ᠥᠪᠥᠷ ᠮᠣᠩᠭᠤᠯ ᠤᠨ ᠳᠤᠮᠳᠠ ᠵᠡᠭᠦᠨ ᠬᠡᠰᠡᠭ ᠤᠨ ᠭᠠᠵᠠᠷ ᠣᠷᠣᠨ ᠳᠤ ᠨᠢᠭᠡ ᠤᠳᠠᠭ᠎ᠠ ᠠᠳᠠᠯᠢ ᠪᠤᠰᠤ ᠬᠡᠮᠵᠢᠶᠡᠨ ᠤ ᠵᠢᠷᠤᠪᠰ ᠪᠤᠷᠤᠭ᠎ᠠ ᠤᠷᠤᠨ᠎ᠠ
ᠨᠡᠶᠢᠲᠡᠯᠡᠭᠰᠡᠨ ᠴᠠᠭ᠄
2015/7/15
      7 ᠳ᠋ᠤᠭᠠᠷ ᠰᠠᠷ᠎ᠠ ᠶᠢᠨ 14᠎ ᠤ ᠰᠥᠨᠢ ᠠᠴᠠ 16᠎ ᠤ ᠡᠳᠦᠷ ᠪᠤᠯᠲᠠᠯ᠎ᠠ᠂ ᠬᠦᠢᠲᠡᠨ ᠠᠭᠤᠷ ᠠᠮᠢᠰᠬᠤᠯ ᠤᠨ ᠨᠦᠯᠦᠭᠡ ᠪᠠᠷ᠂ ᠥᠪᠥᠷ ᠮᠣᠩᠭᠤᠯ ᠤᠨ ᠳᠤᠮᠳᠠ ᠵᠡᠭᠦᠨ ᠬᠡᠰᠡᠭ ᠤᠨ ᠭᠠᠵᠠᠷ ᠣᠷᠣᠨ ᠳᠤ ᠨᠢᠭᠡ ᠤᠳᠠᠭ᠎ᠠ  ᠠᠳᠠᠯᠢᠪᠤᠰᠤ  ᠬᠡᠮᠵᠢᠶᠡᠨ ᠤ ‍ ᠵᠢᠷᠤᠪᠰ ᠪᠤᠷᠤᠭ᠎ᠠ ᠤᠷᠤᠬᠤ ᠪᠤᠯᠤᠨ᠎ᠠ᠃ ᠪᠣᠳᠠᠲᠠᠶ ᠤᠷᠢᠳᠴᠢᠯᠠᠭᠰᠠᠨ ᠮᠡᠳᠡᠭᠡ ᠳᠣᠣᠷᠠᠬᠢ ᠮᠡᠲᠦ᠄ ᠣᠷᠳᠣᠰ ᠬᠤᠲᠠ ᠶᠢᠨ ᠵᠡᠭᠦᠨ ᠬᠤᠶᠢᠲᠤ ᠬᠡᠰᠡᠭ᠂ ᠪᠤᠭᠤᠲᠤ ᠬᠤᠲᠠ ᠶᠢᠨ ᠵᠡᠭᠦᠨ ᠡᠮᠦᠨᠡᠲᠦ ᠬᠡᠰᠡᠭ᠂ ᠬᠦᠬᠡᠬᠤᠳᠠ᠂ ᠤᠯᠠᠭᠠᠨᠴᠠᠪ ᠬᠤᠲᠠ ᠶᠢᠨ ᠶᠡᠬᠡᠩᠬᠢ ᠬᠡᠰᠡᠭ᠂ ᠰᠢᠯᠢ ᠶᠢᠨ ᠭᠤᠣᠯ ᠠᠶᠢᠮᠠᠭ᠂ ᠤᠯᠠᠭᠠᠨᠬᠠᠳᠠ ᠬᠤᠲᠠ᠂ ᠲᠦᠩᠯᠢᠶᠤᠤ ᠬᠤᠳᠠ ᠶᠢᠨ ᠪᠠᠷᠠᠭᠤᠨ ᠬᠡᠰᠡᠭ ᠪᠤᠯᠤᠨ ᠬᠤᠶᠢᠲᠤ ᠬᠡᠰᠡᠭ᠂ ᠬᠢᠩᠭᠠᠨ ᠠᠶᠢᠮᠠᠭ ᠤᠨ ᠪᠠᠷᠠᠭᠤᠨ ᠬᠡᠰᠡᠭ᠂ ᠬᠥᠯᠥᠨ ᠪᠤᠶᠢᠷ ᠬᠤᠲᠠ ᠶᠢᠨ ᠪᠠᠷᠠᠭᠤᠨ ᠡᠮᠦᠨᠡᠲᠦ ᠬᠡᠰᠡᠭ ᠲᠤ ᠵᠢᠷᠤᠪᠰ ᠪᠣᠷᠣᠭᠠᠨ ᠪᠤᠶᠤ ᠠᠶᠤᠩᠭᠠᠲᠤ ᠪᠣᠷᠣᠭᠠᠨ ᠲᠠᠢ᠂ ᠲᠤᠨᠳᠠᠰᠤᠨ ᠤ ᠬᠡᠮᠵᠢᠶ᠎ᠡ ᠨᠢ 0.0 ~ 10.0 ᠮᠢᠯᠢᠮᠧᠲᠷ︔ ᠡᠭᠦᠨ ᠳᠤ᠂ ᠤᠯᠠᠭᠠᠨᠴᠠᠪ ᠬᠤᠲᠠ ᠶᠢᠨ ᠡᠮᠦᠨᠡᠲᠦ ᠬᠡᠰᠡᠭ᠂ ᠰᠢᠯᠢ ᠶᠢᠨ ᠭᠤᠣᠯ ᠠᠶᠢᠮᠠᠭ ᠤᠨ ᠡᠮᠦᠨᠡᠲᠦ ᠬᠡᠰᠡᠭ᠂ ᠤᠯᠠᠭᠠᠨᠬᠠᠳᠠ ᠬᠤᠲᠠ ᠶᠢᠨ ᠪᠠᠷᠠᠭᠤᠨ ᠬᠡᠰᠡᠭ ᠭᠠᠵᠠᠷ ᠣᠷᠣᠨ ᠳᠤ ᠳᠤᠮᠳᠠ ᠵᠡᠷᠭᠡ ᠶᠢᠨ ᠪᠣᠷᠣᠭᠠᠨ ᠲᠠᠢ᠂ ᠲᠤᠨᠳᠠᠰᠤᠨ ᠤ ᠬᠡᠮᠵᠢᠶ᠎ᠡ ᠨᠢ 10.0~25.0 ᠮᠢᠯᠢᠮᠧᠲᠷ᠃ ᠳᠡᠭᠡᠷ᠎ᠡ ᠳᠤᠷᠠᠳᠤᠭᠰᠠᠨ ᠭᠠᠵᠠᠷ ᠣᠷᠣᠨ ᠳᠤ ᠲᠦᠷ ᠴᠠᠭ ᠶᠡᠭᠡ ᠰᠠᠯᠬᠢᠨ ᠠᠶᠤᠩᠭ᠎ᠠ ᠴᠠᠬᠢᠯᠭᠠᠨ᠂ ᠮᠥᠨᠳᠥᠷ ᠵᠡᠷᠭᠡ ᠴᠢᠩᠭ᠎ᠠ ᠰᠣᠯᠢᠭ ᠴᠠᠭ ᠠᠭᠤᠷ ᠢᠯᠡᠷᠡᠵᠤ ᠮᠡᠳᠡᠨ᠎ᠡ᠃ ᠎ 
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号