ᠡᠵᠡᠨ᠎ᠡ ᠠᠴᠠ ᠬᠠᠮᠢ ᠬᠦᠷᠬᠦ ᠲᠡᠮᠦᠷ ᠵᠠᠮ ᠤᠨ ᠬᠠᠮᠤᠭ ᠤᠨ ᠤᠷᠲᠤ ᠲᠣᠮᠣ ᠬᠥᠭᠦᠷᠭᠡ ᠶᠢᠨ ᠪᠠᠷᠢᠯᠭ᠎ᠠ ᠡᠮᠬᠢ ᠵᠢᠷᠤᠮ ᠲᠠᠢ ᠶᠠᠪᠤᠭᠳᠠᠵᠤ ᠪᠤᠢ
ᠨᠡᠶᠢᠲᠡᠯᠡᠭᠰᠡᠨ ᠴᠠᠭ᠄
2015/7/10
    ᠡᠨᠡ ᠪᠣᠯ ᠶᠠᠭ ᠪᠠᠷᠢᠵᠤ ᠪᠠᠶᠢᠭ᠎ᠠ ᠡᠵᠡᠨ᠎ᠡ ᠠᠴᠠ ᠬᠠᠮᠢ ᠬᠦᠷᠬᠦ ᠲᠡᠮᠦᠷ ᠵᠠᠮ ᠤᠨ ᠨᠠᠯᠠᠤ ᠭᠤᠤ ᠶᠢᠨ ᠣᠨᠴᠠ ᠲᠣᠮᠣ ᠬᠥᠭᠦᠷᠭᠡ᠃      ᠭᠠᠨᠰᠦ ᠮᠤᠵᠢ ᠶᠢᠨ ᠰᠦᠪᠧᠶ ᠶᠢᠨ ᠮᠣᠩᠭᠤᠯ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠤ ᠳᠡᠯ ᠠᠭᠤᠯᠠ ᠪᠠᠯᠭᠠᠰᠤᠨ ᠤ ᠬᠡᠪᠴᠢᠶᠡᠨ ᠳᠤ ᠪᠠᠶᠢᠭ᠎ᠠ ᠨᠠᠯᠠᠤ ᠭᠤᠤ ᠶᠢᠨ ᠣᠨᠴᠠ ᠲᠣᠮᠣ ᠬᠥᠭᠦᠷᠭᠡ ᠶᠢᠨ ᠪᠦᠬᠦ ᠣᠷᠳᠣ ᠨᠢ 2272 ᠮᠧᠲᠷ ᠪᠠᠶᠢᠵᠤ᠂ ᠡᠵᠡᠨ᠎ᠡ ᠠᠴᠠ ᠬᠠᠮᠢ ᠬᠦᠷᠬᠦ ᠲᠡᠮᠦᠷ ᠵᠠᠮ ᠤᠨ ᠪᠦᠬᠦ ᠱᠤᠭᠤᠮ ᠳᠠᠬᠢ ᠣᠷᠳᠣ ᠶᠢᠨ ᠬᠡᠮᠵᠢᠶ᠎ᠡ ᠪᠠᠷ ᠬᠠᠮᠤᠭ ᠤᠨ ᠣᠷᠳᠣ ᠲᠣᠮᠣ ᠬᠥᠭᠦᠷᠭᠡ ᠪᠣᠯᠣᠨ᠎ᠠ᠂ ᠣᠳᠣᠬᠠᠨ ᠳᠤ ᠶᠠᠭ ᠡᠳᠦᠷ ᠪᠦᠷᠢ 5 ᠭᠤᠯᠳᠣᠩ ᠤᠨ ᠬᠥᠭᠦᠷᠭᠡ ᠲᠠᠯᠪᠢᠬᠤ ᠬᠤᠷᠳᠤᠴᠠ ᠪᠠᠷ ᠡᠮᠬᠢ ᠵᠢᠷᠤᠮ ᠲᠠᠢ ᠪᠦᠲᠦᠭᠡᠨ ᠪᠠᠶᠢᠭᠤᠯᠵᠤ᠂ ᠣᠳᠣ ᠨᠢᠭᠡᠨᠲᠡ ᠲᠤᠰ ᠬᠥᠭᠦᠷᠭᠡ ᠶᠢᠨ 17᠎ ᠳᠠᠬᠢ ᠭᠤᠯᠳᠣᠩ ᠬᠦᠷᠲᠡᠯ᠎ᠡ ᠪᠣᠰᠬᠠᠵᠤ ᠪᠣᠢ᠃  ᠡᠵᠡᠨ᠎ᠡ ᠠᠴᠠ ᠬᠠᠮᠢ ᠬᠦᠷᠬᠦ ᠲᠡᠮᠦᠷ ᠵᠠᠮ ᠨᠢ ᠵᠡᠭᠦᠨ ᠠᠴᠠ ᠪᠠᠨ ᠯᠢᠩᠾᠧ ᠠᠴᠠ ᠴᠡᠭᠡ ᠪᠣᠭᠤᠮᠲᠠ ᠬᠦᠷᠬᠦ ᠲᠡᠮᠦᠷ ᠵᠠᠮ ᠤᠨ ᠴᠤᠸᠠᠨ ᠳ᠋ᠢ ᠲᠦᠸᠧ ᠥᠷᠲᠡᠭᠡ ᠠᠴᠠ ᠡᠬᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ᠎ᠡ ᠬᠤᠰᠢᠭᠤ᠂ ᠭᠠᠨᠰᠦ ᠮᠤᠵᠢ ᠶᠢᠨ ᠰᠦᠪᠧᠶ ᠰᠢᠶᠠᠨ ᠢᠶᠠᠷ ᠳᠠᠭᠠᠷᠢᠵᠤ᠂ ᠡᠴᠦᠰ ᠲᠤᠨᠢ ᠯᠠᠨᠵᠧᠤ ᠠᠴᠠ ᠰᠢᠨᠵᠢᠶᠠᠩ ᠬᠦᠷᠬᠦ ᠲᠡᠮᠦᠷ ᠵᠠᠮ ᠤᠨ ᠰᠢᠨᠵᠢᠶᠠᠩ ᠤᠨ ᠬᠠᠮᠢ ᠶᠢᠨ ᠵᠡᠭᠦᠨ ᠥᠷᠲᠡᠭᠡ ᠳᠤ ᠬᠦᠷᠴᠦ᠂ ᠭᠤᠣᠯ ᠱᠤᠭᠤᠮ ᠤᠨ ᠣᠷᠳᠣ ᠨᠢ 629.9 ᠺᠢᠯᠣᠮᠧᠲᠷ ᠪᠣᠯᠣᠨ᠎ᠠ᠃ ᠣᠳᠣᠬᠠᠨ ᠳᠤ᠂ ᠲᠡᠮᠦᠷ ᠵᠠᠮ ᠤᠨ ᠰᠠᠭᠤᠷᠢ ᠶᠢᠨ ᠪᠦᠲᠦᠭᠡᠨ ᠪᠠᠶᠢᠭᠤᠯᠤᠯᠲᠠ ᠳᠠᠭᠤᠰᠴᠤ᠂ ᠬᠥᠭᠦᠷᠭᠡ ᠪᠣᠰᠬᠠᠬᠤ ᠠᠵᠢᠯ ᠪᠦᠬᠦ ᠲᠠᠯ᠎ᠠ ᠪᠠᠷ ᠶᠠᠪᠤᠭᠳᠠᠵᠤ᠂ ᠵᠢᠱᠢᠯᠲᠡ ᠪᠠᠷ ᠵᠢᠯ ᠤᠨ ᠡᠴᠦᠰ ᠲᠤ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠤᠨ ᠲᠡᠭᠡᠭᠡᠪᠦᠷᠢ ᠡᠵᠡᠩᠨᠡᠬᠦ ᠪᠠᠷ ᠪᠤᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号