ᠬᠠᠤᠯᠢ ᠶᠢ ᠵᠥᠷᠢᠴᠡᠨ ᠪᠣᠬᠢᠷᠲᠤᠯ ᠭᠠᠳᠠᠭᠰᠢᠯᠠᠭᠤᠯᠤᠭᠰᠠᠨ ᠢ ᠴᠢᠩᠭ᠎ᠠ ᠵᠠᠯᠬᠠᠭᠠᠨ ᠰᠢᠳᠭᠡᠭᠡᠳ  ᠥᠪᠥᠷ ᠮᠣᠩᠭᠤᠯ ᠤᠨ ᠭᠤᠣᠯᠳᠠᠯᠭ᠎ᠠ ᠲᠠᠢ ᠰᠠᠪᠠ ᠭᠠᠵᠠᠷ ᠤᠨ ᠤᠰᠤᠨ ᠤ ᠴᠢᠨᠠᠷ ᠶᠡᠭᠡ ᠪᠠᠷ ᠰᠠᠶᠢᠵᠢᠷᠠᠪᠠ
ᠨᠡᠶᠢᠲᠡᠯᠡᠭᠰᠡᠨ ᠴᠠᠭ᠄
2015/7/16
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠠᠴᠠ ᠥᠪᠥᠷ ᠮᠣᠩᠭᠤᠯ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ ᠶᠢ ᠲᠤᠤᠱᠯᠠᠭᠤᠯᠤᠨ ᠬᠡᠷᠡᠭᠵᠢᠬᠦᠯᠵᠤ ᠪᠠᠶᠢᠭ᠎ᠠ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠡ᠃ ᠦᠷ᠎ᠡ ᠳ᠋ᠦᠩ ᠤᠨ ᠢᠯᠡᠷᠡᠭᠦᠯᠦᠭᠰᠡᠨ ᠢᠶᠠᠷ᠂ ᠣᠶᠢᠷ᠎ᠠ ᠶᠢᠨ ᠵᠢᠯ ᠠᠴᠠ ᠨᠠᠰᠢ᠂ ᠪᠦᠬᠦ ᠣᠷᠣᠨ ᠤ ᠤᠰᠤᠨ ᠤ ᠣᠷᠴᠢᠨ ᠲᠣᠭᠤᠷᠢᠨ ᠨᠡᠯᠢᠶᠡᠳ ᠶᠡᠭᠡ ᠪᠠᠷ ᠰᠠᠶᠢᠵᠢᠷᠠᠭᠰᠠᠨ ᠪᠠᠶᠢᠨ᠎ᠠ᠃ ᠬᠠᠲᠤᠨ ᠭᠤᠣᠯ᠂ ᠬᠠᠶᠢᠾᠧ ᠭᠤᠣᠯ᠂ ᠰᠤᠩᠭᠠᠷᠢ ᠮᠥᠷᠡᠨ᠂ ᠪᠠᠷᠠᠭᠤᠨ ᠯᠢᠶᠤᠤ ᠡᠾᠧ ᠭᠤᠤᠯ ᠤᠨ ᠰᠠᠪᠠ ᠭᠠᠵᠠᠷ ᠤᠨ ᠪᠠᠶᠢᠴᠠᠭᠠᠨ ᠰᠢᠯᠭᠠᠭᠰᠠᠨ ᠤᠯᠤᠰ ᠠᠴᠠ ᠡᠵᠡᠮᠳᠡᠵᠤ ᠪᠠᠶᠢᠭ᠎ᠠ ᠰᠢᠯᠭᠠᠨ ᠬᠢᠨᠠᠬᠤ 20 ᠣᠭᠲᠣᠯᠤᠭᠠᠰᠤ ᠶᠢᠨ 18 ᠣᠭᠲᠣᠯᠤᠭᠠᠰᠤ ᠶᠢᠨ ᠬᠢᠨᠢ ᠤᠰᠤᠨ ᠤ ᠴᠢᠨᠠᠷ Ⅲ ᠲᠥᠷᠥᠯ ᠠᠴᠠ ᠰᠠᠶᠢᠨ ᠪᠠᠶᠢᠵᠤ᠂ ︽12.5︾ ᠲᠥᠯᠥᠪᠵᠢᠭᠦᠯᠭᠡ ᠶᠢᠨ ᠬᠠᠷᠠᠯᠲᠠ ᠠᠴᠠ ᠵᠠᠭᠤᠨ ᠤ ᠴᠡᠭ ᠤᠨ 30 ᠳᠡᠭᠡᠭᠦᠷ ᠪᠠᠶᠢᠨ᠎ᠠ᠃      ᠭᠤᠣᠯᠳᠠᠯᠭ᠎ᠠ ᠲᠠᠢ ᠰᠠᠪᠠ ᠭᠠᠵᠠᠷ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠦᠯ ᠵᠦᠢᠯ ᠢ ᠲᠦᠷᠭᠡᠳᠭᠡᠨ ᠠᠬᠢᠭᠤᠯᠪᠠ᠃ ᠥᠪᠥᠷ ᠮᠣᠩᠭᠤᠯ ᠤᠨ ︽ᠠᠷᠪᠠᠨ ᠬᠤᠶᠠᠳᠤᠭᠠᠷ ᠲᠠᠪᠤᠨ ᠵᠢᠯ ᠤᠨ ᠭᠤᠣᠯᠳᠠᠯᠭ᠎ᠠ ᠲᠠᠢ ᠰᠠᠪᠠ ᠭᠠᠵᠠᠷ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ︾᠎ ᠳᠤ ᠵᠢᠭᠰᠠᠭᠠᠭᠳᠠᠨ ᠤᠷᠤᠭᠤᠯᠤᠭᠰᠠᠨ ᠰᠤᠩᠭᠠᠷᠢ ᠮᠥᠷᠡᠨ᠂ ᠯᠢᠶᠤᠤ ᠡᠾᠧ ᠭᠤᠣᠯ᠂ ᠬᠠᠶᠢᠾᠧ ᠭᠤᠣᠯ᠂ ᠬᠠᠲᠤᠨ ᠭᠤᠣᠯ ᠤᠨ ᠳᠤᠮᠳᠠᠳᠤ ᠳᠡᠭᠡᠳᠦ ᠤᠷᠤᠰᠬᠠᠯ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ183 ᠲᠦᠷᠦᠯ ᠵᠦᠢᠯ ᠤᠨ ᠣᠳᠣᠬᠠᠨ ᠳᠤ ᠠᠵᠢᠯ ᠡᠬᠢᠯᠡᠭᠰᠡᠨ ᠨᠣᠷᠮ᠎ᠠ 74.9% ᠪᠠᠶᠢᠵᠤ᠂ 32.2%᠎ ᠢ ᠨᠢ ᠪᠡᠶᠡᠯᠡᠭᠦᠯᠦᠭᠡᠳ ᠪᠠᠶᠢᠨ᠎ᠠ᠃ ᠭᠤᠣᠯᠳᠠᠯᠭ᠎ᠠ ᠲᠠᠢ ᠰᠠᠪᠠ ᠭᠠᠵᠠᠷ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠦᠯ ᠵᠦᠢᠯ ᠢ ᠬᠡᠷᠡᠭᠵᠢᠭᠦᠯᠬᠦ ᠪᠠᠷ ᠳᠠᠮᠵᠢᠭᠠᠳ᠂ ᠰᠠᠪᠠ ᠭᠠᠵᠠᠷ ᠤᠨ ᠤᠰᠤᠨ ᠤ ᠴᠢᠨᠠᠷ ᠲᠠᠰᠤᠷᠠᠯᠲᠠ ᠦᠭᠡᠶ ᠰᠠᠶᠢᠵᠢᠷᠠᠪᠠ᠃ ᠣᠳᠣᠬᠠᠨ ᠳᠤ᠂ ᠪᠤᠶ ᠪᠦᠬᠦᠢ ᠬᠤᠰᠢᠭᠤ ᠰᠢᠶᠠᠨ ᠲᠣᠭᠤᠷᠢᠭ ᠴᠥᠮ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠪᠠᠶᠢᠭᠤᠯᠵᠤ᠂ ᠣᠷᠳᠣᠰ ᠤᠨ 2014 ᠣᠨ ᠤ ᠬᠤᠲᠠ ᠪᠠᠯᠭᠠᠰᠤ ᠶᠢᠨ ᠪᠣᠬᠢᠷ ᠤᠰᠤ  ᠰᠢᠢᠳᠪᠦᠷᠢᠯᠡᠭᠰᠡᠨ ᠨᠣᠷᠮ᠎ᠠ 94%᠎ ᠳᠤ ᠬᠦᠷᠴᠦ᠂ ᠲᠥᠪ ᠪᠤᠯᠬᠤ ᠬᠤᠲᠠ ᠲᠤᠭᠤᠷᠢᠭ ᠤᠨ ᠵᠠᠪᠰᠠᠷ ᠤᠨ ᠤᠰᠤ ᠶᠢ ᠡᠭᠡᠭᠦᠯᠦᠨ ᠬᠡᠷᠡᠭᠯᠡᠬᠦ ᠨᠣᠷᠮ᠎ᠠ ᠨᠢ 87.6%᠎ ᠳᠤ ᠬᠦᠷᠴᠦ᠂ ᠪᠤᠰᠤᠳ ᠬᠤᠰᠢᠭᠤ ᠰᠢᠶᠠᠨ ᠲᠤᠭᠤᠷᠢᠭ ᠤᠨ ᠵᠠᠪᠰᠠᠷ ᠤᠨ ᠤᠰᠤ ᠶᠢ ᠡᠬᠡᠭᠦᠯᠦᠨ ᠬᠡᠷᠡᠭᠯᠡᠬᠦ ᠨᠣᠷᠮ᠎ᠠ ᠳᠤᠮᠳᠠᠴᠢ ᠪᠠᠷ 63 %᠎ ᠳᠤ ᠬᠦᠷᠪᠡ᠃      ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠣᠷᠴᠢᠨ ᠲᠤᠭᠤᠷᠢᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠠᠴᠠ ᠵᠥᠷᠢᠴᠡᠨ ᠪᠣᠬᠢᠷᠲᠤᠯ ᠭᠠᠳᠠᠭᠰᠢᠯᠠᠭᠤᠯᠤᠭᠰᠠᠨ ᠦᠢᠯᠡ ᠠᠵᠢᠯᠯᠠᠭ᠎ᠠ ᠶᠢ ᠴᠢᠩᠭ᠎ᠠ ᠰᠢᠳᠭᠡᠪᠡ᠃ ᠣᠷᠴᠢᠨ ᠲᠤᠭᠤᠷᠢᠨ ᠤ ᠬᠠᠮᠠᠭᠠᠯᠠᠯᠲᠠ ᠶᠢᠨ ᠰᠢᠨ᠎ᠡ ᠬᠠᠤᠯᠢ ᠶᠢ ᠬᠡᠷᠡᠭᠵᠢᠭᠦᠯᠦᠭᠰᠡᠨ ᠠᠴᠠ ᠨᠠᠰᠢ᠂ ᠪᠦᠬᠦ ᠣᠷᠣᠨ ᠳᠤ ᠣᠷᠴᠢᠨ ᠲᠣᠭᠤᠷᠢᠨ ᠢ ᠬᠢᠨᠠᠨ ᠪᠠᠶᠢᠴᠠᠭᠠᠬᠤ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 2.3 ᠲᠦᠮᠡ ᠢᠯᠡᠭᠦᠦ ᠬᠥᠮᠦᠨ ᠤᠳᠠᠭ᠎ᠠ ᠬᠦᠳᠡᠯᠭᠡᠵᠤ᠂ ᠤᠰᠤᠨ ᠳᠤ ᠬᠤᠯᠪᠣᠭᠳᠠᠭᠰᠠᠨ ᠠᠵᠤ ᠠᠬᠤᠶᠢᠯᠠᠯ 