ᠥᠪᠥᠷ ᠮᠣᠩᠭᠤᠯ᠄ 2020 ᠣᠨ ᠪᠣᠯᠬᠤ ᠳᠤ ᠬᠦᠨᠳᠦ ᠡᠪᠡᠳᠴᠢᠨ ᠦᠵᠡᠭᠦᠯᠬᠦ ᠳᠤ ᠬᠤᠰᠢᠭᠤ ᠰᠢᠶᠠᠨ ᠠᠴᠠ ᠭᠠᠷᠬᠤ ᠴᠢᠬᠤᠯᠠ ᠦᠬᠡᠢ ᠪᠤᠯᠭᠠᠬᠤ ᠶᠢ ᠦᠨᠳᠦᠰᠦᠨ ᠳᠡᠭᠡᠨ ᠪᠡᠶᠡᠯᠡᠭᠦᠯᠬᠦ ᠪᠠᠷ ᠴᠢᠷᠮᠠᠶᠢᠨ᠎ᠠ
ᠨᠡᠶᠢᠲᠡᠯᠡᠭᠰᠡᠨ ᠴᠠᠭ᠄
2015/7/16
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ  ᠬᠤᠷᠢᠶ᠎ᠠ ᠶᠢᠨ ᠶᠡᠷᠦᠩᠬᠡᠶᠢᠯᠡᠭᠰᠡᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠤᠷᠴᠢᠮᠬᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠬᠦᠯᠬᠦ ᠠᠵᠢᠯ ᠤᠨ ᠬᠡᠷᠡᠭᠵᠢᠭᠦᠯᠬᠦ ᠲᠥᠰᠦᠯ︾ ᠲᠤᠭᠲᠠᠭᠠᠵᠤ᠂ 2020 ᠣᠨ ᠪᠣᠯᠬᠤ ᠳᠤ ᠬᠤᠰᠢᠭᠤ ᠰᠢᠶᠠᠨ ᠤ ᠬᠡᠪᠴᠢᠶᠡᠨ ᠳᠤ ᠡᠪᠡᠳᠴᠢᠨ ᠦᠵᠡᠭᠦᠯᠬᠦ ᠨᠣᠷᠮ᠎ᠠ ᠶᠢ 90% ᠣᠷᠴᠢᠮ ᠳᠤ ᠬᠦᠷᠦᠭᠦᠯᠵᠤ᠂ ᠬᠦᠨᠳᠦ ᠡᠪᠡᠳᠴᠢᠨ ᠦᠵᠡᠭᠦᠯᠬᠦ ᠳᠤ ᠬᠤᠰᠢᠭᠤ ᠰᠢᠶᠠᠨ ᠠᠴᠠ ᠭᠠᠷᠬᠤ ᠴᠢᠬᠤᠯᠠ ᠦᠭᠡᠢ ᠪᠤᠯᠭᠠᠬᠤ ᠶᠢ ᠦᠨᠳᠦᠰᠦᠨ ᠳᠡᠭᠡᠨ ᠪᠡᠶᠡᠯᠡᠬᠦᠯᠬᠦ ᠎ ᠪᠠᠷ ᠴᠢᠷᠮᠠᠶᠢᠨ᠎ᠠ᠃      ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ ᠲᠤᠲᠤᠷᠬᠠᠶᠢᠯᠠᠭᠰᠠᠨ ᠨᠢ᠂ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠨᠤᠭᠤᠳ ᠴᠢᠳᠠᠪᠤᠷᠢᠲᠠᠨ᠂ ᠮᠡᠷᠭᠡᠵᠢᠯ᠂ ᠭᠤᠣᠯᠳᠠᠯᠭ᠎ᠠ ᠲᠠᠢ ᠲᠤᠰᠬᠠᠶ ᠰᠠᠯᠠᠭ᠎ᠠ ᠪᠠᠷ ᠭᠤᠣᠯᠯᠠᠭᠤᠯᠤᠭᠰᠠᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠬᠠᠤᠯᠢᠵᠢᠭᠤᠯᠬᠤ᠂ ᠰᠢᠨᠵᠢᠯᠡᠬᠦ ᠤᠬᠠᠭᠠᠨᠴᠢᠯᠠᠬᠤ᠂ ᠵᠢᠷᠤᠮᠵᠢᠭᠤᠯᠬᠤ᠂ ᠨᠠᠷᠢᠯᠢᠭᠵᠢᠭᠤᠯᠬᠤ᠂ ᠮᠡᠳᠡᠭᠡ ᠵᠠᠩᠬᠢᠴᠢᠯᠠᠬᠤ ᠶᠢ ᠪᠡᠶᠡᠯᠡᠭᠦᠯᠵᠤ᠂ ᠡᠮᠨᠡᠯᠭᠡ ᠶᠢᠨ ᠬᠤᠷᠢᠶᠠᠨ ᠤ ᠦᠢᠯᠡᠴᠢᠯᠡᠭᠡᠨ ᠤ ᠴᠢᠳᠠᠪᠤᠷᠢ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠂ ᠬᠤᠰᠢᠭᠤ ᠰᠢᠶᠠᠨ ᠤ ᠬᠡᠪᠴᠢᠶᠡᠨ ᠤ ᠰᠠᠭᠤᠭᠠᠯᠢ ᠠᠷᠠᠳ ᠤᠨ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠢ ᠣᠨᠣᠰᠢᠯᠠᠨ ᠡᠮᠨᠡᠬᠦ᠂ ᠠᠶᠤᠯ ᠲᠦᠭᠰᠢᠭᠦᠷᠢᠲᠡᠶ ᠬᠦᠨᠳᠦ ᠡᠪᠡᠳᠴᠢᠨ ᠢ ᠲᠦᠷᠭᠡᠨ ᠠᠪᠤᠷᠠᠬᠤ ᠪᠠ ᠮᠠᠳᠠᠭ ᠲᠠᠢ ᠡᠪᠡᠳᠴᠢᠨ ᠢ ᠰᠢᠯᠵᠢᠭᠦᠯᠦᠨ ᠣᠨᠣᠰᠢᠯᠠᠬᠤ ᠡᠭᠦᠷᠭᠡ ᠶᠢ ᠡᠭᠦᠷᠭᠡᠯᠡᠵᠤ ᠳᠡᠶᠢᠯᠬᠦ ᠪᠤᠯᠭᠠᠬᠤ ᠬᠡᠷᠡᠭᠲᠠᠢ᠃ ᠡᠯ᠎ᠡ ᠬᠤᠰᠢᠭᠤ ᠰᠢᠶᠠᠨ ᠤ ᠡᠮᠨᠡᠯᠭᠡ ᠶᠢᠨ ᠬᠤᠷᠢᠶ᠎ᠠ ᠨᠤᠭᠤᠳ ᠡᠮᠨᠡᠯᠭᠡ ᠶᠢᠨ ᠬᠤᠷᠢᠶᠠᠨ ᠤ ᠪᠠᠨ ᠴᠢᠳᠠᠮᠵᠢ ᠶᠢᠨ ᠣᠷᠣᠨ ᠲᠣᠭᠲᠠᠭᠠᠯᠲᠠ᠂ ᠦᠢᠯᠡᠴᠢᠯᠡᠭᠡ ᠬᠦᠷᠲᠡᠭᠡᠬᠦ ᠬᠥᠮᠦᠨ ᠠᠮᠠ ᠪᠤᠯᠤᠨ ᠪᠣᠳᠠᠲᠤ ᠬᠡᠷᠡᠭᠴᠡᠭᠡ ᠪᠠᠨ ᠦᠨᠳᠦᠰᠦᠯᠡᠨ᠂ ᠪᠡᠶ᠎ᠡ ᠪᠠᠨ ᠳᠠᠭᠠᠭᠠᠭᠰᠠᠨ ᠵᠢᠷᠦᠬᠡᠨ ᠰᠤᠳᠠᠯ ᠤᠨ ᠳᠣᠲᠣᠷ ᠰᠠᠯᠠᠭ᠎ᠠ᠂ ᠠᠮᠢᠰᠬᠤᠯ ᠤᠨ ᠳᠣᠲᠣᠷ ᠰᠠᠯᠠᠭ᠎ᠠ᠂ ᠰᠢᠩᠭᠡᠭᠡᠯᠲᠡ ᠶᠢᠨ ᠳᠣᠲᠣᠷ ᠰᠠᠯᠠᠭ᠎ᠠ᠂ ᠮᠡᠳᠡᠷᠡᠯ ᠤᠨ ᠳᠣᠲᠣᠷ ᠰᠠᠯᠠᠭ᠎ᠠ᠂ ᠳᠣᠲᠣᠭᠠᠳᠤ ᠱᠦᠭᠦᠷᠡᠯ ᠤᠨ ᠰᠠᠯᠠᠭ᠎ᠠ᠂ ᠡᠩ ᠤᠨ ᠭᠠᠳᠠᠷ ᠰᠠᠯᠠᠭ᠎ᠠ᠂ ᠮᠡᠳᠡᠷᠡᠯ ᠤᠨ ᠭᠠᠳᠠᠷ ᠰᠠᠯᠠᠭ᠎ᠠ᠂ ᠶᠠᠰᠤᠨ ᠤ ᠡᠮᠨᠡᠯᠭᠡ ᠶᠢᠨ ᠰᠠᠯᠠᠭ᠎ᠠ᠂ ᠡᠮᠡᠭᠲᠠᠢ ᠶᠢᠨ ᠡᠪᠡᠳᠴᠢᠨ ᠤ ᠰᠠᠯᠠᠭ᠎ᠠ᠂ ᠬᠥᠩᠭᠡᠵᠢᠭᠦᠯᠬᠦ ᠰᠠᠯᠠᠭ᠎ᠠ᠂ ᠰᠢᠭᠡᠰᠦ ᠢᠯᠭᠠᠷᠠᠭᠤᠯᠬᠤ ᠰᠢᠰᠲ᠋ᠧᠮ ᠤᠨ ᠭᠠᠳᠠᠷ ᠰᠠᠯᠠᠭ᠎ᠠ ᠵᠡᠷᠭᠡ ᠬᠤᠶᠠᠳᠤᠭᠠᠷ ᠳᠡᠰ ᠤᠨ ᠣᠨᠣᠰᠢᠯᠠᠨ ᠡᠮᠨᠡᠬᠦ ᠰᠠᠯᠠᠭ᠎ᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠨᠤᠭᠤᠳ ᠪᠠᠰᠠ ᠵᠢᠷᠤᠭᠡᠨ ᠡᠪᠡᠳᠴᠢᠨ ᠤ ᠰᠠᠯᠠᠭ᠎ᠠ᠂ ᠲᠠᠷᠢᠬᠢᠨ ᠡᠪᠡᠳᠴᠢᠨ ᠤ ᠰᠠᠯᠠᠭ᠎ᠠ᠂ ᠠᠭᠤᠰᠬᠢᠨ ᠡᠪᠡᠳᠴᠢᠨ ᠤ ᠰᠠᠯᠠᠭ᠎ᠠ᠂ ᠳᠡᠯᠢᠭᠦᠦ ᠬᠤᠳᠤᠭᠤᠳᠤᠨ ᠡᠪᠡᠳᠴᠢᠨ ᠤ ᠰᠠᠯᠠᠭ᠎ᠠ᠂ ᠴᠢᠰᠤᠨ ᠤ ᠡᠪᠡᠳᠴᠢᠨ ᠤ ᠰᠠᠯᠠᠭ᠎ᠠ᠂ ᠤᠮᠳᠠᠭᠠᠰᠬᠤ ᠶᠢ ᠵᠠᠰᠠᠬᠤ ᠡᠪᠡᠳᠴᠢᠨ ᠤ ᠰᠠᠯᠠᠭ᠎ᠠ᠂ ᠪᠦᠭᠡᠷ᠎ᠡ ᠶᠢᠨ ᠡᠪᠡᠳᠴᠢᠨ ᠤ ᠰᠠᠯᠠᠭ᠎ᠠ᠂ ᠬᠤᠰᠬᠢᠨᠠᠭ ᠭᠡᠳᠡᠰᠦᠨ ᠤ ᠡᠪᠡᠳᠴᠢᠨ ᠤ ᠰᠠᠯᠠᠭ᠎ᠠ᠂ ᠶᠠᠰᠤ ᠪᠠᠷᠢᠬᠤ ᠰᠠᠯᠠᠭ᠎ᠠ᠂ ᠬᠠᠪᠤᠳᠠᠷ ᠡᠪᠡᠳᠴᠢᠨ ᠤ ᠰᠠᠯᠠᠭ᠎ᠠ᠂ ᠪᠠᠯᠴᠢᠷ ᠨᠤᠬᠤᠯᠠᠬᠤ ᠰᠠᠯᠠᠭ᠎ᠠ᠂ ᠳᠤᠲᠤᠷ ᠭᠠᠳᠠᠷ ᠵᠠᠰᠠᠯ ᠤᠨ ᠰᠠᠯᠠᠭ᠎ᠠ᠂ ᠷᠠᠰᠢᠶᠠᠨ ᠵᠠᠰᠠᠯ ᠤᠨ ᠰᠠᠯᠠᠭ᠎ᠠ ᠵᠡᠷᠭᠡ ᠬᠤᠶᠠᠳᠤᠭᠠᠷ ᠳᠡᠰ ᠤᠨ ᠣᠨᠣᠰᠢᠯᠠᠨ ᠡᠮᠨᠡᠬᠦ ᠰᠠᠯᠠᠭ᠎ᠠ ᠶᠢ ᠠᠯᠬᠤᠮ ᠠᠯᠬᠤᠮ ᠢᠶᠠᠷ ᠲᠡᠭᠦᠯᠳᠡᠷᠵᠢᠬᠦᠯᠬᠦ ᠬᠡᠷᠡᠭᠲᠠᠢ᠃ ᠡᠭᠦᠨ ᠤ ᠬᠠᠮᠲᠤ ᠡᠮᠭᠡᠭ ᠵᠦᠶ ᠶᠢᠨ ᠰᠠᠯᠠᠭ᠎ᠠ᠂ ᠠᠨᠠᠭᠠᠬᠤ ᠤᠬᠠᠭᠠᠨ ᠤ ᠰᠢᠯᠭᠠᠨ ᠪᠠᠶᠢᠴᠠᠭᠠᠬᠤ ᠰᠠᠯᠠᠭ᠎ᠠ᠂ ᠠᠨᠠᠭᠠᠬᠤ ᠤᠬᠠᠭᠠᠨ ᠤ ᠵᠢᠷᠤᠭ ᠤᠨ ᠰᠠᠯᠠᠭ᠎ᠠ ᠪᠤᠯᠤᠨ ᠠᠷᠢᠭᠤᠳᠬᠠᠵᠤ ᠬᠠᠩᠭᠠᠬᠤ ᠲᠦᠪ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠣᠨᠣᠰᠢᠯᠠᠨ ᠡᠮᠨᠡᠬᠦ ᠡᠪᠡᠳᠴᠢᠨ ᠤ ᠲᠥᠷᠥᠯ ᠤᠨ ᠬᠡᠪᠴᠢᠶ᠎ᠡ ᠳᠤ ᠬᠤᠰᠢᠭᠤ ᠰᠢᠶᠠᠨ ᠤ ᠬᠡᠪᠴᠢᠶᠡᠨ ᠳᠣᠲᠣᠷᠠᠬᠢ ᠪᠤᠶ ᠪᠦᠬᠦᠢ ᠪᠠᠶᠢᠡᠭᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠢ ᠪᠠᠭᠲᠠᠭᠠᠨ᠂ ᠣᠯᠠᠩᠬᠢ ᠮᠠᠳᠠᠭ ᠲᠠᠢ ᠡᠪᠡᠳᠴᠢᠨ ᠪᠤᠯᠤᠨ ᠬᠦᠨᠳᠦ ᠶᠡᠭᠡ ᠡᠪᠡᠳᠴᠢᠨ ᠢ ᠤᠨᠤᠰᠢᠯᠠᠨ᠂ ᠡᠩ ᠤᠨ ᠭᠠᠳᠠᠷ ᠰᠠᠯᠠᠭ᠎ᠠ᠂ ᠶᠠᠰᠤᠨ ᠤ ᠰᠠᠯᠠᠭ᠎ᠠ᠂ ᠴᠡᠭᠡᠵᠢᠨ ᠤ ᠭᠠᠳᠠᠷ ᠰᠠᠯᠠᠭ᠎ᠠ᠂ ᠮᠡᠳᠡᠷᠡᠯ ᠤᠨ ᠭᠠᠳᠠᠷ ᠰᠠᠯᠠᠭ᠎ᠠ᠂ ᠰᠢᠭᠡᠰᠦ ᠢᠯᠭᠠᠷᠠᠭᠤᠯᠬᠤ ᠰᠢᠰᠲ᠋ᠧᠮ ᠤᠨ ᠭᠠᠳᠠᠷ ᠰᠠᠯᠠᠭ᠎ᠠ ᠨᠤᠭᠤᠳ ᠲᠤᠰ ᠲᠤᠰᠬᠠᠢ ᠮᠡᠷᠭᠡᠵᠢᠯ ᠤᠨ ᠣᠯᠠᠩᠬᠢ ᠡᠩ ᠤᠨ ᠮᠡᠰᠡ ᠵᠠᠰᠠᠯ ᠢ ᠬᠢᠵᠤ᠂ ᠳᠣᠲᠣᠷ᠎ᠠ ᠳᠤᠷᠠᠨ ᠢᠶᠠᠷ ᠦᠴᠦᠬᠡᠨ ᠰᠢᠷᠬ᠎ᠠ ᠭᠠᠷᠭᠠᠨ ᠡᠮᠨᠡᠨ ᠵᠠᠰᠠᠬᠤ ᠡᠪᠡᠳᠴᠢᠨ ᠤ ᠵᠢᠱᠢᠶ᠎ᠡ ᠪᠤᠯᠤᠨ ᠪᠦᠬᠦ ᠪᠡᠶ᠎ᠡ ᠶᠢᠨ ᠮᠢᠨᠴᠦᠭᠦᠷᠡᠭᠦᠯᠭᠡ ᠬᠢᠬᠦ ᠬᠠᠷᠢᠴᠠᠯ ᠢ ᠵᠢᠯ ᠳᠠᠷᠠᠭᠠᠯᠠᠨ ᠨᠡᠮᠡᠭᠳᠡᠭᠦᠯᠬᠦ ᠬᠡᠷᠡᠭᠲᠡᠶ ᠭᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号