ᠥᠪᠥᠷ ᠮᠣᠩᠭᠤᠯ ᠮᠠᠯᠴᠢᠨ ᠲᠠᠷᠢᠶᠠᠴᠢᠨ ᠤ ᠲᠤᠰᠬᠠᠶ ᠬᠤᠷᠰᠢᠭᠰᠠᠨ ᠵᠣᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠳᠤ 1 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠪᠠ
ᠨᠡᠶᠢᠲᠡᠯᠡᠭᠰᠡᠨ ᠴᠠᠭ᠄
2015/7/1
     2015 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ 1 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠨ ᠮᠠᠯᠴᠢᠨ ᠲᠠᠷᠢᠶᠠᠴᠢᠨ ᠤ 200 ᠭᠠᠷᠤᠶ ᠲᠤᠰᠬᠠᠶ ᠬᠤᠷᠰᠢᠭᠰᠠᠨ ᠵᠣᠬᠢᠶᠠᠨ ᠪᠠᠶᠢᠭᠤᠯᠤᠯᠲᠠ ᠶᠢᠨ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠮᠠᠯᠴᠢᠨ ᠲᠠᠷᠢᠶᠠᠴᠢᠨ ᠤ ᠲᠤᠰᠬᠠᠶ ᠬᠤᠷᠰᠢᠭᠰᠠᠨ ᠵᠣᠬᠢᠶᠠᠨ ᠪᠠᠶᠢᠭᠤᠯᠤᠯᠲᠠ ᠬᠡᠪᠴᠢᠶᠡᠵᠢᠭᠰᠡᠨ ᠪᠠ ᠪᠣᠲᠠᠲᠠᠶᠢᠵᠢᠭᠰᠠᠨ ᠴᠢᠭᠯᠡᠯ ᠲᠡᠰᠢ ᠬᠥᠭᠵᠢᠬᠦ ᠶᠢ ᠳᠥᠯᠭᠢᠨ ᠠᠬᠢᠭᠤᠯᠪᠠ᠃ ᠡᠨᠡ ᠵᠢᠯ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠲᠣᠭᠲᠠᠴᠠ ᠶᠢ ᠰᠢᠨᠡᠳᠬᠡᠵᠦ᠂ ᠡᠳ᠋ ᠤᠨ ᠵᠠᠰᠠᠭ ᠠᠴᠠ ᠬᠤᠷᠰᠢᠭᠰᠠᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠳᠡᠮᠵᠢᠬᠦ ᠲᠤᠰᠬᠠᠶ ᠪᠡᠯᠡ ᠮᠥᠩᠭᠦ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠡᠳ᠋ ᠤᠨ ᠵᠠᠰᠠᠭ ᠠᠴᠠ ᠲᠠᠷᠢᠶᠠᠯᠠᠩ ᠢ ᠳᠡᠮᠵᠢᠬᠦ ᠲᠥᠷᠥᠯ ᠵᠦᠢᠯ ᠢ ᠵᠣᠯᠭᠠᠯᠳᠤᠭᠤᠯᠬᠤ ᠬᠤᠷᠰᠢᠭᠰᠠᠨ ᠵᠣᠬᠢᠶᠠᠨ ᠪᠠᠶᠢᠭᠤᠯᠤᠯᠲᠠ ᠶᠢ ᠰᠢᠨ᠎ᠡ ᠪᠠᠷ ᠪᠠᠶᠢᠭᠤᠯᠬᠤ ᠲᠥᠷᠥ ᠶᠢᠨ ᠪᠣᠳᠣᠯᠭ᠎ᠠ ᠶᠢ ᠢᠳᠡᠪᠬᠢᠲᠡᠶ ᠬᠠᠶᠢᠨ ᠰᠦᠪᠡᠭᠴᠢᠯᠡᠨ᠂ ᠦᠢᠯᠡᠳᠪᠦᠷᠢᠯᠡᠯ ᠡᠵᠡᠩᠨᠡᠯᠲᠡ ᠶᠢᠨ ᠰᠢᠰᠲ᠋ᠧᠮᠵᠢ ᠶᠢᠨ ᠰᠢᠨ᠎ᠡ ᠶᠢ ᠡᠭᠦᠳᠬᠦ ᠶᠢ ᠳᠡᠮᠵᠢᠪᠡ᠃ ᠡᠭᠦᠨ ᠤ ᠵᠡᠷᠭᠡᠴᠡᠪᠡᠷ᠂ ᠭᠤᠣᠯᠯᠠᠬᠤ ᠠᠵᠤ ᠦᠢᠯᠡᠳᠪᠦᠷᠢ ᠪᠠᠷ ᠤᠯᠠᠮᠵᠢᠯᠠᠨ ᠵᠠᠯᠭᠠᠭᠤᠯᠵᠤ᠂ ᠠᠵᠤ ᠦᠢᠯᠡᠰ ᠤᠨ ᠲᠣᠳᠣᠷᠠᠬᠢ ᠡᠯ᠎ᠡ ᠲᠥᠷᠥᠯ ᠤᠨ ᠰᠢᠨ᠎ᠡ ᠬᠡᠯᠪᠡᠷᠢ ᠶᠢᠨ ᠪᠡᠶᠡᠴᠢ ᠴᠣᠭᠴᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠮᠠᠯᠴᠢᠨ ᠲᠠᠷᠢᠶᠠᠴᠢᠨ ᠤ ᠬᠤᠷᠰᠢᠭᠰᠠᠨ ᠵᠣᠬᠢᠶᠠᠨ ᠪᠠᠶᠢᠭᠤᠯᠤᠯᠲᠠ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ ᠠᠵᠤ ᠦᠢᠯᠡᠰᠵᠢᠭᠰᠡᠨ ᠳᠠᠭᠠᠭᠤᠯᠤᠭᠴᠢ ᠠᠵᠤ ᠠᠬᠤᠶᠢᠯᠠᠯ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠪᠡᠶᠡᠴᠢ ᠴᠣᠭᠴᠠ ᠶᠢ ᠭᠤᠣᠯᠳᠠᠯᠭ᠎ᠠ ᠲᠠᠢ ᠬᠠᠯᠠᠮᠵᠢᠯᠠᠵᠤ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠰᠢᠰᠲ᠋ᠧᠮᠵᠢ ᠶᠢᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号