︽ᠥᠪᠡᠷᠲᠡᠭᠡᠨ ᠵᠠᠰᠠᠬᠤ ᠣᠷᠣᠨ ᠤ 2015 ᠣᠨ ᠤ ᠨᠠᠭᠠᠲᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠪᠣᠯᠤᠨ | ᠪᠦᠬᠦᠯᠢ ᠡᠳᠦᠷ ᠢᠶᠠᠷ ᠠᠵᠢᠯᠯᠠᠬᠤ ᠪᠤᠰᠤ ᠳᠦᠷᠢᠮᠲᠦ ᠠᠵᠢᠯ ᠤᠨ ᠨᠠᠭᠠᠳᠤ ᠵᠠᠬ᠎ᠠ ᠶᠢᠨ ᠴᠠᠭ ᠤᠨ ᠴᠠᠯᠢᠩ ᠤᠨ | ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠮᠡᠳᠡᠭᠳᠡᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ | ᠠᠯᠳᠠᠯᠲᠠ ᠶᠢᠨ ᠳᠠᠭᠠᠳᠬᠠᠯ ᠤᠨ ᠬᠡᠷᠡᠭᠵᠢᠭᠦᠯᠬᠦ ᠠᠷᠭ᠎ᠠ︾ ᠵᠡᠷᠭᠡ ᠬᠤᠯᠪᠣᠭᠳᠠᠯ ᠪᠦᠬᠦᠢ ᠬᠠᠤᠯᠢ ᠲᠣᠭᠲᠠᠭᠠᠯ | ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠨ᠂ ᠮᠠᠨ ᠤ ᠣᠷᠣᠨ ᠡᠯ᠎ᠡ ᠠᠶᠢᠮᠠᠭ ᠬᠤᠲᠠ ᠶᠢᠨ ᠠᠵᠢᠯ | ᠠᠯᠳᠠᠯᠲᠠ ᠶᠢᠨ ᠳᠠᠭᠠᠳᠬᠠᠯ ᠤᠨ ᠮᠥᠩᠭᠦ ᠣᠯᠭᠤᠬᠤ ᠪᠠᠷᠢᠮᠵᠢᠶ᠎ᠠ ᠳᠠᠭᠠᠨ ᠴᠠᠭ ᠲᠤᠨᠢ ᠲᠠᠭᠠᠷᠠᠭᠤᠯᠤᠨ | ᠲᠣᠬᠢᠷᠠᠭᠤᠯᠤᠯᠲᠠ ᠬᠢᠬᠦ ᠶᠢ ᠱᠠᠭᠠᠷᠳᠠᠪᠠ᠃ ᠪᠣᠳᠠᠲᠠᠶ ᠲᠣᠬᠢᠷᠠᠭᠤᠯᠤᠯᠲᠠ ᠬᠢᠬᠦ ᠠᠷᠭ᠎ᠠ᠄ 1 ᠠᠴᠠ12 ᠳ᠋ᠤᠭᠠᠷ ᠰᠠᠷ᠎ᠠ | ᠪᠣᠯᠲᠠᠯ᠎ᠠ᠂ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠨᠠᠭᠠᠲᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢᠨ 80 | % ᠪᠠᠷ ᠣᠯᠭᠤᠨ᠎ᠠ︔ 13 ᠠᠴᠠ 24 ᠳ᠋ᠦ᠋ᠭᠡᠷ ᠰᠠᠷ᠎ᠠ ᠪᠣᠯᠲᠠᠯ᠎ᠠ᠂ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ | ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢᠨ 70 % ᠪᠠᠷ ᠣᠯᠭᠤᠨ᠎ᠠ᠃ ᠲᠣᠬᠢᠷᠠᠭᠤᠯᠤᠯᠲᠠ ᠬᠢᠭᠰᠡᠨ ᠤ | ᠳᠠᠷᠠᠭᠠᠬᠢ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠣᠯᠭᠤᠬᠤ ᠪᠠᠷᠢᠮᠵᠢᠶ᠎ᠠ ᠶᠢ 7 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠡᠭᠦᠨ ᠠᠴᠠ ᠭᠠᠳᠠᠨ᠎ᠠ᠂ ᠠᠵᠢᠯ ᠠᠯᠳᠠᠯᠲᠠ ᠶᠢᠨ ᠳᠠᠭᠠᠳᠬᠠᠯ ᠤᠨ | ᠮᠥᠩᠭᠦ ᠣᠯᠭᠤᠬᠤ ᠪᠠᠷᠢᠮᠵᠢᠶ᠎ᠠ ᠶᠢ ᠲᠣᠬᠢᠷᠠᠭᠤᠯᠤᠭᠰᠠᠨ ᠠᠴᠠ ᠭᠠᠳᠠᠨ᠎ᠠ᠂ ᠮᠠᠨ ᠤ ᠣᠷᠣᠨ ᠡᠭᠦᠨ ᠠᠴᠠ ᠡᠮᠦᠨ᠎ᠡ | ᠪᠠᠰᠠ ᠠᠵᠢᠯ ᠠᠯᠳᠠᠯᠲᠠ ᠶᠢᠨ ᠳᠠᠭᠠᠳᠬᠠᠯ ᠤᠨ ᠵᠠᠷᠤᠳᠠᠯ ᠤᠨ ᠨᠣᠷᠮ᠎ᠠ ᠳᠤ ᠲᠣᠬᠢᠷᠠᠭᠤᠯᠤᠯᠲᠠ ᠬᠢᠭᠰᠡᠨ ᠪᠠᠶᠢᠨ᠎ᠠ᠃ | ᠪᠣᠳᠠᠲᠠᠶ ᠨᠢ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ 3 | ᠳ᠋ᠤᠭᠠᠷ ᠰᠠᠷ᠎ᠠ ᠶᠢᠨ 1 ᠤ ᠡᠳᠦᠷ ᠡᠬᠢᠯᠡᠨ᠂ ᠮᠠᠨ ᠤ ᠣᠷᠣᠨ ᠠᠵᠢᠯ ᠠᠯᠳᠠᠯᠲᠠ ᠶᠢᠨ ᠳᠠᠭᠠᠳᠬᠠᠯ ᠤᠨ ᠵᠠᠷᠤᠳᠠᠯ ᠤᠨ | ᠨᠣᠷᠮ᠎ᠠ ᠶᠢ ᠳᠦᠷᠢᠮ ᠳᠤ ᠲᠣᠭᠲᠠᠭᠠᠭᠰᠠᠨ 3 % ᠪᠠᠶᠢᠭᠰᠠᠨ ᠠᠴᠠ ᠨᠢ 