| ᠰᠤᠷᠪᠤᠯᠵᠢᠯᠠᠨ ᠶᠠᠷᠢᠯᠴᠠᠭᠰᠠᠨ ᠴᠠᠭ᠄ | 2015 ᠤᠨ ᠤ 7 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ ᠡᠮᠦᠨᠡᠬᠢ 10 ᠴᠠᠭ | ᠰᠤᠷᠪᠤᠯᠵᠢᠯᠠᠨ ᠶᠠᠷᠢᠯᠴᠠᠭᠰᠠᠨ ᠵᠣᠴᠢᠨ᠄ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠳᠡᠳ᠋ ᠳᠠᠷᠤᠭ᠎ᠠ | ᠵᠢᠶᠠ ᠶᠤᠸᠠᠢ ᠹᠸᠡᠭ | ᠰᠤᠷᠪᠤᠯᠵᠢᠯᠠᠨ ᠶᠠᠷᠢᠯᠴᠠᠭᠰᠠᠨ ᠲᠣᠪᠴᠢ᠄ | ᠣᠶᠢᠷ᠎ᠠ ᠶᠢᠨ ᠵᠢᠯ ᠤᠳ ᠲᠤ᠂ ᠲᠠᠷᠢᠶᠠᠯᠠᠩ ᠮᠠᠯ ᠠᠵᠤ ᠠᠬᠤᠶ ᠶᠢᠨ ᠪᠡᠯᠡ ᠣᠷᠣᠭᠤᠯᠤᠯᠲᠠ ᠶᠢᠨ ᠪᠦᠲᠦᠭᠡᠨ | ᠪᠠᠶᠢᠭᠤᠯᠤᠯᠲᠠ ᠶᠢᠨ ᠲᠦᠷᠦᠯ ᠵᠦᠢᠯ ᠵᠢᠯ ᠳᠠᠷᠠᠭᠠᠯᠠᠨ ᠨᠡᠮᠡᠭᠳᠡᠵᠦ ᠪᠠᠶᠢᠭ᠎ᠠ ᠪᠤᠯᠪᠠᠴᠤ ᠮᠠᠨ ᠤ ᠣᠷᠣᠨ ᠤ ᠥᠷᠭᠡᠨ | ᠤᠯᠠᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠪᠡᠶᠡᠴᠢ ᠴᠣᠭᠴᠠ ᠪᠤᠯᠤᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠨᠢ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ | ᠪᠡᠯᠡ ᠣᠷᠣᠭᠤᠯᠤᠯᠲᠠ ᠶᠢᠨ ᠴᠢᠭᠯᠡᠯ᠂ ᠭᠤᠶᠤᠴᠢᠯᠠᠬᠤ ᠴᠤᠪᠤᠷᠠᠯ᠂ ᠭᠤᠶᠤᠴᠢᠯᠠᠬᠤ ᠨᠥᠬᠦᠴᠡᠯ ᠬᠢᠭᠡᠳ ᠲᠦᠷᠦᠯ | ᠵᠦᠢᠯ ᠤᠨ ᠬᠠᠮᠢᠶᠠᠷᠤᠯᠲᠠ ᠶᠢ ᠳᠡᠮᠡᠶ ᠣᠶᠢᠯᠠᠭᠠᠬᠤ ᠦᠭᠡᠶ ᠪᠠᠶᠢᠨ᠎ᠠ᠂ ᠡᠶᠢᠮᠦ ᠠᠴᠠ ᠲᠥᠷᠥ ᠶᠢᠨ ᠪᠣᠳᠣᠯᠭ᠎ᠠ ᠶᠢᠨ | ᠬᠤᠯᠪᠣᠭᠳᠠᠯ ᠪᠦᠬᠦᠢ ᠪᠠᠶᠢᠳᠠᠯ ᠢ ᠨᠠᠷᠢᠨ ᠤᠶᠢᠯᠠᠭᠠᠭᠤᠯᠬᠤ ᠶᠢᠨ ᠲᠤᠰᠠᠳᠠ᠂ ᠣᠶᠢᠷ᠎ᠠ ᠳᠤ ᠪᠢᠳᠡ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠳᠡᠳ᠋ ᠳᠠᠷᠤᠭ᠎ᠠ ᠵᠢᠶᠠ ᠶᠤᠸᠠᠢ ᠹᠸᠡᠭ ᠢ | ︽ᠳᠤᠮᠳᠠᠳᠤ ᠤᠯᠤᠰ ᠥᠪᠥᠷ ᠮᠣᠩᠭᠤᠯ︾ ᠰᠦᠯᠵᠢᠶᠡᠨ ᠳᠤ ᠤᠷᠢᠵᠤ ᠥᠷᠭᠡᠨ ᠣᠯᠠᠨ ᠰᠦᠯᠵᠢᠶᠡᠨ ᠠᠨᠳᠠ ᠨᠡᠷ ᠲᠤ | ᠨᠠᠷᠢᠨ ᠲᠣᠳᠣᠷᠬᠠᠶ ᠲᠠᠶᠢᠯᠪᠤᠷᠢᠯᠠᠯᠲᠠ ᠬᠢᠯᠬᠡᠬᠦ ᠪᠤᠯᠤᠨ᠎ᠠ᠃ ᠲᠤᠬᠠᠢ ᠶᠢᠨ ᠴᠠᠭ ᠲᠤ᠂ ᠥᠷᠭᠡᠨ ᠣᠯᠠᠨ ᠰᠦᠯᠵᠢᠶᠡᠨ | ᠠᠨᠳᠠ ᠨᠡᠷ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕ | ﹇ᠬᠦᠲᠦᠯᠦᠭᠴᠢ﹈ ᠰᠦᠯᠵᠢᠶᠡᠨ ᠠᠨᠳᠠ ᠨᠠᠷ ᠡ᠂ ᠰᠠᠶᠢᠨ ᠪᠠᠶᠢᠵᠠᠭᠠᠨᠠᠤ︖ ᠲᠠ ᠪᠦᠬᠦᠨ ᠤ ᠲᠤᠰ | ᠬᠤᠭᠤᠴᠠᠭᠠᠨ ᠤ ︽ᠳᠤᠮᠳᠠᠳᠤ ᠤᠯᠤᠰ ᠥᠪᠥᠷ ᠮᠣᠩᠭᠤᠯ︾ ᠰᠦᠯᠵᠢᠶ᠎ᠠ ᠶᠢᠨ ᠰᠤᠷᠪᠤᠯᠵᠢᠯᠠᠨ ᠶᠠᠷᠢᠯᠴᠠᠬᠤ | ᠫᠷᠤᠭ᠍ᠷᠠᠮ ᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠣᠶᠢᠷ᠎ᠠ ᠶᠢᠨ ᠵᠢᠯ ᠤᠳ ᠲᠤ᠂ | ᠲᠠᠷᠢᠶᠠᠯᠠᠩ ᠮᠠᠯ ᠠᠵᠤ ᠠᠬᠤᠶ ᠶᠢᠨ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ | ᠵᠢᠯ ᠳᠠᠷᠠᠭᠠᠯᠠᠨ ᠨᠡᠮᠡᠭᠳᠡᠵᠦ ᠪᠠᠶᠢᠭ᠎ᠠ ᠪᠤᠯᠪᠠᠴᠤ ᠮᠠᠨ ᠤ ᠣᠷᠣᠨ ᠤ ᠥᠷᠭᠡᠨ ᠤᠯᠠᠨ ᠲᠠᠷᠢᠶᠠᠯᠠᠩ ᠮᠠᠯ ᠠᠵᠤ | ᠠᠬᠤᠶ ᠶᠢᠨ ᠡᠵᠡᠩᠨᠡᠯᠲᠡ ᠶᠢᠨ ᠪᠡᠶᠡᠴᠢ ᠴᠣᠭᠴᠠ ᠪᠤᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠲᠠᠷᠢᠶᠠᠯᠠᠩ | ᠮᠠᠯ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠴᠢᠭᠯᠡᠯ᠂ | ᠭᠤᠶᠤᠴᠢᠯᠠᠬᠤ ᠴᠤᠪᠤᠷᠠᠯ᠂ ᠭᠤᠶᠤᠴᠢᠯᠠᠬᠤ ᠨᠥᠬᠦᠴᠡᠯ ᠬᠢᠭᠡᠳ ᠲᠦᠷᠦᠯ ᠵᠦᠢᠯ ᠤᠨ ᠬᠠᠮᠢᠶᠠᠷᠤᠯᠲᠠ ᠶᠢ ᠳᠡᠮᠡᠶ | ᠣᠶᠢᠯᠠᠭᠠᠬᠤ ᠦᠭᠡᠶ ᠪᠠᠶᠢᠨ᠎ᠠ᠂ ᠲᠥᠷᠥ ᠶᠢᠨ ᠪᠣᠳᠣᠯᠭ᠎ᠠ ᠶᠢᠨ ᠬᠤᠯᠪᠣᠭᠳᠠᠯ ᠪᠦᠬᠦᠢ ᠪᠠᠶᠢᠳᠠᠯ ᠢ ᠨᠠᠷᠢᠨ | ᠤᠶᠢᠯᠠᠭᠠᠭᠤᠯᠬᠤ ᠶᠢᠨ ᠲᠤᠰᠠᠳᠠ᠂ ᠦᠨᠦᠳᠦᠷ ᠪᠢᠳᠡ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠶ ᠶᠢᠨ ᠲᠢᠩᠬᠢᠮ ᠤᠨ ᠳᠡᠳ᠋ ᠳᠠᠷᠤᠭ᠎ᠠ ᠵᠢᠶᠠ ᠶᠤᠸᠠᠢ ᠹᠸᠡᠭ ᠢ ︽ᠳᠤᠮᠳᠠᠳᠤ ᠤᠯᠤᠰ ᠥᠪᠥᠷ ᠮᠣᠩᠭᠤᠯ︾ | ᠰᠦᠯᠵᠢᠶᠡᠨ ᠳᠤ ᠤᠷᠢᠵᠤ ᠥᠷᠭᠡᠨ ᠣᠯᠠᠨ ᠰᠦᠯᠵᠢᠶᠡᠨ ᠠᠨᠳᠠ ᠨᠡᠷ ᠲᠤ ᠨᠠᠷᠢᠨ ᠲᠣᠳᠣᠷᠬᠠᠶ ᠲᠠᠶᠢᠯᠪᠤᠷᠢᠯᠠᠯᠲᠠ | ᠬᠢᠯᠬᠡᠬᠦ ᠪᠤᠯᠤᠨ᠎ᠠ᠃ ᠵᠢᠶᠠ ᠳᠠᠷᠤᠭ᠎ᠠ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕ | ﹇ᠵᠢᠶᠠ ᠶᠤᠸᠠᠢ ᠹᠸᠡᠭ﹈ ᠬᠦᠲᠦᠯᠦᠭᠴᠢ ᠰᠠᠶᠢᠨ ᠤᠤ︖ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨᠠᠤ︖ | ᠠᠳᠡ ᠲᠠ ᠪᠦᠬᠦᠨ ᠲᠠᠢ ᠵᠤᠭᠤᠭᠳᠠᠬᠤ ᠪᠤᠯᠤᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠃ ᠲᠠ ᠪᠦᠬᠦᠨ ᠤ | ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠡᠯ᠎ᠡ ᠵᠦᠢᠯ ᠤᠨ ᠠᠵᠢᠯ ᠢ ᠬᠠᠯᠠᠮᠵᠢᠯᠠᠨ ᠳᠡᠮᠵᠢᠭᠰᠡᠭᠡᠷ | ᠢᠷᠡᠭᠰᠡᠨ ᠳᠤ ᠲᠠᠯᠠᠷᠬᠠᠵᠤ ᠪᠠᠶᠢᠨ᠎ᠠ︕ | ﹇ᠬᠦᠲᠦᠯᠦᠭᠴᠢ﹈ ᠶᠠᠭᠤᠨ ᠤ ᠡᠮᠦᠨ᠎ᠡ ᠲᠠ ᠤᠯᠤᠰ ᠤᠨ ᠲᠠᠷᠢᠶᠠᠯᠠᠩ ᠮᠠᠯ ᠠᠵᠤ ᠠᠬᠤᠶ ᠶᠢᠨ ᠪᠡᠯᠡ | ᠣᠷᠣᠭᠤᠯᠤᠯᠲᠠ ᠶᠢᠨ ᠭᠤᠣᠯ ᠬᠠᠨᠳᠤᠰᠢ ᠶᠢ ᠳᠦᠭᠦᠮ ᠲᠠᠨᠢᠯᠴᠠᠭᠤᠯᠤᠭᠠᠳ ᠦᠭᠭᠦᠨ᠎ᠡ ᠤᠤ︖ | ﹇ᠵᠢᠶᠠ ᠶᠤᠸᠠᠢ ᠹᠸᠡᠭ﹈ ᠣᠶᠢᠷ᠎ᠠ ᠶᠢᠨ ᠬᠡᠳᠦᠨ ᠵᠢᠯ ᠳᠤ ᠬᠠᠷᠢᠴᠠᠩᠭᠤᠶ ᠪᠠᠷ ᠨᠡᠯᠢᠶᠡᠳ ᠲᠣᠭᠲᠠᠪᠤᠷᠢᠲᠠᠶ | ᠲᠦᠷᠦᠯ ᠵᠦᠢᠯ ᠭᠡᠪᠡᠯ ᠲᠠᠷᠢᠵᠦ ᠲᠡᠵᠢᠭᠡᠬᠦ ᠦᠢᠯᠡᠰ ᠤᠨ ᠰᠠᠶᠢᠨ ᠡᠭᠦᠯᠳᠡᠷ ᠤᠨ ᠢᠨᠵᠧᠨᠧᠷᠢᠩ᠂ ᠬᠥᠳᠡᠭᠡ | ᠲᠣᠰᠬᠤᠨ ᠤ ᠲᠣᠮᠣ ᠬᠡᠯᠪᠡᠷᠢ ᠶᠢᠨ ᠨᠠᠮᠤᠭ ᠤᠨ ᠬᠡᠢ᠂ ᠵᠢᠭᠠᠰᠤᠨ ᠤ ᠶᠠᠪᠤᠳᠠᠯ ᠤᠨ ᠭᠠᠷᠠᠮ᠂ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ ᠦᠬᠡᠢ ᠶᠢᠨ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠰᠢᠰᠲ᠋ᠧᠮᠵᠢ᠂ | ᠬᠥᠳᠡᠭᠡ ᠠᠵᠤ ᠠᠬᠤᠶ ᠶᠢᠨ ᠶᠠᠮᠤᠨ ᠤ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠦᠨᠢᠶ᠎ᠡ᠂ ᠢᠳᠡᠰᠢᠨ ᠬᠤᠨᠢ᠂ | ᠲᠡᠵᠢᠭᠡᠪᠦᠷᠢ ᠭᠠᠭ᠋ᠠᠶ ᠶᠢᠨ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠲᠠᠯᠠᠪᠠᠶ ︵ᠵᠢᠵᠢᠭ ᠲᠣᠭᠤᠷᠢᠭ︶᠂ | ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠬᠤᠷᠢᠶᠠᠯᠲᠠ ᠶᠢ ᠨᠡᠮᠡᠭᠳᠡᠭᠦᠯᠬᠦ ᠢᠨᠵᠧᠨᠧᠷᠢᠩ᠂ ᠮᠠᠯᠵᠢᠬᠤ ᠶᠢ | ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠤᠨ ᠲᠦᠷᠦᠯ ᠵᠦᠢᠯ ᠵᠢᠴᠢ ᠰᠠᠯᠠᠭ᠎ᠠ ᠮᠥᠴᠢᠷ ᠤᠨ | ᠲᠠᠷᠢᠶᠠᠯᠠᠩ ᠤᠨ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠲᠦᠷᠦᠯ ᠵᠦᠢᠯ ᠵᠡᠷᠭᠡ ᠪᠠᠶᠢᠨ᠎ᠠ᠃ | ﹇ᠬᠦᠲᠦᠯᠦᠭᠴᠢ﹈ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ | ᠬᠡᠷᠬᠢᠨ ᠭᠤᠶᠤᠴᠢᠯᠠᠬᠤ ᠪᠤᠶ︖ | ﹇ᠵᠢᠶᠠ ᠶᠤᠸᠠᠢ ᠹᠸᠡᠭ﹈ ᠤᠯᠤᠰ ᠤᠨ ᠲᠠᠷᠢᠶᠠᠯᠠᠩ ᠮᠠᠯ ᠠᠵᠤ ᠠᠬᠤᠶ ᠶᠢᠨ ᠦᠨᠳᠦᠰᠦᠨ ᠪᠦᠲᠦᠭᠡᠨ | ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠲᠦᠷᠦᠯ ᠵᠦᠢᠯ ᠢ ᠭᠤᠶᠤᠴᠢᠯᠠᠬᠤ ᠳᠤ ᠭᠤᠷᠪᠠᠨ ᠲᠦᠷᠦᠯ | ᠬᠤᠪᠢᠶᠠᠳᠠᠭ᠄ ᠨᠢᠭᠡᠳᠦᠭᠡᠷ ᠲᠦᠷᠦᠯ ᠨᠢ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ | ᠪᠤᠯᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠨᠢ ᠵᠤᠬᠢᠴᠠᠩᠭᠤᠢ ᠲᠥᠯᠥᠪᠵᠢᠭᠦᠯᠭᠡ ᠵᠢᠴᠢ ᠭᠤᠶᠤᠴᠢᠯᠠᠬᠤ | ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠲᠦᠷᠦᠯ ᠵᠦᠢᠯ ᠢ ᠬᠢᠨᠠᠨ ᠪᠠᠶᠢᠴᠠᠭᠠᠵᠤ ᠨᠤᠲᠠᠯᠠᠯᠲᠠ | ᠬᠢᠬᠦ ᠵᠥᠪᠰᠢᠶᠡᠷᠡᠬᠦ ᠪᠠ ᠪᠡᠯᠡ ᠣᠷᠣᠭᠤᠯᠤᠯᠲᠠ ᠶᠢᠨ ᠲᠥᠯᠥᠪᠯᠡᠭᠡ ᠶᠢᠨ ᠰᠠᠨᠠᠭᠤᠯᠭ᠎ᠠ ᠨᠠᠶᠢᠷᠠᠭᠤᠯᠤᠨ ᠵᠣᠬᠢᠶᠠᠬᠤ ᠶᠢ | ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠪᠣᠯᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠳᠤ ᠮᠡᠳᠡᠭᠦᠯᠦᠨ ᠬᠢᠨᠠᠨ ᠪᠠᠶᠢᠴᠠᠭᠠᠯᠭᠠᠭᠰᠠᠨ ᠤ ᠰᠡᠭᠦᠯᠡᠷ᠂ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠪᠣᠯᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠦᠪᠯᠡᠯ ᠬᠠᠮᠲᠤᠷᠠᠨ ᠲᠠᠷᠢᠶᠠᠯᠠᠩ ᠤᠨ ᠶᠠᠮᠤᠨ ᠪᠣᠯᠤᠨ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠦᠪᠯᠡᠯ ᠳᠤ ᠪᠡᠯᠡ ᠣᠷᠣᠭᠤᠯᠤᠯᠲᠠ ᠶᠢᠨ ᠲᠥᠯᠥᠪᠯᠡᠭᠡ ᠶᠢᠨ ᠰᠠᠨᠠᠭᠤᠯᠭ᠎ᠠ ᠪᠠᠨ ᠭᠤᠶᠤᠴᠢᠯᠠᠨ | ᠮᠡᠳᠡᠭᠦᠯᠦᠨ᠎ᠡ᠃ ᠬᠤᠶᠠᠳᠤᠭᠠᠷ ᠲᠥᠷᠥᠯ ᠨᠢ ᠰᠠᠯᠠᠭ᠎ᠠ ᠮᠥᠴᠢᠷ ᠤᠨ ᠲᠠᠷᠢᠶᠠᠯᠠᠩ ᠤᠨ ᠶᠡᠷᠦᠩᠬᠡᠶᠢᠯᠡᠨ ᠨᠡᠭᠡᠭᠡᠨ | ᠬᠦᠭᠵᠢᠬᠦᠯᠬᠦ ᠲᠦᠷᠦᠯ ᠵᠦᠢᠯ ᠢ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠪᠤᠯᠤᠨ | ᠲᠠᠷᠢᠶᠠᠯᠠᠩ ᠤᠨ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠠᠯᠪᠠᠨ ᠭᠡᠷ ᠨᠢ ᠤᠯᠤᠰ ᠤᠨ ᠪᠢᠴᠢᠭ ᠮᠠᠲ᠋ᠧᠷᠢᠶᠠᠯ ᠤᠨ | ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠪᠤᠯᠤᠨ | ᠲᠠᠷᠢᠶᠠᠯᠠᠩ ᠤᠨ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠠᠯᠪᠠᠨ ᠭᠡᠷ ᠲᠤ ᠮᠡᠳᠡᠭᠦᠯᠦᠨ ᠬᠦᠷᠭᠡᠵᠦ᠂ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠪᠤᠯᠤᠨ ᠨᠡᠭᠡᠭᠡᠨ ᠬᠥᠭᠵᠢᠭᠦᠯᠬᠦ ᠠᠯᠪᠠᠨ ᠭᠡᠷ | ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠲᠦᠷᠦᠯ ᠵᠦᠢᠯ ᠢ ᠬᠢᠨᠠᠨ ᠰᠢᠯᠭᠠᠵᠤ᠂ ᠪᠠᠶᠢᠴᠠᠭᠠᠭᠰᠠᠨ ᠤ ᠳᠠᠷᠠᠭ᠎ᠠ᠂ | ᠬᠦᠳᠡᠭᠡ ᠠᠵᠤ ᠠᠬᠤᠢ ᠶᠢᠨ ᠶᠠᠮᠤᠨ ᠪᠣᠯᠤᠨ ᠤᠯᠤᠰ ᠤᠨ ᠨᠡᠭᠡᠭᠡᠨ ᠬᠥᠭᠵᠢᠭᠦᠯᠬᠦ ᠠᠯᠪᠠᠨ ᠭᠡᠷ ᠲᠤ ᠮᠡᠳᠡᠭᠦᠯᠦᠨ | ᠬᠦᠷᠭᠡᠭᠡᠨᠡ᠃ ᠭᠤᠷᠪᠠᠳᠤᠭᠠᠷ ᠲᠥᠷᠥᠯ ᠨᠢ ᠬᠦᠳᠡᠭᠡ ᠠᠵᠤ ᠠᠬᠤᠢ ᠶᠢᠨ ᠶᠠᠮᠤᠨ ᠠᠴᠠ ᠪᠦᠲᠦᠭᠡᠨ ᠪᠠᠶᠢᠭᠤᠯᠬᠤ ᠶᠢ | ᠵᠥᠪᠰᠢᠶᠡᠷᠡᠭᠰᠡᠨ ᠨᠡᠶᠢᠲᠡ ᠶᠢᠨ ᠠᠰᠠᠷᠠᠮᠵᠢ ᠶᠢᠨ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ᠂ | ᠵᠢᠱᠢᠶᠡᠯᠡᠪᠡᠯ ᠲᠠᠷᠢᠵᠦ ᠲᠡᠵᠢᠭᠡᠬᠦ ᠦᠢᠯᠡᠰ ᠤᠨ ᠰᠠᠶᠢᠨ ᠡᠭᠦᠯᠳᠡᠷ ᠤᠨ ᠢᠨᠵᠧᠨᠧᠷᠢᠩ᠂ ᠵᠢᠭᠠᠰᠤᠨ ᠤ ᠶᠠᠪᠤᠳᠠᠯ ᠤᠨ | ᠭᠠᠷᠠᠮ ᠂ ᠬᠦᠳᠡᠭᠡ ᠠᠵᠤ ᠠᠬᠤᠢ ᠶᠢᠨ ᠶᠠᠮᠤᠨ ᠤ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠵᠡᠷᠭᠡ ᠲᠦᠷᠦᠯ | ᠵᠦᠢᠯ ᠢ ᠪᠤᠯ ᠠᠶᠢᠮᠠᠭ ᠬᠤᠲᠠ ᠪᠤᠶᠤ ᠰᠢᠭᠤᠳ ᠬᠠᠷᠢᠶ᠎ᠠ ᠨᠢᠭᠡᠴᠡ ᠨᠢ ᠲᠦᠷᠦᠯ ᠵᠦᠢᠯ ᠤᠨ ᠭᠤᠶᠤᠴᠢᠯᠠᠨ ᠮᠡᠳᠡᠭᠦᠯᠬᠦ | ᠮᠠᠲ᠋ᠧᠷᠢᠶᠠᠯ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠳᠤ ᠮᠡᠳᠡᠭᠦᠯᠦᠨ | ᠬᠦᠷᠭᠡᠵᠤ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠨᠢ ᠤᠯᠤᠰ ᠤᠨ ᠬᠥᠳᠡᠭᠡ ᠠᠵᠤ ᠠᠬᠤᠶ ᠶᠢᠨ ᠶᠠᠮᠤᠨ ᠳᠤ | ᠮᠡᠳᠡᠭᠦᠯᠦᠨ᠎ᠡ᠃ | ﹇ᠬᠦᠲᠦᠯᠦᠭᠴᠢ﹈ ᠶᠠᠮᠠᠷ ᠨᠥᠬᠦᠴᠡᠯ ᠢ ᠪᠦᠷᠢᠯᠳᠦᠭᠦᠯᠪᠡᠯ ᠰᠠᠶ᠋ᠢ ᠭᠤᠶᠤᠴᠢᠯᠠᠵᠤ ᠪᠤᠯᠬᠤ ᠪᠤᠶ︖ | ﹇ᠵᠢᠶᠠ ᠶᠤᠸᠠᠢ ᠹᠸᠡᠭ﹈ ᠶᠡᠷᠦ ᠳᠡᠭᠡᠨ ᠲᠦᠷᠦᠯ ᠵᠦᠢᠯ ᠭᠤᠶᠤᠴᠢᠯᠠᠬᠤ ᠵᠦᠭᠯᠡᠭᠦᠷ ᠪᠤᠶᠤ ᠲᠣᠬᠢᠷᠠᠭᠤᠯᠬᠤ | ᠰᠠᠨᠠᠯ ᠳᠤ ᠶᠠᠮᠠᠷ ᠨᠥᠬᠦᠴᠡᠯ ᠢ ᠪᠦᠷᠢᠯᠳᠦᠭᠦᠯᠪᠡᠯ ᠰᠠᠶ᠋ᠢ ᠲᠦᠷᠦᠯ ᠵᠦᠢᠯ ᠢ ᠭᠤᠶᠤᠴᠢᠯᠠᠵᠤ ᠪᠤᠯᠬᠤ᠂ ᠲᠦᠷᠦᠯ | ᠵᠦᠢᠯ ᠤᠨ ᠪᠣᠳᠠᠲᠠᠶ ᠪᠦᠲᠦᠭᠡᠨ ᠪᠠᠶᠢᠭᠤᠯᠤᠯᠲᠠ ᠶᠢᠨ ᠠᠭᠤᠯᠭ᠎ᠠ᠂ ᠪᠡᠯᠡ ᠣᠷᠣᠭᠤᠯᠤᠯᠲᠠ ᠶᠢᠨ ᠬᠢᠵᠠᠭᠠᠷᠯᠠᠬᠤ | ᠬᠡᠪᠴᠢᠶ᠎ᠡ ᠵᠡᠷᠭᠡ ᠶᠢ ᠨᠠᠷᠢᠨ ᠲᠤᠲᠤᠷᠬᠠᠶᠢᠯᠠᠭᠰᠠᠨ ᠪᠠᠶᠢᠳᠠᠭ᠃ ᠲᠦᠷᠦᠯ ᠵᠦᠢᠯ ᠭᠤᠶᠤᠴᠢᠯᠠᠬᠤ ᠦᠨᠳᠦᠰᠦᠨ | ᠱᠠᠭᠠᠷᠳᠠᠯᠭ᠎ᠠ ᠪᠣᠯ᠄ ᠨᠢᠭᠡ ᠳᠤ ᠪᠦᠲᠦᠭᠡᠨ ᠪᠠᠶᠢᠭᠤᠯᠤᠯᠲᠠ ᠶᠢᠨ ᠳᠡᠰ ᠳᠠᠷᠠᠭᠠᠯᠠᠯ ᠤᠨ ᠱᠠᠭᠠᠷᠳᠠᠯᠭ᠎ᠠ ᠶᠣᠰᠣᠭᠠᠷ | ᠲᠦᠷᠦᠯ ᠵᠦᠢᠯ ᠢ ᠵᠣᠬᠢᠶᠠᠨ ᠪᠠᠶᠢᠭᠤᠯᠵᠤ ᠭᠤᠶᠤᠴᠢᠯᠠᠨ᠎ᠠ᠃ ︽ᠲᠠᠷᠢᠶᠠᠯᠠᠩ ᠤᠨ ᠦᠨᠳᠦᠰᠦᠨ ᠪᠦᠲᠦᠭᠡᠨ | ᠪᠠᠶᠢᠭᠤᠯᠤᠯᠲᠠ ᠶᠢᠨ ᠲᠦᠷᠦᠯ ᠵᠦᠢᠯ ᠤᠨ ᠬᠠᠮᠢᠶᠠᠷᠤᠯᠲᠠ ᠶᠢᠨ ᠠᠷᠭ᠎ᠠ︾᠂ ︽ᠲᠠᠷᠢᠶᠠᠯᠠᠩ ᠤᠨ ᠦᠨᠳᠦᠰᠦᠨ | ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠭᠤᠶᠤᠴᠢᠯᠠᠯ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ | ᠳᠦᠷᠢᠮ︾᠂ ︽ᠲᠠᠷᠢᠶᠠᠯᠠᠩ ᠤᠨ ᠶᠡᠷᠦᠩᠬᠡᠶᠢᠯᠡᠨ ᠨᠡᠭᠡᠭᠡᠨ ᠬᠦᠭᠵᠢᠬᠦᠯᠬᠦ ᠰᠠᠯᠠᠭ᠎ᠠ ᠮᠥᠴᠢᠷ ᠤᠨ ᠲᠦᠷᠦᠯ ᠵᠦᠢᠯ ᠤᠨ | ᠬᠠᠮᠢᠶᠠᠷᠤᠯᠲᠠ ᠶᠢᠨ ᠠᠷᠭ᠎ᠠ︾ ᠵᠢᠴᠢ ︽ᠲᠠᠷᠢᠶᠠᠯᠠᠩ ᠤᠨ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ | ᠪᠤᠯᠤᠮᠵᠢᠲᠤ ᠰᠤᠳᠤᠯᠭᠠᠨ ᠤ ᠮᠡᠳᠡᠭᠦᠯᠦᠯᠲᠡ ᠶᠢᠨ ᠡᠩ ᠤᠨ ᠬᠡᠯᠪᠡᠷᠢ ᠬᠢᠭᠡᠳ ᠱᠠᠭᠠᠷᠳᠠᠯᠭ᠎ᠠ︾ ᠶᠢ ᠴᠢᠩᠭ᠎ᠠ ᠵᠢᠷᠤᠮᠯᠠᠨ | ᠲᠦᠷᠦᠯ ᠵᠦᠢᠯ ᠤᠨ ᠭᠤᠶᠤᠴᠢᠯᠠᠯ ᠢ ᠵᠣᠬᠢᠶᠠᠨ ᠪᠠᠶᠢᠭᠤᠯᠬᠤ ᠬᠡᠷᠡᠭᠲᠡᠶ᠃ ᠡᠩ ᠤᠨ ᠲᠦᠷᠦᠯ ᠵᠦᠢᠯ ᠪᠤᠯ ᠲᠦᠷᠦᠯ | ᠵᠦᠢᠯ ᠤᠨ ᠪᠤᠯᠤᠮᠵᠢᠲᠤ ᠰᠤᠳᠤᠯᠭᠠᠨ ᠤ ᠮᠡᠳᠡᠭᠦᠯᠦᠯᠲᠡ ᠳᠤ ᠰᠢᠭᠤᠳ ᠨᠠᠶᠢᠷᠠᠭᠤᠯᠤᠨ ᠮᠡᠳᠡᠭᠦᠯᠵᠤ ᠪᠣᠯᠤᠨ᠎ᠠ᠃ | ᠲᠦᠷᠦᠯ ᠵᠦᠢᠯ ᠤᠨ ᠪᠤᠯᠤᠮᠵᠢᠲᠤ ᠰᠤᠳᠤᠯᠭᠠᠨ ᠤ ᠮᠡᠳᠡᠭᠦᠯᠦᠯᠲᠡ ᠶᠢ ᠵᠠᠷᠴᠢᠮ ᠳᠡᠭᠡᠷ᠎ᠡ ᠪᠠᠨ ᠲᠠᠷᠢᠶᠠᠯᠠᠩ ᠤᠨ | ᠢᠨᠵᠧᠨᠧᠷᠢᠩ ᠤᠨ ᠬᠢᠷᠢ ᠭᠡᠮ ᠲᠠᠢ ᠬᠠᠶᠢᠨ ᠪᠠᠶᠢᠴᠠᠭᠠᠬᠤ ᠵᠢᠷᠤᠵᠤ ᠲᠦᠯᠦᠪᠯᠡᠬᠦ᠂ ᠪᠠᠷᠢᠯᠭ᠎ᠠ ᠶᠢᠨ ᠵᠥᠪᠯᠡᠯᠭᠡ ᠥᠭᠬᠦ | ᠨᠢᠭᠡᠴᠡ ᠨᠠᠶᠢᠷᠠᠭᠤᠯᠤᠨ ᠪᠢᠴᠢᠵᠤ᠂ ᠵᠤᠬᠢᠴᠠᠩᠭᠤᠢ ᠬᠦᠨᠴᠡ ᠶᠢᠨ ᠱᠠᠭᠠᠷᠳᠠᠯᠭ᠎ᠠ ᠳᠤ ᠬᠦᠷᠦᠭᠦᠯᠬᠦ ᠬᠡᠷᠡᠭᠲᠠᠢ᠃ | ᠬᠤᠶᠠᠷ ᠲᠤ ᠭᠤᠶᠤᠴᠢᠯᠠᠬᠤ ᠲᠦᠷᠦᠯ ᠵᠦᠢᠯ ᠨᠢ ᠬᠤᠯᠪᠣᠭᠳᠠᠯ ᠪᠦᠬᠦᠢ ᠡᠮᠦᠨᠡᠬᠢ ᠬᠤᠭᠤᠴᠠᠭᠠᠨ ᠤ ᠠᠵᠢᠯ ᠢ | ᠪᠡᠶᠡᠯᠡᠭᠦᠯᠦᠭᠰᠡᠨ ᠪᠠᠶᠢᠬᠤ ᠬᠡᠷᠡᠭᠲᠡᠶ᠃ ᠵᠢᠱᠢᠶᠡᠯᠡᠪᠡᠯ ᠲᠦᠷᠦᠯ ᠵᠦᠢᠯ ᠤᠨ ᠨᠢᠭᠡᠴᠡ ᠨᠢ ᠲᠦᠷᠦᠯ ᠵᠦᠢᠯ ᠡᠭᠦᠷᠭᠡᠯᠡᠬᠦ | ᠬᠤᠯᠪᠣᠭᠳᠠᠯ ᠪᠦᠬᠦᠢ ᠨᠥᠬᠦᠴᠡᠯ ᠢ ᠪᠦᠷᠢᠯᠳᠦᠭᠦᠯᠵᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠨᠢᠭᠡᠨᠲᠡ | ᠨᠠᠶᠢᠳᠠᠪᠤᠷᠢᠵᠢᠭᠤᠯᠵᠤ᠂ ᠲᠦᠷᠦᠯ ᠵᠦᠢᠯ ᠤᠨ ᠪᠡᠶᠡᠯᠡᠯᠲᠡ ᠶᠢ ᠲᠦᠯᠦᠪᠵᠢᠭᠦᠯᠦᠨ ᠮᠡᠳᠡᠭᠦᠯᠵᠤ᠂ ᠣᠷᠴᠢᠨ | ᠲᠣᠭᠤᠷᠢᠨ ᠤ ᠦᠨᠡᠯᠡᠯᠲᠡ ᠬᠢᠯᠭᠡᠵᠤ᠂ ᠳᠠᠭᠠᠭᠠᠴᠢᠯᠠᠯᠲᠠ ᠵᠠᠷᠯᠠᠬᠤ ᠲᠦᠰᠦᠯ ᠵᠢᠴᠢ ᠢᠵᠢ ᠪᠦᠷᠢᠳᠦᠭᠦᠯᠦᠯ ᠤᠨ ᠪᠡᠯᠡ | ᠮᠥᠩᠭᠦ ᠶᠢ ᠨᠠᠶᠢᠳᠠᠪᠤᠷᠢᠵᠢᠭᠤᠯᠤᠭᠰᠠᠨ ᠪᠠᠶᠢᠬᠤ ᠬᠡᠷᠡᠭᠲᠠᠢ᠃ | ﹇ᠬᠦᠲᠦᠯᠦᠭᠴᠢ﹈ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠬᠡᠷᠬᠢᠨ ᠰᠠᠶᠢᠲᠤᠷ ᠬᠠᠮᠢᠶᠠᠷᠬᠤ ᠪᠤᠶ︖ | ﹇ᠵᠢᠶᠠ ᠶᠤᠸᠠᠢ ᠹᠧᠩ﹈ ᠮᠢᠨᠦ ᠦᠵᠡᠬᠦ ᠪᠠᠷ ᠲᠥᠷᠥᠯ ᠵᠦᠢᠯ ᠢ ᠰᠠᠶᠢᠳᠤᠷ ᠬᠠᠮᠢᠶᠠᠷᠬᠤ ᠳᠤ ᠳᠣᠣᠷᠠᠬᠢ ᠮᠡᠲᠦ | ᠬᠡᠳᠦᠨ ᠲᠠᠯ᠎ᠠ ᠶᠢ ᠴᠢᠬᠤᠯᠠᠴᠢᠯᠠᠬᠤ ᠬᠡᠷᠡᠭᠲᠡᠢ᠄ ᠨᠢᠭᠡ ᠳᠤ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢᠶᠠᠷ ᠲᠥᠷᠥᠯ ᠵᠦᠢᠯ ᠢ ᠬᠠᠮᠢᠶᠠᠷᠤᠨ᠎ᠠ᠃ ᠵᠢᠱᠢᠶᠡᠯᠡᠪᠡᠯ | ᠲᠠᠷᠢᠶᠠᠯᠠᠩ ᠤᠨ ᠶᠠᠮᠤᠨ ᠤ ︽ᠲᠠᠷᠢᠶᠠᠯᠠᠩ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠬᠠᠮᠢᠶᠠᠷᠤᠯᠲᠠ ᠶᠢᠨ ᠠᠷᠭ᠎ᠠ︾᠂ ᠬᠢᠭᠡᠳ ᠲᠥᠬᠦᠷᠵᠢᠭᠰᠡᠨ ︽ᠲᠠᠷᠢᠶᠠᠯᠠᠩ ᠤᠨ ᠦᠨᠳᠦᠰᠦᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ | ᠬᠠᠮᠢᠶᠠᠷᠤᠯᠲᠠ ᠶᠢᠨ ᠲᠣᠭᠲᠠᠭᠠᠯ︾᠂ ︽ᠲᠠᠷᠢᠶᠠᠯᠠᠩ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠪᠠᠷᠢᠯᠭ᠎ᠠ ᠶᠢᠨ ᠠᠵᠢᠯ ᠳᠠᠭᠤᠰᠴᠤ ᠰᠢᠯᠭᠠᠨ ᠠᠪᠬᠤ ᠬᠠᠮᠢᠶᠠᠷᠤᠯᠲᠠ ᠶᠢᠨ ᠲᠣᠭᠲᠠᠭᠠᠯ︾᠂ ︽ | ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠯᠲᠠ ᠲᠠᠯᠪᠢᠵᠤ ᠪᠠᠶᠢᠴᠠᠭᠠᠬᠤ | ᠬᠠᠮᠢᠶᠠᠷᠤᠯᠲᠠ ᠶᠢᠨ ᠲᠣᠭᠲᠠᠭᠠᠯ︾ ᠵᠡᠷᠭᠡ ᠪᠣᠯᠣᠨ᠎ᠠ᠃ | ᠬᠤᠶᠠᠷ ᠳᠤ ᠪᠦᠲᠦᠭᠡᠨ ᠪᠠᠶᠢᠭᠤᠯᠤᠯᠲᠠ ᠶᠢᠨ ᠳᠡᠰ ᠳᠠᠷᠠᠭᠠᠯᠠᠯ ᠢᠶᠠᠷ ᠲᠥᠷᠥᠯ ᠵᠦᠢᠯ ᠢ ᠬᠠᠮᠢᠶᠠᠷᠤᠨ᠎ᠠ᠃ | ᠪᠦᠲᠦᠭᠡᠨ ᠪᠠᠶᠢᠭᠤᠯᠤᠯᠲᠠ ᠶᠢᠨ ᠳᠡᠰ ᠳᠠᠷᠠᠭᠠᠯᠠᠯ ᠪᠣᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠳᠤᠷᠠᠳᠤᠨ | ᠭᠠᠷᠭᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠴᠠ ᠬᠡᠷᠡᠭᠵᠢᠭᠦᠯᠬᠦ ᠬᠦᠷᠲᠡᠯᠡᠬᠢ ᠪᠦᠬᠦ ᠶᠠᠪᠤᠴᠠ ᠳᠤ | ᠡᠷᠬᠡᠪᠰᠢ ᠵᠢᠷᠤᠮᠯᠠᠬᠤ ᠦᠨᠳᠦᠰᠦᠨ ᠠᠵᠢᠯ ᠤᠨ ᠳᠡᠰ ᠳᠠᠷᠠᠭᠠᠯᠠᠯ ᠪᠠ ᠤᠷᠢᠳ ᠬᠤᠵᠢᠳ ᠤᠨ ᠳᠡᠰ ᠳᠠᠷᠠᠭᠠᠯᠠᠯ | ᠪᠣᠯᠣᠨ᠎ᠠ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠡᠰ ᠳᠠᠷᠠᠭᠠᠯᠠᠯ ᠨᠢ ᠪᠣᠯ ᠲᠥᠷᠥᠯ ᠵᠦᠢᠯ ᠤᠨ | ᠰᠠᠨᠠᠭᠤᠯᠭ᠎ᠠ ᠶᠢᠨ ᠪᠢᠴᠢᠭ᠂ ᠪᠣᠯᠣᠮᠵᠢᠲᠤ ᠰᠤᠳᠤᠯᠤᠯ᠂ ᠠᠩᠬᠠᠨ ᠤ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ | ᠪᠡᠯᠡᠳᠬᠡᠯ᠂ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ᠂ ᠠᠵᠢᠯ ᠳᠠᠭᠤᠰᠴᠤ ᠪᠠᠷᠢᠯᠭ᠎ᠠ ᠶᠢ ᠰᠢᠯᠭᠠᠨ ᠠᠪᠬᠤ᠂ | ᠳᠠᠷᠠᠭ᠎ᠠ ᠪᠠᠷ ᠨᠢ ᠦᠨᠡᠯᠡᠬᠦ ᠵᠡᠷᠭᠡ ᠪᠣᠯᠣᠨ᠎ᠠ᠃ ᠳᠡᠰ ᠳᠠᠷᠠᠭᠠᠯᠠᠯ ᠢ ᠵᠣᠬᠢᠰᠲᠠᠶ ᠪᠠᠷ ᠨᠡᠶᠢᠯᠡᠭᠦᠯᠬᠦ ᠪᠤᠶᠤ ᠳᠥᠭᠦᠮᠴᠢᠯᠡᠨ᠂ | ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠬᠢᠴᠠ ᠶᠢ ᠨᠢ ᠲᠦᠷᠭᠡᠳᠬᠡᠵᠦ ᠪᠣᠯᠣᠨ᠎ᠠ᠃ | ᠭᠤᠷᠪᠠ ᠳᠤ ᠲᠥᠷᠥᠯ ᠵᠦᠢᠯ ᠤᠨ ᠴᠣᠬᠤᠯᠠᠪᠤᠷᠢ ᠪᠢᠴᠢᠭ ᠮᠠᠲ᠋ᠧᠷᠢᠶᠠᠯ ᠢ ᠦᠨᠳᠦᠰᠦᠯᠡᠨ ᠲᠥᠷᠥᠯ ᠵᠦᠢᠯ ᠢ | ᠬᠠᠮᠢᠶᠠᠷᠤᠨ᠎ᠠ᠃ ᠲᠥᠷᠥᠯ ᠵᠦᠢᠯ ᠤᠨ ᠪᠣᠯᠣᠮᠵᠢᠲᠤ ᠰᠤᠳᠤᠯᠤᠯ ᠤᠨ ᠮᠡᠳᠡᠭᠦᠯᠦᠯᠲᠡ᠂ ᠠᠩᠬ᠎ᠠ ᠠᠯᠬᠤᠮ ᠤᠨ ᠵᠢᠷᠤᠭ | ᠲᠥᠯᠥᠪᠯᠡᠭᠡ᠂ ᠳᠠᠭᠠᠭᠠᠴᠢᠯᠠᠯᠲᠠ ᠵᠠᠷᠯᠠᠬᠤ ᠲᠥᠰᠦᠯ ᠵᠡᠷᠭᠡ ᠲᠠᠯ᠎ᠠ ᠪᠠᠷ ᠬᠢ ᠴᠣᠬᠤᠯᠠᠪᠤᠷᠢ ᠪᠢᠴᠢᠭ ᠮᠠᠲ᠋ᠧᠷᠢᠶᠠᠯ ᠪᠣᠯ | ᠳᠠᠷᠤᠶ ᠮᠠᠨ ᠤ ᠬᠡᠷᠡᠭᠵᠢᠭᠦᠯᠬᠦ ᠪᠠ ᠲᠥᠷᠥᠯ ᠵᠦᠢᠯ ᠤᠨ ᠦᠨᠳᠦᠰᠦᠨ ᠪᠠᠷᠢᠮᠲᠠ ᠪᠣᠯᠤᠨ᠎ᠠ᠃ | ᠳᠥᠷᠪᠡ ᠳᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠷ ᠲᠥᠷᠥᠯ ᠵᠦᠢᠯ ᠢ ᠬᠠᠮᠢᠶᠠᠷᠤᠨ᠎ᠠ᠃ ᠬᠠᠤᠯᠢ ᠶᠢᠨ | ᠡᠷᠬᠡᠲᠡᠨ ᠤ ᠬᠠᠷᠢᠭᠤᠴᠠᠯᠭ᠎ᠠ ᠶᠢᠨ ᠳᠦᠷᠢᠮ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠳᠦᠷᠢᠮ᠂ | ᠬᠢᠨᠠᠵᠤ ᠬᠠᠮᠢᠶᠠᠷᠬᠤ ᠳᠦᠷᠢᠮ ᠪᠠ ᠭᠡᠷ᠎ᠡ ᠶᠢᠨ ᠳᠦᠷᠢᠮ ᠢ ᠡᠷᠡᠰ ᠲᠤᠤᠱᠯᠠᠭᠤᠯᠤᠨ᠎ᠠ᠃ ᠡᠯ᠎ᠡ ᠲᠥᠷᠥᠯ ᠤᠨ ᠪᠦᠲᠦᠭᠡᠨ | ᠪᠠᠶᠢᠭᠤᠯᠤᠯᠲᠠ ᠪᠣᠯᠣᠨ ᠬᠠᠮᠢᠶᠠᠷᠤᠯᠲᠠ ᠶᠢᠨ ᠡᠭᠦᠷᠭᠡ ᠵᠠᠳᠠᠯᠵᠤ᠂ ᠬᠥᠮᠥᠨ ᠪᠦᠷᠢ ᠳᠤ ᠬᠦᠷᠲᠡᠯ᠎ᠡ | ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠨᠢ ᠲᠣᠲᠣᠷᠬᠠᠶᠢᠯᠠᠵᠤ᠂ ᠡᠷᠬᠡ ᠬᠠᠷᠢᠭᠤᠴᠠᠯᠭ᠎ᠠ ᠶᠢ ᠨᠢᠭᠡᠳᠦᠭᠦᠯᠬᠦ ᠶᠢ | ᠪᠡᠶᠡᠯᠡᠭᠦᠯᠬᠦ ᠬᠡᠷᠡᠭᠲᠡᠢ᠃ | ᠲᠠᠪᠤ ᠳᠤ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠲᠣᠭᠲᠠᠭᠠᠭᠰᠠᠨ ᠨᠣᠷᠮ᠎ᠠ ᠪᠠᠷ | ᠲᠥᠷᠥᠯ ᠵᠦᠢᠯ ᠢ ᠬᠠᠮᠢᠶᠠᠷᠤᠨ᠎ᠠ᠃ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠬᠡᠷᠡᠭᠵᠢᠭᠦᠯᠬᠦ ᠪᠠ ᠬᠠᠮᠢᠶᠠᠷᠬᠤ ᠳᠤ ᠮᠡᠷᠭᠡᠵᠢᠯ ᠤᠨ ᠴᠢᠨᠠᠷ ᠢᠶᠠᠷ ᠴᠢᠩᠭ᠎ᠠ᠂ ᠬᠤᠯᠪᠣᠭᠳᠠᠬᠤ ᠬᠡᠪᠴᠢᠶ᠎ᠡ ᠨᠢ ᠥᠷᠭᠡᠨ | ᠵᠡᠷᠭᠡ ᠣᠨᠴᠠᠯᠢᠭ ᠲᠠᠢ ᠪᠠᠶᠢᠳᠠᠭ᠂ ᠵᠢᠱᠢᠶᠡᠯᠡᠪᠡᠯ ︽ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠠᠩᠬ᠎ᠠ ᠠᠯᠬᠤᠮ ᠤᠨ ᠵᠢᠷᠤᠭ ᠲᠥᠯᠥᠪᠯᠡᠭᠡᠨ ᠤ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ | ᠳᠦᠷᠢᠮᠵᠢᠯ︾ ᠨᠢ ᠨᠠᠶᠢᠷᠠᠭᠤᠯᠤᠨ ᠵᠣᠬᠢᠶᠠᠬᠤ ᠬᠡᠪᠴᠢᠶ᠎ᠡ᠂ ᠨᠠᠶᠢᠷᠠᠭᠤᠯᠤᠨ ᠵᠣᠬᠢᠶᠠᠬᠤ ᠭᠦᠨᠴᠡ᠂ ᠭᠠᠷ ᠤᠨ ᠦᠰᠦᠭ | ᠵᠢᠷᠤᠬᠤ ᠱᠠᠭᠠᠷᠳᠠᠯᠭ᠎ᠠ ᠶᠢ ᠲᠣᠳᠣᠷᠬᠠᠶᠢᠯᠠᠭᠰᠠᠨ ᠪᠥᠭᠡᠳ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ | ᠲᠣᠳᠣᠷᠬᠠᠶᠢᠯᠠᠯᠲᠠ᠂ ᠬᠥᠬᠡ ᠵᠢᠷᠤᠭ᠂ ᠲᠠᠷᠢᠶᠠᠯᠠᠩ ᠤᠨ ᠮᠠᠰᠢᠨ ᠪᠠᠭᠠᠵᠢ ᠪᠠ ᠬᠡᠮᠵᠢᠭᠦᠷᠯᠢᠭ ᠶᠢᠨ ᠨᠠᠷᠢᠨ ᠳᠠᠩᠰᠠ ᠪᠠ | ᠲᠦᠢᠮᠣ ᠲᠥᠰᠦᠪ ᠤᠨ ᠪᠢᠴᠢᠭ ᠵᠡᠷᠭᠡ ᠡᠯ᠎ᠡ ᠬᠡᠰᠡᠭ ᠤᠨ ᠨᠠᠶᠢᠷᠠᠭᠤᠯᠤᠨ ᠵᠣᠬᠢᠶᠠᠬᠤ ᠱᠠᠭᠠᠷᠳᠠᠯᠭ᠎ᠠ ᠶᠢ | ᠳᠦᠷᠢᠮᠵᠢᠭᠦᠯᠦᠭᠰᠡᠨ ᠪᠠᠶᠢᠳᠠᠭ᠃ | ﹇ᠬᠥᠲᠥᠯᠥᠭᠴᠢ﹈ ᠵᠠ ᠰᠠᠶᠢᠨ ᠪᠣᠯᠣᠯ᠎ᠠ᠃ ᠵᠢᠶᠠ ᠳᠠᠷᠤᠭ᠎ᠠ ᠶᠢᠨ ᠲᠠᠶᠢᠯᠪᠤᠷᠢᠯᠠᠭᠰᠠᠨ ᠳᠤ ᠲᠠᠯᠠᠷᠬᠠᠵᠤ | ᠪᠠᠶᠢᠨ᠎ᠠ᠂ ᠮᠦᠨᠴᠦ ᠰᠦᠯᠵᠢᠶᠡᠨ ᠤ ᠠᠨᠳᠠ ᠨᠡᠷ ᠤᠨ ᠢᠳᠡᠪᠬᠢᠲᠡᠶ ᠣᠷᠣᠯᠴᠠᠭᠰᠠᠨ ᠳᠤ ᠲᠠᠯᠠᠷᠬᠠᠵᠤ ᠪᠠᠶᠢᠨ᠎ᠠ᠂ ᠲᠤᠰ | ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠵᠠᠪᠰᠠᠷᠯᠠᠶ᠎ᠠ ᠂ ᠳᠠᠷᠠᠭᠠᠴᠢ ᠶᠢᠨ ᠫᠷᠦᠭᠷᠠᠮ ᠳᠤ ᠪᠠᠶᠠᠷᠲᠠᠶ | ᠵᠣᠯᠭᠠᠶ᠎ᠠ︕ | | ᠲᠦᠮᠦᠰᠦ ᠶᠢᠨ ︽ᠬᠤᠶᠠᠷ ᠢ ᠨᠡᠮᠡᠭᠳᠡᠭᠦᠯᠬᠦ ᠲᠠᠪᠤ ᠶᠢ ᠠᠬᠢᠭᠤᠯᠬᠤ︾ ᠮᠡᠷᠭᠡᠵᠢᠯ ᠢ ᠶᠡᠭᠡ ᠬᠡᠪᠴᠢᠶ᠎ᠡ ᠪᠠᠷ | ᠳᠡᠯᠭᠡᠷᠡᠭᠦᠯᠵᠦ ᠪᠠᠶᠢᠭ᠎ᠠ ᠨᠢ | | ᠨᠡᠶᠢᠭᠡᠮᠴᠢᠯᠡᠭᠰᠡᠨ ᠦᠢᠯᠡᠴᠢᠯᠡᠭᠡ ᠶᠢᠨ ᠵᠣᠬᠢᠶᠠᠨ ᠪᠠᠶᠢᠭᠤᠯᠤᠯᠲᠠ ᠶᠢᠨ ᠨᠢᠭᠡᠳᠦᠯᠲᠡᠢ ᠰᠡᠷᠭᠡᠶᠢᠯᠡᠨ ᠵᠠᠰᠠᠵᠤ | ᠪᠠᠶᠢᠭ᠎ᠠ ᠲᠤᠬᠠᠢ ᠶᠢᠨ ᠲᠠᠯᠠᠪᠠᠢ | | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠳᠡᠳ᠋ ᠳᠠᠷᠤᠭ᠎ᠠ ᠵᠢᠶᠠ | ᠶᠤᠸᠠᠢ ᠹᠧᠩ ︽ᠳᠤᠮᠳᠠᠳᠤ ᠤᠯᠤᠰ ᠥᠪᠥᠷ ᠮᠣᠩᠭᠤᠯ︾ ᠰᠦᠯᠵᠢᠶ᠎ᠡ ᠳᠤ ᠰᠠᠭᠠᠲᠠᠵᠤ ᠪᠠᠶᠢᠭ᠎ᠠ ᠨᠢ | | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠡᠯᠧᠺᠲᠷᠣᠨ ᠵᠠᠰᠠᠭ ᠤᠨ | ᠶᠠᠪᠤᠳᠠᠯ ᠤᠨ ᠭᠠᠵᠠᠷ ᠤᠨ ᠳᠡᠳ᠋ ᠳᠠᠷᠤᠭ᠎ᠠ ᠭᠤᠣ ᠬᠤᠩ ᠯᠢ ᠡᠷᠬᠢᠮ ᠵᠣᠴᠢᠨ ᠳᠤ ᠪᠠᠷ᠎ᠠ ᠪᠣᠯᠵᠤ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠪᠣᠷᠲ᠋ᠧᠯ ᠰᠦᠯᠵᠢᠶ᠎ᠡ ᠶᠢ ᠲᠣᠭᠤᠷᠢᠨ ᠦᠵᠡᠵᠦ ᠪᠠᠶᠢᠭ᠎ᠠ ᠨᠢ |