ᠥᠪᠥᠷ ᠮᠤᠩᠭᠤᠯ ᠬᠤᠷᠤᠭᠤᠨ ᠤ ᠨᠠᠮᠵᠢᠭᠤᠨ ᠰᠤᠳᠠᠯ ᠢᠶᠠᠷ ᠰᠢᠯᠭᠠᠨ ᠪᠠᠲᠤᠯᠠᠬᠤ ᠶᠢ ᠬᠡᠷᠡᠭᠯᠡᠨ  ᠶᠡᠭᠡ ᠰᠤᠷᠭᠠᠭᠤᠯᠢ ᠳᠤ ᠡᠯᠰᠡᠬᠦ ᠰᠢᠯᠭᠠᠯᠲᠠ ᠳᠤ ᠣᠷᠣᠯᠠᠨ ᠰᠢᠯᠭᠠᠭᠤᠯᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2015/6/7
     ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠣᠷᠣᠯᠠᠵᠤ ᠰᠢᠯᠭᠠᠭᠤᠯᠬᠤ ᠦᠢᠯᠡ ᠠᠵᠢᠯᠯᠠᠭ᠎ᠠ ᠭᠠᠷᠬᠤ ᠶᠢ ᠴᠢᠩᠭ᠎ᠠ ᠰᠡᠷᠭᠡᠶᠢᠯᠡᠬᠦ ᠶᠢᠨ ᠲᠥᠯᠥᠭᠡ᠂ ᠡᠨᠡ ᠵᠢᠯ ᠥᠪᠥᠷ ᠮᠣᠩᠭᠤᠯ ᠤᠨ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ ᠬᠤᠷᠤᠭᠤᠨ ᠤ ᠨᠠᠮᠵᠢᠭᠤᠨ ᠰᠤᠳᠠᠯ ᠢᠶᠠᠷ ᠰᠢᠯᠭᠠᠨ ᠪᠠᠲᠤᠯᠠᠬᠤ ᠶᠢ ᠠᠩᠬ᠎ᠠ ᠤᠳᠠᠭ᠎ᠠ ᠬᠡᠷᠡᠭᠯᠡᠵᠦ ᠪᠠᠶᠢᠭ᠎ᠠ ᠲᠤᠯᠠ᠂ ᠰᠢᠯᠭᠠᠭᠤᠯᠤᠭᠴᠢ ᠭᠠᠭᠴᠠ ᠬᠦ ᠰᠢᠯᠭᠠᠭᠤᠯᠤᠨ ᠪᠠᠲᠤᠯᠠᠭᠤᠯᠤᠭᠰᠠᠨ ᠤ ᠳᠠᠷᠠᠭ᠎ᠠ ᠰᠠᠶ᠋ᠢ  ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ ᠣᠷᠣᠯᠴᠠᠵᠤ ᠪᠣᠯᠣᠨ᠎ᠠ᠃      2015 ᠣᠨ ᠤ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ ᠰᠢᠯᠭᠠᠭᠤᠯᠬᠤ ᠪᠠᠷ ᠨᠡᠷ᠎ᠡ ᠮᠡᠳᠡᠭᠦᠯᠬᠦ ᠦᠶ᠎ᠡ ᠳᠤ᠂ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠨᠢᠭᠡᠨᠲᠡ ᠰᠤᠷᠤᠭᠴᠢ ᠨᠢᠭᠡᠪᠥᠷᠢ ᠶᠢᠨ ᠬᠤᠷᠤᠭᠤᠨ ᠤ ᠨᠠᠮᠵᠢᠭᠤᠨ ᠰᠤᠳᠠᠯ ᠤᠨ ᠮᠡᠳᠡᠭᠡ ᠵᠠᠩᠭᠢ ᠶᠢ ᠴᠤᠭᠯᠠᠭᠤᠯᠤᠭᠰᠠᠨ ᠪᠠᠶᠢᠨ᠎ᠠ᠃ ᠰᠢᠯᠭᠠᠬᠤ ᠲᠤᠰ ᠡᠳᠦᠷ᠂ ᠰᠢᠯᠭᠠᠭᠤᠯᠤᠭᠰᠠᠳ ᠰᠢᠯᠭᠠᠯᠲᠠ ᠶᠢᠨ ᠲᠠᠯᠠᠪᠠᠶ ᠳᠤ ᠣᠷᠣᠬᠤ ᠠᠴᠠ ᠡᠮᠦᠨ᠎ᠡ ᠡᠷᠬᠡᠪᠰᠢ ᠬᠤᠷᠤᠭᠤᠨ ᠤ ᠨᠠᠮᠵᠢᠭᠤᠨ ᠰᠤᠳᠠᠯ ᠢᠶᠠᠷ ᠰᠢᠯᠭᠠᠨ ᠪᠠᠲᠤᠯᠠᠬᠤ ᠶᠢ ᠬᠦᠯᠢᠶᠡᠨ ᠠᠪᠬᠤ ᠬᠡᠷᠡᠭᠲᠡᠶ᠂ ᠭᠠᠭᠴᠠ ᠬᠦ ᠰᠢᠯᠭᠠᠨ  ᠪᠠᠲᠤᠯᠠᠬᠰᠠᠨ ᠮᠡᠳᠡᠭᠡ ᠵᠠᠩᠭᠢ ᠨᠢ ᠡᠮᠦᠨ᠎ᠡ ᠣᠷᠤᠭᠤᠯᠤᠭᠰᠠᠨ ᠮᠡᠳᠡᠭᠡ ᠵᠠᠩᠭᠢ ᠲᠠᠢ ᠨᠡᠶᠢᠴᠡᠪᠡᠯ ᠰᠠᠶ᠋ᠢ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ ᠣᠷᠣᠯᠴᠠᠵᠤ ᠪᠣᠯᠣᠨ᠎ᠠ᠃ ᠣᠳᠣᠬᠠᠨ ᠳᠤ᠂ ᠥᠪᠥᠷ ᠮᠣᠩᠭᠤᠯ ᠤᠨ ᠡᠯ᠎ᠡ ᠳᠤᠮᠳᠠᠳᠤ ᠰᠤᠷᠭᠠᠭᠤᠯᠢ ᠨᠢᠭᠡᠨᠲᠡ ᠬᠤᠷᠤᠭᠤᠨ ᠤ ᠨᠠᠮᠵᠢᠭᠤᠨ ᠰᠤᠳᠠᠯ ᠢᠶᠠᠷ ᠰᠢᠯᠭᠠᠨ ᠪᠠᠲᠤᠯᠠᠬᠤ ᠶᠢᠨ ᠪᠣᠯᠪᠠᠰᠤᠷᠠᠭᠤᠯᠤᠯ ᠪᠠ ᠰᠣᠷᠢᠯᠲᠠ ᠶᠢᠨ ᠠᠵᠢᠯ ᠢ ᠪᠡᠶᠡᠯᠡᠭᠦᠯᠪᠡ᠃      ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠲᠥᠪ ᠤᠨ ᠳᠡᠳ᠋ ᠡᠷᠬᠢᠯᠡᠭᠴᠢ ᠵᠣᠣ ᡁᠢ ᠶᠦᠨ ᠤ ᠲᠠᠨᠢᠯᠴᠠᠭᠤᠯᠤᠭᠰᠠᠨ ᠢᠶᠠᠷ᠂ ᠬᠤᠷᠤᠭᠤᠨ ᠤ ᠨᠠᠮᠵᠢᠭᠤᠨ ᠰᠤᠳᠠᠯ ᠢᠶᠠᠷ ᠰᠢᠯᠭᠠᠨ ᠪᠠᠲᠤᠯᠠᠬᠤ ᠰᠢᠰᠲ᠋ᠧᠮ ᠤᠨ ᠦᠨᠳᠦᠰᠦᠯᠡᠯ ᠨᠢ ᠬᠤᠷᠤᠭᠤᠨ ᠬᠡ ᠶᠢᠨ ᠰᠢᠯᠭᠠᠨ ᠪᠠᠲᠤᠯᠠᠬᠤ ᠰᠢᠰᠲ᠋ᠧᠮ ᠤᠨ ᠬᠢ ᠲᠠᠢ ᠠᠳᠠᠯᠢ ᠪᠤᠰᠤ᠂ ᠲᠡᠷᠡ ᠨᠢ ᠬᠤᠷᠤᠭᠤᠨ ᠤ ᠳᠣᠲᠣᠭᠠᠳᠤ ᠶᠢᠨ ᠨᠠᠮᠵᠢᠭᠤᠨ ᠰᠤᠳᠠᠯ ᠤᠨ ᠬᠡ ᠶᠢᠨ ᠵᠢᠷᠤᠭ ᠢ ᠢᠵᠢᠯᠢᠰᠢᠭᠦᠯᠬᠦ ᠶᠢ ᠵᠢᠭᠠᠵᠤ ᠪᠣᠢ᠃ ᠤᠴᠢᠷ ᠨᠢ ᠨᠠᠮᠵᠢᠭᠤᠨ ᠰᠤᠳᠠᠯ ᠤᠨ ᠴᠢᠰᠤᠨ ᠰᠤᠳᠠᠯ ᠨᠢ ᠬᠤᠷᠤᠭᠤᠨ ᠤ ᠳᠣᠲᠣᠭᠠᠳᠤ ᠳᠤ ᠨᠢᠭᠤᠭᠳᠠᠵᠤ ᠪᠣᠢ᠂ ᠲᠡᠶᠢᠮᠦ ᠪᠥᠭᠡᠳ ᠬᠥᠮᠦᠨ ᠪᠣᠯᠭᠠᠨ ᠤ ᠬᠤᠷᠤᠭᠤᠨ ᠤ ᠨᠠᠮᠵᠢᠭᠤᠨ ᠰᠤᠳᠠᠯ ᠤᠨ ᠴᠢᠰᠤᠨ ᠰᠤᠳᠠᠯ ᠤᠨ ᠳᠦᠷᠰᠦ ᠨᠢ ᠴᠥᠮ ᠠᠳᠠᠯᠢ ᠦᠭᠡᠶ᠂ ᠳᠠᠬᠢᠨ ᠦᠢᠯᠡᠳᠬᠦ ᠪᠠ ᠬᠤᠯᠠᠭᠠᠶᠢᠯᠠᠨ ᠠᠪᠬᠤ ᠳᠤ ᠲᠦᠢᠯ ᠤᠨ ᠬᠦᠴᠢᠷ᠂ ᠡᠶᠢᠮᠦ ᠠᠴᠠ ᠪᠡᠶ᠎ᠡ ᠶᠢᠨ ᠬᠢᠷᠢ ᠬᠡᠮ ᠢ ᠢᠯᠭᠠᠨ ᠲᠤᠲᠤᠯᠠᠬᠤ ᠳᠤ ᠪᠦᠲᠦᠮᠵᠢᠲᠡᠶ ᠬᠡᠷᠡᠭᠯᠡᠵᠦ ᠪᠣᠯᠤᠨ᠎ᠠ᠃ ᠬᠤᠷᠤᠭᠤᠨ ᠤ ᠨᠠᠮᠵᠢᠭᠤᠨ ᠰᠤᠳᠠᠯ ᠢᠶᠠᠷ ᠰᠢᠯᠭᠠᠨ ᠪᠠᠲᠤᠯᠠᠬᠤ ᠨᠢ ᠠᠮᠤᠷ ᠲᠥᠪᠰᠢᠨ ᠴᠢᠨᠠᠷ ᠢᠶᠠᠷ ᠴᠢᠩᠭ᠎ᠠ᠂ ᠣᠨᠣᠪᠴᠢᠲᠤ ᠬᠡᠮᠵᠢᠶ᠎ᠡ ᠪᠠᠷ ᠥᠨᠳᠥᠷ᠂ ᠠᠵᠢᠯᠯᠠᠬᠤ ᠳᠤ ᠳᠥᠭᠦᠮ ᠵᠡᠷᠭᠡ ᠣᠨᠴᠠᠯᠢᠭ ᠲᠠᠢ᠃      ᠡᠭᠦᠨ ᠤ ᠵᠡᠷᠭᠡᠴᠡᠭᠡᠪᠡᠷ᠂ ᠥᠪᠥᠷ ᠮᠣᠩᠭᠤᠯ ᠶᠠᠭ ᠣᠳᠣ ᠭᠡᠮ ᠦᠢᠯᠡᠳᠬᠦ ᠬᠡᠷᠡᠭᠰᠡᠯ ᠪᠣᠷᠤᠯᠠᠭᠤᠯᠬᠤ ᠎ ᠳᠤ ᠴᠤᠬᠢᠯᠲᠠ ᠥᠭᠬᠦ᠂ ᠰᠢᠯᠭᠠᠯᠲᠠ ᠳᠤ ᠬᠤᠯᠪᠣᠭᠳᠠᠭᠰᠠᠨ ᠰᠦᠯᠵᠢᠶᠡᠨ ᠤ ᠣᠷᠴᠢᠨ ᠲᠤᠭᠤᠷᠢᠨ ᠪᠠ ᠰᠢᠯᠭᠠᠬᠤ ᠴᠢᠭ ᠤᠨ ᠡᠷᠭᠢᠨ ᠲᠣᠭᠤᠷᠢᠨ ᠤ ᠣᠷᠴᠢᠨ  ᠲᠣᠭᠤᠷᠢᠨ ᠢ ᠠᠷᠢᠭᠤᠳᠬᠠᠬᠤ ᠵᠡᠷᠭᠡ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠰᠢᠯᠭᠠᠯᠲᠠ ᠳᠤ ᠬᠡᠮ ᠦᠢᠯᠡᠳᠦᠭᠰᠡᠨ ᠠᠵᠢᠯᠯᠠᠭ᠎ᠠ ᠡᠭᠦᠰᠬᠦ ᠶᠢ ᠴᠢᠩᠭ᠎ᠠ ᠰᠡᠷᠭᠡᠶᠢᠯᠡᠵᠦ ᠪᠣᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号