| ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ | ᠣᠶᠢᠯᠠᠭᠠᠵᠤ ᠮᠡᠳᠡᠭᠰᠡᠨ ᠢᠶᠠᠷ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ | ᠨᠢ ᠡᠳ᠋ ᠤᠨ ᠵᠠᠰᠠᠭ ᠤᠨ ᠲᠢᠩᠬᠢᠮ ᠲᠠᠢ ᠬᠠᠮᠲᠤᠷᠠᠨ 2015 ᠣᠨ ᠤ ᠨᠡᠶᠢᠭᠡᠮ ᠤᠨ ᠲᠡᠩᠬᠡᠷᠡᠭᠦᠯᠥᠨ ᠲᠤᠰᠠᠯᠠᠬᠤ | ᠲᠤᠰᠠᠯᠠᠮᠵᠢ ᠶᠢᠨ ᠪᠡᠯᠡ ᠮᠥᠩᠭᠦ ᠶᠢ 1.0413 ᠳ᠋ᠦᠩᠰᠢᠭᠤᠷ ᠲᠥᠭᠦᠷᠢᠭ ᠳᠣᠷᠣᠭᠰᠢ ᠪᠠᠭᠤᠯᠭᠠᠪᠠ᠃ | ᠡᠭᠦᠨ ᠳᠤ᠂ ᠲᠠᠷᠢᠶᠠᠯᠠᠬᠤ ᠮᠠᠯᠵᠢᠬᠤ ᠣᠷᠣᠨ ᠤ ᠲᠠᠪᠤᠨ ᠪᠠᠲᠤᠯᠠᠭᠠᠲᠤ ᠡᠷᠦᠬᠡ ᠶᠢ ᠠᠰᠠᠷᠠᠨ ᠲᠡᠵᠢᠭᠡᠬᠦ | ᠲᠤᠰᠠᠯᠠᠮᠵᠢ ᠶᠢᠨ ᠪᠡᠯᠡ ᠮᠥᠩᠭᠦ 3213 ᠲᠥᠮᠡᠨ ᠲᠥᠭᠦᠷᠢᠭ ᠪᠠᠶᠢᠵᠤ᠂ ᠲᠠᠪᠤᠨ ᠪᠠᠲᠤᠯᠠᠭᠠᠲᠤ ᠡᠷᠦᠭᠡ ᠪᠠᠷ | ᠠᠰᠠᠷᠠᠭᠤᠯᠤᠨ ᠲᠡᠵᠢᠭᠡᠯᠭᠡᠭᠴᠢ ᠶᠢᠨ ᠠᠮᠢᠳᠤᠷᠠᠯ ᠤᠨ ᠦᠨᠳᠦᠰᠦᠨ ᠵᠠᠷᠤᠯᠭ᠎ᠠ ᠳᠤ ᠬᠡᠷᠡᠭᠯᠡᠨ᠎ᠡ︔ ᠬᠤᠲᠠ | ᠬᠥᠳᠡᠭᠡ ᠶᠢᠨ ᠡᠮᠨᠡᠯᠭᠡ ᠶᠢᠨ ᠲᠡᠩᠬᠡᠷᠡᠭᠦᠯᠥᠨ ᠲᠤᠰᠠᠯᠠᠬᠤ ᠲᠤᠰᠠᠯᠠᠮᠵᠢ ᠶᠢᠨ ᠪᠡᠯᠡ ᠮᠥᠩᠭᠦ 4000 ᠲᠦᠮᠡᠨ | ᠲᠥᠭᠦᠷᠢᠭ ᠪᠠᠶᠢᠵᠤ᠂ ᠵᠣᠭᠤᠰ ᠮᠥᠩᠭᠦ ᠪᠠᠷ ᠲᠡᠩᠬᠡᠷᠡᠭᠦᠯᠥᠨ ᠲᠤᠰᠠᠯᠠᠭᠤᠯᠤᠭᠴᠢ ᠬᠤᠲᠠ ᠪᠠᠯᠭᠠᠰᠦ ᠶᠢᠨ ᠰᠠᠭᠤᠭᠠᠯᠢ | ᠠᠷᠠᠳ ᠤᠨ ᠦᠨᠳᠦᠰᠦᠨ ᠡᠮᠨᠡᠯᠭᠡ ᠶᠢᠨ ᠳᠠᠭᠠᠳᠬᠠᠯ ᠪᠣᠯᠣᠨ ᠬᠥᠳᠡᠭᠡ ᠲᠣᠰᠬᠤᠨ ᠤ ᠰᠢᠨ᠎ᠡ ᠮᠠᠶ᠋ᠢᠭ ᠤᠨ | ᠬᠤᠷᠰᠢᠭᠰᠠᠨ ᠡᠮᠨᠡᠯᠭᠡ ᠳᠤ ᠣᠷᠣᠯᠴᠠᠭᠰᠠᠨ ᠪᠦᠭᠡᠳ ᠲᠡᠩᠬᠡᠷᠡᠭᠦᠯᠥᠨ ᠲᠤᠰᠠᠯᠠᠭᠤᠯᠤᠭᠴᠢ ᠶᠢᠨ ᠡᠭᠦᠷᠭᠡᠯᠡᠬᠦ ᠳᠤ | ᠬᠦᠴᠢᠷᠲᠡᠶ ᠪᠠᠶᠢᠬᠤ ᠦᠨᠳᠦᠰᠦᠨ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ | ᠥᠪᠡᠷ ᠢᠶᠠᠨ ᠬᠠᠷᠢᠭᠤᠴᠠᠬᠤ ᠵᠠᠷᠤᠳᠠᠯ ᠳᠤ ᠲᠤᠰᠠᠯᠠᠬᠤ ᠳᠤ ᠬᠡᠷᠡᠭᠯᠡᠨ᠎ᠡ︔ ᠲᠦᠷ ᠴᠠᠭ ᠤᠨ ᠲᠡᠩᠬᠡᠷᠡᠭᠦᠯᠥᠨ | ᠲᠤᠰᠠᠯᠠᠬᠤ ᠲᠤᠰᠠᠯᠠᠮᠵᠢ ᠶᠢᠨ ᠪᠡᠯᠡ ᠮᠥᠩᠭᠦ 3200 ᠲᠦᠮᠡᠨ ᠲᠥᠭᠦᠷᠢᠭ ᠪᠠᠶᠢᠵᠤ᠂ ᠲᠡᠩᠬᠡᠷᠡᠭᠦᠯᠥᠨ | ᠲᠤᠰᠠᠯᠠᠭᠤᠯᠤᠭᠴᠢ ᠶᠢᠨ ᠲᠦᠷ ᠴᠠᠭ ᠤᠨ ᠠᠮᠢᠳᠤᠷᠠᠯ ᠤᠨ ᠬᠦᠴᠢᠷᠳᠡᠯ ᠤᠨ ᠵᠠᠷᠤᠯᠭ᠎ᠠ ᠳᠤ ᠬᠡᠷᠡᠭᠯᠡᠨ᠎ᠡ᠃ | ᠣᠳᠣᠬᠠᠨ ᠪᠣᠯᠲᠠᠯ᠎ᠠ᠂ ᠡᠨᠡ ᠵᠢᠯ ᠪᠦᠬᠦ ᠣᠷᠣᠨ ᠳᠤ ᠨᠡᠶᠢᠲᠡ 9 ᠲᠦᠮᠡᠨ ᠬᠥᠮᠦᠨ ᠲᠠᠷᠢᠶᠠᠯᠠᠬᠤ | ᠮᠠᠯᠵᠢᠬᠤ ᠣᠷᠣᠨ ᠤ ᠲᠠᠪᠤᠨ ᠪᠠᠲᠤᠯᠠᠭᠠᠲᠤ ᠡᠷᠦᠬᠡ ᠶᠢ ᠠᠰᠠᠷᠠᠨ ᠲᠡᠵᠢᠭᠡᠬᠦ ᠣᠯᠭᠤᠮᠵᠢ ᠬᠦᠷᠲᠡᠵᠦ᠂ ᠲᠠᠪᠤᠨ | ᠪᠠᠲᠤᠯᠠᠭᠠᠲᠤ ᠡᠷᠦᠬᠡ ᠶᠢ ᠠᠰᠠᠷᠠᠨ ᠲᠡᠵᠢᠭᠡᠬᠦ ᠲᠤᠰᠠᠯᠠᠮᠵᠢ ᠶᠢᠨ ᠪᠡᠯᠡ ᠮᠥᠩᠭᠦ ᠶᠢ ᠨᠡᠶᠢᠲᠡ 1.0711 ᠳ᠋ᠦᠩᠰᠢᠭᠤᠷ | ᠲᠥᠭᠦᠷᠢᠭ ᠳᠣᠷᠣᠭᠰᠢ ᠪᠠᠭᠤᠯᠭᠠᠪᠠ︔ ᠬᠤᠲᠠ ᠬᠥᠳᠡᠭᠡ ᠶᠢᠨ ᠡᠮᠨᠡᠯᠭᠡ ᠶᠢᠨ ᠲᠡᠩᠬᠡᠷᠡᠭᠦᠯᠥᠨ ᠲᠤᠰᠠᠯᠠᠬᠤ | ᠲᠤᠰᠠᠯᠠᠮᠵᠢ ᠶᠢᠨ ᠪᠡᠯᠡ ᠮᠥᠩᠭᠦ ᠶᠢ 3.9247 ᠳ᠋ᠦᠩᠰᠢᠭᠤᠷ ᠲᠥᠭᠦᠷᠢᠭ ᠳᠣᠷᠣᠭᠰᠢ ᠪᠠᠭᠤᠯᠭᠠᠵᠤ᠂ ᠬᠤᠲᠠ | ᠬᠥᠳᠡᠭᠡ ᠶᠢᠨ ᠡᠮᠨᠡᠯᠭᠡ ᠶᠢᠨ ᠲᠡᠩᠬᠡᠷᠡᠭᠦᠯᠥᠨ ᠲᠤᠰᠠᠯᠠᠭᠤᠯᠤᠭᠴᠢ 66.2 ᠲᠦᠮᠡᠨ ᠬᠥᠮᠦᠨ ᠢ ᠲᠡᠩᠬᠡᠷᠡᠭᠦᠯᠥᠨ | ᠲᠤᠰᠠᠯᠠᠪᠠ︔ ᠲᠦᠷ ᠴᠠᠭ ᠤᠨ ᠲᠡᠩᠬᠡᠷᠡᠭᠦᠯᠥᠨ ᠲᠤᠰᠠᠯᠠᠬᠤ ᠲᠤᠰᠠᠯᠠᠮᠵᠢ ᠶᠢᠨ ᠪᠡᠯᠡ ᠮᠥᠩᠭᠦ ᠶᠢ 9940 ᠲᠦᠮᠡᠨ | ᠲᠥᠭᠦᠷᠢᠭ ᠳᠣᠷᠣᠭᠰᠢ ᠪᠠᠭᠤᠯᠭᠠᠵᠤ᠂ ᠲᠦᠷ ᠴᠠᠭ ᠤᠨ ᠲᠡᠩᠬᠡᠷᠡᠭᠦᠯᠥᠨ ᠲᠤᠰᠠᠯᠠᠭᠤᠯᠤᠭᠴᠢ 3.9 ᠲᠦᠮᠡᠨ | ᠡᠷᠦᠬᠡ ᠶᠢ ᠲᠡᠩᠬᠡᠷᠡᠭᠦᠯᠥᠨ ᠲᠤᠰᠠᠯᠠᠪᠠ᠃ ᠡᠳᠡᠭᠡᠷ ᠪᠡᠯᠡ ᠮᠥᠩᠭᠦ ᠨᠢ ᠬᠦᠴᠢᠷᠳᠡᠯᠲᠡᠶ ᠣᠯᠠᠨ ᠲᠦᠮᠡᠨ ᠤ ᠡᠮᠨᠡᠭᠦᠯᠬᠦ | ᠳᠠᠷᠤᠭᠠᠰᠤ ᠶᠢ ᠪᠦᠲᠦᠮᠵᠢᠲᠡᠶ ᠨᠠᠮᠳᠠᠭᠤᠯᠤᠨ᠂ ᠬᠤᠲᠠ ᠬᠥᠳᠡᠭᠡ ᠶᠢᠨ ᠬᠦᠴᠢᠷᠳᠡᠯᠲᠡᠶ ᠣᠯᠠᠨ ᠲᠦᠮᠡᠨ ᠤ ᠦᠨᠳᠦᠰᠦᠨ | ᠠᠮᠢᠳᠤᠷᠠᠯ ᠢ ᠪᠠᠲᠤᠯᠠᠪᠠ᠃ |