ᠦᠪᠦᠷ ᠮᠤᠩᠭᠤᠯ ᠤᠨ 12 ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠦᠨᠳᠦᠰᠦᠨ ᠱᠠᠲᠤᠨ ᠳᠤ ᠬᠦᠨᠵᠡᠭᠡᠶᠢᠷᠡᠨ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2015/6/8
     6 ᠳ᠋ᠤᠭᠠᠷ ᠰᠠᠷ᠎ᠠ ᠶᠢᠨ 1᠎ ᠤ ᠡᠳᠦᠷ ᠠᠴᠠ 5᠎ ᠤ ᠡᠳᠦᠷ ᠬᠦᠷᠲᠡᠯ᠎ᠡ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ 12 ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠵᠤᠬᠢᠶᠠᠨ ᠪᠠᠶᠢᠭᠤᠯᠵᠤ᠂ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠪᠠ ᠴᠢᠬᠤᠯᠠ ᠪᠠᠶᠢᠷᠢᠯᠠᠭᠤᠯᠤᠯᠲᠠ ᠶᠢᠨ ᠠᠵᠢᠯ ᠤᠨ ᠪᠠᠶᠢᠳᠠᠯ ᠢ ᠭᠤᠤᠯᠳᠠᠯᠭ᠎ᠠ ᠲᠠᠢ ᠰᠢᠮᠳᠠᠭᠤᠯᠤᠨ ᠪᠠᠶᠢᠴᠠᠭᠠᠵᠤ᠂ ᠬᠦᠭᠵᠢᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯᠲᠢ ᠠᠰᠠᠭᠤᠳᠠᠯ ᠢ ᠲᠤᠬᠠᠢ ᠶᠢᠨ ᠭᠠᠵᠠᠷ ᠲᠤᠨᠢ ᠤᠴᠢᠵᠤ ᠤᠶᠢᠯᠠᠭᠠᠪᠠ᠃ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠨᠢ ᠡᠯ᠎ᠡ ᠰᠠᠯᠠᠭ᠎ᠠ ᠮᠦᠴᠢᠷ᠂ ᠡᠯ᠎ᠡ ᠠᠶᠢᠮᠠᠭ ᠬᠤᠲᠠ ᠶᠢᠨ ᠲᠦᠪ ᠪᠠ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠠᠯᠢ ᠤᠯᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠭᠲᠠᠭᠤᠨ ᠨᠡᠮᠡᠭᠳᠡᠭᠦᠯᠬᠦ᠂ ᠦᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ ᠠᠷᠠᠳ ᠲᠤ ᠠᠰᠢᠭ ᠬᠦᠷᠲᠡᠭᠡᠬᠦ ᠵᠡᠷᠭᠡ ᠲᠠᠯ᠎ᠠ ᠪᠠᠷ ᠤᠯᠤᠭᠰᠠᠨ ᠠᠮᠵᠢᠯᠲᠠ ᠶᠢ ᠨᠢ ᠬᠦᠢᠴᠡᠳ ᠨᠤᠲᠠᠯᠠᠭᠰᠠᠨ ᠤ ᠬᠠᠮᠲᠤ᠂ ᠳᠠᠷᠠᠭᠠᠴᠢ ᠶᠢᠨ ᠠᠯᠬᠤᠮ ᠤᠨ ᠠᠵᠢᠯ ᠳᠤ ᠰᠠᠨᠠᠭᠤᠯᠭ᠎ᠠ ᠳᠤᠷᠠᠳᠪᠠ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠲᠤᠰ ᠤᠳᠠᠭᠠᠨ ᠤ ᠰᠢᠮᠳᠠᠭᠤᠯᠤᠨ ᠪᠠᠶᠢᠴᠠᠭᠠᠬᠤ ᠠᠵᠢᠯ ᠢ ᠲᠤᠶᠢᠯ ᠢᠶᠠᠷ ᠴᠢᠬᠤᠯᠠᠴᠢᠯᠠᠵᠤ᠂ ᠨᠠᠷᠢᠨ ᠨᠢᠭᠲᠠ ᠠᠵᠢᠯ ᠤᠨ ᠲᠦᠰᠦᠯ ᠲᠤᠭᠲᠠᠭᠠᠭᠰᠠᠨ ᠤ ᠬᠠᠮᠲᠤ᠂  ᠰᠢᠮᠳᠠᠭᠤᠯᠤᠨ ᠪᠠᠶᠢᠴᠠᠭᠠᠬᠤ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ᠃ 12 ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ 6 ᠳᠤᠭᠤᠶᠢᠯᠠᠩ ᠨᠢ ᠮᠠᠨ ᠤ ᠤᠷᠤᠨ ᠳᠤ ᠰᠠᠭᠤᠭ᠎ᠠ ᠲᠦᠪ ᠤᠨ 24 ᠰᠢᠭᠤᠳ ᠬᠠᠷᠢᠶ᠎ᠠ ᠨᠢᠭᠡᠴᠡ ᠪᠠ ᠦᠪᠡᠷᠲᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠰᠢᠮᠳᠠᠭᠤᠯᠤᠨ ᠪᠠᠶᠢᠴᠠᠭᠠᠯᠲᠠ ᠬᠢᠵᠤ᠂ 6 ᠳᠤᠭᠤᠶᠢᠯᠠᠩ ᠨᠢ 12 ᠠᠶᠢᠮᠠᠭ ᠬᠤᠲᠠ ᠳᠤ ᠰᠢᠮᠳᠠᠭᠤᠯᠤᠨ ᠪᠠᠶᠢᠴᠠᠭᠠᠯᠲᠠ ᠬᠢᠵᠠᠢ᠃ ᠡᠭᠦᠨ ᠳᠤ᠂ ᠮᠠᠨ ᠤ ᠤᠷᠤᠨ ᠳᠤ ᠰᠠᠭᠤᠭ᠎ᠠ ᠲᠦᠪ ᠤᠨ ᠰᠢᠭᠤᠳ ᠬᠠᠷᠢᠶ᠎ᠠ ᠨᠢᠭᠡᠴᠡ ᠪᠠ ᠦᠪᠡᠷᠲᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠬᠦᠷᠴᠦ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠳᠡᠳ᠋ ᠨᠠᠷᠢᠨ ᠪᠢᠴᠢᠭ ᠤᠨ ᠳᠠᠷᠤᠭ᠎ᠠ ᠡᠭᠦᠷᠭᠡᠯᠡᠵᠤ︔ ᠡᠯ᠎ᠡ ᠠᠶᠢᠮᠠᠭ ᠬᠤᠲᠠ ᠳᠤ ᠬᠦᠷᠴᠦ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢ ᠦᠪᠡᠷᠲᠡᠭᠡᠨ ᠵᠠᠰᠠᠬᠤ ᠤᠷᠤᠨ ᠤ ᠭᠤᠤᠯ ᠪᠤᠯᠬᠤ ᠠᠵᠤ ᠠᠬᠤᠢ ᠶᠢᠨ ᠰᠠᠯᠠᠭ᠎ᠠ ᠮᠦᠴᠢᠷ ᠤᠨ ᠨᠢᠭᠡᠳᠦᠭᠡᠷ ᠭᠠᠷ ᠡᠭᠦᠷᠭᠡᠯᠡᠵᠤ᠂ ᠪᠦᠷᠢᠯᠳᠦᠭᠦᠨ ᠢ ᠦᠪᠡᠷᠲᠡᠭᠡᠨ ᠵᠠᠰᠠᠬᠤ ᠤᠷᠤᠨ ᠤ ᠡᠯ᠎ᠡ ᠰᠠᠯᠠᠭ᠎ᠠ ᠮᠦᠴᠢᠷ ᠠᠴᠠ ᠰᠤᠩᠭᠤᠨ ᠲᠤᠬᠢᠷᠠᠭᠤᠯᠪᠠ᠃      ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠨᠢ ᠰᠠᠯᠠᠭ᠎ᠠ ᠮᠦᠴᠢᠷ ᠪᠠ ᠠᠶᠢᠮᠠᠭ ᠬᠤᠲᠠ ᠳᠤ ᠬᠦᠨᠵᠡᠭᠡᠶᠢᠷᠡᠨ᠂ ᠰᠢᠮᠳᠠᠭᠤᠯᠤᠨ ᠪᠠᠶᠢᠴᠠᠭᠠᠬᠤ ᠲᠠᠢ ᠬᠤᠯᠪᠤᠭᠳᠠᠬᠤ ᠳᠦᠷᠪᠡᠨ ᠶᠡᠭᠡ ᠲᠦᠷᠦᠯ 21 ᠲᠠᠯ᠎ᠠ ᠪᠠᠷ᠂ ᠴᠢᠬᠤᠯᠠ ᠶᠡᠭᠡ ᠰᠢᠢᠳᠪᠦᠷᠢᠲᠦ ᠪᠤᠳᠤᠯᠭ᠎ᠠ᠂ ᠴᠢᠬᠤᠯᠠ ᠶᠡᠭᠡ ᠪᠠᠶᠢᠷᠢᠯᠠᠭᠤᠯᠤᠯᠲᠠ ᠶᠢᠨ ᠨᠠᠶᠢᠳᠠᠪᠤᠷᠢᠵᠢᠭᠤᠯᠤᠯᠲᠠ ᠶᠢ ᠨᠠᠷᠢᠨ ᠤᠶᠢᠯᠠᠭᠠᠵᠤ᠂ ᠠᠵᠢᠯ ᠤᠨ ᠳᠤᠮᠳᠠᠬᠢ ᠳᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠤ᠂ ᠤᠷᠤᠨ ᠨᠤᠲᠤᠭ ᠪᠠ ᠰᠠᠯᠠᠭ᠎ᠠ ᠮᠦᠴᠢᠷ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠶᠢ ᠦᠨᠡᠨᠬᠦ ᠲᠦᠯᠬᠢᠨ ᠠᠬᠢᠭᠤᠯᠪᠠ ᠃ ᠰᠢᠮᠳᠠᠭᠤᠯᠤᠨ ᠪᠠᠶᠢᠴᠠᠭᠠᠬᠤ ᠳᠤᠮᠳᠠ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠨᠢ ᠠᠶᠢᠮᠠᠭ ᠬᠤᠲᠠ ᠶᠢᠨ ᠨᠠᠮ ᠤᠨ ᠬᠤᠷᠷᠢᠶ᠎ᠠ᠂ ᠵᠠᠰᠠᠭ ᠤᠨ ᠤᠷᠳᠤᠨ ᠪᠠ ᠰᠠᠯᠠᠭ᠎ᠠ ᠮᠦᠴᠢᠷ ᠤᠨ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ᠪᠠᠶᠢᠳᠠᠯ᠂ ᠠᠵᠢᠯ ᠤᠨ ᠠᠬᠢᠴᠠ ᠶᠢᠨ ᠪᠠᠶᠢᠳᠠᠯ ᠢ ᠪᠦᠬᠦ ᠲᠠᠯ᠎ᠠ ᠪᠠᠷ ᠰᠤᠨᠤᠰᠴᠤ᠂ ᠤᠷᠤᠰᠢᠵᠤ ᠪᠠᠶᠢᠭ᠎ᠠ ᠠᠰᠠᠭᠤᠳᠠᠯ ᠪᠠ ᠳᠠᠷᠠᠭᠠᠴᠢ ᠶᠢᠨ ᠠᠯᠬᠤᠮ ᠤᠨ ᠰᠡᠳᠬᠢᠴᠡ ᠠᠷᠭ᠎ᠠ ᠬᠡᠮᠵᠢᠶ᠎ᠡ ᠶᠢ ᠤᠶᠢᠯᠠᠭᠠᠪᠠ᠃ ᠮᠠᠲ᠋ᠧᠷᠢᠶᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠤ᠂ ᠡᠬᠦᠨ ᠳᠤ ᠨᠢᠳᠤᠨᠤᠨ ᠠᠴᠠ ᠨᠠᠰᠢ ᠤᠯᠤᠰ ᠪᠠ ᠦᠪᠡᠷᠲᠡᠭᠡᠨ ᠵᠠᠰᠠᠬᠤ ᠤᠷᠤᠨ ᠠᠴᠠ ᠪᠠᠭᠤᠯᠭᠠᠭᠰᠠᠨ ᠲᠤᠭᠲᠠᠭᠤᠨ ᠨᠡᠮᠡᠭᠳᠡᠭᠦᠯᠬᠦ᠂ ᠦᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ ᠠᠷᠠᠳ ᠲᠤ ᠠᠰᠢᠭ ᠬᠦᠷᠲᠡᠭᠡᠬᠦ ᠵᠡᠷᠭᠡ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠲᠠᠯ᠎ᠠ ᠪᠠᠷ ᠢᠵᠢ  ᠪᠦᠷᠢᠳᠦᠭᠦᠯᠦᠭᠰᠡᠨ ᠠᠷᠭ᠎ᠠ ᠬᠡᠮᠵᠢᠶ᠎ᠡ ᠲᠤᠭᠲᠠᠭᠠᠭᠰᠠᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠨ ᠦᠵᠡᠪᠡ᠃ ᠨᠡᠶᠢᠭᠡᠮ ᠲᠤᠭᠤᠷᠢᠭ᠂ ᠠᠵᠤ ᠠᠬᠤᠶᠢᠯᠠᠯ ︵ᠬᠦᠷᠢᠶᠡᠯᠡᠩ ᠲᠤᠭᠤᠷᠢᠭ︶ ᠂ ᠲᠦᠷᠦᠯ ᠵᠦᠢᠯ ᠤᠨ ᠨᠢᠭᠡᠴᠡ᠂ ᠮᠠᠯᠵᠢᠬᠤ ᠲᠠᠷᠢᠶᠠᠯᠠᠬᠤ ᠤᠷᠤᠨ ᠳᠤ ᠬᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠭᠰᠠᠨ ᠤ ᠬᠠᠮᠲᠤ ᠰᠤᠭᠤᠴᠠᠨ ᠪᠠᠶᠢᠴᠠᠭᠠᠬᠤ ᠵᠡᠷᠭᠡ ᠠᠷᠭ᠎ᠠ ᠪᠠᠷ᠂ ᠡᠯ᠎ᠡ ᠭᠠᠵᠠᠷ ᠤᠨ ᠪᠤᠳᠠᠲᠤ ᠪᠠᠶᠢᠳᠠᠯ ᠢ ᠡᠵᠡᠮᠰᠢᠪᠡ᠃ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠠᠵᠢᠯᠴᠢᠨ᠂ ᠮᠠᠯᠴᠢᠨ ᠲᠠᠷᠢᠶᠠᠴᠢᠨ᠂ ᠬᠦᠴᠢᠷᠳᠡᠯᠲᠠᠢ ᠤᠯᠠᠨ ᠲᠦᠮᠡᠨ ᠤ ᠲᠦᠯᠦᠭᠡᠯᠡᠭᠴᠢᠳ ᠢ ᠤᠷᠤᠯᠴᠠᠭᠤᠯᠤᠭᠰᠠᠨ ᠶᠠᠷᠢᠯᠴᠠᠬᠤ ᠬᠤᠷᠠᠯ ᠢ ᠵᠤᠬᠢᠶᠠᠨ ᠪᠠᠶᠢᠭᠤᠯᠤᠨ ᠬᠤᠷᠠᠯᠳᠤᠭᠤᠯᠵᠤ᠂ ᠤᠯᠤᠰ ᠪᠠ ᠦᠪᠡᠷᠲᠡᠭᠡᠨ ᠵᠠᠰᠠᠬᠤ ᠤᠷᠤᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠲᠤᠬᠠᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠪᠠ ᠦᠵᠡᠯᠲᠡ ᠶᠢ ᠦᠷᠭᠡᠨ ᠢᠶᠠᠷ ᠰᠤᠨᠤᠰᠴᠠᠢ᠃      ᠡᠭᠦᠨ ᠤ ᠬᠠᠮᠲᠤ᠂ ᠰᠢᠮᠳᠠᠭᠤᠯᠤᠨ ᠪᠠᠶᠢᠴᠠᠭᠠᠬᠤ ᠬᠤᠭᠤᠴᠠᠭᠠᠨ ᠳᠤ᠂ ᠦᠪᠡᠷᠲᠡᠭᠡᠨ ᠵᠠᠰᠠᠬᠤ ᠤᠷᠤᠨ ᠤ ᠫᠤᠷᠲ᠋ᠧᠯ ᠰᠦᠯᠵᠢᠶ᠎ᠡ ︽ᠰᠢᠮᠳᠠᠭᠤᠯᠤᠨ ᠪᠠᠶᠢᠴᠠᠭᠠᠬᠤ ᠳᠤ︾ ᠭᠡᠰᠡᠨ ᠰᠠᠨᠠᠯ ᠤᠨ ᠬᠠᠶᠢᠷᠴᠠᠭ ducha@nmg.gov.cn︶ ᠨᠡᠭᠡᠭᠡᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠵᠦᠪᠯᠡᠯᠭᠡ ᠶᠢ ᠦᠷᠭᠡᠨ ᠢᠶᠠᠷ ᠬᠤᠷᠢᠶᠠᠵᠤ᠂ ᠡᠯ᠎ᠡ ᠠᠶᠢᠮᠠᠭ ᠬᠤᠲᠠ ᠂ ᠡᠯ᠎ᠡ ᠰᠠᠯᠠᠭ᠎ᠠ ᠮᠦᠴᠢᠷ ᠨᠢ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠰᠠᠨᠠᠯ ᠤᠨ ᠬᠠᠶᠢᠷᠴᠠᠭ ᠤᠨ ᠬᠠᠶ᠋ᠢᠭ ᠢ ᠲᠤᠬᠠᠢ ᠶᠢᠨ ᠭᠠᠵᠠᠷ ᠲᠤᠬᠠᠢ ᠶᠢᠨ ᠰᠠᠯᠠᠭ᠎ᠠ ᠮᠦᠴᠢᠷ ᠤᠨ ᠢᠶᠠᠨ ᠫᠤᠷᠲ᠋ᠧᠯ ᠰᠦᠯᠵᠢᠶ᠎ᠡ ᠳᠤ ᠨᠡᠶᠢᠲᠡᠯᠡᠪᠡ᠃ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠨᠢ ᠭᠤᠤᠯᠳᠠᠯᠭ᠎ᠠ ᠲᠠᠢ ᠰᠢᠮᠳᠠᠭᠤᠯᠤᠨ ᠪᠠᠶᠢᠴᠠᠭᠠᠬᠤ ᠪᠠᠷ ᠳᠠᠮᠵᠢᠭᠤᠯᠤᠨ᠂ ᠡᠯ᠎ᠡ ᠰᠠᠯᠠᠭ᠎ᠠ ᠮᠦᠴᠢᠷ᠂ ᠡᠯ᠎ᠡ ᠠᠶᠢᠮᠠᠭ ᠬᠤᠲᠠ ᠶᠢᠨ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠠᠪᠤᠴᠠ ᠳᠠᠬᠢ ᠰᠢᠨ᠎ᠡ ᠠᠮᠵᠢᠯᠲᠠ᠂ ᠰᠢᠨ᠎ᠡ ᠬᠢᠯᠡᠰ ᠴᠢᠭ᠋ ᠢ ᠴᠠᠭ ᠲᠤᠬᠠᠢ ᠳᠤᠨᠢ ᠤᠯᠵᠤ ᠮᠡᠳᠡᠭᠰᠡᠨ ᠤ ᠬᠠᠮᠲᠤ ᠳ᠋ᠦᠡᠭᠨᠡᠯᠲᠡ ᠬᠢᠪᠡ᠃ ᠠᠰᠠᠭᠤᠳᠠᠯ ᠢ ᠡᠷᠢᠬᠦ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠬᠤ ᠪᠠᠷ ᠳᠠᠮᠵᠢᠭᠤᠯᠤᠨ᠂ ᠰᠡᠳᠬᠢᠴᠡ ᠪᠠᠨ ᠲᠡᠭᠦᠯᠳᠡᠷᠵᠢᠭᠦᠯᠵᠤ᠂ ᠠᠵᠢᠯ ᠤᠨ ᠦᠷᠨᠢᠯᠲᠡ ᠶᠢ ᠲᠦᠯᠬᠢᠨ ᠠᠬᠢᠭᠤᠯᠵᠤ᠂ ᠲᠦᠪ ᠤᠨ ᠪᠠ ᠦᠪᠡᠷᠲᠡᠭᠡᠨ ᠵᠠᠰᠠᠬᠤ ᠤᠷᠤᠨ ᠤ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠦᠨᠡᠨᠬᠦ ᠪᠤᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠪᠠᠲᠤᠯᠠᠵᠤ᠂ ᠡᠨᠡ ᠵᠢᠯ ᠤᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠬᠠᠷᠠᠯᠲᠠ ᠶᠢᠨ ᠡᠭᠦᠷᠭᠡ  ᠪᠡᠶᠡᠯᠡᠭᠦᠯᠬᠦ ᠶᠢ ᠦᠨᠡᠨᠬᠦ ᠪᠠᠲᠤᠯᠠᠪᠠ᠃      ᠤᠶᠢᠯᠠᠭᠠᠭᠰᠠᠨ ᠢᠶᠠᠷ᠂ ᠡᠯ᠎ᠡ ᠬᠢᠨᠠᠨ ᠪᠠᠶᠢᠴᠠᠭᠠᠬᠤ ᠳᠤᠭᠤᠶᠢᠯᠠᠩ 6 ᠳ᠋ᠤᠭᠠᠷ ᠰᠠᠷ᠎ᠠ ᠶᠢᠨ 8᠎ ᠤ ᠡᠳᠦᠷ ᠠᠴᠠ ᠡᠮᠦᠨ᠎ᠡ ᠰᠢᠮᠳᠠᠭᠤᠯᠤᠨ ᠪᠠᠶᠢᠴᠠᠭᠠᠭᠰᠠᠨ ᠮᠡᠳᠡᠭᠦᠯᠦᠯᠲᠡ ᠪᠠᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠳᠤ ᠮᠡᠳᠡᠭᠦᠯᠬᠦ ᠪᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号