ᠥᠪᠡᠷᠲᠡᠭᠡᠨ ᠵᠠᠰᠠᠬᠤ ᠣᠷᠣᠨ ᠤ ᠬᠦᠨᠳᠦ ᠶᠡᠭᠡ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠪᠦᠷᠢᠳᠭᠡᠨ ᠳᠠᠩᠰᠠᠯᠠᠵᠤ ᠬᠢᠨᠠᠯᠲᠠ ᠲᠠᠯᠪᠢᠬᠤ ᠠᠷᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠢ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2015/7/13
             ᠥᠪᠥᠷ ᠵᠠᠰᠠᠭ ᠠᠯᠪᠠᠨ ᠲᠠᠷᠬᠠᠭᠠᠭᠰᠠᠨ ﹇2015﹈ 1 ᠳ᠋ᠤᠭᠡᠷ ᠲᠤᠭᠠᠳᠤ                    5 ᠳ᠋ᠤᠭᠠᠷ ᠰᠠᠷ᠎ᠠ ᠶᠢᠨ 4᠎ ᠤ ᠡᠳᠦᠷᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠤᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠳᠤ᠄      ︽ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠨᠳᠦ ᠶᠡᠭᠡ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠪᠦᠷᠢᠳᠭᠡᠨ ᠲᠠᠩᠰᠠᠯᠠᠵᠦ ᠬᠢᠨᠠᠯᠲᠠ ᠲᠠᠯᠪᠢᠬᠤ ᠠᠷᠭ᠎ᠠ︾᠎ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠳᠠᠢ ᠲᠠᠢ ᠪᠠᠨ ᠤᠶᠠᠯᠳᠤᠭᠤᠯᠵᠤ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠳᠦᠭᠡᠢ᠃                 ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠨᠳᠦ ᠶᠡᠭᠡ ᠵᠠᠰᠠᠭ ᠵᠠᠬᠢᠷᠭᠠᠨ ᠤ         ᠰᠢᠳᠭᠡᠯ ᠲᠣᠷᠭᠠᠭᠤᠯᠢ ᠶᠢᠨ ᠪᠦᠷᠢᠳᠭᠡᠨ ᠲᠠᠩᠰᠠᠯᠠᠵᠦ ᠬᠢᠨᠠᠯᠲᠠ ᠲᠠᠯᠪᠢᠬᠤ ᠠᠷᠭ᠎ᠠ      ᠨᠢᠭᠡᠳᠦᠭᠡᠷ ᠵᠦᠢᠯ   ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠬᠢᠨᠠᠯᠲᠠ ᠲᠠᠯᠪᠢᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠲᠣᠭᠲᠠᠭᠠᠯ ᠤᠨ ᠬᠠᠤᠯᠢ ᠶᠣᠰᠣᠨ ᠤ ᠪᠣᠯᠣᠨ ᠲᠣᠬᠢᠷᠠᠮᠵᠢᠲᠠᠢ ᠪᠠᠶᠢᠬᠤ ᠶᠢ ᠪᠠᠳᠤᠯᠠᠵᠤ᠂ ᠠᠷᠠᠳ ᠢᠷᠬᠡᠳ᠂ ᠬᠠᠤᠯᠢ ᠶᠢᠨ ᠡᠷᠬᠡᠲᠡᠨ ᠪᠣᠯᠣᠨ ᠪᠣᠰᠣᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠤᠰᠠᠲᠠ᠂ ︽ᠪᠦᠭᠦᠲᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠬᠠᠤᠯᠢ︾᠂ ︽ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠬᠢᠨᠠᠯᠲᠠ ᠲᠠᠯᠪᠢᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠥᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠳᠠᠢ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠦᠨᠳᠦ ᠶᠡᠭᠡ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠪᠦᠷᠢᠳᠭᠡᠨ ᠳᠠᠩᠰᠠᠯᠠᠵᠤ ᠬᠢᠨᠠᠯᠲᠠ ᠲᠠᠯᠪᠢᠬᠤ ᠠᠵᠢᠯ ᠳᠤ ᠲᠤᠰ ᠠᠷᠭ᠎ᠠ ᠬᠡᠷᠡᠭᠯᠡᠭᠳᠡᠨ᠎ᠡ᠃      ᠭᠤᠷᠪᠠᠳᠤᠭᠠᠷ ᠵᠦᠢᠯ   ᠪᠦᠷᠢᠳᠬᠡᠨ ᠳᠠᠩᠰᠠᠯᠠᠭᠤᠯᠬᠤ ᠪᠠᠷ ᠮᠡᠳᠡᠭᠦᠯᠬᠦ ᠬᠦᠨᠳᠦ ᠶᠡᠭᠡ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠬᠦᠷᠢᠶ᠎ᠡ ᠬᠡᠪᠴᠢᠶᠡᠨ ᠳᠤ ᠳᠣᠣᠷᠠᠬᠢ ᠵᠦᠢᠯᠡᠰ ᠪᠠᠭᠲᠠᠨ᠎ᠠ᠄      ︵ᠨᠢᠭᠡ︶ ᠠᠷᠠᠳ ᠢᠷᠭᠡᠳ ᠢ 1 ᠲᠦᠮᠡᠨ ᠲᠥᠭᠦᠷᠢᠭ ᠠᠴᠠ ᠳᠡᠭᠡᠭᠰᠢᠬᠢ ᠵᠣᠭᠤᠰ ᠢᠶᠠᠷ ᠲᠣᠷᠭᠠᠭᠰᠠᠨ᠂ ᠬᠠᠤᠯᠢ ᠶᠢᠨ ᠡᠷᠬᠡᠲᠡᠨ ᠪᠣᠶᠤ ᠪᠣᠰᠣᠳ ᠵᠣᠬᠢᠶᠠᠨ ᠪᠠᠶᠢᠭᠤᠯᠤᠯᠲᠠ ᠶᠢ 10 ᠲᠦᠮᠡᠨ ᠲᠥᠭᠦᠷᠢᠭ ᠠᠴᠠ ᠳᠡᠭᠡᠭᠰᠢᠬᠢ ᠵᠣᠭᠤᠰ ᠢᠶᠠᠷ ᠲᠣᠷᠭᠠᠭᠰᠠᠨ ᠪᠠᠶᠢᠬᠤ︔      ︵ᠬᠤᠶᠠᠷ︶ ᠬᠠᠤᠯᠢ ᠠᠴᠠ ᠵᠥᠷᠢᠴᠡᠭᠰᠡᠨ ᠠᠰᠢᠭ ᠣᠯᠵᠠᠪᠤᠷᠢ ᠶᠢ ᠬᠤᠷᠢᠶᠠᠨ ᠠᠪᠤᠭᠰᠠᠨ ᠲᠤᠭ᠎ᠠ ᠪᠣᠶᠤ ᠬᠠᠤᠯᠢ ᠪᠣᠰᠤ ᠶᠢᠨ ᠡᠳ᠋ ᠪᠠᠷᠠᠭ᠎ᠠ ᠶᠢ ᠬᠤᠷᠢᠶᠠᠨ ᠠᠪᠬᠤ ᠦᠨ᠎ᠡ ᠦᠷᠲᠡᠭ ᠨᠢ ᠨᠢᠭᠡᠳᠦᠭᠡᠷ ᠵᠦᠢᠯ ᠤᠨ ᠲᠣᠭᠲᠠᠭᠠᠯ ᠲᠠᠢ ᠠᠳᠠᠯᠢᠪᠲᠤᠷ ᠪᠠᠶᠢᠬᠤ︔      ︵ᠭᠤᠷᠪᠠ︶ ᠦᠢᠯᠡᠳᠪᠦᠷᠢᠯᠡᠯ ᠪᠠ ᠠᠷᠠᠯᠵᠢᠶ᠎ᠠ ᠶᠢ ᠨᠢ ᠵᠣᠭᠰᠣᠭᠠᠬᠤ ᠪᠠᠷ ᠵᠠᠷᠯᠢᠭᠳᠠᠭᠰᠠᠨ ᠪᠠᠶᠢᠬᠤ︔      ︵ᠲᠥᠷᠪᠡ︶ ᠵᠦᠪᠰᠢᠶᠡᠷᠡᠯ ᠤᠨ ᠥᠨᠡᠮᠯᠡᠯ ᠪᠣᠶᠣ ᠠᠵᠤ ᠠᠬᠤᠶᠢᠯᠠᠯ ᠤᠨ ᠡᠵᠡᠩᠨᠡᠯᠲᠡ ᠶᠢᠨ ᠥᠨᠡᠮᠯᠡᠯ ᠢ ᠨᠢ ᠬᠦᠴᠦᠨ ᠦᠭᠡᠢ ᠪᠣᠯᠭᠠᠭᠰᠠᠨ ᠪᠠᠶᠢᠬᠤ︔      ︵ᠲᠠᠪᠤ︶ 10 ᠡᠳᠦᠷ ᠠᠴᠠ ᠳᠡᠭᠡᠭᠰᠢᠬᠢ ᠵᠠᠰᠠᠭ ᠵᠠᠬᠢᠷᠭᠠᠨ ᠤ ᠲᠦᠷ ᠬᠤᠷᠢᠯᠲᠠ ᠬᠢᠭᠰᠡᠨ ᠪᠠᠶᠢᠬᠤ᠃      ᠬᠠᠤᠯᠢ ᠴᠠᠭᠠᠵᠠ᠂ ᠬᠠᠤᠯᠢ ᠲᠣᠭᠲᠠᠭᠠᠯ ᠳᠤ ᠬᠦᠨᠳᠦ ᠶᠡᠭᠡ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠬᠦᠷᠢᠶ᠎ᠡ ᠬᠡᠪᠴᠢᠶ᠎ᠡ ᠶᠢ ᠠᠰᠲᠠᠭᠠᠨ ᠲᠣᠭᠲᠠᠭᠠᠭᠰᠠᠨ ᠪᠣᠯ᠂ ᠲᠡᠷᠡ ᠲᠣᠭᠲᠠᠭᠠᠯ ᠶᠣᠰᠤᠭᠠᠷ ᠬᠡᠷᠡᠭᠵᠢᠭᠦᠯᠦᠨ᠎ᠡ᠃      ᠲᠥᠷᠪᠡᠳᠥᠭᠡᠷ ᠵᠦᠢᠯ   ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠨᠤᠭᠤᠳ ᠲᠤᠰ ᠵᠠᠰᠠᠭ ᠵᠠᠬᠢᠷᠭᠠᠨ ᠤ ᠣᠷᠤᠨ ᠤ ᠳᠣᠲᠣᠷᠠᠬᠢ ᠬᠦᠨᠳᠦ ᠶᠡᠭᠡ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠪᠦᠷᠢᠳᠭᠡᠨ ᠳᠠᠩᠰᠠᠯᠠᠵᠤ ᠬᠢᠨᠠᠯᠲᠠ ᠲᠠᠯᠪᠢᠬᠤ ᠠᠵᠢᠯ ᠤᠨ ᠲᠠᠯ᠎ᠠ ᠪᠠᠷ ᠬᠢ ᠵᠢᠯᠤᠭᠤᠳᠤᠯᠭ᠎ᠠ ᠪᠠ ᠬᠢᠨᠠᠯᠲᠠ ᠲᠠᠯᠪᠢᠯᠲᠠ ᠪᠠᠨ ᠴᠢᠩᠭᠠᠳᠬᠠᠬᠤ ᠬᠡᠷᠡᠭᠲᠡᠢ᠃      ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠵᠠᠰᠠᠭ ᠤᠨ ᠣᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ︵ᠳᠣᠷᠣᠭᠰᠢ ᠪᠠᠨ ᠳᠠᠩᠰᠠᠯᠠᠵᠤ ᠬᠢᠨᠠᠬᠤ ᠪᠠᠶᠢᠭᠤᠯᠤᠮᠵᠢ ᠭᠡᠵᠦ ᠨᠢᠬᠡᠳᠬᠡᠨ ᠨᠡᠷᠡᠶᠢᠳᠦᠨ᠎ᠡ︶᠎ ᠨᠤᠭᠤᠳ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠦᠨᠳᠦ ᠶᠡᠭᠡ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠪᠦᠷᠢᠳᠭᠡᠨ ᠳᠠᠩᠰᠠᠯᠠᠵᠤ ᠬᠢᠨᠠᠯᠲᠠ ᠲᠠᠯᠪᠢᠬᠤ ᠠᠵᠢᠯ ᠢ ᠪᠣᠳᠠᠲᠠᠢ ᠬᠠᠷᠢᠭᠤᠴᠠᠨ᠎ᠠ᠃      ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠵᠢᠴᠢ ᠬᠠᠷᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠦᠴᠢᠷ᠂ ᠥᠪᠡᠷᠳᠡᠭᠡᠨ ᠵᠠᠰᠠᠬᠤ ᠣᠷᠣᠨ ᠠᠴᠠ ᠳᠣᠷᠣᠭᠰᠢᠬᠢ ᠡᠭᠴᠡ ᠬᠠᠮᠢᠶᠠᠷᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠠᠯᠭ᠎ᠠ ᠮᠦᠴᠢᠷ ︵ᠳᠣᠷᠣᠭᠰᠢ ᠪᠠᠨ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠲᠣᠭᠲᠠᠭᠠᠬᠤ ᠪᠠᠶᠢᠭᠤᠯᠭ᠎ᠠ ᠭᠡᠵᠦ ᠨᠢᠬᠡᠳᠬᠡᠨ ᠨᠡᠷᠡᠶᠢᠳᠦᠨ᠎ᠡ︶᠎ ᠤᠳ ᠪᠣᠯ ᠬᠦᠨᠳᠦ ᠶᠡᠭᠡ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠮᠡᠳᠡᠭᠦᠯᠵᠦ ᠪᠦᠷᠢᠳᠭᠡᠨ ᠳᠡᠩᠰᠠᠯᠠᠬᠤ ᠬᠠᠷᠢᠭᠤᠴᠠᠯᠭ᠎ᠠ ᠶᠢᠨ ᠭᠤᠣᠯ ᠴᠣᠭᠴᠠ ᠪᠣᠯᠣᠨ᠎ᠠ᠃ ᠨᠠᠶᠢᠳᠠᠯᠭ᠎ᠠ ᠬᠦᠯᠢᠶᠡᠭᠰᠡᠨ ᠵᠣᠬᠢᠶᠠᠨ ᠪᠠᠶᠢᠭᠤᠯᠤᠯᠲᠠ ᠶᠢᠨ ᠭᠠᠷᠭᠠᠭᠰᠠᠨ ᠬᠦᠨᠳᠦ ᠶᠡᠭᠡ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠪᠦᠷᠢᠳᠭᠡᠨ ᠳᠠᠩᠰᠠᠯᠠᠵᠤ ᠮᠡᠳᠡᠭᠦᠯᠬᠦ ᠠᠵᠢᠯ ᠢ ᠪᠣᠯ ᠨᠠᠶᠢᠳᠠᠯᠭ᠎ᠠ ᠬᠡᠷᠡᠭᠵᠢᠭᠦᠯᠬᠦ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠬᠠᠷᠢᠭᠤᠴᠠᠨ᠎ᠠ᠃      ᠲᠠᠪᠤᠳᠤᠭᠠᠷ ᠵᠦᠢᠯ    ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠲᠣᠭᠲᠠᠭᠠᠬᠤ ᠪᠠᠶᠢᠭᠤᠯᠭ᠎ᠠ ᠨᠢ ᠬᠦᠨᠳᠦ ᠶᠡᠭᠡ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠬᠦᠴᠦᠨ ᠲᠠᠢ ᠪᠣᠯᠣᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠳᠣᠣᠷᠠᠬᠢ ᠲᠣᠭᠲᠠᠭᠠᠯ ᠶᠣᠰᠤᠭᠠᠷ ᠮᠡᠳᠡᠭᠦᠯᠵᠦ ᠪᠦᠷᠢᠳᠬᠡᠨ ᠳᠡᠩᠰᠠᠯᠠᠭᠤᠯᠬᠤ ᠬᠡᠷᠡᠭᠲᠡᠢ᠄      ︵ᠨᠢᠭᠡ︶ ᠬᠤᠰᠢᠭᠤ ᠰᠢᠶᠠᠨ ᠤ ᠱᠠᠳᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠤ ᠭᠠᠷᠭᠠᠭᠰᠠᠨ ᠬᠦᠨᠳᠦ ᠶᠡᠭᠡ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢ ᠳᠡᠭᠡᠲᠥ ᠨᠢᠭᠡ ᠱᠠᠳᠤᠨ ᠤ ᠠᠷᠠᠳ ᠤᠨ ᠵᠠᠰᠠᠭ ᠤᠨ ᠣᠷᠳᠣᠨ ᠳᠤ ᠪᠦᠷᠢᠳᠭᠡᠨ ᠳᠠᠩᠰᠠᠯᠠᠭᠤᠯᠬᠤ ᠬᠡᠷᠡᠭᠲᠡᠢ︔      ︵ᠬᠤᠶᠠᠷ︶ ᠬᠤᠰᠢᠭᠤ ᠰᠢᠶᠠᠨ ᠤ ᠱᠠᠳᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠠᠷᠢᠶᠠᠯᠠᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠠᠯᠭ᠎ᠠ ᠮᠦᠴᠢᠷ ᠤᠨ ᠭᠠᠷᠭᠠᠭᠰᠠᠨ ᠬᠦᠨᠳᠦ ᠶᠡᠭᠡ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢ ᠲᠤᠰ ᠱᠠᠳᠤᠨ ᠤ ᠠᠷᠠᠳ ᠤᠨ ᠵᠠᠰᠠᠭ ᠤᠨ ᠣᠷᠳᠣᠨ ᠳᠤ ᠪᠦᠷᠢᠳᠭᠡᠨ ᠳᠠᠩᠰᠠᠯᠠᠭᠤᠯᠬᠤ ᠬᠡᠷᠡᠭᠲᠡᠢ︔      ︵ᠭᠤᠷᠪᠠ︶ ᠥᠪᠡᠷᠲᠡᠭᠡᠨ ᠵᠠᠰᠠᠬᠤ ᠣᠷᠣᠨ ᠠᠴᠠ ᠳᠣᠷᠣᠭᠰᠢᠬᠢ ᠡᠭᠴᠡ ᠬᠠᠮᠢᠶᠠᠷᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠦᠴᠢᠷ ᠤᠨ ᠭᠠᠷᠭᠠᠭᠰᠠᠨ ᠬᠦᠨᠳᠦ ᠶᠡᠭᠡ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢ ᠳᠡᠭᠡᠲᠥ ᠨᠢᠭᠡ ᠱᠠᠳᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠪᠦᠷᠢᠳᠭᠡᠨ ᠳᠠᠩᠰᠠᠯᠠᠭᠤᠯᠬᠤ ᠶᠢᠨ ᠬᠠᠮᠳᠤ᠂ ᠲᠤᠰ ᠱᠠᠳᠤᠨ ᠤ ᠠᠷᠠᠳ ᠤᠨ ᠵᠠᠰᠠᠭ ᠤᠨ ᠣᠷᠳᠤᠨ ᠳᠤ ᠪᠦᠷᠢᠳᠭᠡᠨ ᠳᠠᠩᠰᠠᠯᠠᠭᠤᠯᠬᠤ ᠬᠡᠷᠡᠭᠲᠡᠢ︔      ︵ᠳᠥᠷᠪᠡ︶ ᠬᠤᠶᠠᠷ ᠠᠴᠠ ᠳᠡᠭᠡᠭᠰᠢᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠦᠴᠢᠷ ᠬᠠᠮᠳᠤ ᠪᠠᠷ ᠭᠠᠷᠭᠠᠭᠰᠠ ᠬᠦᠨᠳᠦ ᠶᠡᠭᠡ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢ ᠪᠣᠯ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠲᠣᠭᠲᠠᠭᠠᠯ ᠳᠡᠭᠡᠷ᠎ᠡ ᠨᠡᠷᠡᠶᠢᠳᠦᠯ ᠢᠶᠠᠨ ᠪᠢᠴᠢᠭᠰᠡᠨ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠲᠣᠭᠲᠠᠭᠠᠬᠤ ᠪᠠᠶᠢᠭᠤᠯᠭ᠎ᠠ ᠠᠴᠠ ᠲᠤᠰ ᠱᠠᠳᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠪᠦᠷᠢᠳᠭᠡᠨ ᠲᠠᠩᠰᠠᠯᠠᠭᠤᠯᠬᠤ ᠬᠡᠷᠡᠭᠲᠡᠢ︔      ︵ᠲᠠᠪᠤ︶ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠤ ᠲᠣᠮᠢᠯᠠᠭᠰᠠᠨ ᠪᠠᠶᠢᠭᠤᠯᠭ᠎ᠠ ᠶᠢᠨ ᠭᠠᠷᠭᠠᠭᠰᠠᠨ ᠬᠦᠨᠳᠦ ᠶᠡᠭᠡ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢ ᠪᠣᠯ ᠲᠤᠰ ᠲᠣᠮᠢᠯᠠᠭᠳᠠᠭᠰᠠᠨ ᠪᠠᠶᠢᠭᠤᠯᠭ᠎ᠠ ᠶᠢ ᠪᠠᠶᠢᠭᠤᠯᠤᠭᠰᠠᠨ ᠠᠷᠠᠳ ᠤᠨ ᠵᠠᠰᠠᠭ ᠤᠨ ᠣᠷᠳᠤᠨ ᠳᠤ ᠪᠦᠷᠢᠳᠭᠡᠨ ᠳᠠᠩᠰᠠᠯᠠᠭᠤᠯᠬᠤ ᠬᠡᠷᠡᠭᠲᠡᠢ︔      ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠣᠮᠢᠯᠠᠭᠰᠠᠨ ᠪᠠᠶᠢᠭᠤᠯᠭ᠎ᠠ ᠶᠢᠨ ᠬᠠᠷᠢᠶᠠᠯᠠᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠦᠴᠢᠷ ᠤᠨ ᠭᠠᠷᠭᠠᠭᠰᠠᠨ ᠬᠦᠨᠳᠦ ᠶᠡᠭᠡ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢ ᠪᠣᠯ ᠲᠤᠰ ᠲᠣᠮᠢᠯᠠᠭᠰᠠᠨ ᠪᠠᠶᠢᠭᠤᠯᠭ᠎ᠠ ᠳᠤ ᠪᠦᠷᠢᠳᠭᠡᠨ ᠳᠠᠩᠰᠠᠯᠠᠭᠤᠯᠬᠤ ᠬᠡᠷᠡᠭᠲᠡᠢ︔      ᠵᠠᠰᠠᠭ ᠤᠨ ᠣᠷᠳᠣᠨ ᠤ ᠠᠵᠢᠯᠯᠠᠬᠤ ᠰᠠᠯᠠᠭ᠎ᠠ ᠮᠦᠴᠢᠷ ᠤᠳ ᠤᠨ ᠬᠠᠤᠯᠢ ᠶᠣᠰᠣᠭᠠᠷ ᠪᠠᠶᠢᠭᠤᠯᠵᠤ ᠲᠣᠮᠢᠯᠠᠭᠰᠠᠨ ᠪᠠᠶᠢᠭᠤᠯᠤᠮᠵᠢ ᠶᠢᠨ ᠭᠠᠷᠭᠠᠭᠰᠠᠨ ᠬᠦᠨᠳᠦ ᠶᠡᠭᠡ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢ ᠪᠣᠯ ᠲᠤᠰ ᠲᠣᠮᠢᠯᠠᠭᠰᠠᠨ ᠪᠠᠶᠢᠭᠤᠯᠤᠮᠵᠢ ᠶᠢ ᠪᠠᠶᠢᠭᠤᠯᠤᠭᠰᠠᠨ ᠰᠠᠯᠠᠭ᠎ᠠ ᠮᠦᠴᠢᠷ ᠪᠤᠶᠤ ᠲᠤᠰ ᠰᠠᠯᠠᠭ᠎ᠠ ᠮᠦᠴᠢᠷ ᠤᠨ ᠲᠤᠰ ᠱᠠᠳᠤᠨ ᠤ ᠠᠷᠠᠳ ᠤᠨ ᠵᠠᠰᠠᠭ ᠤᠨ ᠣᠷᠳᠣᠨ ᠳᠤ ᠪᠦᠷᠢᠳᠭᠡᠨ ᠳᠠᠩᠰᠠᠯᠠᠭᠤᠯᠬᠤ ᠬᠡᠷᠡᠭᠲᠡᠢ︔      ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠢᠶᠠᠷ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠶᠢᠨ ᠭᠠᠷᠭᠠᠭᠰᠠᠨ ᠬᠦᠨᠳᠦ ᠶᠡᠭᠡ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢ ᠪᠣᠯ ᠲᠤᠰ ᠵᠣᠬᠢᠶᠠᠨ ᠪᠠᠶᠢᠭᠤᠯᠤᠯᠲᠠ ᠶᠢ ᠰᠢᠭᠤᠳ ᠬᠠᠮᠢᠶᠠᠷᠬᠤ ᠵᠠᠰᠠᠭ ᠤᠨ ᠣᠷᠳᠣᠨ ᠪᠣᠶᠣ ᠵᠠᠰᠠᠭ ᠤᠨ ᠣᠷᠳᠣᠨ ᠤ ᠠᠵᠢᠯᠯᠠᠬᠤ ᠰᠠᠯᠠᠭ᠎ᠠ ᠮᠦᠴᠢᠷ ᠲᠤ ᠪᠦᠷᠢᠳᠭᠡᠨ ᠳᠠᠩᠰᠠᠯᠠᠭᠤᠯᠬᠤ ᠬᠡᠷᠡᠭᠲᠡᠢ᠃      ᠵᠢᠷᠭᠤᠳᠤᠭᠠᠷ ᠵᠦᠢᠯ    ᠵᠠᠰᠠᠭ ᠵᠠᠬᠢᠷᠭᠠᠨ ᠤ ᠳᠠᠬᠢᠨ ᠵᠦᠪᠯᠡᠬᠦ ᠶᠢ ᠭᠤᠶᠤᠴᠢᠯᠠᠭᠰᠠᠨ ᠪᠣᠶᠤ ᠵᠠᠰᠠᠭ ᠵᠠᠬᠢᠷᠭᠠᠨ ᠤ ᠵᠠᠷᠭᠤ ᠬᠢᠬᠦ ᠪᠠᠷ ᠲᠤᠷᠠᠳᠤᠭᠰᠠᠨ ᠬᠦᠨᠳᠦ ᠶᠡᠭᠡ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠬᠡᠷᠡᠭ ᠤᠳ ᠢ ᠮᠡᠳᠡᠭᠦᠯᠵᠦ ᠪᠦᠷᠢᠳᠭᠡᠨ ᠳᠠᠩᠰᠠᠯᠠᠭᠤᠯᠬᠤ ᠦᠭᠡᠢ᠃ ᠨᠢᠭᠡᠨᠲᠡ ᠮᠡᠳᠡᠭᠦᠯᠵᠦ ᠪᠦᠷᠢᠳᠭᠡᠨ ᠳᠠᠩᠰᠠᠯᠠᠭᠤᠯᠤᠭᠰᠠᠨ ᠪᠠᠶᠢᠬᠤ ᠳᠤ᠂ ᠲᠤᠬᠠᠶᠢᠲᠠᠢ ᠬᠦᠮᠦᠨ ᠨᠢ ᠪᠠᠰᠠ ᠵᠠᠰᠠᠭ ᠵᠠᠬᠢᠷᠭᠠᠨ ᠤ ᠳᠠᠬᠢᠨ ᠵᠦᠪᠯᠡᠬᠦ ᠶᠢ ᠭᠤᠶᠤᠴᠢᠯᠠᠭᠰᠠᠨ ᠪᠣᠶᠤ ᠵᠠᠰᠠᠭ ᠵᠠᠬᠢᠷᠭᠠᠨ ᠤ ᠵᠠᠷᠭᠤ ᠬᠢᠬᠦ ᠶᠢ ᠲᠤᠷᠠᠳᠤᠭᠰᠠᠨ ᠪᠠᠶᠢᠪᠠᠯ᠂ ᠮᠡᠳᠡᠭᠦᠯᠵᠦ ᠪᠦᠷᠢᠳᠭᠡᠨ ᠳᠠᠩᠰᠠᠯᠠᠭᠤᠯᠤᠭᠰᠠᠨ ᠰᠠᠯᠠᠭ᠎ᠠ ᠮᠦᠴᠢᠷ ᠨᠢ ᠳᠠᠷᠦ᠋ᠢᠬᠠᠨ ᠳᠠᠩᠰᠠᠯᠠᠵᠤ ᠬᠢᠨᠠᠬᠤ ᠪᠠᠶᠢᠭᠤᠯᠤᠮᠵᠢ ᠳᠤ ᠪᠦᠷᠢᠳᠭᠡᠨ ᠳᠠᠩᠰᠠᠯᠠᠵᠤ ᠬᠢᠨᠠᠯᠲᠠ ᠲᠠᠯᠪᠢᠯᠲᠠ ᠪᠠᠨ ᠵᠣᠭᠰᠤᠭᠠᠯᠭᠠᠬᠤ ᠪᠠᠷ ᠮᠡᠳᠡᠭᠦᠯᠬᠦ ᠬᠡᠷᠡᠭᠲᠡᠢ᠃      ᠳᠣᠯᠣᠳᠤᠭᠠᠷ ᠵᠦᠢᠯ    ᠬᠦᠨᠳᠦ ᠶᠡᠭᠡ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢ ᠪᠦᠷᠢᠳᠭᠡᠨ ᠳᠠᠩᠰᠠᠯᠠᠭᠤᠯᠬᠤ ᠪᠠᠷ ᠮᠡᠳᠡᠭᠦᠯᠬᠦ ᠳᠤ᠂ ᠳᠠᠩᠰᠠᠯᠠᠵᠤ ᠬᠢᠨᠠᠬᠤ ᠪᠠᠶᠢᠭᠤᠯᠤᠮᠵᠢ ᠳᠤ ᠬᠦᠨᠳᠦ ᠶᠡᠭᠡ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠲᠣᠭᠲᠠᠭᠠᠯ ᠤᠨ ᠪᠦᠷᠢᠳᠭᠡᠨ ᠳᠠᠩᠰᠠᠯᠠᠬᠤ ᠮᠡᠳᠡᠭᠦᠯᠦᠯᠲᠡ ᠵᠢᠴᠢ ᠳᠣᠣᠷᠠᠬᠢ ᠮᠠᠲ᠋ᠧᠷᠢᠶᠠᠯ ᠤᠨ ᠡᠯᠧᠺᠲᠷᠤᠨ ᠡᠪᠬᠡᠮᠡᠯ ᠪᠣᠶᠣ ᠬᠠᠭᠤᠯᠪᠤᠷᠢ ᠶᠢ ᠲᠤᠰᠢᠶᠠᠬᠤ ᠬᠡᠷᠡᠭᠲᠡᠢ᠄      ︵ᠨᠢᠭᠡ︶ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠲᠣᠭᠲᠠᠭᠠᠬᠤ ᠪᠢᠴᠢᠭ︔      ︵ᠬᠤᠶᠠᠷ︶ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠲᠣᠭᠲᠠᠭᠠᠬᠤ ᠪᠢᠴᠢᠭ ᠬᠦᠷᠭᠡᠭᠰᠡᠨ ᠬᠠᠷᠢᠮᠲᠠ︔      ︵ᠭᠤᠷᠪᠠ︶ ᠭᠡᠷᠡᠴᠢ ᠪᠠᠷᠢᠮᠲᠠ ᠶᠢᠨ ᠭᠠᠷᠴᠠᠭ︔      ︵ᠳᠥᠷᠪᠡ︶ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠲᠣᠭᠲᠠᠭᠠᠬᠤ ᠳᠤ ᠬᠠᠤᠯᠢ ᠳᠦᠷᠢᠮ ᠤᠨ ᠬᠢᠨᠠᠨ ᠬᠠᠷᠭᠤᠭᠤᠯᠤᠭᠰᠠᠨ ᠰᠠᠨᠠᠯ ᠤᠨ ᠪᠢᠴᠢᠭ ︵ᠬᠦᠰᠦᠨᠦᠭ︶︔      ︵ᠲᠠᠪᠤ︶ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢ ᠤᠷᠢᠳᠠᠪᠠᠷ ᠮᠡᠳᠡᠭᠳᠡᠬᠦ ᠪᠢᠴᠢᠭ︔      ︵ᠵᠢᠷᠭᠤᠭ᠎ᠠ︶ ᠬᠡᠷᠡᠴᠢᠯᠡᠭᠡ ᠰᠣᠨᠣᠰᠬᠤ ᠡᠷᠬᠡ ᠶᠢᠨ ᠮᠡᠳᠡᠭᠳᠡᠬᠦ ᠪᠢᠴᠢᠭ︔      ︵ᠳᠣᠯᠤᠭ᠎ᠠ︶ ᠬᠠᠮᠳᠤ ᠪᠠᠷ ᠶᠠᠷᠢᠯᠴᠠᠭᠰᠠᠨ ᠲᠡᠮᠳᠡᠭᠯᠡᠯ︔      ︵ᠨᠠᠢᠮᠠ︶ ᠪᠣᠰᠣᠳ ᠮᠡᠳᠡᠭᠦᠯᠬᠦ ᠴᠢᠬᠤᠯᠠᠲᠠᠢ ᠮᠠᠲ᠋ᠧᠷᠢᠶᠠᠯ ᠤᠳ᠃      ᠨᠠᠢᠮᠠᠳᠤᠭᠠᠷ ᠵᠦᠢᠯ    ᠳᠠᠩᠰᠠᠯᠠᠵᠤ ᠬᠢᠨᠠᠬᠤ ᠪᠠᠶᠢᠭᠤᠯᠤᠮᠵᠢ ᠨᠢ ᠪᠦᠷᠢᠳᠭᠡᠨ ᠳᠠᠩᠰᠠᠯᠠᠭᠤᠯᠬᠤ ᠪᠠᠷ ᠮᠡᠳᠡᠭᠦᠯᠦᠭᠰᠡᠨ ᠬᠦᠨᠳᠦ ᠶᠡᠭᠡ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠬᠠᠤᠯᠢ ᠶᠣᠰᠤᠨ ᠤ ᠴᠢᠨᠠᠷ ᠪᠠ ᠲᠣᠬᠢᠷᠠᠮᠵᠢᠲᠤ ᠴᠢᠨᠠᠷ ᠲᠤ ᠬᠢᠨᠠᠨ ᠪᠠᠶᠢᠴᠠᠭᠠᠯᠲᠠ ᠬᠢᠬᠦ ᠬᠡᠷᠡᠭᠲᠡᠢ᠂ ᠭᠤᠣᠯᠳᠠᠭᠤ ᠳᠣᠣᠷᠠᠬᠢ ᠠᠭᠤᠯᠭ᠎ᠠ ᠶᠢ ᠪᠠᠭᠲᠠᠭᠠᠨ᠎ᠠ᠄      ︵ᠨᠢᠭᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠨᠢ ᠬᠠᠤᠯᠢ ᠶᠣᠰᠣᠨ ᠳᠤ ᠨᠡᠶᠢᠴᠡᠵᠦ ᠪᠠᠶᠢᠬᠤ ᠡᠰᠡᠬᠦ︔      ︵ᠬᠤᠶᠠᠷ︶ ᠬᠠᠤᠯᠢ ᠠᠴᠠ ᠵᠦᠷᠢᠴᠡᠭᠰᠡᠨ ᠪᠣᠳᠠᠲᠤ ᠬᠡᠷᠡᠭ ᠨᠢ ᠲᠣᠳᠣᠷᠬᠠᠢ ᠪᠠᠶᠢᠬᠤ ᠡᠰᠡᠬᠦ᠂ ᠭᠡᠷᠡᠴᠢ ᠪᠠᠷᠢᠮᠲᠠ ᠨᠢ ᠪᠦᠷᠢᠨ ᠭᠦᠢᠴᠡᠳ᠂ ᠦᠨᠡᠨ ᠮᠠᠭᠠᠳ ᠪᠠᠶᠢᠬᠤ ᠡᠰᠡᠬᠦ︔      ︵ᠭᠤᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠬᠠᠤᠯᠢ ᠳᠦᠷᠢᠮ ᠢ ᠲᠣᠬᠢᠷᠠᠭᠤᠯᠤᠨ ᠬᠡᠷᠡᠭᠯᠡᠭᠰᠡᠨ ᠨᠢ ᠵᠥᠪ ᠣᠨᠣᠪᠴᠢᠳᠠᠢ ᠪᠠᠶᠢᠬᠤ ᠡᠰᠡᠬᠦ︔      ︵ᠳᠥᠷᠪᠡ︶ ᠳᠡᠰ ᠳᠠᠷᠠᠭᠠᠯᠠᠯ ᠨᠢ ᠬᠠᠤᠯᠢ ᠶᠣᠰᠣᠨ ᠳᠤ ᠨᠡᠶᠢᠴᠡᠵᠦ ᠪᠠᠶᠢᠬᠤ ᠡᠰᠡᠬᠦ︔      ︵ᠲᠠᠪᠤ︶ ᠡᠷᠬᠡ ᠲᠤᠰᠢᠶᠠᠯ ᠠᠴᠠ ᠳᠠᠪᠠᠭᠰᠠᠨ ᠪᠣᠶᠣ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ ᠪᠠᠶᠢᠬᠤ ᠡᠰᠡᠬᠦ︔      ︵ᠵᠢᠷᠭᠤᠭ᠎ᠠ︶ ᠲᠣᠬᠢᠷᠠᠮᠵᠢᠲᠠᠢ ᠪᠠᠶᠢᠬᠤ ᠡᠰᠡᠬᠦ︔      ︵ᠳᠣᠯᠤᠭ᠎ᠠ︶ ᠪᠣᠰᠣᠳ ᠬᠢᠨᠠᠨ ᠪᠠᠶᠢᠴᠠᠭᠠᠬᠤ ᠴᠢᠬᠤᠯᠠᠲᠠᠢ ᠠᠭᠤᠯᠭ᠎ᠠ᠃      ᠶᠢᠰᠦᠳᠦᠭᠡᠷ ᠵᠦᠢᠯ   ᠳᠠᠩᠰᠠᠯᠠᠵᠤ ᠬᠢᠨᠠᠬᠤ ᠪᠠᠶᠢᠭᠤᠯᠤᠮᠵᠢ ᠨᠢ ᠬᠢᠨᠠᠨ ᠪᠠᠶᠢᠴᠠᠭᠠᠬᠤ ᠬᠤᠭᠤᠴᠠᠭᠠᠨ ᠳᠤ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠬᠡᠷᠡᠭ ᠤᠨ ᠬᠠᠮᠢᠶ᠎ᠠ ᠪᠦᠬᠦᠢ ᠮᠠᠲ᠋ᠧᠷᠢᠶᠠᠯ ᠤᠳ ᠢ ᠠᠪᠴᠢᠷᠠᠨ ᠦᠵᠡᠬᠦ ᠴᠢᠬᠤᠯᠠ ᠲᠠᠢ ᠪᠣᠯ᠂ ᠪᠦᠷᠢᠳᠭᠡᠨ ᠳᠠᠩᠰᠠᠯᠠᠭᠤᠯᠬᠤ ᠪᠠᠷ ᠮᠡᠳᠡᠭᠦᠯᠦᠭᠰᠡᠨ ᠰᠠᠯᠠᠭ᠎ᠠ ᠮᠦᠴᠢᠷ ᠨᠢ 5 ᠡᠳᠦᠷ ᠤᠨ ᠳᠣᠲᠣᠷ᠎ᠠ ᠬᠠᠮᠢᠶ᠎ᠠ ᠪᠦᠬᠦᠢ ᠮᠠᠲ᠋ᠧᠷᠢᠶᠠᠯ ᠢᠶᠠᠨ ᠳᠠᠩᠰᠠᠯᠠᠵᠤ ᠬᠢᠨᠠᠬᠤ ᠪᠠᠶᠢᠭᠤᠯᠤᠮᠵᠢ ᠳᠤ ᠲᠤᠰᠢᠶᠠᠬᠤ ᠬᠡᠷᠡᠭᠲᠡᠢ᠃      ᠠᠷᠪᠠᠳᠤᠭᠠᠷ ᠵᠦᠢᠯ    ᠳᠠᠩᠰᠠᠯᠠᠵᠤ ᠬᠢᠨᠠᠬᠤ ᠪᠠᠶᠢᠭᠤᠯᠤᠮᠵᠢ ᠨᠢ ᠬᠦᠨᠳᠦ ᠶᠡᠭᠡ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠪᠦᠷᠢᠳᠭᠡᠨ ᠳᠠᠩᠰᠠᠯᠠᠭᠤᠯᠬᠤ ᠮᠡᠳᠡᠭᠦᠯᠦᠯᠲᠡ ᠶᠢ ᠣᠯᠣᠭᠰᠠᠨ ᠡᠳᠦᠷ ᠠᠴᠠ ᠡᠬᠢᠯᠡᠨ 60 ᠡᠳᠦᠷ ᠤᠨ ᠳᠣᠲᠣᠷ᠎ᠠ ᠳᠠᠩᠰᠠᠯᠠᠨ ᠬᠢᠨᠠᠬᠤ ᠠᠵᠢᠯ ᠢᠶᠠᠨ ᠪᠡᠶᠡᠯᠡᠭᠦᠯᠬᠦ ᠬᠡᠷᠡᠭᠲᠡᠢ᠃ ᠬᠦᠨᠳᠦ ᠶᠡᠭᠡ᠂ ᠪᠣᠳᠤᠯᠢᠶᠠᠨᠲᠠᠢ ᠲᠦᠪᠡᠭᠲᠡᠢ ᠬᠡᠷᠡᠭ ᠢ ᠪᠣᠯ ᠲᠤᠰ ᠪᠠᠶᠢᠭᠤᠯᠤᠮᠵᠢ ᠶᠢᠨ ᠬᠠᠷᠢᠭᠤᠴᠠᠯᠭᠠᠲᠠᠨ ᠢᠶᠠᠷ ᠵᠦᠪᠰᠢᠶᠡᠷᠡᠭᠦᠯᠦᠭᠰᠡᠨ ᠤ ᠳᠠᠷᠠᠭ᠎ᠠ 30 ᠡᠳᠦᠷ ᠤᠷᠳᠣᠳᠬᠠᠵᠤ ᠪᠣᠯᠤᠨ᠎ᠠ᠃      ᠠᠷᠪᠠᠨ ᠨᠢᠭᠡᠳᠦᠭᠡᠷ ᠵᠦᠢᠯ    ᠳᠠᠩᠰᠠᠯᠠᠵᠤ ᠬᠢᠨᠠᠬᠤ ᠪᠠᠶᠢᠭᠤᠯᠤᠮᠵᠢ ᠨᠤᠭᠤᠳ ᠬᠦᠨᠳᠦ ᠶᠡᠭᠡ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠲᠣᠭᠲᠠᠭᠠᠯ ᠨᠢ ᠬᠠᠤᠯᠢ ᠠᠴᠠ ᠵᠦᠷᠢᠴᠡᠭᠰᠡᠨ ᠪᠣᠶᠤ ᠵᠣᠬᠢᠰ ᠦᠭᠡᠢ ᠶᠢ ᠣᠯᠵᠤ ᠮᠡᠳᠡᠭᠰᠡᠨ ᠪᠣᠯ᠂ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠲᠣᠭᠲᠠᠭᠠᠭᠰᠠᠨ ᠪᠠᠶᠢᠭᠤᠯᠭ᠎ᠠ ᠶᠢ ᠦᠪᠡᠷᠰᠡᠳ ᠢᠶᠠᠨ ᠵᠠᠯᠠᠷᠠᠭᠤᠯᠬᠤ ᠪᠠᠷ ᠰᠠᠨᠠᠭᠤᠯᠬᠤ ᠬᠡᠷᠡᠭᠲᠡᠢ︔ ᠵᠠᠯᠠᠷᠠᠭᠤᠯᠬᠤ ᠦᠭᠡᠢ ᠶᠢ ᠨᠢ ︽ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠬᠢᠨᠠᠯᠲᠠ ᠲᠠᠯᠪᠢᠯᠲᠠ ᠶᠢᠨ ᠳᠦᠷᠢᠮ︾᠎ ᠤᠨ ᠬᠠᠮᠢᠶ᠎ᠠ ᠪᠦᠬᠦᠢ ᠲᠣᠭᠲᠠᠭᠠᠯ ᠶᠣᠰᠤᠭᠠᠷ ᠰᠢᠢᠳᠪᠦᠷᠢᠯᠡᠬᠦ ᠬᠡᠷᠡᠭᠲᠡᠢ᠃      ᠠᠷᠪᠠᠨ ᠬᠤᠶᠠᠳᠤᠭᠠᠷ ᠵᠦᠢᠯ    ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠲᠣᠭᠲᠠᠭᠠᠬᠤ ᠪᠠᠶᠢᠭᠤᠯᠭ᠎ᠠ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠳᠠᠩᠰᠠᠯᠠᠵᠤ ᠬᠢᠨᠠᠬᠤ ᠪᠠᠶᠢᠭᠤᠯᠤᠮᠵᠢ ᠠᠴᠠ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠪᠠᠷ ᠵᠠᠷᠯᠢᠭᠳᠠᠵᠤ᠂ ᠬᠤᠭᠤᠴᠠᠭ᠎ᠠ ᠨᠢ ᠬᠡᠳᠦᠷᠡᠭᠡᠳ ᠦᠯᠦ ᠵᠠᠯᠠᠷᠠᠭᠤᠯᠤᠭᠰᠠᠨ ᠪᠣᠯ ᠲᠤᠰ ᠱᠠᠳᠤᠨ ᠤ ᠠᠷᠠᠳ ᠤᠨ ᠵᠠᠰᠠᠭ ᠤᠨ ᠣᠷᠳᠤᠨ ᠠᠴᠠ ᠨᠡᠶᠢᠲᠡᠯᠡᠨ ᠰᠢᠭᠦᠮᠵᠢᠯᠡᠬᠦ ᠬᠡᠷᠡᠭᠲᠡᠢ᠄      ︵ᠨᠢᠭᠡ︶ ᠲᠣᠭᠲᠠᠭᠠᠭᠰᠠᠨ ᠬᠤᠭᠤᠴᠠᠭ᠎ᠠ ᠬᠢᠵᠠᠭᠠᠷ ᠤᠨ ᠳᠣᠲᠣᠷ᠎ᠠ ᠬᠦᠨᠳᠦ ᠶᠡᠭᠡ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠪᠠᠨ ᠮᠡᠳᠡᠭᠦᠯᠦᠭᠰᠡᠨ ᠦᠭᠡᠢ︔      ︵ᠬᠤᠶᠠᠷ︶ ᠳᠠᠩᠰᠠᠯᠠᠵᠤ ᠬᠢᠨᠠᠬᠤ ᠪᠠᠶᠢᠭᠤᠯᠤᠮᠵᠢ ᠶᠢ ᠬᠠᠮᠵᠢᠵᠤ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠬᠠᠮᠢᠶ᠎ᠠ ᠪᠦᠬᠦᠢ ᠮᠠᠲ᠋ᠧᠷᠢᠶᠠᠯ ᠢ ᠠᠪᠴᠢᠷᠠᠵᠤ ᠦᠵᠡᠭᠦᠯᠬᠦ ᠦᠭᠡᠢ︔      ︵ᠭᠤᠷᠪᠠ︶ ᠬᠢᠨᠠᠯᠲᠠ ᠲᠠᠯᠪᠢᠵᠤ ᠰᠢᠢᠳᠪᠦᠷᠢᠯᠡᠭᠰᠡᠨ ᠲᠣᠭᠲᠠᠭᠠᠯ ᠶᠣᠰᠣᠭᠠᠷ ᠵᠠᠯᠠᠷᠠᠭᠤᠯᠬᠤ ᠦᠭᠡᠢ᠃      ᠠᠷᠪᠠᠨ ᠭᠤᠷᠪᠠᠳᠤᠭᠠᠷ ᠵᠦᠢᠯ    ᠳᠠᠩᠰᠠᠯᠠᠵᠤ ᠬᠢᠨᠠᠬᠤ ᠪᠠᠶᠢᠭᠤᠯᠤᠮᠵᠢ ᠶᠢᠨ ᠠᠵᠢᠯᠲᠠᠳ ᠳᠠᠩᠰᠠᠯᠠᠵᠤ ᠬᠢᠨᠠᠬᠤ ᠶᠠᠪᠤᠴᠠ ᠳᠤ ᠭᠤᠶᠠᠴᠢᠯᠠᠨ ᠬᠠᠤᠯᠢ ᠶᠣᠰᠤ ᠶᠢ ᠵᠦᠷᠢᠴᠡᠭᠰᠡᠨ ᠪᠣᠶᠤ ᠪᠤᠰᠤᠳ ᠲᠤᠰᠢᠶᠠᠯ ᠢᠶᠠᠨ ᠭᠤᠲᠤᠭᠠᠬᠰᠠᠨ᠂ ᠬᠠᠷᠢᠭᠤᠴᠠᠯᠭ᠎ᠠ ᠪᠠᠨ ᠠᠯᠳᠠᠬᠰᠠᠨ ᠦᠢᠯᠡ ᠠᠵᠢᠯᠯᠠᠭ᠎ᠠ ᠲᠠᠢ ᠪᠣᠯᠣᠭᠰᠠᠨ ᠪᠣᠯ ᠲᠣᠮᠢᠯᠠᠵᠤ ᠤᠭᠴᠠᠷᠠᠭᠤᠯᠬᠤ ᠪᠠᠶᠢᠭᠤᠯᠭ᠎ᠠ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠬᠠᠤᠯᠢ ᠶᠣᠰᠤᠭᠠᠷ ᠵᠠᠰᠠᠭ ᠵᠠᠬᠢᠷᠭᠠᠨ ᠤ ᠰᠢᠳᠭᠡᠯ ᠥᠭᠬᠦ ᠬᠡᠷᠡᠭᠲᠡᠢ᠃      ᠠᠷᠪᠠᠨ ᠲᠦᠷᠪᠡᠳᠦᠭᠡᠷ ᠵᠦᠢᠯ   ᠬᠦᠨᠳᠦ ᠶᠡᠭᠡ ᠵᠠᠰᠠᠭ ᠵᠠᠬᠢᠷᠭᠠᠨ ᠰᠢᠳᠭᠡᠯ ᠲᠣᠷᠭᠠᠭᠤᠯᠢ ᠶᠢᠨ ᠳᠠᠩᠰᠠᠯᠠᠵᠤ ᠬᠢᠨᠠᠬᠤ ᠠᠵᠢᠯ ᠢ ᠣᠨ ᠤ ᠬᠠᠤᠯᠢ ᠶᠣᠰᠤᠭᠠᠷ ᠵᠠᠰᠠᠭ ᠶᠠᠪᠤᠭᠤᠯᠬᠤ ᠰᠢᠯᠭᠠᠨ ᠬᠢᠨᠠᠬᠤ ᠶᠢᠨ ᠠᠭᠤᠯᠭ᠎ᠠ ᠪᠣᠯᠭᠠᠵᠤ᠂ ᠳᠠᠩᠰᠠᠯᠠᠵᠤ ᠬᠢᠨᠠᠬᠤ ᠪᠠᠶᠢᠭᠤᠯᠤᠮᠵᠢ ᠠᠴᠠ ᠵᠢᠯ ᠪᠦᠷᠢ ᠶᠢᠨ ᠨᠢᠭᠡᠳᠦᠭᠡᠷ ᠤᠯᠠᠷᠢᠯ ᠳᠤ ᠬᠦᠨᠳᠦ ᠶᠡᠭᠡ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠳᠠᠩᠰᠠᠯᠠᠵᠤ ᠬᠢᠨᠠᠬᠤ ᠠᠵᠢᠯ ᠤᠨ ᠪᠠᠶᠢᠳᠠᠯ ᠢᠶᠠᠨ ᠨᠡᠶᠢᠭᠡᠮ ᠳᠤ ᠨᠡᠶᠢᠲᠡᠯᠡᠬᠦ ᠬᠡᠷᠡᠭᠲᠡᠢ᠃      ᠠᠷᠪᠠᠨ ᠲᠠᠪᠤᠳᠤᠭᠠᠷ ᠵᠦᠢᠯ   ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠋ ᠎ᠡ᠃ ᠤᠤᠯ ᠤᠨ ︽ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠨᠳᠦ ᠶᠡᠭᠡ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠪᠦᠷᠢᠳᠭᠡᠨ ᠳᠠᠩᠰᠠᠯᠠᠬᠤ ᠠᠷᠭ᠎ᠠ︾ ︵ᠥᠪᠦᠷ ᠵᠠᠰᠠᠭ ᠠᠯᠪᠠᠨ ᠲᠠᠷᠬᠠᠭᠠᠭᠰᠠᠨ ﹇2002﹈ 41 ᠳ᠋ᠤᠭᠡᠷ ᠲᠣᠭᠠᠲᠤ︶᠎ ᠶᠢ ᠬᠠᠮᠳᠤ ᠳᠤᠨᠢ ᠬᠦᠴᠦᠨ ᠦᠭᠡᠢ ᠪᠣᠯᠭᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号