ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠲᠣᠮᠣ ᠬᠡᠦᠭᠡᠳ ᠤᠨ ᠨᠣᠮ ᠤᠨ ᠰᠠᠩ ᠪᠠᠷᠢᠯᠭ᠎ᠠ ᠳᠠᠭᠤᠰᠴᠤ᠂ 7 ᠳ᠋ᠤᠭᠠᠷ ᠰᠠᠷ᠎ᠠ ᠳᠤ ᠨᠡᠭᠡᠭᠡᠬᠦ ᠪᠠᠷ ᠲᠥᠯᠥᠪᠯᠡᠵᠦ ᠪᠠᠶᠢᠨ᠎ᠠ
ᠨᠡᠶᠢᠲᠡᠯᠡᠭᠰᠡᠨ ᠴᠠᠭ᠄
2015/6/5
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠯᠠᠪᠠᠢ ᠪᠠᠷ ᠬᠠᠮᠤᠭ ᠤᠨ ᠶᠡᠭᠡ ᠬᠡᠦᠭᠡᠳ ᠎ ᠤᠨ ᠨᠣᠮ ᠤᠨ ᠰᠠᠩ —— ᠥᠪᠥᠷ ᠮᠣᠩᠭᠤᠯ ᠤᠨ ᠬᠡᠦᠭᠡᠳ ᠤᠨ ᠨᠣᠮ ᠤᠨ ᠰᠠᠩ ᠪᠠᠷᠢᠯᠭ᠎ᠠ ᠳᠠᠭᠤᠰᠴᠤ᠂ 7 ᠳ᠋ᠤᠭᠠᠷ ᠰᠠᠷ᠎ᠠ ᠳᠤ ᠠᠰᠢᠭᠯᠠᠯᠲᠠ ᠳᠤ ᠣᠷᠣᠭᠤᠯᠤᠨ ᠬᠡᠷᠡᠭᠯᠡᠬᠦ ᠪᠠᠷ ᠲᠥᠯᠥᠪᠯᠡᠵᠦ ᠪᠤᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠣᠮ ᠤᠨ ᠰᠠᠩ ᠤᠨ ᠠᠯᠪᠠᠨ ᠭᠡᠷ ᠤᠨ ᠡᠷᠬᠢᠯᠡᠭᠴᠢ ᠯᠢᠤ ᠰᠢᠶᠤᠤ ᠹᠧᠩ ᠤᠨ ᠲᠠᠨᠢᠯᠴᠠᠭᠤᠯᠤᠭᠰᠠᠨ ᠢᠶᠠᠷ᠂ 2014 ᠣᠨ ᠤ 9 ᠳ᠋ᠦ᠋ᠭᠡᠷ ᠰᠠᠷ᠎ᠠ ᠳᠤ᠂ ᠥᠪᠥᠷ ᠮᠣᠩᠭᠤᠯ ᠤᠨ ᠬᠡᠦᠭᠡᠳ ᠤᠨ ᠨᠣᠮ ᠤᠨ ᠰᠠᠩ ᠢ ᠤᠤᠯ ᠤᠨ ᠪᠠᠶᠢᠭᠰᠠᠨ ᠰᠠᠭᠤᠷᠢᠨ ᠳᠡᠭᠡᠷ᠎ᠡ ᠨᠢ ᠥᠷᠭᠡᠳᠬᠡᠨ ᠪᠠᠶᠢᠭᠤᠯᠵᠤ᠂ ᠤᠤᠯ ᠤᠨ 600 ᠲᠡᠭᠰᠢ ᠳᠥᠷᠪᠡᠯᠵᠢᠨ ᠮᠧᠲᠷ ᠪᠠᠶᠢᠭᠰᠠᠨ ᠠᠴᠠ ᠨᠢ ᠣᠳᠣᠬᠠᠨ ᠤ 3000 ᠲᠡᠭᠰᠢ ᠳᠥᠷᠪᠡᠯᠵᠢᠨ ᠮᠧᠲᠷ ᠪᠣᠯᠲᠠᠯ᠎ᠠ ᠥᠷᠭᠡᠳᠬᠡᠨ ᠪᠠᠶᠢᠭᠤᠯᠤᠭᠠᠳ᠂ ᠨᠣᠮ ᠤᠨ ᠰᠠᠩ ᠳᠤ 7 ᠲᠦᠮᠡᠨ ᠳᠡᠪᠲᠡᠷ ᠣᠷᠴᠢᠮ ᠨᠣᠮ ᠬᠠᠳᠠᠭᠠᠯᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠯᠠᠪᠠᠢ ᠪᠠᠷ ᠬᠠᠮᠤᠭ ᠤᠨ ᠲᠣᠮᠣ ᠬᠡᠦᠭᠡᠳ ᠤᠨ ᠨᠣᠮ ᠤᠨ ᠰᠠᠩ ᠪᠣᠯᠣᠨ᠎ᠠ᠃ ᠡᠨᠡ ᠵᠢᠯ ᠤᠨ 7 ᠳ᠋ᠤᠭᠠᠷ ᠰᠠᠷ᠎ᠠ ᠶᠢᠨ ᠳᠤᠮᠳᠠᠴᠢ ᠪᠠᠷ᠂ ᠥᠪᠥᠷ ᠮᠣᠩᠭᠤᠯ ᠤᠨ ᠬᠡᠦᠭᠡᠳ ᠤᠨ ᠨᠣᠮ ᠤᠨ ᠰᠠᠩ ᠴᠣ ᠰᠢᠨ᠎ᠡ ᠳᠥᠷᠬᠦ ᠪᠠᠷ ᠨᠡᠶᠢᠭᠡᠮ ᠨᠡᠶᠢᠲᠡ ᠳᠤ ᠨᠡᠭᠡᠭᠡᠭᠳᠡᠬᠦ ᠪᠣᠯᠣᠨ᠎ᠠ᠃ ᠥᠷᠭᠡᠳᠬᠡᠨ ᠪᠠᠶᠢᠭᠤᠯᠬᠤ ᠠᠴᠠ ᠡᠮᠦᠨᠡᠬᠢ ᠯᠦᠭᠡ ᠠᠳᠠᠯᠢ ᠪᠤᠰᠤ ᠨᠢ ᠭᠡᠪᠡᠯ᠂ ᠰᠢᠨ᠎ᠡ ᠥᠪᠥᠷ ᠮᠣᠩᠭᠤᠯ ᠤᠨ ᠬᠡᠦᠬᠡᠳ ᠤᠨ ᠨᠣᠮ ᠤᠨ ᠰᠠᠩ ᠨᠢ ᠮᠣᠩᠭᠤᠯ ᠬᠢᠲᠠᠳ ᠬᠡᠯᠡᠨ ᠤ ᠨᠣᠮ ᠵᠢᠭᠡᠯᠡᠵᠦ ᠦᠵᠡᠬᠦ ᠲᠣᠭᠤᠷᠢᠭ ᠭᠠᠷᠭᠠᠭᠰᠠᠨ ᠠᠴᠠ ᠭᠠᠳᠠᠨ᠎ᠠ᠂ ᠪᠠᠰᠠ ᠤᠷ᠎ᠠ ᠠᠪᠢᠶᠠᠰ ᠤᠨ ᠬᠥᠳᠡᠯᠭᠡᠭᠡᠨ ᠤ ᠲᠣᠭᠤᠷᠢᠭ᠂ ᠵᠢᠵᠢᠭᠬᠡᠨ ᠨᠡᠶᠢᠭᠡᠮ ᠲᠣᠭᠤᠷᠢᠭ᠂ ᠡᠴᠢᠭᠡ ᠡᠬᠡ ᠦᠷ᠎ᠡ ᠬᠡᠦᠬᠡᠳ ᠤᠨ ᠲᠣᠭᠤᠷᠢᠭ ᠪᠠ ᠦᠵᠡᠵᠦ ᠰᠤᠨᠤᠰᠤᠨ ᠪᠡᠶ᠎ᠡ ᠪᠠᠷ ᠢᠶᠠᠨ ᠣᠶᠢᠯᠠᠭᠠᠬᠤ ᠲᠣᠭᠤᠷᠢᠭ ᠵᠡᠷᠭᠡ ᠡᠯ᠎ᠡ ᠵᠦᠢᠯ ᠤᠨ ᠭᠦᠳᠡᠯᠭᠡᠭᠡᠨ ᠤ ᠲᠣᠭᠤᠷᠢᠭ ᠪᠠ ᠪᠡᠶ᠎ᠡ ᠪᠠᠷ ᠢᠶᠠᠨ ᠣᠶᠢᠯᠠᠭᠠᠬᠤ ᠲᠣᠭᠤᠷᠢᠭ ᠭᠡᠵᠦ ᠲᠦᠷᠦᠯ ᠠᠩᠬᠢᠯᠠᠯ ᠬᠤᠪᠢᠶᠠᠨ ᠲᠣᠬᠢᠷᠠᠭᠤᠯᠤᠭᠰᠠᠨ ᠪᠠᠶᠢᠨ᠎ᠠ᠃ ᠡᠭᠦᠨ ᠳᠤ᠄ ᠥᠪᠡᠷᠮᠢᠴᠡ ᠣᠨᠴᠠᠯᠢᠭ ᠪᠦᠬᠦᠢ ᠤᠷ᠎ᠠ ᠠᠪᠢᠶᠠᠰ ᠤᠨ ᠬᠥᠳᠡᠯᠭᠡᠭᠡᠨ ᠤ ᠲᠣᠭᠤᠷᠢᠭ ᠲᠤ ᠪᠢᠴᠢᠬᠠᠨ ᠬᠥᠭᠵᠢᠮᠴᠢᠨ᠂ ᠪᠢᠴᠢᠬᠠᠨ ᠤᠷᠠᠨ ᠪᠢᠴᠢᠯᠭᠡᠳᠡᠨ ᠤᠷᠠᠨ ᠵᠢᠷᠤᠭᠴᠢᠨ ᠵᠡᠷᠭᠡ ᠪᠡᠶ᠎ᠡ ᠪᠠᠷ ᠢᠶᠠᠨ ᠣᠶᠢᠯᠠᠭᠠᠬᠤ ᠦᠷᠦᠬᠡ ᠭᠠᠷᠭᠠᠭᠰᠠᠨ ᠪᠥᠭᠡᠳ ᠬᠡᠦᠬᠡᠳ ᠤᠨ ᠤᠷ᠎ᠠ ᠠᠪᠢᠶᠠᠰ ᠤᠨ ᠰᠣᠨᠢᠷᠬᠠᠯ ᠢ ᠬᠥᠮᠦᠵᠢᠭᠦᠯᠬᠦ ᠳᠤ ᠠᠰᠢᠭᠲᠠᠶ ᠮᠣᠷᠢᠨ ᠬᠤᠭᠤᠷ᠂ ᠲᠡᠭᠦᠯᠳᠡᠷ ᠬᠤᠭᠤᠷ ᠵᠡᠷᠭᠡ ᠬᠥᠭᠵᠢᠮ ᠲᠣᠬᠢᠷᠠᠭᠤᠯᠤᠭᠰᠠᠨ ᠪᠠᠶᠢᠨ᠎ᠠ ᠃ ᠬᠠᠷᠢᠨ ᠵᠢᠵᠢᠭᠬᠡᠨ ᠨᠡᠶᠢᠭᠡᠮ ᠲᠣᠭᠤᠷᠢᠭ ᠨᠢ ᠡᠮᠨᠡᠯᠭᠡ ᠶᠢᠨ ᠬᠤᠷᠢᠶ᠎ᠠ᠂ ᠪᠠᠷᠢᠯᠭ᠎ᠠ ᠶᠢᠨ ᠭᠠᠵᠠᠷ ᠵᠡᠷᠭᠡ ᠵᠣᠬᠢᠶᠠᠮᠠᠯ ᠨᠡᠶᠢᠭᠡᠮ ᠲᠣᠭᠤᠷᠢᠭ ᠤᠨ ᠪᠡᠶ᠎ᠡ ᠪᠠᠷ ᠢᠶᠠᠨ ᠣᠶᠢᠯᠠᠭᠠᠬᠤ ᠣᠷᠴᠢᠨ ᠲᠣᠭᠤᠷᠢᠨ ᠭᠠᠷᠭᠠᠵᠤ᠂ ᠬᠡᠦᠬᠡᠳ ᠤᠨ ᠪᠡᠶ᠎ᠡ ᠪᠠᠷ ᠢᠶᠠᠨ ᠣᠷᠣᠯᠴᠠᠵᠤ ᠨᠡᠶᠢᠭᠡᠮ ᠢ ᠣᠶᠢᠯᠠᠭᠠᠨ᠂ ᠡᠷᠬᠢᠯᠡᠵᠦ ᠬᠢᠬᠦ ᠠᠵᠢᠯ ᠤᠨ ᠬᠦᠰᠡᠯᠡᠩ ᠲᠠᠢ ᠪᠣᠯᠬᠤ ᠳᠤᠨᠢ ᠲᠤᠰᠠ ᠦᠵᠡᠭᠦᠯᠬᠦ ᠪᠣᠯᠣᠨ᠎ᠠ᠃ ᠯᠢᠦ ᠰᠢᠶᠤᠤ ᠹᠧᠩ ᠢᠯᠡᠳᠬᠡᠬᠦ ᠳᠡᠭᠡᠨ᠂ ᠰᠢᠨ᠎ᠡ ᠪᠠᠷ ᠪᠠᠶᠢᠭᠤᠯᠤᠭᠰᠠᠨ ᠬᠡᠦᠬᠡᠳ ᠤᠨ ᠨᠣᠮ ᠤᠨ ᠰᠠᠩ ᠨᠢ ᠤᠯᠠᠮᠵᠢᠯᠠᠯᠲᠤ ᠨᠣᠮ ᠤᠨ ᠰᠠᠩ ᠤᠨ ᠬᠡᠪ ᠵᠠᠭᠪᠤᠷ ᠢ ᠡᠪᠳᠡᠨ᠂ ᠬᠡᠦᠭᠡᠳ ᠤᠨ ᠳᠤᠷ᠎ᠠ ᠪᠠᠬ᠎ᠠ ᠪᠣᠯᠤᠨ ᠳᠤᠷ᠎ᠠ ᠰᠣᠨᠢᠷᠬᠠᠯ ᠢ ᠬᠥᠨᠳᠦᠳᠬᠡᠭᠰᠡᠨ ᠰᠠᠭᠤᠷᠢᠨ ᠳᠡᠭᠡᠷ᠎ᠡ᠂ ᠬᠡᠦᠬᠡᠳ ᠲᠤ ᠰᠤᠷᠤᠯᠴᠠᠬᠤ ᠰᠢᠯᠢᠳᠡᠭ ᠰᠠᠶᠢᠨ ᠣᠷᠴᠢᠨ ᠲᠣᠭᠤᠷᠢᠨ ᠪᠠ ᠬᠡᠪ ᠴᠢᠨᠠᠷ ᠢ ᠦᠷᠭᠡᠵᠢᠭᠦᠯᠬᠦ ᠲᠠᠪᠴᠠᠩ ᠬᠠᠩᠭᠠᠵᠤ᠂ ᠬᠡᠦᠬᠡᠳ ᠤᠳ ᠎ ᠤᠨ ᠨᠠᠭᠠᠳᠴᠤ ᠲᠣᠭᠯᠠᠬᠤ ᠶᠠᠪᠤᠴᠠ ᠳᠠᠭᠠᠨ ᠰᠤᠷᠤᠯᠴᠠᠬᠤ ᠪᠠ ᠥᠰᠦᠨ ᠪᠣᠶᠢᠵᠢᠬᠤ ᠨᠢᠭᠡ ᠵᠦᠢᠯ ᠤᠨ ᠰᠢᠨ᠎ᠡ ᠮᠠᠶ᠋ᠢᠭ ᠤᠨ ᠨᠣᠮ ᠤᠨ ᠰᠠᠩ ᠪᠣᠯᠣᠨ᠎ᠠ ᠭᠡᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号