ᠦᠪᠡᠷᠳᠡᠬᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠳᠡ ᠶᠢᠨ ᠲᠦᠪ ᠠᠴᠠ | ᠤᠢᠢᠯᠠᠭᠠᠬᠰᠠᠨ ᠢᠶᠠᠷ᠂ ᠮᠠᠨ ᠤ ᠤᠷᠤᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠬᠢ ᠶᠢᠨ | ᠨᠢᠬᠡᠳᠤᠬᠡᠷ ᠪᠦᠯᠦᠭ ᠤᠨ ᠬᠤᠶᠠᠷᠳᠠᠬᠢ ᠤᠳᠠᠭᠠᠨ ᠤ ᠰᠦᠯᠵᠢᠶᠡᠨ ᠲᠡᠬᠡᠷ᠎ᠡ ᠡᠷᠡᠮᠡᠯᠵᠡᠯ ᠲᠠᠭᠯᠠᠬᠤ ᠠᠵᠢᠯ 7 ᠳ᠋ᠤᠭᠠᠷ | ᠰᠠᠷ᠎ᠡ ᠶᠢᠨ 16 ᠤ ᠡᠳᠤᠷ ᠶᠠᠪᠤᠭᠳᠠᠬᠤ ᠪᠤᠯᠤᠨ᠎ᠠ᠃ | ᠤᠢᠢᠯᠠᠭᠠᠬᠰᠠᠨ ᠢᠶᠠᠷ᠂ ᠲᠤᠰ ᠤᠳᠠᠭ᠎ᠠ ᠳᠤ ᠡᠩ ᠤᠨ ᠨᠡᠶᠢᠬᠡᠮ ᠤᠨ ᠰᠢᠨᠵᠢᠯᠡᠬᠦ ᠤᠬᠠᠭᠠᠨ ᠤ 427 ᠬᠤᠪᠢ᠂ | ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ 404 ᠬᠤᠪᠢ᠂ ᠮᠤᠩᠭᠤᠯ ᠢᠶᠠᠷ ᠬᠢᠴᠢᠶᠡᠯᠯᠡᠬᠦ ᠪᠠᠶᠢᠭᠠᠯᠢ ᠶᠢᠨ | ᠰᠢᠨᠵᠢᠯᠡᠬᠦ ᠤᠬᠠᠭᠠᠨ ᠤ 233 ᠬᠤᠪᠢ᠂ ᠮᠤᠩᠭᠤᠯ ᠢᠶᠠᠷ ᠬᠢᠴᠢᠶᠡᠯᠯᠡᠬᠦ ᠨᠡᠶᠢᠬᠡᠮ ᠤᠨ ᠰᠢᠨᠵᠢᠯᠡᠬᠦ ᠤᠬᠠᠭᠠᠨ ᠤ 277 | ᠬᠤᠪᠢ ᠠᠴᠠ ᠲᠡᠬᠡᠭᠰᠢᠬᠢ ᠨᠢ ᠴᠦᠮ ᠰᠦᠯᠵᠢᠶᠡᠨ ᠲᠡᠬᠡᠷ᠎ᠡ ᠲᠠᠩᠰᠡ ᠡᠪᠬᠡᠮᠡᠯ ᠢᠶᠠᠨ ᠲᠤᠰᠢᠶᠠᠨ ᠡᠷᠡᠮᠡᠯᠵᠡᠯ ᠲᠠᠭᠯᠠᠵᠤ | ᠪᠤᠯᠤᠨ᠎ᠠ᠃ ᠦᠳᠡ ᠶᠢᠨ ᠡᠮᠦᠨ᠎ᠡ ᠶᠢᠨ 