| ᠶᠠᠭ ᠪᠦᠲᠦᠭᠡᠨ ᠪᠠᠶᠢᠭᠤᠯᠵᠤ ᠪᠠᠶᠢᠭ᠎ᠠ ᠵᠢᠨᠢᠩ - ᠲᠦᠩᠯᠢᠶᠤᠤ ᠲᠡᠮᠦᠷ ᠵᠠᠮ ᠤᠨ | ᠬᠤᠶᠠᠳᠤᠭᠠᠷ ᠱᠤᠭᠤᠮ | 7 ᠳ᠋ᠤᠭᠠᠷ ᠰᠠᠷ᠎ᠠ ᠶᠢᠨ 9 ᠤ ᠡᠳᠦᠷ᠂ ᠵᠢᠨᠢᠩ - ᠲᠦᠩᠯᠢᠶᠤᠤ ᠲᠡᠮᠦᠷ ᠵᠠᠮ ᠤᠨ ᠬᠤᠶᠠᠳᠤᠭᠠᠷ | ᠱᠤᠭᠤᠮ ᠤᠨ ᠴᠢᠳᠠᠮᠵᠢ ᠶᠢ ᠥᠷᠭᠡᠳᠬᠡᠨ ᠥᠭᠡᠷᠡᠴᠢᠯᠡᠬᠦ JTZQ-1 ᠳᠠᠭᠠᠭᠠᠴᠢᠯᠠᠯᠲᠠ ᠶᠢᠨ ᠬᠡᠰᠡᠭ ᠤᠨ | ᠪᠠᠷᠢᠯᠭ᠎ᠠ ᠶᠢᠨ ᠡᠭᠦᠷᠭᠡ ᠶᠢ ᠬᠠᠷᠢᠭᠤᠴᠠᠵᠤ ᠪᠠᠶᠢᠭ᠎ᠠ ᠳᠤᠮᠳᠠᠳᠤ ᠤᠯᠤᠰ ᠤᠨ ᠲᠡᠮᠦᠷ ᠵᠠᠮ ᠤᠨ ᠪᠦᠲᠦᠭᠡᠨ | ᠪᠠᠶᠢᠭᠤᠯᠤᠯᠲᠠ ᠶᠢᠨ ᠬᠤᠷᠢᠳᠣᠭᠠᠷ ᠲᠣᠪᠴᠢᠶᠠᠨ ᠤ ᠪᠦᠯᠦᠭᠯᠡᠯ ᠬᠤᠷᠠᠯ ᠬᠢᠵᠦ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ᠲᠣᠭᠲᠠᠭᠠᠵᠤ᠂ ᠡᠯ᠎ᠡ ᠨᠢᠭᠡᠴᠡ ᠨᠦᠭᠦᠳ ᠦᠳᠲᠡᠷ ᠲᠦᠷᠭᠡᠨ ᠬᠥᠳᠡᠯᠦᠯᠴᠡᠵᠦ᠂ ᠵᠢᠯ ᠤᠨ ᠡᠴᠦᠰ ᠲᠤ ᠲᠡᠷᠭᠡ | ᠨᠡᠪᠲᠡᠷᠡᠭᠦᠯᠬᠦ ᠪᠠᠷ ᠡᠴᠦᠰ ᠤᠨ ᠰᠢᠪᠲᠤᠯᠤᠯᠲᠠ ᠬᠢᠪᠡ᠃ | ᠵᠢᠨᠢᠩ - ᠲᠦᠩᠯᠢᠶᠤᠤ ᠲᠡᠮᠦᠷ ᠵᠠᠮ ᠤᠨ ᠪᠦᠬᠦ ᠣᠷᠳᠣ ᠨᠢ 944.7 ᠺᠢᠯᠤᠮᠧᠲᠷ ᠪᠠᠶᠢᠵᠤ᠂ ᠮᠠᠨ ᠤ | ᠤᠯᠤᠰ ᠤᠨ ︽︿ᠨᠠᠢᠮᠠᠨ ᠭᠤᠣᠯᠳᠤ ᠨᠠᠢᠮᠠᠨ ᠬᠥᠨᠳᠡᠯᠡᠨ﹀ ᠲᠡᠮᠦᠷ ᠵᠠᠮ ᠤᠨ ᠱᠤᠭᠤᠮ ᠤᠨ ᠪᠦᠷᠢᠯᠳᠦᠬᠦᠨ ᠬᠡᠰᠡᠭ | ᠮᠦᠨ ᠪᠦᠭᠡᠳ ᠪᠠᠰᠠ ᠴᠤ ᠤᠮᠠᠷᠠᠲᠤ ᠣᠷᠣᠨ ᠤ ᠨᠡᠭᠦᠷᠡᠰᠦ ᠲᠡᠭᠡᠭᠡᠪᠦᠷᠢᠯᠡᠬᠦ ᠴᠢᠬᠤᠯᠠ ᠵᠠᠮ ᠪᠣᠯᠣᠨ᠎ᠠ᠂ | ᠬᠤᠶᠠᠳᠤᠭᠠᠷ ᠱᠤᠭᠤᠮ ᠤᠨ ᠴᠢᠳᠠᠮᠵᠢ ᠶᠢ ᠥᠷᠭᠡᠳᠬᠡᠨ ᠥᠭᠡᠷᠡᠴᠢᠯᠡᠬᠦ ᠪᠠᠷᠢᠯᠭ᠎ᠠ ᠶᠢ ᠨᠡᠮᠡᠵᠦ ᠪᠠᠶᠢᠭᠤᠯᠵᠤ | ᠳᠠᠭᠤᠰᠤᠭᠰᠠᠨ ᠤ ᠳᠠᠷᠠᠭ᠎ᠠ᠂ ᠵᠡᠭᠦᠨ ᠬᠤᠶᠢᠲᠤ᠂ ᠤᠮᠠᠷᠠᠲᠤ ᠂ ᠪᠠᠷᠠᠭᠤᠨ ᠬᠤᠶᠢᠲᠤ ᠣᠷᠣᠨ ᠢ ᠬᠤᠯᠪᠤᠭᠰᠠᠨ | ᠠᠶᠠᠨᠴᠢᠳ ᠪᠠ ᠪᠠᠷᠠᠭ᠎ᠠ ᠲᠡᠭᠡᠭᠡᠪᠦᠷᠢ ᠶᠢᠨ ᠲᠣᠮᠤ ᠴᠢᠳᠠᠪᠤᠷᠢᠲᠤ ᠲᠦᠷᠭᠡᠨ ᠭᠤᠣᠯ ᠵᠠᠮ ᠪᠣᠯᠵᠤ᠂ ᠥᠪᠥᠷ | ᠮᠣᠩᠭᠤᠯ ᠤᠨ ᠳᠤᠮᠳᠠ ᠵᠡᠭᠦᠨ ᠬᠡᠰᠡᠭ ᠤᠨ ᠭᠠᠵᠠᠷ ᠣᠷᠣᠨ ᠪᠣᠯᠣᠨ ᠮᠠᠨ ᠤ ᠤᠯᠤᠰ ᠤᠨ ᠵᠡᠭᠦᠨ ᠬᠤᠶᠢᠲᠤ ᠣᠷᠣᠨ᠂ | ᠳᠤᠮᠳᠠᠳᠤ ᠭᠠᠵᠠᠷ ᠣᠷᠣᠨ ᠤ ᠠᠵᠤ ᠠᠬᠤᠶ ᠶᠢᠨ ᠬᠤᠷᠰᠢᠯᠴᠠᠭ᠎ᠠ ᠰᠣᠯᠢᠯᠴᠠᠭ᠎ᠠ ᠶᠢ ᠠᠬᠢᠭᠤᠯᠬᠤ ᠳᠤ ᠴᠢᠬᠤᠯᠠ ᠶᠡᠭᠡ | ᠠᠴᠢ ᠬᠤᠯᠪᠣᠭᠳᠠᠯ ᠲᠠᠢ ᠶᠤᠮ᠃ | |