7 ᠳ᠋ᠤᠭᠠᠷ ᠰᠠᠷ᠎ᠠ ᠶᠢᠨ 6 ᠤ ᠡᠳᠦᠷ᠂ CCTV7 ᠶᠢᠨ ︽ᠦᠵᠡᠰᠬᠦᠯᠡᠩᠲᠦ ᠰᠠᠶᠢᠬᠠᠨ ᠳᠤᠮᠳᠠᠳᠤ | ᠤᠯᠤᠰ ᠤᠨ ᠬᠥᠳᠡᠭᠡ ᠲᠣᠰᠬᠤᠨ ᠳᠠᠬᠢ ᠠᠶᠠᠯᠠᠯ︾ ᠤᠨ ᠰᠡᠭᠦᠳᠡᠷᠯᠡᠨ ᠦᠢᠯᠡᠳᠬᠦ ᠳᠤᠭᠤᠶᠢᠯᠠᠩ ᠤᠯᠠᠭᠠᠨᠬᠠᠳᠠ | ᠬᠤᠲᠠ ᠶᠢᠨ ᠠᠤᠬᠠᠨ ᠬᠤᠰᠢᠭᠤᠨ ᠤ ᠰᠾᠢ ᠵᠢᠶᠠᠽ ᠪᠠᠯᠭᠠᠰᠤ ᠶᠢᠨ ᠴᠠᠭᠠᠨ ᠬᠠᠳᠠ ᠭᠠᠴᠠᠭ᠎ᠠ ᠳᠤ ᠢᠷᠡᠵᠦ | ᠲᠠᠷᠢᠶᠠᠴᠢᠳ ᠤᠨ ᠬᠡᠭᠡᠷ᠎ᠡ ᠶᠢᠨ ᠬᠦᠢᠯᠡᠰᠦ ᠲᠡᠭᠦᠵᠦ ᠪᠠᠶᠢᠭ᠎ᠠ᠂ ᠨᠠᠷᠢᠮᠤ ᠶᠢᠨ ᠬᠤᠭᠤᠯᠠ ᠬᠢᠵᠦ ᠪᠠᠶᠢᠭ᠎ᠠ᠂ ᠪᠠᠭᠯᠠᠮᠠᠯ | ᠵᠠᠭᠤᠰᠢ ᠬᠢᠵᠦ ᠪᠠᠶᠢᠭ᠎ᠠ ᠵᠡᠷᠭᠡ ᠪᠦᠬᠦ ᠶᠠᠪᠤᠴᠠ ᠪᠦᠬᠦᠢ ᠨᠢᠭᠡᠨ ᠬᠥᠳᠡᠭᠡ ᠲᠣᠰᠬᠤᠨ ᠤ ᠵᠢᠭᠤᠯᠴᠢᠯᠠᠯ ᠤᠨ ᠫᠷᠦᠭᠷᠠᠮ ᠢ | ᠰᠡᠭᠦᠳᠡᠷᠯᠡᠨ ᠦᠢᠯᠡᠳᠪᠡ᠃ | ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠬᠥᠳᠡᠭᠡ ᠲᠣᠰᠬᠤᠨ ᠳᠠᠬᠢ ᠠᠶᠠᠯᠠᠯ︾ ᠪᠣᠯ | ᠲᠥᠪ ᠲᠧᠯᠸᠢᠰ ᠤᠨ ᠴᠤᠷ ᠤᠨ ᠭᠠᠭᠴᠠ ᠴᠤᠯᠤ ᠬᠥᠳᠡᠭᠡ ᠲᠣᠰᠬᠤᠨ ᠤ ᠵᠢᠭᠤᠯᠴᠢᠯᠠᠯ ᠤᠨ ᠫᠷᠦᠭᠷᠠᠮ ᠪᠣᠯᠣᠨ᠎ᠠ᠃ | ᠫᠷᠦᠭᠷᠠᠮ ᠨᠢ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠭᠤᠶᠣ ᠰᠠᠶᠢᠬᠠᠨ ᠬᠥᠳᠡᠭᠡ ᠲᠣᠰᠬᠤᠨ ᠢᠶᠠᠷ | ᠠᠩᠬᠠᠷᠤᠯ ᠤᠨ ᠴᠡᠭ ᠪᠣᠯᠭᠠᠵᠤ᠂ ︽ᠬᠥᠳᠡᠭᠡ ᠲᠣᠰᠬᠤᠨ ᠤ ᠵᠢᠭᠤᠯᠴᠢᠯᠠᠯ᠂ ᠠᠮᠢ ᠠᠬᠤᠶ ᠶᠢᠨ ᠪᠣᠯᠪᠠᠰᠤᠨ︾ ᠢᠶᠠᠷ | ᠭᠤᠣᠯ ᠰᠡᠳᠦᠪ ᠪᠣᠯᠭᠠᠵᠤ᠂ ᠭᠠᠳᠠᠷ ᠦᠵᠡᠮᠵᠢ ᠶᠢᠨ ᠬᠥᠲᠥᠯᠥᠭᠴᠢ ᠪᠣᠯᠣᠨ ᠭᠤᠶᠣ ᠰᠠᠶᠢᠬᠠᠨ ᠬᠥᠳᠡᠭᠡ ᠲᠣᠰᠬᠤᠨ ᠤ | ᠠᠵᠤ ᠠᠮᠢᠳᠤᠷᠠᠯ ᠢ ᠪᠡᠶ᠎ᠡ ᠪᠠᠷ ᠢᠶᠠᠨ ᠥᠩᠭᠡᠷᠡᠭᠦᠯᠦᠭᠴᠢ ᠶᠢᠨ ᠭᠦᠨ ᠣᠶᠢᠯᠠᠭᠠᠯᠲᠠ ᠪᠠᠷ ᠳᠠᠮᠵᠢᠭᠤᠯᠤᠨ᠂ ᠠᠮᠢ | ᠠᠬᠤᠶ ᠶᠢᠨ ᠭᠤᠶᠣ ᠦᠵᠡᠮᠵᠢ ᠶᠢ ᠳᠡᠯᠭᠡᠨ ᠬᠠᠷᠠᠭᠤᠯᠵᠤ᠂ ᠡᠷᠡᠭᠦᠯ ᠠᠮᠲᠠᠲᠤ ᠢᠳᠡᠭᠡᠨ ᠢ ᠠᠮᠲᠠᠯᠠᠵᠤ᠂ | ᠰᠡᠯᠡᠭᠦᠴᠡᠯ ᠤᠨ ᠲᠠᠷᠢᠶᠠᠯᠠᠩ ᠢ ᠪᠡᠶ᠎ᠡ ᠪᠠᠷ ᠢᠶᠠᠨ ᠣᠶᠢᠯᠭᠠᠵᠤ᠂ ᠬᠠᠮᠤᠭ ᠤᠨ ᠣᠨᠴᠠᠯᠢᠭ ᠪᠦᠬᠦᠢ ᠬᠥᠳᠡᠭᠡ | ᠲᠣᠰᠬᠤᠨ ᠤ ᠵᠢᠭᠤᠯᠴᠢᠯᠠᠯ ᠤᠨ ᠡᠬᠢ ᠪᠠᠶᠠᠯᠢᠭ ᠢ ᠲᠠᠨᠢᠯᠴᠠᠭᠤᠯᠤᠨ᠂ ᠪᠦᠬᠦ ᠲᠠᠯ᠎ᠠ ᠶᠢᠨ ᠡᠯᠪᠡᠭ ᠪᠠᠶᠠᠯᠢᠭ | ᠵᠢᠭᠤᠯᠴᠢᠯᠠᠯ ᠤᠨ ᠮᠡᠳᠡᠭᠡ ᠵᠠᠩᠭᠢ ᠶᠢ ᠬᠠᠩᠭᠠᠵᠤ᠂ ᠳᠤᠮᠳᠠᠳᠤ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ | ᠵᠢᠷᠤᠭ ᠢ ᠪᠦᠬᠦ ᠦᠵᠡᠮᠵᠢ ᠪᠠᠷ ᠨᠢ ᠵᠢᠷᠤᠭᠯᠠᠨ᠂ ᠦᠵᠡᠭᠴᠢᠳ ᠲᠤ ᠭᠡᠷ ᠠᠴᠠ ᠪᠠᠨ ᠭᠠᠷᠬᠤ ᠦᠭᠡᠶ ᠪᠠᠷ ᠳᠤᠮᠳᠠᠳᠤ | ᠤᠯᠤᠰ ᠤᠨ ᠬᠥᠳᠡᠭᠡ ᠲᠣᠰᠬᠤᠨ ᠤ ᠪᠠᠶᠢᠭᠠᠯᠢ ᠶᠢᠨ ᠰᠠᠶᠢᠬᠠᠨ᠂ ᠬᠥᠮᠦᠨ ᠨᠡᠶᠢᠭᠡᠮ ᠤᠨ ᠭᠤᠸ᠎ᠠ ᠶᠢ ᠣᠶᠢᠯᠠᠭᠠᠭᠤᠯᠵᠤ᠂ | ᠰᠢᠨ᠎ᠡ ᠮᠠᠶ᠋ᠢᠭ ᠤᠨ ᠠᠮᠢ ᠠᠬᠤᠶ ᠶᠢᠨ ᠵᠢᠭᠤᠯᠴᠢᠯᠠᠯ ᠤᠨ ᠵᠠᠭᠪᠤᠷ ᠢ ᠰᠠᠨᠠᠭᠠᠴᠢᠯᠠᠬᠤ ᠪᠣᠯᠣᠨ᠎ᠠ᠃ | ᠣᠶᠢᠯᠠᠭᠠᠭᠰᠠᠨ ᠢᠶᠠᠷ᠂ 2012 ᠣᠨ ᠳᠤ ᠨᠠᠷᠢᠮᠤ ᠪᠠ ᠰᠢᠯᠦᠭᠡᠢ ᠠᠮᠤ ᠪᠠᠷ ᠲᠥᠯᠥᠭᠡᠯᠡᠭᠦᠯᠦᠭᠰᠡᠨ ᠠᠤᠬᠠᠨ ᠤ | ᠬᠠᠭᠤᠷᠠᠶ ᠲᠠᠷᠢᠶᠠᠯᠠᠩ ᠤᠨ ᠰᠢᠰᠲ᠋ᠧᠮ ᠢ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠮᠤ ᠪᠤᠳᠠᠭ᠎ᠠ | ᠲᠠᠷᠢᠶᠠᠯᠠᠩ ᠤᠨ ᠵᠣᠬᠢᠶᠠᠨ ᠪᠠᠶᠢᠭᠤᠯᠤᠯᠲᠠ ᠠᠴᠠ ᠪᠦᠬᠦ ᠪᠥᠮᠪᠥᠷᠴᠡᠭ ᠤᠨ ᠴᠢᠬᠤᠯᠠ ᠪᠦᠬᠦᠢ ᠬᠥᠳᠡᠭᠡ ᠠᠵᠤ | ᠠᠬᠤᠶ ᠶᠢᠨ ᠰᠣᠶᠣᠯ ᠤᠨ ᠥᠪ ᠪᠣᠯᠭᠠᠭᠰᠠᠨ ᠠᠴᠠ ᠨᠠᠰᠢ᠂ ᠠᠤᠬᠠᠨ ᠬᠤᠰᠢᠭᠤ ᠲᠠᠷᠢᠶᠠᠯᠠᠬᠤ ᠡᠷᠦᠬᠡ ᠨᠦᠭᠦᠳ ᠢᠶᠠᠷ | ᠲᠠᠷᠬᠠᠵᠤ ᠪᠠᠶᠢᠭ᠎ᠠ ᠤᠯᠠᠮᠵᠢᠯᠠᠯᠲᠤ ᠨᠠᠷᠢᠮᠤ ᠶᠢᠨ ᠡᠭᠦᠯᠳᠡᠷ ᠢ ᠴᠤᠭᠯᠠᠭᠤᠯᠬᠤ ᠪᠠ ᠴᠢᠨᠠᠷ ᠰᠠᠶᠢᠲᠠᠶ ᠨᠠᠷᠢᠮᠤ | ᠦᠷᠡᠵᠢᠭᠦᠯᠦᠨ ᠪᠤᠶᠢᠵᠢᠭᠤᠯᠬᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠬᠢᠭᠡᠳ ᠠᠯᠢ | ᠣᠯᠠᠨ ᠨᠠᠷᠢᠮᠤ ᠶᠢᠨ ᠦᠢᠯᠡᠳᠬᠦᠨ ᠢ ᠨᠡᠭᠡᠭᠡᠨ ᠬᠥᠭᠵᠢᠭᠦᠯᠬᠦ ᠵᠡᠷᠭᠡ ᠠᠵᠢᠯ ᠢ ᠲᠠᠰᠤᠷᠠᠯᠲᠠ ᠦᠭᠡᠢ ᠬᠢᠪᠡ᠃ | ᠬᠡᠷᠡᠭᠯᠡᠭᠴᠢᠳ ᠲᠤ ᠠᠮᠲᠠᠯᠠᠭᠳᠠᠬᠤ ᠨᠢ ᠵᠥᠪᠬᠡᠨ ᠠᠤᠬᠠᠨ ᠤ ᠨᠠᠷᠢᠮᠤ ᠶᠢᠨ ᠠᠮᠲᠠ ᠪᠢᠰᠢ᠂ ᠴᠢᠬᠤᠯᠠ ᠨᠢ ᠠᠤᠬᠠᠨ | ᠬᠤᠰᠢᠭᠤᠨ ᠤ ᠨᠠᠢᠮᠠᠨ ᠮᠢᠩᠭᠠᠨ ᠵᠢᠯ ᠤᠨ ᠲᠠᠷᠢᠶᠠᠯᠠᠩ ᠤᠨ ᠪᠣᠯᠪᠠᠰᠤᠨ ᠢ ᠠᠮᠲᠠᠷᠬᠠᠨ ᠤᠩᠰᠢᠭᠤᠯᠬᠤ ᠪᠣᠯᠣᠨ᠎ᠠ᠂ | ᠲᠡᠳᠡᠭᠡᠷ ᠮᠢᠩᠭᠠᠨ ᠵᠢᠯ ᠤᠯᠠᠮᠵᠢᠯᠠᠭᠳᠠᠭᠰᠠᠨ ᠲᠠᠷᠢᠶᠠᠴᠢᠳ ᠤᠨ ᠬᠤᠪᠢᠨ ᠳᠠᠭᠠᠨ ᠦᠯᠡᠳᠡᠭᠡᠭᠰᠡᠨ ᠡᠭᠦᠯᠳᠡᠷ ᠤᠨ ᠳᠠᠬᠢᠨ | ᠰᠢᠨ᠎ᠡ ᠰᠣᠷᠭᠤᠭ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠰᠠᠭᠤᠭᠳᠠᠯ ᠳᠠᠬᠢ ᠨᠠᠷᠢᠮᠤ ᠪᠠᠷ ᠬᠢᠭᠰᠡᠨ | ᠬᠤᠭᠤᠯᠠᠨ ᠤ ᠰᠠᠶᠢᠬᠠᠨ ᠦᠨᠦᠷ ᠠᠮᠲᠠ ᠶᠢ ᠳᠠᠬᠢᠨ ᠬᠠᠩᠬᠤᠯᠤᠭᠤᠯᠵᠤ᠂ ᠮᠢᠩᠭᠠᠨ ᠣᠨ ᠤ ᠨᠠᠷᠢᠮᠤ ᠶᠢᠨ ᠠᠩᠭᠢᠯᠤᠮ᠎ᠠ | ᠦᠨᠦᠷ ᠢ ᠵᠠᠯᠭᠠᠭᠠᠳ ᠤᠯᠠᠮᠵᠢᠯᠠᠭᠤᠯᠬᠤ ᠪᠣᠯᠣᠨ᠎ᠠ᠃ CCTV7 ᠶᠢᠨ ︽ᠦᠵᠡᠰᠬᠦᠯᠡᠩᠲᠦ ᠰᠠᠶᠢᠬᠠᠨ ᠳᠤᠮᠳᠠᠳᠤ | ᠤᠯᠤᠰ ᠤᠨ ᠬᠥᠳᠡᠭᠡ ᠲᠣᠰᠬᠤᠨ ᠳᠠᠬᠢ ᠠᠶᠠᠯᠠᠯ︾ ᠤᠨ ᠰᠡᠭᠦᠳᠡᠷᠯᠡᠨ ᠦᠢᠯᠡᠳᠬᠦ ᠳᠤᠭᠤᠶᠢᠯᠠᠩ ᠴᠠᠭᠠᠨ ᠬᠠᠳᠠ | ᠭᠠᠴᠠᠭ᠎ᠠ ᠤ ᠲᠠᠷᠢᠶᠠᠴᠢᠳ ᠤᠨ ᠬᠡᠭᠡᠷ᠎ᠡ ᠶᠢᠨ ᠬᠦᠢᠯᠡᠰᠦ ᠲᠡᠭᠦᠵᠦ ᠪᠠᠶᠢᠭ᠎ᠠ᠂ ᠨᠠᠷᠢᠮᠤ ᠶᠢᠨ ᠬᠤᠭᠤᠯᠠ ᠬᠢᠵᠦ ᠪᠠᠶᠢᠭ᠎ᠠ᠂ | ᠪᠠᠭᠯᠠᠮᠠᠯ ᠵᠠᠭᠤᠰᠢ ᠬᠢᠵᠦ ᠪᠠᠶᠢᠭ᠎ᠠ ᠵᠡᠷᠭᠡ ᠪᠦᠬᠦ ᠶᠠᠪᠤᠴᠠ ᠶᠢ ᠰᠡᠭᠦᠳᠡᠷᠯᠡᠪᠡ᠃ ᠲᠠᠷᠢᠶᠠᠴᠢᠳ ᠤᠨ ᠬᠡᠭᠡᠷ᠎ᠡ ᠶᠢᠨ | ᠬᠦᠢᠯᠡᠰᠦ ᠲᠡᠭᠦᠵᠦ ᠪᠠᠶᠢᠭ᠎ᠠ ︵ᠲᠡᠭᠦᠬᠦ᠂ ᠬᠠᠯᠢᠰᠤ ᠶᠢ ᠨᠢ ᠠᠪᠬᠤ᠂ ᠬᠠᠲᠠᠭᠠᠬᠤ᠂ ᠲᠡᠭᠡᠭᠡᠪᠦᠷᠢᠯᠡᠬᠦ᠂ ᠬᠤᠳᠠᠯᠳᠤᠬᠤ︶ | ᠂ ᠨᠠᠷᠢᠮᠤ ᠶᠢᠨ ᠬᠤᠭᠤᠯᠠ ᠬᠢᠵᠦ ᠪᠠᠭᠯᠠᠮᠠᠯ ᠵᠠᠭᠤᠰᠢ ᠬᠢᠵᠦ ᠪᠠᠶᠢᠭ᠎ᠠ ︵ᠴᠢᠯᠠᠭᠤ ᠪᠠᠷ ᠮᠥᠯᠢᠬᠦ᠂ ᠨᠠᠷᠢᠮᠤ ᠢᠩᠳᠡᠬᠦ᠂ | ᠳᠥᠷᠪᠡᠨ ᠥᠩᠭᠡ ᠶᠢᠨ ᠨᠠᠷᠢᠮᠤ ᠶᠢᠨ ᠬᠤᠭᠤᠯᠠ ᠬᠢᠬᠦ᠂ ᠪᠠᠭᠯᠠᠮᠠᠯ ᠵᠠᠭᠤᠰᠢ ᠬᠢᠬᠦ︶ ᠪᠠ ᠭᠠᠳᠠᠷ ᠦᠵᠡᠮᠵᠢ ᠶᠢᠨ | ᠬᠦᠲᠦᠯᠦᠭᠴᠢ ᠳ᠋ᠢᠶᠠᠨ ᠳ᠋ᠢᠶᠠᠨ ᠬᠢᠭᠡᠳ ᠲᠤᠬᠠᠶ ᠶᠢᠨ ᠭᠠᠵᠠᠷ ᠤᠨ ᠲᠠᠷᠢᠶᠠᠴᠢᠳ ᠪᠣᠯᠤᠨ ᠵᠢᠭᠤᠯᠴᠢᠯᠠᠭᠴᠢᠳ ᠯᠤᠭ᠎ᠠ | ᠬᠡᠭᠡᠷ᠎ᠡ ᠶᠢᠨ ᠭᠦᠢᠯᠡᠰᠦ ᠲᠡᠭᠦᠵᠦ ᠪᠠᠶᠢᠭ᠎ᠠ᠂ ᠨᠠᠷᠢᠮᠤ ᠪᠠᠷ ᠬᠤᠭᠤᠯᠠ ᠬᠢᠬᠦ ᠶᠢ ᠣᠶᠢᠯᠠᠭᠠᠬᠤ ᠪᠠ ᠳᠦᠷᠪᠡᠨ | ᠥᠩᠭᠡ ᠶᠢᠨ ᠨᠠᠷᠢᠮᠤ ᠶᠢᠨ ᠬᠤᠭᠤᠯᠠᠨ ᠪᠠᠭᠯᠠᠮᠠᠯ ᠵᠠᠭᠤᠰᠢ ᠶᠢ ᠠᠮᠲᠠᠯᠠᠬᠤ ᠪᠠᠷ ᠳᠠᠮᠵᠢᠭᠤᠯᠤᠨ᠂ ᠠᠤᠬᠠᠨ ᠤ | ᠣᠨᠴᠠᠯᠢᠭᠲᠤ ᠠᠮᠢ ᠠᠬᠤᠶ ᠶᠢᠨ ᠦᠵᠡᠰᠬᠦᠯᠡᠩ᠂ ᠠᠮᠢᠳᠤᠷᠠᠯ ᠤᠨ ᠭᠤᠸ᠎ᠠ ᠵᠢᠴᠢ ᠨᠡᠩ ᠭᠦᠨ ᠳᠠᠪᠬᠤᠷᠭ᠎ᠠ ᠶᠢᠨ | ᠬᠥᠮᠦᠨ ᠨᠡᠶᠢᠭᠡᠮ ᠤᠨ ᠭᠤᠸ᠎ᠠ᠂ ᠬᠥᠭᠵᠢᠯᠲᠡ ᠶᠢᠨ ᠰᠠᠶᠢᠬᠠᠨ᠂ ᠡᠶ᠎ᠡ ᠵᠣᠬᠢᠴᠠᠯ ᠤᠨ ᠰᠠᠶᠢᠬᠠᠨ ᠢ ᠳᠡᠯᠭᠡᠨ ᠬᠠᠷᠠᠭᠤᠯᠪᠠ︕ | |