬᠦ ᠠᠵᠤ ᠠᠬᠤᠶᠢᠯᠠᠯ ᠢ ᠣᠷᠣᠭᠤᠯᠵᠤ ᠢᠷᠡᠨ ᠡᠬᠢ ᠪᠠᠶᠠᠯᠢᠭ ᠢ ᠤᠯᠠᠷᠢᠭᠤᠯᠬᠤ ᠶᠢᠨ ᠰᠡᠭᠦᠯᠴᠢ ᠶᠢᠨ ᠡᠳ᠋ᠰᠢᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠤᠨ᠂ ᠠᠵᠤ ᠦᠢᠯᠡᠰ ᠤᠨ ᠲᠥᠪᠯᠡᠷᠡᠯ ᠤᠨ ᠬᠡᠮᠵᠢᠶ᠎ᠡ ᠶᠢ ᠳᠡᠭᠡᠭᠰᠢᠯᠡᠭᠦᠯᠦᠨ᠂ ᠬᠡᠪᠴᠢᠶᠡᠵᠢᠯ ᠤᠨ ᠳᠠᠪᠠᠭᠤᠯᠢᠭ ᠢ ᠪᠠᠳᠠᠷᠠᠭᠤᠯᠪᠠ᠃      1.ᠨᠡᠭᠦᠷᠡᠰᠦᠨ ᠤ ᠡᠬᠢ ᠪᠠᠶᠠᠯᠢᠭ ᠤᠨ ᠭᠡᠭᠡᠨᠴᠢᠷ ᠢᠶᠠᠷ ᠬᠤᠪᠢᠯᠭᠠᠵᠤ᠂ ᠣᠷᠴᠢᠨ ᠲᠣᠭᠤᠷᠢᠨ ᠢ ᠬᠠᠮᠠᠭᠠᠯᠠᠬᠤ ᠠᠵᠤ ᠠᠬᠤᠢ ᠳᠤ ᠬᠦᠴᠦ ᠨᠡᠮᠡᠷᠢᠯᠡᠪᠡ      ᠣᠶᠢᠷ᠎ᠠ ᠶᠢᠨ ᠵᠢᠯ ᠤᠳ ᠤᠨ ᠪᠦᠬᠦ ᠳᠡᠯᠡᠭᠡᠢ ᠶᠢᠨ ᠠᠭᠤᠷᠬᠠᠢ ᠶᠢᠨ ᠦᠢᠯᠡᠰ ᠠᠵᠤ ᠠᠬᠤᠢ ᠶᠢᠨ ᠳᠣᠷᠣᠶᠢᠳᠠᠯ ᠪᠠ ᠪᠦᠲᠦᠴᠡ ᠶᠢᠨ ᠴᠢᠨᠠᠷᠲᠠᠢ ᠲᠣᠬᠢᠷᠠᠭᠤᠯᠤᠯᠲᠠ ᠳᠤ ᠨᠦᠯᠦᠭᠡᠯᠡᠭᠳᠡᠭᠰᠡᠨ᠂ ᠣᠯᠠᠨ ᠤᠯᠤᠰ ᠤᠨ ᠲᠥᠭᠦᠭᠡᠢ ᠴᠢᠯᠠᠭᠤᠨ ᠲᠤᠰᠤᠨ ᠤ ᠦᠨ᠎ᠡ ᠬᠠᠩᠰᠢ ᠶᠡᠭᠡ ᠬᠡᠮᠵᠢᠶ᠎ᠡ ᠪᠠᠷ ᠪᠠᠭᠤᠷᠠᠭᠰᠠᠨ᠂ ᠴᠢᠬᠤᠯᠠ ᠠᠭᠤᠷᠬᠠᠢ ᠶᠢᠨ ᠪᠦᠲᠦᠭᠡᠭᠳᠡᠭᠦᠨ ᠤ ᠬᠥᠭᠵᠢᠯᠲᠡ ᠶᠢᠨ ᠪᠠᠶᠢᠳᠠᠯ ᠢᠯᠭᠠᠷᠠᠭᠰᠠᠨ ᠪᠠᠶᠢᠳᠠᠯ ᠳᠤ ᠬᠠᠨᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠶᠣᠰᠤᠭᠠᠷ ᠳᠦᠬᠦᠮ ᠢᠶᠠᠷ ᠨᠠᠭᠦᠷᠡᠰᠦ ᠮᠠᠯᠲᠠᠵᠤ ᠨᠠᠭᠦᠷᠡᠰᠦ ᠬᠤᠳᠠᠯᠳᠤᠬᠤ᠂ ᠰᠢᠷᠤᠢ ᠮᠠᠯᠲᠠᠵᠤ ᠰᠢᠷᠤᠢ ᠬᠤᠳᠠᠯᠳᠤᠬᠤ ᠤᠯᠠᠮᠵᠢᠯᠠᠯᠲᠤ ᠬᠥᠭᠵᠢᠯᠲᠡ ᠶᠢᠨ ᠠᠷᠭ᠎ᠠ ᠮᠠᠶ᠋ᠢᠭ ᠠᠴᠠ ᠪᠠᠨ ᠭᠠᠷᠴᠣ᠂ ︽ᠭᠠᠭᠴᠠᠬᠦ ᠨᠡᠭᠦᠷᠡᠰᠦᠨ ᠤ ᠠᠵᠤ ᠦᠢᠯᠡᠰ ᠢ ᠴᠢᠬᠤᠯᠠᠴᠢᠯᠠᠵᠤ ᠲᠣᠮᠣ ᠪᠣᠯᠭᠠᠵᠤ︾ ᠪᠠᠶᠢᠭᠰᠠᠨ ᠠᠴᠠ ᠪᠠᠨ ᠠᠵᠤ ᠦᠢᠯᠡᠰ ᠤᠨ ᠬᠤᠪᠢᠰᠬᠠᠯ ᠲᠡᠰᠢ ᠵᠠᠮᠨᠠᠬᠤ ᠬᠡᠷᠡᠭᠲᠡᠢ ᠪᠣᠯᠪᠠ᠃ ᠨᠡᠭᠦᠷᠡᠰᠦ ᠪᠠᠷ ᠲᠣᠰᠣ ᠬᠡᠢ ᠬᠢᠬᠦ ᠵᠡᠷᠭᠡ ᠨᠢᠭᠡ ᠪᠦᠯᠦᠭ ᠰᠢᠨ᠎ᠡ ᠬᠡᠯᠪᠡᠷᠢ ᠶᠢᠨ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠰᠠᠭᠤᠷᠢᠰᠢᠵᠤ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠦᠢᠯᠡᠰ ᠤᠨ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠪᠠ᠃ ᠥᠪᠥᠷ ᠮᠣᠩᠭᠤᠯ ᠤᠨ ᠬᠤᠢ ᠨᠧᠩ ᠨᠡᠭᠦᠷᠡᠰᠦ ᠴᠠᠬᠢᠯᠭᠠᠨ ᠤ ᠪᠦᠯᠦᠭᠯᠡᠯ ᠤᠨ ᠵᠢᠯ ᠤᠨ 4 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠨᠠᠭᠦᠷᠡᠰᠦ ᠪᠠᠷ ᠪᠠᠶᠢᠭᠠᠯᠢ ᠶᠢᠨ ᠰᠢᠲᠠᠭᠴᠢ ᠬᠡᠢ ᠬᠢᠭᠡᠳ ᠪᠠᠶᠢᠭᠠᠯᠢ ᠶᠢᠨ ᠰᠢᠲᠠᠭᠴᠢ ᠬᠡᠢ ᠶᠢᠨ ᠰᠢᠩᠭᠡᠵᠢᠮᠡᠯ ᠬᠢᠬᠦ ᠲᠥᠷᠥᠯ ᠵᠦᠢᠯ ᠨᠢᠭᠡᠨᠲᠡ ᠠᠰᠢᠭᠯᠠᠯᠲᠠ ᠳᠤ ᠣᠷᠣᠭᠰᠠᠨ ᠤ ᠬᠠᠮᠲᠤ ᠠᠶᠤᠯ ᠦᠭᠡᠢ ᠠᠵᠢᠯᠯᠠᠵᠤ ᠪᠠᠶᠢᠨ᠎ᠠ︔ ᠱᠧᠨ ᠬᠤᠸᠠ ᠶᠢᠨ ᠨᠡᠭᠦᠷᠡᠰᠦ ᠶᠢ ᠰᠢᠭᠤᠳ ᠰᠢᠩᠭᠡᠵᠢᠮᠡᠯ ᠪᠣᠯᠭᠠᠬᠤ ᠲᠥᠷᠥᠯ ᠵᠦᠢᠯ ᠤᠨ ᠨᠢᠭᠡᠳᠦᠭᠡᠷ ᠱᠤᠭᠤᠮ ᠰᠠᠶᠢᠨ ᠰᠠᠶᠢᠬᠠᠨ ᠠᠵᠢᠯᠯᠠᠵᠤ ᠪᠠᠶᠢᠨ᠎ᠠ︔ ᠢ ᠲᠠᠢ ᠶᠢᠨ ᠨᠡᠭᠦᠷᠡᠰᠦ ᠪᠠᠷ ᠲᠣᠰᠣ ᠬᠢᠬᠦ ᠵᠢᠯ ᠳᠤ 16 ᠲᠦᠮᠡᠨ ᠲᠤᠨ ᠤ ᠭᠠᠷᠤᠯᠲᠠ ᠲᠠᠢ ᠲᠥᠷᠥᠯ ᠵᠦᠢᠯ ᠨᠢᠭᠡᠨᠲᠡ ᠲᠥᠬᠦᠷᠡᠩ ᠠᠴᠢᠶ᠎ᠠ ᠪᠠᠷ ᠲᠣᠭᠲᠠᠭᠤᠨ ᠠᠵᠢᠯᠯᠠᠬᠤ ᠶᠢ ᠪᠡᠶᠡᠯᠡᠭᠦᠯᠪᠡ︔ ᠳ᠋ᠠ ᠲᠠᠩ ᠤᠨ ᠬᠡᠰᠢᠭᠲᠡᠨ ᠬᠤᠰᠢᠭᠤᠨ ᠤ ᠨᠡᠭᠦᠷᠡᠰᠦ ᠪᠠᠷ ᠪᠠᠶᠢᠭᠠᠯᠢ ᠶᠢᠨ ᠰᠢᠲᠠᠭᠴᠢ ᠬᠡᠢ ᠬᠢᠬᠦ 40 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠨᠢᠭᠡᠨᠲᠡ ᠠᠮᠵᠢᠯᠲᠠ ᠲᠠᠢ ᠠᠵᠢᠯᠯᠠᠵᠤ᠂ ᠡᠳᠦᠷ ᠪᠦᠷᠢ ᠪᠡᠭᠡᠵᠢᠩ ᠲᠡᠰᠢ ᠪᠠᠶᠢᠭᠠᠯᠢ ᠶᠢᠨ ᠰᠢᠲᠠᠭᠴᠢ ᠬᠡᠢ ᠶᠢ 260 ᠲᠦᠮᠡᠨ ᠪᠣᠰᠤᠭ᠎ᠠ ᠳᠥᠷᠪᠡᠯᠵᠢᠨ ᠮᠧᠲᠷ ᠬᠠᠩᠭᠠᠵᠤ᠂ ᠪᠡᠭᠡᠵᠢᠩ ᠬᠤᠲᠠ ᠶᠢᠨ ᠰᠠᠭᠤᠭᠠᠯᠢ ᠠᠷᠠᠳ ᠤᠨ ᠲᠣᠭᠤᠭᠠᠨ ᠭᠡᠷ ᠤᠨ 3 ᠳᠥᠷᠪᠡᠯᠵᠢᠨ ᠮᠧᠲᠷ ᠰᠢᠲᠠᠭᠴᠢ ᠬᠡᠢ ᠪᠦᠷᠢ ᠶᠢᠨ 1 ᠳᠥᠷᠪᠡᠯᠵᠢᠨ ᠮᠧᠲᠷ ᠨᠢ ᠤᠯᠠᠭᠠᠨᠬᠠᠳᠠ ᠠᠴᠠ ᠢᠷᠡᠯᠲᠡᠢ᠃      2. ᠨᠤᠨᠲᠠᠭ ᠨᠡᠭᠦᠷᠡᠰᠦᠨ ᠤ ᠦᠨᠡᠰᠦᠨ ᠠᠴᠠ ᠢᠰᠦᠯᠳᠦᠭᠰᠡᠨ ᠬᠥᠩᠭᠡᠨ ᠴᠠᠭᠠᠨ ᠪᠣᠯᠪᠠᠰᠤᠷᠠᠭᠤᠯᠤᠨ ᠠᠪᠴᠤ᠂ ᠶᠡᠷᠦᠩᠬᠡᠶᠢᠯᠡᠨ ᠠᠰᠢᠭᠯᠠᠬᠤ ᠦᠷ᠎ᠡ ᠠᠰᠢᠭ ᠢ ᠳᠣᠪᠣᠶᠢᠯᠭᠠᠪᠠ       ᠣᠷᠳᠣᠰ ᠲᠣᠨ ᠬᠥᠩᠭᠡᠨ ᠴᠠᠭᠠᠨ ᠤ ᠠᠭᠤᠯᠤᠭᠳᠠᠴᠠ ᠪᠠᠷ ᠥᠨᠳᠥᠷ ᠨᠡᠭᠦᠷᠡᠰᠦᠨ ᠤ ᠬᠠᠳᠠᠭᠠᠯᠠᠭᠳᠠᠴᠠ ᠶᠢ 297.2 ᠳ᠋ᠦᠩᠰᠢᠭᠤᠷ ᠬᠠᠶᠢᠨ ᠢᠯᠡᠷᠡᠭᠦᠯᠵᠦ᠂ ᠬᠥᠡᠭᠭᠡᠨ ᠴᠠᠭᠠᠨ ᠲᠠᠢ ᠰᠢᠷᠤᠢ ᠶᠢᠨ ᠬᠥᠳᠡᠷ ᠢᠶᠠᠷ ᠨᠤᠭᠤᠯᠵᠤ ᠪᠣᠳᠣᠪᠠᠯ ᠪᠠᠷᠤᠭ 82 ᠳ᠋ᠦᠩᠰᠢᠭᠤᠷ ᠲᠣᠨ ᠪᠠᠶᠢᠵᠤ᠂ ᠡᠨᠡ ᠨᠢ ᠪᠥᠬᠦ ᠤᠯᠤᠰ ᠤᠨ ᠨᠢᠭᠡᠨᠲᠡ ᠬᠠᠶᠢᠨ ᠢᠯᠡᠷᠡᠭᠦᠯᠦᠭᠰᠡᠨ ᠬᠥᠩᠭᠡᠨ ᠴᠠᠭᠠᠨ ᠲᠠᠢ ᠰᠢᠷᠤᠢ ᠶᠢᠨ ᠬᠥᠲᠡᠷ ᠤᠨ ᠶᠡᠷᠦᠩᠬᠡᠢ ᠬᠠᠳᠠᠭᠠᠯᠠᠭᠳᠠᠴᠠ ︵2013 ᠣᠨ ᠤ ᠵᠢᠯ ᠤᠨ ᠡᠴᠦᠰ ᠤᠨ 40.234 ᠳ᠋ᠦᠩᠰᠢᠭᠤᠷ ᠲᠣᠨ︶ ᠠᠴᠠ ᠬᠤᠯᠠ ᠳᠠᠪᠠᠵᠤ᠂ 2012 ᠣᠨ ᠤ ᠢᠰᠦᠯᠳᠦᠭᠰᠡᠨ ᠬᠥᠩᠭᠡᠨ ᠴᠠᠭᠠᠨ ᠤ ᠭᠠᠷᠤᠯᠲᠠ 3771.6 ᠲᠥᠮᠡᠨ ᠲᠣᠨ ᠢᠶᠠᠷ ᠬᠡᠮᠵᠢᠨ ᠪᠣᠳᠣᠪᠠᠯ᠂ ᠮᠠᠨ  ᠤ ᠤᠯᠤᠰ ᠤᠨ ᠬᠥᠩᠭᠡᠨ ᠴᠠᠭᠠᠨ ᠤ ᠡᠬᠢ ᠪᠠᠶᠠᠯᠢᠭ ᠤᠨ ᠪᠠᠲᠤᠯᠠᠭ᠎ᠠ ᠶᠢᠨ ᠵᠢᠯ ᠬᠤᠭᠤᠴᠠᠭ᠎ᠠ ᠶᠢ 87 ᠵᠢᠯ ᠶᠡᠭᠡ ᠬᠡᠮᠵᠢᠶ᠎ᠡ ᠪᠠᠷ ᠳᠡᠭᠡᠭᠰᠢᠯᠡᠭᠦᠯᠬᠦ ᠪᠣᠯᠣᠨ᠎ᠠ᠃ ᠨᠤᠨᠲᠠᠭ ᠨᠡᠭᠦᠷᠡᠰᠦᠨ ᠤ ᠦᠨᠡᠰᠦᠨ ᠠᠴᠠ ᠢᠰᠦᠯᠳᠦᠭᠰᠡᠨ ᠬᠥᠩᠭᠡᠨ ᠴᠠᠭᠠᠨ ᠢ ᠪᠣᠯᠪᠠᠰᠤᠷᠠᠭᠤᠯᠤᠨ ᠠᠪᠬᠤ ᠶᠠᠪᠤᠳᠠᠯ ᠠᠮᠵᠢᠯᠲᠠ ᠣᠯᠣᠭᠰᠠᠨ ᠨᠢ ᠤᠯᠤᠰ ᠤᠨ ᠲᠣᠲᠣᠭᠠᠳᠤ ᠶᠢᠨ ᠬᠥᠩᠭᠡᠨ ᠴᠠᠭᠠᠨ ᠤ ᠠᠭᠤᠯᠤᠭᠳᠠᠴᠠ ᠪᠠᠷ ᠥᠨᠳᠥᠷ ᠨᠤᠨᠲᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠭᠰᠠᠨ ᠦᠯᠢᠭᠡᠷ ᠵᠢᠱᠢᠶ᠎ᠡ ᠶᠢ ᠨᠡᠬᠡᠬᠡᠵᠦ᠂ ᠤᠯᠤᠰ ᠤᠨ ᠬᠥᠩᠭᠡᠨ ᠴᠠᠭᠠᠨ ᠤ ᠠᠵᠤ ᠦᠢᠯᠡᠳᠪᠦᠷᠢ ᠶᠢᠨ ᠡᠬᠢ ᠪᠠᠶᠠᠯᠢᠭ ᠤᠨ ᠠᠮᠤᠷ ᠲᠥᠪᠰᠢᠨ ᠢ ᠪᠠᠲᠤᠯᠠᠨ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠭᠠᠵᠠᠷ ᠣᠷᠣᠨ ᠤ ᠠᠵᠤ ᠦᠢᠯᠡᠳᠪᠦᠷᠢ ᠶᠢᠨ ᠠᠵᠤ ᠠᠬᠤᠢ ᠶᠢ ᠪᠤᠵᠠᠭᠠᠶᠢᠷᠠᠭᠤᠯᠤᠨ᠂ ᠬᠦᠴᠦᠷᠬᠡᠭᠵᠢᠭᠦᠯᠦᠨ᠂ ᠰᠢᠯᠢᠳᠡᠭᠵᠢᠭᠦᠯᠵᠦ᠂ ᠡᠨᠧᠷᠬᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠲᠦᠯᠬᠢᠨ ᠠᠬᠢᠭᠤᠯᠬᠤ ᠳᠤ ᠪᠤᠳᠠᠲᠣ ᠠᠴᠢ ᠬᠤᠯᠪᠤᠭᠳᠠᠯ  ᠲᠠᠢ ᠶᠤᠮ᠃ ᠨᠤᠨᠲᠠᠭ ᠨᠡᠭᠦᠷᠡᠰᠦᠨ ᠤ ᠦᠨᠡᠰᠦᠨ ᠠᠴᠠ ᠢᠰᠦᠯᠳᠦᠭᠰᠡᠨ ᠬᠥᠩᠭᠡᠨ ᠴᠠᠭᠠᠨ ᠪᠣᠯᠪᠠᠰᠤᠷᠠᠭᠤᠯᠤᠨ ᠠᠪᠬᠤ ᠣᠷᠴᠢᠯ ᠠᠵᠤ ᠠᠬᠤᠢ ᠶᠢᠨ ᠬᠥᠭᠵᠢᠯᠲᠡ ᠨᠢ ᠨᠤᠨᠲᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠬᠤ ᠶᠢ ᠶᠡᠭᠡ ᠬᠡᠪᠴᠢᠶ᠎ᠡ ᠪᠠᠷ ᠥᠷᠨᠢᠭᠦᠯᠬᠦ ᠪᠠᠷ ᠳᠠᠮᠵᠢᠭᠤᠯᠤᠨ᠂ ᠨᠡᠭᠦᠷᠡᠰᠦᠨ ᠤ ᠡᠬᠢ ᠪᠠᠶᠠᠯᠢᠭ ᠢ ᠠᠰᠢᠭᠯᠠᠬᠤ ᠨᠤᠷᠮ᠎ᠠ ᠶᠢ ᠳᠡᠭᠡᠭᠰᠢᠯᠡᠭᠦᠯᠦᠭᠡᠳ᠂ ᠥᠷᠲᠡᠭ ᠨᠢ ᠨᠡᠭᠦᠷᠡᠰᠦᠨ ᠤ ᠲᠤᠰ ᠪᠡᠶ᠎ᠡ ᠶᠢᠨ ᠥᠷᠲᠡᠭ ᠠᠴᠠ ᠬᠤᠯᠠ ᠳᠠᠪᠠᠪᠠ᠃      3. ᠨᠡᠭᠦᠷᠡᠰᠦᠨ ᠠᠴᠠ ᠭᠧᠷᠮᠡᠨ ᠭᠠᠷᠭᠠᠨ ᠠᠪᠴᠤ᠂ ᠡᠬᠢ ᠪᠠᠶᠠᠯᠢᠭ ᠢ ᠠᠰᠢᠭᠯᠠᠬᠤ ᠠᠵᠤ ᠠᠬᠤᠢ ᠶᠢᠨ ᠥᠷᠲᠡᠭ ᠢ ᠳᠡᠭᠡᠭᠰᠢᠯᠡᠭᠦᠯᠪᠡ      ᠭᠧᠷᠮᠡᠨ ᠪᠣᠯ ᠲᠠᠷᠬᠠᠮᠠᠯ ᠬᠤᠪᠣᠷ ᠲᠡᠮᠦᠷᠯᠢᠭ ᠤᠨ ᠨᠢᠭᠡ ᠵᠦᠢᠯ ᠪᠣᠯᠬᠤ ᠪᠥᠭᠡᠳ ᠭᠤᠣᠯᠳᠠᠭᠤ ᠴᠡᠷᠢᠭ ᠤᠨ ᠶᠠᠪᠤᠳᠠᠯ᠂ ᠠᠭᠠᠷ ᠤᠨ ᠲᠡᠭᠡᠭᠡᠪᠦᠷᠢ ᠰᠠᠨᠰᠠᠷ ᠤᠨ ᠠᠶᠠᠯᠠᠯ᠂ ᠭᠡᠷᠡᠯ ᠰᠢᠷᠬᠡᠭ ᠤᠨ ᠬᠤᠯᠪᠤᠭ᠎ᠠ᠂ ᠡᠮᠨᠡᠯᠭᠡ ᠵᠡᠷᠭᠡ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠨ ᠳᠤ ᠬᠡᠷᠡᠭᠯᠡᠭᠳᠡᠵᠦ᠂ ᠤᠯᠤᠰ ᠤᠨ ᠳᠤᠲᠤᠭᠠᠳᠤ ᠭᠠᠳᠠᠭᠠᠳᠤ ᠶᠢᠨ ᠴᠢᠬᠤᠯᠡ ᠪᠠᠶᠢᠯᠳᠤᠬᠤ ᠪᠣᠳᠣᠯᠭ᠎ᠠ ᠶᠢᠨ ᠨᠥᠬᠡᠴᠡᠯᠡᠬᠦ ᠡᠳ᠋ ᠪᠠᠷᠠᠭ᠎ᠠ ᠪᠣᠯᠣᠨ᠎ᠠ᠃ ᠥᠪᠥᠷ ᠮᠣᠩᠭᠤᠯ ᠤᠨ ᠭᠧᠷᠮᠡᠨ ᠤ ᠠᠭᠤᠷᠬᠠᠢ ᠭᠤᠣᠯᠳᠠᠭᠤ ᠰᠢᠯᠢ ᠶᠢᠨ ᠭᠤᠣᠯ ᠠᠶᠢᠮᠠᠭ ᠤᠨ ᠱᠧᠩᠯᠢ ᠨᠡᠭᠦᠷᠡᠰᠦᠨ ᠠᠭᠤᠷᠬᠠᠢ  ᠳᠤ ᠲᠥᠪᠯᠡᠷᠡᠨ ᠲᠠᠷᠬᠠᠵᠤ᠂ ᠭᠧᠷᠮᠠᠨᠲᠤ ᠨᠡᠭᠦᠷᠡᠰᠦᠨ ᠤ ᠭᠧᠷᠮᠡᠨ ᠲᠡᠮᠦᠷᠯᠢᠭ ᠤᠨ ᠠᠭᠤᠯᠤᠭᠳᠠᠴᠠ ᠨᠢ ᠪᠠᠷᠤᠭ 120g/t ᠪᠠᠶᠢᠵᠤ᠂ ᠭᠧᠷᠮᠠᠨᠲᠦ ᠲᠡᠮᠦᠷᠯᠢᠭ ᠤᠨ ᠡᠬᠢ ᠪᠠᠶᠠᠯᠢᠭ ᠤᠨ ᠬᠡᠮᠵᠢᠶ᠎ᠡ ᠶᠢ ᠪᠠᠷᠤᠭ 3500 ᠲᠣᠨ ᠪᠠᠶᠢᠴᠠᠭᠠᠨ ᠢᠯᠡᠷᠡᠭᠦᠯᠵᠦ᠂ ᠪᠥᠬᠦ ᠤᠯᠤᠰ ᠤᠨ ᠪᠠᠶᠢᠭ᠎ᠠ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠶᠢᠨ 40% ᠠᠴᠠ ᠳᠡᠭᠡᠭᠰᠢ ᠶᠢ ᠡᠵᠡᠯᠡᠵᠦ᠂ ᠪᠥᠬᠦ ᠤᠯᠤᠰ ᠲᠤ ᠨᠢᠭᠡᠳᠦᠭᠡᠷ ᠪᠠᠶᠢᠷᠢ ᠳᠤ ᠪᠠᠶᠢᠷᠢᠯᠠᠵᠤ ᠪᠣᠢ᠃ ᠣᠳᠣᠬᠠᠨ ᠳᠤ ᠬᠦᠷᠡᠩ ᠨᠡᠭᠦᠷᠡᠰᠦᠨ ᠤ ᠵᠠᠬ᠎ᠠ ᠳᠡᠯᠭᠡᠭᠦᠷ ᠤᠨ ᠦᠨ᠎ᠡ ᠨᠢ 100 ᠲᠥᠭᠦᠷᠢᠭ / ᠲᠣᠨ ᠣᠷᠴᠢᠮ ᠪᠠᠶᠢᠵᠤ᠂ ᠭᠧᠷᠮᠠᠨᠲᠦ ᠲᠡᠮᠦᠷᠯᠢᠭ ᠤᠨ ᠦᠨ᠎ᠡ ᠨᠢ ᠪᠠᠷᠤᠭ 1300 ᠲᠥᠮᠡᠨ ᠲᠥᠭᠦᠷᠢᠭ / ᠲᠣᠨ ᠪᠣᠢ᠃ ᠨᠢᠭᠡ ᠲᠣᠨ ᠭᠧᠷᠮᠠᠨᠲᠦ ᠨᠡᠭᠦᠷᠡᠰᠦ ᠶᠢ ᠬᠥᠷᠡᠩ ᠨᠡᠭᠦᠷᠡᠰᠦᠨ ᠤ ᠦᠨ᠎ᠡ ᠪᠠᠷ ᠪᠣᠳᠣᠪᠠᠯ ᠵᠦᠪᠬᠡᠨ 100 ᠲᠥᠭᠦᠷᠢᠭ ᠣᠷᠴᠢᠮ ᠪᠠᠶᠢᠵᠤ᠂ ᠭᠧᠷᠮᠠᠨᠲᠦ ᠲᠡᠮᠦᠷᠯᠢᠭ ᠤᠨ ᠦᠨ᠎ᠡ ᠪᠠᠷ ᠪᠣᠳᠣᠪᠠᠯ 1560 ᠲᠥᠭᠦᠷᠢᠭ ᠣᠷᠴᠢᠮ ᠪᠣᠯᠬᠤ ᠪᠥᠭᠡᠳ ᠭᠧᠷᠮᠠᠨᠲᠦ ᠲᠡᠮᠦᠷᠯᠢᠭ ᠤᠨ ᠥᠷᠲᠡᠭ ᠨᠢ ᠬᠥᠷᠡᠩ ᠨᠡᠭᠦᠷᠡᠰᠦ ᠠᠴᠠ ᠬᠤᠯᠠ ᠥᠨᠳᠥᠷ ᠪᠣᠯᠬᠤ ᠪᠣᠯᠣᠨ᠎ᠠ᠃ ᠡᠨᠡ ᠬᠤᠶᠠᠷ ᠢ ᠬᠠᠷᠢᠯᠴᠠᠨ ᠨᠡᠮᠡᠭᠡᠳ ᠶᠡᠷᠦᠩᠬᠡᠶᠢᠯᠡᠨ ᠦᠨ᠎ᠡ ᠪᠣᠳᠣᠪᠠᠯ ᠨᠢᠭᠡ ᠲᠣᠨ ᠭᠧᠷᠮᠠᠨᠲᠦ ᠨᠡᠭᠦᠷᠡᠰᠦ 1660 ᠲᠥᠭᠦᠷᠢᠭ ᠲᠤ ᠬᠦᠷᠴᠦ᠂ ᠶᠡᠷᠦᠩᠬᠡᠶᠢᠯᠡᠨ ᠠᠰᠢᠭᠯᠠᠬᠤ ᠨᠢ ᠠᠭᠤᠷᠬᠠᠢ ᠶᠢᠨ ᠭᠠᠷᠤᠯᠲᠠ ᠶᠢᠨ ᠥᠷᠲᠡᠭ ᠢ ᠶᠡᠬᠡᠬᠡᠨ ᠳᠡᠭᠡᠭᠰᠢᠯᠡᠭᠦᠯᠬᠦ ᠶᠢ ᠣᠯᠵᠤ ᠬᠠᠷᠠᠬᠤ ᠪᠣᠯᠣᠨ᠎ᠠ᠃       ﹇ᠬᠥᠲᠥᠯᠥᠭᠴᠢ﹈ ᠸᠠᠩ ᠲᠢᠩᠬᠢᠮ ᠤᠨ ᠳᠠᠷᠤᠭ᠎ᠠ ᠡ᠂ ᠳᠠᠷᠠᠭᠠᠴᠢ ᠶᠢᠨ ᠠᠯᠬᠤᠮ ᠤᠨ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠠᠵᠢᠯ ᠤᠨ ᠭᠤᠣᠯᠳᠠᠯᠭ᠎ᠠ ᠨᠢ ᠶᠠᠭᠤ ᠪᠣᠢ︖       ﹇ᠸᠠᠩ ᠵᠢᠶᠠᠨ ᠮᠢᠨ﹈ ᠭᠠᠵᠠᠷ ᠣᠷᠣᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠲᠥᠷᠥᠯᠬᠢ ᠣᠨᠴᠠᠯᠢᠭ ᠬᠢᠭᠡᠳ ᠠᠵᠢᠯ ᠤᠨ ᠬᠡᠮᠵᠢᠶ᠎ᠡ ᠶᠢᠨ ᠬᠢᠵᠠᠭᠠᠷᠯᠠᠯ ᠠᠴᠠ ᠪᠣᠯᠵᠤ᠂ ᠮᠠᠨ ᠤ ᠣᠷᠣᠨ ᠡᠬᠢ ᠪᠠᠶᠠᠯᠢᠭ ᠤᠨ ᠯᠣᠲᠣ ᠶᠡᠭᠡ ᠳᠠᠷᠤᠯᠲᠠ ᠳᠤ ᠠᠳᠠᠯᠢᠬᠠᠨ ᠲᠤᠯᠭᠠᠷᠠᠵᠤ ᠪᠣᠢ᠃ ᠲᠠᠰᠤᠷᠠᠯᠲᠠ ᠦᠭᠡᠢ ᠨᠡᠮᠡᠭᠳᠡᠵᠦ ᠪᠠᠶᠢᠭ᠎ᠠ ᠵᠠᠬ᠎ᠠ ᠳᠡᠯᠭᠡᠭᠦᠷ ᠤᠨ ᠬᠡᠷᠡᠭᠴᠡᠭᠡ᠂ ︽ᠤᠯᠤᠰ ᠤᠨ ᠳᠣᠲᠣᠭᠠᠳᠤ ᠳᠠᠭᠠᠨ ᠰᠠᠭᠤᠷᠢᠯᠠᠭᠰᠠᠨ ᠡᠬᠢ ᠪᠠᠶᠠᠯᠢᠭ ᠤᠨ ᠬᠠᠩᠭᠠᠯᠭ᠎ᠠ ᠶᠢ ᠪᠠᠲᠤᠯᠠᠬᠤ︾ ᠪᠠ ᠠᠭᠤᠷᠬᠠᠢ ᠶᠢᠨ ᠦᠢᠯᠡᠰ ᠤᠨ ᠤᠷᠲᠤ ᠬᠤᠭᠤᠴᠠᠭᠠᠨ ᠤ ᠡᠷᠡᠭᠦᠯ ᠢᠶᠠᠷ ᠬᠥᠭᠵᠢᠬᠦ ᠵᠢᠴᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠱᠠᠭᠠᠷᠳᠠᠯᠭ᠎ᠠ ᠳᠤ ᠬᠠᠨᠳᠤᠭᠤᠯᠪᠠᠯ᠂ ᠪᠢᠳᠠ ᠪᠠᠰᠠ ᠮᠠᠰᠢ ᠠᠷᠪᠢᠨ ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠠᠶᠢᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠨᠢ ᠮᠦᠨᠬᠦ ᠬᠤᠶᠢᠰᠢᠲᠠ ᠶᠢᠨ ᠡᠷᠬᠡᠪᠰᠢ ᠤᠷᠲᠤ ᠬᠤᠭᠤᠴᠠᠭ᠎ᠠ ᠪᠠᠷ ᠪᠠᠷᠢᠮᠲᠠᠯᠠᠬᠤ ᠴᠢᠭᠯᠡᠯ ᠪᠣᠯᠬᠤ ᠲᠤᠯᠠ᠂ ᠳᠣᠣᠷᠠᠬᠢ ᠬᠡᠳᠦᠨ ᠲᠠᠯ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠪᠠᠶᠢᠨ᠎ᠠ᠃      ︵ᠨᠢᠭᠡ︶ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠶᠡᠷᠦᠩᠬᠡᠶᠢᠯᠡᠨ ᠬᠠᠶᠢᠨ ᠪᠠᠶᠢᠴᠠᠭᠠᠬᠤ ᠪᠠ ᠶᠡᠷᠦᠩᠬᠡᠶᠢᠯᠡᠨ ᠦᠨᠡᠯᠡᠬᠦ ᠶᠠᠪᠤᠳᠠᠯ ᠢ ᠴᠢᠩᠭᠠᠳᠬᠠᠨ᠎ᠠ      ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠶᠡᠷᠦᠩᠬᠡᠶᠢᠯᠡᠨ ᠬᠠᠶᠢᠨ ᠪᠠᠶᠢᠴᠠᠭᠠᠬᠤ ᠪᠠ ᠶᠡᠷᠦᠩᠬᠡᠶᠢᠯᠡᠨ ᠦᠨᠡᠯᠡᠬᠦ ᠠᠵᠢᠯ ᠪᠣᠯ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢᠨ ᠣᠷᠢᠳᠡᠴᠢ ᠨᠥᠬᠦᠴᠡᠯ ᠪᠠ ᠰᠠᠭᠤᠷᠢ ᠪᠣᠯᠬᠤ ᠲᠤᠯᠠ᠂ ᠵᠦᠪᠬᠡᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠶᠠᠪᠤᠴᠠ ᠳᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠵᠢᠴᠢ ᠬᠠᠮᠳᠤ ᠭᠠᠷᠬᠤ ᠪᠠ ᠲᠠᠭᠠᠯᠳᠤᠨ ᠭᠠᠷᠬᠤ ᠬᠦᠳᠡᠷ ᠤᠨ ᠠᠭᠤᠷᠬᠠᠢ ᠶᠢᠨ ᠲᠥᠷᠥᠯᠬᠢ ᠣᠨᠴᠠᠯᠢᠭ᠂ ᠦᠯᠡᠳᠡᠭᠳᠡᠯ ᠬᠦᠳᠡᠷ ᠢ ᠰᠢᠯᠢᠨ ᠬᠠᠶᠢᠯᠤᠭᠤᠯᠬᠤ ᠴᠢᠳᠠᠪᠬᠢ᠂ ᠨᠡᠬᠡᠬᠡᠨ ᠮᠠᠯᠲᠠᠬᠤ ᠮᠡᠷᠭᠡᠵᠢᠯ ᠤᠨ ᠨᠥᠬᠦᠴᠡᠯ ᠤᠨ ᠪᠠᠶᠢᠳᠠᠯ ᠢ ᠨᠠᠷᠢᠨ ᠲᠣᠳᠣᠷᠬᠠᠢ ᠪᠠᠶᠢᠴᠠᠭᠠᠨ ᠣᠶᠢᠯᠠᠭᠠᠪᠠᠯ ᠰᠠᠶ᠋ᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠶᠢ ᠪᠡᠶᠡᠯᠡᠭᠦᠯᠵᠦ᠂ ᠰᠠᠶ᠋ᠢ ᠬᠦᠳᠡᠷ ᠤᠨ ᠬᠡᠪᠲᠡᠰᠢ ᠶᠢᠨ ᠠᠵᠤ ᠠᠬᠤᠢ ᠶᠢᠨ ᠥᠷᠲᠡᠭ ᠪᠠ ᠨᠡᠶᠢᠭᠡᠮ ᠤᠨ ᠥᠷᠲᠡᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠵᠤ ᠴᠢᠳᠠᠨ᠎ᠠ᠃       ︵ᠬᠤᠶᠠᠷ︶ ᠲᠡᠷᠢᠭᠦᠨ ᠤ ᠬᠡᠷᠡᠭᠯᠡᠭᠡᠨ ᠤ ᠮᠡᠷᠭᠡᠵᠢᠯ ᠬᠢᠭᠡᠳ ᠲᠣᠨᠤᠭ ᠲᠥᠬᠦᠭᠡᠷᠦᠮᠵᠢ ᠶᠢ ᠶᠡᠬᠡᠪᠡᠷ ᠲᠣᠯᠢᠳᠠᠨ ᠳᠡᠯᠭᠡᠷᠡᠭᠦᠯᠵᠦ᠂ ᠬᠥᠳᠡᠷ ᠰᠢᠯᠢᠬᠦ ᠲᠠᠯ᠎ᠠ ᠪᠠᠷ ᠰᠢᠨᠵᠢᠯᠡᠬᠦ ᠣᠬᠠᠭᠠᠨᠴᠢ ᠪᠥᠭᠡᠳ ᠪᠦᠷᠢᠨ ᠲᠡᠭᠦᠯᠳᠡᠷ ᠮᠠᠯᠲᠠᠬᠤ ᠰᠢᠯᠢᠬᠦ ᠮᠡᠷᠭᠡᠵᠢᠯ ᠤᠨ ᠤᠷᠠᠨ ᠲᠠᠷᠬ᠎ᠠ ᠶᠢᠨ ᠴᠣᠪᠣᠷᠠᠯ ᠤᠳ ᠴᠣᠯᠭᠤᠷᠠᠨ ᠭᠠᠷᠴᠤ᠂ ᠠᠭᠤᠷᠬᠠᠢ ᠶᠢᠨ ᠠᠵᠤ ᠠᠬᠤᠶᠢᠯᠠᠯ ᠤᠨ ᠪᠤᠳᠠᠳᠣ  ᠦᠢᠯᠡᠳᠪᠦᠷᠢᠯᠡᠯ ᠳᠠᠬᠢ ︽ᠭᠤᠷᠪᠠᠨ ᠨᠤᠷᠮ᠎ᠠ︾ ᠶᠢᠨ ᠭᠦᠢᠴᠡᠳᠬᠡᠬᠦ ᠲᠤᠭ᠎ᠠ ᠶᠢ ᠪᠥᠲᠦᠮᠵᠢᠲᠡᠢ ᠳᠡᠭᠡᠭᠰᠢᠯᠡᠭᠦᠯᠪᠡ᠃ ᠢᠯᠠᠩᠭᠤᠶ᠎ᠡ ᠴᠢᠨᠠᠷ ᠳᠡᠰ ᠨᠢ ᠳᠣᠣᠷ᠎ᠠ᠂ ᠰᠢᠯᠢᠵᠦ ᠬᠠᠶᠢᠯᠤᠭᠤᠯᠬᠤ ᠳᠤ ᠬᠦᠴᠢᠷ  ᠲᠠᠢ ᠵᠠᠷᠢᠮ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠵᠢᠴᠢ ᠠᠭᠤᠷᠬᠠᠢ ᠶᠢᠨ ᠬᠠᠶᠠᠭᠳᠠᠮᠠᠯ ᠪᠤᠳᠠᠰ ᠢ ᠡᠭᠡᠭᠦᠯᠦᠨ ᠬᠤᠷᠢᠶᠠᠬᠤ ᠳᠤ ᠲᠤᠰᠬᠠᠶᠢᠯᠠᠨ ᠬᠠᠨᠳᠤᠭᠤᠯᠤᠭᠰᠠᠨ ᠰᠢᠨ᠎ᠡ ᠤᠷᠠᠨ ᠲᠠᠷᠬ᠎ᠠ᠂ ᠰᠢᠨ᠎ᠡ ᠠᠷᠭ᠎ᠠ ᠶᠢ ᠳᠡᠯᠭᠡᠷᠡᠭᠦᠯᠦᠨ ᠲᠣᠯᠢᠯᠠᠭᠤᠯᠤᠭᠤᠰᠢᠲᠠᠢ ᠪᠠᠶᠢᠨ᠎ᠠ᠃       ︽ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠶᠢ ᠵᠣᠷᠢᠭᠵᠢᠭᠤᠯᠬᠤ᠂ ᠬᠢᠵᠠᠭᠠᠷᠯᠠᠬᠤ ᠪᠠ ᠰᠢᠭᠰᠢᠭᠳᠡᠭᠦᠯᠬᠦ ᠮᠡᠷᠭᠡᠵᠢᠯ ᠤᠨ ᠭᠠᠷᠴᠠᠭ︾ ᠢ ᠥᠷᠭᠦᠯᠵᠢᠯᠡᠨ ᠴᠢᠩᠭ᠎ᠠ ᠬᠡᠷᠡᠭᠵᠢᠭᠦᠯᠵᠦ᠂ ᠠᠶᠤᠯ ᠦᠭᠡᠢ ᠥᠨᠳᠥᠷ ᠦᠷ᠎ᠡ ᠪᠥᠲᠥᠮᠵᠢᠲᠠᠢ ᠠᠭᠤᠷᠬᠠᠢ ᠮᠠᠯᠲᠠᠬᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠥᠨᠳᠥᠷ ᠦᠷ᠎ᠡ ᠪᠥᠲᠥᠮᠵᠢᠲᠡᠢ ᠠᠰᠢᠭᠯᠠᠬᠤ᠂ ᠦᠯᠡᠳᠡᠭᠳᠡᠯ ᠬᠦᠳᠡᠷ ᠬᠢᠭᠡᠳ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ᠂ ᠠᠭᠤᠷᠬᠠᠢ ᠶᠢᠨ ᠣᠷᠴᠢᠨ ᠲᠣᠭᠤᠷᠢᠨ ᠢ ᠵᠠᠰᠠᠵᠤ ᠰᠡᠷᠭᠦᠭᠡᠬᠦ ᠵᠡᠷᠭᠡ ᠮᠡᠷᠭᠡᠵᠢᠯ ᠢ ᠪᠥᠬᠦ ᠲᠠᠯ᠎ᠠ ᠪᠠᠷ ᠳᠡᠯᠭᠡᠷᠡᠭᠦᠯᠦᠨ᠂ ᠠᠭᠤᠷᠬᠠᠢ ᠶᠢᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠡᠨᠧᠷᠭᠢ ᠶᠢᠨ ᠠᠭᠤᠷᠬᠠᠢ ᠶᠢᠨ ᠭᠠᠷᠤᠯᠲᠠ᠂ ᠬᠠᠷ᠎ᠠ ᠲᠡᠮᠦᠷᠯᠢᠭ᠂ ᠥᠩᠭᠡᠲᠦ ᠲᠡᠮᠦᠷᠯᠢᠭ᠂ ᠲᠡᠮᠦᠷᠯᠢᠭ ᠪᠣᠰᠤ᠂ ᠠᠭᠤᠷᠬᠠᠢ ᠶᠢᠨ ᠦᠯᠡᠳᠡᠭᠳᠡᠯ ᠬᠦᠳᠡᠷ ᠪᠠ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠡᠷᠭᠡ ᠲᠠᠯ᠎ᠠ ᠪᠠᠷ ᠲᠡᠷᠢᠭᠦᠨ ᠤ ᠮᠡᠷᠭᠡᠵᠢᠯ᠂ ᠤᠷᠠᠨ ᠲᠠᠷᠬ᠎ᠠ ᠪᠠ ᠲᠣᠨᠤᠭ ᠲᠥᠬᠦᠭᠡᠷᠦᠮᠵᠢ ᠶᠢ ᠢᠳᠡᠪᠬᠢᠲᠡᠢ ᠬᠡᠷᠡᠭᠯᠡᠵᠦ᠂ ᠬᠤᠴᠣᠷᠣᠩᠭᠤᠢ ᠮᠡᠷᠭᠡᠵᠢᠯ ᠲᠣᠨᠤᠭ ᠲᠥᠬᠦᠭᠡᠷᠦᠮᠵᠢ ᠪᠣᠯᠣᠨ ᠬᠤᠴᠤᠷᠤᠩᠭᠤᠢ ᠦᠢᠯᠡᠳᠪᠦᠷᠢᠯᠡᠬᠦ ᠴᠢᠳᠠᠪᠤᠷᠢ ᠶᠢ ᠰᠢᠯᠢᠭᠳᠡᠭᠦᠯᠦᠨ᠂ ᠠᠭᠤᠷᠬᠠᠢ ᠶᠢᠨ ᠠᠵᠤ ᠠᠬᠤᠶᠢᠯᠠᠯ ᠢ ᠵᠣᠷᠢᠭᠵᠢᠭᠤᠯᠤᠨ ︽ᠭᠤᠷᠪᠠᠨ ᠨᠤᠷᠮ᠎ᠠ︾ ᠶᠢᠨ ᠬᠢᠷᠢ ᠬᠡᠮᠵᠢᠶ᠎ᠡ ᠶᠢ ᠳᠡᠭᠡᠭᠰᠢᠯᠡᠬᠦ ᠪᠠᠷ ᠭᠤᠣᠯᠳᠠᠯᠭ᠎ᠠ ᠪᠣᠯᠭᠠᠨ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠬᠡᠬᠡᠨ ᠮᠠᠯᠲᠠᠬᠤ ᠪᠠ ᠬᠥᠳᠡᠷ ᠰᠢᠯᠢᠬᠦ ᠮᠡᠷᠭᠡᠵᠢᠯ ᠤᠨ ᠪᠥᠬᠦᠯᠢ ᠴᠤᠭᠴᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠦᠷᠢᠶᠡᠨ ᠤ ᠡᠨᠧᠷᠬᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠠᠷᠪᠢᠯᠠᠬᠤ ᠬᠢᠭᠡᠳ ᠶᠡᠷᠦᠩᠬᠡᠶᠢᠯᠡᠨ ᠠᠰᠢᠭᠯᠠᠬᠤ ᠶᠢ ᠠᠬᠢᠭᠤᠯᠤᠨ᠎ᠠ᠃      ︵ᠭᠤᠷᠪᠡ︶ ᠶᠡᠷᠦᠩᠬᠡᠢ ᠠᠰᠢᠭᠯᠠᠬᠤ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ  ᠪᠥᠲᠦᠭᠡᠨ ᠪᠠᠶᠢᠭᠤᠯᠬᠤ‌‍ᠪᠠ ᠵᠢᠱᠢᠶ᠎ᠡ ᠦᠵᠡᠭᠦᠯᠬᠦ ᠢᠨᠵᠧᠨᠧᠷᠢᠩ ᠢ ᠲᠦᠯᠬᠢᠨ ᠠᠬᠢᠭᠤᠯᠤᠨ᠎ᠠ      ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠲᠤᠰᠬᠠᠢ ᠵᠦᠢᠯ ᠢ ᠥᠷᠭᠦᠯᠵᠢᠯᠡᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠠᠶ᠋ᠬᠠᠤᠪᠤᠭ᠎ᠠ ᠶᠢᠨ ᠲᠡᠮᠦᠷ᠂ ᠨᠢᠣᠪᠢ᠂ ᠬᠤᠪᠣᠷ ᠰᠢᠷᠤᠢ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠭᠰᠠᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠ ᠵᠡᠭᠦᠨᠭᠠᠷ ᠤᠨ ᠨᠡᠭᠦᠷᠡᠰᠦ᠂ ᠭᠤᠣᠯᠢᠩ ᠰᠢᠷᠤᠢ ᠶᠢ ᠶᠡᠷᠦᠩᠬᠡᠶᠢᠯᠡᠨ ᠠᠰᠢᠭᠯᠠᠭᠰᠠᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠵᠡᠷᠭᠡ ᠲᠥᠷᠥᠯ ᠵᠦᠢᠯ ᠤᠨ ᠲᠡᠷᠢᠭᠦᠨ ᠤ ᠲᠤᠷᠰᠢᠯᠭ᠎ᠠ ᠪᠣᠯᠣᠨ ᠰᠢᠨ᠎ᠡ ᠶᠢ ᠡᠭᠦᠳᠬᠦ ᠠᠵᠢᠯ ᠤᠨ ᠰᠡᠳᠬᠢᠮᠵᠢ ᠶᠢ ᠥᠨᠳᠥᠷ ᠦᠷ᠎ᠡ ᠪᠥᠲᠥᠮᠵᠢᠲᠡᠢ᠂ ᠪᠣᠬᠢᠷᠳᠤᠯ ᠦᠭᠡᠢ᠂ ᠠᠶᠤᠯ ᠦᠭᠡᠢ᠂ ᠣᠷᠴᠢᠨ ᠲᠤᠭᠤᠷᠢᠨ ᠢ ᠬᠠᠮᠠᠭᠠᠯᠠᠭᠰᠠᠨ ᠲᠡᠷᠢᠭᠦᠨ ᠤ ᠨᠡᠶᠢᠲᠡᠯᠢᠭ ᠵᠢᠱᠢᠶ᠎ᠡ ᠪᠣᠯᠭᠠᠵᠤ᠂ ᠴᠢᠭ᠋ ᠢᠶᠠᠷ ᠨᠡᠶᠢᠳᠡᠮ ᠢ ᠳᠠᠶᠢᠴᠢᠯᠠᠨ᠂ ᠲᠡᠷᠢᠭᠦᠨ ᠤ ᠬᠡᠷᠡᠭᠯᠡᠭᠡᠨ ᠤ ᠮᠡᠷᠭᠡᠵᠢᠯ ᠪᠠ ᠰᠢᠨᠵᠢᠯᠡᠬᠦ ᠣᠬᠠᠭᠠᠨᠴᠢ ᠬᠠᠮᠢᠶᠠᠷᠤᠯᠲᠠ ᠶᠢᠨ ᠵᠠᠭᠪᠤᠷ ᠢ ᠳᠡᠯᠭᠡᠷᠡᠭᠦᠯᠵᠦ᠂ ᠪᠥᠬᠦ ᠣᠷᠣᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠶᠢᠨ ᠪᠥᠬᠦ ᠲᠠᠯ᠎ᠠ ᠪᠠᠷ ᠳᠡᠭᠡᠭᠰᠢᠯᠡᠬᠦ ᠶᠢ ᠬᠥᠲᠥᠯᠦᠨ ᠳᠠᠭᠠᠭᠤᠯᠵᠤ ᠳᠠᠶᠢᠴᠢᠯᠠᠨ᠎ᠠ᠃      ︵ᠳᠥᠷᠪᠡ︶ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠣᠷᠲᠣ ᠬᠤᠭᠤᠴᠠᠭᠠᠨ ᠤ ᠦᠷ᠎ᠡ ᠪᠥᠲᠥᠮᠵᠢᠲᠡᠢ ᠲᠣᠭᠲᠠᠴᠠ ᠶᠢ ᠲᠥᠷᠭᠡᠳᠬᠡᠨ ᠪᠠᠶᠢᠭᠤᠯᠤᠨ᠎ᠠ      ᠠᠭᠤᠷᠬᠠᠢ ᠶᠢᠨ ᠠᠵᠤ ᠠᠬᠤᠶᠢᠯᠠᠯ ᠤᠨ ᠣᠨ ᠤ ᠪᠠᠶᠢᠴᠠᠭᠠᠬᠤ ᠳᠦᠷᠢᠮ ᠢ ᠬᠢᠨᠠᠮᠠᠭᠠᠢ ᠬᠡᠷᠡᠭᠵᠢᠭᠦᠯᠵᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠶᠢᠨ ᠬᠢᠨᠠᠨ ᠬᠠᠮᠢᠶᠠᠷᠬᠤ ᠪᠠ ᠰᠢᠯᠭᠠᠨ ᠬᠢᠨᠠᠬᠤ ᠶᠢ ᠴᠢᠩᠭᠠᠷᠠᠭᠤᠯᠤᠨ᠂ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠲᠥᠰᠥᠯ ᠢ ᠪᠥᠲᠥᠮᠵᠢᠲᠡᠢ ᠬᠡᠷᠡᠭᠵᠢᠭᠦᠯᠬᠦ ᠶᠢ ᠦᠨᠡᠨᠬᠦ ᠪᠠᠲᠤᠯᠠᠨ᠎ᠠ᠃ ᠬᠠᠳᠠᠭᠠᠯᠠᠭᠳᠠᠴᠠ ᠶᠢ ᠬᠥᠳᠡᠯᠦᠩᠭᠦᠢ ᠬᠢᠨᠠᠨ ᠬᠡᠮᠵᠢᠬᠦ᠂ ᠨᠡᠬᠡᠬᠡᠨ ᠠᠰᠢᠭᠯᠠᠵᠤ ᠪᠠᠶᠢᠭ᠎ᠠ ᠲᠤᠭ᠎ᠠ ᠪᠦᠷᠢᠳᠬᠡᠯ ᠤᠨ ᠣᠨ ᠤ ᠮᠡᠳᠡᠭᠦᠯᠬᠦ ᠪᠠ ᠨᠡᠬᠡᠬᠡᠨ ᠠᠰᠢᠭᠯᠠᠬᠤ ᠲᠥᠰᠥᠯ ᠢ ᠬᠢᠨᠠᠨ ᠪᠠᠶᠢᠴᠠᠭᠠᠬᠤ ᠶᠢ ᠴᠢᠩᠭᠠᠳᠬᠠᠨ᠂ ᠵᠦᠪᠰᠢᠶᠡᠷᠡᠭᠰᠡᠨ ᠨᠡᠬᠡᠬᠡᠨ ᠠᠰᠢᠭᠯᠠᠬᠤ ᠲᠥᠰᠥᠯ ᠪᠣᠶᠤ ᠠᠭᠤᠷᠬᠠᠢ ᠶᠢᠨ ᠵᠢᠷᠤᠭ ᠲᠥᠯᠥᠪᠯᠡᠭᠡ ᠶᠢᠨ ᠶᠣᠰᠤᠭᠠᠷ ᠨᠡᠬᠡᠬᠡᠨ ᠮᠠᠯᠲᠠᠭᠰᠠᠨ ᠦᠭᠡᠢ᠂ ᠡᠰᠡᠭᠦᠯ᠎ᠠ ᠨᠡᠬᠡᠬᠡᠨ ᠮᠠᠯᠲᠠᠬᠤ ᠶᠢᠨ ᠳᠠᠬᠢᠵᠤ ᠮᠠᠯᠲᠠᠬᠤ ᠨᠤᠷᠮ᠎ᠠ ᠨᠢ ᠵᠢᠷᠤᠭᠯᠠᠨ ᠲᠥᠯᠥᠪᠯᠡᠭᠰᠡᠨ ᠱᠠᠭᠠᠷᠳᠠᠯᠭ᠎ᠠ ᠳᠤ ᠬᠦᠷᠴᠦ ᠦᠭᠡᠢ ᠶᠢᠨ ᠦᠢᠯᠡᠳᠪᠦᠷᠢᠯᠡᠯ ᠢ ᠨᠢ ᠵᠠᠷᠯᠢᠭᠳᠠᠨ ᠵᠣᠭᠰᠤᠭᠠᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭ᠎ᠠ ᠮᠥᠨ ᠬᠦ ᠱᠠᠭᠠᠷᠳᠠᠯᠭ᠎ᠠ ᠳᠤ ᠬᠦᠷᠬᠦ ᠦᠭᠡᠢ ᠪᠣᠯ ᠡᠷᠡᠰ ᠬᠠᠭᠠᠨ᠎ᠠ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠬᠡᠬᠡᠨ ᠠᠰᠢᠭᠯᠠᠬᠤ ᠶᠢᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠣᠯᠠᠨ ᠱᠠᠲᠤᠨ ᠤ ᠬᠢᠨ ᠬᠠᠮᠲᠤᠷᠠᠭᠰᠠᠨ ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠵᠤ᠂ ᠦᠨᠳᠦᠰᠦᠨ ᠱᠠᠲᠤᠨ ᠤ ᠬᠢᠨᠠᠨ ᠬᠠᠮᠢᠶᠠᠷᠬᠤ ᠵᠣᠬᠢᠶᠠᠨ ᠪᠠᠶᠢᠭᠤᠯᠤᠯᠲᠠ ᠶᠢᠨ ᠪᠡᠯᠡ ᠮᠥᠩᠭᠦ᠂ ᠠᠵᠢᠯᠲᠠᠨ ᠪᠠ ᠮᠡᠷᠭᠡᠵᠢᠯ ᠤᠨ ᠣᠷᠤᠭᠤᠯᠤᠯᠲᠠ ᠶᠢ ᠨᠡᠮᠡᠭᠳᠡᠭᠦᠯᠵᠦ᠂ ᠬᠢᠨᠠᠨ ᠬᠠᠮᠢᠶᠠᠷᠬᠤ ᠡᠭᠦᠷᠭᠡ ᠶᠢᠨ ᠬᠠᠷᠢᠭᠤᠴᠠᠯᠭ᠎ᠠ ᠶᠢ ᠬᠥᠮᠦᠨ ᠳᠤᠨᠢ ᠬᠦᠷᠦᠭᠦᠯᠬᠦ᠂ ᠬᠢᠨᠠᠨ ᠬᠠᠮᠢᠶᠠᠷᠬᠤ ᠶᠢ ᠠᠭᠤᠷᠬᠠᠢ ᠳᠤ ᠬᠦᠷᠦᠭᠦᠯᠬᠦ ᠶᠢ ᠬᠡᠷᠡᠭᠵᠢᠭᠦᠯᠦᠨ᠎ᠡ᠃       ﹇ᠬᠥᠲᠥᠯᠥᠭᠴᠢ﹈ ᠸᠠᠩ ᠲᠢᠩᠬᠢᠮ ᠤᠨ ᠳᠠᠷᠤᠭ᠎ᠠ ᠶᠢᠨ ᠬᠠᠯᠠᠰᠢᠷᠠᠯ ᠦᠭᠡᠢ ᠬᠠᠷᠢᠭᠤᠯᠤᠭᠰᠠᠨ ᠳᠤ ᠲᠠᠯᠠᠷᠬᠠᠵᠦ ᠪᠠᠶᠢᠬᠤ ᠶᠢᠨ ᠵᠡᠷᠭᠡᠴᠡᠪᠡᠷ ᠰᠦᠯᠵᠢᠶᠡᠨ ᠠᠨᠳᠠ ᠨᠠᠷ ᠤᠨ ᠢᠳᠡᠪᠬᠢᠲᠠᠢ ᠣᠷᠣᠯᠴᠠᠭᠰᠠᠨ ᠳᠤ ᠲᠠᠯᠠᠷᠬᠠᠵᠦ ᠪᠠᠶᠢᠨ᠎ᠠ᠂ ᠦᠨᠥᠳᠥᠷ ᠤᠨ ᠰᠣᠷᠪᠤᠯᠵᠢᠯᠠᠭ᠎ᠠ ᠠᠳᠡ ᠬᠦᠷᠥᠭᠡᠳ ᠲᠡᠭᠦᠰᠪᠡ᠂ ᠳᠠᠷᠠᠭᠠᠴᠢ ᠶᠢᠨ ᠫᠷᠤᠭ᠍ᠷᠠᠮ ᠳᠤ ᠵᠣᠯᠭᠠᠶ᠎ᠠ︕
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号