ᠥᠪᠥᠷ ᠮᠣᠩᠭᠤᠯ ᠡᠯᠧᠺᠲᠷᠤᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠭᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠰᠢᠶᠠᠨ 9᠎ ᠶᠢ ᠠᠩᠬ᠎ᠠ ᠰᠤᠩᠭᠤᠪᠠ
ᠨᠡᠶᠢᠲᠡᠯᠡᠭᠰᠡᠨ ᠴᠠᠭ᠄
2015/6/8
     ᠮᠠᠨ ᠤ ᠣᠷᠣᠨ ᠡᠨᠡ ᠵᠢᠯ ᠬᠥᠬᠡᠬᠤᠲᠠ ᠶᠢᠨ ᠬᠤᠷᠢᠨᠭᠡᠷ ᠰᠢᠶᠠᠨ᠂ ᠪᠤᠭᠤᠳᠤ ᠬᠤᠳᠠ ᠶᠢᠨ ᠲᠦᠮᠡᠳ ᠪᠠᠷᠠᠭᠤᠨ ᠬᠤᠰᠢᠭᠤ᠂ ᠬᠥᠯᠥᠨ ᠪᠤᠶᠢᠷ ᠬᠤᠲᠠ ᠶᠢᠨ ᠵᠡᠯᠡᠨ ᠠᠶᠢᠯ ᠬᠤᠲᠠ᠂ ᠪᠠᠶᠠᠨᠨᠠᠭᠤᠷ ᠬᠤᠲᠠ ᠶᠢᠨ ᠦᠶᠤᠸᠠᠨ ᠰᠢᠶᠠᠨ᠂ ᠤᠯᠠᠭᠠᠨᠴᠠᠪ ᠬᠤᠲᠠ ᠶᠢᠨ ᠯᠢᠶᠠᠩᠴᠧᠩ ᠰᠢᠶᠠᠨ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠ ᠬᠤᠰᠢᠭᠤ᠂ ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠥᠬᠡ ᠬᠤᠰᠢᠭᠤ᠂ ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤ᠂ ᠲᠦᠩᠯᠢᠶᠤᠤ ᠬᠤᠳᠠ ᠶᠢᠨ ᠺᠠᠶᠢᠯᠦ ᠰᠢᠶᠠᠨ ᠵᠡᠷᠭᠡ 9 ᠵᠢᠱᠢᠶ᠎ᠡ ᠦᠵᠡᠭᠦᠯᠬᠦ ᠬᠤᠰᠢᠭᠤ ᠰᠢᠶᠠᠨ ᠢ ᠠᠩᠬ᠎ᠠ ᠰᠤᠩᠭᠤᠨ ᠡᠯᠧᠺᠲᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠭᠡᠶᠢᠯᠡᠭᠰᠡᠨ ᠵᠢᠱᠢᠶ᠎ᠡ ᠦᠵᠡᠭᠦᠯᠬᠦ ᠠᠩᠬᠠᠨ ᠤ ᠬᠤᠰᠢᠭᠤ ᠰᠢᠶᠠᠨ ︵ᠬᠤᠲᠠ︶ ᠪᠣᠯᠭᠠᠪᠠ᠃ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠯᠧᠺᠲᠷᠤᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠭᠡᠶᠢᠯᠡᠭᠰᠡᠨ ᠵᠢᠱᠢᠶ᠎ᠡ ᠦᠵᠡᠭᠦᠯᠬᠦ ᠭᠤᠶᠤᠴᠢᠯᠠᠯ ᠤᠨ ᠠᠵᠢᠯ ᠢ ᠢᠳᠡᠪᠬᠢᠲᠡᠶ ᠵᠣᠬᠢᠶᠠᠨ ᠪᠠᠶᠢᠭᠤᠯᠵᠤ᠂ ᠰᠢᠯᠢᠳᠡᠭ ᠠᠴᠠ ᠨᠢ ᠰᠤᠩᠭᠤᠭᠠᠳ ᠳᠡᠭᠡᠷ᠎ᠡ ᠳᠤᠷᠠᠳᠤᠭᠰᠠᠨ 9 ᠬᠤᠰᠢᠭᠤ ᠰᠢᠶᠠᠨ ︵ᠬᠤᠲᠠ︶᠎ ᠢ ᠥᠪᠡᠷᠲᠡᠭᠡᠨ ᠵᠠᠰᠠᠬᠤ ᠣᠷᠣᠨ ᠤ 2015 ᠣᠨ ᠳᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠭᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠰᠢᠶᠠᠨ ︵ᠬᠤᠲᠠ︶ ᠪᠣᠯᠭᠠᠬᠤ ᠪᠠᠷ ᠲᠥᠯᠥᠪᠯᠡᠵᠡᠢ᠂ ᠰᠤᠩᠭᠤᠭᠳᠠᠭᠰᠠᠨ 9 ᠵᠢᠱᠢᠶ᠎ᠡ ᠦᠵᠡᠭᠦᠯᠬᠦ ᠬᠤᠰᠢᠭᠤ ᠰᠢᠶᠠᠨ ︵ᠬᠤᠲᠠ︶ ᠪᠣᠯ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠨᠢ 77%᠎ ᠶᠢ ᠡᠵᠡᠯᠡᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠶᠠᠳᠠᠭᠤ ᠬᠦᠴᠢᠷᠳᠡᠯᠲᠡᠶ ᠰᠢᠶᠠᠨ ᠨᠢ 77%᠎ ᠶᠢ ᠡᠵᠡᠯᠡᠵᠦ᠂ ᠮᠣᠩᠭᠤᠯ ᠦᠨᠳᠦᠰᠦᠲᠡᠨ ᠤ ᠬᠤᠰᠢᠭᠤ ᠰᠢᠶᠠᠨ ᠨᠢ 44%᠎ ᠶᠢ ᠡᠵᠡᠯᠡᠵᠦ ᠪᠠᠶᠢᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号