8931᠎ ᠶᠢ ᠪᠠᠶᠢᠴᠠᠭᠠᠵᠤ᠂ 97᠎ ᠶᠢ ᠵᠠᠰᠠᠭ ᠵᠠᠬᠢᠷᠭᠠᠨ ᠢᠶᠠᠷ ᠰᠢᠳᠭᠡᠨ ᠲᠤᠷᠭᠠᠵᠤ᠂ 619.7 ᠲᠦᠮᠡᠨ ᠲᠥᠭᠦᠷᠢᠭ ᠲᠤᠷᠭᠠᠪᠠ᠃ 2014 ᠣᠨ ᠳᠤ᠂ ᠥᠪᠥᠷ ᠮᠣᠩᠭᠤᠯ ᠤᠨ ᠠᠩᠬᠠᠳᠠᠭᠴᠢ ᠣᠷᠴᠢᠨ ᠲᠤᠭᠤᠷᠢᠨ ᠤ ᠪᠣᠬᠢᠷᠲᠤᠯ ᠤᠨ ᠬᠡᠷᠡᠭ — ᠪᠠᠶᠠᠨᠨᠠᠭᠤᠷ ᠬᠤᠲᠠ ᠶᠢᠨ ᠬᠠᠨᠭ᠍ᠬᠢᠨ ᠬᠤᠶᠢᠲᠤ ᠬᠤᠰᠢᠭᠤᠨ ᠤ ᠮᠠᠭᠤ ᠰᠠᠨᠠᠭ᠎ᠠ ᠲᠠᠢ ᠪᠠᠷ ᠤᠰᠤᠨ ᠳᠤ ᠳᠠᠪᠤᠰᠤᠨ ᠬᠦᠴᠢᠯ ᠴᠢᠳᠬᠤᠵᠤ ᠤᠷᠤᠭᠤᠯᠤᠭᠰᠠᠨ ᠬᠡᠷᠡᠭ ᠢ ᠪᠠᠶᠠᠨᠨᠠᠭᠤᠷ ᠬᠤᠲᠠ ᠳᠤ ᠲᠢᠩᠬᠢᠮ ᠨᠡᠭᠡᠭᠡᠨ ᠰᠢᠭᠦᠭᠰᠡᠨ ᠪᠥᠭᠡᠳ ᠢᠯᠡ ᠪᠠᠷ ᠰᠢᠭᠦᠨ ᠲᠠᠰᠤᠯᠵᠤ᠂ ᠬᠡᠷᠡᠭ ᠲᠤ ᠬᠤᠯᠪᠣᠭᠳᠠᠭᠰᠠᠨ ᠨᠠᠨ ᠭᠤᠸᠠᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠣᠷᠴᠢᠨ ᠲᠣᠭᠤᠷᠢᠨ ᠢ ᠪᠣᠬᠢᠷᠲᠤᠭᠤᠯᠤᠭᠰᠠᠨ ᠶᠠᠯ᠎ᠠ ᠪᠠᠷ ᠰᠢᠳᠭᠡᠭᠳᠡᠵᠤ᠂ 80 ᠲᠦᠮᠡᠨ ᠲᠥᠭᠦᠷᠢᠭ ᠢᠶᠠᠷ ᠰᠢᠳᠭᠡᠭᠳᠡᠨ ᠲᠤᠷᠭᠠᠭᠳᠠᠵᠤ᠂ ᠬᠠᠮᠢᠶ᠎ᠠ ᠪᠦᠬᠦᠢ ᠬᠠᠷᠢᠭᠤᠴᠠᠭᠴᠢ ᠠᠴᠠ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠂ ᠣᠷᠴᠢᠨ ᠲᠤᠭᠤᠷᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠦᠲᠦᠮᠵᠢᠲᠡᠶ ᠠᠶᠤᠯᠭᠠᠨ ᠰᠦᠷᠳᠡᠭᠦᠯᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号