6 ᠳ᠋ᠤᠭᠠᠷ ᠰᠠᠷ᠎ᠠ ᠶᠢᠨ 29 ᠤ ᠦᠲᠠ ᠶᠢᠨ ᠬᠤᠶᠢᠨ᠎ᠠ᠂ ᠨᠢᠩᠰᠢᠶᠠ ᠦᠪᠤᠷ ᠮᠤᠩᠭᠤᠯ ᠤᠨ | ᠬᠠᠮᠲᠤᠷᠠᠯᠴᠠᠭ᠎ᠠ ᠶᠢ ᠵᠤᠯᠭᠠᠭᠤᠯᠬᠤ ᠶᠠᠷᠢᠯᠴᠠᠬᠤ ᠬᠤᠷᠠᠯ ᠬᠦᠬᠡᠬᠤᠲᠠ ᠳᠤ ᠬᠤᠷᠠᠯᠲᠤᠵᠠᠢ᠃ ᠦᠪᠤᠷ ᠮᠤᠩᠭᠤᠯ ᠤᠨ | ᠦᠪᠠᠷᠲᠠᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠬᠦᠨ᠂ ᠦᠪᠠᠷᠲᠠᠬᠡᠨ ᠵᠠᠰᠠᠬᠤ | ᠤᠷᠤᠨ ᠤ ᠲᠠᠳ᠋ ᠲᠠᠷᠢᠬᠦᠯᠡᠭᠴᠢ ᠹᠦ᠋ ᠲᠠᠢ ᠽᠸᠡᠭ᠂ ᠨᠢᠩᠰᠢᠶᠠ ᠶᠢᠨ ᠬᠤᠲᠤᠩ ᠦᠨᠲᠤᠰᠤᠲᠠᠨ ᠤ ᠦᠪᠠᠷᠲᠠᠬᠡᠨ | ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠬᠦᠨ᠂ ᠦᠪᠠᠷᠲᠠᠬᠡᠨ ᠵᠠᠰᠠᠬᠤ ᠤᠷᠤᠨ ᠤ ᠲᠠᠳ᠋ | ᠲᠠᠷᠢᠬᠦᠯᠡᠭᠴᠢ ᠵᠠᠩ ᠴᠤᠤ ᠴᠤᠤ ᠬᠤᠷᠠᠯ ᠳᠤ ᠤᠷᠤᠯᠴᠠᠵᠤ ᠶᠠᠷᠢᠶ᠎ᠠ ᠲᠠᠯᠪᠢᠵᠠᠢ᠃ 2013 ᠣᠨ ᠤ 3 ᠳ᠋ᠤᠭᠠᠷ | ᠰᠠᠷ᠎ᠠ ᠳᠤ ᠨᠢᠩᠰᠢᠶᠠ ᠦᠪᠤᠷ ᠮᠤᠩᠭᠤᠯ ᠬᠤᠶᠠᠷ ᠤᠷᠤᠨ ᠪᠠᠶᠢᠯᠲᠤᠬᠤ ᠪᠤᠲᠤᠯᠭ᠎ᠠ ᠶᠢᠨ ᠬᠠᠮᠳᠣᠷᠠᠯᠴᠠᠭ᠎ᠠ ᠶᠢᠨ | ᠪᠦᠳᠦᠭᠦᠪᠴᠢ ᠵᠥᠪᠯᠡᠯᠴᠡᠭᠡᠷ ᠲᠤ ᠭᠠᠷ ᠤᠨ ᠦᠰᠦᠭ ᠵᠢᠷᠤᠭᠰᠠᠨ ᠠᠴᠠ ᠨᠠᠰᠢ᠂ ᠬᠤᠶᠠᠷ ᠤᠷᠤᠨ ᠤ ᠨᠠᠮ ᠤᠨ | ᠬᠤᠷᠢᠶ᠎ᠠ᠂ ᠵᠠᠰᠠᠭ ᠤᠨ ᠤᠷᠲᠤᠨ ᠤ ᠬᠦᠴᠤᠲᠠᠢ ᠠᠬᠢᠭᠤᠯᠤᠯ ᠲᠤᠤᠷ᠎ᠠ᠂ ᠨᠢᠩᠰᠢᠶᠠ ᠦᠪᠤᠷ ᠮᠤᠩᠭᠤᠯ ᠤᠨ | ᠬᠠᠮᠲᠤᠷᠠᠯᠴᠠᠭ᠎ᠠ ᠰᠤᠯᠢᠯᠴᠠᠭ᠎ᠠ ᠶᠢᠨ ᠠᠵᠢᠯ ᠲᠤᠭᠲᠠᠭᠤᠨ ᠠᠬᠢᠯᠲᠠ ᠲᠠᠢ ᠪᠤᠯᠵᠤ᠂ ᠨᠢᠬᠡ ᠪᠦᠯᠦᠭ | ᠬᠠᠮᠲᠤᠷᠠᠯᠴᠠᠭ᠎ᠠ ᠶᠢᠨ ᠲᠦᠷᠦᠯ ᠵᠦᠢᠯ ᠪᠦᠲᠦᠮᠵᠢᠲᠠᠢ ᠨᠠᠶᠢᠲᠠᠪᠤᠷᠢᠵᠢᠭᠤᠯᠤᠭᠲᠠᠵᠤ᠂ ᠬᠤᠶᠠᠷ ᠤᠷᠤᠨ ᠤ | ᠬᠦᠭᠵᠢᠯᠲᠠ ᠪᠠᠨ ᠲᠦᠷᠬᠡᠳᠭᠡᠬᠦ ᠳᠤ ᠢᠲᠠᠪᠬᠢᠲᠠᠢ ᠠᠬᠢᠭᠤᠯᠬᠤ ᠦᠢᠯᠡᠲᠤᠯ ᠦᠵᠡᠬᠦᠯᠪᠠ᠃ ᠶᠠᠷᠢᠯᠴᠠᠬᠤ ᠬᠤᠷᠠᠯ | ᠲᠠᠬᠡᠷ᠎ᠠ᠂ ᠨᠢᠩᠰᠢᠶᠠ ᠦᠪᠤᠷ ᠮᠤᠩᠭᠤᠯ ᠬᠤᠶᠠᠷ ᠤᠷᠤᠨ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢᠨ ᠲᠦᠷᠦᠯ | ᠵᠦᠢᠯ ᠢ ᠴᠢᠨᠠᠭᠰᠢᠲᠠ ᠬᠦᠨᠵᠡᠬᠡᠶᠢᠷᠠᠬᠦᠯᠬᠦ ᠳᠣᠬᠠᠢ ᠬᠦᠢᠴᠡᠳ ᠶᠠᠷᠢᠯᠴᠠᠵᠠᠢ᠃ | ᠹᠦ᠋ ᠲᠠᠢ ᠽᠸᠡᠭ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠦᠪᠤᠷ ᠮᠤᠩᠭᠤᠯ ᠨᠢᠩᠰᠢᠶᠠ ᠬᠤᠶᠠᠷ | ᠣᠷᠣᠨ ᠠᠭᠤᠯᠠ ᠤᠰᠤ ᠵᠠᠯᠭᠠᠯᠳᠤᠵᠦ᠂ ᠰᠤᠶᠤᠯ ᠢᠷᠬᠡᠨᠰᠢᠯ ᠠᠭᠤᠰᠤᠯᠴᠠᠭᠰᠠᠨ ᠰᠠᠶᠢᠨ ᠰᠠᠶᠢᠬᠠᠨ | ᠬᠠᠮᠲᠤᠷᠠᠯᠴᠠᠭ᠎ᠠ ᠶᠢᠨ ᠰᠠᠭᠤᠷᠢ ᠲᠠᠢ᠃ ᠤᠢᠢᠷ᠎ᠠ ᠶᠢᠨ ᠵᠢᠯ ᠳᠤ᠂ ᠬᠤᠶᠠᠷ ᠲᠠᠯ᠎ᠠ ᠶᠢᠨ ᠬᠦᠷᠢᠶᠠᠯᠠᠩ ᠲᠤᠭᠤᠷᠢᠭ ᠤᠨ | ᠪᠦᠲᠦᠬᠡᠨ ᠪᠠᠶᠢᠭᠤᠯᠤᠯᠲᠠ᠂ ᠡᠬᠢ ᠪᠠᠶᠠᠯᠢᠭ᠂ ᠵᠠᠰᠠᠮᠠᠯ ᠵᠠᠮ᠂ ᠲᠠᠮᠤᠷ ᠵᠠᠮ᠂ ᠵᠢᠭᠤᠯᠴᠢᠯᠠᠯ᠂ ᠤᠷᠴᠢᠨ ᠲᠤᠭᠤᠷᠢᠨ ᠤ | ᠬᠠᠮᠠᠭᠠᠯᠠᠯᠲᠠ ᠵᠡᠷᠬᠡ ᠬᠦᠷᠢᠶ᠎ᠡ ᠴᠠᠷᠠᠭᠠᠨ ᠳᠠᠬᠢ ᠬᠠᠮᠲᠤᠷᠠᠯᠴᠠᠭ᠎ᠠ ᠲᠠᠰᠤᠷᠠᠯᠲᠠ ᠦᠬᠡᠢ ᠬᠦᠨᠵᠡᠬᠡᠶᠢᠷᠠᠵᠤ᠂ ᠮᠡᠳᠡᠭᠲᠠᠮᠠ | ᠦᠷ᠎ᠠ ᠪᠦᠲᠦᠮᠵᠢ ᠤᠯᠪᠠ᠃ ᠤᠲᠤᠬᠠᠨ ᠳᠤ ᠨᠢᠩᠰᠢᠶᠠ ᠦᠪᠤᠷ ᠮᠤᠩᠭᠤᠯ ᠬᠤᠶᠠᠷ ᠤᠷᠤᠨ ᠳᠤ ᠪᠠᠷᠠᠭᠤᠨ ᠤᠷᠤᠨ ᠢ | ᠶᠠᠬᠡᠪᠠᠷ ᠨᠠᠬᠡᠬᠡᠨ ᠬᠦᠭᠵᠢᠬᠦᠯᠬᠦ᠂ ︽ᠨᠢᠬᠡ ᠪᠦᠰᠠ ᠨᠢᠬᠡ ᠵᠠᠮ︾ ᠤᠨ ᠪᠦᠲᠦᠬᠡᠨ ᠪᠠᠶᠢᠭᠤᠯᠤᠯᠲᠠ ᠵᠡᠷᠬᠡ ᠶᠢ | ᠲᠦᠷᠬᠡᠳᠬᠡᠨ ᠠᠬᠢᠭᠤᠯᠬᠤ ᠰᠢᠨ᠎ᠠ ᠬᠦᠭᠵᠢᠯᠲᠠ ᠶᠢᠨ ᠠᠵᠠ ᠳᠤᠬᠢᠶᠠᠯ ᠲᠤᠯᠭᠠᠷᠠᠵᠤ᠂ ᠤᠨᠴᠠᠭᠠᠢᠢᠯᠠᠨ ᠠᠵᠤ | ᠠᠬᠤᠢ ᠶᠢᠨ ᠰᠢᠨ᠎ᠠ ᠬᠡᠪ ᠪᠠᠶᠢᠳᠠᠯ ᠲᠤᠤᠷ᠎ᠠ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢᠨ ᠤᠷᠤᠨ ᠵᠠᠢ ᠶᠢ | ᠦᠷᠬᠡᠳᠬᠡᠵᠤ᠂ ᠬᠠᠮᠲᠤᠷᠠᠯᠴᠠᠭ᠎ᠠ ᠶᠢᠨ ᠲᠦᠪᠰᠢᠨ ᠢᠶᠠᠨ ᠲᠠᠬᠡᠭᠰᠢᠯᠡᠬᠦᠯᠬᠦ ᠨᠢ ᠬᠤᠶᠠᠷ ᠤᠷᠤᠨ ᠤ ᠰᠢᠨᠵᠢᠯᠡᠬᠦ | ᠤᠬᠠᠭᠠᠨᠴᠢ ᠬᠦᠭᠵᠢᠯᠲᠠ ᠶᠢᠨ ᠱᠠᠭᠠᠷᠲᠠᠯᠭ᠎ᠠ ᠳᠤ ᠨᠠᠶᠢᠴᠠᠵᠤ᠂ ᠬᠤᠶᠠᠷ ᠤᠷᠤᠨ ᠤ ᠠᠷᠠᠳ ᠲᠦᠮᠠᠨ ᠳᠤ ᠠᠵᠠ | ᠵᠢᠷᠭᠠᠯ ᠣᠯᠭᠤᠬᠤ ᠲᠤᠮᠤ ᠶᠠᠪᠤᠲᠠᠯ ᠰᠠᠶᠢᠨ ᠶᠠᠪᠤᠲᠠᠯ ᠪᠤᠯᠤᠨ᠎ᠠ ᠬᠡᠵᠠᠢ᠃ | ᠵᠠᠩ ᠴᠤᠤ ᠴᠤᠤ ᠶᠠᠷᠢᠶᠠᠨ ᠳᠠᠭᠠᠨ᠂ ᠨᠢᠩᠰᠢᠶᠠ ᠪᠤᠯᠤᠨ ᠦᠪᠤᠷ ᠮᠤᠩᠭᠤᠯ ᠬᠦᠷᠰᠢ ᠵᠡᠷᠬᠡᠯᠡᠲᠡᠭᠡ | ᠤᠷᠤᠨ ᠪᠤᠯᠤᠭᠰᠠᠨ ᠤ ᠬᠤᠪᠢ ᠳᠤ᠂ ᠠᠵᠤ ᠠᠬᠤᠢ ᠨᠠᠶᠢᠬᠡᠮ ᠤᠨ ᠬᠦᠭᠵᠢᠯᠲᠠ ᠶᠢᠨ ᠡᠯ᠎ᠠ ᠬᠦᠷᠢᠶ᠎ᠡ ᠴᠠᠷᠠᠭᠠᠨ ᠳᠠᠬᠢ | ᠬᠠᠮᠲᠤᠷᠠᠯᠴᠠᠭ᠎ᠠ ᠶᠢᠨ ᠤᠷᠤᠨ ᠵᠠᠢ ᠦᠷᠬᠡᠨ᠂ ᠲᠠᠪᠠᠭᠤᠯᠢᠭ ᠢᠶᠠᠨ ᠬᠠᠷᠢᠯᠴᠠᠨ ᠨᠦᠬᠦᠪᠤᠷᠢᠯᠡᠬᠦ ᠶᠢ ᠪᠦᠷᠢᠮᠤᠰᠤᠨ | ᠪᠠᠶᠠᠯᠡᠬᠦᠯᠵᠤ ᠴᠢᠳᠠᠨ᠎ᠠ᠃ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠴᠢᠨᠠᠭᠰᠢᠲᠠ ᠬᠦᠨᠵᠡᠬᠡᠶᠢᠷᠠᠬᠦᠯᠤᠨ᠂ | ᠬᠤᠶᠠᠷ ᠤᠷᠤᠨ ᠤ ᠬᠠᠮᠲᠤ ᠪᠠᠷ ᠠᠰᠢᠭ ᠬᠦᠷᠳᠡᠵᠦ ᠬᠠᠮᠲᠤ ᠪᠠᠷ ᠬᠦᠭᠵᠢᠬᠦ ᠶᠢ ᠠᠬᠢᠭᠤᠯᠬᠤ ᠳᠤ ᠠᠰᠢᠭᠲᠠᠢ ᠪᠠᠶᠢᠵᠤ᠂ | ᠨᠢᠩᠰᠢᠶᠠ ᠶᠢᠨ ᠬᠠᠲᠤᠨ ᠭᠤᠤᠯ ᠲᠠᠭᠠᠤ ᠶᠢᠨ ᠠᠵᠤ ᠠᠬᠤᠢ ᠶᠢᠨ ᠲᠤᠭᠤᠷᠢᠭ ᠵᠢᠴᠢ ᠦᠪᠤᠷ ᠮᠤᠩᠭᠤᠯ ᠤᠨ ᠪᠠᠷᠠᠭᠤᠨ | ᠬᠡᠰᠡᠭ ᠤᠷᠤᠨ ᠤ ᠬᠠᠲᠤᠨ ᠭᠤᠤᠯ ᠲᠠᠭᠠᠤ ᠶᠢᠨ ᠠᠵᠤ ᠠᠬᠤᠢ ᠶᠢᠨ ᠪᠦᠰᠠ ᠶᠢᠨ ᠪᠦᠲᠦᠬᠡᠨ ᠪᠠᠶᠢᠭᠤᠯᠤᠯᠲᠠ ᠶᠢ | ᠨᠢᠬᠡᠲᠤᠯᠲᠠᠢ ᠲᠦᠯᠦᠪᠵᠢᠬᠦᠯᠬᠦ ᠶᠢ ᠠᠬᠢᠭᠤᠯᠬᠤ ᠪᠤᠯᠤᠨ᠎ᠠ ᠬᠡᠪᠠ᠃ | ᠦᠪᠤᠷ ᠮᠤᠩᠭᠤᠯ ᠵᠢᠴᠢ ᠨᠢᠩᠰᠢᠶᠠ ᠶᠢᠨ ᠬᠤᠲᠤᠩ ᠦᠨᠲᠤᠰᠤᠲᠠᠨ ᠤ ᠦᠪᠠᠷᠲᠠᠬᠡᠨ ᠵᠠᠰᠠᠬᠤ | ᠤᠷᠤᠨ ᠤ ᠬᠤᠯᠪᠤᠭᠲᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠶᠠᠷᠢᠯᠴᠠᠬᠤ ᠬᠤᠷᠠᠯ ᠳᠤ ᠤᠷᠤᠯᠴᠠᠵᠠᠢ᠃ | |