2 % ᠬᠦᠷᠲᠡᠯ᠎ᠡ ᠲᠦᠷ ᠪᠠᠭᠤᠷᠠᠭᠤᠯᠪᠠ︔ | ᠡᠭᠦᠨ ᠳᠤ᠂ ᠬᠥᠮᠦᠨ ᠬᠡᠷᠡᠭᠯᠡᠬᠦ ᠨᠢᠭᠡᠴᠡ ᠶᠢᠨ ᠠᠵᠢᠯ ᠠᠯᠳᠠᠯᠲᠠ ᠶᠢᠨ ᠳᠠᠭᠠᠳᠬᠠᠯ ᠤᠨ ᠵᠠᠷᠤᠳᠠᠯ ᠤᠨ ᠨᠣᠷᠮ᠎ᠠ ᠶᠢ | 2% ᠪᠠᠶᠢᠭᠰᠠᠨ ᠠᠴᠠ ᠨᠢ 1.5% ᠬᠦᠷᠲᠡᠯ᠎ᠡ ᠪᠠᠭᠤᠷᠠᠭᠤᠯᠪᠠ︔ ᠠᠵᠢᠯᠲᠠᠨ ᠠᠵᠢᠯᠴᠢᠨ ᠬᠤᠪᠢ ᠬᠥᠮᠦᠨ ᠤ | ᠠᠵᠢᠯ ᠠᠯᠳᠠᠯᠲᠠ ᠶᠢᠨ ᠳᠠᠭᠠᠳᠬᠠᠯ ᠤᠨ ᠵᠠᠷᠤᠳᠠᠯ ᠤᠨ ᠨᠣᠷᠮ᠎ᠠ ᠶᠢ 1% ᠪᠠᠶᠢᠭᠰᠠᠨ ᠠᠴᠠ ᠨᠢ 0.5 % ᠬᠦᠷᠲᠡᠯ᠎ᠡ | ᠪᠠᠭᠤᠷᠠᠭᠤᠯᠪᠠ᠃ ᠡᠯ᠎ᠡ ᠠᠶᠢᠮᠠᠭ ᠬᠤᠲᠠ ᠶᠢᠨ ᠠᠵᠢᠯ ᠠᠯᠳᠠᠯᠲᠠ ᠶᠢᠨ ᠳᠠᠭᠠᠳᠬᠠᠯ ᠢ ᠭᠠᠷᠳᠠᠨ ᠬᠢᠬᠦ | ᠪᠠᠶᠢᠭᠤᠯᠤᠮᠵᠢ ᠨᠤᠭᠤᠳ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠰᠢᠨ᠎ᠡ ᠵᠠᠷᠤᠳᠠᠯ ᠤᠨ ᠨᠣᠷᠮ᠎ᠠ | ᠶᠣᠰᠣᠭᠠᠷ ᠬᠥᠮᠦᠨ ᠬᠡᠷᠡᠭᠯᠡᠬᠦ ᠨᠢᠭᠡᠴᠡ ᠶᠢᠨ ᠠᠵᠢᠯ ᠠᠯᠳᠠᠭᠰᠠᠳ ᠤᠨ ᠳᠠᠭᠠᠳᠬᠠᠯ ᠤᠨ ᠰᠦᠢᠳᠬᠡᠯ ᠢ ᠬᠢᠨᠠᠨ | ᠲᠣᠭᠲᠠᠭᠠᠬᠤ ᠬᠡᠷᠡᠭᠲᠡᠢ᠂ ᠬᠥᠮᠦᠨ ᠬᠡᠷᠡᠭᠯᠡᠬᠦ ᠨᠢᠭᠡᠴᠡ ᠤᠤᠯ ᠤᠨ ᠵᠠᠷᠤᠳᠠᠯ ᠤᠨ ᠨᠣᠷᠮ᠎ᠠ ᠶᠣᠰᠣᠭᠠᠷ ᠠᠵᠢᠯ | ᠠᠯᠳᠠᠯᠲᠠ ᠶᠢᠨ ᠳᠠᠭᠠᠳᠬᠠᠯ ᠤᠨ ᠵᠠᠷᠤᠳᠠᠯ ᠢ ᠢᠯᠡᠭᠦᠦ ᠲᠤᠰᠢᠶᠠᠭᠰᠠᠨ ᠪᠣᠯ᠂ ᠳᠠᠷᠠᠭᠠᠴᠢ ᠶᠢᠨ ᠪᠤᠰᠤᠳ ᠰᠠᠷ᠎ᠠ ᠶᠢᠨ | ᠰᠦᠢᠳᠬᠡᠯ ᠢ ᠲᠤᠯᠭᠠᠨ ᠰᠠᠭᠤᠯᠭᠠᠵᠤ ᠪᠣᠯᠤᠨ᠎ᠠ ᠭᠡᠵᠦ ᠮᠠᠨ ᠤ ᠣᠷᠣᠨ ᠱᠠᠭᠠᠷᠳᠠᠪᠠ᠃ |