2015 ᠣᠨ ᠤ ᠳᠤᠮᠳᠠᠳᠤ ᠤᠯᠤᠰ ᠤᠨ ᠬᠤᠷᠳᠤᠨ ᠮᠤᠷᠢᠨ ᠤ ᠱᠠᠩᠨᠠᠯᠲᠤ ᠤᠷᠤᠯᠳᠤᠭᠠᠨ᠂ 2015᠎ ᠤ ᠥᠪᠥᠷ ᠮᠣᠩᠭᠤᠯ ᠤᠨ ᠣᠯᠠᠨ ᠤᠯᠤᠰ ᠤᠨ ᠵᠢᠷᠤᠭ᠎ᠠ ᠮᠣᠷᠢᠨ ᠤ ᠤᠷᠤᠯᠳᠤᠭᠠᠨ 7 ᠳ᠋ᠤᠭᠠᠷ ᠰᠠᠷ᠎ᠠ ᠶᠢᠨ 11 ᠂ 12᠎ ᠤᠨ ᠡᠳᠦᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠡᠬᠢᠯᠡᠬᠦ ᠪᠠᠷ ᠪᠤᠢ
ᠨᠡᠶᠢᠲᠡᠯᠡᠭᠰᠡᠨ ᠴᠠᠭ᠄
2015/7/10
     ᠦᠵᠡᠰᠭᠦᠯᠡᠩ ᠰᠠᠶᠢᠬᠠᠨ 7 ᠳ᠋ᠤᠭᠠᠷ ᠰᠠᠷ᠎ᠠ ᠳᠤ᠂ ︽ᠤᠷᠤᠯᠳᠤᠭᠠᠨ ᠮᠣᠷᠢᠨ ᠤ ᠨᠤᠲᠤᠭ︾ ᠭᠡᠵᠦ ᠠᠯᠳᠠᠷᠰᠢᠭᠰᠠᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠣᠯᠠᠨ ᠤᠯᠤᠰ᠂ ᠪᠦᠬᠦ ᠤᠯᠤᠰ ᠤᠨ ᠮᠣᠷᠢᠨ ᠤᠷᠤᠯᠳᠤᠭᠠᠨ ᠤ ᠦᠪᠡᠳᠡᠭᠰᠢ ᠴᠤᠭᠯᠠᠭᠠᠨ ᠢ ᠳᠠᠬᠢᠨᠲᠠ ᠤᠭᠲᠤᠬᠤ ᠪᠠᠷ ᠪᠣᠢ᠃ 7 ᠳ᠋ᠤᠭᠠᠷ ᠰᠠᠷ᠎ᠠ ᠶᠢᠨ 11᠎ ᠤ ᠡᠳᠦᠷ᠂ 2015 ᠣᠨ ᠤ ᠳᠤᠮᠳᠠᠳᠤ ᠤᠯᠤᠰ ᠤᠨ ᠬᠤᠷᠳᠤᠨ ᠮᠣᠷᠢᠨ ᠤ ᠱᠠᠩᠨᠠᠯᠲᠤ ᠤᠷᠤᠯᠳᠤᠭᠠᠨ ︵ᠨᠢᠭᠡᠳᠦᠭᠡᠷ ᠥᠷᠲᠡᠭᠡ︶ ᠠᠳᠡ ᠬᠥᠰᠢᠭᠡ ᠪᠠᠨ ᠨᠡᠭᠡᠭᠡᠬᠦ ᠪᠣᠯᠣᠨ᠎ᠠ︔ 7 ᠳ᠋ᠤᠭᠠᠷ ᠰᠠᠷ᠎ᠠ ᠶᠢᠨ 12᠎ ᠤᠨ ᠡᠳᠦᠷ᠂ 2015 ᠣᠨ ᠤ ᠥᠪᠥᠷ ᠮᠣᠩᠭᠤᠯ ᠤᠨ ᠣᠯᠠᠨ ᠤᠯᠤᠰ ᠤᠨ ᠵᠢᠷᠤᠭ᠎ᠠ ᠮᠣᠷᠢᠨ ᠤ ᠤᠷᠤᠯᠳᠤᠭᠠᠨ ᠬᠥᠮᠥᠰ ᠢ ᠳᠣᠭᠳᠣᠯᠤᠭᠤᠯᠤᠮ᠎ᠠ ᠤᠷᠤᠯᠳᠤᠭᠠᠨ ᠢᠶᠠᠨ ᠡᠬᠢᠯᠡᠭᠦᠯᠬᠦ ᠪᠣᠯᠣᠨ᠎ᠠ᠃      ᠳᠤᠮᠳᠠᠳᠤ ᠤᠯᠤᠰ ᠤᠨ ᠬᠤᠷᠳᠤᠨ ᠮᠣᠷᠢᠨ ᠤ ᠱᠠᠩᠨᠠᠯᠲᠤ ᠤᠷᠤᠯᠳᠤᠭᠠᠨ ᠢ ᠪᠣᠯ ᠳᠤᠮᠳᠠᠳᠤ ᠤᠯᠤᠰ ᠤᠨ ᠮᠣᠷᠢᠨ ᠮᠡᠷᠭᠡᠵᠢᠯ ᠤᠨ ᠨᠡᠶᠢᠭᠡᠮᠯᠢᠭ ᠠᠴᠠ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠶᠡᠷᠦᠩᠬᠡᠶ ᠡᠪᠯᠡᠯ᠂ ᠬᠢᠩᠭᠠᠨ ᠠᠶᠢᠮᠠᠭ ᠤᠨ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠢᠩᠭᠠᠨ ᠠᠶᠢᠮᠠᠭ ᠤᠨ ᠵᠢᠭᠤᠯᠴᠢᠯᠠᠯ ᠤᠨ ᠲᠣᠪᠴᠢᠶ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠪᠡᠭᠡᠵᠢᠩ ᠤᠨ ᠶᠤᠸᠠᠨ ᠶᠤᠸᠠᠨ ᠢᠲᠡᠭᠡᠮᠵᠢᠲᠦ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠠᠴᠠ ᠬᠠᠮᠲᠤ ᠪᠠᠷ ᠳᠠᠭᠠᠭᠠᠨ ᠡᠷᠬᠢᠯᠡᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ ᠬᠢᠭᠡᠳ ᠥᠪᠥᠷ ᠮᠣᠩᠭᠤᠯ ᠤᠨ ᠯᠠᠶ ᠳ᠋ᠧ ᠠᠳᠤᠭᠤᠨ ᠤ ᠦᠢᠯᠡᠰ ᠠᠴᠠ ᠬᠠᠮᠲᠤ ᠪᠠᠷ ᠬᠠᠪᠰᠤᠷᠤᠨ ᠡᠷᠬᠢᠯᠡᠵᠦ ᠪᠠᠶᠢᠭ᠎ᠠ ᠶᠤᠮ᠃ ᠲᠤᠰ ᠤᠳᠠᠭᠠᠨ ᠤ ᠤᠷᠤᠯᠳᠤᠭᠠᠨ ᠳᠤ 5 ᠳᠤᠭᠤᠶᠢᠯᠠᠩ 8 ᠵᠦᠢᠯ ᠲᠣᠬᠢᠷᠠᠭᠤᠯᠵᠤ᠂ ᠪᠡᠭᠡᠵᠢᠩ᠂ ᠱᠠᠨ ᠰᠢ᠂ ᠾᠧᠪᠸᠢ᠂ ᠥᠪᠥᠷ ᠮᠣᠩᠭᠤᠯ᠂ ᠭᠢᠷᠢᠨ᠂ ᠶᠦᠨᠨᠠᠨ ᠵᠡᠷᠭᠡ ᠭᠠᠵᠠᠷ ᠠᠴᠠ ᠢᠷᠡᠭᠰᠡᠨ ᠨᠡᠶᠢᠲᠡ 20 ᠭᠠᠷᠤᠶ ᠠᠩᠭᠢ ᠤᠷᠤᠯᠳᠤᠭᠠᠨ ᠳᠤ ᠣᠷᠣᠯᠴᠠᠵᠤ᠂ ᠪᠦᠬᠦ ᠱᠠᠩᠨᠠᠯ ᠤᠨ ᠮᠥᠩᠭᠦ ᠨᠢ 84 ᠲᠦᠮᠡᠨ ᠲᠥᠭᠦᠷᠢᠭ ᠪᠣᠯᠣᠨ᠎ᠠ᠃ ᠣᠷᠣᠨ ᠨᠤᠲᠤᠭ ᠤᠨ ᠠᠳᠤᠭᠤᠨ ᠤ ᠦᠢᠯᠡᠰ ᠪᠠ ᠮᠣᠷᠢᠨ ᠤᠷᠤᠯᠳᠤᠭᠠᠨ ᠤ ᠵᠦᠢᠯᠡᠰ ᠤᠨ ᠬᠥᠭᠵᠢᠯᠲᠡ ᠶᠢᠨ ᠦᠷ᠎ᠡ ᠪᠦᠲᠦᠭᠡᠯ ᠢ ᠭᠠᠶᠢᠬᠠᠭᠤᠯᠬᠤ ᠶᠢᠨ ᠲᠤᠰᠠᠳᠠ᠂ ᠤᠷᠤᠯᠳᠤᠭᠠᠨ ᠤ ᠵᠦᠢᠯ ᠨᠢᠭᠡᠪᠦᠷᠢ ᠶᠢᠨ ᠨᠡᠷᠡᠶᠢᠳᠦᠯ ᠨᠢ ᠴᠥᠮ ᠶᠡᠭᠡ ᠣᠨᠴᠠᠯᠢᠭ ᠲᠠᠢ ᠪᠠᠶᠢᠳᠠᠭ᠂ ᠲᠤᠰ ᠲᠤᠰ᠄ ︽ᠲᠦᠰᠢᠶᠡᠲᠦ ᠬᠤᠨᠳᠠᠭᠠᠲᠤ︾ 1000 ᠮᠧᠲᠷ ᠤᠨ ᠣᠶᠢᠷ᠎ᠠ ᠵᠠᠮ ᠤᠨ ᠬᠤᠷᠳᠤᠨ ᠮᠣᠷᠢᠨ ᠤ ᠤᠷᠤᠯᠳᠤᠭᠠᠨ ︵ᠵᠢᠴᠢ ᠮᠣᠷᠢᠨ ᠤ ᠪᠡᠶ᠎ᠡ ᠶᠢᠨ ᠥᠨᠳᠥᠷ ᠨᠢ 140CM᠎ ᠠᠴᠠ ᠳᠣᠷᠣᠭᠰᠢ ᠎ ᠶᠢᠨ 1000 ᠮᠧᠲᠷ︶᠂ ︽ᠠᠯᠲᠠᠨ ᠣᠷᠳᠣ ᠴᠠᠭᠠᠨ ᠬᠡᠷᠡᠮ ᠬᠤᠨᠳᠠᠭᠠᠲᠤ︾ 5000 ᠮᠧᠲᠷ ᠤᠨ ᠬᠤᠯᠠ ᠶᠢᠨ ᠤᠷᠤᠯᠳᠤᠭᠠᠨ ︵ᠵᠢᠴᠢ ᠮᠣᠷᠢᠨ ᠤ ᠪᠡᠶ᠎ᠡ ᠶᠢᠨ ᠥᠨᠳᠥᠷ ᠨᠢ 140CM᠎ ᠠᠴᠠ ᠳᠣᠷᠣᠭᠰᠢ ᠶᠢᠨ 5000 ᠮᠧᠲᠷ︶᠂ ︽ᠶᠤᠸᠠᠨ ᠶᠤᠸᠠᠨ ᠪᠡᠶ᠎ᠡ ᠶᠢᠨ ᠲᠠᠮᠢᠷ ᠬᠤᠨᠳᠠᠭᠠᠲᠤ︾ 1000 ᠮᠧᠲᠷ ᠤᠨ ᠣᠶᠢᠷ᠎ᠠ ᠵᠠᠮ ᠤᠨ ᠬᠤᠷᠳᠤᠨ ᠮᠣᠷᠢᠨ ᠤᠷᠤᠯᠳᠤᠭᠠᠨ ︵ᠦᠷᠢᠶ᠎ᠡ ᠮᠣᠷᠢᠨ ᠤ 1000 ᠮᠧᠲᠷ ᠤᠨ︶᠂ ︽ᠯᠠᠶ ᠳ᠋ᠧ ᠮᠣᠩᠭᠤᠯ ᠬᠠᠨ ᠤ ᠳ᠋ᠧᠷᠪᠢ ᠬᠤᠨᠳᠠᠭᠠᠲᠤ︾ ᠦᠷᠢᠶ᠎ᠡ ᠮᠣᠷᠢᠨ ᠤ 2000 ᠮᠧᠲᠷ᠂ ︽ᠮᠣᠷᠢᠨ ᠲᠠᠯ᠎ᠠ ᠬᠤᠨᠳᠠᠭᠠᠲᠤ︾ 1000 ᠮᠧᠲᠷ ᠤᠨ ᠣᠶᠢᠷ᠎ᠠ ᠵᠠᠮ ᠤᠨ ᠤᠷᠤᠯᠳᠤᠭᠠᠨ ︵ᠵᠢᠴᠢ ᠬᠢᠵᠠᠭᠠᠷᠯᠠᠯ ᠦᠭᠡᠶ ᠮᠣᠷᠢᠨ ᠤ ᠳᠤᠭᠤᠶᠢᠯᠠᠩ ᠤᠨ1000 ᠮᠧᠲᠷ︶᠂ ︽ᠪᠠᠲᠤᠴᠠᠭᠠᠨ ᠬᠤᠨᠳᠠᠭᠠᠲᠤ︾ 1000 ᠮᠧᠲᠷ ᠤᠨ ᠣᠶᠢᠷ᠎ᠠ ᠵᠠᠮ ︵ᠵᠢᠴᠢ ᠳᠠᠭ᠎ᠠ ᠶᠢᠨ 1000 ᠮᠧᠲᠷ︶᠂ ︽ ᠬᠠᠩᠭᠠᠯᠢ ᠨᠠᠭᠤᠷ ᠬᠤᠨᠳᠠᠭᠠᠲᠤ︾ ᠬᠢᠵᠠᠭᠠᠷᠯᠠᠯ ᠦᠭᠡᠢ 2000 ᠮᠧᠲᠷ᠂ ︽ᠮᠥᠩᠬᠡ ᠬᠠᠨ ᠠᠭᠤᠯᠠ ᠬᠤᠨᠳᠠᠭᠠᠲᠤ︾ ᠬᠢᠵᠠᠭᠠᠷᠯᠠᠯ ᠦᠭᠡᠢ 3000 ᠮᠧᠲᠷ ᠵᠡᠷᠭᠡ ᠪᠣᠯᠣᠨ᠎ᠠ᠃      ᠥᠪᠥᠷ ᠮᠣᠩᠭᠤᠯ ᠤᠨ ᠣᠯᠠᠨ ᠤᠯᠤᠰ ᠤᠨ ᠵᠢᠷᠤᠭ᠎ᠠ ᠮᠣᠷᠢᠨ ᠤ ᠤᠷᠤᠯᠳᠤᠭᠠᠨ ᠢ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠷᠢᠨ ᠮᠡᠷᠭᠡᠵᠢᠯ ᠤᠨ ᠨᠡᠶᠢᠭᠡᠮᠯᠢᠭ᠂ ᠬᠢᠩᠭᠠᠨ ᠠᠶᠢᠮᠠᠭ ᠤᠨ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠠᠭᠠᠭᠠᠨ ᠡᠷᠬᠢᠯᠡᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ᠂ ᠥᠪᠥᠷ ᠮᠣᠩᠭᠤᠯ ᠤᠨ ᠯᠠᠶ ᠳ᠋ᠧ ᠠᠳᠤᠭᠤᠨ ᠤ ᠦᠢᠯᠡᠰ ᠠᠴᠠ ᠬᠠᠪᠰᠤᠷᠤᠨ ᠡᠷᠬᠢᠯᠡᠵᠦ ᠪᠠᠶᠢᠭ᠎ᠠ ᠶᠤᠮ᠃ ᠲᠤᠰ ᠤᠳᠠᠭᠠᠨ ᠤ ᠤᠷᠤᠯᠳᠤᠭᠠᠨ ᠳᠤ ᠨᠡᠶᠢᠲᠡ ᠵᠢᠷᠤᠭ᠎ᠠ ᠮᠣᠷᠢᠨ ᠤ 1000 ᠮᠧᠲᠷ᠂ ᠵᠢᠷᠤᠭ᠎ᠠ ᠮᠣᠷᠢᠨ ᠤ 1600 ᠮᠧᠲᠷ ᠤᠨ ᠣᠯᠠᠨ ᠤᠯᠤᠰ ᠤᠨ ᠤᠷᠤᠯᠳᠤᠭᠠᠨ ᠲᠣᠬᠢᠷᠠᠭᠤᠯᠵᠤ᠂ ᠣᠷᠣᠰ᠂ ᠮᠣᠩᠭᠤᠯ᠂ ᠰᠢᠨ᠎ᠡ ᠽᠧᠯᠡᠨᠳ᠋᠂ ᠳᠤᠮᠳᠠᠳᠤ ᠤᠯᠤᠰ ᠤᠨ ᠥᠪᠥᠷ ᠮᠣᠩᠭᠤᠯ ᠤᠨ ᠲᠠᠮᠢᠷᠴᠢᠳ ᠮᠣᠷᠢᠨ ᠮᠡᠷᠭᠡᠵᠢᠯ ᠤᠨ ᠵᠢᠷᠤᠭ᠎ᠠ ᠮᠣᠷᠢᠨ ᠤ ᠤᠷᠤᠯᠳᠤᠭᠠᠨ ᠶᠠᠪᠤᠭᠤᠯᠬᠤ ᠪᠠᠷ ᠪᠠᠶᠢᠨ᠎ᠠ᠃ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠳ ᠬᠢᠭᠡᠳ ᠠᠳᠤᠭᠤ ᠠᠳᠤᠭᠤᠯᠤᠭᠴᠢ ᠪᠠ ᠡᠮᠨᠢᠭ ᠰᠤᠷᠭᠠᠬᠤ ᠰᠣᠨᠢᠷᠬᠠᠭᠴᠢᠳ ᠲᠤ ᠣᠯᠠᠨ ᠤᠯᠤᠰ ᠤᠨ ᠤᠷᠤᠯᠳᠤᠭᠠᠨ ᠤ ᠠᠭᠤᠷ ᠠᠮᠢᠰᠬᠤᠯ ᠢ ᠬᠦᠷᠲᠡᠭᠦᠯᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠳᠤᠭᠤᠨ ᠰᠣᠶᠣᠯ ᠤᠨ ᠤᠯᠠᠮᠵᠢᠯᠠᠨ ᠵᠠᠯᠭᠠᠮᠵᠢᠯᠠᠬᠤ ᠪᠠ ᠬᠥᠭᠵᠢᠭᠦᠯᠬᠦ ᠶᠢ ᠤᠯᠠᠮ ᠨᠢᠭᠡ ᠠᠯᠬᠤᠮ ᠠᠬᠢᠭᠤᠯᠬᠤ ᠶᠢᠨ ᠵᠡᠷᠭᠡᠴᠡᠪᠡᠷ ᠪᠠᠰᠠ ᠠᠵᠢᠯᠯᠠᠭ᠎ᠠ ᠳᠤ ᠣᠷᠣᠯᠴᠠᠭᠰᠠᠨ ᠡᠷᠬᠢᠮ ᠵᠣᠴᠢᠳ ᠪᠠ ᠤᠷᠤᠯᠳᠤᠭᠠᠨ ᠳᠤ ᠣᠷᠣᠯᠴᠠᠬᠤ ᠡᠯ᠎ᠡ ᠤᠯᠤᠰ ᠤᠨ ᠲᠠᠮᠢᠷᠴᠢᠳ ᠲᠤ ᠮᠣᠩᠭᠤᠯ ᠦᠨᠳᠦᠰᠦᠲᠡᠨ ᠤ ᠭᠠᠵᠠᠷ ᠣᠷᠣᠨ ᠤ ᠮᠣᠷᠢᠨ ᠨᠢᠷᠤᠭᠤᠨ ᠯᠤᠭ᠎ᠠ ᠶᠢᠨ ᠭᠦᠨ ᠵᠤᠵᠠᠭᠠᠨ ᠬᠤᠪᠢ ᠪᠠᠷᠢᠯᠳᠤᠯᠭ᠎ᠠ ᠶᠢ ᠰᠣᠨᠢᠷᠬᠠᠭᠤᠯᠬᠤ ᠪᠠ ᠣᠶᠢᠯᠠᠭᠠᠭᠳᠠᠭᠤᠯᠬᠤ ᠪᠠᠷ᠂ ᠳᠠᠭᠠᠭᠠᠴᠢᠯᠠᠨ ᠡᠷᠬᠢᠯᠡᠭᠰᠡᠨ ᠨᠢᠭᠡᠴᠡ ᠪᠠᠰᠠ ᠤᠷᠤᠯᠳᠤᠭᠠᠨ ᠳᠤ 2 ᠵᠦᠢᠯ ᠤᠨ ᠦᠨᠳᠦᠰᠦᠲᠡᠨ ᠤ ᠮᠣᠷᠢᠨ ᠤᠷᠤᠯᠳᠤᠭᠠᠨ ᠤ ᠦᠵᠡᠭᠦᠯᠦᠯᠭᠡ ᠶᠢᠨ ᠤᠷᠤᠯᠳᠤᠭᠠᠨ ᠲᠣᠬᠢᠷᠠᠭᠤᠯᠪᠠ᠂ ᠲᠤᠬᠠᠶᠢᠯᠠᠪᠠᠯ᠄ ᠦᠨᠳᠦᠰᠦᠲᠡᠨ ᠤ ᠵᠢᠷᠤᠭ᠎ᠠ ᠮᠣᠷᠢᠨ ᠤ 3000 ᠮᠧᠲᠷ᠂ ᠦᠨᠳᠦᠰᠦᠲᠡᠨ ᠤ ᠬᠤᠷᠳᠤᠨ ᠮᠤᠷᠢᠨ ᠤ 8000 ᠮᠧᠲᠷ ᠤᠨ ᠤᠷᠤᠯᠳᠤᠭᠠᠨ ᠤ ᠦᠵᠡᠭᠦᠯᠦᠯᠭᠡ ᠪᠠᠶᠢᠵᠤ᠂ ᠴᠤᠭᠯᠠᠭᠠᠨ ᠳᠤ ᠣᠷᠣᠯᠴᠠᠭᠰᠠᠨ ᠪᠣᠢ ᠪᠦᠬᠦᠢ ᠬᠥᠮᠦᠰ ᠣᠯᠠᠨ ᠤᠯᠤᠰ ᠤᠨ ᠵᠢᠷᠤᠭ᠎ᠠ ᠮᠣᠷᠢᠨ ᠤ ᠤᠷᠤᠯᠳᠤᠭᠠᠨ ᠤ ᠲᠤᠬᠠᠢ ᠶᠢᠨ ᠲᠠᠯᠠᠪᠠᠢ ᠳᠤ ᠲᠤᠬᠠᠶ ᠶᠢᠨ ᠭᠠᠵᠠᠷ ᠤᠨ ᠣᠨᠴᠠᠯᠢᠭ ᠪᠦᠬᠦᠢ ᠮᠣᠩᠭᠤᠯ ᠦᠨᠳᠦᠰᠦᠲᠡᠨ ᠤ ᠮᠣᠷᠢᠨ ᠤᠷᠤᠯᠳᠤᠭᠠᠨ ᠤ ᠭᠤᠶᠢᠲᠠ ᠰᠠᠶᠢᠬᠠᠨ ᠦᠵᠡᠭᠦᠯᠦᠯᠭᠡ ᠶᠢ ᠰᠣᠨᠢᠷᠬᠠᠬᠤ ᠪᠣᠯᠣᠨ᠎ᠠ᠃      ᠲᠤᠰ ᠤᠳᠠᠭᠠᠨ ᠤ ᠬᠤᠶᠠᠷ ᠵᠦᠢᠯ ᠤᠨ ᠤᠷᠤᠯᠳᠤᠭᠠᠨ ᠤ ᠠᠵᠢᠯᠯᠠᠭ᠎ᠠ ᠶᠢ ᠴᠥᠮ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠨ᠎ᠡ ᠪᠠᠷ ᠪᠠᠶᠢᠭᠤᠯᠤᠭᠰᠠᠨ ᠮᠣᠩᠭᠤᠯ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠤᠯᠠᠮᠵᠢᠯᠠᠯ ᠤᠨ ᠵᠢᠱᠢᠶ᠎ᠡ ᠦᠵᠡᠭᠦᠯᠬᠦ ᠪᠣᠯᠪᠠᠰᠤᠷᠠᠯ ᠤᠨ ᠰᠠᠭᠤᠷᠢᠨ ᠭᠠᠵᠠᠷ ᠲᠤ ᠡᠷᠬᠢᠯᠡᠬᠦ ᠪᠠᠷ ᠪᠠᠶᠢᠵᠤ᠂ ᠣᠳᠣᠬᠠᠨ ᠳᠤ ᠤᠷᠤᠯᠳᠤᠭᠠᠨ ᠤ ᠡᠯ᠎ᠡ ᠵᠦᠢᠯ ᠤᠨ ᠪᠡᠯᠡᠳᠬᠡᠯ ᠠᠵᠢᠯ ᠢ ᠨᠢᠭᠡᠨᠲᠡ ᠳᠠᠭᠤᠰᠬᠠᠭᠠᠳ᠂ ᠡᠯ᠎ᠡ ᠠᠩᠭᠢ ᠶᠢᠨ ᠤᠨᠠᠭᠠᠴᠢ ᠪᠠ ᠮᠣᠷᠢᠳ ᠵᠠᠯᠭᠠᠪᠠᠷ ᠤᠷᠤᠯᠳᠤᠭᠠᠨ ᠤ ᠲᠠᠯᠠᠪᠠᠢ ᠳᠤ ᠬᠦᠷᠴᠦ᠂ ᠬᠢᠵᠢᠭ ᠪᠠᠶᠢᠴᠠᠭᠠᠬᠤ ᠪᠠ ᠲᠠᠯᠠᠪᠠᠢ ᠳᠤ ᠵᠣᠬᠢᠴᠠᠭᠤᠯᠬᠤ ᠵᠡᠷᠭᠡ ᠬᠠᠮᠤᠭ ᠰᠡᠭᠦᠯᠴᠢ ᠶᠢᠨ ᠪᠡᠯᠡᠳᠬᠡᠯ ᠠᠵᠢᠯ ᠢ ᠬᠢᠵᠦ᠂ ᠤᠷᠤᠯᠳᠤᠭᠠᠨ ᠤ ᠵᠢᠩᠬᠢᠨᠢ ᠪᠠᠷ ᠡᠬᠢᠯᠡᠬᠦ ᠶᠢ ᠯᠠ ᠬᠦᠯᠢᠶᠡᠵᠦ ᠪᠣᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号