ᠥᠪᠥᠷ ᠮᠣᠩᠭᠤᠯ ᠤᠨ ᠲᠤᠰᠠᠯᠠᠵᠤ ᠱᠠᠩᠨᠠᠬᠤ ᠲᠣᠭᠲᠠᠴᠠ ᠶᠢ ᠬᠡᠷᠡᠭᠵᠢᠭᠦᠯᠦᠭᠰᠡᠨ ᠲᠠᠪᠤᠨ ᠵᠢᠯ ᠰᠢᠬᠠᠮ ᠳᠤ ᠨᠤᠲᠤᠭ ᠪᠡᠯᠴᠢᠭᠡᠷ ᠤᠨ ᠠᠮᠢ ᠠᠬᠤᠶ ᠰᠠᠶᠢᠵᠢᠷᠠᠨ ᠮᠠᠯᠴᠢᠳ ᠤᠨ ᠣᠷᠣᠯᠭ᠎ᠠ ᠨᠡᠮᠡᠭᠳᠡᠪᠡ
ᠨᠡᠶᠢᠲᠡᠯᠡᠭᠰᠡᠨ ᠴᠠᠭ᠄
2015/6/9
                ᠦᠪᠦᠷ ᠮᠤᠩᠭᠤᠯ ᠤᠨ ᠰᠢᠯᠢ ᠶᠢᠨ ᠭᠤᠤᠯ ᠠᠶᠢᠮᠠᠭ ᠤᠨ ᠤᠯᠠᠭᠠᠢ ᠲᠠᠯ᠎ᠠ ᠨᠤᠲᠤᠭ      ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠳᠤ ᠲᠤᠰᠠᠯᠠᠵᠤ ᠱᠠᠩᠨᠠᠬᠤ ᠲᠣᠭᠲᠠᠴᠠ ᠶᠢ ᠬᠡᠷᠡᠭᠵᠢᠬᠦᠯᠦᠭᠰᠡᠨ 5 ᠵᠢᠯ ᠰᠢᠬᠠᠮ ᠤᠨ ᠲᠤᠷᠰᠢ᠂ ᠥᠪᠥᠷ ᠮᠣᠩᠭᠤᠯ ᠤᠨ ᠨᠤᠲᠤᠭ ᠪᠡᠯᠴᠢᠭᠡᠷ ᠤᠨ ᠵᠠᠷᠢᠮ ᠮᠠᠯᠵᠢᠬᠤ ᠶᠢ  ᠴᠠᠭᠠᠵᠢᠯᠠᠭᠰᠠᠨ ᠣᠷᠣᠨ ᠤ ᠠᠮᠢ ᠠᠬᠤᠶ ᠰᠡᠷᠭᠦᠵᠦ᠂ ᠮᠠᠯᠴᠢᠳ ᠤᠨ ᠣᠷᠣᠯᠭ᠎ᠠ ᠨᠡᠮᠡᠭᠳᠡᠪᠡ᠃ ᠭᠡᠲᠡᠯ᠎ᠡ᠂ ᠨᠤᠲᠤᠭ ᠪᠡᠯᠴᠢᠭᠡᠷ ᠤᠨ ᠠᠮᠢ ᠠᠬᠤᠶ ᠬᠡᠪᠡᠷᠡᠭ᠂ ᠰᠡᠷᠭᠦᠬᠦ ᠦᠶᠡᠯᠡᠬᠦ ᠬᠤᠭᠤᠴᠠᠭ᠎ᠠ ᠨᠢ ᠣᠷᠳᠣ ᠪᠠᠶᠢᠳᠠᠭ᠃ 5 ᠵᠢᠯ ᠤᠨ ᠬᠤᠭᠤᠴᠠᠭᠠᠨ ᠳᠤ᠂ ᠠᠮᠢ ᠠᠬᠤᠶ ᠮᠠᠭᠤᠵᠢᠷᠠᠭᠰᠠᠨ ᠨᠤᠲᠤᠭ ᠪᠡᠯᠴᠢᠭᠡᠷ ᠢᠯᠠᠩᠭᠤᠶ᠎ᠠ ᠴᠦᠯᠵᠢᠭᠰᠡᠨ ᠨᠢ ᠬᠦᠨᠳᠦ ᠨᠣᠴᠢᠲᠠᠶ  ᠭᠠᠵᠠᠷ ᠣᠷᠣᠨ ᠳᠤ ᠠᠪᠴᠤ ᠬᠡᠯᠡᠪᠡᠯ᠂ ᠮᠥᠨ ᠴᠢᠨᠠᠷ ᠪᠦᠬᠦᠢ ᠰᠡᠷᠭᠦᠬᠦ ᠨᠢ ᠲᠤᠩ ᠬᠦᠴᠢᠷ ᠪᠠᠶᠢᠳᠠᠭ᠃ ᠤᠳᠠᠯ ᠦᠭᠡᠶ 5 ᠵᠢᠯ ᠤᠨ ᠲᠤᠰᠠᠯᠠᠵᠤ ᠱᠠᠩᠨᠠᠬᠤ ᠬᠤᠭᠤᠴᠠᠭ᠎ᠠ ᠳᠦᠭᠦᠷᠬᠦ ᠬᠡᠵᠤ ᠪᠠᠶᠢᠭ᠎ᠠ ᠲᠤᠯᠠ᠂ ᠨᠤᠲᠤᠭ ᠪᠡᠯᠴᠢᠭᠡᠷ ᠤᠨ ᠠᠮᠢ ᠠᠬᠤᠶ ᠶᠢᠨ ᠲᠣᠭᠲᠠᠭᠤᠨ ᠪᠦᠷᠢᠨᠰᠢᠭᠰᠡᠨ ᠨᠥᠬᠦᠪᠥᠷᠢ ᠥᠭᠬᠦ ᠤᠷᠲᠤ ᠬᠤᠭᠤᠴᠠᠭᠠᠨ ᠤ ᠦᠷ᠎ᠡ ᠪᠦᠲᠦᠮᠵᠢᠲᠠᠢ ᠲᠣᠭᠲᠠᠴᠠ ᠶᠢ ᠬᠡᠷᠬᠢᠨ ᠪᠤᠶ ᠪᠣᠯᠭᠠᠬᠤ ᠨᠢ ᠡᠯ᠎ᠡ ᠲᠠᠯ᠎ᠠ ᠶᠢᠨ ᠬᠢᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠪᠤᠯᠤᠭᠠᠳ ᠪᠠᠶᠢᠨ᠎ᠠ᠃      2011 ᠣᠨ ᠳᠤ᠂ ᠤᠯᠤᠰ ᠠᠴᠠ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠳᠤ ᠲᠤᠰᠠᠯᠠᠵᠤ ᠱᠠᠩᠨᠠᠬᠤ ᠲᠣᠭᠲᠠᠴᠠ ᠪᠠᠶᠢᠭᠤᠯᠤᠨ᠂ ᠳᠠᠭᠠᠭᠠᠴᠠ ᠠᠴᠠ ᠨᠢ ᠬᠡᠲᠦᠷᠡᠲᠡᠯ᠎ᠡ ᠮᠠᠯᠵᠢᠬᠤ᠂ ᠨᠤᠲᠤᠭ ᠪᠡᠯᠴᠢᠭᠡᠷ ᠤᠨ ᠬᠠᠮᠠᠭᠠᠯᠠᠯᠲᠠ ᠳᠠᠬᠢ ᠣᠷᠣᠭᠤᠯᠤᠯᠲᠠ ᠬᠦᠷᠦᠯᠴᠡᠬᠦ ᠦᠭᠡᠶ ᠪᠠᠶᠢᠭ᠎ᠠ ᠵᠡᠷᠭᠡ ᠰᠢᠯᠲᠠᠭᠠᠨ ᠠᠴᠠ ᠪᠣᠯᠵᠤ ᠨᠤᠲᠤᠭ ᠪᠡᠯᠴᠢᠭᠡᠷ ᠬᠦᠨᠳᠦ ᠨᠤᠴᠢᠲᠠᠢ ᠲᠠᠴᠢᠷᠳᠠᠬᠤ  ᠂ ᠠᠰᠢᠭᠯᠠᠵᠤ ᠪᠣᠯᠬᠤ ᠲᠠᠯᠠᠪᠠᠶ ᠨᠢ ᠪᠠᠭᠠᠰᠬᠤ᠂ ᠠᠮᠢ ᠠᠬᠤᠶ ᠶᠢᠨ ᠴᠢᠳᠠᠮᠵᠢ ᠮᠠᠭᠤᠵᠢᠷᠠᠬᠤ᠂ ᠲᠠᠷᠢᠶᠠᠴᠢᠨ  ᠮᠠᠯᠴᠢᠳ ᠤᠨ ᠠᠵᠢᠯ ᠤᠯᠬᠤ ᠠᠷᠭ᠎ᠠ ᠵᠠᠮ ᠢᠪᠴᠤᠤ ᠪᠤᠯᠬᠤ ᠂ ᠣᠷᠣᠯᠭ᠎ᠠ ᠶᠢᠨ ᠨᠡᠮᠡᠭᠳᠡᠯ ᠤᠳᠠᠭᠠᠨ ᠪᠠᠶᠢᠬᠤ ᠵᠡᠷᠭᠡ ᠠᠰᠠᠭᠤᠳᠠᠯ ᠢ ᠰᠢᠶᠳᠪᠦᠷᠢᠯᠡᠬᠦ ᠪᠠᠷ ᠪᠤᠯᠪᠠ᠃ 2011 ᠣᠨ ᠠᠴᠠ ᠡᠬᠢᠯᠡᠨ ᠲᠠᠪᠤᠨ ᠵᠢᠯ ᠤᠨ ᠬᠤᠭᠤᠴᠠᠭᠠᠨ ᠳᠤ᠂ ᠥᠪᠥᠷ ᠮᠣᠩᠭᠤᠯ᠂ ᠰᠢᠨᠵᠢᠶᠠᠩ ᠵᠡᠷᠭᠡ 8 ᠭᠤᠣᠯ ᠪᠣᠯᠬᠤ ᠨᠤᠲᠤᠭ ᠪᠡᠯᠴᠢᠭᠡᠷ ᠤᠨ ᠮᠠᠯᠵᠢᠬᠤ ᠣᠷᠣᠨ ᠤ ᠮᠤᠵᠢ ︵ᠣᠷᠣᠨ︶ ᠬᠢᠭᠡᠳ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠳᠤ ᠲᠤᠰᠠᠯᠠᠵᠤ ᠱᠠᠩᠨᠠᠬᠤ ᠲᠣᠭᠲᠠᠴᠠ ᠶᠢ ᠪᠦᠬᠦ ᠲᠠᠯ᠎ᠠ ᠪᠠᠷ ᠪᠠᠶᠢᠭᠤᠯᠪᠠ᠃      ᠪᠦᠬᠦ ᠤᠯᠤᠰ ᠲᠤ ᠬᠠᠮᠤᠭ ᠤᠨ ᠶᠡᠭᠡ ᠮᠠᠯᠵᠢᠬᠤ ᠣᠷᠣᠨ ᠲᠠᠢ ᠥᠪᠥᠷ ᠮᠣᠩᠭᠤᠯ ᠤᠨ ᠨᠤᠲᠤᠭ ᠪᠡᠯᠴᠢᠭᠡᠷ᠂ ᠲᠤᠰᠠᠯᠠᠵᠤ ᠱᠠᠩᠨᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠠᠮᠵᠢᠯᠲᠠ ᠪᠦᠲᠦᠮᠵᠢ ᠨᠢ 4 ᠵᠢᠯ ᠳᠠᠷᠠᠭᠠᠯᠠᠨ ︽ᠪᠦᠬᠦ ᠤᠯᠤᠰ ᠤᠨ ᠨᠢᠭᠡᠳᠦᠭᠡᠷ︾᠎ ᠢᠶᠠᠷ ᠦᠨᠡᠯᠡᠭᠳᠡᠪᠡ᠃ ᠡᠨᠡ ᠵᠢᠯ ᠪᠣᠯ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠡᠴᠦᠰ ᠤᠨ ᠨᠢᠭᠡ ᠵᠢᠯ ᠪᠤᠯᠬᠤ᠂ ᠨᠤᠲᠤᠭ ᠪᠡᠯᠴᠢᠭᠡᠷ ᠤᠨ ᠲᠤᠰᠠᠯᠠᠵᠤ ᠱᠠᠩᠨᠠᠬᠤ ᠲᠣᠭᠲᠠᠴᠠ ᠶᠠᠮᠠᠷ ᠬᠠᠨᠳᠤᠰᠢ ᠲᠠᠢ ᠪᠤᠯᠬᠤ ᠨᠢ ᠡᠯ᠎ᠡ ᠲᠠᠯ᠎ᠠ ᠶᠢᠨ ᠬᠢᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠪᠤᠯᠪᠠ᠃      80 ᠮᠥ ᠨᠢᠭᠡᠪᠦᠷᠢ ᠶᠢᠨ ᠪᠡᠯᠴᠢᠭᠡᠷ ᠲᠤ 1 ᠪᠤᠭ ᠮᠠᠯ ᠮᠠᠯᠵᠢᠬᠤ ᠶᠢ ᠵᠦᠪᠰᠢᠶᠡᠷᠡᠪᠡᠯ᠂ ᠨᠤᠲᠤᠭ ᠪᠡᠯᠴᠢᠭᠡᠷ ᠤᠨ ᠠᠮᠢ ᠠᠬᠤᠶ ᠠᠯᠬᠤᠮ ᠠᠯᠬᠤᠮ ᠢᠶᠠᠷ ᠰᠠᠶᠢᠵᠢᠷᠠᠨ᠎ᠠ      2011 ᠣᠨ ᠳᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠳᠤ ᠲᠤᠰᠠᠯᠠᠵᠤ ᠱᠠᠩᠨᠠᠬᠤ ᠲᠣᠭᠲᠠᠴᠠ ᠶᠢ ᠥᠪᠥᠷ ᠮᠣᠩᠭᠤᠯ ᠤᠨ ᠨᠤᠲᠤᠭ ᠪᠡᠯᠴᠢᠭᠡᠷ ᠲᠤ ᠪᠦᠬᠦ ᠲᠠᠯ᠎ᠠ ᠪᠠᠷ ᠶᠠᠪᠤᠭᠤᠯᠪᠠ᠃ ᠲᠥᠷᠥ ᠶᠢᠨ ᠪᠣᠳᠣᠯᠭ᠎ᠠ ᠶᠣᠰᠣᠭᠠᠷ᠂ ᠰᠢᠯᠢ ᠶᠢᠨ ᠭᠤᠣᠯ ᠠᠶᠢᠮᠠᠭ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠮᠥ ᠪᠦᠷᠢ ᠪᠡᠯᠴᠢᠭᠡᠷ ᠤᠨ ᠵᠢᠯ ᠤᠨ ᠨᠥᠬᠦᠪᠥᠷᠢ ᠨᠢ 6.36 ᠲᠥᠭᠦᠷᠢᠭ ᠪᠠᠶᠢᠵᠤ᠂ ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠣᠷᠣᠨ ᠤ ᠮᠥ ᠪᠦᠷᠢ ᠪᠡᠯᠴᠢᠭᠡᠷ ᠤᠨ ᠵᠢᠯ ᠤᠨ ᠨᠥᠬᠦᠪᠥᠷᠢ ᠨᠢ 1.71 ᠲᠥᠭᠦᠷᠢᠭ ᠪᠤᠯᠤᠨ᠎ᠠ᠃ ᠡᠵᠢᠨᠠᠭᠤᠷ ᠪᠠᠯᠭᠠᠰᠤ ᠶᠢ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠪᠣᠯᠭᠠᠨ᠂ 80 ᠮᠥ ᠪᠦᠷᠢ ᠶᠢᠨ ᠪᠡᠯᠴᠢᠭᠡᠷ ᠲᠤ 1 ᠪᠤᠭ ᠮᠠᠯ ᠮᠠᠯᠵᠢᠬᠤ ᠶᠢ ᠵᠦᠪᠰᠢᠶᠡᠷᠡᠵᠤ᠂ ᠷᠢᠨᠴᠡᠨ ᠤ ᠬᠡᠷ ᠢᠶᠠᠷ ᠢᠶᠠᠨ  ᠵᠢᠯ ᠪᠦᠷᠢ 6 ᠲᠦᠮᠡ ᠭᠠᠷᠤᠶ ᠲᠥᠭᠦᠷᠢᠭ ᠤᠨ ᠨᠥᠬᠦᠪᠥᠷᠢ ᠣᠯᠵᠤ ᠪᠤᠢ᠃      ᠨᠤᠲᠤᠭ ᠪᠡᠯᠴᠢᠭᠡᠷ ᠤᠨ ᠲᠤᠰᠠᠯᠠᠵᠤ ᠱᠠᠩᠨᠠᠬᠤ ᠪᠡᠯᠡ ᠮᠥᠩᠭᠦ ᠶᠢ ︽ᠪᠦᠬᠦᠨ ᠳᠤ ᠲᠤᠬᠢᠷᠠᠬᠤ ᠺᠠᠷᠲ︾᠎ ᠢᠶᠠᠷ ᠳᠠᠮᠵᠢᠭᠤᠯᠤᠨ ᠮᠠᠯᠴᠢᠳ ᠲᠤ ᠰᠢᠭᠤᠳ  ᠭᠠᠷᠳᠠᠭᠤᠯᠵᠤ ᠪᠠᠶᠢᠨ᠎ᠠ᠃ 4 ᠵᠢᠯ ᠤᠨ ᠲᠤᠷᠰᠢ᠂ ᠲᠥᠪ ᠤᠨ ᠡᠳ᠋ ᠤᠨ ᠵᠠᠰᠠᠭ ᠠᠴᠠ ᠥᠪᠥᠷ ᠮᠣᠩᠭᠤᠯ ᠤᠨ ᠨᠤᠲᠤᠭ ᠪᠡᠯᠴᠢᠭᠡᠷ ᠤᠨ ᠠᠮᠢ ᠠᠬᠤᠶ ᠳᠤ ᠲᠤᠰᠠᠯᠠᠵᠤ ᠱᠠᠩᠨᠠᠬᠤ ᠡᠯ᠎ᠡ ᠲᠥᠷᠥᠯ ᠤᠨ ᠪᠡᠯᠡ ᠮᠥᠩᠭᠦ ᠶᠢ 160 ᠳ᠋ᠦ᠋ᠩᠰᠢᠭᠤᠷ ᠲᠥᠭᠦᠷᠢᠭ ᠪᠠᠭᠤᠯᠭᠠᠵᠤ᠂ ᠥᠪᠥᠷ ᠮᠣᠩᠭᠤᠯ ᠤᠨ ᠲᠤᠰ ᠱᠠᠲᠤᠨ ᠤ ᠡᠳ᠋ ᠤᠨ ᠵᠠᠰᠠᠭ ᠤᠨ ᠢᠵᠢ ᠪᠦᠷᠢᠳᠦᠭᠦᠯᠬᠦ ᠪᠡᠯᠡ ᠮᠥᠩᠭᠦ 40 ᠭᠠᠷᠤᠶ ᠳ᠋ᠦ᠋ᠩᠰᠢᠭᠤᠷ ᠲᠥᠭᠦᠷᠢᠭ ᠪᠠᠶᠢᠵᠤ ᠂ ᠪᠦᠬᠦ ᠣᠷᠣᠨ ᠤ 10.16 ᠳ᠋ᠦᠡᠭᠰᠢᠭᠤᠷ ᠮᠥ ᠨᠤᠲᠤᠭ ᠪᠡᠯᠴᠢᠭᠡᠷ ᠢ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠳᠤ ᠲᠤᠰᠠᠯᠠᠵᠤ ᠱᠠᠩᠨᠠᠬᠤ ᠲᠣᠭᠲᠠᠴᠠ ᠶᠢᠨ ᠬᠡᠪᠴᠢᠶᠡᠨ ᠳᠤ ᠤᠷᠤᠭᠤᠯᠤᠨ᠂ 146 ᠲᠦᠮᠡᠨ ᠡᠷᠦᠬᠡ᠂ 534 ᠲᠦᠮᠡᠨ ᠮᠠᠯᠴᠢᠨ ᠲᠠᠷᠢᠶᠠᠴᠢᠨ ᠲᠡᠭᠦᠨ ᠤ ᠳᠤᠮᠳᠠ ᠠᠴᠠ ᠠᠰᠢᠭ ᠬᠦᠷᠲᠡᠪᠡ᠃      4 ᠵᠢᠯ ᠭᠠᠷᠤᠶ ᠶᠢᠨ ᠠᠮᠢᠯᠠᠭᠤᠯᠤᠨ ᠰᠡᠷᠬᠦᠬᠡᠬᠦ ᠪᠠᠷ ᠳᠠᠮᠵᠢᠭᠠᠳ᠂ ᠮᠠᠯᠴᠢᠳ ᠤᠨ ᠦᠵᠡᠯᠲᠡ ᠠᠯᠬᠤᠮ ᠠᠯᠬᠤᠮ ᠢᠶᠠᠷ ᠬᠤᠪᠢᠷᠠᠵᠤ᠂ ᠨᠤᠲᠤᠭ ᠪᠡᠯᠴᠢᠭᠡᠷ ᠢ ᠬᠠᠮᠠᠭᠠᠯᠠᠬᠤ ᠶᠠᠪᠤᠳᠠᠯ ᠤᠬᠠᠮᠰᠠᠷᠲᠤ ᠠᠵᠢᠯᠯᠠᠭ᠎ᠠ ᠪᠣᠯᠵᠤ᠂ ᠮᠠᠯ ᠰᠦᠷᠦᠭ ᠢᠶᠠᠨ ᠰᠠᠨᠠᠭᠠᠴᠢᠯᠠᠭ᠎ᠠ ᠦᠭᠡᠶ ᠪᠠᠷ  ᠬᠠᠰᠤᠵᠤ ᠪᠠᠶᠢᠭᠰᠠᠨ ᠠᠴᠠ ᠪᠠᠨ ᠰᠠᠨᠠᠭᠠᠴᠢᠯᠠᠭ᠎ᠠ ᠲᠠᠢ ᠪᠠᠷ ᠮᠠᠯ ᠰᠦᠷᠦᠭ ᠢᠶᠠᠨ ᠬᠠᠰᠤᠬᠤ ᠪᠤᠯᠤᠨ ᠬᠤᠪᠢᠷᠠᠵᠤ ᠂ ᠨᠤᠲᠤᠭ ᠪᠡᠯᠴᠢᠭᠡᠷ ᠤᠨ ᠠᠮᠢ ᠠᠬᠤᠶ ᠮᠠᠰᠢ ᠶᠡᠭᠡ ᠰᠠᠶᠢᠵᠢᠷᠠᠭᠰᠠᠨ ᠪᠠᠶᠢᠨ᠎ᠠ᠃      ᠬᠢᠨᠠᠨ ᠬᠡᠮᠵᠢᠭᠰᠡᠨ ᠤ ᠬᠠᠷᠠᠭᠤᠯᠤᠭᠰᠠᠨ ᠢᠶᠠᠷ᠂ ᠨᠤᠲᠤᠭ ᠪᠡᠯᠴᠢᠭᠡᠷ ᠤᠨ ᠲᠤᠰᠠᠯᠠᠵᠤ ᠱᠠᠩᠨᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠰᠢ᠂ ᠡᠪᠡᠰᠦ ᠪᠣᠷᠳᠤᠭ᠎ᠠ ᠶᠢᠨ ᠬᠠᠩᠭᠠᠯᠭ᠎ᠠ ᠶᠢᠨ ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠵᠤ᠂ ᠪᠠᠶᠢᠭᠠᠯᠢ ᠶᠢᠨ ᠬᠠᠳᠤᠯᠠᠩ ᠤᠨ ᠲᠠᠯᠠᠪᠠᠢ 1.35 ᠳ᠋ᠦᠡᠭᠰᠢᠭᠤᠷ ᠮᠥ ᠪᠤᠯᠵᠤ᠂ 2010 ᠣᠨ ᠤ ᠬᠢ ᠠᠴᠠ 1021 ᠲᠦᠮᠡᠨ ᠮᠥ ᠳᠡᠭᠡᠭᠰᠢᠯᠡᠪᠡ︔ ᠨᠤᠲᠤᠭ ᠪᠡᠯᠴᠢᠭᠡᠷ ᠤᠨ ᠲᠤᠰᠠᠯᠠᠵᠤ ᠱᠠᠩᠨᠠᠵᠤ ᠪᠠᠶᠢᠭ᠎ᠠ ᠣᠷᠣᠨ ᠤ ᠮᠠᠯ ᠪᠡᠯᠴᠢᠭᠡᠷ ᠤᠨ ᠵᠥᠷᠢᠴᠡᠯ ᠪᠦᠲᠦᠮᠵᠢᠲᠡᠶ ᠨᠠᠮᠳᠠᠵᠤ᠂ 2010 ᠣᠨ ᠤ ᠬᠢ ᠲᠠᠢ ᠬᠠᠷᠢᠴᠠᠭᠤᠯᠪᠠᠯ᠂ ᠨᠤᠲᠤᠭ ᠪᠡᠯᠴᠢᠭᠡᠷ ᠤᠨ  ᠲᠤᠰᠠᠯᠠᠵᠤ ᠱᠠᠩᠨᠠᠬᠤ ᠣᠷᠣᠨ ᠤ ᠮᠠᠯ ᠤᠨ ᠲᠤᠭ᠎ᠠ ᠲᠣᠯᠣᠭᠠᠶ ᠪᠤᠭ ᠮᠠᠯ ᠢᠶᠠᠷ ᠨᠢᠭᠡᠴᠢ ᠪᠤᠯᠭᠠᠭᠠᠳ 1428  ᠲᠦᠮᠡ ᠪᠠᠭᠤᠷᠠᠵᠤ᠂ ᠬᠠᠰᠢᠶᠠᠯᠠᠨ ᠮᠠᠯᠵᠢᠬᠤ ᠬᠠᠷᠢᠴᠠᠯ 2010 ᠣᠨ ᠤ 58 % ᠪᠠᠶᠢᠭᠰᠠᠨ ᠠᠴᠠ ᠨᠡᠮᠡᠭᠳᠡᠭᠡᠳ 2014 ᠣᠨ ᠤ 65 %᠎ ᠳᠤ ᠬᠦᠷᠴᠦ  ᠂ ᠬᠡᠲᠦᠷᠡᠲᠡᠯ᠎ᠡ ᠮᠠᠯᠵᠢᠬᠤ ᠨᠣᠷᠮ᠎ᠠ ᠴᠤ 2010 ᠣᠨ ᠤ 24.14% ᠪᠠᠶᠢᠭᠰᠠᠨ ᠠᠴᠠ ᠪᠠᠨ 13.32% ᠬᠦᠷᠲᠡᠯ᠎ᠡ ᠪᠠᠭᠤᠷᠠᠪᠠ᠃      ᠮᠠᠯᠴᠢᠳ ᠠᠮᠢ ᠠᠬᠤᠶ ᠠᠴᠠ ᠠᠰᠢᠭ ᠰᠢᠮ᠎ᠡ ᠶᠢ ᠬᠦᠷᠲᠡᠵᠤ ᠪᠠᠶᠢᠭ᠎ᠠ ᠲᠤᠯᠠ᠂ ᠲᠤᠰᠠᠯᠠᠵᠤ ᠱᠠᠩᠨᠠᠬᠤ ᠠᠷᠭ᠎ᠠ ᠶᠢ ᠮᠥᠨ ᠬᠦ ᠤᠶᠠᠨ ᠬᠠᠳᠠᠨ ᠲᠤᠬᠢᠷᠠᠭᠤᠯᠬᠤ ᠴᠢᠬᠤᠯᠠᠲᠠᠢ ᠪᠠᠶᠢᠨ᠎ᠠ      ᠵᠢᠯ ᠤᠨ ᠥᠩᠭᠡ ᠬᠠᠪᠤᠷ ᠲᠤᠷ ᠠᠮᠤᠢ᠃ ᠵᠢᠯ ᠪᠦᠷᠢ ᠶᠢᠨ ᠬᠠᠪᠤᠷ ᠪᠣᠯ ᠮᠠᠯᠴᠢᠳ ᠤᠨ ᠬᠤᠷ᠎ᠠ ᠪᠣᠷᠣᠭᠠᠨ ᠢ ᠬᠠᠮᠤᠭ ᠠᠴᠠ ᠬᠦᠰᠡᠨ ᠬᠦᠯᠢᠶᠡᠳᠡᠭ ᠴᠠᠭ ᠦᠶ᠎ᠡ ᠶᠤᠮ᠃ ᠣᠶᠢᠷ᠎ᠠ ᠶᠢᠨ 3 ᠵᠢᠯ ᠳᠤ᠂ ᠰᠢᠯᠢ ᠶᠢᠨ ᠭᠤᠣᠯ ᠠᠶᠢᠮᠠᠭ ᠤᠨ ᠰᠦᠨᠢᠳ ᠵᠡᠭᠦᠨ ᠬᠤᠰᠢᠭᠤᠨ ᠤ ᠮᠠᠯᠴᠢᠨ ᠣᠶᠤᠨᠳᠠᠯᠠᠢ ᠶᠢᠨ ᠬᠠᠮᠤᠭ ᠤᠨ ᠰᠢᠭᠤᠳ ᠠᠵᠢᠭᠯᠠᠯᠲᠠ ᠶᠢᠨ ᠰᠡᠳᠬᠢᠭᠳᠡᠯ ᠪᠣᠯ ᠳᠠᠷᠤᠶ ︽ᠰᠠᠯᠬᠢ ᠰᠢᠭᠤᠷᠭ᠎ᠠ ᠪᠠᠭᠠᠰᠴᠤ᠂ ᠬᠤᠷ᠎ᠠ ᠪᠣᠷᠣᠭᠠᠨ ᠶᠡᠬᠡᠰᠴᠡᠢ︾᠃      ᠣᠶᠤᠨᠳᠠᠯᠠᠢ ᠶᠢᠨ ᠪᠠᠶᠢᠭ᠎ᠠ ᠬᠤᠩᠭᠤᠷ ᠰᠣᠮᠣᠨ ᠤ ᠱᠢᠷᠤ ᠴᠠᠩᠲᠤ ᠭᠠᠴᠠᠭ᠎ᠠ ᠨᠢ ᠳᠤᠮᠳᠠᠳᠤ ᠮᠣᠩᠭᠤᠯ ᠤᠨ ᠬᠢᠯᠢ ᠶᠢᠨ ᠱᠤᠭᠤᠮ ᠲᠠᠢ ᠵᠠᠬᠠᠯᠠᠵᠤ᠂ ᠠᠬ᠎ᠠ ᠳᠡᠭᠦᠦ ᠭᠤᠷᠪᠠ ᠶᠢᠨ 12 ᠬᠥᠮᠦᠨ ᠬᠠᠮᠲᠤ ᠪᠠᠷ 4.5 ᠲᠦᠮᠡᠨ ᠮᠥ ᠨᠤᠲᠤᠭ ᠪᠡᠯᠴᠢᠭᠡᠷ ᠢ ᠡᠵᠡᠩᠨᠡᠵᠦ ᠪᠠᠶᠢᠳᠠᠭ᠃ ︽ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠥᠭᠬᠦ ᠪᠠ ᠱᠠᠩᠨᠠᠯ ᠣᠯᠭᠤᠬᠤ ᠲᠥᠷᠥ ᠶᠢᠨ ᠪᠣᠳᠣᠯᠭ᠎ᠠ ᠭᠠᠷᠬᠤ ᠠᠴᠠ ᠡᠮᠦᠨ᠎ᠡ᠂ ᠮᠠᠨᠠᠶᠢᠬᠢᠨ 1200 ᠢᠯᠡᠭᠦᠦ ᠰᠠᠭᠤᠷᠢ ᠡᠮ᠎ᠡ ᠬᠤᠨᠢ ᠲᠡᠵᠢᠭᠡᠵᠦ᠂ ᠵᠢᠯ ᠪᠦᠷᠢ ᠲᠥᠯ ᠲᠣᠰᠣᠭᠰᠠᠨ ᠤ ᠳᠠᠷᠠᠭ᠎ᠠ ᠨᠡᠶᠢᠲᠡ 2000 ᠢᠯᠡᠭᠦᠦ ᠪᠣᠯᠳᠠᠭ ᠪᠠᠶᠢᠨ᠎ᠠ᠃ ᠣᠳᠣ ᠮᠠᠨ ᠤ ᠠᠳᠡᠬᠢ ᠪᠤᠯᠡᠪᠡᠰᠦ ᠪᠡᠯᠴᠢᠭᠡᠷ ᠬᠢᠭᠡᠳ ᠮᠠᠯ ᠰᠦᠷᠦᠭ ᠤᠨ ᠲᠡᠩᠴᠡᠭᠦᠷᠢᠲᠡᠶ ᠣᠷᠣᠨ ᠪᠣᠯᠣᠨ᠎ᠠ᠂ ᠨᠥᠬᠦᠪᠥᠷᠢ ᠲᠠᠢ ᠪᠣᠯᠣᠭᠰᠠᠨ ᠤ ᠰᠡᠭᠦᠯᠡᠷ᠂ ᠪᠡᠯᠴᠢᠭᠡᠷ ᠤᠨ ᠪᠠᠭᠲᠠᠭᠠᠮᠵᠢ ᠶᠢ ᠠᠯᠬᠤᠮ ᠠᠯᠬᠤᠮ ᠢᠶᠠᠷ ᠪᠠᠭᠠᠰᠬᠠᠵᠤ 700 ᠢᠯᠡᠭᠦᠬᠡᠨ ᠰᠠᠭᠤᠷᠢ ᠡᠮ᠎ᠡ ᠬᠤᠨᠢ ᠦᠯᠡᠳᠡᠭᠡᠪᠡ᠃ ᠣᠳᠣ ᠥᠩᠭᠡᠷᠡᠭᠰᠡᠨ ᠤ ᠬᠢ ᠰᠢᠭ ᠲᠡᠭᠡᠵᠦ ᠵᠦᠳᠡᠬᠦ ᠪᠠᠨ ᠪᠠᠶᠢᠵᠤ᠂ ᠨᠤᠲᠤᠭ ᠪᠡᠯᠴᠢᠭᠡᠷ ᠴᠦ ᠥᠩᠭᠡᠷᠡᠭᠰᠡᠨ ᠤ ᠬᠢ ᠠᠴᠠ ᠰᠠᠶᠢᠨ ᠪᠣᠯᠵᠤ᠂ ᠣᠷᠣᠯᠭ᠎ᠠ ᠬᠠᠷᠢᠨ ᠥᠴᠦᠬᠡᠨ ᠴᠦ ᠬᠠᠰᠤᠭᠳᠠᠭᠰᠠᠨ ᠦᠭᠡᠶ︾ ᠭᠡᠵᠦ ᠣᠶᠤᠨᠳᠠᠯᠠᠢ ᠬᠡᠯᠡᠪᠡ᠃      ᠣᠶᠤᠨᠳᠠᠯᠠᠢ ᠨᠢᠭᠡ ᠳᠠᠩᠰᠠ ᠪᠣᠳᠣᠵᠠᠢ᠂ ︽ᠣᠳᠣ ᠵᠢᠯ ᠪᠦᠷᠢ ᠶᠢᠨ ᠬᠤᠨᠢᠨ ᠤ ᠭᠠᠷᠭᠠᠯᠲᠠ ᠥᠩᠭᠡᠷᠡᠭᠰᠡᠨ ᠤ ᠬᠢ ᠠᠴᠠ 400 ᠬᠠᠰᠤᠭᠳᠠᠪᠠ᠂ 2014 ᠣᠨ ᠳᠤ ᠬᠤᠨᠢ ᠪᠦᠷᠢ ᠶᠢ ᠳᠤᠮᠳᠠᠴᠢ ᠪᠠᠷ 600 ᠢᠯᠡᠭᠦᠦ ᠲᠥᠭᠦᠷᠢᠭ ᠢᠶᠠᠷ ᠬᠤᠳᠠᠯᠳᠤᠵᠤ᠂ ᠳᠠᠩᠰᠠᠨ ᠠᠴᠠ ᠦᠵᠡᠪᠡᠯ 24 ᠲᠦᠮᠡᠨ ᠲᠥᠭᠦᠷᠢᠭ ᠬᠠᠰᠤᠭᠳᠠᠵᠠᠢ᠃ ᠭᠡᠲᠡᠯ᠎ᠡ ᠪᠡᠯᠴᠢᠭᠡᠷ ᠤᠨ ᠨᠥᠬᠦᠪᠥᠷᠢ 8 ᠲᠦᠮᠨ ᠰᠢᠬᠠᠮ ᠲᠥᠭᠦᠷᠢᠭ ᠣᠯᠵᠤ᠂ ᠵᠢᠯ ᠪᠦᠷᠢ ᠶᠢᠨ ᠬᠥᠮᠦᠨ ᠬᠥᠯᠦᠰᠦᠯᠡᠬᠦ ᠪᠠ ᠡᠪᠡᠰᠦ  ᠪᠣᠷᠳᠤᠭ᠎ᠠ᠂ ᠮᠠᠯ ᠤᠨ ᠡᠮ ᠵᠡᠷᠭᠡ ᠶᠢ ᠬᠤᠳᠠᠯᠳᠤᠨ ᠠᠪᠬᠤ ᠣᠷᠣᠭᠤᠯᠤᠯᠲᠠ ᠨᠢ ᠥᠩᠭᠡᠷᠡᠭᠰᠡᠨ ᠤ ᠬᠢ ᠠᠴᠠ 20 ᠲᠦᠮᠡᠨ ᠲᠥᠭᠦᠷᠢᠭ ᠠᠷᠪᠢᠯᠠᠪᠠ᠂ ᠢᠩᠭᠢᠵᠦ ᠪᠣᠳᠣᠪᠠᠯ᠂ ᠣᠷᠣᠯᠭ᠎ᠠ ᠨᠢ ᠥᠩᠭᠡᠷᠡᠭᠰᠡᠨ ᠤ ᠬᠢ ᠠᠴᠠ ᠪᠠᠭ᠎ᠠ ᠰᠠᠭ᠎ᠠ ᠳᠡᠭᠡᠭᠰᠢᠯᠡᠵᠦ᠂ ᠦᠢᠯᠡᠳᠪᠦᠷᠢᠯᠡᠯ ᠴᠦ ᠨᠡᠩ ᠬᠥᠡᠭᠭᠡᠷᠡᠭᠰᠡᠨ ᠪᠠᠶᠢᠨ᠎ᠠ᠃︾      ︽ᠥᠩᠭᠡᠷᠡᠭᠰᠡᠨ ᠳᠤ ᠮᠠᠯᠴᠢᠳ ᠣᠷᠣᠯᠭ᠎ᠠ ᠪᠠᠨ ᠨᠡᠮᠡᠭᠳᠡᠭᠦᠯᠬᠦ ᠶᠢᠨ ᠲᠥᠯᠥᠭᠡ᠂ ᠠᠯᠢ ᠴᠢᠳᠠᠬᠤ ᠪᠠᠷ ᠬᠤᠨᠢ ᠪᠠᠨ ᠣᠯᠠᠰᠢᠷᠠᠭᠤᠯᠳᠠᠭ᠃ ᠭᠡᠲᠡᠯ᠎ᠡ ᠬᠤᠨᠢ ᠣᠯᠠᠰᠢᠷᠠᠭᠠᠳ᠂ ᠡᠳᠡᠬᠦ ᠡᠪᠡᠰᠦ ᠦᠭᠡᠶ᠂ ᠪᠣᠷᠳᠤᠭ᠎ᠠ ᠬᠤᠳᠠᠯᠳᠤᠨ ᠠᠪᠬᠤ  ᠥᠪᠡᠷ ᠤᠨ ᠥᠷᠲᠡᠭ ᠨᠢ ᠴᠦ ᠥᠨᠳᠥᠷ ᠪᠣᠯᠵᠤ᠂ ᠣᠷᠣᠯᠭ᠎ᠠ ᠨᠢ ᠨᠡᠮᠡᠭᠳᠡᠭᠰᠡᠨ ᠦᠭᠡᠶ ᠪᠠᠷ ᠪᠠᠷᠠᠬᠤ ᠦᠭᠡᠢ ᠨᠤᠲᠤᠭ ᠪᠡᠯᠴᠢᠭᠡᠷ ᠢᠶᠠᠨ ᠪᠠᠰᠠ ᠲᠠᠴᠢᠷᠳᠠᠭᠤᠯᠵᠠᠢ᠃︾ ᠭᠡᠵᠦ ᠵᠡᠭᠦᠨ ᠦᠵᠦᠮᠦᠴᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠡᠳ᠋ ᠳᠠᠷᠤᠭ᠎ᠠ ᠡᠷᠳᠡᠨᠢᠳᠠᠯᠠᠢ ᠬᠡᠯᠡᠪᠡ᠃      ᠥᠪᠥᠷ ᠮᠣᠩᠭᠤᠯ ᠵᠡᠭᠦᠨ ᠠᠴᠠ ᠪᠠᠷᠠᠭᠤᠨᠰᠢ ᠪᠠᠨ ᠠᠯᠭᠠᠰᠠᠬᠤ ᠵᠠᠶ ᠶᠡᠭᠡ᠂ ᠨᠤᠲᠤᠭ ᠪᠡᠯᠴᠢᠭᠡᠷ ᠤᠨ ᠲᠥᠷᠥᠯ ᠣᠯᠠᠨ ᠶᠠᠩᠵᠤ ᠶᠢᠨ ᠪᠠᠶᠢᠵᠤ᠂ ᠪᠡᠯᠴᠢᠭᠡᠷ ᠤᠨ ᠪᠠᠭᠲᠠᠭᠠᠮᠵᠢ ᠶᠢᠨ ᠴᠢᠳᠠᠪᠤᠷᠢ ᠶᠡᠭᠡ ᠵᠥᠷᠢᠶ᠎ᠡ ᠲᠠᠢ ᠪᠠᠶᠢᠭ᠎ᠠ ᠶᠤᠮ᠃ ᠵᠢᠱᠢᠶᠡᠯᠡᠪᠡᠯ ᠵᠡᠭᠦᠨ ᠦᠵᠦᠮᠦᠴᠢᠨ ᠬᠤᠰᠢᠭᠤᠨ ᠤ ᠬᠥᠮᠦᠨ ᠪᠦᠷᠢ ᠳᠤ ᠳᠤᠮᠳᠠᠴᠢ ᠪᠠᠷ ᠨᠤᠭᠲᠠᠬᠤ ᠨᠤᠲᠤᠭ ᠪᠡᠯᠴᠢᠭᠡᠷ ᠤᠨ ᠲᠠᠯᠠᠪᠠᠢ ᠪᠠᠷ ᠬᠠᠮᠤᠭ ᠤᠨ ᠶᠡᠭᠡ ᠭᠠᠵᠠᠷ ᠤᠷᠤᠨ ᠨᠢ 4000 ᠭᠠᠷᠤᠶ ᠮᠥ ᠳᠤ ᠬᠦᠷᠴᠦ᠂ ᠬᠠᠷᠢᠨ ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠵᠠᠷᠢᠮ ᠭᠠᠵᠠᠷ ᠣᠷᠣᠨ ᠤ ᠬᠥᠮᠦᠨ ᠪᠦᠷᠢ ᠳᠤ ᠳᠤᠮᠳᠠᠴᠢ ᠪᠠᠷ ᠨᠣᠭᠳᠠᠬᠤ ᠨᠤᠲᠤᠭ ᠪᠡᠯᠴᠢᠭᠡᠷ ᠨᠢ ᠵᠥᠪᠬᠡᠨ 300 ᠭᠠᠷᠤᠶ ᠮᠥ ᠪᠤᠯᠤᠨ᠎ᠠ᠂ ᠣᠳᠣᠬᠠᠨ ᠳᠤ᠂ ᠪᠡᠯᠴᠢᠭᠡᠷ ᠤᠨ ᠪᠠᠭᠲᠠᠭᠠᠮᠵᠢ ᠪᠠ ᠲᠤᠰᠠᠯᠠᠵᠤ ᠱᠠᠩᠨᠠᠬᠤ ᠪᠡᠯᠡ ᠮᠥᠩᠭᠦ ᠶᠢ ᠪᠣᠯ ᠨᠤᠲᠤᠭ ᠪᠡᠯᠴᠢᠭᠡᠷ ᠤᠨ ᠲᠠᠯᠠᠪᠠᠶ ᠪᠠᠷ ᠲᠣᠭᠠᠴᠠᠭ᠎ᠠ ᠬᠢᠵᠤ ᠪᠠᠶᠢᠭ᠎ᠠ ᠲᠤᠯᠠ᠂ ᠪᠤᠳᠤᠭᠠᠳ ᠢᠷᠡᠪᠡᠯ᠂ ᠮᠠᠯᠴᠢᠳ ᠤᠨ ᠵᠢᠯ ᠤᠨ ᠣᠷᠣᠯᠭ᠎ᠠ ᠶᠢᠨ ᠵᠥᠷᠢᠶ᠎ᠡ ᠨᠢ 10 ᠳᠠᠬᠢᠨ ᠣᠷᠴᠢᠮ ᠬᠦᠷᠴᠦ ᠪᠠᠶᠢᠨ᠎ᠠ᠃ ᠡᠭᠦᠨ ᠤ ᠬᠠᠮᠲᠤ᠂ ᠮᠠᠯᠴᠢᠳ ᠤᠨ ᠣᠷᠣᠯᠭ᠎ᠠ ᠶᠢᠨ ᠭᠤᠣᠯ ᠢᠷᠡᠯᠲᠡ ᠨᠢ ᠮᠥᠨ ᠬᠦ ᠮᠠᠯ ᠤᠨ ᠠᠰᠢᠭ ᠰᠢᠮ᠎ᠡ ᠪᠠᠨ ᠬᠤᠳᠠᠯᠳᠤᠬᠤ ᠶᠠᠪᠤᠳᠠᠯ ᠪᠤᠯᠬᠤ ᠲᠤᠯᠠ᠂ ᠳᠠᠭᠠᠭᠠᠴᠠ ᠠᠴᠠ  ᠬᠡᠲᠦᠷᠡᠲᠡᠯ᠎ᠡ ᠮᠠᠯᠵᠢᠬᠤ ᠦᠵᠡᠭᠳᠡᠯ ᠮᠥᠨ ᠬᠦ ᠣᠷᠣᠰᠢᠵᠤ᠂ ᠮᠠᠯ ᠤᠨ ᠲᠤᠭ᠎ᠠ ᠶᠢ ᠦᠷᠭᠦᠯᠵᠢᠯᠡᠨ ᠬᠠᠰᠤᠬᠤ ᠨᠢ ᠮᠠᠯᠴᠢᠳ ᠤᠨ ᠣᠷᠣᠯᠭ᠎ᠠ ᠶᠢ ᠶᠡᠭᠡ ᠪᠠᠷ ᠪᠠᠭᠠᠰᠬᠤ ᠪᠤᠯᠤᠨ᠎ᠠ᠃      ᠣᠳᠣ ᠶᠢᠨ ᠬᠡᠷᠡᠭᠵᠢᠭᠦᠯᠵᠦ ᠪᠠᠶᠢᠭ᠎ᠠ ᠮᠠᠯᠵᠢᠬᠤ ᠶᠢ ᠴᠠᠭᠠᠵᠠᠯᠠᠬᠤ ᠨᠥᠬᠦᠪᠥᠷᠢ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠶᠢᠨ ᠱᠠᠩᠨᠠᠬᠤ ᠪᠠᠷᠢᠮᠵᠢᠶ᠎ᠠ ᠨᠢ ᠴᠥᠮ 2010 ᠣᠨ ᠤ ᠦᠬᠡᠷ ᠬᠤᠨᠢᠨ ᠮᠢᠬᠠᠨ ᠤ ᠦᠨ᠎ᠡ ᠪᠠᠷ ᠯᠠᠪᠯᠠᠯᠲᠠ ᠪᠤᠯᠭᠠᠨ ᠲᠤᠭᠲᠠᠭᠠᠭᠰᠠᠨ ᠲᠤᠯᠠ᠂ ᠲᠣᠭᠲᠠᠮᠠᠯ ᠬᠤᠪᠢᠷᠠᠰᠢ ᠦᠭᠡᠶ ᠨᠥᠬᠦᠪᠥᠷᠢ ᠥᠭᠬᠦ ᠪᠠᠷᠢᠮᠵᠢᠶ᠎ᠠ ᠬᠢᠭᠡᠳ ᠦᠢᠯᠡᠳᠪᠦᠷᠢᠯᠡᠯ ᠤᠨ ᠥᠪᠡᠷ ᠤᠨ ᠥᠷᠲᠡᠭ ᠦᠷᠭᠦᠯᠵᠢᠯᠡᠨ ᠳᠡᠭᠡᠭᠰᠢᠯᠡᠵᠤ ᠪᠠᠶᠢᠭ᠎ᠠ ᠪᠠ ᠮᠠᠯ ᠤᠨ ᠠᠰᠢᠭ ᠰᠢᠮ᠎ᠡ ᠶᠢᠨ ᠨ᠋ᠦᠨ᠎ᠡ ᠬᠠᠨᠭ᠍ᠰᠢ ᠶᠢᠨ ᠵᠥᠷᠢᠴᠡᠯ ᠲᠣᠪᠣᠶᠢᠮ᠎ᠠ ᠪᠤᠯᠪᠠ ᠬᠡᠵᠤ ᠮᠠᠯᠴᠢᠳ ᠲᠤᠷᠠᠳᠴᠤ ᠪᠠᠶᠢᠨ᠎ᠠ᠃      ︽ᠪᠠᠷᠠᠭᠠᠨ ᠤ ᠦᠨ᠎ᠡ ᠶᠢᠨ ᠦᠰᠦᠯᠲᠡ᠂ ᠵᠣᠭᠤᠰ ᠮᠠᠭᠤᠲᠠᠵᠤ ᠪᠠᠶᠢᠭ᠎ᠠ ᠵᠡᠷᠭᠡ ᠬᠦᠴᠦᠨ ᠵᠦᠢᠯ ᠢ ᠪᠦᠬᠦ ᠲᠠᠯ᠎ᠠ ᠪᠠᠷ ᠪᠤᠳᠤᠯᠬᠢᠯᠠᠨ᠂ ᠨᠤᠲᠤᠭ ᠪᠡᠯᠴᠢᠭᠡᠷ ᠤᠨ ᠲᠤᠰᠠᠯᠠᠵᠤ ᠱᠠᠩᠨᠠᠬᠤ ᠲᠣᠭᠲᠠᠴᠠ ᠶᠢᠨ ᠨᠥᠬᠦᠪᠥᠷᠢ ᠦᠭᠴᠦ ᠱᠠᠩᠨᠠᠬᠤ ᠪᠠᠷᠢᠮᠵᠢᠶ᠎ᠠ ᠶᠢᠨ ᠠᠶᠠᠨᠳᠠᠭᠠᠨ ᠨᠡᠮᠡᠭᠳᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃︾  ᠬᠡᠵᠤ ᠲᠤᠰᠬᠠᠶ ᠮᠡᠷᠭᠡᠵᠢᠯᠲᠡᠳ ᠰᠠᠨᠠᠭᠤᠯᠪᠠ᠃      5 ᠵᠢᠯ ᠤᠨ ᠬᠡᠷᠡᠭᠵᠢᠭᠦᠯᠬᠦ ᠬᠤᠭᠤᠴᠠᠭ᠎ᠠ ᠳᠦᠭᠦᠷᠬᠦ ᠪᠤᠯᠤᠭᠰᠠᠨ ᠲᠤᠯᠠ᠂ ᠤᠷᠲᠤ ᠬᠤᠭᠤᠴᠠᠭᠠᠨ ᠤ ᠪᠦᠲᠦᠮᠵᠢᠲᠠᠢ ᠲᠣᠭᠲᠠᠴᠠ ᠶᠢ ᠬᠦᠰᠡᠵᠤ ᠪᠠᠶᠢᠨ᠎ᠠ      ᠲᠤᠰᠠᠯᠠᠵᠤ ᠱᠠᠩᠨᠠᠬᠤ ᠲᠥᠷᠥ ᠶᠢᠨ ᠪᠣᠳᠣᠯᠭ᠎ᠠ ᠶᠢ ᠬᠡᠷᠡᠭᠵᠢᠬᠦᠯᠦᠭᠰᠡᠨ ᠦᠷ᠎ᠡ ᠪᠦᠲᠦᠮᠵᠢ ᠶᠢ ᠤᠨᠤᠪᠴᠢᠲᠠᠢ ᠡᠵᠡᠮᠰᠢᠬᠦ ᠶᠢᠨ ᠲᠤᠰᠠᠳᠠ᠂ ᠥᠪᠥᠷ ᠮᠣᠩᠭᠤᠯ 2011 ᠣᠨ ᠠᠴᠠ ᠡᠬᠢᠯᠡᠨ᠂ ᠲᠤᠰᠠᠯᠠᠵᠤ ᠱᠠᠩᠨᠠᠬᠤ ᠣᠷᠣᠨ ᠤ ᠳᠣᠲᠣᠷᠠᠬᠢ ᠨᠤᠲᠤᠭ ᠪᠡᠯᠴᠢᠭᠡᠷ ᠤᠨ ᠬᠤᠪᠢᠷᠠᠯᠲᠠ ᠶᠢᠨ ᠪᠠᠶᠢᠳᠠᠯ ᠬᠢᠭᠡᠳ 120 ᠨᠡᠶᠢᠲᠡᠯᠢᠭ ᠮᠠᠯᠵᠢᠬᠤ ᠡᠷᠦᠬᠡ ᠶᠢᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠪᠦᠬᠦ ᠲᠠᠯ᠎ᠠ ᠪᠠᠷ ᠮᠥᠷᠳᠡᠨ ᠬᠢᠨᠠᠨ ᠬᠡᠮᠵᠢᠵᠦ᠂ ᠠᠮᠢ ᠠᠬᠤᠶ᠂ ᠦᠢᠯᠡᠳᠪᠦᠷᠢᠯᠡᠯ᠂ ᠠᠮᠢᠳᠤᠷᠠᠯ ᠤᠨ ᠬᠤᠣᠰ ᠴᠢᠭᠯᠡᠯᠲᠦ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠪᠠ᠃      ᠨᠤᠲᠤᠭ ᠪᠡᠯᠴᠢᠭᠡᠷ ᠤᠨ ᠠᠮᠢ ᠠᠬᠤᠶ ᠬᠡᠪᠡᠷᠡᠭ ᠲᠤᠯᠠ᠂ ᠡᠪᠳᠡᠭᠳᠡᠬᠦ ᠳᠤ ᠬᠢᠯᠪᠡᠷ ᠰᠡᠷᠭᠦᠭᠡᠬᠦ ᠳᠤ ᠬᠦᠴᠢᠷ᠂ ᠰᠡᠷᠭᠦᠬᠦ ᠦᠶᠡᠯᠡᠬᠦ ᠬᠤᠭᠤᠴᠠᠭ᠎ᠠ ᠨᠢ ᠣᠷᠳᠣ ᠪᠠᠶᠢᠭ᠎ᠠ ᠶᠢ ᠦᠨᠡᠯᠡᠨ ᠵᠢᠱᠢᠬᠦ ᠠᠴᠠ ᠤᠯᠵᠤ ᠮᠡᠳᠡᠪᠡ᠃ 5 ᠵᠢᠯ ᠤᠨ ᠦᠶᠡᠯᠡᠬᠦ ᠬᠤᠭᠤᠴᠠᠭ᠎ᠠ ᠨᠢ ᠠᠮᠢ ᠠᠬᠤᠶ ᠮᠠᠭᠤᠳᠠᠭᠰᠠᠨ ᠨᠤᠲᠤᠭ ᠪᠡᠯᠴᠢᠭᠡᠷ᠂ ᠢᠯᠠᠩᠭᠤᠶ᠎ᠠ ᠴᠦᠯᠵᠢᠭᠰᠡᠨ ᠎ ᠨᠢ ᠬᠦᠨᠳᠦ ᠨᠣᠴᠢᠲᠠᠶ ᠭᠠᠵᠠᠷ ᠣᠷᠣᠨ ᠳᠤ ᠠᠪᠴᠤ ᠬᠡᠯᠡᠪᠡᠯ᠂ ᠮᠥᠨ ᠴᠢᠨᠠᠷ ᠪᠦᠬᠦᠢ ᠰᠡᠷᠭᠦᠭᠦ ᠳᠤ  ᠬᠦᠴᠢᠷ ᠶᠤᠮ ᠃ ᠮᠠᠯᠴᠢᠳ ᠤᠨ ᠦᠢᠯᠡᠳᠪᠦᠷᠢᠯᠡᠯ ᠤᠨ ᠦᠶᠡᠯᠡᠬᠦ ᠬᠤᠭᠤᠴᠠᠭ᠎ᠠ ᠲᠤᠩ ᠣᠷᠳᠣ ᠲᠤᠯᠠ᠂ ᠰᠠᠭᠤᠷᠢ ᠡᠬᠡ ᠮᠠᠯ ᠦᠭᠡᠶ ᠪᠤᠯᠴᠢᠪᠠᠯ᠂ ᠣᠬᠤᠷ ᠬᠤᠭᠤᠴᠠᠭᠠᠨ ᠳᠤ ᠰᠡᠷᠭᠦᠵᠤ ᠳᠡᠶᠢᠯᠬᠦ ᠦᠭᠡᠢ ᠶᠤᠮ᠃ ᠨᠤᠲᠤᠭ ᠪᠡᠯᠴᠢᠭᠡᠷ ᠤᠨ ᠲᠤᠰᠠᠯᠠᠵᠤ ᠱᠠᠩᠨᠠᠬᠤ ᠲᠣᠭᠲᠠᠴᠠ ᠶᠢᠨ ᠣᠳᠣᠬᠠᠨ ᠤ ᠬᠡᠷᠡᠭᠵᠢᠬᠦᠯᠬᠦ ᠬᠤᠭᠤᠴᠠᠭ᠎ᠠ ᠨᠢ 5 ᠵᠢᠯ ᠪᠤᠯᠬᠤ ᠪᠦᠭᠡᠳ᠂ 2015 ᠣᠨ ᠪᠣᠯ ᠡᠴᠦᠰ ᠤᠨ ᠨᠢᠭᠡ ᠵᠢᠯ ᠪᠣᠯᠤᠨ᠎ᠠ᠃ ᠣᠳᠣᠬᠠᠨ ᠳᠤ᠂ ᠨᠤᠲᠤᠭ ᠪᠡᠯᠴᠢᠭᠡᠷ ᠤᠨ ᠲᠤᠰᠠᠯᠠᠵᠤ ᠱᠠᠩᠨᠠᠬᠤ ᠬᠤᠭᠤᠴᠠᠭ᠎ᠠ ᠳᠦᠭᠦᠷᠦᠭᠰᠡᠨ ᠤ ᠳᠠᠷᠠᠭ᠎ᠠ ᠮᠠᠯᠴᠢᠳ ᠤᠨ ᠮᠠᠯᠵᠢᠬᠤ ᠪᠤᠶᠤ ᠦᠷᠭᠦᠯᠵᠢᠯᠡᠨ  ᠪᠡᠯᠴᠢᠭᠡᠷᠯᠡᠭᠦᠯᠵᠤ ᠴᠢᠳᠠᠬᠤ ᠡᠰᠡᠬᠦ ᠨᠢ ᠲᠣᠳᠣᠷᠬᠠᠶ ᠦᠭᠡᠶ ᠠᠴᠠ ᠪᠤᠯᠤᠭᠠᠳ᠂ ᠮᠠᠰᠢ ᠣᠯᠠᠨ ᠮᠠᠯᠴᠢᠳ ᠪᠠᠶᠢᠳᠠᠯ ᠢ ᠠᠵᠢᠭᠯᠠᠬᠤ ᠤᠷᠮ᠎ᠠ ᠰᠡᠳᠭᠢᠯᠭᠡ ᠲᠠᠢ ᠪᠤᠯᠵᠤ᠂  ᠮᠠᠯ ᠤᠨᠤᠭ᠎ᠠ ᠪᠠᠨ ᠬᠤᠳᠠᠯᠳᠤᠬᠤ ᠠᠴᠠ ᠬᠠᠷᠠᠮᠰᠠᠨ᠂ ᠮᠠᠯ ᠢᠶᠠᠨ ᠬᠠᠰᠤᠬᠤ ᠵᠣᠷᠢᠭ ᠬᠦᠷᠬᠦ ᠦᠭᠡᠶ ᠪᠠᠶᠢᠨ᠎ᠠ᠃ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠳᠤ ᠲᠤᠰᠠᠯᠠᠵᠤ ᠱᠠᠩᠨᠠᠬᠤ ᠲᠣᠭᠲᠠᠴᠠ ᠶᠢᠨ ᠬᠤᠭᠤᠴᠠᠭ᠎ᠠ ᠲᠤᠯᠪᠠᠯ᠂ ᠪᠡᠯᠴᠢᠭᠡᠷᠯᠡᠬᠦᠯᠬᠦ ︽ᠬᠤᠷᠢᠭ᠎ᠠ ᠶᠢ ᠲᠠᠯᠪᠢᠬᠤ︾᠎ ᠨᠢ᠂ ᠮᠡᠳᠡᠬᠦ ᠠᠮᠢ ᠠᠬᠤᠶ ᠶᠢ ᠳᠠᠬᠢᠭᠠᠳ ᠮᠠᠭᠤᠵᠢᠷᠠᠭᠤᠯᠵᠤ ᠮᠡᠳᠡᠨ᠎ᠡ ᠬᠡᠵᠤ ᠬᠦᠮᠦᠰ ᠰᠠᠨᠠᠭ᠎ᠠ ᠠᠯᠭᠠᠰᠴᠤ ᠪᠠᠶᠢᠨ᠎ᠠ᠃      ᠡᠭᠦᠨ ᠳᠤ᠂ ᠥᠪᠥᠷ ᠮᠣᠩᠭᠤᠯ ᠤᠨ ᠡᠳ᠋ ᠤᠨ ᠵᠠᠰᠠᠭ ᠤᠨ ᠲᠢᠩᠬᠢᠮ ᠤᠨ ᠰᠠᠨᠠᠭᠤᠯᠤᠭᠰᠠᠨ ᠨᠢ᠂ ᠨᠤᠲᠤᠭ ᠪᠡᠯᠴᠢᠭᠡᠷ ᠠᠮᠢ ᠠᠬᠤᠶ ᠶᠢᠨ ᠬᠠᠮᠠᠭᠠᠯᠠᠯᠲᠠ ᠳᠤ ᠲᠤᠰᠠᠯᠠᠵᠤ ᠱᠠᠩᠨᠠᠬᠤ ᠤᠷᠲᠤ ᠬᠤᠭᠤᠴᠠᠭᠠᠨ ᠤ ᠪᠦᠲᠦᠮᠵᠢᠲᠠᠢ ᠲᠣᠭᠲᠠᠴᠠ ᠶᠢ ᠪᠠᠶᠢᠭᠤᠯᠤᠨ᠂ ᠨᠤᠲᠤᠭ ᠪᠡᠯᠴᠢᠭᠡᠷ ᠤᠨ ᠲᠤᠰᠠᠯᠠᠵᠤ ᠱᠠᠩᠨᠠᠬᠤ ᠲᠥᠷᠥ ᠶᠢᠨ ᠪᠣᠳᠣᠯᠭ᠎ᠠ ᠶᠢ ᠪᠦᠬᠦᠯᠢ 5 ᠵᠢᠯ ᠬᠡᠷᠡᠭᠵᠢᠬᠦᠯᠦᠭᠰᠡᠨ ᠤ ᠳᠠᠷᠠᠭ᠎ᠠ᠂ ᠤᠷᠲᠤ ᠬᠤᠭᠤᠴᠠᠭ᠎ᠠ ᠪᠠᠷ ᠮᠠᠯᠴᠢᠳ ᠲᠤ ᠠᠰᠢᠭ ᠬᠦᠷᠲᠡᠭᠡᠬᠦ ᠮᠠᠯ ᠠᠵᠤ ᠠᠬᠤᠶ ᠶᠢ ᠴᠢᠩᠭᠠᠷᠠᠭᠤᠯᠬᠤ ᠲᠥᠷᠥ ᠶᠢᠨ ᠪᠣᠳᠣᠯᠭ᠎ᠠ ᠪᠤᠯᠭᠠᠨ ᠦᠷᠭᠦᠯᠵᠢᠯᠡᠨ ᠶᠠᠪᠤᠭᠳᠠᠭᠤᠯᠵᠤ ᠂ ᠲᠣᠭᠲᠠᠭᠤᠨ ᠪᠦᠭᠡᠳ ᠪᠦᠷᠢᠨᠰᠢᠭᠰᠡᠨ ᠨᠤᠲᠤᠭ ᠪᠡᠯᠴᠢᠭᠡᠷ ᠤᠨ ᠠᠮᠢ ᠠᠬᠤᠶ ᠳᠤ ᠨᠥᠬᠦᠪᠥᠷᠢ ᠥᠭᠬᠦ ᠤᠷᠲᠤ ᠬᠤᠭᠤᠴᠠᠭᠠᠨ ᠤ ᠪᠦᠲᠦᠮᠵᠢᠲᠠᠢ ᠲᠣᠭᠲᠠᠴᠠ ᠶᠢ ᠪᠠᠶᠢᠭᠤᠯᠬᠤ ᠬᠡᠷᠡᠭᠲᠡᠶ᠃ ᠡᠭᠦᠨ ᠤ ᠬᠠᠮᠲᠤ᠂ ᠣᠶᠢᠷ᠎ᠠ ᠶᠢᠨ ᠵᠢᠯ ᠤᠳ ᠠᠴᠠ ᠠᠪᠴᠤ ᠦᠵᠡᠪᠡᠯ᠂ ᠮᠠᠯᠵᠢᠬᠤ ᠶᠢ ᠴᠠᠭᠠᠵᠠᠯᠠᠬᠤ ᠬᠡᠪᠴᠢᠶ᠎ᠡ ᠨᠢ ᠬᠦᠷᠦᠯᠴᠡᠬᠦ ᠦᠭᠡᠶ ᠠᠴᠠ ᠪᠤᠯᠵᠤ᠂ ᠬᠡᠰᠡᠭ ᠮᠠᠭᠤᠲᠠᠭᠰᠠᠨ ᠪᠠ ᠡᠯᠡᠰᠦᠵᠢᠭᠰᠡᠨ ᠨᠢ ᠬᠦᠨᠳᠦ ᠨᠣᠴᠢᠲᠠᠶ ᠨᠤᠲᠤᠭ ᠪᠡᠯᠴᠢᠭᠡᠷ ᠢ ᠮᠠᠯᠵᠢᠬᠤ ᠶᠢ ᠴᠠᠭᠠᠵᠠᠯᠠᠬᠤ ᠬᠡᠪᠴᠢᠶᠡᠨ ᠳᠤ ᠣᠷᠣᠭᠤᠯᠵᠤ ᠴᠢᠳᠠᠭᠰᠠᠨ ᠦᠭᠡᠶ᠂ ᠬᠡᠰᠡᠭ ᠮᠠᠭᠤᠳᠠᠭᠰᠠᠨ ᠬᠡᠮᠵᠢᠶ᠎ᠡ ᠪᠠᠷ ᠠᠳᠠᠯᠢ ᠨᠤᠲᠤᠭ ᠪᠡᠯᠴᠢᠭᠡᠷ ᠲᠤ ᠮᠠᠯᠵᠢᠬᠤ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠶᠠᠪᠤᠳᠠᠯ ᠬᠠᠮᠲᠤ ᠤᠷᠤᠰᠢᠬᠤ  ᠦᠵᠡᠭᠳᠡᠯ ᠭᠠᠷᠴᠤ᠂ ᠡᠨᠡ ᠨᠢ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠳᠤ ᠠᠰᠢᠭ ᠦᠭᠡᠶ  ᠪᠦᠭᠡᠳ ᠪᠠᠰᠠ ᠬᠠᠮᠢᠶᠠᠷᠬᠤ ᠳᠤ ᠳᠦᠭᠦᠮ ᠦᠭᠡᠶ ᠶᠤᠮ᠃ ᠲᠤᠰᠬᠠᠶ ᠮᠡᠷᠭᠡᠵᠢᠯᠲᠡᠨ ᠰᠠᠨᠠᠭᠤᠯᠤᠭᠰᠠᠨ ᠨᠢ᠂ ᠨᠤᠲᠤᠭ ᠪᠡᠯᠴᠢᠭᠡᠷ ᠤᠨ ᠠᠮᠢ ᠠᠬᠤᠶ ᠪᠣᠯ ᠨᠢᠭᠡᠨ ᠤᠷᠲᠤ ᠬᠤᠭᠤᠴᠠᠭᠠᠨ ᠤ ᠢᠨᠵᠧᠨᠧᠷᠢᠩ ᠪᠤᠯᠬᠤ ᠲᠤᠯᠠ᠂ ᠮᠥᠨ ᠬᠦ ᠴᠠᠭ ᠬᠤᠭᠤᠴᠠᠭ᠎ᠠ ᠬᠡᠷᠡᠭᠰᠡᠵᠤ ᠪᠠᠶᠢᠭᠠᠳ ᠤᠯᠠᠮ ᠨᠢᠭᠡ ᠠᠯᠬᠤᠮ ᠰᠡᠷᠭᠦᠬᠦ ᠪᠤᠯᠤᠨ᠎ᠠ᠂ ᠨᠤᠲᠤᠭ ᠪᠡᠯᠴᠢᠭᠡᠷ ᠤᠨ ᠠᠮᠢ ᠠᠬᠤᠶ ᠰᠠᠶᠢᠵᠢᠷᠠᠯ᠎ᠠ ᠴᠤ ᠭᠡᠳ ᠪᠡᠯᠴᠢᠭᠡᠷ ᠢ ᠰᠡᠷᠭᠦᠭᠡᠬᠦ᠂ ᠦᠷᠭᠦᠯᠵᠢᠯᠡᠨ ᠠᠰᠢᠭᠯᠠᠬᠤ ᠵᠠᠭᠪᠤᠷ ᠢ ᠪᠠᠶᠢᠭᠤᠯᠬᠤ ᠬᠡᠷᠡᠭᠲᠠᠢ︔ ᠮᠠᠯᠵᠢᠬᠤ ᠶᠢ ᠴᠠᠭᠠᠵᠠᠯᠠᠬᠤ  ᠲᠤᠰᠠᠯᠠᠮᠵᠢ ᠶᠢᠨ ᠪᠡᠯᠡ ᠮᠥᠩᠭᠦ ᠶᠢ ᠨᠡᠮᠡᠭᠳᠡᠭᠦᠯᠦᠨ᠂ ᠮᠠᠯᠵᠢᠬᠤ ᠶᠢ ᠴᠠᠭᠠᠵᠠᠯᠠᠬᠤ ᠲᠠᠯᠠᠪᠠᠶ ᠶᠢ ᠦᠷᠭᠡᠳᠭᠡᠵᠤ᠂ ᠪᠤᠢ ᠪᠦᠬᠦᠢ ᠮᠠᠭᠤᠳᠠᠭᠰᠠᠨ ᠪᠠ ᠡᠯᠡᠰᠦᠵᠢᠭᠰᠡᠨ ᠨᠤᠲᠤᠭ ᠪᠡᠯᠴᠢᠭᠡᠷ ᠢ ᠴᠥᠮ ᠮᠠᠯᠵᠢᠬᠤ ᠶᠢ ᠴᠠᠭᠠᠵᠠᠯᠠᠬᠤ ᠬᠡᠪᠴᠢᠶᠡᠨ ᠳᠤ ᠣᠷᠣᠭᠤᠯᠬᠤ ᠬᠡᠷᠡᠭᠲᠡᠶ᠃      ︽ᠠᠯᠤᠰ ᠬᠡᠳᠦ ᠠᠴᠠ ᠠᠪᠴᠤ ᠦᠵᠡᠪᠡᠯ᠂ ᠮᠠᠯᠵᠢᠬᠤ ᠶᠢ ᠴᠠᠭᠠᠵᠢᠯᠠᠵᠤ ᠪᠠᠶᠢᠭ᠎ᠠ ᠶᠢᠨ ᠵᠣᠷᠢᠯᠭ᠎ᠠ ᠪᠣᠯ ᠨᠤᠲᠤᠭ ᠪᠡᠯᠴᠢᠭᠡᠷ ᠢ ᠠᠮᠢᠯᠠᠭᠤᠯᠤᠨ ᠰᠡᠷᠭᠦᠬᠡᠵᠤ᠂ ᠠᠮᠢ ᠠᠬᠤᠶ ᠶᠢᠨ ᠰᠡᠷᠭᠦᠭᠡᠨ᠂ ᠲᠡᠷᠡ ᠨᠢ ᠨᠡᠩ ᠰᠠᠶᠢᠲᠤᠷ ᠠᠰᠢᠭᠯᠠᠬᠤ ᠶᠢᠨ ᠲᠦᠯᠦᠭᠡ ᠶᠤᠮ᠂ ᠬᠠᠷᠢᠨ ᠨᠤᠲᠤᠭ ᠪᠡᠯᠴᠢᠭᠡᠷ ᠤᠨ ᠡᠬᠢ ᠪᠠᠶᠠᠯᠢᠭ ᠢ ᠠᠰᠢᠭᠯᠠᠬᠤ ᠶᠢ ᠳᠠᠭᠤᠰᠬᠠᠬᠤ ᠪᠢᠰᠢ᠃  ᠶᠡᠷᠦᠩᠬᠡᠶ ᠳᠤᠨᠢ ᠦᠨᠡᠯᠡᠨ ᠵᠢᠱᠢᠬᠦ ᠪᠠᠷ ᠳᠠᠮᠵᠢᠭᠠᠳ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠢ ᠮᠠᠯ ᠪᠡᠯᠴᠢᠭᠡᠷ ᠢ ᠲᠡᠩᠴᠡᠭᠦᠷᠢᠲᠡᠶ ᠪᠤᠯᠭᠠᠬᠤ ᠣᠷᠣᠨ ᠪᠣᠯᠭᠠᠨ ᠬᠤᠪᠢᠷᠠᠭᠤᠯᠵᠤ᠂ ᠪᠡᠯᠴᠢᠭᠡᠷ ᠢ ᠦᠨᠵᠢᠭᠦᠯᠬᠦ᠂ ᠪᠡᠯᠴᠢᠭᠡᠷ ᠢᠶᠠᠨ ᠬᠡᠰᠡᠭᠯᠡᠨ ᠡᠭᠡᠯᠵᠢᠯᠡᠨ ᠮᠠᠯᠵᠢᠬᠤ ᠶᠢ ᠬᠡᠷᠡᠭᠵᠢᠬᠦᠯᠵᠤ᠂ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠠᠰᠢᠭᠯᠠᠵᠤ ᠪᠤᠯᠤᠨ᠎ᠠ᠃︾ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠮᠡᠷᠭᠡᠵᠢᠯᠲᠡᠨ ᠤ ᠰᠠᠨᠠᠭᠤᠯᠤᠭᠰᠠᠨ ᠢᠶᠠᠷ᠂ ᠮᠠᠯᠵᠢᠬᠤ ᠶᠢ ᠴᠠᠭᠠᠵᠠᠯᠠᠭᠰᠠᠨ ᠨᠤᠲᠤᠭ ᠪᠡᠯᠴᠢᠭᠡᠷ ᠤᠨ ᠠᠮᠢ ᠠᠬᠤᠶ ᠰᠠᠶᠢᠵᠢᠷᠠᠭᠰᠠᠨ ᠭᠠᠵᠠᠷ ᠤᠷᠤᠨ ᠤ ᠨᠤᠲᠤᠭ ᠪᠡᠯᠴᠢᠭᠡᠷ ᠢ ᠵᠦᠶ ᠵᠣᠬᠢᠰᠲᠠᠶ ᠠᠰᠢᠭᠯᠠᠬᠤ ᠶᠢ ᠡᠳᠦᠷ ᠲᠤᠲᠤᠮ ᠤᠨ ᠵᠥᠪᠯᠡᠬᠦ ᠵᠦᠢᠯ ᠳᠤ ᠣᠷᠣᠭᠤᠯᠬᠤ ᠬᠡᠷᠡᠭᠲᠡᠶ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号