9 ᠴᠠᠭ ᠲᠤ᠂ ᠰᠢᠯᠭᠠᠭᠤᠯᠤᠭᠰᠠᠳ ᠡᠷᠡᠮᠡᠯᠵᠡᠯ ᠢᠶᠠᠨ ᠲᠠᠭᠯᠠᠨ᠎ᠠ᠂ 10 | ᠴᠠᠭ ᠠᠴᠠ ᠬᠤᠶᠢᠰᠢ ᠡᠷᠡᠮᠡᠯᠵᠡᠯ ᠢᠶᠠᠨ ᠨᠢᠭᠡᠨᠲᠡ ᠲᠠᠬᠯᠠᠭᠰᠠᠨ ᠰᠢᠯᠭᠠᠭᠤᠯᠤᠭᠰᠠᠳ ᠡᠷᠡᠮᠡᠯᠵᠡᠯ ᠢᠶᠠᠨ ᠬᠠᠰᠤᠵᠤ ᠪᠣᠯᠬᠤ | ᠦᠬᠡᠢ︔ 10 ᠴᠠᠭ30 ᠮᠢᠨᠦ᠋ᠲ ᠠᠴᠠ ᠬᠤᠶᠢᠰᠢ ᠡᠷᠡᠮᠡᠯᠵᠡᠯ ᠲᠠᠭᠯᠠᠭ᠎ᠠ ᠦᠭᠡᠢ ᠰᠢᠯᠭᠠᠭᠤᠯᠤᠭᠰᠠᠳ ᠳᠠᠬᠢᠵᠤ | ᠡᠷᠡᠮᠡᠯᠵᠡᠯ ᠲᠠᠭᠯᠠᠵᠤ ᠪᠣᠯᠬᠤ ᠦᠭᠡᠢ᠂ ᠡᠷᠡᠮᠡᠯᠵᠡᠯ ᠢᠶᠠᠨ ᠨᠢᠭᠡᠨᠲᠡ ᠲᠠᠭᠯᠠᠭᠰᠠᠨ ᠰᠢᠯᠭᠠᠭᠤᠯᠤᠭᠰᠠᠳ ᠵᠦᠪᠬᠡᠨ | ᠡᠷᠡᠮᠡᠯᠵᠡᠯ ᠢᠶᠠᠨ ᠵᠠᠰᠠᠵᠤ ᠪᠤᠯᠤᠨ᠎ᠡ᠃ 11 ᠴᠠᠭ ᠲᠤ᠂ 501 ᠬᠤᠪᠢ ᠵᠢᠴᠢ ᠡᠭᠦᠨ ᠠᠴᠠ ᠳᠡᠭᠡᠭᠰᠢ ᠬᠤᠪᠢ ᠲᠠᠢ | ᠰᠢᠯᠭᠠᠭᠤᠯᠤᠭᠰᠠᠳ ᠤᠨ ᠲᠤᠰ ᠤᠳᠠᠭᠠᠨ ᠤ ᠡᠷᠡᠮᠡᠯᠵᠡᠯ ᠲᠠᠭᠯᠠᠬᠤ ᠨᠢ ᠳᠠᠭᠤᠰᠤᠨ᠎ᠠ︔12 ᠴᠠᠭ ᠲᠤ᠂ 501 | ᠬᠤᠪᠢ ᠠᠴᠠ ᠳᠣᠷᠣᠭᠰᠢ ᠬᠤᠪᠢ ᠲᠠᠢ ᠰᠢᠯᠭᠠᠭᠤᠯᠤᠭᠰᠠᠳ ᠤᠨ ᠲᠤᠰ ᠤᠳᠠᠭᠠᠨ ᠤ ᠡᠷᠡᠮᠡᠯᠵᠡᠯ ᠲᠠᠭᠯᠠᠬᠤ ᠨᠢ | ᠳᠠᠭᠤᠰᠤᠨ᠎ᠠ᠃ ᠪᠤᠲᠠᠲᠠᠢ ᠠᠭᠤᠯᠭ᠎ᠠ ᠶᠢ ᠰᠢᠯᠭᠠᠭᠤᠯᠤᠭᠰᠠᠳ ᠦᠪᠦᠷ ᠮᠤᠩᠭᠤᠯ ᠤᠨ ᠰᠤᠷᠤᠭᠴᠢ ᠡᠯᠰᠡᠬᠦ | ᠰᠢᠯᠭᠠᠯᠳᠡ ᠶᠢᠨ ᠮᠡᠳᠡᠭᠡ ᠵᠠᠩᠬᠢ ᠶᠢᠨ ᠰᠦᠯᠵᠢᠶ᠎ᠡ ᠠᠴᠠ ᠯᠠᠪᠯᠠᠵᠤ ᠪᠤᠯᠤᠨ᠎ᠡ᠃ |