ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠦᠨᠳᠦᠰᠦᠲᠡᠨ ᠱᠠᠰᠢᠨ ᠰᠤᠷᠲᠠᠬᠤᠨ ᠮᠣᠩᠭᠤᠯ ᠦᠭᠡ ᠬᠡᠯᠡ ᠦᠰᠦᠭ ᠪᠢᠴᠢᠭ ᠤᠨ ᠥᠭᠡᠷᠡᠴᠢᠯᠡᠯᠲᠡ ᠶᠢᠨ ᠬᠦᠷᠢᠶᠡᠨ ᠳᠠᠬᠢ ᠠᠵᠢᠯ ᠢ  ᠠᠬᠢᠭᠤᠯᠬᠤ ᠶᠢ ᠰᠤᠳᠤᠯᠪᠠ
ᠨᠡᠶᠢᠲᠡᠯᠡᠭᠰᠡᠨ ᠴᠠᠭ᠄
2015/7/16
     7 ᠳ᠋ᠤᠭᠠᠷ ᠰᠠᠷ᠎ᠠ ᠶᠢᠨ 7᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠡᠷᠬᠢᠯᠡᠭᠴᠢ ᠨᠡᠷ ᠤᠨ ᠬᠤᠷᠠᠯ ᠬᠢᠵᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠣᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠯᠪᠣᠭᠳᠠᠯ  ᠪᠦᠬᠦᠢ  ᠱᠠᠭᠠᠷᠳᠠᠯᠭ᠎ᠠ ᠪᠠᠶᠢᠷᠢᠯᠠᠭᠤᠯᠤᠯᠲᠠ ᠶᠢ ᠰᠤᠷᠤᠯᠴᠠᠨ ᠤᠯᠠᠮᠵᠢᠯᠠᠵᠤ᠂ ᠦᠨᠳᠦᠰᠦᠲᠡᠨ ᠱᠠᠰᠢᠨ ᠰᠤᠷᠲᠠᠬᠤᠨ ᠮᠣᠩᠭᠤᠯ ᠦᠭᠡ ᠬᠡᠯᠡ ᠦᠰᠦᠭ ᠪᠢᠴᠢᠭ ᠲᠤ ᠬᠤᠯᠪᠣᠭᠳᠠᠭᠰᠠᠨ ᠠᠵᠢᠯ ᠤᠨ ᠡᠭᠦᠷᠭᠡ ᠶᠢ ᠨᠠᠷᠢᠯᠢᠭᠵᠢᠭᠤᠯᠤᠨ ᠵᠠᠳᠠᠯᠪᠠ᠃ ᠡᠷᠬᠢᠯᠡᠭᠴᠢ ᠲᠡᠭᠦᠰ ᠬᠤᠷᠠᠯ ᠢ ᠡᠷᠬᠢᠯᠡᠭᠰᠡᠨ ᠤ ᠬᠠᠮᠲᠤ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠵᠥᠪᠯᠡᠯ ᠤᠨ ᠤᠳᠤᠷᠢᠳᠤᠯᠭ᠎ᠠ᠂ ᠡᠯ᠎ᠡ ᠭᠠᠵᠠᠷ ᠭᠡᠷ ᠤᠨ ᠬᠠᠷᠢᠭᠤᠴᠠᠯᠭᠠᠲᠠᠨ᠂ ᠵᠥᠪᠯᠡᠯ ᠤᠨ ᠬᠠᠷᠢᠶ᠎ᠠ ᠪᠦᠬᠦᠢ ᠡᠯ᠎ᠡ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      ᠬᠤᠷᠠᠯ ᠠᠴᠠ ᠵᠢᠭᠠᠵᠤ ᠭᠠᠷᠭᠠᠭᠰᠠᠨ ᠨᠢ᠂ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ ᠡᠯ᠎ᠡ ᠲᠤᠰᠬᠠᠶ ᠳᠤᠭᠤᠶᠢᠯᠠᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠥᠭᠡᠷᠡᠴᠢᠯᠡᠯᠲᠡ ᠶᠢᠨ ᠠᠵᠢᠯ  ᠤᠨ ᠬᠤᠪᠢᠶᠠᠷᠢᠯᠠᠯ ᠤᠨ ᠲᠥᠰᠦᠯ︾᠎ ᠢ ᠪᠦᠬᠦ ᠲᠠᠯ᠎ᠠ ᠪᠠᠷ ᠲᠣᠣᠱᠯᠠᠭᠤᠯᠤᠨ᠂ ᠮᠠᠨ ᠤ ᠤᠷᠤᠨ ᠤ ᠦᠨᠳᠦᠰᠦᠲᠡᠨ ᠱᠠᠰᠢᠨ ᠰᠤᠷᠲᠠᠬᠤᠨ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠥᠭᠡᠷᠡᠴᠢᠯᠡᠯᠲᠡ ᠶᠢᠨ ᠭᠦᠨᠵᠡᠭᠡᠶᠢᠷᠡᠨ ᠬᠦᠭᠵᠢᠬᠦ ᠶᠢ ᠲᠦᠯᠬᠢᠨ ᠠᠬᠢᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠠᠳᠬᠤᠬᠤ ᠬᠥᠮᠥᠨ ᠲᠠᠢ᠂ ᠬᠠᠮᠢᠶᠠᠷᠬᠤ ᠬᠥᠮᠦᠨ ᠲᠠᠢ᠂ ᠲᠤᠰᠬᠠᠶ ᠬᠥᠮᠦᠨ  ᠬᠠᠷᠢᠭᠤᠴᠠᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ᠮᠠᠨ ᠤ ᠵᠥᠪᠯᠡᠯ ᠤᠨ ᠦᠨᠳᠦᠰᠦᠲᠡᠨ ᠱᠠᠰᠢᠨ ᠰᠤᠷᠲᠠᠬᠤᠨ ᠮᠣᠩᠭᠤᠯ ᠦᠭᠡ ᠬᠡᠯᠡ ᠦᠰᠦᠭ ᠪᠢᠴᠢᠭ ᠤᠨ ᠦᠭᠡᠷᠡᠴᠢᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠶ ᠤᠳᠤᠷᠢᠳᠤᠯᠭ᠎ᠠ ᠳᠣᠣᠷ᠎ᠠ 7 ᠲᠤᠰᠬᠠᠶ ᠠᠵᠢᠯ ᠤᠨ ᠳᠤᠭᠤᠶᠢᠯᠠᠩ ᠠᠵᠢᠯ ᠬᠤᠪᠢᠶᠠᠨ  ᠬᠠᠷᠢᠭᠤᠴᠠᠵᠤ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠬᠤ ᠬᠡᠷᠡᠭᠲᠡᠶ  ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠲᠤᠰᠬᠠᠶ ᠳᠤᠭᠤᠶᠢᠯᠠᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠢᠭᠲᠠ ᠬᠠᠮᠵᠢᠯᠴᠠᠨ᠂ ᠡᠯ᠎ᠡ ᠬᠤᠪᠢᠳᠠᠨ ᠬᠠᠮᠢᠶᠠᠷᠬᠤ ᠡᠷᠬᠢᠯᠡᠭᠴᠢ᠂  ᠡᠯ᠎ᠡ ᠭᠠᠵᠠᠷ ᠭᠡᠷ ᠤᠨ ᠬᠠᠷᠢᠭᠤᠴᠠᠯᠭᠠᠲᠠᠨ ᠬᠠᠷᠢᠭᠤᠴᠠᠯᠭ᠎ᠠ ᠶᠢ ᠵᠣᠷᠢᠭᠲᠠᠢ ᠡᠭᠦᠷᠭᠡᠯᠡᠬᠦ ᠤᠬᠠᠮᠰᠠᠷ ᠢᠶᠠᠨ ᠨᠡᠮᠡᠭᠳᠡᠭᠦᠯᠵᠦ᠂  ᠬᠤᠪᠢᠶᠠᠨ ᠬᠠᠮᠢᠶᠠᠷᠬᠤ ᠡᠷᠬᠢᠯᠡᠭᠴᠢ ᠪᠡᠶ᠎ᠡ ᠪᠠᠷ ᠢᠶᠠᠨ ᠠᠳᠬᠤᠨ᠂ ᠡᠯ᠎ᠡ ᠳᠤᠭᠤᠶᠢᠯᠠᠩ ᠤᠨ ᠬᠤᠭᠤᠷᠣᠨᠳᠣᠬᠢ ᠨᠡᠪᠲᠡᠷᠡᠯᠴᠡᠭᠡ ᠵᠤᠯᠭᠠᠯᠴᠠᠭ᠎ᠠ ᠶᠢ ᠴᠢᠩᠭᠠᠳᠬᠠᠵᠤ᠂ ᠠᠵᠢᠯ ᠤᠨ ᠡᠭᠦᠷᠭᠡ ᠶᠢ ᠬᠠᠷᠢᠯᠴᠠᠨ ᠬᠠᠮᠵᠢᠯᠴᠠᠨ᠂ ᠪᠦᠬᠦᠯᠢ ᠴᠣᠭᠴᠠ ᠪᠠᠷ ᠳᠥᠯᠭᠢᠨ ᠠᠬᠢᠭᠤᠯᠬᠤ ᠬᠡᠷᠡᠭᠲᠡᠶ᠃ ᠪᠦᠬᠦ ᠲᠠᠯ᠎ᠠ ᠶᠢᠨ ᠦᠵᠡᠯ ᠤᠬᠠᠮᠰᠠᠷ᠂ ︽ᠨᠢᠭᠡ ᠬᠥᠯᠭᠡ ᠰᠢᠲᠠᠷ᠎ᠠ︾᠎ ᠶᠢᠨ ᠦᠵᠡᠯ ᠰᠠᠨᠠᠭ᠎ᠠ ᠶᠢ ᠪᠤᠶ ᠪᠣᠯᠭᠠᠨ᠂ ᠬᠠᠷᠢᠭᠤᠴᠠᠯᠭ᠎ᠠ ᠶᠢᠨ ᠤᠬᠠᠮᠰᠠᠷ᠂ ᠠᠰᠠᠭᠤᠳᠠᠯ ᠤᠨ ᠤᠬᠠᠮᠰᠠᠷ᠂ ᠪᠠᠬᠢᠯᠡᠯᠲᠡ ᠶᠢ ᠰᠢᠪᠲᠤᠯᠬᠤ ᠤᠬᠠᠮᠰᠠᠷ ᠢ ᠴᠢᠩᠭᠠᠳᠬᠠᠵᠤ᠂ ᠬᠦᠷᠦᠯᠴᠡᠬᠦ ᠦᠭᠡᠢ ᠪᠠᠨ ᠨᠥᠬᠦᠵᠦ ᠲᠤᠲᠠᠮᠠᠭ ᠢᠶᠠᠨ ᠨᠦᠬᠦᠬᠦ ᠶᠢ ᠴᠢᠩᠭᠠᠳᠬᠠᠵᠤ᠂ ︽ᠨᠠᠳᠠ ᠲᠠᠢ ᠬᠠᠮᠢᠶ᠎ᠠ ᠦᠭᠡᠶ︾ ᠭᠡᠬᠦ ᠪᠠ ᠰᠠᠯᠠᠭ᠎ᠠ ᠮᠥᠴᠢᠷ ᠤᠨ ᠠᠰᠢᠭ ᠲᠤᠰᠠ ᠶᠢ ᠪᠣᠳᠤᠯᠬᠢᠯᠠᠬᠤ᠂ ᠢᠪᠴᠤᠤ ᠦᠵᠡᠯ ᠰᠠᠨᠠᠭ᠎ᠠ ᠶᠢ ᠢᠯᠠᠨ ᠳᠠᠪᠠᠭ᠋ᠤ ᠬᠡᠷᠡᠭᠲᠡᠢ᠃ ᠨᠠᠷᠢᠨ ᠬᠢᠨᠠᠮᠠᠭᠠᠶ ᠬᠠᠷᠢᠭᠤᠴᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠡᠯ᠎ᠡ ᠲᠤᠰᠬᠠᠶ ᠳᠤᠭᠤᠶᠢᠯᠠᠩ ᠠᠵᠢᠯ ᠤᠨ ᠡᠭᠦᠷᠭᠡ ᠠᠵᠢᠯ ᠤᠨ ᠬᠤᠪᠢᠶᠠᠷᠢ ᠶᠣᠰᠣᠭᠠᠷ᠂ ᠪᠣᠳᠠᠲᠤ ᠪᠠᠶᠢᠳᠠᠯ ᠲᠠᠢ ᠨᠡᠶᠢᠴᠡᠬᠦ ᠠᠵᠢᠯ ᠤᠨ ᠲᠥᠯᠥᠪᠯᠡᠭᠡ ᠲᠣᠭᠲᠠᠭᠠᠵᠤ᠂ ᠳᠤᠭᠤᠶᠢᠯᠠᠩ ᠤᠨ ᠲᠤᠲᠤᠷ᠎ᠠ ᠪᠠᠨ ᠠᠵᠢᠯ ᠬᠤᠪᠢᠶᠠᠷᠢᠯᠠᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠤᠲᠤᠷᠬᠠᠶᠢᠯᠠᠨ᠂ ᠬᠤᠯᠪᠣᠭᠳᠠᠯ ᠪᠦᠬᠦᠢ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠴᠠᠭ ᠤᠨ ᠠᠬᠢᠴᠠ ᠶᠢ ᠳᠤᠷᠠᠳᠤᠨ᠂ ᠡᠯ᠎ᠡ ᠵᠦᠢᠯ ᠤᠨ ᠠᠵᠢᠯ ᠢ ᠪᠠᠶᠢᠷᠢᠯᠠᠭᠤᠯᠤᠯᠲᠠ ᠲᠠᠢ᠂ ᠰᠢᠮᠳᠠᠭᠤᠯᠤᠯ ᠲᠠᠢ᠂  ᠪᠠᠶᠢᠴᠠᠭᠠᠯᠲᠠ ᠲᠠᠢ ᠪᠠᠶᠢᠯᠭᠠᠵᠤ᠂ ᠡᠯ᠎ᠡ ᠵᠦᠢᠯ ᠤᠨ ᠡᠭᠦᠷᠭᠡ ᠶᠢ ᠰᠢᠯᠵᠢᠰᠢ ᠦᠭᠡᠢ ᠪᠠᠶᠢᠯᠭᠠᠵᠤ᠂ ᠡᠯ᠎ᠡ ᠵᠦᠢᠯ ᠤᠨ ᠠᠵᠢᠯ ᠢ ᠥᠨᠳᠥᠷ ᠪᠦᠲᠦᠮᠵᠢᠲᠡᠶ ᠨᠠᠶᠢᠳᠠᠪᠤᠷᠢᠵᠢᠭᠤᠯᠬᠤ ᠬᠡᠷᠡᠭᠲᠡᠶ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号