ᠥᠪᠥᠷ ᠮᠣᠩᠭᠤᠯ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ ᠲᠤᠭᠠᠴᠢᠯᠠᠭᠰᠠᠨ ᠨᠣᠮ ᠤᠨ ᠰᠠᠩ ᠤᠨ | ᠰᠢᠰᠲ᠋ᠧᠮ ᠤᠨ ᠫᠤᠷᠲ᠋ᠧᠯ ᠰᠦᠯᠵᠢᠶ᠎ᠡ ᠤᠷᠴᠢᠮᠬᠠᠨ ᠠᠮᠵᠢᠯᠲᠠ ᠲᠠᠢ ᠪᠠᠷ ᠬᠡᠷᠡᠭᠯᠡᠭᠡᠨ ᠳᠤ ᠭᠠᠷᠴᠤ᠂ ᠮᠠᠨ ᠤ ᠣᠷᠣᠨ ᠤ | ᠠᠩᠬᠠᠳᠠᠭᠴᠢ ᠡᠭᠦᠯᠡᠨ ᠨᠣᠮ ᠤᠨ ᠰᠠᠩ ᠵᠢᠩᠬᠢᠨᠢ ᠪᠠᠷ ᠪᠤᠰᠬᠠᠭᠳᠠᠭᠰᠠᠨ ᠢ ᠬᠠᠷᠠᠭᠤᠯᠪᠠ᠃ ᠨᠢᠳᠦᠨᠤᠨ ᠤ 11 ᠳ᠋ᠤᠭᠡᠷ | ᠰᠠᠷ᠎ᠠ ᠠᠴᠠ ᠡᠬᠢᠯᠡᠨ᠂ ᠥᠪᠥᠷ ᠮᠣᠩᠭᠤᠯ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ ᠨᠣᠮ ᠤᠨ ᠰᠠᠩ ᠪᠤᠯᠤᠨ | IBM ᠬᠤᠷᠰᠢᠯᠴᠠᠵᠤ᠂ ᠬᠠᠮᠲᠤ ᠪᠠᠷ ᠡᠭᠦᠯᠡᠨ ᠨᠣᠮ ᠤᠨ ᠰᠠᠩ ᠢ ᠪᠠᠶᠢᠭᠤᠯᠪᠠ᠃ ᠡᠭᠦᠯᠡᠨ ᠨᠣᠮ ᠤᠨ ᠰᠠᠩ ᠢ | ᠪᠠᠶᠢᠭᠤᠯᠵᠤ ᠳᠠᠭᠤᠰᠬᠠᠭᠰᠠᠨ ᠤ ᠳᠠᠷᠠᠭ᠎ᠠ᠂ ᠰᠢᠰᠲ᠋ᠧᠮ ᠤᠨ ᠫᠤᠷᠲ᠋ᠧᠯ ᠰᠦᠯᠵᠢᠶ᠎ᠡ ᠨᠢ ᠨᠣᠮ ᠤᠨ ᠰᠠᠩ ᠤᠨ | ᠤᠨᠳᠤᠤᠰᠢᠯ ᠳ᠋ᠠᠶᠢᠲ᠋ᠠ ᠬᠥᠮᠥᠷᠭᠡ ᠶᠢᠨ ᠵᠠᠯᠭᠠᠭᠠᠳᠠᠰᠤ ᠶᠢ ᠨᠡᠪᠲᠡᠷᠡᠭᠦᠯᠵᠤ᠂ ᠰᠤᠷᠭᠠᠭᠤᠯᠢ ᠶᠢᠨ ᠪᠠᠭᠰᠢ ᠠᠵᠢᠯᠲᠠᠨ | ᠠᠵᠢᠯᠴᠢᠨ ᠪᠤᠯᠤᠨ ᠰᠤᠷᠤᠭᠴᠢᠳ ᠲᠤ ᠨᠢᠭᠡᠳᠦᠯᠲᠡᠶ ᠡᠷᠢᠬᠦ᠂ 24 ᠴᠠᠭ ᠢᠶᠠᠷ ᠵᠠᠪᠰᠠᠷ ᠦᠭᠡᠶ ᠵᠠᠯᠭᠠᠬᠤ ᠪᠠ ᠬᠡᠵᠢᠶ᠎ᠡ | ᠬᠠᠮᠢᠭ᠎ᠠ ᠴᠤ ᠭᠡᠰᠡᠨ ᠠᠯᠤᠰ ᠠᠴᠠ ᠰᠤᠷᠪᠤᠯᠵᠢᠯᠠᠬᠤ᠂ ᠪᠠᠭᠤᠯᠭᠠᠵᠤ ᠪᠤᠯᠬᠤ ᠦᠢᠯᠡᠴᠢᠯᠡᠭᠡ ᠬᠠᠨᠭ᠍ᠭᠠᠬᠤ ᠪᠤᠯᠤᠨ᠎ᠠ᠃ | ᠡᠭᠦᠨ ᠤ ᠬᠠᠮᠲᠤ᠂ ᠥᠪᠥᠷ ᠮᠣᠩᠭᠤᠯ ᠤᠨ ᠡᠮᠨᠡᠯᠭᠡ ᠶᠢᠨ ᠶᠡᠭᠡ ᠰᠤᠷᠭᠠᠭᠤᠯᠢ ᠨᠢ ᠡᠭᠦᠯᠡᠨ ᠨᠣᠮ ᠤᠨ ᠰᠠᠩ ᠢ ᠬᠥᠮᠦᠨ | ᠨᠢᠭᠡᠪᠦᠷᠢ ᠳᠤ ᠬᠦᠷᠦᠭᠦᠯᠵᠤ᠂ ᠰᠢᠯᠵᠢᠮᠡᠯ ᠲᠣᠭᠠᠴᠢᠯᠠᠭᠰᠠᠨ ᠨᠣᠮ ᠤᠨ ᠰᠠᠩ ᠢ ᠪᠤᠶ ᠪᠣᠯᠭᠠᠵᠤ᠂ ᠬᠡᠷᠡᠭᠯᠡᠭᠴᠢᠳ ᠢ | ᠰᠢᠯᠵᠢᠮᠡᠯ ᠲᠥᠬᠦᠭᠡᠷᠦᠮᠵᠢ ᠪᠠᠷ ᠬᠡᠵᠢᠶ᠎ᠡ ᠴᠤ ᠬᠡᠰᠡᠨ ᠮᠡᠳᠡᠯᠭᠡ ᠶᠢᠨ ᠳᠠᠯᠠᠶ ᠳᠤ ᠬᠠᠨᠳᠡᠯᠠ ᠤᠮᠪᠠᠭᠤᠯᠬᠤ ᠪᠤᠯᠤᠨ᠎ᠠ᠃ | ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ ᠡᠮᠨᠡᠯᠭᠡ ᠶᠢᠨ ᠶᠡᠭᠡ ᠰᠤᠷᠭᠠᠭᠤᠯᠢ ᠪᠠᠰᠠ IBM-PMC ᠡᠭᠦᠯᠡᠨ | ᠬᠠᠮᠢᠶᠠᠷᠤᠯᠲᠠ ᠶᠢᠨ ᠲᠠᠪᠴᠠᠩ ᠳᠤ ᠰᠠᠭᠤᠷᠢᠯᠠᠨ᠂ ᠳᠡᠭᠡᠳᠦ ᠰᠤᠷᠭᠠᠭᠤᠯᠢ᠂ ᠨᠣᠮ ᠤᠨ ᠰᠠᠩ ᠪᠤᠯᠤᠨ ᠡᠮᠴᠢᠯᠡᠭᠡᠨ ᠤ | ᠪᠠᠶᠢᠭᠤᠯᠤᠮᠵᠢ ᠶᠢᠨ ᠬᠤᠭᠤᠷᠣᠨᠳᠣᠬᠢ ᠠᠵᠢᠯ ᠲᠥᠷᠥᠯ ᠤᠨ ᠪᠠᠬᠢᠯᠡᠯᠲᠡ ᠶᠢ ᠡᠪᠳᠡᠵᠦ᠂ ᠡᠮᠴᠢᠯᠡᠭᠡᠨ ᠤ ᠮᠡᠳᠡᠭᠡ | ᠵᠠᠩᠭᠢ ᠶᠢᠨ ᠪᠠᠶᠢᠭᠤᠯᠤᠮᠵᠢ ᠯᠤᠭ᠎ᠠ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠬᠠᠮᠲᠤ ᠪᠠᠷ ᠪᠠᠶᠢᠭᠤᠯᠬᠤ᠂ ᠬᠠᠮᠲᠤ ᠪᠠᠷ | ᠮᠡᠳᠡᠬᠦ ᠶᠢ ᠪᠡᠶᠡᠯᠡᠭᠦᠯᠵᠤ᠂ ᠡᠭᠦᠯᠡᠨ ᠨᠣᠮ ᠤᠨ ᠰᠠᠩ ᠢ ᠪᠦᠬᠦ ᠥᠪᠥᠷ ᠮᠣᠩᠭᠤᠯ ᠤᠨ ᠡᠮᠴᠢᠯᠡᠭᠡᠨ ᠤ ᠠᠵᠢᠯ ᠲᠥᠷᠥᠯ᠂ | ᠴᠢᠨᠠᠭᠰᠢᠯᠠᠪᠠᠯ ᠪᠦᠬᠦ ᠤᠯᠤᠰ ᠤᠨ ᠡᠮᠴᠢᠯᠡᠭᠡᠨ ᠤ ᠠᠵᠢᠯ ᠲᠥᠷᠥᠯ ᠤᠨ ᠬᠢᠨ ᠳᠤ ᠴᠥᠮ ᠮᠡᠳᠡᠯᠭᠡ ᠶᠢᠨ ᠬᠥᠮᠥᠷᠭᠡ ᠶᠢ | ᠡᠳ᠋ᠯᠡᠭᠦᠯᠬᠦ ᠪᠤᠯᠤᠨ᠎ᠠ᠃ ᠵᠢᠱᠢᠯᠲᠡ ᠪᠠᠷ ᠢᠷᠡᠬᠦ ᠵᠢᠯ ᠡᠭᠦᠯᠡᠨ ᠨᠣᠮ ᠤᠨ ᠰᠠᠩ ᠤᠨ ᠡᠬᠢ ᠪᠠᠶᠠᠯᠢᠭ ᠤᠨ ᠦᠢᠯᠡᠴᠢᠯᠡᠭᠡ | ᠪᠠᠷ ᠪᠦᠬᠦ ᠣᠷᠣᠨ ᠤ 12 ᠠᠶᠢᠮᠠᠭ ᠬᠤᠲᠠ ᠶᠢᠨ ᠡᠮᠨᠡᠯᠭᠡ ᠶᠢᠨ ᠬᠤᠷᠢᠶ᠎ᠠ ᠪᠤᠯᠤᠨ 5 ᠬᠠᠷᠢᠶᠠᠲᠤ ᠡᠮᠨᠡᠯᠭᠡ ᠶᠢᠨ | ᠬᠤᠷᠢᠶ᠎ᠠ ᠵᠢᠴᠢ ᠬᠠᠮᠢᠶ᠎ᠠ ᠪᠦᠬᠦᠢ ᠡᠮᠴᠢᠯᠡᠭᠡᠨ ᠤ ᠨᠢᠭᠡᠴᠡ ᠶᠢ ᠬᠠᠮᠤᠷᠤᠭᠤᠯᠵᠤ᠂ ᠥᠪᠥᠷ ᠮᠣᠩᠭᠤᠯ ᠳᠤ ᠠᠨᠠᠭᠠᠬᠤ | ᠤᠬᠠᠭᠠᠨ ᠤ ᠮᠡᠳᠡᠭᠡ ᠵᠠᠩᠭᠢ ᠶᠢᠨ ᠲᠤᠮᠤ ᠳ᠋ᠠᠶᠢᠲ᠋ᠠ ᠬᠦᠮᠦᠷᠭᠡ ᠶᠢᠨ ᠡᠬᠢ ᠪᠠᠶᠠᠯᠢᠭ ᠤᠨ ᠪᠠᠲᠤᠯᠠᠭ᠎ᠠ ᠶᠢᠨ | ᠦᠢᠯᠡᠴᠢᠯᠡᠭᠡᠨ ᠤ ᠲᠥᠪ ᠢ ᠪᠠᠶᠢᠭᠤᠯᠬᠤ ᠳᠤ ᠰᠠᠭᠤᠷᠢ ᠲᠠᠯᠪᠢᠵᠤ ᠦᠭᠭᠦ ᠪᠤᠯᠤᠨ᠎ᠠ᠃ | |